ᠠᠶᠢᠮᠠᠭ ᠤᠨ ᠦᠭᠡᠷᠡᠴᠢᠯᠡᠯᠳᠡ ᠭᠦᠭᠵᠢᠭᠦᠯᠦᠯᠳᠡ ᠶᠢᠨ ᠵᠦᠪᠯᠡᠯ ᠮᠠᠯ ᠬᠤᠳᠠᠯᠳᠤᠨ ᠠᠪᠬᠤ ᠦᠨ᠎ᠡ ᠬᠠᠩᠰᠢ ᠎ ᠶᠢᠨ ᠬᠢᠨᠠᠯᠲᠠ ᠬᠠᠮᠢᠶᠠᠷᠣᠯᠲᠠ ᠶᠢ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2016/9/6
    ᠮᠠᠯ ᠤᠨ ᠵᠠᠷᠤᠴᠠᠭᠤᠯᠤᠯᠳᠠ ᠡᠬᠢᠯᠡᠭᠰᠡᠨ ᠠᠴᠠ ᠨᠠᠰᠢ᠂ ᠠᠶᠢᠮᠠᠭ ᠤᠨ ᠭᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ ᠠᠯᠪᠠᠨ ᠤ ᠳᠠᠯ᠎ᠡ ᠶᠢᠨ ᠤᠯᠠᠨ ᠨᠡᠶᠢᠳᠡ ᠶᠢᠨ ᠸᠢᠴᠠᠲ ᠲᠠᠪᠴᠠᠩ ︽ᠰᠢᠯᠢ ᠶᠢᠨ ᠭᠤᠤᠯ ᠤᠨ ᠦᠨ᠎ᠠ ᠬᠠᠨᠭ᠍ᠰᠢ︾᠎ ᠶᠢᠨ ᠪᠤᠯᠤᠩ ᠳᠠᠭᠠᠨ ᠡᠳᠦᠷ ᠪᠦᠷᠢ ᠬᠤᠨᠢ ᠬᠤᠷᠠᠭ᠎ᠠ ᠬᠤᠳᠠᠯᠳᠤᠨ ᠠᠪᠬᠤ ᠦᠨ᠎ᠠ ᠶᠢ ᠨᠡᠶᠢᠳᠡᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠪᠠᠰᠠ ᠤᠯᠠᠭᠠᠨ ᠢᠳᠡᠭᠡᠨ ᠬᠤᠳᠠᠯᠳᠤᠨ ᠠᠪᠬᠤ᠂ ᠡᠳ᠋ᠰᠢᠭᠦᠯᠵᠦ ᠪᠤᠯᠪᠠᠰᠤᠷᠠᠭᠤᠯᠬᠤ ᠶᠢ ᠲᠦᠷᠢᠮᠵᠢᠭᠦᠯᠭᠦ ᠠᠷᠭ᠎ᠠ ᠭᠡᠮᠵᠢᠶ᠎ᠠ ᠠᠪᠴᠦ᠂ ᠪᠦᠭᠦ  ᠠᠶᠢᠮᠠᠭ ᠤᠨ ᠮᠠᠯᠵᠢᠬᠤ ᠦᠢᠯᠡᠳᠪᠦᠷᠢᠯᠡᠯ ᠤᠨ ᠦᠷᠭᠦᠯᠵᠢᠯᠡᠨ ᠡᠷᠡᠭᠦᠯ ᠢᠶᠠᠷ ᠭᠦᠭᠵᠢᠭᠦ ᠶᠢ ᠪᠠᠳᠤᠯᠠᠵᠦ ᠪᠤᠢ᠃         8 ᠳ᠋ᠤᠭᠠᠷ ᠰᠠᠷ᠎ᠠ ᠶᠢᠨ ᠰᠡᠭᠦᠯᠴᠢ ᠪᠠᠷ᠂ ᠠᠶᠢᠮᠠᠭ ᠵᠢᠴᠢ ᠰᠢᠯᠢ ᠶᠢᠨ ᠬᠤᠳᠠ ᠶᠢᠨ ᠦᠨ᠎ᠠ ᠬᠠᠨᠭ᠍ᠰᠢ ᠶᠢ  ᠪᠠᠶᠢᠴᠠᠭᠠᠬᠤ ᠲᠤᠪᠴᠢᠶ᠎ᠠ ︵ᠭᠠᠵᠠᠷ︶ ᠰᠢᠯᠢ ᠶᠢᠨ ᠬᠤᠳᠠ ᠶᠢᠨ ᠤᠯᠠᠭᠠᠨ ᠢᠳᠡᠭᠡᠨ ᠡᠳ᠋ᠰᠢᠬᠦᠯᠤᠨ ᠪᠤᠯᠪᠠᠰᠤᠷᠠᠭᠤᠯᠬᠤ 27 ᠠᠵᠦ ᠠᠬᠤᠢᠢᠯᠠᠯ ᠢ ᠪᠠᠶᠢᠴᠠᠭᠠᠬᠰᠠᠨ ᠤ ᠬᠠᠮᠳᠦ᠂ ᠦᠨ᠎ᠠ ᠬᠠᠨᠭ᠍ᠰᠢ ᠶᠢᠨ ᠬᠠᠤᠯᠢ ᠠᠴᠠ ᠵᠦᠷᠢᠴᠡᠭᠰᠡᠨ ᠠᠵᠦ  ᠠᠬᠤᠢᠢᠯᠠᠯ ᠳᠤ ᠰᠡᠷᠡᠮᠵᠢᠯᠡᠭᠦᠯᠭᠦ ᠪᠢᠴᠢᠭ ᠪᠠᠭᠤᠯᠭᠠᠪᠠ᠃ ᠡᠯ᠎ᠠ ᠬᠤᠰᠢᠭᠤ ᠰᠢᠶᠠᠨ ᠬᠤᠳᠠ ︵ᠤᠷᠤᠨ︶ ᠵᠠᠬ᠎ᠠ  ᠲᠡᠯᠭᠡᠭᠦᠷ ᠲᠤ ᠪᠠᠶᠢᠴᠠᠭᠠᠯᠳᠠ ᠬᠢᠵᠦ᠂ ᠦᠨ᠎ᠠ ᠬᠠᠨᠭ᠍ᠰᠢ ᠶᠢ ᠬᠢᠨᠠᠨ ᠲᠤᠭᠳᠠᠭᠠᠬᠤ ᠰᠠᠯᠠᠭ᠎ᠠ ᠮᠦᠴᠢᠷ ᠬᠤᠨᠢᠨ ᠮᠢᠬ᠎ᠠ  ᠬᠤᠳᠠᠯᠳᠤᠨ ᠠᠪᠬᠤ᠂ ᠪᠤᠷᠤᠯᠠᠭᠤᠯᠬᠤ ᠦᠨ᠎ᠠ ᠬᠠᠨᠭ᠍ᠰᠢ ᠶᠢ ᠰᠠᠶᠢᠳᠦᠷ ᠠᠩᠬᠠᠷᠴᠦ᠂ ᠬᠠᠮᠢᠶ᠎ᠠ ᠪᠦᠭᠦᠢ ᠰᠠᠯᠠᠭ᠎ᠠ ᠮᠦᠴᠢᠷ ᠮᠠᠯ ᠤᠨ ᠠᠰᠢᠭ ᠰᠢᠮ᠎ᠠ ᠶᠢᠨ ᠪᠦᠳᠦᠭᠡᠭᠳᠡᠭᠦᠨ ᠤ ᠦᠨ᠎ᠠ ᠬᠠᠨᠭ᠍ᠰᠢ ᠶᠢᠨ ᠪᠠᠶᠢᠳᠠᠯ᠂ ᠬᠤᠨᠢᠨ ᠮᠢᠬᠠᠨ ᠤ ᠦᠨ᠎ᠠ ᠪᠠᠭᠤᠷᠠᠵᠦ ᠪᠠᠶᠢᠭ᠎ᠠ ᠰᠢᠯᠳᠠᠭᠠᠨ᠂ ᠦᠭᠡᠷ ᠬᠤᠨᠢ ᠲᠡᠵᠢᠭᠡᠨ ᠦᠷᠡᠵᠢᠭᠦᠯᠭᠦ ᠦᠷᠳᠡᠭ ᠤᠨ ᠵᠠᠳᠠᠯᠤᠯᠳᠠ ᠵᠢᠴᠢ  ᠵᠠᠬ᠎ᠠ ᠲᠡᠯᠭᠡᠭᠦᠷ ᠢ ᠬᠢᠨᠠᠨ ᠬᠠᠮᠢᠶᠠᠷᠬᠤ ᠠᠷᠭ᠎ᠠ ᠭᠡᠮᠵᠢᠶ᠎ᠠ ᠵᠡᠷᠭᠡ ᠳᠤ ᠬᠠᠨᠳᠤᠭᠤᠯᠤᠨ ᠦᠷᠭᠡᠨ ᠢᠶᠠᠷ ᠤᠬᠠᠭᠤᠯᠬᠤ ᠶᠢᠨ  ᠬᠠᠮᠳᠦ᠂ ᠸᠢᠴᠠᠲ ᠢᠶᠠᠷ ᠲᠠᠮᠵᠢᠬᠳᠠᠵᠦ ᠪᠠᠶᠢᠭ᠎ᠠ ᠴᠤᠤᠷᠬᠠᠯ ᠢ ᠴᠠᠭ ᠲᠤᠬᠠᠢ ᠳᠤᠨᠢ ᠨᠢᠴᠤᠭᠠᠵᠦ ᠪᠠᠶᠢᠨ᠎ᠠ᠃         ᠠᠶᠢᠮᠠᠭ ᠤᠨ ᠭᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ ᠬᠠᠮᠢᠶ᠎ᠠ ᠪᠦᠭᠦᠢ ᠠᠵᠢᠯᠳᠠᠨ  ᠲᠠᠨᠢᠯᠴᠠᠭᠤᠯᠬᠤ ᠳᠠᠭᠠᠨ᠄ ︽ᠪᠢᠳᠡ ᠬᠤᠨᠢᠨ ᠤ ᠦᠨ᠎ᠠ ᠬᠠᠨᠭ᠍ᠰᠢ ᠵᠢᠴᠢ ᠡᠪᠡᠰᠦ ᠪᠤᠷᠳᠤᠭᠠᠨ ᠤ ᠦᠨ᠎ᠠ ᠬᠠᠨᠭ᠍ᠰᠢ ᠶᠢ  ᠬᠢᠨᠡᠨ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠳᠦᠷ ᠬᠢᠵᠦ᠂ ᠴᠠᠭᠴᠢ ᠴᠢᠨᠡᠷ᠂ ᠤᠨᠤᠪᠴᠢᠳᠦ ᠴᠢᠨᠡᠷ ᠢ ᠲᠡᠭᠡᠭᠰᠢᠯᠡᠭᠦᠯᠵᠦ᠂ ᠰᠤᠷᠠᠭ ᠴᠢᠮᠡᠭᠡ ᠶᠢ ᠴᠠᠬ ᠲᠤᠬᠠᠢ ᠳᠤᠨᠢ ᠲᠠᠮᠵᠢᠭᠤᠯᠤᠨ ᠨᠡᠶᠢᠳᠡᠯᠡᠨ᠎ᠠ᠃ ᠦᠨ᠎ᠠ ᠬᠠᠨᠭ᠍ᠰᠢ ᠶᠢ ᠬᠢᠨᠠᠨ ᠪᠠᠶᠢᠴᠠᠭᠠᠬᠤ ᠰᠠᠯᠠᠭ᠎ᠠ ᠮᠦᠴᠢᠷ ᠲᠤᠭᠳᠠᠮᠠᠯ ᠪᠤᠰᠤ ᠬᠤᠭᠤᠴᠠᠭ᠎ᠠ ᠪᠠᠷ ᠤᠯᠠᠭᠠᠨ ᠢᠳᠡᠭᠡᠨ ᠪᠤᠯᠪᠠᠰᠤᠷᠠᠭᠤᠯᠬᠤ ᠠᠵᠦ ᠠᠬᠤᠢᠢᠯᠠᠯ᠂ ᠡᠪᠡᠰᠦ ᠪᠤᠷᠳᠤᠭ᠎ᠠ ᠪᠤᠷᠤᠯᠠᠭᠤᠯᠬᠤ ᠠᠵᠦ ᠠᠬᠤᠢᠢᠯᠠᠯ ᠤᠨ ᠦᠨ᠎ᠠ ᠬᠠᠨᠭ᠍ᠰᠢ ᠶᠢ ᠪᠠᠶᠢᠴᠠᠭᠠᠨ ᠰᠤᠷᠪᠤᠯᠵᠢᠯᠠᠵᠦ᠂ ᠬᠤᠨᠢᠨ ᠤ ᠦᠨ᠎ᠠ ᠶᠢ ᠲᠤᠷ᠎ᠠ ᠪᠠᠷ ᠲᠠᠷᠤᠬᠤ᠂ ᠡᠪᠡᠰᠦ ᠪᠤᠷᠳᠤᠭᠠᠨ ᠤ ᠦᠨ᠎ᠠ ᠶᠢ ᠲᠤᠷ᠎ᠠ ᠪᠠᠷ ᠦᠰᠭᠡᠭᠦ ᠵᠡᠷᠭᠡ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠠ᠂ ᠬᠤᠳᠠ ᠶᠢᠨ ᠠᠷᠠᠳ ︿12358  ﹀ ᠦᠨ᠎ᠠ ᠬᠠᠨᠭ᠍ᠰᠢ ᠶᠢ ᠢᠯᠡᠴᠢᠯᠡᠨ ᠮᠡᠳᠡᠭᠦᠯᠭᠦ ᠤᠳᠠᠰᠦ ᠪᠠᠷ ᠬᠠᠤᠯᠢ ᠪᠤᠰᠤ ᠠᠵᠢᠯᠯᠠᠭ᠎ᠠ ᠶᠢ ᠵᠠᠭᠠᠯᠳᠦᠵᠦ ᠪᠤᠯᠤᠨ᠎ᠠ︾  ᠭᠡᠪᠡ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号