| 2016 ᠣᠨ ᠤ 3 ᠰᠠᠷᠠᠶᠢᠨ 2 ᠤ ᠡᠳᠦᠷ ᠤᠨ ᠲᠠᠶᠢᠹᠤᠰᠧ ᠬᠤᠰᠢᠭᠤᠨ ᠤ ᠠᠷᠪᠠᠨ ᠲᠦᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ | ᠬᠤᠷᠠᠯᠳᠤᠭᠠᠨ ᠳᠡᠭᠡᠷ᠎ᠡ | | ᠬᠤᠰᠢᠭᠤ ᠲᠠᠷᠤᠭ᠎ᠠ ᠬᠡᠤ ᠴᠧᠩ ᠳ᠋ᠦᠩ | ᠲᠦᠯᠦᠭᠡᠯᠡᠭᠴᠢᠳ ᠡ ᠄ | ᠳᠣᠣᠷ᠎ᠠ ᠪᠢ ᠬᠤᠰᠢᠭᠤ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ | ᠢᠯᠡᠳᠭᠡᠯ ᠬᠢᠶ᠎ᠡ ᠂ ᠬᠢᠨᠠᠨ ᠵᠥᠪᠯᠡᠬᠦ ᠪᠣᠯᠪᠠᠤ ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠪᠣᠯᠣᠨ ᠬᠤᠷᠠᠯ ᠳᠤ ᠰᠤᠯᠨ ᠣᠷᠣᠯᠴᠠᠭᠰᠠᠨ ᠨᠦᠬᠦᠳ ᠠᠴᠠ ᠰᠠᠨᠠᠯ ᠰᠢᠭᠦᠮᠵᠢ ᠪᠠᠨ ᠳᠡᠪᠰᠢᠭᠦᠯᠦᠮᠦ᠃ | ᠨᠢᠭᠡ ᠂ 2015 ᠤᠨ ᠤ ᠠᠵᠢᠯ ᠤᠨ ᠡᠷᠬᠢᠴᠡᠬᠦᠯᠦᠯ ᠬᠢᠭᠡᠳ ︽ᠠᠷᠪᠠᠨ ᠬᠤᠶᠠᠳᠤᠭᠠᠷ ᠲᠠᠪᠤᠨ ᠵᠢᠯ︾ | ᠤᠨ ᠠᠵᠢᠯ ᠤᠨ ᠠᠮᠵᠢᠯᠳᠠ | ᠰᠠᠶ᠋ᠢᠬᠠᠨ ᠦᠩᠭᠡᠷᠡᠭᠰᠡᠨ 2015 ᠤᠨ ᠳᠤ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ | ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠂ ᠤᠯᠤᠰ ᠲᠦᠷᠦ | ᠶᠢᠨ ᠵᠦᠪᠯᠡᠯᠭᠡᠨ ᠤ ᠬᠢᠨᠠᠯᠳᠠ ᠪᠠ ᠲᠡᠮᠵᠢᠯᠬᠡ ᠲᠤᠤᠷ᠎ᠠ᠂ ᠪᠢᠳᠡ ᠪᠦᠬᠦ ᠬᠤᠰᠢᠭᠤᠨ ᠤ ᠡᠯ᠎ᠡ ᠦᠨᠳᠦᠰᠦᠳᠡᠨ ᠤ | ᠺᠠᠳᠠᠷ ᠤᠯᠠᠨ ᠲᠦᠮᠡᠨ ᠢᠶᠠᠨ ᠪᠦᠯᠬᠦᠮᠳᠡᠬᠦᠯᠦᠨ ᠲᠠᠶᠢᠴᠢᠯᠠᠵᠤ ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ | ᠰᠢᠨ᠎ᠡ ᠬᠡᠪ ᠪᠠᠶᠢᠳᠠᠯ ᠳᠤ ᠢᠳᠡᠪᠬᠢᠳᠡᠢ ᠪᠠᠷ ᠵᠤᠬᠢᠴᠠᠯᠳᠤᠨ᠂ ᠨᠡᠮᠡᠭᠳᠡᠯ ᠢ ᠲᠤᠭᠳᠠᠪᠤᠷᠢᠵᠢᠭᠤᠯᠬᠤ᠂ ᠪᠦᠷᠢᠯᠳᠦᠴᠡ ᠶᠢ | ᠲᠤᠬᠢᠷᠠᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠡᠭᠡᠷ᠎ᠡ ᠬᠦᠴᠦ | ᠲᠠᠯᠪᠢᠵᠤ᠂ ᠠᠵᠠ ᠲᠤᠬᠢᠶᠠᠯ ᠢ ᠡᠵᠡᠮᠳᠡᠨ᠂ ᠬᠦᠴᠢᠷ ᠪᠡᠷᠭᠡ ᠶᠢ ᠢᠯᠠᠵᠤ᠂ ᠡᠷᠴᠢᠮᠳᠡᠢ ᠠᠳᠬᠤᠵᠤ ᠪᠤᠳᠠᠳᠠᠢ | ᠠᠵᠢᠯᠯᠠᠭᠰᠠᠨ ᠢᠶᠠᠷ ᠠᠵᠤ ᠠᠬᠤᠢ ᠨᠡᠶᠢᠬᠡᠮ ᠤᠨ ᠲᠤᠭᠳᠠᠭᠤᠨ ᠪᠦᠬᠡᠳ ᠨᠡᠯᠢᠶᠡᠳ ᠲᠦᠷᠭᠡᠨ ᠬᠦᠭᠵᠢᠯᠳᠡ ᠶᠢᠨ | ᠪᠠᠶᠢᠳᠠᠯ ᠢᠶᠠᠨ ᠪᠠᠳᠤᠯᠠᠵᠤ ᠢᠷᠡᠵᠡᠢ ᠃ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ | 50.1 ᠳ᠋ᠦᠩᠰᠢᠭᠤᠷ ᠲᠥᠭᠦᠷᠢᠭ ᠢ ᠪᠡᠶᠡᠯᠡᠬᠦᠯᠵᠦ᠂ 8 % ᠪᠠᠷ ᠨᠡᠮᠡᠭᠳᠡᠨ ︔ ᠨᠢᠬᠡᠳᠦᠭᠡᠷ ᠠᠵᠤ ᠦᠢᠯᠡᠰ | 12.9 ᠳ᠋ᠦᠩᠰᠢᠭᠤᠷ ᠲᠦᠬᠦᠷᠢᠭ ᠪᠡᠶᠡᠯᠡᠬᠦᠯᠵᠦ᠂ 4.5 % ᠪᠠᠷ ᠨᠡᠮᠡᠭᠳᠡᠨ ︔ ᠬᠤᠶᠠᠳᠤᠭᠠᠷ ᠠᠵᠤ ᠦᠢᠯᠡᠰ | 20.4 ᠳ᠋ᠦᠩᠰᠢᠭᠤᠷ ᠲᠦᠬᠦᠷᠢᠭ ᠪᠡᠶᠡᠯᠡᠬᠦᠯᠵᠦ᠂ 11.7 % ᠪᠠᠷ ᠨᠡᠮᠡᠭᠳᠡᠨ ︔ ᠭᠤᠷᠪᠠᠳᠤᠭᠠᠷ ᠠᠵᠤ | ᠦᠢᠯᠡᠰ 16.8 ᠳ᠋ᠦᠩᠰᠢᠭᠤᠷ ᠲᠦᠬᠦᠷᠢᠭ ᠪᠡᠶᠡᠯᠡᠬᠦᠯᠵᠦ᠂ 6 % ᠪᠠᠷ ᠨᠡᠮᠡᠭᠳᠡᠨ︔ ᠪᠦᠬᠦ ᠨᠡᠶᠢᠬᠡᠮ ᠤᠨ | ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 31.3 ᠳ᠋ᠦᠩᠰᠢᠭᠤᠷ ᠲᠦᠬᠦᠷᠢᠭ ᠲᠤ ᠬᠦᠷᠴᠦ᠂ 15.2 % | ᠪᠠᠷ ᠨᠡᠮᠡᠭᠳᠡᠪᠡ᠃ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 1.19 ᠳ᠋ᠦᠩᠰᠢᠭᠤᠷ ᠲᠦᠬᠦᠷᠢᠭ | ᠲᠤ ᠬᠦᠷᠴᠦ 15 % ᠪᠠᠷ ᠨᠡᠮᠡᠭᠳᠡᠨ︔ ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ | ᠶᠡᠷᠦᠩᠬᠡᠢ ᠬᠡᠮᠵᠢᠶ᠎ᠡ 18.4 ᠳ᠋ᠦᠩᠰᠢᠭᠤᠷ ᠲᠦᠭᠦᠷᠢᠭ ᠲᠤ ᠬᠦᠷᠴᠦ᠂ 7 % ᠪᠠᠷ ᠨᠡᠮᠡᠭᠳᠡᠨ︔ ᠬᠤᠳᠠ | ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠲᠤᠬᠢᠷᠠᠭᠤᠯᠵᠤ ᠪᠤᠯᠬᠤᠶᠢᠴᠠ | ᠤᠷᠤᠯᠭ᠎ᠠ 28113 ᠲᠦᠬᠦᠷᠢᠭ ᠪᠠ 9072 ᠲᠦᠭᠦᠷᠢᠭ ᠲᠤ ᠬᠦᠷᠴᠦ᠂ ᠲᠤᠰᠪᠤᠷᠢ 8.9 % ᠪᠠ 7.9 % | ᠪᠠᠷ ᠨᠡᠮᠡᠭᠳᠡᠪᠡ ᠃ ᠡᠶᠢᠨᠬᠦ᠂ ᠠᠵᠤ ᠠᠬᠤᠢ ᠶᠢᠨ ᠡᠷᠬᠢᠯᠳᠦᠯ ᠲᠤᠭᠳᠠᠭᠤᠨ ᠤ ᠲᠤᠮᠳᠠ ᠠᠬᠢᠵᠤ᠂ ᠲᠤᠭᠳᠠᠭᠤᠨ ᠤ | ᠲᠤᠮᠳᠠ ᠰᠠᠶᠢᠵᠢᠷᠠᠭᠰᠠᠨ ᠪᠠᠶᠢᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠤᠯᠠᠮ ᠨᠢᠬᠡ ᠠᠯᠬᠤᠮ ᠪᠠᠬᠢᠵᠢᠭ᠍ᠰᠡᠨ᠃ ᠲᠠᠷᠢᠶᠠᠯᠠᠩ ᠮᠠᠯᠵᠢᠯ | ᠤᠨ ᠪᠦᠷᠢᠯᠳᠦᠴᠡ ᠶᠢᠨ ᠲᠤᠬᠢᠷᠠᠭᠤᠯᠤᠯᠳᠠ ᠶᠢ ᠤᠯᠠᠮ ᠰᠠᠶᠢᠨ ᠠᠳᠬᠤᠵᠤ᠂ ︽ᠲᠦᠮᠦᠰᠦ ᠶᠢ ᠨᠡᠮᠡᠭᠳᠡᠬᠦᠯᠵᠦ | ᠨᠤᠭᠤᠭ᠎ᠠ ᠶᠢ ᠲᠤᠭᠳᠠᠪᠤᠷᠢᠵᠢᠭᠤᠯᠬᠤ︾ ᠰᠡᠳᠬᠢᠴᠡ ᠶᠤᠰᠤᠭᠠᠷ᠂ ᠢᠳᠡᠰᠢᠨ ᠨᠤᠭᠤᠭ᠎ᠠ᠂ ᠲᠡᠵᠢᠬᠡᠯ ᠪᠤᠷᠳᠤᠭ᠎ᠠ ᠪᠠ | ᠲᠦᠮᠦᠰᠦᠨ ᠤ ᠠᠵᠤ ᠦᠢᠯᠡᠰ ᠢ ᠪᠠᠳᠤᠳᠬᠠᠨ ᠬᠦᠭᠵᠢᠬᠦᠯᠵᠦ᠂ ᠭᠤᠷᠪᠠᠨ ᠲᠦᠷᠦᠯ ᠤᠨ ᠲᠠᠷᠢᠮᠠᠯ ᠤᠨ ᠲᠠᠯᠠᠪᠠᠢ ᠨᠢ | ᠶᠡᠷᠦᠩᠬᠡᠢ ᠲᠠᠷᠢᠶᠠᠯᠠᠩ ᠤᠨ ᠲᠠᠯᠠᠪᠠᠢ ᠶᠢᠨ 83 % ᠶᠢ ᠡᠵᠡᠯᠡᠵᠦ᠂ ᠲᠠᠷᠢᠮᠠᠯ ᠤᠨ ᠶᠡᠷᠦᠩᠬᠡᠢ ᠤᠨᠠᠯᠳᠠ 7 | ᠳ᠋ᠦᠩᠰᠢᠭᠤᠷ ᠺᠢᠯᠤᠭ᠍ᠷᠠᠮ ᠳᠤ ᠬᠦᠷᠴᠡᠢ᠃ ︽ ᠪᠤᠭ ᠮᠠᠯ ᠢ ᠪᠤᠳᠠ ᠮᠠᠯ ᠢᠶᠠᠷ ᠰᠤᠯᠢᠵᠤ᠂ ᠮᠠᠭᠤ ᠡᠬᠦᠯᠳᠡᠷ ᠢ | ᠰᠠᠶᠢᠨ ᠡᠬᠦᠯᠳᠡᠷ ᠢᠶᠠᠷ ᠤᠷᠤᠯᠠᠭᠤᠯᠬᠤ︾ ᠠᠵᠢᠯ ᠢ ᠢᠳᠡᠪᠬᠢᠳᠡᠢ ᠲᠦᠯᠬᠢᠨ ᠠᠬᠢᠭᠤᠯᠤᠭᠠᠳ᠂ ᠵᠤᠨ ᠤ | ᠲᠤᠭᠠᠯᠠᠯᠭ᠎ᠠ ᠳᠤ 53.4 ᠲᠦᠮᠡᠨ ᠮᠠᠯ ᠪᠦᠷᠢᠳᠭᠡᠵᠦ᠂ 31.8 ᠲᠦᠮᠡ ᠶᠢ ᠵᠠᠷᠤᠴᠠᠭᠤᠯᠤᠭᠠᠳ᠂ ᠮᠠᠯ ᠤᠨ | ᠵᠠᠷᠤᠴᠠᠭᠤᠯᠤᠯᠳᠠ 45.7 % ᠢᠶᠠᠷ ᠨᠡᠮᠡᠭᠳᠡᠭᠰᠡᠨ ᠪᠠᠶᠢᠨ᠎ᠠ᠃ ᠲᠦᠬᠦᠭᠡᠷᠦᠮᠵᠢᠳᠦ ᠲᠠᠷᠢᠶᠠᠯᠠᠩ ᠤᠨ ᠲᠠᠯᠠᠪᠠᠢ | 6900 ᠮᠤ᠋ ᠂ ᠤᠰᠤ ᠠᠷᠪᠢᠯᠠᠬᠤ ᠤᠰᠤᠯᠠᠯᠳᠠ ᠶᠢᠨ ᠲᠠᠯᠠᠪᠠᠢ 3.3 ᠲᠦᠮᠡᠨ ᠮᠤ᠋᠂ ᠮᠠᠯ ᠤᠨ ᠫᠧᠩ 7.3 | ᠲᠦᠮᠡᠨ ᠬᠠᠪᠳᠠᠭᠠᠢ ᠲᠦᠷᠪᠡᠯᠵᠢᠨ ᠮᠧᠲᠷ᠂ ᠡᠪᠡᠰᠦ ᠬᠠᠳᠠᠭᠠᠯᠠᠬᠤ ᠰᠠᠷᠠᠪᠴᠢ 0.5 ᠲᠦᠮᠡᠨ ᠬᠠᠪᠳᠠᠭᠠᠢ | ᠲᠦᠷᠪᠡᠯᠵᠢᠨ ᠮᠧᠲᠷ᠂ ᠨᠤᠭᠤᠭᠠᠨ ᠲᠠᠷᠤᠰᠢ ᠶᠢᠨ ᠵᠤᠭᠤᠷᠢ 1.8 ᠲᠦᠮᠡᠨ ᠪᠤᠰᠤᠭ᠎ᠠ ᠲᠦᠷᠪᠡᠯᠵᠢᠨ ᠮᠧᠲᠷ᠂ | ᠢᠳᠡᠰᠢᠨ ᠨᠤᠭᠤᠭᠠᠨ ᠤ ᠬᠦᠯᠡᠮᠵᠢ 100 ᠰᠠᠭᠤᠷᠢ᠂ ᠰᠠᠭᠠᠯᠢ ᠶᠢᠨ ᠦᠨᠢᠶ᠎ᠡ᠂ ᠮᠢᠬᠠᠨ ᠤ ᠦᠬᠡᠷ ᠬᠤᠨᠢᠨ ᠤ | ᠪᠠᠷᠢᠮᠵᠢᠶᠠᠳᠤ ᠮᠠᠯᠵᠢᠯ ᠤᠨ ᠲᠠᠯᠠᠪᠠᠢ 10 ᠰᠠᠭᠤᠷᠢ ᠨᠡᠮᠡᠭᠳᠡᠪᠡ ᠃ ᠲᠤᠬᠢᠷᠠᠮᠵᠢᠳᠠᠢ ᠭᠡᠪᠴᠢᠶᠡᠵᠢᠭᠰᠡᠨ ᠡᠵᠡᠩᠨᠡᠯᠳᠡ | ᠬᠢᠭᠡᠳ ᠠᠵᠤ ᠦᠢᠯᠡᠰᠵᠢᠭᠰᠡᠨ ᠬᠦᠭᠵᠢᠯᠳᠡ ᠶᠢ ᠲᠠᠰᠤᠷᠠᠯᠳᠠ ᠦᠬᠡᠢ ᠲᠦᠯᠬᠢᠨ ᠠᠬᠢᠭᠤᠯᠤᠭᠠᠳ᠂ ᠤᠷᠤᠨ ᠤ | ᠲᠡᠰ ᠤᠨ ᠲᠠᠭᠠᠭᠤᠯᠤᠭᠴᠢ ᠠᠵᠤ ᠠᠬᠤᠶᠢᠯᠠᠯ 4 ᠡᠷᠦᠬᠡ ᠂ ᠠᠶᠢᠮᠠᠭ ᠤᠨ ᠲᠡᠰ ᠤᠨ ᠲᠠᠭᠠᠭᠤᠯᠤᠭᠴᠢ ᠠᠵᠤ | ᠠᠬᠤᠶᠢᠯᠠᠯ 3 ᠡᠷᠦᠬᠡ ᠪᠤᠯᠵᠤ᠂ 50 ᠡᠷᠦᠬᠡ ᠲᠤᠰᠬᠠᠢ ᠬᠤᠷᠰᠢᠶᠠᠵᠢᠯ ᠢ ᠲᠦᠷᠢᠮᠵᠢᠬᠦᠯᠦᠨ ᠬᠦᠭᠵᠢᠬᠦᠯᠵᠦ᠂ 10 | ᠡᠷᠦᠬᠡ ᠶᠢ ᠨᠡᠶᠢᠳᠡᠯᠢᠭ ᠵᠢᠱᠢᠶ᠎ᠡ ᠪᠤᠯᠭᠠᠭᠰᠠᠨ ᠪᠠᠶᠢᠨ᠎ᠠ᠃ ᠮᠡᠷᠭᠡᠵᠢᠯ ᠢᠶᠠᠷ ᠲᠤᠯᠭᠠᠭᠤᠷᠢᠯᠠᠬᠤ ᠠᠵᠢᠯ ᠢ | ᠦᠷᠬᠦᠯᠵᠢᠯᠡᠨ ᠴᠢᠩᠭᠠᠳᠬᠠᠵᠤ᠂ ᠰᠢᠨ᠎ᠡ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠮᠠᠯᠴᠢᠨ ᠲᠠᠷᠢᠶᠠᠴᠢᠨ ᠢᠶᠠᠷ | 787 ᠬᠦᠮᠦᠨ ᠢ ᠬᠦᠮᠦᠵᠢᠬᠦᠯᠵᠡᠢ᠃ ᠨᠡᠷᠡᠳᠦ ᠲᠡᠮᠳᠡᠭ ᠤᠨ ᠪᠠᠶᠢᠭᠤᠯᠤᠯᠳᠠ ᠶᠢ ᠴᠢᠩᠭᠠᠳᠬᠠᠵᠤ᠂ ᠬᠤᠩ ᠵᠢᠩ | ᠶᠤᠸᠠᠨ᠂ ᠭᠧ ᠷᠦᠢ ᠳ᠋ᠧ ᠵᠡᠷᠭᠡ ᠨᠡᠷᠡᠳᠦ ᠲᠡᠮᠳᠡᠭ ᠤᠨ ᠨᠡᠷ᠎ᠡ ᠠᠯᠳᠠᠷᠰᠢᠯ ᠪᠠ ᠵᠠᠬ᠎ᠠ ᠲᠡᠯᠬᠡᠬᠦᠷ ᠤᠨ ᠡᠵᠡᠯᠡᠵᠡ | ᠤᠯᠠᠮ ᠨᠢᠬᠡ ᠠᠯᠬᠤᠮ ᠨᠡᠮᠡᠭᠳᠡᠪᠡ᠃ ᠬᠦᠳᠡᠭᠡ ᠲᠤᠰᠬᠤᠨ ᠤ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ | ᠲᠤᠳᠤᠯᠠᠬᠤ ᠠᠵᠢᠯ ᠪᠦᠬᠦ ᠲᠠᠯᠠᠪᠠᠷ ᠦᠷᠨᠢᠵᠦ ᠡᠬᠢᠯᠡᠭᠰᠡᠨ ᠪᠠᠶᠢᠨ᠎ᠠ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢᠨ ᠠᠯᠬᠤᠭ᠎ᠠ ᠲᠦᠷᠭᠡᠰᠦᠭᠰᠡᠨ᠃ ᠲᠠᠯᠳᠠ ᠬᠦᠴᠦᠨ | ᠬᠢᠭᠡᠳ ᠲᠠᠪᠠᠭᠤᠯᠢᠭ ᠲᠠᠯ᠎ᠠ ᠪᠠᠨ ᠬᠦᠨᠵᠡᠬᠡᠢ ᠠᠭᠤᠳᠠᠯᠠᠨ ᠢᠯᠡᠷᠡᠬᠦᠯᠵᠦ᠂ ᠠᠵᠤ ᠦᠢᠯᠡᠳᠪᠦᠷᠢ ᠶᠢᠨ ᠶᠡᠷᠦᠩᠬᠡᠢ | ᠬᠡᠮᠵᠢᠶ᠎ᠡ ᠶᠢ ᠬᠦᠴᠦ ᠲᠠᠯᠪᠢᠵᠤ ᠶᠡᠭᠡᠰᠭᠡᠭᠡᠳ᠂ ᠭᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ 1 ᠡᠷᠦᠬᠡ ᠨᠡᠮᠡᠭᠳᠡᠨ᠂ ᠨᠡᠶᠢᠳᠡ 26 ᠡᠷᠦᠬᠡ ᠪᠤᠯᠵᠤ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ | 17.4 ᠳ᠋ᠦᠩᠰᠢᠭᠤᠷ ᠲᠦᠬᠦᠷᠢᠭ ᠢ ᠪᠡᠶᠡᠯᠡᠬᠦᠯᠦᠨ᠂ 13.4 % ᠪᠠᠷ ᠨᠡᠮᠡᠭᠳᠡᠭᠰᠡᠨ ᠪᠠᠶᠢᠨ᠎ᠠ᠃ ᠪᠤᠤᠴᠠᠩ ᠤᠨ | ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠤᠷᠤᠨ ᠲᠤᠭᠤᠷᠢᠭ ᠨᠢ 1.2 ᠳ᠋ᠦᠩᠰᠢᠭᠤᠷ ᠲᠦᠬᠦᠷᠢᠭ ᠤᠨ | ᠪᠡᠯᠡ ᠤᠷᠤᠭᠤᠯᠤᠨ᠂ ᠰᠠᠭᠤᠷᠢ ᠲᠦᠬᠦᠭᠡᠷᠦᠮᠵᠢ ᠪᠠᠨ ᠤᠯᠠᠮ ᠨᠢᠬᠡ ᠠᠯᠬᠤᠮ ᠪᠦᠷᠢᠨᠰᠢᠬᠦᠯᠵᠦ᠂ 12 ᠠᠵᠤ | ᠠᠬᠤᠶᠢᠯᠠᠯ ᠤᠷᠤᠨ ᠲᠤᠭᠤᠷᠢᠭ ᠲᠤ ᠤᠷᠤᠵᠤ ᠨᠤᠳᠤᠭᠰᠢᠭᠰᠠᠨ ᠪᠠᠶᠢᠨ᠎ᠠ᠃ ᠲᠠᠯ᠎ᠠ ᠨᠤᠳᠤᠭ ᠠᠷᠢᠬᠢᠨ ᠦᠢᠯᠡᠳᠪᠦᠷᠢ | ᠬᠢᠭᠡᠳ ᠬᠤᠩ ᠵᠢᠩ ᠶᠤᠸᠠᠨ ᠲᠤᠰᠤᠨ ᠤ ᠦᠢᠯᠡᠳᠪᠦᠷᠢ ᠶᠢᠨ ᠮᠡᠷᠭᠡᠵᠢᠯ ᠢᠶᠠᠨ ᠦᠬᠡᠷᠡᠴᠢᠯᠡᠵᠦ ᠦᠢᠯᠡᠳᠪᠦᠷᠢ ᠪᠠᠨ | ᠨᠡᠬᠦᠯᠬᠡᠬᠦ ᠲᠦᠷᠦᠯ ᠵᠦᠢᠯ ᠨᠢ ᠤᠷᠤᠭᠰᠢᠳᠠᠢ ᠶᠠᠪᠤᠭᠳᠠᠵᠤ᠂ ᠬᠠᠷ᠎ᠠ ᠠᠷᠢᠬᠢ ᠪᠠ ᠶᠠᠮᠠ ᠶᠢᠨ ᠲᠤᠰᠤᠨ ᠤ ᠨᠡᠷ᠎ᠡ | ᠠᠯᠳᠠᠷᠰᠢᠯ ᠬᠢᠭᠡᠳ ᠵᠠᠬ᠎ᠠ ᠲᠡᠯᠬᠡᠬᠦᠷ ᠤᠨ ᠭᠠᠷᠭᠠᠯᠳᠠ ᠵᠡᠷᠭᠡᠪᠡᠷ ᠲᠡᠭᠡᠭᠰᠢᠯᠡᠵᠦ ᠢᠷᠡᠪᠡ᠃ ᠫᠧᠩ ᠰᠢᠶᠠᠩ ᠭᠤᠸᠠᠩ | ᠳ᠋ᠠ ᠰᠢᠨ᠎ᠡ ᠡᠨᠧᠷᠬᠢ ᠶᠢᠨ ᠠᠵᠤ ᠦᠢᠯᠡᠰ᠂ ᠺᠧ ᠲᠠᠢ ᠯᠦᠩ ᠳ᠋ᠠ ᠴᠡᠪᠡᠷ ᠤᠰᠤᠨ ᠤ ᠲᠦᠬᠦᠭᠡᠷᠦᠮᠵᠢ ᠦᠢᠯᠡᠳᠬᠦ | ᠲᠦᠷᠦᠯ ᠵᠦᠢᠯ ᠵᠡᠷᠭᠡ ᠨᠢ ᠲᠤᠷᠰᠢᠨ ᠦᠢᠯᠡᠳᠪᠦᠷᠢᠯᠡᠬᠦ ᠱᠠᠳᠤᠨ ᠳᠤ ᠤᠷᠤᠵᠤ᠂ ᠲᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠬᠦᠭᠵᠢᠯᠳᠡ ᠶᠢᠨ ᠭᠠᠷᠤᠭ᠎ᠠ ᠳᠤ ᠨᠡᠯᠢᠶᠡᠳ ᠶᠡᠭᠡ ᠬᠦᠴᠢᠷᠳᠡᠯ ᠲᠤᠯᠭᠠᠷᠠᠵᠤ ᠪᠠᠶᠢᠭ᠎ᠠ᠃ | ᠳ᠋ᠠᠯᠢᠶᠠᠨ ᠤ ᠲᠡᠮᠦᠷᠯᠢᠭ ᠬᠠᠶᠢᠯᠤᠭᠤᠯᠵᠤ ᠲᠡᠩᠬᠡᠯᠢᠭ ᠦᠢᠯᠡᠳᠬᠦ ᠲᠦᠷᠦᠯ ᠵᠦᠢᠯ ᠨᠢ ᠭᠠᠵᠠᠷ ᠰᠢᠷᠤᠢ ᠲᠠᠳᠠᠪᠤᠷᠢᠯᠠᠬᠤ | ᠵᠡᠷᠭᠡ ᠲᠦᠷᠦᠬᠦᠴᠢ ᠬᠤᠭᠤᠴᠠᠭᠠᠨ ᠤ ᠠᠵᠢᠯ ᠢᠶᠠᠨ ᠲᠠᠭᠤᠰᠬᠠᠪᠠ᠃ ᠲᠤᠮᠳᠠ ᠪᠠᠭ᠎ᠠ ᠠᠵᠤ ᠠᠬᠤᠶᠢᠯᠠᠯ ᠤᠨ | ᠦᠢᠯᠡᠰ ᠪᠦᠳᠦᠬᠡᠬᠦ ᠤᠷᠤᠨ ᠲᠤᠭᠤᠷᠢᠭ ᠲᠤ 12 ᠠᠵᠤ ᠠᠬᠤᠶᠢᠯᠠᠯ ᠨᠤᠳᠤᠭᠰᠢᠬᠤ ᠭᠡᠷ᠎ᠡ ᠲᠤᠭᠳᠠᠭᠠᠳ ᠂ 1 | ᠡᠷᠦᠬᠡ ᠨᠢ ᠦᠢᠯᠡᠳᠪᠦᠷᠢᠯᠡᠯ ᠢᠶᠠᠨ ᠡᠬᠢᠯᠡᠭᠰᠡᠨ ᠪᠠᠶᠢᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠳᠦᠭᠡᠭᠳᠡᠬᠦᠨ ᠡᠳᠡᠰᠢᠬᠦᠯᠦᠨ ᠪᠤᠯᠪᠠᠰᠤᠷᠠᠭᠤᠯᠬᠤ ᠵᠢᠱᠢᠶ᠎ᠡ ᠦᠵᠡᠬᠦᠯᠬᠦ ᠤᠷᠤᠨ ᠲᠤᠭᠤᠷᠢᠭ ᠤᠨ ᠪᠦᠳᠦᠭᠡᠨ | ᠪᠠᠶᠢᠭᠤᠯᠤᠯᠳᠠ ᠶᠢ ᠲᠦᠯᠦᠪᠵᠢᠬᠦᠯᠵᠦ᠂ ᠪᠡᠯᠡᠳᠭᠡᠯ ᠠᠵᠢᠯ ᠪᠦᠬᠦ ᠲᠠᠯᠠᠪᠠᠷ ᠡᠬᠢᠯᠡᠪᠡ᠃ ᠰᠢᠯᠢ ᠶᠢᠨ ᠭᠤᠤᠯ ᠠᠶᠢᠮᠠᠭ | ᠤᠨ ᠰᠢᠨ᠎ᠡ ᠡᠨᠧᠷᠬᠢ ᠶᠢᠨ ᠠᠵᠤ ᠦᠢᠯᠡᠰ ᠢ ᠬᠦᠭᠵᠢᠬᠦᠯᠬᠦ ᠬᠤᠯᠪᠤᠭᠠᠯᠠᠯ ᠢ ᠪᠠᠶᠢᠭᠤᠯᠵᠤ᠂ ᠪᠦᠬᠦ ᠵᠢᠯ ᠳᠤ | ᠠᠷᠠᠯᠵᠢᠶᠠᠴᠢᠨ ᠤᠷᠢᠵᠤ ᠤᠷᠤᠭᠤᠯᠤᠭᠰᠠᠨ ᠪᠡᠯᠡ 18.85 ᠳ᠋ᠦᠩᠰᠢᠭᠤᠷ ᠲᠦᠬᠦᠷᠢᠭ ᠲᠤ ᠬᠦᠷᠴᠡᠢ᠃ | ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠬᠠᠨᠳᠤᠰᠢ ᠰᠠᠶᠢᠨ ᠪᠠᠶᠢᠭ᠎ᠠ ᠃ ᠵᠢᠭᠤᠯᠴᠢᠯᠠᠯ ᠤᠨ | ᠦᠵᠡᠮᠵᠢ ᠶᠢᠨ ᠤᠷᠤᠨ ᠤ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ︽ᠬᠠᠭᠠᠨ ᠤ ᠠᠳᠤᠭᠤᠨ | ᠵᠤᠰᠠᠭᠠᠯ︾ ᠤᠨ ᠲᠡᠷᠭᠡ ᠤᠨᠤᠭᠠᠨ ᠤ ᠰᠠᠭᠤᠷᠢᠨ᠂ ᠵᠤᠴᠢᠳ ᠲᠤ ᠦᠢᠯᠡᠴᠢᠯᠡᠬᠦ ᠲᠦᠪ ᠵᠡᠷᠭᠡ ᠢᠵᠢ ᠪᠦᠷᠢᠳᠦᠭᠰᠡᠨ | ᠲᠦᠬᠦᠭᠡᠷᠦᠮᠵᠢ ᠶᠢᠨ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠨ᠂ ︽ᠪᠦᠷᠳᠡ ᠴᠢᠨ᠋ᠸ᠎ᠠ ᠶᠢᠨ ᠨᠤᠳᠤᠭ︾ | ᠦᠵᠡᠮᠵᠢ ᠶᠢᠨ ᠤᠷᠤᠨ ᠤ ᠪᠦᠳᠦᠭᠡᠨ ᠪᠠᠶᠢᠭᠤᠯᠤᠯᠳᠠ ᠡᠬᠢᠯᠡᠭᠰᠡᠨ ᠪᠠᠶᠢᠨ᠎ᠠ᠃ ᠲᠤᠮᠳᠠᠳᠤ ᠤᠯᠤᠰ ᠤᠨ ᠮᠤᠷᠢᠨ | ᠮᠡᠷᠭᠡᠵᠢᠯ ᠤᠨ ᠨᠡᠶᠢᠬᠡᠮᠯᠢᠭ ᠤᠨ ᠬᠤᠯᠠ ᠶᠢᠨ ᠮᠤᠷᠢ ᠪᠤᠶᠢᠵᠢᠭᠤᠯᠵᠤ ᠰᠤᠷᠭᠠᠬᠤ ᠰᠠᠭᠤᠷᠢᠨ ᠭᠠᠵᠠᠷ ᠬᠢᠭᠡᠳ | ᠪᠡᠭᠡᠵᠢᠩ ᠤᠨ ᠮᠤᠷᠢᠨ ᠮᠡᠷᠭᠡᠵᠢᠯ ᠤᠨ ᠨᠡᠶᠢᠬᠡᠮᠯᠢᠭ ᠤᠨ ᠬᠤᠯᠠ ᠶᠢᠨ ᠮᠤᠷᠢ ᠰᠤᠷᠭᠠᠬᠤ ᠰᠠᠭᠤᠷᠢᠨ ᠭᠠᠵᠠᠷ ᠮᠠᠨ ᠤ | ᠬᠤᠰᠢᠭᠤᠨ ᠳᠤ ᠪᠠᠶᠢᠭᠤᠯᠤᠭᠳᠠᠵᠤ ᠡᠷᠦᠬᠡ ᠰᠡᠬᠦᠪᠡ᠃ ᠫᠤᠤᠲ᠋ᠠᠶᠢᠶ᠋ᠢᠩᠽᠢ ᠶᠢ ᠦᠪᠡᠷᠮᠢᠴᠡ ᠭᠡᠪ ᠨᠠᠮᠪᠠ ᠲᠠᠢ | ᠠᠳᠤᠭᠤᠳᠤ ᠪᠠᠯᠭᠠᠰᠤ ᠪᠤᠯᠭᠠᠵᠤ ᠪᠦᠳᠦᠭᠡᠨ ᠪᠠᠶᠢᠭᠤᠯᠬᠤ ᠲᠦᠰᠦᠪ ᠲᠦᠯᠦᠪᠵᠢᠬᠦᠯᠬᠡ ᠶᠢ ᠪᠦᠷᠢᠨᠰᠢᠬᠦᠯᠦᠨ | ᠲᠤᠭᠳᠠᠭᠠᠵᠤ ᠪᠤᠢ᠃ ᠮᠠᠯᠴᠢᠨ ᠲᠠᠷᠢᠶᠠᠴᠢᠨ ᠡᠷᠦᠬᠡ ᠶᠢᠨ ᠵᠢᠭᠤᠯᠴᠢᠯᠠᠯ ᠢ ᠲᠡᠰ ᠲᠡᠪᠰᠢᠬᠦᠯᠵᠦ᠂ ᠵᠢᠭᠤᠯᠴᠢᠯᠠᠯ ᠤᠨ | ᠦᠢᠯᠡᠰ ᠡᠷᠬᠢᠯᠡᠬᠦ ᠮᠠᠯᠴᠢᠨ ᠲᠠᠷᠢᠶᠠᠴᠢᠨ ᠲᠤᠰᠪᠤᠷᠢ 33 ᠡᠷᠦᠬᠡ ᠪᠠ 26 ᠡᠷᠦᠬᠡ ᠳᠤ ᠬᠦᠷᠴᠡᠢ᠃ ︽ᠠᠷᠪᠠ | ᠶᠢ ᠪᠦᠷᠬᠦᠬᠦᠯᠬᠦ︾ ᠭᠠᠴᠠᠭ᠎ᠠ ᠲᠤᠰᠬᠤᠨ ᠳᠤ ᠵᠢᠭᠤᠯᠴᠢᠯᠠᠯ ᠤᠨ ᠦᠢᠯᠡᠰ ᠬᠦᠭᠵᠢᠬᠦᠯᠬᠦ ᠠᠷᠭ᠎ᠠ ᠶᠢ ᠢᠳᠡᠪᠬᠢᠳᠡᠢ | ᠰᠦᠪᠡᠭᠴᠢᠯᠡᠵᠦ᠂ ᠬᠤᠩ ᠴᠢ ᠪᠠᠯᠭᠠᠰᠤᠨ ᠤ ᠰᠢᠨ ᠾᠧ ᠲᠤᠰᠬᠤᠨ᠂ ᠪᠤᠤᠴᠠᠩ ᠪᠠᠯᠭᠠᠰᠤᠨ ᠤ ᠴᠢᠶᠤᠤ ᠵᠢᠶᠠ | ᠶᠢᠩᠽᠢ ᠶᠢᠨ ᠵᠢᠭᠤᠯᠴᠢᠯᠠᠯ ᠤᠨ ᠲᠦᠷᠦᠯ ᠵᠦᠢᠯ ᠤᠨ ᠲᠦᠯᠦᠪᠵᠢᠬᠦᠯᠬᠡ ᠶᠢ ᠨᠠᠶᠢᠷᠠᠭᠤᠯᠤᠨ ᠡᠬᠢᠯᠡᠪᠡ᠃ ᠲᠤᠰ ᠵᠢᠯ | ᠳᠤ 43 ᠲᠦᠮᠡ ᠭᠠᠷᠤᠢ ᠵᠢᠭᠤᠯᠴᠢᠯᠠᠭᠴᠢ ︵ᠤᠳᠠᠭ᠎ᠠ︶ ᠶᠢ ᠤᠭᠳᠤᠨ ᠵᠤᠴᠢᠯᠠᠵᠤ᠂ ᠡᠨᠡ ᠨᠢ ᠲᠡᠭᠡᠷ᠎ᠡ ᠵᠢᠯ ᠠᠴᠠ | 12 % ᠪᠠᠷ ᠨᠡᠮᠡᠭᠳᠡᠭᠰᠡᠨ ᠪᠠᠶᠢᠨ᠎ᠠ᠃ ᠠᠷᠠᠯᠵᠢᠶ᠎ᠠ ᠬᠦᠢᠯᠬᠡᠬᠡᠨ ᠤ ᠦᠢᠯᠡᠰ ᠲᠦᠷᠭᠡᠨ ᠬᠦᠭᠵᠢᠵᠦ᠂ ᠰᠤᠮᠤ ᠰᠢᠶᠠᠩ | ᠪᠠᠯᠭᠠᠰᠤᠨ ᠤ ᠠᠷᠠᠯᠵᠢᠶᠠᠨ ᠤ ᠲᠦᠪ᠂ ᠠᠮᠤ ᠪᠤᠳᠠᠭᠠᠨ ᠤ ᠬᠦᠮᠦᠷᠭᠡ ᠶᠢᠨ ᠪᠦᠳᠦᠭᠡᠨ ᠪᠠᠶᠢᠭᠤᠯᠤᠯᠳᠠ ᠶᠢ ᠬᠢᠭᠰᠡᠨ | ᠪᠠᠶᠢᠨ᠎ᠠ᠃ ᠲᠢᠶᠠᠨ ᠪᠤᠤ ᠮᠠᠰᠢᠨ ᠲᠡᠷᠭᠡ ᠵᠠᠰᠠᠬᠤ ᠪᠠ ᠠᠷᠠᠯᠵᠢᠶᠠᠯᠠᠬᠤ ᠤᠷᠤᠨ ᠲᠤᠭᠤᠷᠢᠭ ᠤᠨ ᠲᠦᠬᠦᠭᠡᠷᠦᠮᠵᠢ ᠶᠢ | ᠢᠵᠢ ᠪᠦᠷᠢᠳᠦᠬᠦᠯᠵᠦ᠂ ᠠᠵᠤ ᠠᠬᠤᠶᠢᠯᠠᠯ ᠢ ᠤᠷᠢᠵᠤ ᠨᠤᠳᠤᠭᠰᠢᠭᠤᠯᠬᠤ ᠠᠵᠢᠯ ᠢ ᠬᠢᠪᠡ᠃ ᠡᠯᠧᠺᠲᠷᠤᠨ | ᠠᠷᠠᠯᠵᠢᠶᠠᠨ ᠤ ᠶᠠᠪᠤᠳᠠᠯ ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠢ ᠢᠳᠡᠪᠬᠢᠳᠡᠢ ᠬᠦᠭᠵᠢᠬᠦᠯᠵᠦ᠂ ᠶᠢᠦᠮᠠᠢ ᠶᠢᠨ | ᠭᠤᠯᠢᠷ᠂ ᠶᠠᠮᠠ ᠶᠢᠨ ᠲᠤᠰᠤ᠂ ᠤᠯᠠᠭᠠᠨ ᠢᠳᠡᠭᠡᠨ᠂ ᠴᠠᠭᠠᠨ ᠢᠳᠡᠭᠡᠨ ᠵᠡᠷᠭᠡ ᠨᠤᠳᠤᠭ ᠤᠨ ᠭᠠᠷᠤᠯᠳᠠ ᠶᠢ | ᠰᠦᠯᠵᠢᠶ᠎ᠡ ᠲᠡᠭᠡᠷ᠎ᠡ ᠲᠠᠸᠠᠷᠴᠢᠯᠠᠨ ᠡᠵᠡᠩᠨᠡᠬᠦ ᠠᠵᠢᠯ ᠦᠷᠨᠢᠬᠦᠨ ᠶᠠᠪᠤᠭᠳᠠᠵᠤ ᠪᠤᠢ᠃ ᠲᠤᠰ ᠵᠢᠯ ᠳᠤ᠂ ᠮᠦᠩᠬᠦᠨ | ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠬᠡᠯᠡᠯᠬᠡ ᠶᠢᠨ ᠦᠯᠡᠳᠡᠪᠦᠷᠢ ᠲᠤᠰᠪᠤᠷᠢ 46.8 ᠳ᠋ᠦᠩᠰᠢᠭᠤᠷ | ᠲᠦᠭᠦᠷᠢᠭ ᠪᠠ 24.5 ᠳ᠋ᠦᠩᠰᠢᠭᠤᠷ ᠲᠦᠭᠦᠷᠢᠭ ᠲᠤ ᠬᠦᠷᠴᠦ᠂ ᠲᠤᠰᠪᠤᠷᠢ 25.8 % ᠪᠠ 15 % ᠪᠠᠷ | ᠨᠡᠮᠡᠭᠳᠡᠪᠡ᠃ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂ ᠲᠤᠮᠳᠠ | ᠪᠠᠭ᠎ᠠ ᠵᠢᠵᠢᠭ ᠠᠵᠤ ᠠᠬᠤᠶᠢᠯᠠᠯ ᠳᠤ ᠨᠡᠶᠢᠳᠡ 2600 ᠲᠦᠮᠡᠨ ᠲᠦᠬᠦᠷᠢᠭ ᠤᠨ ᠪᠡᠯᠡ ᠮᠦᠩᠬᠦ ᠶᠢ | ᠵᠤᠬᠢᠴᠠᠭᠤᠯᠤᠨ ᠬᠤᠷᠠᠮᠳᠤᠭᠤᠯᠵᠤ ᠤᠯᠭᠤᠭᠰᠠᠨ ᠪᠠᠶᠢᠨ᠎ᠠ᠃ | ᠬᠦᠭᠵᠢᠯᠳᠡ ᠶᠢᠨ ᠨᠦᠬᠦᠴᠡᠯ ᠲᠠᠰᠤᠷᠠᠯᠳᠠ ᠦᠬᠡᠢ ᠰᠠᠶᠢᠵᠢᠷᠠᠭᠰᠠᠨ᠃ ᠠᠮᠢ ᠠᠬᠤᠢ ᠶᠢᠨ ᠬᠠᠮᠠᠭᠠᠯᠠᠯᠳᠠ ᠪᠠ | ᠪᠦᠳᠦᠭᠡᠨ ᠪᠠᠶᠢᠭᠤᠯᠤᠯᠳᠠ ᠶᠢ ᠵᠡᠷᠭᠡᠪᠡᠷ ᠶᠠᠪᠤᠭᠳᠠᠭᠤᠯᠵᠤ᠂ ᠪᠡᠯᠴᠢᠭᠡᠷ ᠰᠡᠷᠬᠦᠬᠡᠵᠦ ᠪᠡᠯᠴᠢᠭᠡᠷᠯᠡᠬᠦᠯᠬᠦ ᠶᠢ | ᠴᠠᠭᠠᠵᠠᠯᠠᠬᠤ ᠲᠦᠷᠢᠮ ᠢ ᠴᠢᠩᠭ᠎ᠠ ᠭᠡᠷᠡᠭᠵᠢᠬᠦᠯᠦᠨ᠂ ᠱᠠᠩᠨᠠᠵᠤ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ ᠨᠢᠮᠪᠠᠢ | ᠨᠠᠶᠢᠳᠠᠪᠤᠷᠢᠵᠢᠭᠤᠯᠵᠤ᠂ 52 ᠲᠦᠮᠡᠨ ᠮᠤ᠋ ᠨᠤᠳᠤᠭ ᠪᠡᠯᠴᠢᠭᠡᠷ ᠲᠤ ᠬᠤᠭᠤᠴᠠᠭᠠᠳᠤ ᠴᠢᠨᠠᠷᠳᠠᠢ ᠪᠠᠷ | ᠪᠡᠯᠴᠢᠭᠡᠷᠯᠡᠬᠦᠯᠬᠦ ᠶᠢ ᠴᠠᠭᠠᠵᠠᠯᠠᠨ ᠂ 54 ᠲᠦᠮᠡᠨ ᠮᠤ᠋ ᠨᠤᠳᠤᠭ ᠪᠡᠯᠴᠢᠭᠡᠷ ᠲᠤ ᠮᠠᠯ ᠪᠡᠯᠴᠢᠭᠡᠷ ᠤᠨ ᠲᠡᠩᠴᠡᠬᠦᠷᠢ | ᠶᠢᠨ ᠲᠦᠷᠢᠮ ᠢ ᠭᠡᠷᠡᠭᠵᠢᠬᠦᠯᠪᠡ᠃ ᠡᠯᠡᠰᠦᠨ ᠤ ᠡᠬᠢ ᠵᠠᠰᠠᠬᠤ ᠲᠠᠯᠠᠪᠠᠢ 1 ᠲᠦᠮᠡᠨ ᠮᠤ᠋ ᠂ ᠨᠦᠬᠦᠵᠦ ᠲᠠᠷᠢᠬᠤ | ᠲᠠᠯᠠᠪᠠᠢ 10.3 ᠲᠦᠮᠡᠨ ᠮᠤ᠋ ᠂ ᠠᠰᠢᠭ ᠮᠠᠭᠤᠳᠠᠢ ᠤᠢ ᠮᠤᠳᠤ ᠶᠢ ᠦᠬᠡᠷᠡᠴᠢᠯᠡᠬᠦ ᠲᠠᠯᠠᠪᠠᠢ 2.25 ᠲᠦᠮᠡᠨ | ᠮᠤ᠋ ᠂ ᠭᠤᠤᠯᠳᠠᠯᠭᠠᠳᠠᠢ ᠤᠷᠤᠨ ᠪᠦᠰᠡ ᠶᠢᠨ ᠨᠤᠭᠤᠭᠠᠷᠠᠭᠤᠯᠤᠯᠳᠠ 0.55 ᠲᠦᠮᠡᠨ ᠮᠤ᠋ ᠶᠢ ᠪᠡᠶᠡᠯᠡᠬᠦᠯᠵᠦ᠂ | ᠤᠢ ᠮᠤᠳᠤᠨ ᠤ ᠪᠦᠷᠬᠦᠴᠡ 23% ᠳᠤ ᠬᠦᠷᠦᠭᠰᠡᠨ ᠪᠠᠶᠢᠨ᠎ᠠ᠃ ᠡᠶ᠎ᠡ ᠵᠤᠬᠢᠴᠠᠯ ᠲᠠᠢ ᠠᠭᠤᠷᠬᠠᠢ ᠶᠢᠨ ᠤᠷᠤᠨ | ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ 14.4 ᠾᠧᠺᠲ᠋ᠠᠷ ᠤᠷᠴᠢᠨ ᠲᠤᠭᠤᠷᠢᠨ ᠢ ᠰᠡᠷᠬᠦᠬᠡᠨ ᠵᠠᠰᠠᠵᠠᠢ᠃ | ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢ ᠴᠢᠩᠭᠠᠳᠬᠠᠵᠤ᠂ ᠰᠦᠷᠴᠢᠨ ᠤᠰᠤᠯᠠᠬᠤ ᠲᠤᠭᠤᠷᠢᠭ ᠰᠢᠨ᠎ᠡ | ᠪᠠᠷ ᠪᠠᠶᠢᠭᠤᠯᠬᠤ ᠶᠢ ᠴᠠᠭᠠᠵᠠᠯᠠᠨ᠂ ᠤᠰᠤᠨ ᠤ ᠰᠦᠢᠳᠭᠡᠯ ᠬᠤᠷᠢᠶᠠᠬᠤ ᠠᠵᠢᠯ ᠢ ᠡᠬᠢᠯᠡᠪᠡ᠃ 6.8 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠤᠰᠤᠨ | ᠠᠰᠢᠭᠯᠠᠯᠳᠠ᠂ ᠬᠤᠳᠠ ᠪᠠᠯᠭᠠᠰᠤ ᠵᠡᠷᠭᠡ ᠳᠤ ᠬᠠᠮᠢᠶᠠᠳᠠᠢ ᠨᠢᠬᠡ ᠪᠦᠯᠦᠭ ᠰᠠᠭᠤᠷᠢ ᠲᠦᠬᠦᠭᠡᠷᠦᠮᠵᠢ ᠶᠢᠨ ᠪᠦᠳᠦᠭᠡᠨ | ᠪᠠᠶᠢᠭᠤᠯᠤᠯᠳᠠ ᠶᠢ ᠬᠢᠭᠰᠡᠨ ᠪᠠᠶᠢᠨ᠎ᠠ᠃ ︽222 ︾ ᠱᠤᠭᠤᠮ ᠤᠨ ᠬᠤᠶᠠᠳᠤᠭᠠᠷ ᠲᠡᠰ ᠤᠨ ᠵᠠᠮ ᠢ | ᠦᠭᠡᠷᠡᠴᠢᠯᠡᠨ ᠪᠠᠶᠢᠭᠤᠯᠬᠤ ᠠᠵᠢᠯ ᠪᠠ ᠵᠢᠭᠤᠯᠴᠢᠯᠠᠯ ᠤᠨ ᠵᠠᠰᠠᠮᠠᠯ ᠵᠠᠮ ᠤᠨ ᠭᠤᠤᠯ ᠴᠤᠭᠴᠠ ᠶᠢᠨ ᠪᠠᠷᠢᠯᠭ᠎ᠠ ᠶᠢ | ᠲᠠᠭᠤᠰᠬᠠᠵᠤ ︔ ᠭᠠᠴᠠᠭ᠎ᠠ ᠲᠤᠰᠬᠤᠨ ᠳᠤ ᠨᠡᠪᠳᠡᠷᠡᠬᠦ ᠽᠧᠮᠧᠨ᠋ᠲ ᠵᠠᠮ 109 ᠺᠢᠯᠤᠮᠧᠲᠷ ᠢ ᠪᠠᠶᠢᠭᠤᠯᠤᠨ ︔ | S304 ︵ᠤᠤᠯ ᠤᠨ ᠺᠠᠩ ᠱᠠᠨ ᠱᠤᠭᠤᠮ︶ ᠵᠠᠰᠠᠮᠠᠯ ᠵᠠᠮ ᠤᠨ ᠶᠡᠭᠡ ᠵᠠᠰᠠᠯᠳᠠ ᠪᠡᠶᠡᠯᠡᠭᠳᠡᠵᠦ᠂ ᠲᠡᠰ | ᠲᠡᠪᠰᠢᠬᠦᠯᠬᠦ ᠦᠬᠡᠷᠡᠴᠢᠯᠡᠯᠳᠡ ᠶᠢᠨ ᠢᠨᠵᠧᠨᠧᠷᠢᠩ ᠯᠠᠪᠳᠠᠭᠤᠨ ᠢᠶᠠᠷ ᠶᠠᠪᠤᠭᠳᠠᠵᠤ ᠪᠤᠢ᠃ ᠲᠠᠷᠢᠶᠠᠯᠠᠩ ᠤᠨ | ᠴᠠᠬᠢᠯᠭᠠᠨ ᠬᠠᠩᠭᠠᠯᠭ᠎ᠠ ᠶᠢᠨ ᠦᠬᠡᠷᠡᠴᠢᠯᠡᠯᠳᠡ ᠶᠢ ᠲᠠᠭᠤᠰᠬᠠᠨ᠂ ᠭᠡᠤ ᠯᠤ᠋ ᠢᠦᠢ ᠭᠤᠤᠯ ᠤᠨ ᠦᠶᠡᠷ | ᠰᠡᠷᠭᠡᠶᠢᠯᠡᠬᠦ ᠪᠠᠷᠢᠯᠭ᠎ᠠ ᠶᠢ ᠡᠬᠢᠯᠡᠬᠦᠯᠵᠦ᠂ 16 ᠰᠠᠭᠤᠷᠢ ᠠᠶᠤᠯᠬᠦᠢ ᠤᠰᠤ ᠤᠮᠳᠠ ᠶᠢᠨ ᠢᠨᠵᠧᠨᠧᠷᠢᠩ ᠢ | ᠭᠡᠷᠡᠭᠵᠢᠬᠦᠯᠪᠡ᠃ ᠪᠤᠤᠴᠠᠩ ᠤᠨ ᠬᠠᠭᠤᠴᠢᠨ ᠲᠤᠭᠤᠷᠢᠭ ᠤᠨ ᠦᠬᠡᠷᠡᠴᠢᠯᠡᠯᠳᠡ ᠶᠢ ᠢᠳᠡᠪᠬᠢᠳᠡᠢ ᠲᠦᠯᠬᠢᠨ | ᠠᠬᠢᠭᠤᠯᠵᠤ᠂ ᠬᠤᠭ ᠨᠤᠪᠰᠢ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ᠂ 3 ᠰᠠᠭᠤᠷᠢ ᠬᠤᠭ ᠨᠤᠪᠰᠢ | ᠵᠦᠬᠡᠬᠡᠪᠦᠷᠢᠯᠡᠬᠦ ᠦᠷᠳᠡᠭᠡ ᠶᠢ ᠠᠰᠢᠭᠯᠠᠯᠳᠠ ᠳᠤ ᠤᠷᠤᠭᠤᠯᠵᠤ᠂ ᠤᠰᠤ ᠪᠠᠷ ᠵᠠᠶᠢᠯᠠᠬᠤ ᠨᠡᠶᠢᠳᠡ ᠶᠢᠨ ᠵᠤᠷᠯᠤᠩ 9 | ᠶᠢ ᠪᠠᠶᠢᠭᠤᠯᠤᠨ᠂ 5 ᠶᠢ ᠨᠢ ᠠᠰᠢᠭᠯᠠᠯᠳᠠ ᠳᠤ ᠤᠷᠤᠭᠤᠯᠵᠤ᠂ ᠵᠡᠬᠡᠯᠢ ᠭᠤᠳᠤᠮᠵᠢᠨ ᠤ ᠦᠬᠡᠷᠡᠴᠢᠯᠡᠯᠳᠡ ᠶᠢ 3.8 | ᠺᠢᠯᠤᠮᠧᠲᠷ ᠬᠢᠵᠦ᠂ ᠵᠠᠮ ᠤᠨ ᠳ᠋ᠧᠩ 280 ᠶᠢ ᠤᠭᠰᠠᠷᠠᠪᠠ᠃ ᠢᠯᠴᠢ ᠬᠠᠩᠭᠠᠬᠤ ᠪᠦᠷᠬᠦᠴᠡ ᠶᠢ 18 ᠲᠦᠮᠡᠨ | ᠬᠠᠪᠳᠠᠭᠠᠢ ᠲᠦᠷᠪᠡᠯᠵᠢᠨ ᠮᠧᠲᠷ ᠦᠷᠭᠡᠳᠭᠡᠵᠦ᠂ ᠢᠯᠴᠢ ᠰᠤᠯᠢᠭᠳᠠᠭᠤᠯᠬᠤ ᠦᠷᠳᠡᠭᠡ 6 ᠶᠢ ᠨᠡᠮᠡᠵᠦ ᠪᠠᠶᠢᠭᠤᠯᠤᠨ᠂ | 2 ᠠᠵᠤ ᠠᠬᠤᠶᠢᠯᠠᠯ ᠤᠨ ᠮᠡᠷᠭᠡᠵᠢᠯ ᠢ ᠰᠠᠶᠢᠵᠢᠷᠠᠭᠤᠯᠵᠤ᠂ 1.5 ᠺᠢᠯᠤᠮᠧᠲᠷ ᠲᠤᠤᠷ ᠬᠤᠭᠤᠯᠠᠢ ᠶᠢ ᠵᠠᠰᠠᠵᠤ | ᠦᠬᠡᠷᠡᠴᠢᠯᠡᠪᠡ᠃ ᠰᠠᠭᠤᠭᠠᠯᠢ ᠠᠷᠠᠳ ᠤᠨ 7.1 ᠲᠦᠮᠡᠨ ᠬᠠᠪᠳᠠᠭᠠᠢ ᠲᠦᠷᠪᠡᠯᠵᠢᠨ ᠮᠧᠲᠷ ᠤᠷᠤᠨ ᠰᠠᠭᠤᠴᠠ ᠳᠤ | ᠡᠨᠧᠷᠬᠢ ᠠᠷᠪᠢᠯᠠᠬᠤ ᠦᠬᠡᠷᠡᠴᠢᠯᠡᠯᠳᠡ ᠬᠢᠭᠰᠡᠨ ᠪᠠᠶᠢᠨ᠎ᠠ᠃ ᠡᠬᠦᠨ ᠤ ᠬᠠᠮᠳᠤ᠂ ᠰᠢᠨ᠎ᠡ ᠲᠤᠭᠤᠷᠢᠭ ᠲᠤ ᠵᠠᠮ | ᠬᠦᠬᠦᠷᠭᠡ᠂ ᠤᠰᠤᠨ ᠤ ᠦᠢᠯᠡᠳᠪᠦᠷᠢ᠂ ᠲᠤᠤᠷ ᠬᠤᠭᠤᠯᠠᠢ ᠵᠡᠷᠭᠡ ᠶᠢᠨ ᠪᠦᠳᠦᠭᠡᠨ ᠪᠠᠶᠢᠭᠤᠯᠤᠯᠳᠠ ᠪᠤᠶᠤ ᠵᠠᠰᠠᠯᠳᠠ | ᠶᠢ ᠬᠢᠵᠦ᠂ ᠪᠦᠬᠦ ᠬᠤᠰᠢᠭᠤᠨ ᠤ ᠭᠡᠪᠴᠢᠶᠡᠨ ᠳᠤ ᠬᠤᠳᠠ ᠬᠦᠳᠡᠭᠡ ᠶᠢᠨ ᠤᠷᠴᠢᠨ ᠲᠤᠭᠤᠷᠢᠨ ᠤ ᠲᠤᠰᠬᠠᠢ | ᠴᠡᠭᠴᠡᠯᠡᠯᠳᠡ ᠶᠢ ᠦᠷᠨᠢᠬᠦᠯᠵᠡᠢ᠃ | ᠠᠷᠠᠳ ᠤᠨ ᠠᠮᠢᠳᠤᠷᠠᠯ ᠡᠳᠦᠷ ᠢᠷᠡᠬᠦᠶ᠎ᠡ ᠦᠬᠡᠳᠡᠯᠡᠨ ᠰᠠᠶᠢᠵᠢᠷᠠᠭᠰᠠᠨ᠃ ᠲᠤᠰ ᠵᠢᠯ ᠳᠤ᠂ ᠠᠷᠠᠳ ᠤᠨ | ᠠᠮᠢᠳᠤᠷᠠᠯ ᠲᠡᠭᠡᠷ᠎ᠡ ᠭᠡᠷᠡᠭᠯᠡᠭᠰᠡᠨ ᠡᠳ᠋ ᠤᠨ ᠵᠠᠰᠠᠭ ᠤᠨ ᠵᠠᠷᠤᠯᠭ᠎ᠠ 6.8 ᠳ᠋ᠦᠩᠰᠢᠭᠤᠷ ᠲᠦᠭᠦᠷᠢᠭ ᠲᠤ ᠬᠦᠷᠴᠦ ᠂ | ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 44 % ᠶᠢ ᠡᠵᠡᠯᠡᠭᠰᠡᠨ ᠪᠠᠶᠢᠨ᠎ᠠ᠃ ︽ᠠᠷᠪᠠ ᠶᠢ | ᠪᠦᠷᠬᠦᠬᠦᠯᠬᠦ︾ ᠢᠨᠵᠧᠨᠧᠷᠢᠩ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ 4.48 ᠳ᠋ᠦᠩᠰᠢᠭᠤᠷ ᠲᠦᠭᠦᠷᠢᠭ | ᠤᠨ ᠪᠡᠯᠡ ᠤᠷᠤᠭᠤᠯᠵᠤ᠂ ︽ᠤᠰᠤ᠂ ᠴᠠᠬᠢᠯᠭᠠᠨ᠂ ᠵᠠᠮ᠂ ᠷᠠᠳᠢᠤ᠋ ᠲᠧᠯᠸᠢᠰ᠂ ᠤᠷᠤᠨ ᠰᠠᠭᠤᠴᠠ᠂ ᠰᠤᠶᠤᠯ᠂ | ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠨᠡᠶᠢᠬᠡᠮ ᠤᠨ ᠪᠠᠳᠤᠯᠠᠭ᠎ᠠ᠂ ᠠᠷᠠᠯᠵᠢᠶᠠᠨ ᠤ ᠦᠢᠯᠡᠰ︾ ᠠᠷᠪᠠᠨ | ᠲᠦᠷᠦᠯ ᠤᠨ ᠢᠨᠵᠧᠨᠧᠷᠢᠩ ᠬᠢᠭᠡᠳ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠴᠡᠭᠴᠡᠯᠡᠯᠳᠡ ᠶᠢᠨ ᠢᠵᠢ | ᠪᠦᠷᠢᠳᠦᠭᠰᠡᠨ ᠢᠨᠵᠧᠨᠧᠷᠢᠩ ᠢ ᠭᠡᠷᠡᠭᠵᠢᠬᠦᠯᠵᠦ᠂ ᠡᠪᠦᠯ ᠤᠨ ᠤᠯᠠᠷᠢᠯ ᠤᠨ ᠵᠠᠭᠤᠨ ᠡᠳᠦᠷ ᠤᠨ ᠪᠠᠬᠢᠯᠡᠯᠳᠡ | ᠰᠢᠪᠳᠤᠯᠬᠤ ᠠᠵᠢᠯᠯᠠᠭ᠎ᠠ ᠶᠢ ᠦᠷᠨᠢᠬᠦᠯᠪᠡ᠃ ᠤᠨᠢᠨ ᠲᠡᠭᠡᠷ᠎ᠡ ᠨᠢ ᠲᠡᠳᠬᠦᠵᠦ ᠶᠠᠳᠠᠭᠤ ᠠᠴᠠ ᠠᠩᠬᠢᠵᠢᠷᠠᠭᠤᠯᠬᠤ ᠶᠢ | ᠪᠠᠷᠢᠮᠳᠠᠯᠠᠨ᠂ 2.72 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ ᠪᠠᠶᠢᠭᠠᠳ 7670 ᠶᠠᠳᠠᠭᠤ | ᠬᠦᠴᠢᠷᠳᠡᠢ ᠬᠦᠮᠦᠨ ᠠᠮᠠ ᠶᠢ ᠪᠠᠭᠠᠰᠬᠠᠵᠠᠢ᠃ ᠨᠡᠶᠢᠬᠡᠮ ᠤᠨ ᠶᠠᠳᠠᠭᠤ ᠶᠢ ᠲᠡᠳᠬᠦᠬᠦ ᠠᠵᠢᠯ ᠢ ᠴᠢᠩᠭᠠᠳᠬᠠᠵᠤ᠂ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠦᠪᠡᠷᠳᠡᠭᠡᠨ ᠵᠠᠰᠠᠬᠤ ᠤᠷᠤᠨ ᠤ ᠤᠯᠤᠰ | ᠲᠦᠷᠦ ᠶᠢᠨ ᠵᠦᠪᠯᠡᠯᠬᠡᠨ ᠤ ᠲᠡᠮᠵᠢᠯᠬᠡ ᠳᠤ ᠲᠦᠰᠢᠭᠯᠡᠨ᠂ ᠪᠦᠬᠦ ᠤᠯᠤᠰ ᠤᠨ ᠨᠡᠶᠢᠬᠡᠮ ᠤᠨ ᠶᠠᠳᠠᠭᠤ ᠶᠢ ᠳᠡᠳᠬᠦᠬᠦ | ᠠᠵᠢᠯ ᠤᠨ ᠰᠢᠨ᠎ᠡ ᠶᠢ ᠡᠬᠦᠳᠬᠦ ᠲᠤᠷᠰᠢᠯᠳᠠ ᠶᠢᠨ ᠴᠡᠭ ᠤᠨ ᠬᠤᠰᠢᠭᠤ ᠪᠤᠯᠤᠭᠰᠠᠨ ᠪᠠᠶᠢᠨ᠎ᠠ᠃ ᠦᠢᠯᠡᠰ | ᠪᠦᠳᠦᠭᠡᠵᠦ ᠠᠵᠢᠯ ᠤᠯᠬᠤ ᠢᠨᠵᠧᠨᠧᠷᠢᠩ ᠢ ᠬᠦᠴᠦ ᠲᠠᠯᠪᠢᠨ ᠭᠡᠷᠡᠭᠵᠢᠬᠦᠯᠵᠦ᠂ 1 ᠲᠦᠮᠡᠨ ᠠᠵᠢᠯ ᠤᠨ ᠪᠠᠶᠢᠷᠢ | ᠡᠯᠰᠡᠵᠦ᠂ 2360 ᠨᠡᠷ᠎ᠡ ᠬᠤᠳᠠ ᠪᠠᠯᠭᠠᠰᠤᠨ ᠤ ᠡᠯ᠎ᠡ ᠲᠦᠷᠦᠯ ᠤᠨ ᠬᠦᠮᠦᠨ ᠳᠤ ᠠᠵᠢᠯ ᠲᠤᠬᠢᠷᠠᠭᠤᠯᠤᠨ ᠂ | ᠦᠢᠯᠡᠰ ᠪᠦᠳᠦᠭᠡᠬᠦ ᠵᠢᠭᠡᠯᠡᠯᠬᠡ 2579 ᠲᠦᠮᠡᠨ ᠲᠦᠬᠦᠷᠢᠭ ᠲᠠᠷᠬᠠᠭᠠᠵᠤ᠂ 443 ᠬᠦᠮᠦᠨ ᠢ ᠲᠡᠳᠬᠦᠵᠦ | ᠦᠢᠯᠡᠰ ᠪᠦᠳᠦᠭᠡᠯᠭᠡᠭᠰᠡᠨ ᠪᠦᠬᠡᠳ ᠦᠢᠯᠡᠰ ᠪᠦᠳᠦᠭᠡᠬᠦ ᠰᠠᠭᠤᠷᠢᠨ ᠭᠠᠵᠠᠷ ᠤᠨ ᠪᠠᠶᠢᠭᠤᠯᠤᠯᠳᠠ ᠶᠢ | ᠲᠦᠯᠦᠪᠵᠢᠬᠦᠯᠵᠦ ᠡᠬᠢᠯᠡᠪᠡ ᠃ ᠨᠡᠶᠢᠬᠡᠮ ᠤᠨ ᠪᠠᠳᠤᠯᠠᠭᠠᠨ ᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ᠂ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠭ᠎ᠠ᠂ ᠲᠠᠪᠤᠨ ᠪᠠᠳᠤᠯᠠᠭ᠎ᠠ ᠵᠢᠴᠢ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠠᠰᠠᠷᠠᠮᠵᠢ | ᠶᠢᠨ ᠮᠦᠩᠬᠦ ᠶᠢᠨ ᠪᠠᠷᠢᠮᠵᠢᠶ᠎ᠠ ᠪᠠ ᠨᠦᠬᠦᠪᠦᠷᠢ ᠶᠢᠨ ᠲᠦᠪᠰᠢᠨ ᠢ ᠱᠠᠭᠠᠷᠳᠠᠯᠭ᠎ᠠ ᠶᠤᠰᠤᠭᠠᠷ ᠦᠰᠭᠡᠭᠰᠡᠨ ᠪᠠᠶᠢᠨ᠎ᠠ᠃ | ᠰᠤᠷᠭᠠᠨ ᠬᠦᠮᠦᠵᠢᠯ ᠤᠨ ᠨᠦᠬᠦᠪᠦᠷᠢ 2111 ᠲᠦᠮᠡᠨ ᠲᠦᠬᠦᠷᠢᠭ ᠲᠠᠷᠬᠠᠭᠠᠵᠤ᠂ 8466 ᠬᠦᠮᠦᠨ ︵ᠤᠳᠠᠭ᠎ᠠ︶ | ᠳᠤ ᠠᠰᠢᠭ ᠲᠤᠰᠠ ᠬᠦᠷᠳᠡᠭᠡᠵᠡᠢ᠃ ᠨᠡᠶᠢᠳᠡ ᠶᠢᠨ ᠲᠦᠷᠢᠶᠡᠰᠦᠨ ᠭᠡᠷ ᠤᠨ ᠪᠦᠳᠦᠭᠡᠨ ᠪᠠᠶᠢᠭᠤᠯᠤᠯᠳᠠ ᠪᠠ | ᠪᠦᠳᠦᠬᠦᠯᠢᠭ ᠤᠷᠤᠨ ᠰᠠᠭᠤᠴᠠᠳᠤ ᠲᠤᠭᠤᠷᠢᠭ ᠤᠨ ᠦᠬᠡᠷᠡᠴᠢᠯᠡᠯᠳᠡ ᠶᠢ ᠲᠦᠯᠬᠢᠨ ᠠᠬᠢᠭᠤᠯᠵᠤ᠂ ᠬᠦᠮᠦᠨ | ᠰᠠᠭᠤᠭᠠᠳᠤᠢ ᠨᠦᠬᠡᠴᠡ ᠭᠡᠷ 100 ᠢᠵᠢ ᠶᠢ ᠬᠤᠳᠠᠯᠳᠤᠨ ᠠᠪᠴᠤ᠂ ᠡᠷᠦᠬᠡ ᠳᠤ ᠤᠷᠤᠵᠤ ᠭᠡᠷ ᠪᠠᠶᠢᠰᠢᠩ | ᠪᠦᠷᠢᠳᠭᠡᠬᠦ ᠠᠵᠢᠯ ᠢ ᠬᠢᠪᠡ᠃ ᠮᠠᠯᠴᠢᠨ ᠲᠠᠷᠢᠶᠠᠴᠢᠨ ᠳᠤ ᠦᠨ᠎ᠡ ᠲᠦᠯᠦᠪᠦᠷᠢ ᠦᠬᠡᠢ ᠪᠠᠷ ᠪᠡᠶ᠎ᠡ ᠶᠢᠨ | ᠪᠠᠶᠢᠴᠠᠭᠠᠯᠳᠠ ᠬᠢᠬᠦ ᠢᠨᠵᠧᠨᠧᠷᠢᠩ ᠢ ᠭᠡᠷᠡᠭᠵᠢᠬᠦᠯᠵᠦ᠂ 1.33 ᠲᠦᠮᠡᠨ ᠬᠦᠮᠦᠨ ᠳᠤ ᠠᠰᠢᠭ ᠲᠤᠰᠠ | ᠬᠦᠷᠳᠡᠭᠡᠵᠡᠢ᠃ 3.36 ᠲᠦᠮᠡᠨ ᠲᠤᠤᠷ᠎ᠠ ᠤᠷᠤᠯᠭ᠎ᠠ ᠲᠠᠢ ᠡᠷᠦᠬᠡ ᠳᠤ ᠨᠡᠶᠢᠳᠡ 2017 ᠲᠦᠮᠡᠨ ᠲᠦᠬᠦᠷᠢᠭ ᠤᠨ | ᠨᠡᠬᠦᠷᠡᠰᠦᠨ ᠤ ᠨᠦᠬᠦᠪᠦᠷᠢ ᠲᠠᠷᠬᠠᠭᠠᠪᠠ᠃ ᠡᠨᠡ ᠮᠡᠳᠦ ᠪᠠᠷ᠂ ᠠᠶᠢᠮᠠᠭ ᠤᠨ ᠲᠤᠭᠳᠠᠭᠰᠠᠨ ︽ᠠᠷᠪᠠᠨ ᠪᠤᠳᠠᠳᠤ | ᠠᠵᠢᠯ︾ ᠪᠠ ᠮᠠᠨ ᠤ ᠬᠤᠰᠢᠭᠤᠨ ᠤ ᠲᠤᠭᠳᠠᠭᠰᠠᠨ ᠠᠷᠠᠳ ᠲᠤ ᠲᠦᠬᠦᠮ ᠦᠵᠡᠬᠦᠯᠵᠦ ᠲᠤᠰᠠ ᠬᠦᠷᠭᠡᠬᠦ ︽ᠨᠠᠢᠮᠠᠨ | ᠪᠤᠳᠠᠳᠤ ᠠᠵᠢᠯ︾ ᠢ ᠤᠷᠤᠭᠰᠢᠳᠠᠢ ᠶᠠᠪᠤᠭᠳᠠᠭᠤᠯᠤᠭᠰᠠᠨ ᠪᠠᠶᠢᠨ᠎ᠠ᠃ | ᠰᠤᠷᠭᠠᠨ ᠬᠦᠮᠦᠵᠢᠯ ᠤᠨ ᠦᠢᠯᠡᠰ ᠢ ᠤᠷᠢᠳᠠᠵᠤ ᠬᠦᠭᠵᠢᠬᠦᠯᠬᠦ ᠶᠢ ᠪᠠᠷᠢᠮᠳᠠᠯᠠᠨ᠂ ᠰᠤᠷᠭᠠᠭᠤᠯᠢ ᠶᠢᠨ | ᠶᠡᠷᠦᠩᠬᠡᠶᠢᠯᠡᠭᠰᠡᠨ ᠠᠰᠠᠷ᠂ ᠰᠠᠯᠬᠢ ᠪᠤᠷᠤᠭᠠᠨ ᠬᠠᠯᠬᠠᠯᠠᠬᠤ ᠲᠠᠮᠢᠷ ᠤᠨ ᠲᠠᠯᠠᠪᠠᠢ᠂ ᠵᠦᠬᠡᠯᠡᠨ ᠲᠡᠪᠢᠰᠭᠡᠷᠳᠦ | ᠬᠦᠶᠦᠯᠳᠡ ᠶᠢᠨ ᠱᠤᠭᠤᠮ ᠵᠡᠷᠭᠡ ᠪᠦᠳᠦᠬᠡᠨ ᠪᠠᠶᠢᠭᠤᠯᠤᠯᠳᠠ ᠶᠢ ᠡᠬᠢᠯᠡᠵᠦ ᠂ 2 ᠰᠤᠷᠭᠠᠭᠤᠯᠢ ᠶᠢᠨ | ᠪᠠᠷᠢᠮᠵᠢᠶᠠᠵᠢᠭᠰᠠᠨ ᠪᠦᠳᠦᠭᠡᠨ ᠪᠠᠶᠢᠭᠤᠯᠤᠯᠳᠠ ᠶᠢᠨ ᠰᠢᠯᠭᠠᠨ ᠦᠨᠡᠯᠡᠯᠳᠡ ᠶᠢ ᠬᠢᠭᠰᠡᠨ ᠪᠦᠬᠡᠳ 93 ᠨᠡᠷ᠎ᠡ ᠪᠠᠭᠰᠢ | ᠡᠯᠰᠡᠵᠦ ᠪᠠᠭᠰᠢ ᠶᠢᠨ ᠡᠩᠨᠡᠭᠡ ᠶᠢ ᠲᠠᠰᠤᠷᠠᠯᠳᠠ ᠦᠬᠡᠢ ᠰᠢᠯᠢᠳᠡᠭᠵᠢᠬᠦᠯᠵᠡᠢ᠃ ᠡᠮ ᠡᠮᠨᠡᠯᠬᠡ ᠡᠷᠡᠬᠦᠯ ᠬᠠᠮᠠᠭᠠᠯᠠᠯ | ᠤᠨ ᠦᠢᠯᠡᠴᠢᠯᠡᠬᠡᠨ ᠤ ᠴᠢᠳᠠᠪᠤᠷᠢ ᠶᠢ ᠨᠡᠮᠡᠭᠳᠡᠬᠦᠯᠵᠦ᠂ ᠬᠢᠳᠠᠳ ᠮᠤᠩᠭᠤᠯ ᠡᠮᠨᠡᠯᠬᠡ ᠶᠢᠨ ᠬᠤᠷᠢᠶᠠᠨ ᠤ ᠪᠠᠷᠢᠯᠭ᠎ᠠ | ᠶᠢ ᠡᠬᠢᠯᠡᠨ᠂ ᠰᠢᠩ ᠱᠧᠩ ᠡᠷᠡᠬᠦᠯ ᠬᠠᠮᠠᠭᠠᠯᠠᠯ ᠤᠨ ᠬᠤᠷᠢᠶ᠎ᠠ᠂ ᠰᠢᠩ ᠹᠦ᠋ ᠡᠷᠡᠬᠦᠯ ᠬᠠᠮᠠᠭᠠᠯᠠᠯ ᠤᠨ ᠬᠤᠷᠢᠶᠠᠨ ᠤ | ᠲᠠᠭᠠᠭᠠᠴᠢᠯᠠᠯ ᠵᠠᠷᠯᠠᠬᠤ ᠵᠡᠷᠭᠡ ᠲᠦᠷᠦᠬᠦᠴᠢ ᠬᠤᠭᠤᠴᠠᠭᠠᠨ ᠤ ᠠᠵᠢᠯ ᠢ ᠪᠡᠶᠡᠯᠡᠬᠦᠯᠪᠡ᠃ ᠠᠯᠪᠠᠨ ᠠᠴᠠ | ᠪᠠᠶᠢᠭᠤᠯᠤᠭᠰᠠᠨ ᠡᠮᠨᠡᠯᠬᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢᠨ ᠠᠵᠢᠯ ᠢ ᠪᠦᠬᠦ ᠲᠠᠯᠠᠪᠠᠷ | ᠲᠦᠯᠬᠢᠨ ᠠᠬᠢᠭᠤᠯᠵᠤ᠂ ᠡᠮ ᠲᠠᠩ ᠲᠡᠭᠡᠷ᠎ᠡ ᠦᠨ᠎ᠡ ᠨᠡᠮᠡᠬᠦ ᠶᠢ ᠵᠤᠭᠰᠤᠭᠠᠭᠰᠠᠨ ᠪᠠᠶᠢᠨ᠎ᠠ᠃ | ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ ᠲᠤᠭᠳᠠᠭᠤᠨ ᠢ ᠬᠠᠮᠠᠭᠠᠯᠠᠭᠰᠠᠨ᠃ ︽ᠭᠤᠷᠪᠠᠨ ᠴᠢᠩᠭ᠎ᠠ | ᠭᠤᠷᠪᠠᠨ ᠪᠤᠳᠠᠳᠠᠢ︾ ᠱᠠᠭᠠᠷᠳᠠᠯᠭ᠎ᠠ ᠶᠢ ᠨᠠᠷᠢᠨ ᠨᠢᠮᠪᠠᠢ ᠦᠢᠯᠡᠳᠦᠯᠬᠡᠵᠢᠬᠦᠯᠵᠦ᠂ ᠵᠠᠰᠠᠭ ᠵᠠᠬᠢᠷᠭᠠᠨ ᠤ ᠬᠢᠨᠠᠨ | ᠪᠠᠶᠢᠴᠠᠭᠠᠯᠳᠠ ᠪᠠ ᠬᠢᠨᠠᠨ ᠪᠤᠳᠤᠯᠳᠠ ᠶᠢ ᠴᠢᠩᠭᠠᠳᠬᠠᠨ᠂ ᠠᠵᠢᠯ ᠤᠨ ᠰᠤᠷᠳᠠᠯ ᠢ ᠦᠷᠬᠦᠯᠵᠢᠯᠡᠨ ᠰᠠᠶᠢᠵᠢᠷᠠᠭᠤᠯᠪᠠ᠃ | ︽ ᠲᠦᠷᠭᠡᠨ ᠬᠦᠢᠴᠡᠳᠭᠡᠬᠦ︾ ᠦᠢᠯᠡᠴᠢᠯᠡᠭᠡ ᠶᠢ ᠢᠳᠡᠪᠬᠢᠳᠡᠢ ᠲᠡᠯᠭᠡᠷᠡᠬᠦᠯᠵᠦ᠂ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠬᠦ ᠲᠦᠷᠦᠯ ᠵᠦᠢᠯ ᠢ ᠬᠤᠭᠤᠷᠤᠨᠳᠤ ᠨᠢ ᠵᠠᠯᠭᠠᠭᠤᠯᠬᠤ ᠪᠠ ᠭᠡᠷᠡᠭᠴᠡᠭᠡ ᠦᠬᠡᠢ ᠵᠦᠢᠯ ᠢ ᠬᠠᠰᠤᠬᠤ | ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠦᠢᠯᠡᠴᠢᠯᠡᠬᠡᠨ ᠤ ᠲᠦᠪ ᠬᠢᠭᠡᠳ ᠨᠡᠶᠢᠳᠡ | ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠦᠪ ᠢ ᠠᠰᠢᠭᠯᠠᠯᠳᠠ ᠳᠤ ᠤᠷᠤᠭᠤᠯᠪᠠ᠃ ᠡᠷᠡᠬᠦᠯ ᠬᠠᠮᠠᠭᠠᠯᠠᠯ᠂ | ᠲᠦᠯᠦᠪᠯᠡᠬᠡᠳᠦ ᠦᠷᠡᠵᠢᠯ ᠤᠨ ᠰᠠᠯᠠᠭ᠎ᠠ ᠮᠦᠴᠢᠷ ᠪᠠ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ᠂ ᠢᠳᠡᠭᠡᠨ | ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠢ ᠨᠢᠬᠡᠳᠭᠡᠬᠦ ᠠᠵᠢᠯ ᠢ ᠪᠡᠶᠡᠯᠡᠬᠦᠯᠵᠡᠢ᠃ | ᠠᠮᠤᠭᠤᠯᠠᠩ ᠤᠨ ᠪᠠᠶᠢᠭᠤᠯᠤᠯᠳᠠ ᠶᠢᠨ ᠠᠷᠪᠠᠨ ᠲᠦᠷᠦᠯ ᠤᠨ ᠲᠤᠰᠬᠠᠢ ᠠᠵᠢᠯᠯᠠᠭ᠎ᠠ ᠶᠢ ᠬᠦᠨᠵᠡᠭᠡᠶᠢᠷᠡᠬᠦᠯᠵᠦ᠂ ᠬᠠᠷ᠎ᠠ | ᠪᠦᠯᠦᠭ ᠲᠤ ᠴᠤᠬᠢᠯᠳᠠ ᠦᠭᠬᠦ ᠪᠠ ᠵᠠᠮ ᠬᠠᠷᠢᠯᠴᠠᠭᠠᠨ ᠤ ᠡᠮᠬᠢ ᠲᠢᠭᠯᠡᠮ ᠢ ᠪᠠᠶᠢᠴᠠᠭᠠᠨ ᠴᠡᠭᠴᠡᠯᠡᠬᠦ ᠵᠡᠷᠭᠡ | ᠲᠤᠰᠬᠠᠢ ᠲᠦᠷᠦᠯ ᠤᠨ ᠠᠵᠢᠯᠯᠠᠭ᠎ᠠ ᠶᠢ ᠦᠷᠨᠢᠬᠦᠯᠦᠨ᠂ ᠨᠢᠬᠡ ᠪᠦᠯᠦᠭ ᠬᠠᠤᠯᠢ ᠪᠤᠰᠤ ᠭᠡᠷᠡᠭ ᠢ ᠢᠯᠡᠷᠡᠬᠦᠯᠦᠨ | ᠰᠢᠳᠭᠡᠵᠦ᠂ ᠨᠡᠶᠢᠬᠡᠮ ᠤᠨ ᠠᠮᠤᠷ ᠲᠤᠭᠳᠠᠭᠤᠨ ᠢ ᠪᠦᠳᠦᠮᠵᠢᠳᠡᠢ ᠬᠠᠮᠠᠭᠠᠯᠠᠭᠰᠠᠨ ᠪᠠᠶᠢᠨ᠎ᠠ᠃ ᠠᠶᠤᠯᠬᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠭᠡᠷᠡᠭᠵᠢᠬᠦᠯᠵᠦ᠂ ᠬᠤᠶᠠᠷ ᠤᠳᠠᠭᠠᠨ ᠤ ︽ᠵᠠᠭᠤᠨ | ᠡᠳᠦᠷ ᠤᠨ ᠲᠤᠰᠬᠠᠢ ᠪᠠᠶᠢᠴᠠᠭᠠᠯᠳᠠ︾ ᠶᠢ ᠦᠷᠨᠢᠬᠦᠯᠦᠨ᠂ ᠡᠯ᠎ᠡ ᠠᠵᠢᠯ ᠲᠦᠷᠦᠯ ᠤᠨ ᠬᠦᠷᠢᠶᠡᠨ ᠳᠤ ᠬᠦᠨᠳᠦ | ᠶᠡᠭᠡ ᠠᠮᠤᠷ ᠲᠦᠪᠰᠢᠨ ᠤ ᠭᠡᠷᠡᠭ ᠡᠬᠦᠰᠬᠦ ᠶᠢ ᠰᠡᠷᠭᠡᠶᠢᠯᠡᠵᠡᠢ᠃ ᠤᠳᠤᠷᠢᠳᠤᠯᠭ᠎ᠠ ᠵᠠᠬᠢᠳᠠᠯ ᠰᠤᠷᠪᠤᠯᠵᠢᠯᠠᠭ᠎ᠠ | ᠬᠦᠯᠢᠶᠡᠬᠦ ᠲᠦᠷᠢᠮ ᠪᠠ ︽1328︾ ᠵᠠᠬᠢᠳᠠᠯ ᠰᠤᠷᠪᠤᠯᠵᠢᠯᠠᠭ᠎ᠠ ᠶᠢᠨ ᠡᠳᠦᠷ ᠤᠨ ᠲᠦᠷᠢᠮ ᠢ ᠨᠢᠮᠪᠠᠢ | ᠨᠠᠶᠢᠳᠠᠪᠤᠷᠢᠵᠢᠭᠤᠯᠵᠤ᠂ ᠨᠡᠶᠢᠬᠡᠮ ᠤᠨ ᠵᠦᠷᠢᠴᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠦᠨᠵᠡᠬᠡᠢ ᠦᠷᠨᠢᠬᠦᠯᠦᠨ᠂ | ᠨᠢᠬᠡ ᠪᠦᠯᠦᠭ ᠦᠯᠡᠳᠡᠭᠳᠡᠯ ᠭᠡᠷᠡᠭ ᠢ ᠬᠦᠴᠦ ᠲᠠᠯᠪᠢᠵᠤ ᠰᠢᠢᠳᠪᠦᠷᠢᠯᠡᠭᠰᠡᠨ ᠪᠠᠶᠢᠨ᠎ᠠ᠃ | ᠲᠥᠯᠥᠭᠡᠯᠡᠭᠴᠢᠳ ᠡ᠂ 2015 ᠤᠨ ᠪᠤᠯ ︽ᠠᠷᠪᠠᠨ ᠬᠤᠶᠠᠳᠤᠭᠠᠷ ᠲᠠᠪᠤᠨ ᠵᠢᠯ︾ ᠤᠨ ᠡᠴᠦᠰ ᠤᠨ | ᠵᠢᠯ᠃ ᠲᠠᠪᠤᠨ ᠵᠢᠯ ᠤᠨ ᠬᠦᠭᠵᠢᠯᠳᠡ ᠪᠠᠨ ᠡᠷᠬᠢᠴᠡᠬᠦᠯᠪᠡᠯ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ | ᠬᠦᠭᠵᠢᠯᠳᠡ ᠳᠤ ︽ᠨᠢᠬᠡ ᠴᠢᠩᠭᠠᠷᠠᠨ᠂ ᠬᠤᠶᠠᠷ ᠲᠡᠭᠡᠭᠰᠢᠯᠡᠵᠦ᠂ ᠲᠦᠷᠪᠡ ᠰᠠᠶᠢᠵᠢᠷᠠᠭᠰᠠᠨ︾ ᠠᠰᠤᠷᠤ ᠰᠠᠶᠢᠨ | ᠪᠠᠶᠢᠳᠠᠯ ᠢᠯᠡᠷᠡᠵᠡᠢ᠃ ᠶᠡᠷᠦᠩᠬᠡᠶᠢᠯᠡᠭᠰᠡᠨ ᠪᠤᠳᠠᠳᠤ ᠬᠦᠴᠦᠨ ᠢᠯᠡᠳᠳᠡ ᠴᠢᠩᠭᠠᠷᠠᠪᠠ᠃ ︽ᠠᠷᠪᠠᠨ | ᠬᠤᠶᠠᠳᠤᠭᠠᠷ ᠲᠠᠪᠤᠨ ᠵᠢᠯ︾ ᠤᠨ ᠡᠴᠦᠰ ᠪᠤᠯᠬᠤ ᠳᠤ᠂ ᠣᠷᠣᠨ ᠨᠤᠲᠤᠭ ᠤᠨ ᠦᠢᠯᠡᠳᠪᠦᠷᠢᠯᠡᠯ ᠤᠨ | ᠶᠡᠷᠦᠩᠬᠡᠢ ᠥᠷᠲᠡᠭ 50.1 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 13 % ᠪᠠᠷ ᠨᠡᠮᠡᠭᠳᠡᠨ᠂ | ᠠᠵᠤ ᠠᠬᠤᠢ ᠶᠢᠨ ᠶᠡᠷᠦᠩᠬᠡᠢ ᠬᠡᠮᠵᠢᠶ᠎ᠡ ︽ᠠᠷᠪᠠᠨ ᠨᠢᠬᠡᠳᠦᠭᠡᠷ ᠲᠠᠪᠤᠨ ᠵᠢᠯ︾ ᠤᠨ ᠡᠴᠦᠰ ᠲᠠᠢ | ᠬᠠᠷᠢᠴᠠᠭᠤᠯᠪᠠᠯ ᠲᠠᠬᠢᠨ ᠢᠶᠠᠷ ᠦᠰᠦᠭᠰᠡᠨ ᠪᠠᠶᠢᠨ᠎ᠠ᠃ ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ | ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 18.4 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠳᠤ 14 % ᠪᠠᠷ | ᠨᠡᠮᠡᠭᠳᠡᠪᠡ ᠃ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠲᠠᠪᠤᠨ ᠵᠢᠯ ᠳᠤ ᠨᠡᠶᠢᠳᠡ 4.5 | ᠳ᠋ᠦᠩᠰᠢᠭᠤᠷ ᠲᠦᠬᠦᠷᠢᠭ ᠲᠤ ᠬᠦᠷᠴᠦ ᠂ ᠵᠢᠯ ᠳᠤ 18.9 % ᠪᠠᠷ ᠨᠡᠮᠡᠭᠳᠡᠨ︔ ᠲᠤᠭᠳᠠᠮᠠᠯ ᠬᠦᠷᠦᠩᠭᠡ ᠶᠢᠨ | ᠪᠡᠯᠡ ᠤᠷᠤᠭᠤᠯᠤᠯᠳᠠ 150 ᠳ᠋ᠦᠩᠰᠢᠭᠤᠷ ᠲᠦᠬᠦᠷᠢᠭ ᠲᠤ ᠬᠦᠷᠴᠦ᠂ ᠵᠢᠯ ᠳᠤ 9 % ᠪᠠᠷ ᠨᠡᠮᠡᠭᠳᠡᠨ︔ | ᠭᠤᠤᠯᠳᠠᠯᠭᠠᠳᠠᠢ ᠲᠦᠷᠦᠯ ᠵᠦᠢᠯ 297 ᠶᠢ ᠭᠡᠷᠡᠭᠵᠢᠬᠦᠯᠵᠦ᠂ ᠪᠡᠯᠡ ᠤᠷᠤᠭᠤᠯᠤᠯᠳᠠ 76 ᠳ᠋ᠦᠩᠰᠢᠭᠤᠷ | ᠲᠦᠭᠦᠷᠢᠭ ᠲᠤ ᠬᠦᠷᠴᠡᠢ᠃ ᠠᠵᠤ ᠦᠢᠯᠡᠰ ᠤᠨ ᠬᠦᠭᠵᠢᠯᠳᠡ ᠶᠢᠨ ᠲᠦᠪᠰᠢᠨ ᠪᠠ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠤᠷᠤᠯᠭ᠎ᠠ ᠶᠢᠨ ᠲᠦᠪᠰᠢᠨ ᠮᠡᠳᠡᠭᠳᠡᠮ᠎ᠡ ᠲᠡᠭᠡᠭᠰᠢᠯᠡᠪᠡ᠃ ᠨᠢᠬᠡᠳᠦᠭᠡᠷ᠂ ᠬᠤᠶᠠᠳᠤᠭᠠᠷ᠂ | ᠭᠤᠷᠪᠠᠳᠤᠭᠠᠷ ᠠᠵᠤ ᠦᠢᠯᠡᠰ ᠤᠨ ᠪᠦᠷᠢᠯᠳᠦᠴᠡ 29.4᠄ 37.3᠄ 33.3 ᠪᠠᠶᠢᠭᠰᠠᠨ ᠠᠴᠠ ᠪᠠᠨ 26.4: | 40.8:32.8 ᠪᠤᠯᠤᠨ ᠬᠤᠪᠢᠷᠠᠵᠤ᠂ ᠠᠵᠤ ᠦᠢᠯᠡᠰ ᠤᠨ ᠪᠦᠷᠢᠯᠳᠦᠴᠡ ᠤᠯᠠᠮ ᠨᠢᠬᠡ ᠠᠯᠬᠤᠮ ᠰᠢᠯᠢᠳᠡᠭᠵᠢᠵᠦ᠂ | ᠠᠵᠤ ᠦᠢᠯᠡᠳᠪᠦᠷᠢ ᠨᠢ ᠠᠵᠤ ᠠᠬᠤᠢ ᠶᠢᠨ ᠨᠡᠮᠡᠭᠳᠡᠯ ᠢ ᠲᠠᠶᠢᠴᠢᠯᠠᠬᠤ ᠴᠢᠬᠤᠯᠠ ᠬᠦᠳᠡᠯᠬᠡᠬᠦᠷ ᠪᠤᠯᠤᠭᠰᠠᠨ ᠪᠠᠶᠢᠨ᠎ᠠ᠃ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ | 2010 ᠤᠨ ᠳᠤ ᠲᠤᠰᠪᠤᠷᠢ 14890 ᠲᠦᠬᠦᠷᠢᠭ ᠪᠠ 5302 ᠲᠦᠬᠦᠷᠢᠭ ᠪᠠᠶᠢᠭᠰᠠᠨ ᠠᠴᠠ 28113 | ᠲᠦᠬᠦᠷᠢᠭ ᠪᠠ 9072 ᠲᠦᠬᠦᠷᠢᠭ ᠲᠤ ᠬᠦᠷᠴᠦ᠂ ᠵᠢᠯ ᠳᠤ 13.6 % ᠪᠠ 11.2 % ᠪᠠᠷ ᠨᠡᠮᠡᠭᠳᠡᠨ᠂ | ᠰᠠᠭᠤᠭᠠᠯᠢ ᠠᠷᠠᠳ ᠤᠨ ᠤᠷᠤᠯᠭ᠎ᠠ ᠨᠢ ᠠᠵᠤ ᠠᠬᠤᠢ ᠶᠢᠨ ᠬᠦᠭᠵᠢᠯᠳᠡ ᠲᠠᠢ ᠵᠡᠷᠭᠡᠪᠡᠷ ᠨᠡᠮᠡᠭᠳᠡᠭᠰᠡᠨ ᠪᠠᠶᠢᠨ᠎ᠠ᠃ | ᠠᠮᠢ ᠠᠬᠤᠢ ᠶᠢᠨ ᠤᠷᠴᠢᠨ ᠲᠤᠭᠤᠷᠢᠨ᠂ ᠬᠦᠭᠵᠢᠯᠳᠡ ᠶᠢᠨ ᠨᠦᠬᠦᠴᠡᠯ᠂ ᠬᠤᠳᠠ ᠬᠦᠳᠡᠭᠡ ᠶᠢᠨ ᠦᠩᠬᠡ ᠲᠦᠷᠬᠦ᠂ | ᠠᠷᠠᠳ ᠤᠨ ᠠᠮᠢᠳᠤᠷᠠᠯ ᠤᠯᠠᠮ ᠨᠢᠬᠡ ᠠᠯᠬᠤᠮ ᠰᠠᠶᠢᠵᠢᠷᠠᠪᠠ᠃ ᠡᠯᠡᠰᠦᠨ ᠤ ᠡᠬᠢ ᠵᠠᠰᠠᠬᠤ᠂ ᠲᠠᠷᠢᠶᠠᠯᠠᠭ᠎ᠠ ᠶᠢ | ᠵᠤᠭᠰᠤᠭᠠᠵᠤ ᠠᠮᠢ ᠠᠬᠤᠢ ᠶᠢ ᠰᠡᠷᠬᠦᠭᠡᠬᠦ᠂ ᠭᠤᠤᠯᠳᠠᠯᠭᠠᠳᠠᠢ ᠤᠢ ᠮᠤᠳᠤᠨ ᠤ ᠬᠠᠮᠠᠭᠠᠯᠠᠯᠳᠠ ᠶᠢ ᠬᠢᠬᠦ ᠵᠡᠷᠭᠡ | ᠴᠢᠬᠤᠯᠠ ᠢᠨᠵᠧᠨᠧᠷᠢᠩ ᠨᠢ ᠮᠡᠳᠡᠭᠳᠡᠮ᠎ᠡ ᠠᠮᠵᠢᠯᠳᠠ ᠤᠯᠵᠤ᠂ 14.1 ᠲᠦᠮᠡᠨ ᠮᠤ᠋ ᠲᠠᠯᠠᠪᠠᠢ ᠳᠤ ᠤᠢ ᠮᠤᠳᠤᠨ ᠤ | ᠶᠡᠷᠦᠩᠬᠡᠶᠢᠯᠡᠭᠰᠡᠨ ᠪᠦᠳᠦᠬᠡᠨ ᠪᠠᠶᠢᠭᠤᠯᠤᠯᠳᠠ ᠬᠢᠵᠦ᠂ ᠤᠢ ᠰᠢᠭᠤᠢ ᠶᠢᠨ ᠪᠦᠷᠬᠦᠴᠡ 23% ᠳᠤ ᠬᠦᠷᠴᠦ᠂ | ᠡᠪᠡᠰᠦ ᠤᠷᠭᠤᠮᠠᠯ ᠤᠨ ᠬᠤᠴᠢᠯᠭ᠎ᠠ 45% ᠳᠤ ᠬᠦᠷᠴᠡᠢ᠃ ᠪᠦᠬᠦ ᠬᠤᠰᠢᠭᠤᠨ ᠤ ᠵᠠᠰᠠᠮᠠᠯ ᠵᠠᠮ ᠤᠨ ᠶᠡᠷᠦᠩᠬᠡᠢ | ᠤᠷᠳᠤ 1384 ᠺᠢᠯᠤᠮᠧᠲᠷ ᠲᠤ ᠬᠦᠷᠴᠦ᠂ ᠠᠩᠬᠠᠳᠤᠭᠴᠢ ᠲᠦᠷᠭᠡᠨ ᠤ ᠵᠠᠮ ᠪᠠᠶᠢᠭᠤᠯᠤᠭᠳᠠᠵᠤ ᠲᠡᠷᠭᠡ ᠨᠡᠪᠳᠡᠷᠡᠨ | ᠂ ᠭᠠᠴᠠᠭ᠎ᠠ ᠲᠤᠰᠬᠤᠨ ᠳᠤ ᠽᠧᠮᠧᠨ᠋ᠲ ᠵᠠᠮ ᠨᠡᠪᠳᠡᠷᠡᠭᠰᠡᠨ ᠨᠤᠷᠮ᠎ᠠ 30 % ᠳᠤ ᠬᠦᠷᠬᠦ ᠦᠬᠡᠢ ᠪᠠᠶᠢᠭᠰᠠᠨ ᠠᠴᠠ | ᠤᠳᠤ ᠪᠤᠯᠬᠤ ᠳᠤ 97.7 % ᠳᠤ ᠬᠦᠷᠴᠡᠢ᠃ ᠬᠤᠳᠠ ᠬᠦᠳᠡᠭᠡ ᠶᠢᠨ ᠴᠠᠬᠢᠯᠭᠠᠨ ᠬᠦᠴᠦᠨ ᠤ | ᠦᠬᠡᠷᠡᠴᠢᠯᠡᠯᠳᠡ ᠶᠢ ᠦᠨᠳᠦᠰᠦᠨ ᠳᠡᠭᠡᠨ ᠲᠠᠭᠤᠰᠬᠠᠪᠠ᠃ 2.92 ᠲᠦᠮᠡᠨ ᠬᠦᠮᠦᠨ᠂ 10.71 ᠲᠦᠮᠡᠨ ᠮᠠᠯ | ᠤᠨ ᠠᠶᠤᠯᠬᠦᠢ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠵᠡᠢ᠃ ᠪᠤᠤᠴᠠᠩ ᠪᠠᠯᠭᠠᠰᠤᠨ ᠤ ᠪᠦᠳᠦᠭᠡᠨ | ᠪᠠᠶᠢᠭᠤᠯᠤᠭᠰᠠᠨ ᠤᠷᠤᠨ ᠲᠠᠯᠠᠪᠠᠢ 15 ᠬᠠᠪᠳᠠᠭᠠᠢ ᠲᠦᠷᠪᠡᠯᠵᠢᠨ ᠮᠧᠲᠷ ᠲᠤ ᠬᠦᠷᠴᠦ᠂ ᠪᠠᠶᠢᠩᠭᠤ ᠰᠠᠭᠤᠭ᠎ᠠ | ᠬᠦᠮᠦᠨ ᠠᠮᠠ ᠶᠢᠨ ᠬᠤᠳᠠ ᠪᠠᠯᠭᠠᠰᠤᠵᠢᠯᠳᠠ ᠶᠢᠨ ᠨᠤᠷᠮ᠎ᠠ 44 % ᠳᠤ ᠬᠦᠷᠪᠡ᠃ ᠬᠤᠳᠠ ᠪᠠᠯᠭᠠᠰᠤᠨ ᠤ | ᠲᠦᠪᠯᠡᠷᠡᠬᠦᠯᠦᠨ ᠢᠯᠴᠢ ᠬᠠᠩᠭᠠᠬᠤ ᠨᠤᠷᠮ᠎ᠠ 54% ᠳᠤ ᠬᠦᠷᠴᠦ᠂ ᠤᠰᠤ ᠭᠡᠷᠡᠭᠯᠡᠬᠦ ᠲᠦᠭᠡᠮᠡᠯᠵᠢᠯ ᠤᠨ ᠨᠤᠷᠮ᠎ᠠ | 96 % ᠳᠤ ᠬᠦᠷᠴᠦ᠂ ᠪᠤᠬᠢᠷ ᠤᠰᠤ ᠰᠢᠢᠳᠪᠦᠷᠢᠯᠡᠬᠦ ᠨᠤᠷᠮ᠎ᠠ 67% ᠳᠤ ᠬᠦᠷᠦᠭᠰᠡᠨ ᠪᠠᠶᠢᠨ᠎ᠠ᠃ ︽ᠠᠷᠪᠠ | ᠶᠢ ᠪᠦᠷᠬᠦᠬᠦᠯᠬᠦ︾ ᠢᠨᠵᠧᠨᠧᠷᠢᠩ ᠢ ᠪᠦᠬᠦ ᠲᠠᠯᠠᠪᠠᠷ ᠭᠡᠷᠡᠭᠵᠢᠬᠦᠯᠵᠦ᠂ ᠨᠡᠶᠢᠳᠡ 6 ᠳ᠋ᠦᠩᠰᠢᠭᠤᠷ ᠲᠦᠬᠦᠷᠢᠭ ᠤᠨ | ᠪᠡᠯᠡ ᠤᠷᠤᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠮᠡᠳᠡᠭᠳᠡᠮ᠎ᠡ | ᠰᠠᠶᠢᠵᠢᠷᠠᠵᠠᠢ᠃ ᠨᠡᠶᠢᠬᠡᠮ ᠤᠨ ᠪᠠᠳᠤᠯᠠᠭᠠᠨ ᠤ ᠬᠢᠷᠢ ᠲᠦᠪᠰᠢᠨ ᠲᠡᠭᠡᠭᠰᠢᠯᠡᠵᠦ ᠂ ᠠᠵᠤ ᠠᠬᠤᠶᠢᠯᠠᠯ ᠤᠨ ᠨᠠᠰᠤᠵᠢᠯ | ᠤᠨ ᠠᠰᠠᠷᠠᠮᠵᠢ ᠶᠢᠨ ᠲᠠᠭᠠᠳᠬᠠᠯ ᠳᠤ 7982 ᠬᠦᠮᠦᠨ ᠤᠷᠤᠯᠴᠠᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ | ᠤᠨ ᠨᠠᠰᠤᠵᠢᠯ ᠤᠨ ᠲᠠᠭᠠᠳᠬᠠᠯ ᠳᠤ 85196 ᠬᠦᠮᠦᠨ ᠤᠷᠤᠯᠴᠠᠨ᠂ 19700 ᠬᠦᠮᠦᠨ ᠬᠤᠳᠠ ᠪᠠᠯᠭᠠᠰᠤᠨ ᠤ | ᠰᠠᠭᠤᠭᠠᠯᠢ ᠠᠷᠠᠳ ᠤᠨ ᠡᠮᠨᠡᠯᠬᠡ ᠶᠢᠨ ᠲᠠᠭᠠᠳᠬᠠᠯ ᠳᠤ ᠤᠷᠤᠵᠤ ᠂ 24300 ᠬᠦᠮᠦᠨ ᠬᠤᠳᠠ ᠬᠦᠳᠡᠭᠡ ᠶᠢᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠳᠤ ᠤᠷᠤᠭᠠᠳ ᠪᠤᠢ᠃ ᠠᠵᠢᠯ ᠤᠨ ᠪᠠᠶᠢᠷᠢ 4.9 ᠲᠦᠮᠡ ᠶᠢ | ᠡᠯᠰᠡᠵᠦ᠂ 4.8 ᠲᠦᠮᠡᠨ ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠤᠯᠭᠤᠪᠠ᠃ ᠰᠤᠷᠭᠠᠨ ᠬᠦᠮᠦᠵᠢᠯ ᠤᠨ | ᠰᠠᠭᠤᠷᠢ ᠲᠦᠬᠦᠭᠡᠷᠦᠮᠵᠢ ᠳᠤ 4.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠰᠤᠷᠭᠠᠨ ᠬᠦᠮᠦᠵᠢᠯ ᠤᠨ | ᠪᠠᠶᠢᠷᠢᠰᠢᠭᠤᠯᠤᠯᠳᠠ ᠶᠢ ᠲᠤᠬᠢᠷᠠᠭᠤᠯᠤᠨ᠂ ᠰᠦᠢᠳᠭᠡᠯ ᠬᠤᠷᠢᠶᠠᠬᠤ ᠦᠬᠡᠢ ᠰᠤᠷᠭᠠᠨ ᠬᠦᠮᠦᠵᠢᠯ ᠢ ᠦᠨᠳᠦᠷ | ᠲᠤᠮᠳᠠᠳᠤ ᠶᠢᠨ ᠱᠠᠳᠤᠨ ᠳᠤ ᠬᠦᠷᠳᠡᠯ᠎ᠡ ᠲᠦᠭᠡᠮᠡᠯᠵᠢᠬᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠦᠮᠦᠵᠢᠯ ᠤᠨ ᠲᠦᠭᠡᠮᠡᠯᠵᠢᠯ ᠤᠨ ᠨᠤᠷᠮ᠎ᠠ 87 % ᠳᠤ ᠬᠦᠷᠴᠦ᠂ ᠶᠢᠰᠦᠨ ᠵᠢᠯ ᠤᠨ ᠲᠦᠷᠢᠮᠳᠦ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠪᠠᠬᠢᠵᠢᠬᠦᠯᠦᠯᠳᠡ ᠶᠢᠨ ᠨᠤᠷᠮ᠎ᠠ 93% ᠳᠤ ᠬᠦᠷᠴᠡᠢ᠃ | ᠬᠤᠰᠢᠭᠤ ᠡᠮᠨᠡᠯᠬᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠦᠨᠳᠦᠰᠦᠨ | ᠱᠠᠳᠤᠨ ᠤ ᠡᠷᠡᠬᠦᠯ ᠬᠠᠮᠠᠭᠠᠯᠠᠯ ᠤᠨ ᠬᠤᠷᠢᠶᠠᠨ ᠤ ᠪᠠᠷᠢᠮᠵᠢᠶᠠᠵᠢᠭᠰᠠᠨ ᠪᠦᠳᠦᠭᠡᠨ ᠪᠠᠶᠢᠭᠤᠯᠤᠯᠳᠠ ᠶᠢᠨ ᠲᠦᠪᠰᠢᠨ ᠢ | 55% ᠳᠤ ᠬᠦᠷᠭᠡᠵᠦ᠂ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠬᠡ ᠳᠤ ᠤᠷᠤᠯᠴᠠᠬᠤ ᠨᠤᠷᠮ᠎ᠠ 97.8 % ᠳᠤ | ᠬᠦᠷᠪᠡ᠃ ᠰᠤᠶᠤᠯ ᠤᠨ ᠲᠤᠮᠤ ᠠᠰᠠᠷ᠂ ᠰᠤᠶᠤᠯ ᠤᠨ ᠠᠭᠤᠳᠠᠮ ᠲᠠᠯᠠᠪᠠᠢ ᠶᠢ ᠠᠰᠢᠭᠯᠠᠯᠳᠠ ᠳᠤ ᠤᠷᠤᠭᠤᠯᠵᠤ᠂ | 132 ᠭᠠᠴᠠᠭ᠎ᠠ ᠲᠤᠰᠬᠤᠨ ᠳᠤ ᠰᠤᠶᠤᠯ ᠤᠨ ᠦᠷᠦᠭᠡ ᠪᠠᠶᠢᠭᠤᠯᠤᠨ᠂ ᠤᠯᠠᠨ ᠲᠦᠮᠡᠨ ᠤ ᠰᠤᠶᠤᠯ ᠲᠠᠮᠢᠷ ᠤᠨ | ᠱᠠᠭᠠᠷᠳᠠᠯᠭ᠎ᠠ ᠶᠢ ᠤᠯᠠᠮ ᠰᠠᠶᠢᠨ ᠬᠠᠩᠭᠠᠭᠰᠠᠨ ᠪᠠᠶᠢᠨ᠎ᠠ᠃ | ᠡᠳᠡᠭᠡᠷ ᠠᠮᠵᠢᠯᠲᠠ ᠪᠦᠳᠦᠮᠵᠢ ᠪᠣᠯ ᠠᠶᠢᠮᠠᠭ ᠤᠨ ᠨᠠᠮ ᠵᠠᠰᠠᠭ ᠤᠨ ᠵᠦᠪ ᠤᠨᠤᠪᠴᠢᠳᠠᠢ ᠤᠳᠤᠷᠢᠳᠤᠯᠭ᠎ᠠ | ᠂ ᠬᠤᠰᠢᠭᠤ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠳᠠ ᠠᠴᠠ ᠢᠷᠡᠭᠰᠡᠨ ᠦᠷ᠎ᠡ ᠪᠦᠳᠦᠬᠡᠯ ᠂ | ᠪᠦᠬᠦ ᠬᠤᠰᠢᠭᠤᠨ ᠤ ᠦᠷᠭᠡᠨ ᠤᠯᠠᠨ ᠺᠠᠳᠠᠷ ᠤᠯᠠᠨ ᠲᠦᠮᠡᠨ ᠢᠶᠠᠷ ᠢᠶᠠᠨ ᠪᠦᠯᠬᠦᠮᠳᠡᠨ ᠨᠢᠬᠳᠠᠷᠠᠵᠤ ᠬᠠᠮᠳᠤᠪᠠᠷ | ᠲᠡᠮᠡᠴᠡᠭᠰᠡᠨ ᠤ ᠦᠷ᠎ᠡ ᠪᠦᠲᠤᠭᠡᠯ ᠪᠤᠯᠤᠨ᠎ᠠ᠃ ᠠᠳᠡ ᠪᠢ ᠬᠤᠰᠢᠭᠤ ᠵᠠᠰᠠᠭ ᠤᠨ ᠣᠷᠳᠤᠨ ᠢ ᠲᠦᠯᠦᠭᠡᠯᠡᠵᠦ᠂ | ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳᠠᠷ ᠠᠷᠠᠳ ᠲᠦᠮᠡᠨ ᠂ ᠠᠷᠠᠳ ᠤᠨ ᠲᠦᠯᠦᠭᠡᠯᠡᠭᠴᠢᠳ᠂ ᠤᠯᠤᠰ | ᠲᠦᠷᠦ ᠶᠢᠨ ᠵᠦᠪᠯᠡᠯᠬᠡᠨ ᠤ ᠭᠡᠰᠢᠬᠦᠳ ᠵᠢᠴᠢ ᠲᠠᠶᠢᠹᠤᠰᠧ ᠬᠤᠰᠢᠭᠤᠨ ᠤ ᠠᠵᠤ ᠠᠬᠤᠢ ᠨᠡᠶᠢᠬᠡᠮ ᠤᠨ | ᠬᠦᠭᠵᠢᠯᠳᠡ ᠶᠢ ᠬᠠᠯᠠᠮᠵᠢᠯᠠᠵᠤ ᠲᠡᠮᠵᠢᠭᠰᠡᠨ ᠡᠯ᠎ᠡ ᠡᠳᠡᠭᠡᠳ ᠤᠨ ᠨᠠᠶᠢᠵᠠ ᠨᠥᠬᠦᠳ ᠲᠤ ᠴᠢᠩ ᠰᠡᠳᠬᠢᠯ ᠤᠨ | ᠲᠠᠯᠠᠷᠬᠠᠯ ᠳᠡᠪᠰᠢᠭᠦᠯᠵᠦ ᠪᠠᠶᠢᠨ᠎ᠠ︕ | ᠠᠮᠵᠢᠯᠲᠠ ᠪᠦᠲᠦᠮᠵᠢ ᠪᠠᠨ ᠣᠯᠵᠦ ᠬᠠᠷᠠᠬᠤ ᠶᠢᠨ ᠳᠠᠭᠠᠤ᠂ ᠪᠢᠳᠡ ᠪᠠᠰᠠ ᠬᠥᠭᠵᠢᠯᠲᠠ ᠶᠢᠨ ᠳᠤᠮᠳᠡ | ᠣᠷᠣᠰᠢᠵᠦ ᠪᠠᠶᠢᠭ᠎ᠠ ᠠᠰᠠᠭᠤᠳᠠᠯ ᠢ ᠰᠡᠷᠭᠡᠭ ᠢᠶᠠᠷ ᠤᠯᠵᠤ ᠳᠠᠨᠢᠭᠤᠰᠢᠲᠠᠢ᠄ ᠬᠦᠭᠵᠢᠯᠳᠡ ᠲᠤᠳᠠᠵᠤ ᠪᠠᠶᠢᠭ᠎ᠠ | ᠦᠨᠳᠦᠰᠦᠨ ᠪᠠᠶᠢᠳᠠᠯ ᠢ ᠬᠦᠢᠴᠡᠳ ᠬᠤᠪᠢᠷᠠᠭᠤᠯᠵᠤ ᠲᠡᠶᠢᠯᠦᠬᠡᠳᠦᠢ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ | ᠶᠡᠭᠡᠰᠭᠡᠬᠦ ᠪᠠ ᠶᠠᠰᠤ ᠴᠢᠨᠠᠷ ᠢ ᠲᠡᠭᠡᠭᠰᠢᠯᠡᠬᠦᠯᠬᠦ ᠲᠠᠪᠬᠤᠷ ᠲᠠᠷᠤᠭᠠᠰᠤ ᠲᠤᠯᠭᠠᠷᠠᠵᠤ᠂ ᠰᠢᠨ᠎ᠡ ᠨᠡᠮᠡᠭᠳᠡᠯ ᠤᠨ ᠴᠡᠭ ᠢ | ᠪᠤᠶᠢᠵᠢᠭᠤᠯᠬᠤ ᠳᠤ ᠬᠦᠴᠦᠨ ᠮᠡᠬᠦᠰᠳᠡᠵᠦ ᠪᠤᠢ᠃ ᠤᠯᠠᠮᠵᠢᠯᠠᠯᠳᠤ ᠲᠠᠷᠢᠶᠠᠯᠠᠩ ᠮᠠᠯ ᠠᠵᠤ ᠠᠬᠤᠢ ᠮᠦᠨᠬᠦ | ᠭᠤᠤᠯᠯᠠᠬᠤ ᠪᠠᠶᠢᠷᠢ ᠶᠢ ᠡᠵᠡᠯᠡᠨ᠂ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠴᠤᠭᠴᠠ ᠶᠢᠨ ᠬᠦᠳᠦᠯᠦᠨ ᠲᠠᠭᠠᠭᠤᠯᠬᠤ | ᠦᠢᠯᠡᠳᠦᠯ ᠢᠯᠡᠷᠭᠡᠢ ᠪᠤᠰᠤ᠂ ᠬᠦᠳᠡᠭᠡ ᠲᠤᠰᠬᠤᠨ ᠤ ᠬᠤᠭᠤᠰᠤᠷᠠᠯ ᠪᠠ ᠲᠠᠷᠢᠶᠠᠴᠢᠳ ᠤᠨ ᠨᠠᠰᠤᠵᠢᠯ ᠤᠨ | ᠪᠠᠶᠢᠳᠠᠯ ᠬᠦᠨᠳᠦᠷᠡᠵᠦ᠂ ᠮᠠᠯᠴᠢᠨ ᠲᠠᠷᠢᠶᠠᠴᠢᠨ ᠤ ᠤᠷᠤᠯᠭ᠎ᠠ ᠦᠷᠬᠦᠯᠵᠢᠯᠡᠨ ᠨᠡᠮᠡᠭᠳᠡᠬᠦ ᠳᠤ ᠬᠦᠴᠢᠷ ᠪᠠᠶᠢᠭ᠎ᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠳᠡ ᠶᠢᠨ ᠱᠠᠭᠠᠷᠳᠠᠯᠭ᠎ᠠ ᠰᠤᠯᠠ᠂ ᠦᠷ᠎ᠡ ᠠᠰᠢᠭ ᠲᠤᠤᠷ᠎ᠠ᠂ | ᠬᠦᠳᠡᠯᠭᠡᠭᠴᠢ ᠬᠦᠴᠦᠨ ᠬᠦᠷᠦᠯᠴᠡᠬᠦ ᠦᠬᠡᠢ᠂ ᠲᠤᠮᠤ ᠲᠦᠷᠦᠯ ᠵᠦᠢᠯ ᠤᠨ ᠲᠤᠯᠭᠠᠭᠤᠷᠢᠯᠠᠯ ᠲᠤᠳᠠᠵᠤ ᠪᠤᠢ᠃ | ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠲᠡᠰ ᠲᠠᠪᠬᠤᠷᠭ᠎ᠠ ᠲᠤᠤᠷ᠎ᠠ᠂ ᠴᠢᠨᠠᠷ ᠴᠢᠨᠰᠠᠭ᠎ᠠ ᠠᠨᠠᠢ᠂ ᠰᠢᠨ᠎ᠡ | ᠮᠠᠶ᠋ᠢᠭ ᠤᠨ ᠡᠵᠡᠩᠨᠡᠯᠳᠡ ᠶᠢᠨ ᠬᠡᠯᠪᠡᠷᠢ ᠶᠢ ᠪᠤᠶᠢᠵᠢᠭᠤᠯᠬᠤ ᠡᠷᠴᠢᠮ ᠴᠢᠩᠭ᠎ᠠ ᠪᠤᠰᠤ᠂ ᠦᠷ᠎ᠡ ᠠᠰᠢᠭ ᠬᠦᠷᠳᠡᠬᠦ ᠨᠢ | ᠤᠳᠠᠭᠠᠨ ᠃ ᠵᠠᠮ᠂ ᠴᠠᠬᠢᠯᠭᠠᠨ᠂ ᠤᠰᠤ ᠵᠡᠷᠭᠡ ᠰᠠᠭᠤᠷᠢ ᠲᠦᠬᠦᠭᠡᠷᠦᠮᠵᠢ ᠪᠠᠰᠠ ᠪᠦᠷᠢᠨ ᠲᠡᠬᠦᠯᠳᠡᠷᠵᠢᠵᠦ | ᠲᠡᠶᠢᠯᠦᠭᠡᠳᠦᠢ᠂ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠶᠢᠨ ᠡᠬᠦᠷᠭᠡ ᠪᠠᠰᠠ ᠬᠦᠨᠳᠦ | ᠪᠠᠶᠢᠭ᠎ᠠ᠃ ᠰᠤᠷᠭᠠᠨ ᠬᠦᠮᠦᠵᠢᠯ᠂ ᠡᠮ ᠡᠮᠨᠡᠯᠬᠡ᠂ ᠠᠵᠢᠯ ᠤᠯᠭᠤᠯᠳᠠ ᠵᠡᠷᠭᠡ ᠲᠠᠯᠠᠪᠠᠷ ᠤᠯᠠᠨ ᠲᠦᠮᠡᠨ ᠤ ᠬᠦᠰᠡᠯ | ᠱᠠᠭᠠᠷᠳᠠᠯᠭ᠎ᠠ ᠳᠤ ᠬᠦᠷᠴᠦ ᠴᠢᠳᠠᠭᠠᠳᠤᠢ᠃ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ | ᠂ ᠠᠷᠠᠳ ᠤᠨ ᠠᠮᠢᠳᠤᠷᠠᠯ ᠢ ᠪᠠᠳᠤᠯᠠᠬᠤ᠂ ᠶᠠᠳᠠᠭᠤ ᠠᠴᠠ ᠠᠩᠬᠢᠵᠢᠷᠠᠭᠤᠯᠬᠤ ᠪᠠ ︽ᠠᠷᠪᠠ ᠶᠢ ᠪᠦᠷᠬᠦᠬᠦᠯᠬᠦ︾ | ᠠᠵᠢᠯ ᠡᠬᠦᠷᠭᠡ ᠨᠦᠰᠡᠷ ᠪᠠᠶᠢᠭ᠎ᠠ᠃ ᠵᠠᠷᠢᠮ ᠺᠠᠳᠠᠷ ᠪᠠ ᠰᠠᠯᠠᠭ᠎ᠠ ᠮᠦᠴᠢᠷ ᠤᠨ ᠦᠵᠡᠯ ᠤᠬᠠᠮᠰᠠᠷ ᠪᠠ ᠰᠦᠰᠦ | ᠵᠤᠷᠢᠭ ᠬᠦᠷᠦᠯᠴᠡᠬᠦ ᠦᠬᠡᠢ᠂ ᠠᠵᠢᠯ ᠬᠢᠵᠦ ᠦᠢᠯᠡᠰ ᠪᠦᠳᠦᠭᠡᠬᠦ ᠢᠳᠡᠭᠡᠯ ᠦᠬᠡᠢ᠂ ᠠᠵᠢᠯ ᠤᠨ ᠰᠤᠷᠳᠠᠯ ᠲᠤᠷᠤᠢ | ᠪᠠᠶᠢᠭ᠎ᠠ᠃ ᠲᠠᠷᠠᠭ᠎ᠠ ᠠᠯᠬᠤᠮ ᠳᠤ ᠪᠢᠳᠡ ᠡᠳᠡᠭᠡᠷ ᠠᠰᠠᠭᠤᠳᠠᠯ ᠯᠤᠭ᠎ᠠ ᠨᠢᠭᠤᠷᠯᠠᠨ ᠲᠤᠯᠵᠤ᠂ ᠨᠠᠵᠠᠭᠠᠶᠢᠷᠠᠵᠤ | ᠵᠠᠶᠢᠯᠠᠬᠤ ᠦᠬᠡᠢ ᠴᠦᠬᠦᠷᠡᠵᠦ ᠬᠤᠶᠢᠷᠭᠤᠰᠢᠬᠤ ᠦᠬᠡᠢ ᠪᠠᠷ᠂ ᠨᠡᠩ ᠢᠳᠡ ᠬᠦᠴᠦᠳᠡᠢ ᠠᠷᠭ᠎ᠠ ᠬᠡᠮᠵᠢᠶ᠎ᠡ ᠠᠪᠴᠤ | ᠨᠠᠷᠢᠨ ᠨᠢᠮᠪᠠᠢ ᠰᠢᠢᠳᠪᠦᠷᠢᠯᠡᠨ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠦᠨᠡᠨ ᠪᠤᠳᠠᠳᠠᠢ ᠦᠷ᠎ᠡ ᠪᠦᠳᠦᠭᠡᠯ | ᠢᠶᠠᠷ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠪᠡᠶᠡᠯᠡᠬᠦᠯᠬᠦ ᠭᠡᠷᠡᠭᠳᠡᠢ᠃ | ᠬᠤᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠭᠤᠤᠯ ᠪᠤᠯᠬᠤ ᠡᠬᠦᠷᠭᠡ ᠬᠠᠷᠠᠯᠳᠠ ᠪᠠ 2016 | ᠤᠨ ᠤ ᠭᠤᠤᠯᠳᠠᠯᠭᠠᠳᠠᠢ ᠠᠵᠢᠯ ᠤᠨ ᠪᠠᠶᠢᠷᠢᠯᠠᠭᠤᠯᠤᠯᠳᠠ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠤᠯ ᠮᠠᠨ ᠤ ᠬᠤᠰᠢᠭᠤ ᠨᠢ ᠪᠦᠬᠦ ᠤᠯᠤᠰ᠂ | ᠪᠦᠬᠦ ᠤᠷᠤᠨ᠂ ᠪᠦᠬᠦ ᠠᠶᠢᠮᠠᠭ ᠯᠤᠭ᠎ᠠ ᠠᠯᠬᠤᠭ᠎ᠠ ᠨᠢᠬᠡᠳᠡᠢ ᠪᠠᠷ ᠴᠢᠨᠡᠭᠡᠯᠢᠭ ᠨᠡᠶᠢᠬᠡᠮ ᠢ ᠪᠦᠬᠦ ᠲᠠᠯᠠᠪᠠᠷ | ᠪᠠᠶᠢᠭᠤᠯᠤᠨ ᠪᠦᠳᠦᠭᠡᠬᠦ ᠰᠢᠢᠳᠪᠦᠷᠢᠳᠦ ᠬᠤᠭᠤᠴᠠᠭ᠎ᠠ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ | ᠲᠠᠪᠤᠳᠤᠭᠠᠷ ᠪᠦᠬᠦᠳᠡ ᠬᠤᠷᠠᠯ ᠪᠠ ᠤᠷᠤᠨ᠂ ᠠᠶᠢᠮᠠᠭ ᠤᠨ ᠲᠤᠭᠳᠠᠭᠰᠠᠨ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠲᠦᠯᠦᠪᠵᠢᠬᠦᠯᠬᠡ ᠶᠢᠨ ᠲᠤᠬᠠᠢ ᠰᠠᠨᠠᠭᠤᠯᠭ᠎ᠠ ᠶᠢᠨ ᠵᠤᠷᠢᠭ ᠰᠠᠨᠠᠭ᠎ᠠ ᠶᠢ ᠦᠨᠳᠦᠰᠦᠯᠡᠵᠦ᠂ ᠬᠤᠰᠢᠭᠤ ᠨᠠᠮ | ᠤᠨ ᠬᠤᠷᠢᠶ᠎ᠠ᠂ ᠵᠠᠰᠠᠭ ᠤᠨ ᠤᠷᠳᠤᠨ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ | ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠶᠡᠷᠦᠩᠬᠡᠢ ᠱᠠᠭᠠᠷᠳᠠᠯᠭ᠎ᠠ ᠂ ᠭᠤᠤᠯ ᠪᠤᠯᠬᠤ | ᠤᠷᠢᠳᠴᠢᠯᠠᠭᠰᠠᠨ ᠬᠠᠷᠠᠯᠳᠠ ᠪᠠ ᠭᠤᠤᠯᠳᠠᠯᠭ᠎ᠠ ᠲᠠᠢ ᠡᠬᠦᠷᠭᠡ ᠶᠢ ᠲᠤᠭᠳᠠᠵᠤ᠂ ︽ᠲᠠᠶᠢᠹᠤᠰᠧ ᠬᠤᠰᠢᠭᠤᠨ ᠤ | ᠤᠯᠤᠰ ᠠᠷᠠᠳ ᠤᠨ ᠠᠵᠤ ᠠᠬᠤᠢ ᠬᠢᠭᠡᠳ ᠨᠡᠶᠢᠬᠡᠮ ᠤᠨ ᠬᠦᠭᠵᠢᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ | ᠲᠦᠯᠦᠪᠵᠢᠬᠦᠯᠬᠡ ᠶᠢᠨ ᠬᠦᠳᠦᠯᠪᠦᠷᠢ ︵ᠡᠬᠢ ᠨᠤᠤᠷᠠᠭ︶︾ ᠶᠢ ᠡᠨᠡ ᠤᠳᠠᠭᠠᠨ ᠤ ᠶᠡᠭᠡ ᠬᠤᠷᠠᠯ ᠳᠤ ᠵᠢᠩᠬᠢᠨᠢ | ᠪᠠᠷ ᠲᠡᠪᠰᠢᠬᠦᠯᠦᠭᠰᠡᠨ ᠪᠠᠶᠢᠨ᠎ᠠ᠃ ᠬᠤᠶᠢᠰᠢᠳᠠ ᠶᠢᠨ ᠲᠠᠪᠤᠨ ᠵᠢᠯ ᠳᠤ᠂ ᠪᠢᠳᠡ ᠬᠦᠭᠵᠢᠬᠦᠯᠦᠯᠳᠡ ᠶᠢᠨ ᠲᠡᠷᠢᠬᠦᠨ | ᠡᠬᠦᠷᠭᠡ ᠶᠢ ᠪᠠᠷᠢᠮᠳᠠᠯᠠᠵᠤ᠂ ᠠᠵᠤ ᠠᠬᠤᠢ ᠶᠢᠨ ᠲᠤᠮᠳᠠ ᠲᠦᠷᠭᠡᠨ ᠬᠤᠷᠳᠤᠴᠠ ᠪᠠᠷ ᠬᠦᠭᠵᠢᠬᠦ ᠶᠢ ᠪᠠᠳᠤᠯᠠᠬᠤ ᠪᠠᠷ | ᠴᠢᠷᠮᠠᠶᠢᠨ᠂ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠵᠢᠯ ᠳᠤ 8.5% ᠪᠠᠷ | ᠨᠡᠮᠡᠭᠳᠡᠬᠦᠯᠵᠦ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ ᠵᠢᠯ ᠳᠤ 8 % ᠪᠠᠷ | ᠨᠡᠮᠡᠭᠳᠡᠬᠦᠯᠦᠨ᠂ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ ᠵᠢᠯ ᠳᠤ 12% | ᠪᠠᠷ ᠨᠡᠮᠡᠭᠳᠡᠬᠦᠯᠵᠦ᠂ ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ | ᠵᠢᠯ ᠳᠤ 10 % ᠪᠠᠷ ᠨᠡᠮᠡᠭᠳᠡᠬᠦᠯᠬᠦ ᠪᠠᠷ ᠤᠷᠢᠳᠴᠢᠯᠠᠨ ᠲᠦᠰᠦᠪᠯᠡᠪᠡ᠃ ᠤᠯᠠᠨ ᠲᠠᠯᠠᠪᠠᠷ ᠬᠦᠭᠵᠢᠵᠦ᠂ ᠤᠯᠠᠨ | ᠲᠤᠶᠢᠯ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠦᠨᠳᠦᠰᠦᠨ ᠳᠡᠭᠡᠨ | ᠪᠦᠷᠢᠯᠳᠦᠬᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠢᠷᠢ ᠲᠦᠪᠰᠢᠨ ᠢ ᠢᠯᠡᠳᠳᠡ | ᠲᠡᠭᠡᠭᠰᠢᠯᠡᠬᠦᠯᠦᠨ᠂ ᠡᠬᠢ ᠪᠠᠶᠠᠯᠢᠭ ᠤᠨ ᠪᠤᠰᠤ ᠭᠡᠯᠪᠡᠷᠢᠳᠦ ᠠᠵᠤ ᠦᠢᠯᠡᠰ ᠤᠨ ᠬᠤᠪᠢ ᠶᠢᠨ ᠵᠢᠩ ᠢ ᠶᠡᠭᠡ ᠬᠡᠮᠵᠢᠶ᠎ᠡ | ᠪᠠᠷ ᠨᠡᠮᠡᠭᠳᠡᠬᠦᠯᠵᠦ᠂ ᠤᠷᠤᠨ ᠪᠦᠰᠡ ᠶᠢᠨ ᠴᠢᠨᠠᠷᠳᠠᠢ ᠠᠷᠠᠯᠵᠢᠶ᠎ᠠ ᠬᠦᠢᠯᠬᠡᠬᠡᠨ ᠤ ᠭᠤᠤᠯᠯᠠᠬᠤ ᠪᠠᠶᠢᠷᠢ ᠰᠠᠭᠤᠷᠢ ᠶᠢ | ᠦᠨᠳᠦᠰᠦᠨ ᠳᠤᠨᠢ ᠲᠤᠳᠤᠷᠬᠠᠶᠢᠯᠠᠵᠤ᠂ ᠪᠡᠭᠡᠵᠢᠩ ᠤᠨ ᠠᠷᠤ ᠳᠠᠬᠢ ᠲᠠᠯ᠎ᠠ ᠨᠤᠳᠤᠭ ᠤᠨ ᠵᠢᠭᠤᠯᠴᠢᠯᠠᠯ ᠤᠨ ᠦᠢᠯᠡᠰ | ᠤᠨ ᠨᠦᠯᠦᠬᠡᠯᠡᠨ ᠲᠠᠶᠢᠴᠢᠯᠠᠬᠤ ᠦᠢᠯᠡᠳᠦᠯ ᠢ ᠮᠡᠳᠡᠭᠳᠡᠮ᠎ᠡ ᠴᠢᠩᠭᠠᠷᠠᠭᠤᠯᠤᠨ᠂ ︽ᠲᠠᠪᠤᠨ ᠶᠡᠭᠡ ᠪᠤᠬᠢᠷᠳᠤᠯ ᠦᠬᠡᠢ | ᠠᠵᠤ ᠦᠢᠯᠡᠰ︾ ᠢ ᠠᠩᠬ᠎ᠠ ᠠᠯᠬᠤᠮ ᠭᠡᠪᠴᠢᠶᠡᠵᠢᠬᠦᠯᠦᠨᠡ᠃ ᠬᠤᠳᠠ ᠬᠦᠳᠡᠭᠡ ᠶᠢᠨ ᠨᠢᠬᠡ ᠴᠤᠭᠴᠠᠵᠢᠭᠰᠠᠨ | ᠬᠦᠭᠵᠢᠯᠳᠡ ᠶᠢ ᠲᠦᠷᠭᠡᠳᠭᠡᠨ᠂ ᠬᠤᠳᠠ ᠪᠠᠯᠭᠠᠰᠤᠵᠢᠯᠳᠠ ᠶᠢᠨ ᠨᠤᠷᠮ᠎ᠠ ᠶᠢ 55% ᠳᠤ ᠬᠦᠷᠭᠡᠨ᠎ᠡ᠃ ᠠᠮᠢ ᠠᠬᠤᠢ | ᠶᠢᠨ ᠠᠮᠤᠷ ᠲᠦᠪᠰᠢᠨ ᠬᠠᠯᠬᠠᠪᠴᠢ ᠶᠢ ᠰᠠᠶᠢᠳᠤᠷ ᠪᠠᠬᠢᠵᠢᠬᠦᠯᠵᠦ᠂ ᠤᠢ ᠰᠢᠭᠤᠢ ᠶᠢᠨ ᠪᠦᠷᠬᠦᠴᠡ ᠶᠢ 26% ᠳᠤ | ᠬᠦᠷᠭᠡᠨ᠂ ᠨᠤᠳᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ 60% ᠳᠤ ᠬᠦᠷᠭᠡᠵᠦ᠂ ᠬᠦᠭᠵᠢᠯᠳᠡ ᠶᠢᠨ | ᠱᠠᠭᠠᠷᠳᠠᠯᠭ᠎ᠠ ᠳᠤ ᠲᠤᠬᠢᠷᠠᠯᠴᠠᠭᠰᠠᠨ ᠤᠳᠤ ᠦᠶ᠎ᠡ ᠶᠢᠨ ᠰᠠᠭᠤᠷᠢ ᠲᠦᠬᠦᠭᠡᠷᠦᠮᠵᠢ ᠶᠢᠨ ᠰᠦᠯᠵᠢᠶ᠎ᠡ ᠶᠢ ᠦᠨᠳᠦᠰᠦᠨ | ᠳᠡᠭᠡᠨ ᠪᠠᠶᠢᠭᠤᠯᠤᠨ᠎ᠠ᠃ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ ᠲᠤᠮᠳᠠᠴᠢ | ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ ᠲᠤᠰᠪᠤᠷᠢ 41300 ᠲᠦᠬᠦᠷᠢᠭ ᠪᠠ 13950 ᠲᠦᠬᠦᠷᠢᠭ ᠲᠤ | ᠬᠦᠷᠭᠡᠵᠦ᠂ ᠡᠯ᠎ᠡ ᠦᠨᠳᠦᠰᠦᠳᠡᠨ ᠤ ᠠᠷᠠᠳ ᠲᠦᠮᠡᠨ ᠤ ᠴᠢᠨᠡᠭᠡᠯᠢᠭ ᠨᠡᠶᠢᠬᠡᠮ ᠳᠤ ᠵᠡᠷᠭᠡᠪᠡᠷ ᠠᠯᠬᠤᠨ ᠤᠷᠤᠬᠤ ᠶᠢ | ᠪᠡᠶᠡᠯᠡᠬᠦᠯᠦᠨ᠎ᠡ᠃ | 2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠡᠬᠢᠯᠡᠯᠳᠡ ᠶᠢᠨ | ᠵᠢᠯ ᠪᠤᠯᠤᠨ᠎ᠠ᠃ ᠡᠨᠡ ᠵᠢᠯ ᠤᠨ ᠠᠵᠢᠯ ᠢ ᠰᠠᠶᠢᠨ ᠬᠢᠬᠦ ᠨᠢ ᠠᠴᠢ ᠬᠤᠯᠪᠤᠭᠳᠠᠯ ᠢᠶᠠᠷ ᠲᠤᠶᠢᠯ ᠤᠨ ᠶᠡᠭᠡ ᠪᠠᠶᠢᠭ᠎ᠠ᠃ | ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ ᠄ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠬᠦᠳᠡ ᠬᠤᠷᠠᠯ | ᠪᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ | ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠡ ᠶᠢᠨ ᠰᠡᠳᠬᠢᠴᠡ ᠬᠢᠭᠡᠳ | ᠠᠶᠢᠮᠠᠭ ᠤᠨ ᠨᠠᠮ ᠵᠠᠰᠠᠭ ᠤᠨ ᠠᠵᠢᠯ ᠤᠨ ᠪᠠᠶᠢᠷᠢᠯᠠᠭᠤᠯᠤᠯᠳᠠ ᠶᠢ ᠪᠦᠬᠦ ᠲᠠᠯᠠᠪᠠᠷ ᠨᠠᠶᠢᠳᠠᠪᠤᠷᠢᠵᠢᠭᠤᠯᠤᠨ᠂ ︽ | ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠪᠠ ︽ᠲᠠᠪᠤᠨ ᠶᠡᠭᠡ ᠬᠦᠭᠵᠢᠯᠳᠡ | ᠶᠢᠨ ᠤᠶᠢᠯᠠᠭᠠᠭᠳᠠᠬᠤᠨ︾ ᠢ ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠳᠤ | ᠢᠳᠡᠪᠬᠢᠳᠡᠢ ᠪᠠᠷ ᠲᠤᠬᠢᠷᠠᠯᠴᠠᠨ᠂ ︽ ᠦᠪᠡᠷᠮᠢᠴᠡ︾ ︽ᠲᠤᠷᠠᠶᠢᠮ᠎ᠠ︾ ︽ ᠲᠦᠪᠯᠡᠷᠡᠩᠬᠦᠢ︾ ᠲᠡᠭᠡᠷ᠎ᠡ ᠬᠦᠴᠦ | ᠲᠠᠯᠪᠢᠵᠤ᠂ ᠠᠵᠤ ᠦᠢᠯᠡᠰ ᠢ ᠠᠳᠬᠤᠬᠤ᠂ ᠪᠦᠷᠢᠯᠳᠦᠴᠡ ᠶᠢ ᠲᠤᠬᠢᠷᠠᠭᠤᠯᠬᠤ᠂ ᠰᠠᠭᠤᠷᠢ ᠶᠢ ᠪᠠᠳᠤᠳᠬᠠᠬᠤ᠂ | ᠲᠤᠳᠠᠭᠳᠠᠯ ᠢᠶᠠᠨ ᠨᠦᠬᠦᠬᠦ᠂ ᠦᠬᠡᠷᠡᠴᠢᠯᠡᠯᠳᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠳᠤᠯᠠᠬᠤ ᠠᠵᠢᠯ ᠢ | ᠤᠯᠠᠮ ᠰᠠᠶᠢᠨ ᠬᠢᠵᠦ᠂ ︽ ᠲᠠᠪᠤᠨ ᠶᠡᠭᠡ ᠤᠨᠴᠠᠯᠢᠭᠳᠤ ᠠᠵᠤ ᠦᠢᠯᠡᠰ︾ ᠤᠨ ᠬᠦᠭᠵᠢᠯᠳᠡ ᠪᠠᠷ ᠬᠠᠩᠭᠠᠯᠭ᠎ᠠ | ᠶᠢᠨ ᠲᠠᠯ᠎ᠠ ᠶᠢᠨ ᠪᠦᠷᠢᠯᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠲᠠᠶᠢᠴᠢᠯᠠᠨ᠂ ︽ᠠᠷᠪᠠ ᠶᠢ ᠪᠦᠷᠬᠦᠬᠦᠯᠬᠦ︾ | ᠢᠨᠵᠧᠨᠧᠷᠢᠩ ᠬᠢᠭᠡᠳ ᠶᠠᠳᠠᠭᠤ ᠠᠴᠠ ᠠᠩᠬᠢᠵᠢᠷᠠᠬᠤ ᠪᠠᠬᠢᠯᠡᠯᠳᠡ ᠰᠢᠪᠳᠤᠯᠬᠤ ᠠᠵᠢᠯᠯᠠᠭ᠎ᠠ ᠪᠠᠷ ᠠᠷᠠᠳ ᠤᠨ | ᠠᠮᠢᠳᠤᠷᠠᠯ ᠤᠨ ᠰᠠᠶᠢᠵᠢᠷᠠᠯᠳᠠ ᠶᠢ ᠲᠠᠶᠢᠴᠢᠯᠠᠨ᠂ ᠪᠡᠯᠴᠢᠭᠡᠷ ᠰᠡᠷᠬᠦᠬᠡᠵᠦ ᠪᠡᠯᠴᠢᠭᠡᠷᠯᠡᠬᠦᠯᠬᠦ ᠶᠢ ᠴᠠᠭᠠᠵᠠᠯᠠᠬᠤ ᠠᠷᠭ᠎ᠠ | ᠲᠦᠷᠢᠮ ᠢ ᠴᠢᠩᠭ᠎ᠠ ᠭᠡᠷᠡᠭᠵᠢᠬᠦᠯᠬᠦ ᠪᠠᠷ ᠠᠮᠢ ᠠᠬᠤᠢ ᠶᠢᠨ ᠤᠷᠴᠢᠨ ᠲᠤᠭᠤᠷᠢᠨ ᠤ ᠰᠡᠷᠬᠦᠯᠳᠡ ᠶᠢ ᠠᠬᠢᠭᠤᠯᠵᠤ᠂ | ᠪᠦᠳᠦᠬᠦᠯᠢᠭ ᠤᠷᠤᠨ ᠰᠠᠭᠤᠴᠠᠳᠤ ᠲᠤᠭᠤᠷᠢᠭ ᠪᠠ ᠬᠠᠭᠤᠴᠢᠨ ᠬᠤᠳᠠ ᠶᠢᠨ ᠲᠤᠭᠤᠷᠢᠭ ᠤᠨ ᠦᠬᠡᠷᠡᠴᠢᠯᠡᠯᠳᠡ ᠪᠠᠷ | ᠭᠤᠤᠯᠳᠠᠯᠭ᠎ᠠ ᠪᠤᠯᠭᠠᠨ ᠬᠤᠳᠠ ᠪᠠᠯᠭᠠᠰᠤᠨ ᠤ ᠰᠠᠭᠤᠷᠢ ᠲᠦᠬᠦᠭᠡᠷᠦᠮᠵᠢ ᠶᠢ ᠲᠡᠬᠦᠯᠳᠡᠷᠵᠢᠬᠦᠯᠦᠨ᠂ ᠦᠨᠳᠦᠰᠦᠨ | ᠱᠠᠳᠤᠨ ᠤ ᠰᠠᠭᠤᠷᠢ ᠪᠠ ᠲᠤᠰᠬᠠᠢ ᠲᠦᠷᠦᠯ ᠤᠨ ᠴᠡᠭᠴᠡᠯᠡᠯᠳᠡ ᠶᠢᠨ ᠠᠵᠢᠯᠯᠠᠭ᠎ᠠ ᠶᠢ ᠴᠢᠩᠭᠠᠳᠬᠠᠬᠤ ᠠᠴᠠ | ᠭᠠᠷᠳᠠᠵᠤ ᠨᠡᠶᠢᠬᠡᠮ ᠤᠨ ᠠᠮᠤᠷ ᠲᠤᠭᠳᠠᠭᠤᠨ ᠢ ᠬᠠᠮᠠᠭᠠᠯᠠᠵᠤ᠂ ᠰᠡᠳᠬᠢᠯ ᠬᠦᠴᠦᠨ ᠢᠶᠠᠨ ᠨᠢᠬᠡᠳᠭᠡᠨ᠂ ᠬᠦᠴᠢᠷ | ᠪᠡᠷᠭᠡᠰᠢᠶᠡᠯ ᠢ ᠲᠠᠪᠠᠵᠤ ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠠᠮᠵᠢᠯᠳᠠ ᠰᠠᠶᠢᠳᠠᠢ ᠡᠬᠢᠯᠡᠬᠦ ᠶᠢ | ᠪᠠᠳᠤᠯᠠᠨ᠎ᠠ᠃ | ᠭᠤᠤᠯ ᠪᠤᠯᠬᠤ ᠤᠷᠢᠳᠴᠢᠯᠠᠭᠰᠠᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ | ᠦᠷᠳᠡᠭ 53.4 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ 9.3% ᠪᠠᠷ ᠨᠡᠮᠡᠭᠳᠡᠬᠦᠯᠦᠨ᠂ ᠲᠤᠭᠳᠠᠮᠠᠯ | ᠬᠦᠷᠦᠩᠭᠡ ᠶᠢᠨ ᠪᠡᠯᠡ ᠤᠷᠤᠭᠤᠯᠤᠯᠳᠠ ᠶᠢ 36.9 ᠳ᠋ᠦᠩᠰᠢᠭᠤᠷ ᠲᠦᠬᠦᠷᠢᠭ ᠲᠤ ᠬᠦᠷᠭᠡᠵᠦ᠂ 18.1% ᠪᠠᠷ | ᠨᠡᠮᠡᠭᠳᠡᠬᠦᠯᠦᠨ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 1.31 ᠳ᠋ᠦᠩᠰᠢᠭᠤᠷ | ᠲᠦᠬᠦᠷᠢᠭ ᠲᠤ ᠬᠦᠷᠭᠡᠵᠦ᠂ 9.8% ᠪᠠᠷ ᠨᠡᠮᠡᠭᠳᠡᠬᠦᠯᠦᠨ᠂ ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ | ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ 20.2 ᠳ᠋ᠦᠩᠰᠢᠭᠤᠷ ᠲᠦᠬᠦᠷᠢᠭ ᠲᠤ ᠬᠦᠷᠭᠡᠵᠦ᠂ 10% ᠪᠠᠷ | ᠨᠡᠮᠡᠭᠳᠡᠬᠦᠯᠦᠨ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ | ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ 30640 ᠲᠦᠬᠦᠷᠢᠭ ᠪᠠ 9880 ᠲᠦᠬᠦᠷᠢᠭ ᠲᠤ ᠬᠦᠷᠭᠡᠵᠦ᠂ | ᠲᠤᠰᠪᠤᠷᠢ 9% ᠪᠠ ᠪᠠᠷ ᠨᠡᠮᠡᠭᠳᠡᠬᠦᠯᠦᠨ᠂ ᠡᠯ᠎ᠡ ᠲᠦᠷᠦᠯ ᠤᠨ ᠬᠢᠵᠠᠭᠠᠷᠯᠠᠩᠭᠤᠢ ᠴᠢᠨᠠᠷᠳᠠᠢ ᠵᠢᠭᠠᠯᠳᠠ ᠲᠤᠭ᠎ᠠ ᠶᠢ | ᠠᠶᠢᠮᠠᠭ ᠤᠨ ᠱᠠᠭᠠᠷᠳᠠᠭᠰᠠᠨ ᠪᠠᠷᠢᠮᠵᠢᠶ᠎ᠠ ᠪᠠᠷ ᠬᠢᠵᠠᠭᠠᠷᠯᠠᠨ᠎ᠠ ᠃ | ᠲᠡᠭᠡᠷ᠎ᠡ ᠲᠤᠷᠠᠳᠤᠭᠰᠠᠨ ᠡᠬᠦᠷᠭᠡ ᠬᠠᠷᠠᠯᠳᠠ ᠶᠢ ᠪᠡᠶᠡᠯᠡᠬᠦᠯᠬᠦ ᠶᠢᠨ ᠲᠦᠯᠦᠬᠡ᠂ ᠲᠤᠤᠷᠠᠬᠢ ᠭᠡᠳᠦᠨ ᠲᠠᠯ᠎ᠠ | ᠶᠢᠨ ᠠᠵᠢᠯ ᠢ ᠡᠷᠭᠡᠪᠰᠢ ᠭᠤᠤᠯᠳᠠᠯᠭ᠎ᠠ ᠲᠠᠢ ᠰᠠᠶᠢᠨ ᠬᠢᠬᠦ ᠭᠡᠷᠡᠭᠳᠡᠢ᠄ | ︵ᠨᠢᠭᠡ︶ ᠠᠵᠤ ᠦᠢᠯᠡᠰ ᠤᠨ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠵᠦ᠂ ᠠᠵᠤ ᠠᠬᠤᠢ ᠶᠢᠨ | ᠪᠤᠳᠠᠳᠤ ᠬᠦᠴᠦᠨ ᠢ ᠲᠠᠰᠤᠷᠠᠯᠳᠠ ᠦᠬᠡᠢ ᠴᠢᠩᠭᠠᠷᠠᠭᠤᠯᠬᠤ ᠭᠡᠷᠡᠭᠳᠡᠢ᠃ ᠨᠢᠬᠡᠳᠦᠭᠡᠷ᠂ ᠬᠤᠶᠠᠳᠤᠭᠠᠷ᠂ | ᠭᠤᠷᠪᠠᠳᠤᠭᠠᠷ ᠠᠵᠤ ᠦᠢᠯᠡᠰ ᠤᠨ ᠤᠶᠠᠯᠳᠤᠨ ᠬᠦᠭᠵᠢᠬᠦ ᠶᠢ ᠪᠠᠷᠢᠮᠳᠠᠯᠠᠵᠤ᠂ ᠠᠵᠤ ᠦᠢᠯᠡᠰ ᠤᠨ ᠬᠦᠭᠵᠢᠯᠳᠡ ᠶᠢᠨ | ᠶᠠᠰᠤ ᠴᠢᠨᠠᠷ ᠪᠠ ᠦᠷ᠎ᠡ ᠠᠰᠢᠭ ᠤᠨ ᠲᠡᠭᠡᠭᠰᠢᠯᠡᠯᠳᠡ ᠶᠢ ᠤᠯᠠᠮ ᠢᠯᠡᠬᠦᠦ ᠴᠢᠬᠤᠯᠠᠴᠢᠯᠠᠨ᠂ ᠰᠢᠨ᠎ᠡ ᠠᠵᠤ ᠦᠢᠯᠡᠰ | ᠤᠨ ᠲᠠᠪᠠᠭᠤᠯᠢᠭ ᠪᠠ ᠦᠷᠢᠰᠦᠯᠳᠦᠬᠡᠨ ᠤ ᠲᠠᠪᠠᠭᠤᠯᠢᠭ ᠢ ᠲᠦᠷᠭᠡᠨ ᠪᠤᠶᠢᠵᠢᠭᠤᠯᠬᠤ ᠭᠡᠷᠡᠭᠳᠡᠢ᠃ | — — ᠲᠠᠷᠢᠶᠠᠯᠠᠩ ᠮᠠᠯ ᠠᠵᠤ ᠠᠬᠤᠢ ᠶᠢᠨ ᠦᠨᠳᠦᠰᠦᠨ ᠪᠠᠶᠢᠷᠢ ᠰᠠᠭᠤᠷᠢ ᠶᠢ ᠦᠷᠬᠦᠯᠵᠢᠯᠡᠨ | ᠴᠢᠩᠭᠠᠳᠬᠠᠨ᠎ᠠ᠃ ᠪᠡᠭᠡᠵᠢᠩ ᠲᠢᠶᠠᠨᠵᠢᠨ ᠾᠧᠪᠸᠢ ᠶᠢᠨ ᠵᠠᠬ᠎ᠠ ᠲᠡᠯᠬᠡᠬᠦᠷ ᠲᠤ ᠬᠠᠨᠳᠤᠭᠰᠠᠨ ᠪᠤᠬᠢᠷᠳᠤᠯ ᠦᠬᠡᠢ | ᠤᠷᠭᠠᠨᠢᠭ ᠪᠦᠳᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠢᠳᠡᠪᠬᠢᠳᠡᠢ ᠪᠦᠳᠦᠭᠡᠨ ᠪᠠᠶᠢᠭᠤᠯᠤᠨ᠎ᠠ᠃ | ᠨᠢᠬᠡ ᠳᠤ᠂ ᠲᠠᠷᠢᠵᠤ ᠮᠠᠯᠵᠢᠬᠤ ᠦᠢᠯᠡᠰ ᠤᠨ ᠪᠦᠷᠢᠯᠳᠦᠴᠡ ᠶᠢ ᠬᠦᠴᠦ ᠲᠠᠯᠪᠢᠵᠤ ᠲᠤᠬᠢᠷᠠᠭᠤᠯᠬᠤ ᠭᠡᠷᠡᠭᠳᠡᠢ᠃ | ᠲᠠᠷᠢᠵᠤ ᠤᠷᠭᠤᠭᠤᠯᠬᠤ ᠦᠢᠯᠡᠰ ᠤᠨ ᠲᠠᠯᠠᠪᠠᠷ᠂ ︽ᠲᠦᠮᠦᠰᠦ ᠶᠢ ᠲᠤᠭᠳᠠᠪᠤᠷᠢᠵᠢᠭᠤᠯᠵᠤ ᠨᠤᠭᠤᠭ᠎ᠠ ᠶᠢ | ᠶᠡᠭᠡᠰᠭᠡᠬᠦ︾ ᠶᠢ ᠪᠠᠷᠢᠮᠳᠠᠯᠠᠨ᠂ ᠪᠤᠬᠢᠷᠳᠤᠯ ᠦᠬᠡᠢ ᠤᠷᠭᠠᠨᠢᠭ ᠢᠳᠡᠰᠢᠨ ᠨᠤᠭᠤᠭᠠᠨ ᠤ ᠠᠵᠤ ᠦᠢᠯᠡᠰ ᠢ | ᠬᠦᠭᠵᠢᠬᠦᠯᠵᠦ᠂ ᠴᠢᠶᠠᠨ ᠶᠢᠨ ᠭᠸᠦ᠂ ᠯᠦᠸᠧ ᠲᠦᠸᠧ ᠱᠠᠨ ᠵᠡᠷᠭᠡ ᠬᠠᠷ᠎ᠠ ᠬᠦᠷᠦᠰᠦᠳᠦ ᠤᠰᠤ ᠡᠯᠪᠡᠭ ᠭᠠᠵᠠᠷ | ᠢᠶᠠᠷ ᠭᠤᠤᠯ ᠪᠤᠯᠭᠠᠨ᠂ ᠤᠯᠠᠮᠵᠢᠯᠠᠯᠳᠤ ᠢᠳᠡᠰᠢᠨ ᠨᠤᠭᠤᠭᠠᠨ ᠤ ᠲᠠᠷᠢᠶᠠᠯᠠᠩ ᠤᠨ ᠲᠤᠭᠤᠷᠢᠭ ᠢᠶᠠᠷ ᠰᠠᠭᠤᠷᠢ | ᠪᠤᠯᠭᠠᠵᠤ᠂ ᠢᠳᠡᠰᠢᠨ ᠨᠤᠭᠤᠭ᠎ᠠ ᠲᠠᠷᠢᠬᠤ ᠵᠢᠱᠢᠶ᠎ᠡ ᠦᠵᠡᠬᠦᠯᠬᠦ ᠤᠷᠤᠨ ᠢ ᠢᠳᠡᠪᠬᠢᠳᠡᠢ ᠡᠬᠦᠳᠦᠨ ᠪᠠᠶᠢᠭᠤᠯᠵᠤ᠂ | ᠢᠳᠡᠰᠢᠨ ᠨᠤᠭᠤᠭᠠᠨ ᠤ ᠠᠵᠤ ᠦᠢᠯᠡᠰ ᠤᠨ ᠪᠦᠰᠡ ᠶᠢ ᠪᠤᠢ ᠪᠤᠯᠭᠠᠨ᠂ ᠢᠳᠡᠰᠢᠨ ᠨᠤᠭᠤᠭ᠎ᠠ ᠲᠠᠷᠢᠬᠤ ᠲᠠᠯᠠᠪᠠᠢ | ᠶᠢ 12 ᠲᠦᠮᠡᠨ ᠮᠤ᠋ ᠳᠤ ᠬᠦᠷᠭᠡᠵᠦ 20% ᠪᠠᠷ ᠨᠡᠮᠡᠭᠳᠡᠬᠦᠯᠦᠨ᠎ᠡ᠃ ᠪᠠᠢ ᠰᠧ ᠲᠧ ᠲᠠᠷᠢᠶᠠᠯᠠᠩ ᠤᠨ | ᠰᠢᠨᠵᠢᠯᠡᠭᠡ ᠮᠡᠷᠭᠡᠵᠢᠯ ᠤᠨ ᠲᠤᠭᠤᠷᠢᠭ ᠢ ᠬᠠᠪᠰᠤᠷᠤᠨ ᠲᠡᠳᠬᠦᠵᠦ᠂ ᠬᠦᠯᠡᠮᠵᠢ ᠳᠤ ᠲᠠᠷᠢᠬᠤ ᠮᠡᠷᠭᠡᠵᠢᠯ ᠤᠨ | ᠲᠤᠷᠰᠢᠯᠳᠠ ᠶᠢ ᠢᠳᠡᠪᠬᠢᠳᠡᠢ ᠬᠢᠵᠦ᠂ ᠲᠦᠬᠦᠭᠡᠷᠦᠮᠵᠢᠳᠦ ᠲᠠᠷᠢᠶᠠᠯᠠᠩ ᠤᠨ ᠬᠦᠭᠵᠢᠯᠳᠡ ᠶᠢ ᠲᠠᠶᠢᠴᠢᠯᠠᠨ᠎ᠠ᠃ | ᠲᠡᠵᠢᠬᠡᠨ ᠦᠷᠡᠵᠢᠬᠦᠯᠬᠦ ᠦᠢᠯᠡᠰ ᠤᠨ ᠲᠠᠯᠠᠪᠠᠷ᠂ ︽ ᠪᠤᠭ ᠮᠠᠯ ᠢ ᠪᠤᠳᠠ ᠮᠠᠯ ᠢᠶᠠᠷ ᠰᠤᠯᠢᠵᠤ᠂ ᠮᠠᠭᠤ ᠡᠬᠦᠯᠳᠡᠷ | ᠢ ᠰᠠᠶᠢᠨ ᠡᠬᠦᠯᠳᠡᠷ ᠢᠶᠠᠷ ᠤᠷᠤᠯᠠᠭᠤᠯᠬᠤ︾ ᠠᠯᠬᠤᠭ᠎ᠠ ᠶᠢ ᠲᠦᠷᠭᠡᠳᠭᠡᠨ᠂ ᠴᠠᠬᠠᠷ ᠬᠤᠨᠢ ᠤᠷᠤᠭᠤᠯᠵᠤ | ᠦᠷᠡᠵᠢᠬᠦᠯᠬᠦ ᠪᠠ ᠰᠢᠮᠧᠨ᠋ᠲ᠋ᠠᠷ ᠦᠬᠡᠷ ᠤᠨ ᠭᠡᠭᠡᠯᠳᠦᠬᠦᠯᠬᠡ ᠬᠢᠬᠦ ᠠᠵᠢᠯ ᠢ ᠰᠠᠶᠢᠳᠤᠷ ᠠᠳᠬᠤᠵᠤ᠂ ᠬᠦᠨᠪᠤᠯᠠᠭ | ᠰᠤᠮᠤᠨ ᠳᠤ ᠴᠠᠬᠠᠷ ᠬᠤᠨᠢ ᠭᠤᠤᠯᠳᠠᠯᠭᠠᠳᠠᠢ ᠦᠷᠡᠵᠢᠬᠦᠯᠬᠦ ᠮᠠᠯᠵᠢᠯ ᠤᠨ ᠲᠠᠯᠠᠪᠠᠢ ᠶᠢ ᠪᠠᠶᠢᠭᠤᠯᠤᠨ᠂ ᠠᠳᠤᠭᠤ | ᠮᠠᠯᠵᠢᠵᠤ ᠶᠠᠳᠠᠭᠤ ᠠᠴᠠ ᠠᠩᠬᠢᠵᠢᠷᠠᠬᠤ ᠲᠤᠷᠰᠢᠯᠳᠠ ᠶᠢᠨ ᠴᠡᠭ ᠤᠨ ᠠᠵᠢᠯ ᠢ ᠡᠬᠢᠯᠡᠬᠦᠯᠦᠨ᠎ᠡ᠃ ᠮᠠᠯᠴᠢᠨ | ᠲᠠᠷᠢᠶᠠᠴᠢᠨ ᠤ ᠭᠠᠵᠠᠷ ᠤᠷᠤᠨ ᠳᠠᠭᠠᠨ ᠲᠤᠬᠢᠷᠠᠭᠤᠯᠤᠨ ᠤᠢ ᠮᠤᠳᠤᠨ ᠲᠤᠤᠷᠠᠬᠢ ᠠᠵᠤ ᠠᠬᠤᠢ ᠵᠡᠷᠭᠡ ᠤᠨᠴᠠᠯᠢᠭᠳᠤ | ᠠᠵᠤ ᠦᠢᠯᠡᠰ ᠬᠦᠭᠵᠢᠬᠦᠯᠬᠦ ᠶᠢ ᠵᠤᠷᠢᠬᠵᠢᠭᠤᠯᠵᠤ᠂ ᠪᠤᠬᠢᠷᠳᠤᠯ ᠦᠬᠡᠢ ᠨᠤᠳᠤᠭ ᠤᠨ ᠭᠠᠷᠤᠯᠳᠠ ᠶᠢᠨ ᠨᠡᠷᠡᠳᠦ | ᠲᠡᠮᠳᠡᠭ ᠢ ᠡᠬᠦᠳᠦᠨ᠎ᠡ᠃ ᠡᠨᠡ ᠵᠢᠯ ᠪᠠᠷᠢᠮᠵᠢᠶᠠᠳᠤ ᠮᠠᠯᠵᠢᠯ ᠤᠨ ᠲᠠᠯᠠᠪᠠᠢ 7 ᠰᠠᠭᠤᠷᠢ ᠪᠠᠶᠢᠭᠤᠯᠵᠤ᠂ ᠮᠠᠯ ᠤᠨ | ᠰᠠᠷᠠᠪᠴᠢ 9 ᠲᠦᠮᠡᠨ ᠬᠠᠪᠳᠠᠭᠠᠢ ᠲᠦᠷᠪᠡᠯᠵᠢᠨ ᠮᠧᠲᠷ᠂ ᠡᠪᠡᠰᠦ ᠬᠠᠳᠠᠭᠠᠯᠠᠬᠤ ᠰᠠᠷᠠᠪᠴᠢ 0.5 ᠲᠦᠮᠡᠨ | ᠬᠠᠪᠳᠠᠭᠠᠢ ᠲᠦᠷᠪᠡᠯᠵᠢᠨ ᠮᠧᠲᠷ᠂ ᠨᠤᠭᠤᠭᠠᠨ ᠲᠠᠷᠤᠰᠢ ᠶᠢᠨ ᠵᠤᠭᠤᠷᠢ 0.48 ᠪᠤᠰᠤᠭ᠎ᠠ ᠲᠦᠷᠪᠡᠯᠵᠢᠨ ᠮᠧᠲᠷ ᠢ | ᠰᠢᠨ᠎ᠡ ᠪᠠᠷ ᠪᠠᠶᠢᠭᠤᠯᠤᠨ᠎ᠠ᠃ ᠬᠤᠶᠠᠷ ᠲᠤ᠂ ︽ ᠲᠠᠷᠢᠶᠠᠨ ᠭᠠᠵᠠᠷ ᠢ ᠬᠠᠮᠠᠭᠠᠯᠠᠵᠤ᠂ ᠰᠢᠨᠵᠢᠯᠡᠭᠡ ᠮᠡᠷᠭᠡᠵᠢᠯ ᠢ | ᠲᠡᠯᠭᠡᠷᠡᠬᠦᠯᠦᠨ᠂ ᠠᠮᠤ ᠪᠤᠳᠠᠭ᠎ᠠ ᠶᠢ ᠬᠦᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠢᠳᠡᠪᠬᠢᠳᠡᠢ | ᠨᠠᠶᠢᠳᠠᠪᠤᠷᠢᠵᠢᠭᠤᠯᠬᠤ ᠭᠡᠷᠡᠭᠳᠡᠢ᠃ 11 ᠲᠦᠮᠡᠨ ᠮᠤ᠋ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠢ ᠪᠠᠶᠢᠭᠤᠯᠵᠤ᠂ | 2.4 ᠲᠦᠮᠡᠨ ᠮᠤ᠋ ᠰᠦᠷᠴᠢᠨ ᠤᠰᠤᠯᠠᠬᠤ ᠲᠠᠯᠠᠪᠠᠢ ᠶᠢ ᠲᠤᠰᠤᠯᠠᠭᠠᠨ ᠤᠰᠤᠯᠠᠬᠤ ᠲᠠᠯᠠᠪᠠᠢ ᠪᠤᠯᠭᠠᠵᠤ ᠦᠬᠡᠷᠡᠴᠢᠯᠡᠨ | ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠰᠠᠶᠢᠵᠢᠷᠠᠭᠤᠯᠬᠤ ᠠᠵᠢᠯ ᠢ ᠬᠢᠵᠦ᠂ ᠬᠦᠷᠦᠰᠦᠨ ᠳᠤᠨᠢ | ᠲᠤᠬᠢᠷᠠᠭᠤᠯᠵᠤ ᠪᠤᠷᠳᠤᠭᠤᠷ ᠨᠠᠶᠢᠷᠠᠭᠤᠯᠬᠤ ᠲᠠᠯᠠᠪᠠᠢ 120 ᠲᠦᠮᠡᠨ ᠮᠤ᠋ ᠶᠢ ᠲᠡᠯᠭᠡᠷᠡᠬᠦᠯᠦᠨ᠂ ᠰᠡᠯᠬᠦᠨ ᠲᠠᠷᠢᠵᠤ | ᠬᠦᠷᠦᠰᠦ ᠶᠢ ᠠᠮᠠᠷᠠᠭᠤᠯᠬᠤ ᠲᠦᠷᠢᠮ ᠢ ᠰᠦᠪᠡᠭᠴᠢᠯᠡᠨ ᠭᠡᠷᠡᠭᠵᠢᠬᠦᠯᠵᠦ᠂ ᠬᠢᠮᠢ ᠶᠢᠨ ᠪᠤᠷᠳᠤᠭᠤᠷ ᠪᠠ ᠲᠠᠷᠢᠶᠠᠨ ᠡᠮ | ᠬᠢᠵᠠᠭᠠᠷᠯᠠᠬᠤ ᠠᠵᠢᠯ ᠢ ᠵᠡᠷᠭᠡᠪᠡᠷ ᠠᠬᠢᠭᠤᠯᠤᠨ᠂ ᠲᠠᠸᠠᠷ ᠤᠨ ᠲᠦᠮᠦᠰᠦᠨ ᠤ ᠲᠠᠷᠢᠶᠠᠯᠠᠭ᠎ᠠ ᠨᠢ ᠲᠠᠷᠢᠶᠠᠨ ᠭᠠᠵᠠᠷ ᠤᠨ | ᠲᠠᠭᠠᠭᠠᠴᠠ ᠠᠴᠠ ᠬᠡᠳᠦᠷᠡᠬᠦ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠨ᠎ᠡ᠃ ᠰᠢᠨᠵᠢᠯᠡᠭᠡ ᠮᠡᠷᠭᠡᠵᠢᠯ ᠤᠨ ᠵᠢᠱᠢᠶ᠎ᠡ | ᠦᠵᠡᠬᠦᠯᠬᠦ ᠰᠠᠭᠤᠷᠢᠨ ᠭᠠᠵᠠᠷ 4 ᠶᠢ ᠪᠠᠶᠢᠭᠤᠯᠵᠤ᠂ ᠰᠢᠨ᠎ᠡ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠮᠠᠯᠴᠢᠨ | ᠲᠠᠷᠢᠶᠠᠴᠢᠨ 200 ᠶᠢ ᠬᠦᠮᠦᠵᠢᠬᠦᠯᠦᠨ᠎ᠡ᠃ ᠲᠠᠷᠢᠶᠠᠯᠠᠩ ᠮᠠᠯᠵᠢᠯ ᠳᠤ ᠭᠡᠷᠡᠭᠯᠡᠬᠦ ᠮᠠᠰᠢᠨ ᠲᠦᠬᠦᠭᠡᠷᠦᠮᠵᠢ 5000 | ᠢᠵᠢ ᠶᠢ ᠰᠢᠨ᠎ᠡ ᠪᠠᠷ ᠨᠡᠮᠡᠭᠳᠡᠬᠦᠯᠵᠦ᠂ ᠮᠠᠰᠢᠨᠴᠢᠯᠠᠯᠳᠠ ᠶᠢᠨ ᠨᠤᠷᠮ᠎ᠠ ᠶᠢ 90% ᠠᠴᠠ ᠲᠠᠪᠠᠭᠤᠯᠤᠨ᠎ᠠ᠃ | ᠭᠤᠷᠪᠠ ᠳᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠵᠡᠩᠨᠡᠯᠳᠡ ᠶᠢ ᠲᠦᠷᠭᠡᠳᠭᠡᠨ | ᠠᠬᠢᠭᠤᠯᠬᠤ ᠭᠡᠷᠡᠭᠳᠡᠢ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠳᠪᠦᠷᠢ᠂ ᠦᠢᠯᠡᠴᠢᠯᠡᠬᠡᠨ ᠤ ᠦᠢᠯᠡᠰ | ᠯᠦᠭᠡ ᠤᠶᠠᠯᠳᠤᠨ ᠬᠦᠭᠵᠢᠬᠦ ᠶᠢ ᠠᠬᠢᠭᠤᠯᠵᠤ᠂ ᠤᠳᠤ ᠪᠠᠶᠢᠭ᠎ᠠ ᠤᠯᠠᠭᠠᠨ ᠢᠳᠡᠭᠡᠨ ᠡᠳ᠋ᠰᠢᠬᠦᠯᠦᠨ | ᠪᠤᠯᠪᠠᠰᠤᠷᠠᠭᠤᠯᠬᠤ ᠠᠵᠤ ᠠᠬᠤᠶᠢᠯᠠᠯ ᠢ ᠲᠡᠰ ᠲᠡᠪᠰᠢᠬᠦᠯᠦᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠳᠦᠭᠡᠭᠳᠡᠬᠦᠨ ᠡᠳ᠋ᠰᠢᠬᠦᠯᠦᠨ ᠪᠤᠯᠪᠠᠰᠤᠷᠠᠭᠤᠯᠬᠤ ᠤᠷᠤᠨ ᠲᠤᠭᠤᠷᠢᠭ ᠪᠠ ᠤᠷᠤᠨ ᠪᠦᠰᠡ ᠶᠢᠨ ᠴᠢᠨᠠᠷᠳᠠᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠰᠤᠯᠢᠯᠴᠠᠭᠠᠨ ᠤ ᠲᠦᠪ ᠢ ᠲᠦᠯᠦᠪᠵᠢᠬᠦᠯᠦᠨ ᠪᠠᠶᠢᠭᠤᠯᠵᠤ᠂ | ᠤᠳᠤ ᠪᠠᠶᠢᠭ᠎ᠠ ᠢᠳᠡᠰᠢᠨ ᠨᠤᠭᠤᠭᠠᠨ ᠤ ᠵᠠᠬ᠎ᠠ ᠲᠡᠯᠬᠡᠬᠦᠷ ᠤᠨ ᠴᠢᠳᠠᠪᠬᠢ ᠶᠢ ᠪᠦᠷᠢᠨᠰᠢᠬᠦᠯᠦᠨ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠡᠯᠧᠺᠲᠷᠤᠨ ᠠᠷᠠᠯᠵᠢᠶᠠᠨ ᠤ ᠲᠠᠪᠴᠠᠩ ᠢ ᠱᠠᠯᠠᠪᠳᠠᠨ ᠪᠠᠶᠢᠭᠤᠯᠤᠨ᠎ᠠ᠃ | ᠲᠦᠮᠦᠰᠦᠨ ᠴᠠᠷᠳᠠᠭᠤᠯ᠂ ᠵᠢᠵᠢᠭ ᠬᠤᠯᠢᠮᠠᠭ ᠠᠮᠤ᠂ ᠨᠤᠬᠠᠢ ᠶᠢᠨ ᠬᠤᠰᠢᠭᠤ᠂ ᠶᠠᠮᠠ ᠶᠢᠨ ᠦᠷ᠎ᠡ᠂ ᠦᠬᠡᠷ | ᠬᠤᠨᠢᠨ ᠮᠢᠬ᠎ᠠ ᠵᠡᠷᠭᠡ ᠪᠦᠳᠦᠭᠡᠭᠳᠡᠬᠦᠨ ᠢ ᠨᠠᠷᠢᠯᠢᠭ ᠬᠦᠨ ᠪᠤᠯᠪᠠᠰᠤᠷᠠᠭᠤᠯᠬᠤ ᠠᠵᠤ ᠠᠬᠤᠶᠢᠯᠠᠯ ᠢ ᠲᠠᠳᠠᠨ | ᠤᠷᠤᠭᠤᠯᠬᠤ ᠪᠠ ᠪᠤᠶᠢᠵᠢᠭᠤᠯᠵᠤ᠂ ᠤᠨᠴᠠᠯᠢᠭᠳᠤ ᠪᠦᠳᠦᠭᠡᠭᠳᠡᠬᠦᠨ ᠤ ᠨᠡᠮᠡᠯᠳᠡ ᠦᠷᠳᠡᠭ ᠢ ᠶᠡᠬᠡᠰᠭᠡᠨ᠎ᠡ᠃ ᠡᠯ᠎ᠡ | ᠲᠦᠷᠦᠯ ᠤᠨ ᠲᠤᠰᠬᠠᠢ ᠬᠤᠷᠰᠢᠶᠠᠵᠢᠯ ᠢ ᠢᠳᠡᠪᠬᠢᠳᠡᠢ ᠲᠡᠳᠬᠦᠨ ᠬᠦᠭᠵᠢᠬᠦᠯᠵᠦ᠂ ᠨᠢᠬᠡ ᠪᠦᠯᠦᠭ ᠢ ᠨᠢ ᠬᠦᠴᠦᠨ | ᠦᠬᠡᠢ ᠪᠤᠯᠭᠠᠨ᠂ ᠨᠢᠬᠡ ᠪᠦᠯᠦᠭ ᠢ ᠨᠢ ᠴᠡᠭᠴᠡᠯᠡᠨ ᠲᠦᠷᠢᠮᠵᠢᠬᠦᠯᠵᠦ᠂ ᠰᠠᠶᠢᠨ ᠠᠴᠠ ᠨᠢ ᠰᠢᠯᠢᠵᠦ ᠪᠠᠶᠢᠭᠠᠳ ᠨᠢᠬᠡ | ᠪᠦᠯᠦᠭ ᠢ ᠲᠡᠳᠬᠦᠨ ᠬᠦᠴᠦᠷᠭᠡᠭᠵᠢᠬᠦᠯᠦᠨ᠎ᠡ᠃ ᠤᠳᠤ ᠪᠠᠶᠢᠭ᠎ᠠ ᠠᠵᠤ ᠠᠬᠤᠶᠢᠯᠠᠯ ᠤᠨ ᠨᠡᠷᠡᠳᠦ ᠲᠡᠮᠳᠡᠭ ᠤᠨ | ᠪᠠᠶᠢᠭᠤᠯᠤᠯᠳᠠ ᠶᠢ ᠴᠢᠩᠭᠠᠳᠬᠠᠵᠤ᠂ ᠨᠡᠷ᠎ᠡ ᠠᠯᠳᠠᠷᠳᠤ ᠲᠠᠸᠠᠷ ᠤᠨ ᠲᠡᠮᠳᠡᠭ ᠡᠷᠡᠮᠡᠯᠵᠡᠯᠡᠬᠦ ᠠᠵᠢᠯ ᠤᠨ ᠡᠷᠴᠢᠮ ᠢ | ᠴᠢᠩᠭᠠᠷᠠᠭᠤᠯᠤᠨ᠂ ᠪᠦᠳᠦᠭᠡᠭᠳᠡᠬᠦᠨ ᠤ ᠨᠡᠷ᠎ᠡ ᠠᠯᠳᠠᠷᠰᠢᠯ ᠪᠠ ᠵᠠᠬ᠎ᠠ ᠲᠡᠯᠬᠡᠬᠦᠷ ᠤᠨ ᠡᠵᠡᠯᠡᠴᠡ ᠶᠢ ᠲᠠᠰᠤᠷᠠᠯᠳᠠ | ᠦᠬᠡᠢ ᠶᠡᠬᠡᠰᠭᠡᠨ᠎ᠡ᠃ ᠲᠦᠷᠪᠡ ᠳᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ | ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠭᠡᠷᠡᠭᠳᠡᠢ᠃ ︽ᠭᠤᠷᠪᠠᠨ ᠪᠦᠳᠦᠭᠡᠭᠳᠡᠬᠦᠨ ᠨᠢᠭᠡ ᠲᠡᠮᠳᠡᠭ ︾ ᠢᠶᠠᠷ | ᠰᠢᠯᠭᠠᠨ ᠭᠡᠷᠡᠴᠢᠯᠡᠬᠦᠯᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠲᠤᠭ᠎ᠠ ᠭᠡᠮᠵᠢᠶ᠎ᠡ ᠪᠠ ᠶᠠᠰᠤ | ᠴᠢᠨᠠᠷ ᠢ ᠲᠡᠭᠡᠭᠰᠢᠯᠡᠬᠦᠯᠵᠦ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠶᠢᠨ ᠰᠢᠰᠲ᠋ᠧᠮ ᠤᠨ ᠪᠠᠶᠢᠭᠤᠯᠤᠯᠳᠠ ᠶᠢ | ᠲᠦᠷᠭᠡᠳᠭᠡᠨ᠎ᠡ᠃ ᠶᠠᠰᠤ ᠴᠢᠨᠠᠷ ᠢᠶᠠᠷ ᠬᠤᠰᠢᠭᠤ ᠪᠠᠨ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠪᠦᠬᠦ | ᠲᠠᠯᠠᠪᠠᠷ ᠲᠦᠯᠬᠢᠨ ᠠᠬᠢᠭᠤᠯᠵᠤ᠂ ᠦᠢᠯᠡᠳᠪᠦᠷᠢᠯᠡᠯ ᠳᠤ ᠭᠡᠷᠡᠭᠯᠡᠬᠦ ᠪᠤᠳᠠᠰ ᠤᠨ ᠬᠢᠨᠠᠨ ᠬᠠᠮᠢᠶᠠᠷᠤᠯᠳᠠ ᠂ ᠲᠠᠷᠢᠶᠠᠨ | ᠡᠮ ᠤᠨ ᠦᠯᠡᠳᠡᠪᠦᠷᠢ ᠬᠤᠤᠷ ᠤᠨ ᠰᠢᠯᠭᠠᠨ ᠪᠠᠶᠢᠴᠠᠭᠠᠯᠳᠠ᠂ ᠠᠮᠢᠳᠠᠨ ᠤ ᠡᠪᠡᠳᠴᠢᠨ ᠭᠡᠮ ᠤᠨ ᠰᠡᠷᠭᠡᠶᠢᠯᠡᠨ | ᠵᠠᠰᠠᠯᠳᠠ ᠵᠡᠷᠭᠡ ᠠᠵᠢᠯ ᠢ ᠴᠢᠩᠭᠠᠳᠬᠠᠨ᠎ᠠ᠃ ᠰᠢᠯᠭᠠᠨ ᠪᠠᠶᠢᠴᠠᠭᠠᠬᠤ ᠰᠢᠰᠲ᠋ᠧᠮ ᠢ ᠤᠯᠠᠮ ᠨᠢᠬᠡ ᠠᠯᠬᠤᠮ | ᠲᠡᠬᠦᠯᠳᠡᠷᠵᠢᠬᠦᠯᠵᠦ᠂ ᠡᠮᠦᠨᠡᠳᠦ ᠭᠡᠰᠡᠭ ᠤᠨ ᠬᠤᠰᠢᠭᠤ ᠰᠢᠶᠠᠨ ᠤ ᠢᠳᠡᠭᠡᠨ ᠤ ᠵᠦᠢᠯ ᠤᠨ ᠰᠢᠯᠭᠠᠨ ᠪᠠᠶᠢᠴᠠᠭᠠᠯᠳᠠ | ᠶᠢᠨ ᠲᠦᠪ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠤᠨ᠎ᠠ᠃ | — — ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠬᠦᠳᠡᠯᠬᠡᠬᠡᠨ ᠤ ᠡᠨᠧᠷᠬᠢ ᠶᠢ ᠬᠦᠴᠦ | ᠲᠠᠯᠪᠢᠵᠤ ᠪᠤᠶᠢᠵᠢᠭᠤᠯᠤᠨ᠎ᠠ᠃ ᠰᠢᠯᠢ ᠶᠢᠨ ᠭᠤᠤᠯ ᠠᠶᠢᠮᠠᠭ ᠤᠨ ᠴᠡᠪᠡᠷ ᠡᠨᠧᠷᠬᠢ ᠶᠢᠨ ᠭᠠᠷᠭᠠᠯᠳᠠ ᠶᠢᠨ ᠰᠠᠭᠤᠷᠢᠨ | ᠭᠠᠵᠠᠷ ᠤᠨ ᠪᠠᠶᠢᠭᠤᠯᠤᠯᠳᠠ ᠶᠢᠨ ᠠᠵᠠ ᠲᠤᠬᠢᠶᠠᠯ ᠢ ᠡᠵᠡᠮᠳᠡᠨ᠂ ᠰᠢᠨ᠎ᠡ ᠡᠨᠧᠷᠬᠢ ᠪᠠ ᠲᠤᠨᠤᠭ ᠲᠦᠬᠦᠭᠡᠷᠦᠮᠵᠢ | ᠦᠢᠯᠡᠳᠬᠦ ᠵᠡᠷᠭᠡ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠯᠭ᠎ᠠ ᠵᠢᠴᠢ ᠮᠠᠨ ᠤ ᠬᠤᠰᠢᠭᠤᠨ ᠤ ᠪᠤᠳᠠᠳᠠᠢ | ᠳᠤ ᠨᠡᠶᠢᠴᠡᠭᠰᠡᠨ ᠡᠬᠢ ᠪᠠᠶᠠᠯᠢᠭ ᠤᠨ ᠪᠤᠰᠤ ᠭᠡᠯᠪᠡᠷᠢᠳᠦ ᠠᠵᠤ ᠦᠢᠯᠡᠰ ᠢ ᠬᠦᠴᠦᠳᠡᠢ ᠬᠦᠭᠵᠢᠬᠦᠯᠵᠦ᠂ ᠡᠨᠡ ᠵᠢᠯ | ᠠᠵᠤ ᠦᠢᠯᠡᠳᠪᠦᠷᠢ ᠶᠢᠨ ᠨᠡᠮᠡᠭᠳᠡᠯ ᠦᠷᠳᠡᠭ 18.2 ᠳ᠋ᠦᠩᠰᠢᠭᠤᠷ ᠲᠦᠭᠦᠷᠢᠭ ᠪᠡᠶᠡᠯᠡᠬᠦᠯᠦᠨ᠂ 10.3% ᠪᠠᠷ | ᠨᠡᠮᠡᠭᠳᠡᠬᠦᠯᠦᠨ᠎ᠡ᠃ ᠨᠢᠬᠡ ᠳᠤ᠂ ᠤᠷᠤᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠲᠦᠪᠰᠢᠨ ᠢ ᠤᠯᠠᠮ | ᠨᠢᠬᠡ ᠠᠯᠬᠤᠮ ᠲᠡᠭᠡᠭᠰᠢᠯᠡᠬᠦᠯᠬᠦ ᠭᠡᠷᠡᠭᠳᠡᠢ᠃ ᠠᠵᠤ ᠦᠢᠯᠡᠰ ᠲᠡᠭᠡᠳᠦ ᠬᠡᠮᠵᠢᠶ᠎ᠡ ᠪᠠᠷ ᠤᠶᠠᠯᠳᠤᠭᠰᠠᠨ ᠪᠤᠬᠢᠷᠳᠤᠯ | ᠦᠬᠡᠢ ᠲᠡᠭᠡᠳᠦ ᠰᠢᠨ᠎ᠡ ᠮᠡᠷᠭᠡᠵᠢᠯ ᠤᠨ ᠤᠷᠤᠨ ᠲᠤᠭᠤᠷᠢᠭ ᠢ ᠡᠬᠦᠳᠦᠨ ᠪᠠᠶᠢᠭᠤᠯᠬᠤ ᠪᠠᠷ ᠬᠠᠷᠠᠯᠳᠠ ᠪᠤᠯᠭᠠᠨ᠂ | ᠪᠤᠤᠴᠠᠩ ᠤᠨ ᠲᠡᠭᠡᠳᠦ ᠰᠢᠨ᠎ᠡ ᠮᠡᠷᠭᠡᠵᠢᠯ ᠤᠨ ᠤᠷᠤᠨ ᠲᠤᠭᠤᠷᠢᠭ ᠢ ᠠᠵᠤ ᠦᠢᠯᠡᠰ ᠤᠨ ᠴᠢᠳᠠᠮᠵᠢ ᠪᠠᠷ ᠨᠢ | ᠢᠯᠭᠠᠨ ᠬᠤᠪᠢᠶᠠᠷᠢᠯᠠᠵᠤ᠂ ᠤᠰᠤ᠂ ᠴᠠᠬᠢᠯᠭᠠᠨ᠂ ᠵᠠᠮ ᠵᠡᠷᠭᠡ ᠰᠠᠭᠤᠷᠢ ᠲᠦᠬᠦᠭᠡᠷᠦᠮᠵᠢ ᠶᠢᠨ ᠪᠦᠳᠦᠭᠡᠨ | ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠤ᠂ 1.2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠎ᠠ᠃ | ᠡᠨᠡ ᠵᠢᠯ ᠤᠷᠤᠨ ᠲᠤᠭᠤᠷᠢᠭ ᠲᠤ 3 ᠠᠵᠤ ᠠᠬᠤᠶᠢᠯᠠᠯ ᠢ ᠤᠷᠤᠭᠤᠯᠵᠤ ᠨᠤᠳᠤᠭᠰᠢᠭᠤᠯᠤᠨ᠂ ᠨᠡᠶᠢᠳᠡ 15 | ᠡᠷᠦᠬᠡ ᠳᠤ ᠬᠦᠷᠭᠡᠬᠦ ᠪᠠᠷ ᠴᠢᠷᠮᠠᠶᠢᠨ᠎ᠠ᠃ ᠲᠤᠮᠳᠠ ᠪᠠᠭ᠎ᠠ ᠠᠵᠤ ᠠᠬᠤᠶᠢᠯᠠᠯ ᠤᠨ ᠦᠢᠯᠡᠰ ᠪᠦᠳᠦᠭᠡᠬᠦ ᠤᠷᠤᠨ | ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠬᠠᠮᠳᠤ ᠳᠤᠨᠢ ᠲᠦᠯᠬᠢᠨ ᠠᠬᠢᠭᠤᠯᠵᠤ᠂ ᠡᠵᠡᠮᠳᠡᠯ ᠤᠨ ᠴᠢᠨᠠᠷᠳᠠᠢ | ᠨᠠᠷᠢᠨ ᠲᠦᠯᠦᠪᠵᠢᠬᠦᠯᠬᠡ ᠪᠠ ᠠᠵᠤ ᠦᠢᠯᠡᠰ ᠤᠨ ᠲᠦᠯᠦᠪᠵᠢᠬᠦᠯᠬᠡ ᠶᠢ ᠲᠤᠭᠳᠠᠭᠠᠨ᠂ ︽ᠭᠤᠷᠪᠠ ᠶᠢ | ᠨᠡᠪᠳᠡᠷᠡᠬᠦᠯᠵᠦ ᠨᠢᠬᠡ ᠶᠢ ᠲᠡᠭᠰᠢᠯᠡᠬᠦ︾ ᠢᠵᠢ ᠪᠦᠷᠢᠳᠦᠭᠰᠡᠨ ᠪᠦᠳᠦᠭᠡᠨ ᠪᠠᠶᠢᠭᠤᠯᠤᠯᠳᠠ ᠶᠢ ᠬᠢᠵᠦ᠂ ᠤᠷᠤᠵᠤ | ᠨᠤᠳᠤᠭᠰᠢᠬᠤ ᠠᠵᠤ ᠠᠬᠤᠶᠢᠯᠠᠯ ᠢ 10 ᠡᠷᠦᠬᠡ ᠠᠴᠠ ᠲᠡᠭᠡᠭᠰᠢ ᠪᠤᠯᠭᠠᠨ᠂ ᠠᠳᠠᠭ ᠲᠠᠭᠠᠨ 8 ᠡᠷᠦᠬᠡ ᠶᠢᠨ | ᠦᠢᠯᠡᠳᠪᠦᠷᠢᠯᠡᠯ ᠡᠵᠡᠩᠨᠡᠯᠳᠡ ᠶᠢ ᠡᠬᠢᠯᠡᠬᠦᠯᠦᠨ᠎ᠡ᠃ ᠬᠤᠶᠠᠷ ᠲᠤ᠂ ᠭᠤᠤᠯᠳᠠᠯᠭᠠᠳᠠᠢ ᠲᠦᠷᠦᠯ ᠵᠦᠢᠯ ᠤᠨ | ᠪᠦᠳᠦᠬᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠭᠡᠷᠡᠭᠳᠡᠢ᠃ ᠴᠡᠪᠡᠷ ᠤᠰᠤᠨ ᠤ | ᠲᠦᠬᠦᠭᠡᠷᠦᠮᠵᠢ ᠦᠢᠯᠡᠳᠪᠦᠷᠢᠯᠡᠬᠦ᠂ ᠰᠢᠨ᠎ᠡ ᠬᠡᠯᠪᠡᠷᠢ ᠶᠢᠨ ᠰᠠᠯᠬᠢᠨ ᠰᠠᠩᠰᠠ ᠦᠢᠯᠡᠳᠪᠦᠷᠢᠯᠡᠬᠦ ᠵᠢᠴᠢ ᠰᠠᠯᠬᠢ ᠭᠡᠷᠡᠯ | ᠨᠦᠬᠦᠴᠡᠯᠳᠦᠭᠰᠡᠨ ᠲᠦᠷᠦᠯ ᠵᠦᠢᠯ ᠪᠠ ᠯᠢᠲ ᠴᠠᠬᠢᠯᠭᠠᠨ ᠴᠡᠨᠡᠭ ᠦᠢᠯᠡᠳᠪᠦᠷᠢᠯᠡᠬᠦ ᠲᠦᠷᠦᠯ ᠵᠦᠢᠯ ᠢ ᠡᠨᠡ ᠵᠢᠯ | ᠪᠦᠬᠦᠨ ᠢ ᠦᠢᠯᠡᠳᠪᠦᠷᠢᠯᠡᠯ ᠡᠬᠢᠯᠡᠬᠦᠯᠵᠦ᠂ ᠳ᠋ᠠᠯᠢᠶᠠᠨ ᠤ ᠲᠡᠮᠦᠷᠯᠢᠭ ᠬᠠᠶᠢᠯᠠᠭᠤᠯᠵᠤ ᠬᠤᠯᠬᠤᠪᠴᠢ ᠬᠢᠬᠦ ᠲᠦᠷᠦᠯ | ᠵᠦᠢᠯ ᠢ 4 ᠰᠠᠷ᠎ᠠ ᠳᠤ ᠪᠦᠳᠦᠭᠡᠨ ᠪᠠᠶᠢᠭᠤᠯᠤᠯᠳᠠ ᠡᠬᠢᠯᠡᠬᠦᠯᠦᠨ᠋᠂ ᠡᠨᠡ ᠵᠢᠯ ᠳᠡᠭᠡᠨ ᠦᠢᠯᠡᠳᠪᠦᠷᠢ ᠶᠢᠨ | ᠲᠠᠰᠤᠭ ᠤᠨ ᠭᠤᠤᠯ ᠴᠤᠭᠴᠠ ᠶᠢᠨ ᠪᠠᠷᠢᠯᠭ᠎ᠠ ᠪᠠ ᠭᠡᠰᠡᠭ ᠲᠦᠬᠦᠭᠡᠷᠦᠮᠵᠢ ᠶᠢᠨ ᠤᠭᠰᠠᠷᠠᠯᠳᠠ ᠶᠢ ᠪᠡᠶᠡᠯᠡᠬᠦᠯᠵᠦ᠂ | ᠲᠠᠷᠠᠭ᠎ᠠ ᠵᠢᠯ ᠤᠨ ᠡᠬᠢᠨ ᠳᠤ ᠲᠤᠷᠰᠢᠵᠤ ᠦᠢᠯᠡᠳᠪᠦᠷᠢᠯᠡᠬᠦ ᠪᠠᠷ ᠴᠢᠷᠮᠠᠶᠢᠨ᠎ᠠ᠃ ᠱᠧᠨᠩᠵᠧᠨ ᠤ ᠢᠯᠴᠢ ᠴᠠᠬᠢᠯᠭᠠᠨ | ᠤ ᠬᠠᠮ ᠦᠢᠯᠡᠳᠪᠦᠷᠢᠯᠡᠯ ᠤᠨ ᠲᠦᠷᠦᠯ ᠵᠦᠢᠯ ᠂ ᠴᠢᠩᠳᠤᠤ ᠶᠢᠨ ᠭᠡᠷᠡᠯ ᠴᠠᠬᠢᠯᠭᠠᠨ ᠤ ᠲᠦᠬᠦᠭᠡᠷᠦᠮᠵᠢᠳᠦ | ᠲᠠᠷᠢᠶᠠᠯᠠᠩ ᠤᠨ ᠲᠦᠷᠦᠯ ᠵᠦᠢᠯ ᠵᠡᠷᠭᠡ ᠶᠢ ᠡᠷᠳᠡᠬᠡᠨ ᠡᠬᠢᠯᠡᠬᠦᠯᠬᠦ ᠪᠠᠷ ᠴᠢᠷᠮᠠᠶᠢᠨ᠎ᠠ᠃ ᠭᠤᠷᠪᠠ ᠳᠤ᠂ ᠠᠵᠤ | ᠠᠬᠤᠶᠢᠯᠠᠯ ᠢ ᠢᠳᠡᠪᠬᠢᠳᠡᠢ ᠲᠡᠳᠬᠦᠵᠦ ᠡᠷᠡᠬᠦᠯ ᠢᠶᠠᠷ ᠬᠦᠭᠵᠢᠬᠦᠯᠬᠦ ᠭᠡᠷᠡᠭᠳᠡᠢ᠃ ᠬᠤᠩ ᠵᠢᠩ ᠶᠤᠸᠠᠨ ᠲᠤᠰᠤᠨ ᠤ | ᠦᠢᠯᠡᠳᠪᠦᠷᠢ ᠢ ᠲᠡᠳᠬᠦᠵᠦ᠂ ᠮᠡᠷᠭᠡᠵᠢᠯ ᠢᠶᠠᠨ ᠦᠬᠡᠷᠡᠴᠢᠯᠡᠵᠦ ᠦᠢᠯᠡᠳᠪᠦᠷᠢ ᠨᠡᠬᠦᠬᠦ ᠲᠦᠷᠦᠯ ᠵᠦᠢᠯ ᠢ | ᠪᠡᠶᠡᠯᠡᠬᠦᠯᠦᠨ᠂ 6 ᠰᠠᠷ᠎ᠠ ᠶᠢᠨ ᠰᠡᠬᠦᠯᠴᠢ ᠪᠠᠷ ᠰᠢᠨ᠎ᠡ ᠦᠢᠯᠡᠳᠪᠦᠷᠢ ᠶᠢᠨ ᠲᠤᠭᠤᠷᠢᠭ ᠲᠠᠭᠠᠨ ᠦᠢᠯᠡᠳᠪᠦᠷᠢᠯᠡᠯ | ᠡᠬᠢᠯᠡᠬᠦᠯᠬᠦ ᠪᠠᠷ ᠴᠢᠷᠮᠠᠶᠢᠨ᠎ᠠ᠃ ᠲᠠᠯ᠎ᠠ ᠨᠤᠳᠤᠭ ᠠᠷᠢᠬᠢᠨ ᠦᠢᠯᠡᠳᠪᠦᠷᠢ ᠶᠢᠨ ᠡᠷᠡᠬᠦᠯ ᠢᠶᠠᠷ ᠬᠦᠭᠵᠢᠬᠦ ᠶᠢ | ᠠᠬᠢᠭᠤᠯᠵᠤ᠂ ᠤᠯᠠᠮᠵᠢᠯᠠᠯᠳᠤ ᠮᠡᠷᠭᠡᠵᠢᠯ ᠤᠨ ᠲᠠᠪᠠᠭᠤᠯᠢᠭ ᠢ ᠪᠠᠷᠢᠮᠳᠠᠯᠠᠨ᠂ ᠤᠯᠤᠰ ᠤᠨ ᠲᠡᠰ ᠤᠨ ᠨᠡᠷ᠎ᠡ | ᠠᠯᠳᠠᠷᠰᠢᠭᠰᠠᠨ ᠲᠠᠸᠠᠷ ᠤᠨ ᠲᠡᠮᠳᠡᠭ ᠢᠶᠠᠷ ᠡᠷᠡᠮᠡᠯᠵᠡᠯᠡᠨ᠎ᠡ᠃ ᠡᠯᠧᠺᠲᠷᠤᠨ ᠢᠶᠠᠷ ᠬᠠᠭᠤᠷᠮᠠᠭ ᠢ ᠰᠡᠷᠭᠡᠶᠢᠯᠡᠬᠦ ᠪᠠ | ᠶᠠᠰᠤ ᠴᠢᠨᠠᠷ ᠤᠨ ᠮᠦᠷᠳᠡᠯᠳᠡ ᠬᠢᠬᠦ ᠰᠢᠰᠲ᠋ᠧᠮ ᠢ ᠡᠬᠢᠯᠡᠬᠦᠯᠵᠦ᠂ ᠨᠤᠳᠤᠭ ᠤᠨ ᠨᠡᠷᠡᠳᠦ ᠰᠢᠯᠢᠳᠡᠭ ᠭᠠᠷᠤᠯᠳᠠ ᠶᠢ | ᠬᠠᠮᠠᠭᠠᠯᠠᠨ᠎ᠠ᠃ ᠤᠳᠤ ᠪᠠᠶᠢᠭ᠎ᠠ ᠠᠵᠤ ᠠᠬᠤᠶᠢᠯᠠᠯ ᠢ ᠲᠡᠳᠬᠦᠵᠦ᠂ ᠪᠡᠭᠡᠵᠢᠩ ᠤᠨ ᠬᠤᠸᠠ ᠨᠢᠦ ᠰᠢᠨᠵᠢᠯᠡᠭᠡ | ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠯᠤᠭ᠎ᠠ ᠶᠢᠨ ᠬᠠᠮᠳᠤᠷᠠᠯᠴᠠᠭ᠎ᠠ ᠶᠢ ᠴᠢᠩᠭᠠᠳᠬᠠᠨ᠂ ᠨᠤᠬᠠᠢ ᠶᠢᠨ | ᠬᠤᠰᠢᠭᠤ᠂ ᠶᠠᠮᠠ ᠶᠢᠨ ᠦᠷ᠎ᠡ᠂ ᠲᠦᠮᠦᠰᠦ ᠵᠡᠷᠭᠡ ᠪᠦᠳᠦᠭᠡᠭᠳᠡᠬᠦᠨ ᠤ ᠮᠡᠷᠭᠡᠵᠢᠯ ᠤᠨ ᠰᠤᠳᠤᠯᠭ᠎ᠠ ᠶᠢ ᠢᠳᠡᠪᠬᠢᠳᠡᠢ | ᠦᠷᠨᠢᠬᠦᠯᠦᠨ᠎ᠡ᠃ ᠬᠤᠰᠢᠭᠤᠨ ᠤ ᠤᠳᠤᠷᠢᠳᠤᠯᠭ᠎ᠠ ᠭᠤᠤᠯᠳᠠᠯᠭᠠᠳᠠᠢ ᠠᠵᠤ ᠠᠬᠤᠶᠢᠯᠠᠯ ᠢ ᠲᠠᠭᠠᠭᠠᠴᠢᠯᠠᠨ ᠬᠠᠪᠰᠤᠷᠬᠤ | ᠲᠦᠷᠢᠮ ᠢ ᠭᠡᠷᠡᠭᠵᠢᠬᠦᠯᠵᠦ᠂ ᠬᠤᠯᠪᠤᠭᠳᠠᠯ ᠪᠦᠬᠦᠢ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠰᠠᠶᠢᠳᠤᠷ | ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠬᠦᠭᠵᠢᠯᠳᠡ ᠳᠤ ᠨᠦᠬᠦᠴᠡᠯ ᠡᠬᠦᠳᠦᠨ᠎ᠡ᠃ ᠭᠡᠪᠴᠢᠶᠡᠵᠢᠯ ᠠᠴᠠ | ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠷᠳᠡᠭ ᠢ 35 | ᠳ᠋ᠦᠩᠰᠢᠭᠤᠷ ᠲᠦᠬᠦᠷᠢᠭ ᠲᠤ ᠬᠦᠷᠭᠡᠵᠦ᠂ 13. 6 % ᠪᠠᠷ ᠨᠡᠮᠡᠭᠳᠡᠬᠦᠯᠦᠨ᠎ᠡ᠃ ᠲᠦᠷᠪᠡ ᠳᠤ᠂ ᠠᠷᠠᠯᠵᠢᠶᠠᠴᠢᠨ | ᠤᠷᠢᠵᠤ ᠪᠡᠯᠡ ᠤᠷᠤᠭᠤᠯᠬᠤ ᠠᠵᠢᠯ ᠢ ᠠᠮᠵᠢᠯᠳᠠ ᠪᠦᠳᠦᠮᠵᠢ ᠳᠤ ᠬᠦᠷᠭᠡᠬᠦ ᠭᠡᠷᠡᠭᠳᠡᠢ ᠃ ᠠᠶᠢᠮᠠᠭ ᠤᠨ | ᠲᠤᠳᠤᠭᠠᠳᠤ ᠶᠢᠨ ᠵᠠᠬ᠎ᠠ ᠲᠡᠯᠬᠡᠬᠦᠷ ᠪᠠ ᠡᠬᠢ ᠪᠠᠶᠠᠯᠢᠭ ᠤᠨ ᠲᠤᠬᠢᠷᠠᠭᠤᠯᠭ᠎ᠠ ᠶᠢᠨ ᠲᠦᠷᠦ ᠶᠢᠨ ᠪᠤᠳᠤᠯᠭ᠎ᠠ ᠶᠢ | ᠠᠰᠢᠭᠯᠠᠵᠤ᠂ ᠪᠡᠭᠡᠵᠢᠩ ᠲᠢᠶᠠᠨᠵᠢᠨ ᠾᠧᠪᠸᠢ ᠶᠢᠨ ᠬᠠᠮᠳᠤᠷᠠᠭᠰᠠᠨ ᠬᠦᠭᠵᠢᠯᠳᠡ ᠶᠢᠨ ᠠᠵᠤ ᠦᠢᠯᠡᠰ ᠤᠨ | ᠰᠢᠯᠵᠢᠯᠳᠡ ᠶᠢᠨ ᠰᠤᠷᠠᠭ ᠵᠠᠩᠬᠢ ᠶᠢ ᠡᠵᠡᠮᠰᠢᠨ᠂ ᠠᠷᠭ᠎ᠠ ᠪᠠᠷᠢᠯ ᠤᠨ ᠰᠢᠨ᠎ᠡ ᠶᠢ ᠡᠬᠦᠳᠴᠦ᠂ ᠲᠤᠨᠤᠭ | ᠲᠦᠬᠦᠭᠡᠷᠦᠮᠵᠢ ᠦᠢᠯᠡᠳᠬᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠨᠠᠷᠢᠯᠢᠭ ᠬᠦᠨ | ᠪᠤᠯᠪᠠᠰᠤᠷᠠᠭᠤᠯᠬᠤ ᠵᠡᠷᠭᠡ ᠠᠵᠤ ᠦᠢᠯᠡᠰ ᠢ ᠢᠳᠡᠪᠬᠢᠳᠡᠢ ᠲᠠᠳᠠᠵᠤ ᠤᠷᠤᠭᠤᠯᠤᠨ᠂ ᠪᠦᠬᠦ ᠵᠢᠯ ᠳᠤ ᠠᠷᠠᠯᠵᠢᠶᠠᠴᠢᠨ | ᠤᠷᠢᠵᠤ ᠤᠷᠤᠭᠤᠯᠬᠤ ᠪᠡᠯᠡ ᠮᠦᠩᠬᠦ ᠶᠢ 20 ᠳ᠋ᠦᠩᠰᠢᠭᠤᠷ ᠲᠦᠭᠦᠷᠢᠭ ᠲᠤ ᠬᠦᠷᠭᠡᠨ᠎ᠡ᠃ | — — ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠶᠢᠨ ᠢᠳᠡᠪᠬᠢ ᠬᠦᠴᠦᠨ ᠢ ᠲᠠᠶᠢᠴᠢᠯᠠᠨ᠎ᠠ᠃ | ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠪᠠᠶᠢᠷᠢ ᠶᠢ ᠤᠨᠤᠪᠴᠢᠳᠠᠢ ᠲᠤᠭᠳᠠᠭᠠᠵᠤ᠂ ᠡᠬᠢ ᠪᠠᠶᠠᠯᠢᠭ ᠤᠨ | ᠨᠡᠭᠡᠭᠡᠯᠳᠡ᠂ ᠦᠵᠡᠮᠵᠢ ᠶᠢᠨ ᠤᠷᠤᠨ ᠤ ᠪᠦᠳᠦᠬᠡᠨ ᠪᠠᠶᠢᠭᠤᠯᠤᠯᠳᠠ᠂ ᠵᠠᠮ ᠱᠤᠭᠤᠮ ᠤᠨ ᠡᠬᠦᠳᠦᠯᠳᠡ᠂ | ᠲᠦᠬᠦᠭᠡᠷᠦᠮᠵᠢ ᠶᠢᠨ ᠢᠵᠢ ᠪᠦᠷᠢᠳᠦᠯ᠂ ᠲᠦᠷᠦ ᠶᠢᠨ ᠪᠤᠳᠤᠯᠭ᠎ᠠ ᠶᠢᠨ ᠲᠡᠮᠵᠢᠯᠬᠡ ᠵᠡᠷᠭᠡ ᠶᠢ ᠰᠠᠶᠢᠨ ᠬᠢᠵᠦ᠂ | ᠤᠶᠢᠷ᠎ᠠ ᠬᠦᠷᠰᠢ ᠭᠠᠵᠠᠷ ᠤᠷᠤᠨ ᠲᠠᠢ ᠬᠠᠮᠵᠢᠯᠴᠠᠭ᠎ᠠ ᠪᠠᠨ ᠴᠢᠩᠭᠠᠳᠬᠠᠨ᠂ ᠪᠡᠬᠡᠵᠢᠩ ᠤᠨ ᠠᠷᠤ ᠳᠠᠬᠢ ᠲᠡᠷᠢᠬᠦᠨ | ᠲᠠᠯ᠎ᠠ ᠨᠤᠳᠤᠭ ᠤᠨ ᠨᠡᠷᠡᠳᠦ ᠲᠡᠮᠳᠡᠭ ᠢ ᠡᠬᠦᠳᠬᠦ ᠭᠡᠷᠡᠭᠳᠡᠢ᠃ ︽ᠬᠠᠭᠠᠨ ᠤ ᠠᠳᠤᠭᠤᠨ ᠵᠤᠰᠠᠭᠠᠯ︾ 4A ᠲᠡᠰ | ᠤᠨ ᠦᠵᠡᠮᠵᠢ ᠶᠢᠨ ᠤᠷᠤᠨ ᠢ ᠨᠠᠷᠢᠨ ᠨᠢᠮᠪᠠᠢ ᠲᠦᠯᠦᠪᠵᠢᠬᠦᠯᠦᠨ ᠪᠠᠶᠢᠭᠤᠯᠵᠤ᠂ ᠲᠤᠮᠳᠠᠳᠤ ᠤᠯᠤᠰ ᠤᠨ | ᠠᠳᠤᠭᠤᠨ ᠦᠢᠯᠡᠰ ᠤᠨ ᠨᠡᠶᠢᠬᠡᠮᠯᠢᠭ᠂ ᠪᠡᠭᠡᠵᠢᠩ ᠤᠨ ᠮᠤᠷᠢᠨ ᠮᠡᠷᠭᠡᠵᠢᠯ ᠤᠨ ᠨᠡᠶᠢᠬᠡᠮᠯᠢᠭ ᠤᠨ ᠬᠤᠯᠠ ᠶᠢᠨ ᠮᠤᠷᠢ | ᠦᠷᠡᠵᠢᠬᠦᠯᠬᠦ ᠪᠠ ᠰᠤᠷᠭᠠᠬᠤ ᠰᠠᠭᠤᠷᠢᠨ ᠭᠠᠵᠠᠷ ᠳᠤ ᠲᠦᠰᠢᠭᠯᠡᠵᠦ᠂ ᠤᠨᠴᠠᠯᠢᠭ ᠲᠡᠮᠳᠡᠭ ᠲᠠᠢ ᠤᠷᠤᠯᠳᠤᠭᠠᠨ | ᠨᠠᠶᠢᠷ ᠢ ᠲᠦᠰᠦᠪᠯᠡᠨ ᠡᠷᠬᠢᠯᠡᠨ᠎ᠡ᠃ ᠦᠪᠡᠷᠦᠨ ᠲᠡᠷᠭᠡ ᠪᠠᠷ ᠵᠢᠭᠤᠯᠴᠢᠯᠠᠬᠤ ᠬᠤᠨᠤᠭ ᠪᠠᠭᠤᠴᠠ᠂ ︽ᠪᠦᠷᠳᠡ | ᠴᠢᠨ᠋ᠸ᠎ᠠ ᠶᠢᠨ ᠨᠤᠳᠤᠭ︾ ᠦᠵᠡᠮᠵᠢ ᠶᠢᠨ ᠤᠷᠤᠨ ᠵᠡᠷᠭᠡ ᠵᠢᠭᠤᠯᠴᠢᠯᠠᠯ ᠤᠨ ᠲᠦᠷᠦᠯ ᠵᠦᠢᠯ ᠢ ᠡᠨᠡ ᠵᠢᠯ ᠳᠡᠭᠡᠨ | ᠡᠵᠡᠩᠨᠡᠯᠳᠡ ᠡᠬᠢᠯᠡᠬᠦᠯᠵᠦ᠂ ᠫᠤᠤᠲ᠋ᠠᠶᠢᠶ᠋ᠢᠩᠽᠢ ᠠᠳᠤᠭᠤᠳᠤ ᠪᠠᠯᠭᠠᠰᠤ᠂ 176 ᠬᠦᠷᠢᠶᠡᠯᠡᠩ ᠤᠨ ᠠᠮᠢ ᠠᠬᠤᠢ ᠶᠢᠨ | ᠵᠢᠭᠤᠯᠴᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠡᠬᠢᠯᠡᠬᠦ ᠪᠠᠷ ᠴᠢᠷᠮᠠᠶᠢᠨ᠎ᠠ᠃ ︽ᠠᠷᠪᠠ ᠶᠢ | ᠪᠦᠷᠬᠦᠬᠦᠯᠬᠦ︾ ᠢᠨᠵᠧᠨᠧᠷᠢᠩ ᠢ ᠠᠰᠢᠭᠯᠠᠵᠤ᠂ ᠮᠠᠯᠴᠢᠨ ᠲᠠᠷᠢᠶᠠᠴᠢᠨ ᠡᠷᠦᠬᠡ ᠶᠢᠨ ᠵᠢᠭᠤᠯᠴᠢᠯᠠᠯ ᠢ ᠲᠡᠰ | ᠲᠡᠪᠰᠢᠬᠦᠯᠦᠨ᠂ ᠬᠦᠳᠡᠭᠡ ᠶᠢᠨ ᠵᠢᠭᠤᠯᠴᠢᠯᠠᠯ ᠤᠨ ᠰᠢᠨ᠎ᠡ ᠬᠡᠪ ᠵᠠᠭᠪᠤᠷ ᠢ ᠲᠠᠰᠤᠷᠠᠯᠳᠠ ᠦᠬᠡᠢ ᠲᠦᠯᠬᠢᠨ | ᠠᠬᠢᠭᠤᠯᠵᠤ᠂ ᠴᠢᠶᠤᠤ ᠵᠢᠶᠠ ᠶᠢᠩᠽᠢ ᠰᠢᠨ᠎ᠡ ᠬᠡᠯᠪᠡᠷᠢ ᠶᠢᠨ ᠠᠮᠢ ᠠᠬᠤᠢ ᠶᠢᠨ ᠬᠦᠷᠢᠶᠡᠯᠡᠩ ᠪᠠ ᠰᠢᠨ ᠾᠧ | ᠲᠤᠰᠬᠤᠨ ᠤ ᠲᠠᠷᠢᠶᠠᠴᠢᠨ ᠠᠶᠢᠯ ᠤᠨ ᠵᠢᠭᠤᠯᠴᠢᠯᠠᠯ ᠤᠨ ᠲᠦᠷᠦᠯ ᠵᠦᠢᠯ ᠢ ᠡᠬᠢᠯᠡᠵᠦ ᠭᠡᠷᠡᠭᠵᠢᠬᠦᠯᠦᠨ᠎ᠡ᠃ | ᠵᠢᠭᠤᠯᠴᠢᠯᠠᠯ ᠤᠨ ᠡᠬᠢ ᠪᠠᠶᠠᠯᠢᠭ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠪᠦᠬᠦ ᠵᠢᠯ ᠳᠤ | ᠤᠭᠳᠤᠨ ᠵᠤᠴᠢᠯᠠᠬᠤ ᠵᠢᠭᠤᠯᠴᠢᠯᠠᠭᠴᠢ ᠶᠢᠨ ᠲᠤᠭ᠎ᠠ ᠶᠢ 15 % ᠢᠯᠡᠬᠦᠦ ᠪᠠᠷ ᠨᠡᠮᠡᠭᠳᠡᠬᠦᠯᠦᠨ᠎ᠡ᠃ ᠤᠷᠤᠨ | ᠪᠦᠰᠡ ᠶᠢᠨ ᠴᠢᠨᠠᠷᠳᠠᠢ ᠠᠷᠠᠯᠵᠢᠶ᠎ᠠ ᠬᠦᠢᠯᠬᠡᠬᠡᠨ ᠤ ᠲᠦᠪ ᠢ ᠡᠬᠦᠳᠦᠨ ᠪᠠᠶᠢᠭᠤᠯᠬᠤ ᠪᠠᠷ ᠬᠦᠴᠦᠯᠡᠬᠦ ᠴᠡᠭ ᠪᠤᠯᠭᠠᠵᠤ | ᠂ ᠪᠠᠷᠠᠭ᠎ᠠ ᠬᠦᠷᠭᠡᠬᠦ᠂ ᠪᠠᠷᠠᠭ᠎ᠠ ᠵᠦᠬᠡᠬᠡᠪᠦᠷᠢᠯᠡᠬᠦ᠂ ᠪᠠᠷᠠᠭ᠎ᠠ ᠬᠠᠳᠠᠭᠠᠯᠠᠬᠤ ᠪᠠ ᠮᠠᠰᠢᠨ ᠲᠡᠷᠭᠡ ᠵᠠᠰᠠᠬᠤ ᠵᠡᠷᠭᠡ | ᠠᠵᠢᠯ ᠲᠦᠷᠦᠯ ᠤᠨ ᠲᠠᠯᠠᠪᠠᠷ ᠢᠳᠡᠪᠬᠢᠳᠡᠢ ᠰᠢᠪᠳᠤᠯᠤᠯᠳᠠ ᠬᠢᠵᠦ᠂ ᠲᠢᠶᠠᠨ ᠮᠠ ᠲᠠᠷᠢᠶᠠᠯᠠᠩ ᠤᠨ ᠪᠦᠳᠦᠭᠡᠭᠳᠡᠬᠦᠨ | ᠪᠦᠬᠡᠮᠳᠡᠬᠦ ᠵᠠᠬ᠎ᠠ ᠲᠡᠯᠬᠡᠬᠦᠷ ᠤᠨ ᠵᠠᠯᠭᠠᠵᠤ ᠪᠠᠶᠢᠭᠤᠯᠬᠤ ᠠᠵᠢᠯ ᠢ ᠬᠢᠨ᠎ᠡ᠃ ᠮᠦᠩᠬᠦᠨ ᠬᠦᠢᠯᠬᠡᠬᠡᠨ ᠤ | ᠦᠢᠯᠡᠴᠢᠯᠡᠭᠡ ᠶᠢᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠲᠤᠮᠳᠠ ᠪᠠᠭ᠎ᠠ | ᠵᠢᠵᠢᠭ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠪᠡᠯᠡ ᠬᠤᠷᠠᠮᠳᠤᠭᠤᠯᠬᠤ ᠳᠤ ᠬᠦᠴᠢᠷ᠂ ᠵᠢᠬᠡᠯᠡᠯᠬᠡ | ᠠᠪᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠨ᠎ᠠ᠃ ᠰᠢᠯᠢᠳᠡᠭ ᠠᠵᠤ ᠠᠬᠤᠶᠢᠯᠠᠯ ᠤᠨ ᠵᠠᠬ᠎ᠠ ᠳᠤ | ᠭᠠᠷᠬᠤ ᠠᠵᠢᠯᠯᠠᠭ᠎ᠠ ᠶᠢ ᠢᠳᠡᠪᠬᠢᠳᠡᠢ ᠲᠦᠯᠬᠢᠨ ᠠᠬᠢᠭᠤᠯᠵᠤ᠂ ᠪᠦᠬᠦ ᠤᠯᠤᠰ ᠤᠨ ᠲᠤᠮᠳᠠ ᠪᠠᠭ᠎ᠠ ᠠᠵᠤ ᠠᠬᠤᠶᠢᠯᠠᠯ | ᠤᠨ ᠬᠤᠪᠢᠴᠠᠭ᠎ᠠ ᠰᠢᠯᠵᠢᠬᠦᠯᠬᠦ ᠰᠢᠰᠲ᠋ᠧᠮ ᠪᠤᠯᠤᠨ ᠦᠪᠦᠷ ᠮᠤᠩᠭᠤᠯ ᠤᠨ ᠬᠤᠪᠢᠴᠠᠭᠠᠨ ᠤ ᠡᠷᠭᠡ ᠶᠢᠨ ᠰᠤᠯᠢᠯᠴᠠᠭᠠᠨ | ᠤ ᠲᠦᠪ ᠢ ᠪᠠᠶᠢᠭᠤᠯᠬᠤ ᠲᠠᠯᠠᠪᠠᠷ ᠰᠢᠪᠳᠤᠯᠤᠯᠳᠠ ᠭᠠᠷᠭᠠᠬᠤ ᠪᠠᠷ ᠴᠢᠷᠮᠠᠶᠢᠨ᠎ᠠ᠃ ᠤᠳᠤ ᠦᠶ᠎ᠡ ᠶᠢᠨ | ᠦᠢᠯᠡᠴᠢᠯᠡᠬᠡᠨ ᠤ ᠦᠢᠯᠡᠰ ᠢ ᠲᠦᠷᠭᠡᠨ ᠬᠦᠭᠵᠢᠬᠦᠯᠵᠦ᠂ ᠪᠡᠭᠡᠵᠢᠩ ᠲᠢᠶᠠᠨᠵᠢᠨ ᠾᠧᠪᠸᠢ ᠵᠡᠷᠭᠡ ᠦᠨᠳᠦᠷ ᠲᠡᠰ | ᠤᠨ ᠵᠠᠬ᠎ᠠ ᠲᠡᠯᠬᠡᠬᠦᠷ ᠲᠤ ᠬᠠᠨᠳᠤᠭᠰᠠᠨ ᠪᠡᠶ᠎ᠡ ᠰᠤᠪᠢᠯᠠᠵᠤ ᠰᠡᠯᠡᠬᠦᠴᠡᠨ ᠴᠡᠩᠬᠡᠬᠦ ᠠᠵᠤ ᠦᠢᠯᠡᠰ ᠤᠨ ᠰᠠᠭᠤᠷᠢᠨ | ᠭᠠᠵᠠᠷ ᠤᠨ ᠪᠦᠳᠦᠭᠡᠨ ᠪᠠᠶᠢᠭᠤᠯᠤᠯᠳᠠ ᠶᠢ ᠢᠳᠡᠪᠬᠢᠳᠡᠢ ᠰᠦᠪᠡᠭᠴᠢᠯᠡᠨ᠂ ᠲᠢᠶᠠᠨ ᠢ ᠨᠠᠰᠤᠵᠢᠯ ᠤᠨ ᠠᠰᠠᠷᠠᠮᠵᠢ | ᠶᠢᠨ ᠪᠠᠶᠢᠭᠤᠯᠤᠮᠵᠢ ᠶᠢᠨ ᠲᠦᠷᠢᠮᠵᠢᠭᠰᠡᠨ ᠬᠦᠭᠵᠢᠯᠳᠡ ᠶᠢ ᠲᠦᠯᠬᠢᠨ ᠠᠬᠢᠭᠤᠯᠤᠨ᠎ᠠ᠃ ᠭᠡᠷᠡᠭᠯᠡᠭᠡᠨ ᠤ ᠱᠠᠭᠠᠷᠳᠠᠯᠭ᠎ᠠ | ᠶᠢᠨ ᠦᠪᠡᠷᠮᠢᠴᠡᠭᠰᠡᠨ᠂ ᠤᠯᠠᠨ ᠲᠠᠯᠠᠵᠢᠭᠰᠠᠨ ᠤᠨᠴᠠᠯᠢᠭ ᠰᠢᠨᠵᠢ ᠶᠢ ᠠᠳᠬᠤᠵᠤ᠂ ᠡᠯᠧᠺᠲᠷᠤᠨ ᠠᠷᠠᠯᠵᠢᠶᠠᠨ ᠤ | ᠶᠠᠪᠤᠳᠠᠯ᠂ ᠤᠳᠤ ᠦᠶ᠎ᠡ ᠶᠢᠨ ᠪᠤᠳᠠᠰ ᠤᠨ ᠬᠦᠢᠯᠬᠡᠬᠡ᠂ ᠰᠡᠯᠡᠬᠦᠴᠡᠯ ᠵᠤᠭ᠎ᠠ᠂ ᠴᠢᠮᠡᠭᠡ ᠵᠠᠩᠬᠢ᠂ ᠠᠮᠢᠳᠤᠷᠠᠯ | ᠤᠨ ᠦᠢᠯᠡᠴᠢᠯᠡᠭᠡ ᠵᠡᠷᠭᠡ ᠰᠢᠨ᠎ᠡ ᠠᠵᠢᠯ ᠦᠢᠯᠡᠰ ᠢ ᠢᠳᠡᠪᠬᠢᠳᠡᠢ ᠪᠤᠶᠢᠵᠢᠭᠤᠯᠤᠨ᠎ᠠ᠃ ᠬᠦᠳᠡᠭᠡ ᠲᠤᠰᠬᠤᠨ ᠤ | ᠰᠦᠯᠵᠢᠶᠡᠨ ᠲᠡᠯᠬᠡᠬᠦᠷ ᠤᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠤᠨᠴᠠᠯᠢᠭᠳᠤ ᠪᠦᠳᠦᠭᠡᠭᠳᠡᠬᠦᠨ ᠤ | ᠪᠤᠷᠤᠯᠠᠭᠤᠯᠭ᠎ᠠ ᠶᠢᠨ ᠵᠠᠮ ᠢ ᠦᠷᠭᠡᠳᠭᠡᠬᠦ ᠭᠡᠷᠡᠭᠳᠡᠢ᠃ ᠬᠤᠭᠤᠯᠠ ᠤᠮᠳᠠ ᠬᠤᠨᠤᠭ ᠰᠠᠭᠤᠴᠠ ᠶᠢᠨ ᠠᠵᠢᠯ ᠲᠦᠷᠦᠯ | ᠢ ᠴᠡᠭᠴᠡᠯᠡᠨ ᠰᠠᠶᠢᠵᠢᠷᠠᠭᠤᠯᠵᠤ᠂ ᠡᠷᠡᠬᠦᠯ ᠬᠠᠮᠠᠭᠠᠯᠠᠯ ᠢ ᠪᠠᠷᠢᠮᠵᠢᠶ᠎ᠠ ᠳᠤ ᠬᠦᠷᠭᠡᠬᠦ ᠴᠡᠭᠴᠡᠯᠡᠯᠳᠡ ᠶᠢᠨ ᠠᠵᠢᠯᠯᠠᠭ᠎ᠠ | ᠶᠢ ᠦᠷᠨᠢᠬᠦᠯᠦᠨ᠂ ᠵᠡᠷᠭᠡ ᠲᠡᠰ ᠲᠤᠭᠳᠠᠭᠠᠬᠤ ᠪᠠ ᠬᠢᠨᠠᠨ ᠬᠠᠮᠢᠶᠠᠷᠬᠤ ᠠᠵᠢᠯ ᠢ ᠴᠢᠩᠭᠠᠳᠬᠠᠵᠤ᠂ ᠠᠷᠠᠳ | ᠲᠦᠮᠡᠨ ᠳᠤ ᠠᠮᠤᠷ ᠲᠦᠪᠰᠢᠨ ᠭᠡᠷᠡᠭᠯᠡᠭᠡᠨ ᠤ ᠤᠷᠴᠢᠨ ᠲᠤᠭᠤᠷᠢᠨ ᠬᠠᠩᠭᠠᠬᠤ ᠭᠡᠷᠡᠭᠳᠡᠢ᠃ | ︵ᠬᠤᠶᠠᠷ︶ ᠨᠤᠭᠤᠭᠠᠨ ᠦᠩᠬᠡ ᠶᠢᠨ ᠬᠦᠭᠵᠢᠯᠳᠡ ᠶᠢ ᠭᠤᠶᠢᠪᠢᠰᠢ ᠦᠬᠡᠢ ᠪᠠᠷᠢᠮᠳᠠᠯᠠᠵᠤ᠂ ᠠᠮᠢ ᠠᠬᠤᠢ | ᠶᠢᠨ ᠠᠮᠤᠷ ᠲᠦᠪᠰᠢᠨ ᠬᠠᠯᠬᠠᠪᠴᠢ ᠶᠢ ᠪᠦᠬᠦ ᠬᠦᠴᠦᠨ ᠢᠶᠠᠷ ᠪᠠᠬᠢᠵᠢᠬᠦᠯᠬᠦ ᠭᠡᠷᠡᠭᠳᠡᠢ᠃ ︽ ᠠᠯᠳᠠ ᠮᠦᠩᠬᠦ ᠪᠠᠷ | ᠰᠤᠯᠢᠰᠢ ᠦᠬᠡᠢ ᠨᠤᠮᠢᠨ ᠨᠤᠭᠤᠭᠠᠨ ᠠᠭᠤᠯᠠ ᠤᠰᠤ ︾ ᠭᠡᠮᠡᠬᠦ ᠬᠦᠭᠵᠢᠯᠳᠡ ᠶᠢᠨ ᠤᠶᠢᠯᠠᠭᠠᠭᠳᠠᠬᠤᠨ ᠢ | ᠪᠠᠳᠤᠳᠬᠠᠵᠤ᠂ ᠬᠢᠯᠪᠠᠷ ᠪᠤᠰᠤ ᠪᠠᠷ ᠢᠷᠡᠭᠰᠡᠨ ᠠᠮᠢ ᠠᠬᠤᠢ ᠶᠢᠨ ᠰᠡᠷᠬᠦᠯᠳᠡ ᠶᠢᠨ ᠦᠷ᠎ᠡ ᠠᠮᠵᠢᠯᠳᠠ ᠪᠠᠨ | ᠪᠠᠬᠢᠵᠢᠬᠦᠯᠬᠦ ᠭᠡᠷᠡᠭᠳᠡᠢ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠤᠷᠴᠢᠮᠬᠠᠨ ᠪᠠᠳᠤᠯᠠᠭᠰᠠᠨ ︽ᠪᠡᠯᠴᠢᠭᠡᠷ ᠰᠡᠷᠬᠦᠬᠡᠵᠦ ᠪᠡᠯᠴᠢᠭᠡᠷᠯᠡᠬᠦᠯᠬᠦ ᠶᠢ ᠴᠠᠭᠠᠵᠠᠯᠠᠬᠤ ᠬᠠᠮᠢᠶᠠᠷᠤᠯᠳᠠ | ᠶᠢᠨ ᠠᠷᠭ᠎ᠠ︾ ᠶᠢ ᠪᠦᠬᠦ ᠲᠠᠯᠠᠪᠠᠷ ᠨᠠᠶᠢᠳᠠᠪᠤᠷᠢᠵᠢᠭᠤᠯᠵᠤ᠂ ᠲᠠᠷᠢᠶᠠᠯᠠᠬᠤ ᠤᠷᠤᠨ ᠳᠤ ᠪᠡᠯᠴᠢᠭᠡᠷᠯᠡᠬᠦᠯᠬᠦ ᠶᠢ | ᠴᠠᠭᠠᠵᠠᠯᠠᠬᠤ᠂ ᠮᠠᠯᠵᠢᠬᠤ ᠤᠷᠤᠨ ᠳᠤ ᠪᠡᠯᠴᠢᠭᠡᠷ ᠰᠡᠷᠬᠦᠭᠡᠬᠦ ᠬᠠᠮᠢᠶᠠᠷᠤᠯᠳᠠ ᠶᠢᠨ ᠠᠷᠭ᠎ᠠ ᠶᠢ ᠴᠢᠩᠭ᠎ᠠ | ᠭᠡᠷᠡᠭᠵᠢᠬᠦᠯᠵᠦ᠂ ᠤᠢ ᠮᠤᠳᠤ ᠪᠠ ᠠᠮᠢ ᠠᠬᠤᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠢᠨᠠᠨ | ᠬᠠᠮᠢᠶᠠᠷᠬᠤ ᠡᠷᠴᠢᠮ ᠢ ᠴᠢᠩᠭᠠᠷᠠᠭᠤᠯᠤᠨ᠂ ᠠᠮᠢ ᠠᠬᠤᠢ ᠶᠢᠨ ᠬᠠᠮᠠᠭᠠᠯᠠᠭᠴᠢ᠂ ᠭᠠᠴᠠᠭ᠎ᠠ ᠲᠤᠰᠬᠤᠨ ᠤ ︽ᠬᠤᠶᠠᠷ | ᠵᠦᠪᠯᠡᠯ︾ ᠤᠨ ᠦᠢᠯᠡᠳᠦᠯ ᠢ ᠪᠠᠳᠠᠷᠠᠭᠤᠯᠵᠤ᠂ ᠤᠯᠠᠨ ᠰᠠᠯᠠᠭ᠎ᠠ ᠮᠦᠴᠢᠷ ᠬᠤᠯᠪᠤᠭᠠᠯᠠᠨ ᠬᠠᠮᠵᠢᠯᠴᠠᠭᠰᠠᠨ ᠬᠠᠤᠯᠢ | ᠭᠡᠷᠡᠭᠵᠢᠬᠦᠯᠬᠦ ᠪᠠᠶᠢᠩᠭᠤ ᠶᠢᠨ ᠲᠤᠭᠳᠠᠴᠠ ᠶᠢ ᠪᠠᠶᠢᠭᠤᠯᠤᠨ᠂ ᠠᠮᠢ ᠠᠬᠤᠢ ᠡᠪᠳᠡᠭᠰᠡᠨ ᠬᠠᠤᠯᠢ ᠪᠤᠰᠤ ᠠᠵᠢᠯᠯᠠᠭ᠎ᠠ | ᠳᠤ ᠴᠢᠩᠭ᠎ᠠ ᠴᠤᠬᠢᠯᠳᠠ ᠦᠭᠬᠦ ᠭᠡᠷᠡᠭᠳᠡᠢ᠃ ᠰᠢᠨ᠎ᠡ ᠨᠢᠬᠡᠨ ᠡᠬᠡᠯᠵᠢ ᠶᠢᠨ ᠠᠮᠢ ᠠᠬᠤᠢ ᠶᠢᠨ ᠱᠠᠩᠨᠠᠵᠤ | ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ︽ᠱᠠᠩᠨᠠᠯ︾ ᠪᠠ ︽ ᠨᠦᠬᠦᠪᠦᠷᠢ︾ | ᠶᠢ ᠰᠠᠯᠭᠠᠨ᠂ ᠮᠠᠯ ᠤᠨᠤᠭ᠎ᠠ ᠶᠢ ᠴᠦᠬᠡᠴᠢᠯᠡᠵᠦ ᠡᠪᠡᠰᠦ ᠪᠤᠷᠳᠤᠭ᠎ᠠ ᠶᠢ ᠨᠡᠮᠡᠭᠳᠡᠬᠦᠯᠬᠦ ᠠᠷᠭ᠎ᠠ ᠪᠠᠷᠢᠯ ᠢ ᠱᠠᠩᠨᠠᠯ | ᠨᠦᠬᠦᠪᠦᠷᠢ ᠶᠢᠨ ᠲᠠᠷᠬᠠᠭᠠᠯᠳᠠ ᠲᠠᠢ ᠬᠤᠯᠪᠤᠭᠳᠠᠭᠤᠯᠵᠤ᠂ ᠮᠠᠯᠴᠢᠳ ᠤᠨ ᠠᠮᠢ ᠠᠬᠤᠢ ᠬᠠᠮᠠᠭᠠᠯᠠᠬᠤ ᠢᠳᠡᠪᠬᠢᠵᠢᠯ ᠢ | ᠤᠯᠠᠮ ᠰᠠᠶᠢᠨ ᠲᠠᠶᠢᠴᠢᠯᠠᠬᠤ ᠭᠡᠷᠡᠭᠳᠡᠢ᠃ ᠬᠠᠮᠠᠭᠠᠯᠠᠯᠳᠠ ᠶᠢᠨ ᠤᠢ ᠮᠤᠳᠤᠨ ᠤ ᠦᠬᠡᠷᠡᠴᠢᠯᠡᠯᠳᠡ ᠶᠢᠨ ᠲᠦᠷᠦᠯ | ᠵᠦᠢᠯ ᠢ ᠡᠷᠡᠮᠡᠯᠵᠡᠯᠡᠨ ᠤᠯᠵᠤ᠂ ᠡᠯᠡᠰᠦᠨ ᠤ ᠡᠬᠢ ᠵᠠᠰᠠᠬᠤ᠂ ᠲᠠᠷᠢᠶᠠᠯᠠᠭ᠎ᠠ ᠶᠢ ᠵᠤᠭᠰᠤᠭᠠᠵᠤ ᠠᠮᠢ ᠠᠬᠤᠢ ᠶᠢ | ᠰᠡᠷᠬᠦᠬᠡᠬᠦ ᠵᠡᠷᠭᠡ ᠢᠨᠵᠧᠨᠧᠷᠢᠩ ᠢ ᠰᠠᠶᠢᠳᠤᠷ ᠭᠡᠷᠡᠭᠵᠢᠬᠦᠯᠦᠨ᠂ ᠡᠨᠡ ᠵᠢᠯ ᠨᠦᠬᠦᠵᠦ ᠲᠠᠷᠢᠬᠤ ᠲᠠᠯᠠᠪᠠᠢ 4 ᠲᠦᠮᠡᠨ | ᠮᠤ᠋ ᠂ ᠬᠠᠶᠢᠯᠠᠷ ᠨᠠᠷᠠᠰᠤ ᠲᠠᠷᠢᠬᠤ ᠲᠠᠯᠠᠪᠠᠢ 2.5 ᠲᠦᠮᠡᠨ ᠮᠤ᠋᠂ ᠭᠤᠤᠯᠳᠠᠯᠭᠠᠳᠠᠢ ᠤᠷᠤᠨ ᠪᠦᠰᠡ ᠶᠢᠨ | ᠨᠤᠭᠤᠭᠠᠷᠠᠭᠤᠯᠤᠯᠳᠠ 0.36 ᠲᠦᠮᠡᠨ ᠮᠤ᠋᠂ ᠬᠦᠮᠦᠨ ᠤ ᠬᠦᠴᠦ ᠪᠠᠷ ᠮᠤᠳᠤ ᠲᠠᠷᠢᠬᠤ ᠲᠠᠯᠠᠪᠠᠢ 0.6 ᠲᠦᠮᠡᠨ ᠮᠤ᠋ | ᠂ ᠠᠷᠠᠴᠢᠯᠠᠨ ᠪᠤᠶᠢᠵᠢᠭᠤᠯᠬᠤ ᠲᠠᠯᠠᠪᠠᠢ1 ᠲᠦᠮᠡᠨ ᠮᠤ᠋ ᠶᠢ ᠪᠡᠶᠡᠯᠡᠭᠦᠯᠦᠨ᠎ᠡ᠃ ︽207︾ ᠵᠠᠰᠠᠮᠠᠯ ᠵᠠᠮ ᠤᠨ | ᠪᠤᠤᠴᠠᠩ ᠤᠨ ᠠᠷᠤ ᠳᠠᠬᠢ ᠴᠢᠯᠠᠭᠤ ᠮᠠᠯᠳᠠᠬᠤ ᠲᠠᠯᠠᠪᠠᠢ ᠪᠠ ᠭᠦᠨᠪᠤᠯᠠᠭ ᠰᠤᠮᠤᠨ ᠤ ᠠᠰᠢᠭᠯᠠᠮᠵᠢ ᠦᠭᠡᠢ ᠴᠢᠯᠠᠭᠤ | ᠰᠢᠷᠤᠢ ᠮᠠᠯᠳᠠᠬᠤ ᠲᠠᠯᠠᠪᠠᠢ ᠶᠢᠨ ᠣᠷᠴᠢᠨ ᠲᠣᠭᠤᠷᠢᠨ ᠤ ᠰᠡᠷᠭᠦᠭᠡᠨ ᠵᠠᠰᠠᠯᠲᠠ ᠶᠢ ᠨᠠᠷᠢᠨ ᠨᠢᠮᠪᠠᠢ ᠥᠷᠨᠢᠭᠦᠯᠵᠦ᠂ | 25 ᠡᠷᠦᠬᠡ ᠠᠭᠤᠷᠬᠠᠢ ᠶᠢᠨ ᠠᠵᠤ ᠠᠬᠤᠶᠢᠯᠠᠯ ᠳᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠬᠢᠨ᠎ᠡ᠃ | ᠠᠮᠢ ᠠᠬᠤᠢ ᠶᠢᠨ ᠪᠣᠯᠪᠠᠰᠤᠨ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠤᠨ ᠪᠠᠶᠢᠭᠤᠯᠤᠯᠲᠠ ᠶᠢ | ᠴᠢᠩᠭᠠᠳᠬᠠᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠲᠣᠬᠳᠠᠭᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠂ | ᠬᠤᠷᠢᠭ᠎ᠠ ᠱᠤᠭᠤᠮ ᠤᠨ ᠬᠡᠪᠴᠢᠶᠡᠨ ᠳᠠᠬᠢ ᠨᠡᠬᠡᠭᠡᠯᠲᠠ ᠶᠢᠨ ᠠᠵᠢᠯ ᠢ ᠴᠡᠪᠡᠷᠯᠠᠨ ᠴᠡᠭᠴᠡᠯᠡᠨ᠎ᠡ᠃ ᠠᠵᠤ ᠠᠬᠤᠶᠢᠯᠠᠯ | ᠤᠨ ᠬᠠᠷᠢᠭᠤᠴᠠᠯᠭᠠᠲᠠᠨ ᠤ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠨ ᠪᠤᠳᠤᠯᠳᠠ ᠶᠢᠨ ᠳᠦᠷᠢᠮ ᠬᠢᠭᠡᠳ | ᠣᠷᠴᠢᠨ ᠲᠣᠭᠤᠷᠢᠨ ᠡᠪᠳᠡᠭᠰᠠᠳ ᠠᠴᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠲᠣᠬᠳᠠᠵᠤ ᠬᠡᠷᠡᠭᠵᠢᠭᠦᠯᠦᠨ᠎ᠡ᠃ ︽ | ᠭᠤᠷᠪᠠᠨ ᠵᠣᠷᠪᠤᠰ ᠬᠤᠷᠢᠭ᠎ᠠ ᠱᠤᠭᠤᠮ︾ ᠪᠠ ︽ ᠭᠤᠷᠪᠠ ᠶᠢ ᠵᠡᠷᠭᠡᠪᠡᠷ ᠶᠠᠪᠤᠭᠳᠠᠭᠤᠯᠬᠤ︾ ᠳᠦᠷᠢᠮ ᠢ ᠡᠷᠡᠰ | ᠬᠡᠷᠡᠭᠵᠢᠬᠦᠯᠵᠦ᠂ ᠪᠤᠬᠢᠷᠳᠤᠯ ᠶᠡᠭᠡ᠂ ᠭᠠᠳᠠᠬᠰᠢᠯᠠᠭᠤᠯᠤᠯᠲᠠ ᠶᠡᠭᠡ᠂ ᠤᠰᠣᠨ ᠤ ᠬᠤᠷᠤᠬᠳᠠᠯ ᠶᠡᠭᠡ ᠲᠥᠷᠥᠯ ᠵᠦᠢᠯ | ᠢ ᠴᠠᠭᠠᠵᠠᠯᠠᠬᠤ ᠬᠡᠷᠡᠭᠲᠠᠢ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠭᠤᠣᠯᠳᠠᠯᠭᠠᠲᠠᠢ | ᠠᠵᠢᠯ ᠲᠥᠷᠥᠯ ᠤᠨ ᠤᠰᠤᠨ ᠤ ᠬᠡᠮᠵᠢᠯᠲᠠ ᠶᠢᠨ ᠲᠥᠬᠦᠭᠡᠷᠦᠮᠵᠢ ᠶᠢ ᠤᠬᠰᠠᠷᠠᠨ᠂ ᠰᠦᠷᠴᠢᠨ ᠤᠰᠤᠯᠠᠬᠤ ᠤᠷᠤᠨ | ᠲᠣᠭᠤᠷᠢᠭ ᠰᠢᠨ᠎ᠡ ᠪᠠᠷ ᠨᠡᠭᠡᠭᠡᠬᠦ ᠶᠢ ᠡᠷᠡᠰ ᠬᠤᠷᠢᠬᠯᠠᠵᠤ᠂ ᠣᠳᠣᠬᠠᠨ ᠤ ᠤᠰᠤᠯᠠᠯᠲᠠ ᠶᠢᠨ ᠠᠷᠭ᠎ᠠ ᠬᠡᠯᠪᠡᠷᠢ ᠶᠢ | ᠥᠭᠡᠷᠡᠴᠢᠯᠠᠨ ᠰᠠᠶᠢᠵᠢᠷᠠᠭᠤᠯᠵᠦ᠂ ᠡᠯ᠎ᠡ ᠠᠵᠢᠯ ᠲᠥᠷᠥᠯ ᠤᠨ ᠤᠰᠤ ᠠᠷᠪᠢᠯᠠᠬᠤ ᠠᠵᠢᠯᠯᠠᠭ᠎ᠠ ᠶᠢ ᠬᠦᠴᠦ ᠲᠠᠯᠪᠢᠵᠦ | ᠥᠷᠨᠢᠭᠦᠯᠦᠨ᠎ᠡ᠃ ︽ ᠬᠤᠶᠡᠷ ᠢ ᠬᠢᠵᠠᠭᠠᠷᠯᠠᠬᠤ︾ ᠱᠠᠭᠠᠷᠳᠠᠯᠭ᠎ᠠ ᠶᠢ ᠪᠦᠬᠦ ᠲᠠᠯᠠᠪᠠᠷ ᠨᠠᠶᠢᠳᠠᠪᠤᠷᠢᠵᠢᠭᠤᠯᠵᠦ᠂ ᠪᠤᠬᠢᠷ | ᠡᠳ᠋ ᠤᠨ ᠭᠠᠳᠠᠬᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠠᠶᠢᠮᠠᠭ ᠤᠨ ᠲᠣᠬᠳᠠᠭᠠᠬᠰᠠᠨ | ᠬᠠᠷᠠᠯᠲᠠ ᠶᠢ ᠪᠡᠶᠡᠯᠡᠭᠦᠯᠬᠦ ᠭᠡᠷᠡᠭᠲᠠᠢ᠃ | ︵ᠭᠤᠷᠪᠠ︶ ᠬᠤᠲᠠ ᠬᠥᠳᠡᠭᠡ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠦᠯᠲᠠ ᠶᠢ | ᠴᠢᠩᠭᠠᠳᠬᠠᠵᠤ᠂ ᠠᠵᠢᠯᠯᠠᠵᠤ ᠰᠠᠭᠤᠷᠢᠰᠢᠬᠤ ᠳᠤ ᠲᠠᠭᠠᠲᠠᠢ ᠣᠷᠴᠢᠨ ᠠᠬᠤᠢ ᠶᠢ ᠪᠠᠶᠢᠭᠤᠯᠬᠤ ᠭᠡᠷᠡᠭᠳᠡᠢ᠃ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠦᠯᠴᠠᠬᠦ ᠦᠭᠡᠢ ᠲᠠᠯ᠎ᠠ ᠶᠢ ᠬᠦᠴᠦᠯᠠᠨ ᠨᠦᠬᠦᠪᠦᠷᠢᠯᠡᠵᠦ᠂ | ᠮᠠᠯᠵᠢᠬᠤ ᠲᠠᠷᠢᠶᠠᠯᠠᠬᠤ ᠣᠷᠤᠨ ᠤ ᠨᠠᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠯᠵᠢᠬᠤ | ᠲᠠᠷᠢᠶᠠᠯᠠᠬᠤ ᠣᠷᠤᠨ ᠤ ᠬᠦᠮᠦᠨ ᠠᠮᠠ ᠶᠢᠨ ᠪᠤᠤᠴᠠᠩ ᠪᠠᠯᠭᠠᠰᠤ ᠵᠦᠭ ᠲᠦᠪᠯᠡᠷᠡᠭᠦ᠂ ᠰᠤᠮᠤ ᠰᠢᠶᠠᠩ ᠪᠠᠯᠭᠠᠰᠤᠨ ᠤ | ᠰᠠᠭᠤᠭ᠎ᠠ ᠭᠠᠵᠠᠷ ᠵᠦᠭ ᠲᠦᠪᠯᠡᠷᠡᠭᠦ᠂ ᠵᠠᠰᠠᠭ ᠵᠠᠬᠢᠷᠭᠠᠨ ᠤ ᠲᠦᠪ ᠪᠣᠯᠬᠤ ᠭᠠᠴᠠᠭ᠎ᠠ ᠲᠤᠰᠬᠤᠨ ᠵᠦᠭ ᠲᠦᠪᠯᠡᠷᠡᠬᠦ | ᠶᠢ ᠲᠦᠯᠬᠢᠨ ᠠᠬᠢᠭᠤᠯᠬᠤ ᠭᠡᠷᠡᠭᠲᠠᠢ᠃ ᠨᠢᠬᠡ ᠳᠤ᠂ ︽ᠠᠷᠪᠠ ᠶᠢ ᠪᠦᠷᠬᠦᠭᠦᠯᠬᠦ︾ ᠰᠢᠢᠳᠪᠦᠷᠢᠲᠦ ᠲᠠᠶᠢᠯᠠᠯᠳᠤᠭᠠᠨ | ᠤ ᠢᠯᠠᠯᠲᠠ ᠶᠢ ᠤᠯᠬᠤ ᠪᠠᠷ ᠴᠢᠷᠮᠠᠶᠢᠨ᠎ᠠ᠃ ᠪᠦᠬᠦ ᠵᠢᠯ ᠳᠤ 10.6 ᠳ᠋ᠦᠩᠰᠢᠭᠤᠷ ᠲᠦᠭᠦᠷᠢᠭ ᠤᠨ ᠪᠡᠯᠡ | ᠣᠷᠣᠭᠤᠯᠵᠦ᠂ ᠡᠭᠦᠨ ᠳᠤ ᠤᠯᠤᠰ ᠤᠨ ᠪᠡᠯᠡ 0.95 ᠳ᠋ᠦᠩᠰᠢᠭᠤᠷ ᠲᠦᠭᠦᠷᠢᠭ᠂ ᠣᠷᠤᠨ ᠤ ᠪᠡᠯᠡ 1.38 | ᠳ᠋ᠦᠩᠰᠢᠭᠤᠷ ᠲᠦᠭᠦᠷᠢᠭ᠂ ᠠᠶᠢᠮᠠᠭ ᠤᠨ ᠪᠡᠯᠡ 1.94 ᠳ᠋ᠦᠩᠰᠢᠭᠤᠷ ᠲᠦᠭᠦᠷᠢᠭ᠂ ᠬᠤᠰᠢᠭᠤ ᠱᠠᠲᠤᠨ ᠤ ᠢᠵᠢ | ᠪᠦᠷᠢᠳᠦᠭᠰᠡᠨ ᠪᠡᠯᠡ ᠮᠦᠩᠭᠦ 3.93 ᠳ᠋ᠦᠩᠰᠢᠭᠤᠷ ᠲᠦᠭᠦᠷᠢᠭ᠂ ᠮᠠᠯᠴᠢᠨ ᠲᠠᠷᠢᠶᠠᠴᠢᠨ ᠤ ᠦᠪᠡᠷ ᠤᠨ | ᠬᠤᠷᠠᠮᠳᠤᠭᠤᠯᠭ᠎ᠠ 2.01 ᠳ᠋ᠦᠩᠰᠢᠭᠤᠷ ᠲᠦᠭᠦᠷᠢᠭ᠂ ᠠᠵᠤ ᠠᠬᠤᠶᠢᠯᠠᠯ ᠤᠨ ᠪᠠᠯᠠ 0.4 ᠳ᠋ᠦᠩᠰᠢᠭᠤᠷ | ᠲᠦᠭᠦᠷᠢᠭ ᠣᠷᠣᠭᠤᠯᠬᠤ ᠳᠦᠰᠦᠪ ᠲᠠᠢ᠃ 10 ᠲᠦᠷᠦᠯ ᠤᠨ ᠪᠦᠷᠬᠦᠭᠦᠯᠬᠦ ᠢᠨᠵᠧᠨᠧᠷᠢᠩ ᠢ ᠬᠡᠷᠡᠭᠵᠢᠭᠦᠯᠵᠦ᠂ | 7500 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠭᠡᠵᠦ᠂ 288 ᠺᠢᠯᠤᠮᠧᠲᠷ ᠵᠡᠭᠡᠯᠢ ᠭᠤᠳᠤᠮᠵᠢ | ᠶᠢ ᠬᠠᠳᠠᠭᠤᠷᠠᠭᠤᠯᠤᠨ᠂ 75 ᠰᠠᠭᠤᠷᠢ ᠠᠶᠤᠯᠬᠦᠢ ᠤᠰᠤ ᠤᠮᠳᠠ ᠶᠢᠨ ᠢᠨᠵᠧᠨᠧᠷᠢᠩ ᠢ ᠬᠡᠷᠡᠭᠵᠢᠭᠦᠯᠵᠦ᠂ ᠡᠷᠡᠭᠦᠯ | ᠬᠠᠮᠠᠭᠠᠯᠠᠯ ᠤᠨ ᠥᠷᠦᠭᠡ 69᠂ ᠬᠡᠦᠭᠡᠳ ᠤᠨ ᠴᠡᠴᠡᠷᠯᠢᠭ 4 ᠂ ᠠᠷᠠᠳ ᠲᠤ ᠲᠦᠬᠦᠮ ᠦᠵᠡᠭᠦᠯᠬᠦ ᠴᠢᠯᠦᠭᠡᠲᠦ | ᠲᠡᠯᠭᠡᠭᠦᠷ 30 ᠶᠢ ᠪᠠᠶᠢᠭᠤᠯᠤᠨ᠂ 1100 ᠡᠷᠦᠭᠡ ᠳᠤ ᠷᠠᠳᠢᠣ᠋ ᠲᠧᠯᠸᠢᠰ ᠨᠡᠪᠲᠡᠷᠡᠭᠦᠯᠵᠦ᠂ 49 ᠭᠠᠴᠠᠭ᠎ᠠ | ᠲᠤᠰᠬᠤᠨ ᠤ ᠰᠣᠶᠤᠯ ᠤᠨ ᠲᠦᠬᠦᠭᠡᠷᠦᠮᠵᠢ ᠶᠢ ᠪᠦᠷᠢᠨᠰᠢᠭᠦᠯᠦᠨ᠂ 87.7 ᠺᠢᠯᠤᠮᠧᠲᠷ ᠴᠠᠬᠢᠯᠭᠠᠨ ᠱᠤᠭᠤᠮ ᠤᠨ | ᠥᠭᠡᠷᠡᠴᠢᠯᠡᠯᠲᠠ ᠶᠢ ᠬᠢᠵᠦ᠂ ᠷᠠᠳᠢᠤ᠋ ᠲᠧᠯᠸᠢᠰ ᠤᠨ ᠰᠠᠭᠤᠷᠢ ᠥᠷᠳᠡᠭᠡ 10᠂ ᠴᠢᠮᠡᠭᠡ ᠬᠤᠯᠪᠤᠭᠠᠨ ᠤ ᠰᠠᠭᠤᠷᠢ | ᠥᠷᠲᠡᠭᠡ 54 ᠶᠢ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ | ᠨᠠᠰᠤᠵᠢᠯ ᠪᠠ ᠡᠮᠨᠡᠯᠭᠡ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭᠠᠨ ᠤ ᠠᠵᠢᠯ ᠢ ᠰᠠᠶᠢᠨ ᠬᠢᠬᠦ ᠬᠡᠷᠡᠭᠲᠠᠢ᠃ 9 | ᠲᠦᠷᠦᠯ ᠤᠨ ᠣᠷᠴᠢᠨ ᠲᠣᠭᠤᠷᠢᠨ ᠤ ᠵᠠᠰᠠᠯᠲᠠ ᠶᠢᠨ ᠢᠵᠢ ᠪᠦᠷᠢᠳᠦᠭᠰᠠᠨ ᠢᠨᠵᠧᠨᠧᠷᠢᠩ ᠢ ᠬᠡᠷᠡᠭᠵᠢᠭᠦᠯᠵᠦ᠂ | 7992 ᠡᠷᠦᠬᠡ ᠶᠢᠨ 31333 ᠲᠠᠰᠤᠯᠭ᠎ᠠ ᠬᠠᠭᠤᠴᠢᠨ ᠪᠠᠶᠢᠰᠢᠩ ᠢ ᠨᠤᠷᠠᠭᠠᠨ᠂ 4453 ᠡᠷᠦᠬᠡ ᠶᠢᠨ | 21158 ᠲᠠᠰᠤᠯᠭ᠎ᠠ ᠬᠡᠷ ᠪᠠᠶᠢᠰᠢᠩ ᠢ ᠰᠡᠯᠪᠢᠨ ᠵᠠᠰᠠᠵᠤ᠂ 195 ᠲᠦᠮᠡᠨ ᠮᠧᠲᠷ ᠭᠡᠷᠡᠮ ᠬᠦᠷᠢᠶ᠎ᠡ ᠶᠢ | ᠦᠭᠡᠷᠡᠴᠢᠯᠡᠨ ᠂ 400 ᠲᠦᠮᠡᠨ ᠪᠤᠰᠤᠭ᠎ᠠ ᠲᠦᠷᠪᠡᠯᠵᠢᠨ ᠮᠧᠲᠷ ᠬᠤᠭ ᠨᠤᠪᠰᠢ ᠶᠢ ᠴᠡᠪᠡᠷᠯᠡᠨ ᠬᠠᠶᠠᠵᠤ᠂ 4 | ᠲᠦᠮᠡᠨ ᠬᠠᠪᠳᠠᠭᠠᠢ ᠲᠦᠷᠪᠡᠯᠵᠢᠨ ᠮᠧᠲᠷ ᠮᠧᠲᠷ ᠬᠡᠷᠡᠮ ᠬᠠᠨ᠎ᠠ ᠶᠢ ᠪᠤᠳᠤᠵᠦ ᠴᠢᠮᠡᠭᠯᠡᠨ᠂ 86.4 ᠲᠦᠮᠡᠨ | ᠬᠠᠪᠳᠠᠭᠠᠢ ᠲᠦᠷᠪᠡᠯᠵᠢᠨ ᠮᠧᠲᠷ ᠵᠠᠮ ᠤᠨ ᠮᠦᠷᠦ ᠶᠢ ᠳᠡᠪᠢᠰᠴᠦ᠂ 1561 ᠰᠠᠭᠤᠷᠢ ᠬᠤᠭ ᠨᠤᠪᠰᠢ ᠶᠢᠨ | ᠣᠩᠭᠤᠴᠠ᠂ 456 ᠰᠠᠭᠤᠷᠢ ᠨᠡᠶᠢᠲᠠ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠂ 311 ᠭᠠᠴᠠᠭ᠎ᠠ ᠲᠤᠰᠬᠤᠨ ᠢ | ᠨᠣᠭᠤᠭᠠᠷᠠᠭᠤᠯᠵᠦ ᠭᠤᠶᠣᠵᠢᠭᠤᠯᠤᠨ᠎ᠠ᠃ ᠬᠤᠶᠠᠷ ᠲᠤ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠶᠢ ᠲᠦᠷᠭᠡᠳᠭᠡᠨ᠎ᠡ᠃ ᠭᠤᠣᠯ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ︽304︾ | ᠵᠠᠰᠠᠮᠠᠯ ᠵᠠᠮ ︵ᠤᠤᠯ ᠤᠨ ᠺᠠᠩ ᠱᠠᠨ ᠱᠤᠭᠤᠮ︶ ᠤᠨ ᠥᠭᠡᠷᠡᠴᠢᠯᠡᠯᠲᠠ ᠶᠢ ᠢᠳᠡᠪᠬᠢᠲᠠᠢ ᠲᠦᠯᠬᠢᠨ ᠠᠬᠢᠭᠤᠯᠵᠦ᠂ | ᠫᠤᠤᠲ᠋ᠠᠶᠢᠶ᠋ᠢᠩᠽᠢ ᠠᠴᠠ ᠰᠢᠶᠤᠤ ᠯᠢ ᠶᠢᠩᠽᠢ ᠬᠦᠷᠭᠦ ᠵᠢᠭᠤᠯᠴᠢᠯᠠᠯ ᠤᠨ ᠵᠠᠮ ᠢ ᠨᠡᠪᠲᠡᠷᠡᠭᠦᠯᠦᠨ᠂ ᠰᠢᠶᠤᠤ ᠯᠢ | ᠶᠢᠩᠽᠢ ᠠᠴᠠ ᠰᠢᠯᠤᠭᠤᠨ ᠬᠦᠭᠡ ᠬᠤᠰᠢᠭᠤ ᠬᠦᠷᠭᠦ ᠵᠢᠭᠤᠯᠴᠢᠯᠠᠯ ᠤᠨ ᠵᠠᠮ ᠤᠨ ᠲᠦᠷᠦᠭᠦᠴᠢ ᠬᠤᠭᠤᠴᠠᠭᠠᠨ ᠤ | ᠠᠵᠢᠯ ᠢ ᠡᠬᠢᠯᠡᠬᠦ ᠶᠢᠨ ᠬᠠᠮᠲᠦ᠂ 122 ᠺᠢᠯᠤᠮᠧᠲᠷ ᠽᠧᠮᠧᠨ᠋ᠲ ᠵᠠᠮ ᠢ ᠵᠠᠰᠠᠵᠤ᠂ ᠪᠡᠭᠡᠵᠢᠩ ᠤᠷᠤᠬᠤ ᠦᠨᠲᠦᠷ | ᠬᠤᠷᠳᠤᠴᠠᠲᠦ ᠲᠡᠮᠦᠷ ᠵᠠᠮ ᠤᠨ ᠪᠦᠲᠤᠭᠡᠨ ᠪᠠᠶᠢᠭᠤᠯᠤᠯᠲᠠ ᠶᠢᠨ ᠲᠦᠷᠦᠭᠦᠴᠢ ᠬᠤᠭᠤᠴᠠᠭᠠᠨ ᠤ ᠠᠵᠢᠯ ᠢ | ᠢᠳᠡᠪᠬᠢᠲᠠᠢ ᠬᠠᠮᠵᠢᠯᠴᠠᠨ ᠪᠡᠶᠡᠯᠡᠭᠦᠯᠦᠨ᠎ᠡ᠃ ᠴᠠᠬᠢᠯᠭᠠᠨ ᠬᠦᠴᠦᠨ ᠤ ᠪᠦᠷᠢᠯᠳᠤᠴᠠ ᠶᠢ ᠦᠷᠭᠦᠯᠵᠢᠯᠠᠨ | ᠲᠡᠭᠦᠯᠳᠡᠷᠵᠢᠭᠦᠯᠵᠦ᠂ ᠡᠨᠡ ᠵᠢᠯ 2 ᠰᠠᠭᠤᠷᠢ 35 ᠺᠢᠯᠤᠸᠤᠯᠲ ᠤᠨ ᠴᠠᠬᠢᠯᠭᠠᠨ ᠬᠤᠪᠢᠰᠬᠠᠬᠤ ᠥᠷᠲᠡᠭᠡᠨ ᠤ | ᠥᠷᠭᠡᠳᠭᠡᠨ ᠪᠠᠶᠢᠭᠤᠯᠬᠤ ᠢᠨᠵᠧᠨᠧᠷᠢᠩ ᠬᠢᠭᠡᠳ 10 ᠺᠢᠯᠤᠸᠤᠯᠲ ᠠᠴᠠ ᠳᠣᠷᠣᠬᠰᠢᠬᠢ ᠴᠠᠬᠢᠯᠭᠠᠨ ᠱᠤᠭᠤᠮ ᠵᠢᠴᠢ | ᠴᠠᠬᠢᠯᠭᠠᠨ ᠬᠤᠪᠢᠰᠬᠠᠬᠤ ᠥᠷᠲᠡᠭᠡᠨ ᠤ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠬᠦᠯᠦᠨ᠂ 500 | ᠺᠢᠯᠤᠸᠤᠯᠲ ᠤᠨ ᠴᠠᠬᠢᠯᠭᠠᠨ ᠬᠤᠪᠢᠰᠬᠠᠬᠤ ᠥᠷᠲᠡᠭᠡᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ ᠲᠦᠯᠬᠢᠨ | ᠠᠬᠢᠭᠤᠯᠤᠨ᠎ᠠ᠃ 5 ᠺᠢᠯᠤᠮᠧᠲᠷ ᠤᠷᠳᠤ ᠲᠤᠮᠲᠠ ᠪᠠᠭ᠎ᠠ ᠰᠠᠪᠠ ᠭᠠᠵᠠᠷ ᠤᠨ ᠶᠡᠷᠦᠩᠭᠡᠶᠢᠯᠡᠭᠰᠠᠨ ᠵᠠᠰᠠᠯᠲᠠ ᠶᠢ ᠬᠢᠵᠦ | ᠂ 26 ᠰᠠᠭᠤᠷᠢ ᠤᠰᠤᠨ ᠰᠤᠷᠪᠤᠯᠵᠢ ᠶᠢᠨ ᠢᠨᠵᠧᠨᠧᠷᠢᠩ ᠢ ᠬᠡᠷᠡᠭᠵᠢᠭᠦᠯᠦᠨ᠂ ᠭᠡᠦ ᠯᠤ᠋ ᠢᠦᠢ ᠭᠤᠣᠯ ᠤᠨ ᠦᠶᠡᠷ | ᠰᠡᠷᠭᠡᠶᠢᠯᠡᠬᠦ ᠢᠨᠵᠧᠨᠧᠷᠢᠩ ᠢ ᠳᠠᠭᠤᠰᠬᠠᠨ᠎ᠠ᠃ ᠭᠤᠷᠪᠠᠨ ᠰᠦᠯᠵᠢᠶ᠎ᠡ ᠶᠢᠨ ᠤᠶᠠᠯᠲᠤᠯ ᠢ ᠠᠬᠢᠭᠤᠯᠵᠦ᠂ ᠪᠦᠬᠦ | ᠠᠶᠢᠮᠠᠭ ᠤᠨ ᠵᠠᠰᠠᠭ ᠤᠨ ᠣᠷᠳᠤᠨ ᠤ ᠮᠡᠳᠡᠭᠡ ᠵᠠᠩᠬᠢ ᠶᠢᠨ ᠳᠠᠪᠴᠠᠩ ᠢ ᠨᠢᠭᠡᠳᠬᠡᠬᠦ ᠠᠵᠢᠯ ᠢ ᠢᠳᠡᠪᠬᠢᠲᠠᠢ | ᠬᠠᠮᠵᠢᠯᠴᠠᠨ ᠪᠡᠶᠡᠯᠡᠬᠦᠯᠵᠦ᠂ ᠵᠠᠰᠠᠭ ᠶᠢᠨ ᠣᠷᠳᠤᠨ ᠤ ᠮᠡᠳᠡᠭᠡ ᠵᠠᠩᠬᠢ ᠶᠢᠨ ᠰᠢᠰᠲ᠋ᠧᠮ ᠪᠠ ᠨᠡᠶᠢᠲᠡ ᠶᠢᠨ ᠲᠤᠭ᠎ᠠ | ᠪᠠᠷᠢᠮᠲᠠ ᠶᠢᠨ ᠬᠠᠷᠢᠯᠴᠠᠨ ᠬᠤᠯᠪᠤᠯᠳᠤᠵᠤ ᠬᠠᠮᠳᠤᠪᠠᠷ ᠡᠳ᠋ᠯᠡᠬᠦ ᠶᠢ ᠪᠡᠶᠡᠯᠡᠭᠦᠯᠦᠨ᠎ᠠ᠃ ᠴᠢᠮᠡᠭᠡ ᠬᠤᠯᠪᠤᠭᠠᠨ ᠤ | ᠰᠠᠭᠤᠷᠢ ᠥᠷᠲᠡᠭᠡ ᠪᠠ ᠮᠠᠯᠵᠢᠬᠤ ᠲᠠᠷᠢᠶᠠᠯᠠᠬᠤ ᠣᠷᠣᠨ ᠤ ᠥᠷᠭᠡᠨ ᠪᠦᠰᠠᠲᠦ ᠰᠦᠯᠵᠢᠶᠡᠨ ᠤ ᠪᠠᠶᠢᠭᠤᠯᠤᠯᠲᠠ ᠶᠢ | ᠴᠢᠩᠭᠠᠳᠬᠠᠵᠤ᠂ ᠪᠦᠬᠦ ᠬᠤᠰᠢᠭᠤᠨ ᠤ ᠬᠡᠪᠴᠢᠶᠡᠨ ᠳᠤ ᠭᠠᠷ ᠤᠲᠠᠰᠤᠨ ᠲᠣᠬᠢᠶ᠎ᠠ ᠪᠠ ᠮᠡᠳᠡᠭᠡ ᠵᠠᠩᠬᠢ ᠶᠢᠨ | ᠰᠦᠯᠵᠢᠶ᠎ᠡ ᠨᠡᠪᠲᠡᠷᠡᠭᠦᠯᠬᠦ ᠪᠠᠷ ᠴᠢᠷᠮᠠᠶᠢᠨ᠎ᠠ᠃ ᠭᠤᠷᠪᠠ ᠳᠤ᠂ ᠬᠤᠲᠠ ᠪᠠᠯᠭᠠᠰᠤᠨ ᠤ ᠲᠦᠯᠦᠪᠵᠢᠬᠦᠯᠭᠡ ᠪᠠ | ᠪᠦᠲᠦᠭᠡᠨ ᠪᠠᠶᠢᠭᠤᠯᠤᠯᠲᠠ ᠶᠢ ᠤᠯᠠᠮ ᠴᠢᠨᠠᠬᠰᠢᠲᠠ ᠲᠡᠬᠦᠯᠳᠡᠷᠵᠢᠬᠦᠯᠦᠨ᠎ᠡ᠃ ᠲᠦᠯᠦᠪᠵᠢᠭᠦᠯᠭᠡ ᠶᠢᠨ | ᠬᠡᠷᠡᠭᠵᠢᠭᠦᠯᠦᠰᠢᠲᠠᠢ ᠴᠢᠨᠠᠷ᠂ ᠢᠷᠡᠭᠡᠲᠦᠶᠢᠴᠢ ᠴᠢᠨᠠᠷ ᠬᠢᠭᠡᠳ ᠲᠦᠪ ᠴᠢᠩᠭ᠎ᠠ ᠴᠢᠨᠠᠷ ᠢ ᠪᠠᠷᠢᠮᠲᠠᠯᠠᠨ᠂ ᠤᠷᠳᠤ | ᠤᠳᠠᠭᠠᠨ ᠤ ᠲᠦᠰᠦᠪ ᠲᠦᠯᠦᠪᠯᠡᠭᠡ ᠬᠢᠭᠡᠳ ︽ᠭᠤᠷᠪᠠᠨ ᠲᠦᠯᠦᠪᠵᠢᠬᠦᠯᠬᠡ ᠶᠢ ᠨᠢᠭᠡᠳᠭᠡᠬᠦ︾ ᠱᠠᠭᠠᠷᠳᠠᠯᠭ᠎ᠠ | ᠶᠣᠰᠤᠭᠠᠷ᠂ ᠪᠤᠤᠴᠠᠩ ᠪᠠᠯᠭᠠᠰᠤ ᠪᠠ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠲᠥᠯᠥᠪᠵᠢᠭᠦᠯᠭᠡ | ᠶᠢ ᠲᠠᠰᠤᠷᠠᠯᠲᠠ ᠦᠭᠡᠢ ᠲᠦᠯᠬᠢᠨ ᠠᠬᠢᠭᠤᠯᠵᠦ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ | ᠤᠬᠠᠭᠠᠨᠴᠢ ᠪᠠᠷ ᠶᠠᠪᠤᠬᠳᠠᠬᠤ ᠶᠢ ᠪᠠᠲᠤᠯᠠᠨ᠎ᠠ᠃ ᠠᠷᠠᠳ ᠣᠯᠠᠨ ᠤ ᠪᠤᠳᠠᠳᠠᠢ ᠬᠦᠰᠠᠯ ᠱᠠᠭᠠᠷᠳᠠᠯᠭ᠎ᠠ ᠪᠠ ᠬᠥᠭᠵᠢᠯᠲᠠ | ᠶᠢᠨ ᠱᠠᠭᠠᠷᠳᠠᠯᠭ᠎ᠠ ᠶᠢ ᠲᠤᠪᠤᠶᠢᠯᠭᠠᠵᠦ᠂ ᠪᠤᠤᠴᠠᠩ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠢᠨ᠎ᠡ ᠲᠣᠭᠤᠷᠢᠭ ᠤᠨ ᠤᠰᠤᠨ ᠤ ᠦᠢᠯᠡᠳᠪᠦᠷᠢ ᠪᠠ 37. | 6 ᠺᠢᠯᠤᠮᠧᠲᠷ ᠢᠵᠢ ᠪᠦᠷᠢᠲᠦᠭᠰᠡᠨ ᠤᠰᠤ ᠬᠠᠩᠭᠠᠬᠤ ᠵᠠᠮ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠶᠢ ᠬᠢᠨ᠎ᠡ ᠃ | ᠪᠣᠬᠢᠷ ᠤᠰᠤ ᠰᠢᠢᠳᠪᠦᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠵᠦ ᠥᠭᠡᠷᠡᠴᠢᠯᠡᠬᠦ᠂ ᠰᠢᠪᠠᠷ | ᠰᠢᠷᠤᠢ ᠶᠢ ᠰᠢᠢᠳᠪᠦᠷᠢᠯᠡᠬᠦ ᠪᠠ ᠤᠰᠤ ᠶᠢ ᠴᠡᠪᠡᠷᠰᠢᠭᠦᠯᠵᠦ ᠠᠰᠢᠬᠯᠠᠬᠤ ᠢᠨᠵᠧᠨᠧᠷᠢᠩ ᠢ ᠬᠡᠷᠡᠭᠵᠢᠭᠦᠯᠵᠦ᠂ ᠪᠣᠬᠢᠷ | ᠤᠰᠤ ᠪᠠ ᠪᠣᠷᠣᠭᠠᠨ ᠤ ᠤᠰᠤ ᠶᠢ ᠰᠠᠯᠭᠠᠨ ᠤᠷᠣᠰᠬᠠᠬᠤ ᠲᠣᠣᠷ ᠬᠤᠭᠤᠯᠠᠢ 58.5 ᠺᠢᠯᠤᠮᠧᠲᠷ ᠢ ᠢᠵᠢ | ᠪᠦᠷᠢᠲᠦᠬᠦᠯᠦᠨᠡ᠃ ᠶᠢᠩ ᠪᠢᠨ ᠵᠠᠮ᠂ ᠵᠢᠶᠠᠨ ᠱᠧ ᠬᠤᠶᠢᠲᠦ ᠵᠠᠮ ᠵᠡᠷᠭᠡ 8 ᠵᠣᠷᠪᠣᠰ ᠵᠠᠭᠡᠯᠢ ᠭᠤᠳᠤᠮᠵᠢ ᠶᠢᠨ | ᠬᠡᠭᠡᠷᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠯᠦᠸᠧ ᠲᠦᠸᠧ ᠱᠠᠨ ᠵᠠᠮ ᠤᠨ ᠪᠦᠲᠦᠭᠡᠨ ᠪᠠᠶᠢᠭᠤᠯᠤᠯᠲᠠ ᠶᠢ | ᠡᠬᠢᠯᠠᠨ᠂ ᠬᠤᠲᠠ ᠶᠢᠨ ᠲᠣᠭᠤᠷᠢᠭ ᠤᠨ ᠡᠮᠦᠨ᠎ᠡ ᠬᠤᠶᠢᠨᠡᠭᠢ ᠬᠤᠶᠠᠳᠤᠭᠠᠷ ᠵᠤᠷᠪᠤᠰ ᠵᠠᠮ ᠢ ᠨᠡᠪᠲᠠᠷᠡᠭᠦᠯᠵᠦ᠂ ᠵᠠᠮ | ᠬᠠᠷᠢᠯᠴᠠᠭᠠᠨ ᠤ ᠲᠠᠷᠤᠭᠠᠰᠤ ᠶᠢ ᠬᠥᠩᠭᠡᠷᠡᠭᠦᠯᠦᠨ᠎ᠡ᠃ ᠵᠡᠭᠦᠨ ᠭᠤᠣᠯ ᠤᠨ ᠡᠮᠦᠨ᠎ᠡ ᠭᠡᠰᠡᠭ ᠤᠨ ᠴᠡᠴᠡᠷᠯᠢᠭ ᠤᠨ | ᠪᠠᠶᠢᠭᠤᠯᠤᠯᠲᠠ ᠶᠢ ᠡᠬᠢᠯᠡᠭᠦᠯᠦᠨ᠎ᠡ᠃ 2 ᠰᠠᠭᠤᠷᠢ ᠢᠯᠴᠢ ᠰᠣᠯᠢᠬᠳᠠᠭᠤᠯᠬᠤ ᠥᠷᠲᠡᠭᠡ ᠪᠠ 2 ᠺᠢᠯᠤᠮᠧᠲᠷ ᠢᠯᠴᠢ | ᠬᠠᠩᠭᠠᠬᠤ ᠲᠣᠣᠷ ᠬᠤᠭᠤᠯᠠᠢ ᠶᠢᠨ ᠥᠭᠡᠷᠡᠴᠢᠯᠠᠯᠲᠠ ᠶᠢ ᠬᠢᠨ᠎ᠠ᠃ ᠤᠰᠤ ᠪᠠᠷ ᠵᠠᠶᠢᠯᠠᠬᠤ ᠨᠡᠶᠢᠲᠠ ᠶᠢᠨ ᠵᠣᠷᠯᠤᠩ 3 | ᠰᠠᠭᠤᠷᠢ᠂ ᠬᠤᠭ ᠨᠤᠪᠰᠢ ᠵᠥᠭᠡᠭᠡᠪᠦᠷᠢᠯᠡᠬᠦ ᠥᠷᠲᠡᠭᠡ 7 ᠰᠠᠭᠤᠷᠢ ᠶᠢ ᠰᠢᠨ᠎ᠡ ᠪᠠᠷ ᠪᠠᠶᠢᠭᠤᠯᠤᠨ᠎ᠡ᠃ ᠪᠠᠷᠢᠯᠭ᠎ᠠ ᠶᠢᠨ | ᠡᠨᠧᠷᠭᠢ ᠠᠷᠪᠢᠯᠠᠬᠤ ᠥᠭᠡᠷᠡᠴᠢᠯᠠᠯᠲᠠ ᠶᠢ 3.4 ᠲᠦᠮᠡᠨ ᠬᠠᠪᠲᠠᠭᠠᠢ ᠲᠦᠷᠪᠠᠯᠵᠢᠨ ᠮᠧᠲᠷ ᠲᠤ ᠬᠢᠨ᠎ᠡ᠃ ᠲᠦᠷᠪᠠ | ᠳᠤ᠂ ᠬᠤᠲᠠ ᠪᠠᠯᠭᠠᠰᠤ ᠪᠠ ᠬᠥᠳᠡᠭᠡ ᠲᠣᠰᠬᠤᠨ ᠤ ᠬᠠᠮᠢᠶᠠᠷᠤᠯᠲᠠ ᠶᠢ ᠴᠢᠩᠭᠠᠳᠬᠠᠬᠤ ᠭᠡᠷᠡᠭᠲᠠᠢ᠃ ᠬᠤᠲᠠ | ᠬᠥᠲᠡᠭᠡ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠡᠭᠴᠡᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠬᠤᠲᠠ ᠶᠢᠨ ᠬᠠᠮᠢᠶᠠᠷᠦᠯᠲᠠ ᠶᠢᠨ ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠬᠦ ᠡᠷᠴᠢᠮ ᠢ | ᠴᠢᠩᠭᠠᠷᠠᠭᠤᠯᠤᠨ᠎ᠠ᠃ ᠰᠠᠭᠤᠭᠠᠯᠢ ᠲᠣᠭᠤᠷᠢᠭ ᠤᠨ ᠬᠠᠮᠢᠷᠠᠷᠤᠯᠲᠠ ᠶᠢᠨ ᠠᠷᠭ᠎ᠠ ᠶᠢ ᠲᠣᠬᠳᠠᠵᠤ᠂ ᠦᠢᠯᠡᠴᠢᠯᠡᠭᠡᠨ ᠳᠤ | ᠬᠤᠯᠪᠤᠬᠳᠠᠬᠰᠠᠨ ᠵᠦᠷᠢᠴᠠᠯ ᠵᠢᠭᠤᠷᠭᠠᠨ ᠶᠢ ᠲᠦᠷᠭᠡᠨ ᠵᠣᠬᠢᠴᠠᠭᠤᠯᠵᠦ ᠰᠢᠢᠳᠪᠦᠷᠢᠯᠡᠬᠦ ᠲᠣᠬᠲᠠᠴᠠ ᠶᠢ | ᠲᠡᠭᠦᠯᠳᠡᠷᠵᠢᠬᠦᠯᠦᠨ᠂ 3—5 ᠵᠢᠯ ᠤᠨ ᠬᠤᠭᠤᠴᠠᠭ᠎ᠠ ᠬᠡᠷᠡᠭᠰᠡᠵᠦ ᠪᠠᠶᠢᠭᠠᠳ ᠬᠠᠭᠤᠴᠢᠨ ᠰᠠᠭᠤᠭᠠᠯᠢ ᠲᠣᠭᠤᠷᠢᠭ | ᠤᠨ ᠥᠭᠡᠷᠡᠴᠢᠯᠡᠯᠲᠠ ᠵᠠᠰᠠᠯᠲᠠ ᠶᠢ ᠬᠢᠬᠦ ᠪᠠᠷ ᠴᠢᠷᠮᠠᠶᠢᠨ᠎ᠠ᠃ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ | ᠬᠠᠮᠢᠶᠠᠷᠤᠯᠲᠠ ᠶᠢ ᠴᠢᠩᠭᠠᠳᠬᠠᠵᠤ᠂ ᠭᠠᠴᠠᠭ᠎ᠠ ᠲᠣᠰᠬᠤᠨ ᠢᠶᠠᠷ ᠭᠤᠣᠯ ᠴᠣᠬᠴᠠ ᠪᠣᠯᠭᠠᠬᠰᠠᠨ᠂ ᠣᠯᠠᠨ ᠲᠦᠮᠡᠨ | ᠲᠥᠯᠦᠪᠦᠷᠢ ᠲᠠᠢ ᠣᠷᠤᠯᠴᠠᠬᠰᠠᠨ᠂ ᠬᠤᠰᠢᠭᠤ ᠰᠤᠮᠤ ᠬᠤᠶᠠᠷ ᠱᠠᠲᠤᠨ ᠠᠴᠠ ᠲᠤᠬᠢᠷᠠᠮᠵᠢᠳᠠᠢ ᠱᠠᠩᠨᠠᠵᠤ | ᠨᠦᠬᠦᠪᠦᠷᠢᠯᠡᠭᠰᠠᠨ᠂ ᠠᠵᠤ ᠠᠬᠤᠶᠢᠯᠠᠯ ᠴᠡᠭ ᠲᠣᠬᠳᠠᠵᠤ ᠲᠡᠳᠬᠦᠭᠰᠡᠨ ᠣᠯᠠᠨ ᠡᠰᠢᠲᠦ ᠪᠡᠯᠡ ᠬᠤᠷᠠᠮᠳᠤᠭᠤᠯᠭ᠎ᠠ ᠶᠢᠨ | ᠬᠠᠮᠢᠶᠠᠷᠤᠯᠲᠠ ᠶᠢᠨ ᠲᠣᠬᠲᠠᠴᠠ ᠶᠢ ᠢᠳᠡᠪᠬᠢᠲᠠᠢ ᠰᠦᠪᠡᠭᠴᠢᠯᠡᠨ ᠪᠠᠶᠢᠭᠤᠯᠤᠨ᠎ᠠ᠃ | ︵ᠲᠦᠷᠪᠡ︶ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠪᠠᠳᠤᠯᠠᠨ ᠰᠠᠶᠢᠵᠢᠷᠠᠭᠤᠯᠵᠦ᠂ ᠨᠡᠶᠢᠭᠡᠮ ᠤᠨ | ᠦᠢᠯᠡᠰ ᠤᠨ ᠬᠥᠭᠵᠢᠯᠲᠠ ᠶᠢ ᠲᠦᠯᠬᠢᠨ ᠠᠬᠢᠭᠤᠯᠬᠤ ᠭᠡᠷᠡᠭᠳᠡᠢ᠃ ᠡᠳ᠋ ᠤᠨ ᠬᠦᠴᠦᠨ ᠪᠠ ᠪᠦᠬᠦ ᠬᠦᠴᠦᠨ ᠢᠶᠠᠨ | ᠲᠦᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠡᠯᠡ ᠣᠷᠣᠭᠤᠯᠣᠯᠲᠠ ᠶᠢ ᠤᠷᠢᠳᠠᠪᠠᠷ ᠪᠠᠲᠤᠯᠠᠨ᠂ ᠠᠷᠠᠳ ᠤᠨ | ᠠᠮᠢᠳᠤᠷᠠᠯ ᠤᠨ ᠲᠦᠷᠦᠯ ᠵᠦᠢᠯ ᠢ ᠤᠷᠢᠳᠠᠪᠠᠷ ᠲᠣᠬᠢᠷᠠᠭᠤᠯᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠢ | ᠤᠷᠢᠳᠠᠪᠠᠷ ᠰᠢᠢᠳᠪᠦᠷᠢᠯᠠᠨ᠎ᠠ᠃ ᠨᠢᠭᠡ ᠳᠤ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠰᠢᠪᠲᠤᠯᠬᠤ | ᠲᠠᠶᠢᠯᠠᠯᠳᠤᠭᠠᠨ ᠢ ᠪᠦᠬᠦ ᠲᠠᠯᠠᠪᠠᠷ ᠡᠬᠢᠯᠡᠬᠦᠯᠦᠨ᠎ᠡ ᠃ 2019 ᠣᠨ ᠳᠤ ᠶᠠᠳᠠᠭᠤ ᠬᠦᠴᠢᠷᠲᠠᠢ ᠬᠤᠰᠢᠭᠤ ᠶᠢᠨ | ᠮᠠᠯᠠᠭᠠᠢ ᠪᠠᠨ ᠠᠪᠴᠦ ᠬᠠᠶᠠᠬᠤ ᠪᠠᠷ ᠬᠠᠷᠠᠯᠲᠠ ᠪᠣᠯᠭᠠᠵᠦ᠂ ︽ᠲᠠᠪᠤᠨ ᠨᠢᠭᠡ ᠪᠦᠯᠦᠭ︾᠂ ︽ ᠵᠢᠷᠭᠤᠭᠠᠨ ᠨᠠᠷᠢᠯᠢᠭ | ᠣᠨᠣᠪᠴᠢᠲᠠᠢ︾ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ ᠠᠩᠬᠢᠵᠢᠷᠠᠬᠤ ᠡᠭᠦᠷᠭᠡ ᠶᠢ ᠵᠢᠯ ᠬᠤᠪᠢᠶᠠᠵᠦ | ᠨᠠᠶᠢᠳᠠᠪᠤᠷᠢᠵᠢᠭᠤᠯᠤᠨ᠎ᠠ᠃ ᠡᠨᠡ ᠵᠢᠯ ᠶᠠᠳᠠᠭᠤ ᠶᠢ ᠲᠡᠳᠬᠦᠬᠦ ᠲᠤᠰᠬᠠᠢ ᠪᠡᠯᠡ 1710 ᠲᠦᠮᠡᠨ ᠲᠦᠭᠦᠷᠢᠭ | ᠣᠷᠣᠭᠤᠯᠵᠣ᠂ ︽ ᠭᠤᠷᠪᠠ ᠶᠢ ᠬᠥᠳᠡᠭᠡ ᠬᠦᠷᠭᠡᠵᠦ᠂ ᠭᠤᠷᠪᠠ ᠶᠢ ᠡᠷᠦᠭᠡ ᠳᠤ ᠬᠦᠷᠭᠡᠬᠦ︾ ᠠᠵᠢᠯ ᠶᠢ | ᠠᠬᠢᠭᠤᠯᠤᠨ᠂ ᠲᠤᠰᠬᠤᠨ ᠪᠦᠷᠢ ᠳᠤ ᠨᠢᠭᠡ ᠪᠤᠳᠤᠯᠭ᠎ᠠ᠂ ᠡᠷᠦᠭᠡ ᠪᠣᠯᠭᠠᠨ ᠳᠤ ᠨᠢᠭᠡ ᠠᠷᠭ᠎ᠠ ᠠᠪᠴᠦ᠂ ᠶᠠᠳᠠᠭᠤ | ᠬᠦᠴᠢᠷᠲᠠᠢ ᠡᠷᠦᠭᠡ ᠶᠢᠨ ᠠᠳᠠᠯᠢ ᠪᠤᠰᠤ ᠶᠠᠳᠠᠭᠤᠷᠠᠯ ᠤᠨ ᠰᠢᠯᠳᠠᠭᠠᠨ ᠢ ᠦᠨᠳᠦᠰᠦᠯᠠᠨ ᠠᠳᠠᠯᠢ ᠪᠤᠰᠤ ᠶᠠᠳᠠᠭᠤ | ᠠᠴᠠ ᠠᠩᠬᠢᠵᠢᠷᠠᠭᠤᠯᠬᠤ ᠠᠷᠭ᠎ᠠ ᠬᠡᠮᠵᠢᠶ᠎ᠡ ᠲᠣᠬᠳᠠᠵᠤ᠂ ᠶᠠᠳᠠᠭᠤ ᠬᠦᠴᠢᠷᠲᠠᠢ ᠡᠷᠦᠭᠡ ᠶᠢᠨ ᠢᠳᠡᠪᠬᠢᠴᠢ ᠴᠢᠨᠠᠷ ᠢ | ᠪᠠᠳᠠᠷᠠᠭᠤᠯᠤᠨ᠂ ᠲᠠᠷᠢᠶᠠᠯᠠᠩ᠂ ᠮᠠᠯᠵᠢᠯ᠂ ᠵᠥᠭᠡᠭᠡᠪᠦᠷᠢ᠂ ᠠᠷᠠᠯᠵᠢᠶ᠎ᠠ᠂ ᠭᠠᠷ ᠦᠢᠯᠡᠳᠪᠦᠷᠢᠯᠡᠯ ᠵᠡᠷᠭᠡ ᠠᠵᠤ | ᠠᠬᠤᠶᠢᠯᠠᠯ ᠤᠨ ᠲᠦᠬᠦᠭᠡᠷᠦᠮᠵᠢ ᠶᠢᠨ ᠨᠦᠬᠦᠴᠡᠯ ᠳᠡᠭᠡᠷ᠎ᠡ ᠭᠤᠣᠯᠳᠠᠯᠭᠠᠲᠠᠢ ᠳᠡᠮᠵᠢᠯᠭᠡ ᠦᠵᠡᠬᠦᠯᠵᠦ᠂ ᠶᠠᠳᠠᠭᠤ | ᠬᠦᠴᠢᠷᠲᠠᠢ ᠡᠷᠦᠭᠡ ᠶᠢᠨ ᠦᠢᠯᠡᠳᠪᠦᠷᠢᠯᠡᠯ ᠡᠵᠡᠩᠨᠡᠯᠲᠡ ᠲᠤᠮᠳᠠ ᠪᠠᠨ ᠥᠪᠡᠷᠲᠡᠭᠡᠨ ︽ᠴᠢᠰᠤ ᠪᠦᠲᠦᠭᠡᠬᠦ︾ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ᠂ ᠡᠯᠧᠺᠲᠷᠦᠨ | ᠠᠷᠠᠯᠵᠢᠶᠠᠨ ᠤ ᠶᠠᠪᠤᠳᠠᠯ ᠢᠶᠠᠷ ᠶᠠᠳᠠᠭᠤ ᠶᠢ ᠲᠡᠳᠬᠦᠬᠦ ᠵᠡᠷᠭᠡ ᠲᠣᠷᠰᠢᠯᠲᠠ ᠶᠢᠨ ᠠᠵᠢᠯ ᠢ ᠰᠠᠶᠢᠲᠤᠷ ᠠᠳᠬᠤᠵᠦ᠂ | ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ ᠵᠢᠭᠡᠯᠡᠯᠭᠡ 1 ᠳ᠋ᠦᠩᠰᠢᠭᠤᠷ ᠲᠦᠭᠦᠷᠢᠭ ᠢ ᠲᠠᠷᠬᠠᠭᠠᠨ᠎ᠠ᠃ ᠠᠮᠢ | ᠠᠬᠤᠢ ᠭᠡᠪᠷᠡᠭ᠂ ᠬᠦᠭᠵᠢᠯᠳᠡ ᠶᠢᠨ ᠨᠦᠬᠦᠴᠡᠯ ᠦᠬᠡᠢ ᠠᠶᠢᠯ ᠲᠤᠰᠬᠤᠨ ᠤ ᠨᠡᠬᠦᠯᠬᠡᠬᠦ ᠠᠵᠢᠯ ᠢ ᠲᠦᠷᠭᠡᠳᠭᠡᠨ | ᠠᠬᠢᠭᠤᠯᠵᠤ᠂ ᠡᠨᠡ ᠵᠢᠯ 400 ᠬᠦᠮᠦᠨ ᠢ ᠨᠡᠬᠦᠯᠬᠡᠨ᠎ᠡ᠃ ᠨᠡᠶᠢᠬᠡᠮ ᠤᠨ ᠶᠠᠳᠠᠭᠤ ᠶᠢ ᠳᠡᠳᠬᠦᠬᠦ ᠠᠵᠢᠯ ᠢ | ᠢᠳᠡᠪᠬᠢᠳᠡᠢ ᠰᠠᠶᠢᠨ ᠬᠢᠵᠦ᠂ ᠤᠯᠤᠰ ᠤᠨ ︽ᠪᠠᠷᠠᠭᠤᠨ ᠤᠷᠤᠨ ᠤ ᠬᠦᠭᠵᠢᠬᠦᠯᠦᠯᠳᠡ ᠶᠢ ᠠᠬᠢᠭᠤᠯᠬᠤ ᠨᠡᠶᠢᠬᠡᠮᠯᠢᠭ ︾ | ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠦᠪᠡᠷᠳᠡᠭᠡᠨ ᠵᠠᠰᠠᠬᠤ ᠤᠷᠤᠨ ᠤ | ᠤᠯᠤᠰ ᠲᠦᠷᠦ ᠶᠢᠨ ᠵᠦᠪᠯᠡᠯᠬᠡᠨ᠂ ᠠᠶᠢᠮᠠᠭ ᠤᠨ ᠬᠠᠪᠰᠤᠷᠤᠨ ᠲᠡᠳᠬᠦᠬᠦ ᠰᠠᠯᠠᠭ᠎ᠠ ᠮᠦᠴᠢᠷ ᠤᠨ ᠲᠡᠮᠵᠢᠯᠬᠡ ᠶᠢ | ᠤᠯᠵᠤ᠂ ᠠᠵᠤ ᠠᠬᠤᠶᠢᠯᠠᠯ ᠢ ᠲᠠᠶᠢᠴᠢᠯᠠᠨ ᠤᠷᠤᠯᠴᠠᠭᠤᠯᠵᠤ᠂ ᠡᠯ᠎ᠡ ᠡᠳᠡᠭᠡᠳ ᠤᠨ ᠬᠦᠴᠦᠨ ᠢ ᠲᠦᠪᠯᠡᠷᠡᠬᠦᠯᠵᠦ | ᠪᠠᠶᠢᠭᠠᠳ ︽ᠶᠡᠭᠡ ᠭᠡᠪᠴᠢᠶ᠎ᠡ ᠪᠠᠷ ᠶᠠᠳᠠᠭᠤ ᠶᠢ ᠲᠡᠳᠬᠦᠬᠦ︾ ᠶᠢ ᠪᠡᠶᠡᠯᠡᠬᠦᠯᠬᠦ ᠭᠡᠷᠡᠭᠳᠡᠢ᠃ ᠬᠤᠶᠠᠷ ᠲᠤ᠂ | ᠦᠢᠯᠡᠰ ᠪᠦᠳᠦᠬᠡᠵᠦ ᠠᠵᠢᠯ ᠤᠯᠬᠤ ᠢᠨᠵᠧᠨᠧᠷᠢᠩ ᠢ ᠰᠠᠶᠢᠳᠤᠷ ᠭᠡᠷᠡᠭᠵᠢᠬᠦᠯᠦᠨ᠎ᠡ᠃ ᠠᠵᠢᠯ ᠤᠨ ᠪᠠᠶᠢᠷᠢ 1 | ᠲᠦᠮᠡ ᠶᠢ ᠡᠯᠰᠡᠵᠦ᠂ ᠬᠤᠳᠠ ᠪᠠᠯᠭᠠᠰᠤᠨ ᠤ 2000 ᠬᠦᠮᠦᠨ ᠳᠤ ᠠᠵᠢᠯ ᠲᠤᠬᠢᠷᠠᠭᠤᠯᠤᠨ᠂ ᠦᠢᠯᠡᠰ ᠪᠦᠳᠦᠬᠡᠬᠦ | ᠵᠢᠭᠡᠯᠡᠯᠬᠡ 2000 ᠲᠦᠮᠡᠨ ᠲᠦᠬᠦᠷᠢᠭ ᠲᠠᠷᠬᠠᠭᠠᠵᠤ ᠂ 300 ᠬᠦᠮᠦᠨ ᠢ ᠲᠡᠳᠬᠦᠵᠦ ᠦᠢᠯᠡᠰ ᠪᠦᠳᠦᠭᠡᠯᠬᠡᠨ᠂ | 2100 ᠬᠦᠮᠦᠨ ᠢ ᠮᠡᠷᠭᠡᠵᠢᠯ ᠤᠨ ᠪᠤᠯᠪᠠᠰᠤᠷᠠᠯ ᠳᠤ ᠤᠷᠤᠯᠴᠠᠭᠤᠯᠵᠤ ᠂ 6000 ᠮᠠᠯᠴᠢᠨ ᠲᠠᠷᠢᠶᠠᠴᠢᠨ ᠢ | ᠰᠢᠯᠵᠢᠬᠦᠯᠦᠨ ᠠᠵᠢᠯ ᠤᠯᠭᠤᠨ᠎ᠠ᠃ ᠦᠢᠯᠡᠰ ᠪᠦᠳᠦᠭᠡᠬᠦ ᠨᠡᠪᠴᠢᠬᠦᠯᠦᠯᠳᠡ ᠶᠢᠨ ᠤᠷᠤᠨ ᠲᠤᠭᠤᠷᠢᠭ 1 — 2 | ᠶᠢ ᠪᠠᠶᠢᠭᠤᠯᠵᠤ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠨᠡᠭᠡᠭᠡᠨ᠂ ᠲᠡᠬᠦᠰᠦᠭᠰᠡᠨ | ᠤᠶᠤᠳᠠᠳ ᠪᠠ ᠨᠤᠳᠤᠭ ᠲᠠᠭᠠᠨ ᠪᠤᠴᠠᠭᠰᠠᠨ ᠬᠦᠮᠦᠰ ᠲᠤ ᠨᠡᠩ ᠤᠯᠠᠨ ᠠᠵᠢᠯ ᠤᠯᠬᠤ ᠲᠤᠬᠢᠶᠠᠯ ᠬᠠᠩᠭᠠᠨ᠎ᠠ᠃ | ᠭᠤᠷᠪᠠ ᠳᠤ᠂ ᠨᠡᠶᠢᠬᠡᠮ ᠤᠨ ᠪᠠᠳᠤᠯᠠᠭᠠᠨ ᠤ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠪᠦᠬᠦ ᠠᠷᠠᠳ | ᠢᠶᠠᠷ ᠢᠶᠠᠨ ᠲᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠨᠢᠮᠪᠠᠢ ᠭᠡᠷᠡᠭᠵᠢᠬᠦᠯᠵᠦ᠂ ᠠᠶᠢᠮᠠᠭ ᠤᠨ ᠨᠢᠬᠡᠳᠦᠯᠳᠡᠢ | ᠱᠠᠭᠠᠷᠳᠠᠯᠭ᠎ᠠ ᠶᠤᠰᠤᠭᠠᠷ ᠡᠯ᠎ᠡ ᠲᠦᠷᠦᠯ ᠤᠨ ᠨᠡᠶᠢᠬᠡᠮ ᠤᠨ ᠪᠠᠳᠤᠯᠠᠭ᠎ᠠ ᠬᠢᠭᠡᠳ ᠠᠪᠤᠷᠠᠨ ᠲᠤᠰᠠᠯᠠᠬᠤ ᠪᠠᠷᠢᠮᠵᠢᠶ᠎ᠠ ᠶᠢ | ᠲᠡᠭᠡᠭᠰᠢᠯᠡᠬᠦᠯᠦᠨ᠎ᠡ᠃ ᠨᠠᠰᠤᠵᠢᠯ᠂ ᠡᠮᠨᠡᠯᠬᠡ᠂ ᠦᠷᠡᠵᠢᠯ᠂ ᠠᠵᠢᠯ ᠤᠨ ᠰᠢᠷᠬᠠᠳᠤᠯ ᠤᠨ ᠲᠠᠭᠠᠳᠬᠠᠯ ᠤᠨ ᠪᠦᠷᠬᠦᠴᠡ | ᠶᠢ ᠦᠷᠭᠡᠳᠭᠡᠵᠦ᠂ ᠪᠠᠶᠢᠭᠤᠯᠭ᠎ᠠ ᠨᠢᠬᠡᠴᠡ ᠶᠢᠨ ᠨᠠᠰᠤᠵᠢᠯ ᠤᠨ ᠲᠠᠭᠠᠳᠬᠠᠯ ᠤᠨ ᠲᠦᠷᠢᠮ ᠤᠨ ᠦᠬᠡᠷᠡᠴᠢᠯᠡᠯᠳᠡ ᠶᠢ | ᠰᠠᠶᠢᠳᠤᠷ ᠭᠡᠷᠡᠭᠵᠢᠬᠦᠯᠬᠦ ᠭᠡᠷᠡᠭᠳᠡᠢ᠃ ᠲᠤᠤᠷ᠎ᠠ ᠤᠷᠤᠯᠭ᠎ᠠ ᠲᠠᠢ ᠭᠡᠷ ᠪᠦᠯᠢ ᠳᠤ ᠨᠡᠬᠦᠷᠡᠰᠦᠨ ᠤ ᠨᠦᠬᠦᠪᠦᠷᠢ | ᠤᠯᠭᠤᠬᠤ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠨᠠᠶᠢᠳᠠᠪᠤᠷᠢᠵᠢᠭᠤᠯᠵᠤ᠂ ᠰᠤᠷᠭᠠᠨ ᠬᠦᠮᠦᠵᠢᠯ ᠤᠨ | ᠰᠦᠢᠳᠭᠡᠯ ᠢ ᠬᠠᠰᠤᠵᠤ ᠬᠡᠯᠳᠦᠷᠢᠬᠦᠯᠵᠦ ᠨᠦᠬᠦᠪᠦᠷᠢᠯᠡᠬᠦ ᠵᠡᠷᠭᠡ ᠪᠠᠳᠤᠯᠠᠭᠠᠨ ᠤ ᠪᠡᠯᠡ ᠮᠦᠩᠬᠦ ᠶᠢ ᠰᠠᠶᠢᠳᠤᠷ | ᠨᠠᠶᠢᠳᠠᠪᠤᠷᠢᠵᠢᠭᠤᠯᠤᠨ᠎ᠠ᠃ ᠨᠡᠶᠢᠬᠡᠮ ᠲᠤᠭᠤᠷᠢᠭ ᠤᠨ ᠨᠦᠬᠦᠴᠡᠯ ᠢ ᠰᠠᠶᠢᠵᠢᠷᠠᠭᠤᠯᠵᠤ᠂ ᠵᠢᠶᠠᠨ ᠰᠢᠩ᠂ ᠰᠢᠨ | ᠬᠤᠸᠠ ᠨᠡᠶᠢᠬᠡᠮ ᠲᠤᠭᠤᠷᠢᠭ ᠤᠨ ᠦᠢᠯᠡᠴᠢᠯᠡᠬᠡᠨ ᠤ ᠲᠦᠪ ᠤᠨ ᠪᠠᠷᠢᠯᠭ᠎ᠠ ᠶᠢ ᠲᠠᠭᠤᠰᠬᠠᠠᠨ᠂ ᠪᠦᠬᠦ ᠬᠤᠰᠢᠭᠤᠨ ᠤ | ᠤᠷᠤᠰᠢᠭᠤᠯᠭ᠎ᠠ ᠶᠢᠨ ᠶᠤᠰᠤᠨ ᠢ ᠲᠦᠷᠢᠮᠵᠢᠬᠦᠯᠬᠦ ᠠᠵᠢᠯ ᠢ ᠦᠷᠨᠢᠬᠦᠯᠦᠨ᠎ᠡ᠃ ᠲᠦᠷᠪᠡ ᠳᠤ᠂ ᠡᠯ᠎ᠡ ᠲᠦᠷᠦᠯ ᠤᠨ | ᠨᠡᠶᠢᠬᠡᠮ ᠤᠨ ᠦᠢᠯᠡᠰ ᠤᠨ ᠬᠦᠭᠵᠢᠯᠳᠡ ᠶᠢ ᠲᠦᠷᠭᠡᠳᠭᠡᠨ᠎ᠡ᠃ ᠮᠠᠨ ᠤ ᠬᠤᠰᠢᠭᠤ ᠨᠢ ᠪᠦᠬᠦ ᠤᠯᠤᠰ ᠤᠨ | ᠨᠡᠶᠢᠬᠡᠮ ᠤᠨ ᠶᠠᠳᠠᠭᠤ ᠶᠢ ᠳᠡᠳᠬᠦᠬᠦ ᠠᠵᠢᠯ ᠤᠨ ᠰᠢᠨ᠎ᠡ ᠶᠢ ᠡᠬᠦᠳᠬᠦ ᠬᠠᠮᠵᠢᠯᠴᠠᠭᠠᠨ ᠤ ᠲᠤᠷᠰᠢᠯᠳᠠ ᠶᠢᠨ ᠴᠡᠭ | ᠪᠤᠯᠤᠭᠰᠠᠨ ᠴᠠᠭ ᠲᠤᠬᠢᠶᠠᠯ ᠢ ᠡᠵᠡᠮᠳᠡᠵᠦ᠂ ᠲᠦᠷᠦᠯ ᠵᠦᠢᠯ ᠡᠷᠡᠮᠡᠯᠵᠡᠯᠡᠨ ᠤᠯᠬᠤ ᠡᠷᠴᠢᠮ ᠢ ᠴᠢᠩᠭᠠᠷᠠᠭᠤᠯᠤᠨ᠂ | ᠰᠤᠷᠭᠠᠨ ᠬᠦᠮᠦᠵᠢᠯ ᠡᠮ ᠡᠮᠨᠡᠯᠬᠡ ᠶᠢᠨ ᠶᠠᠰᠤ ᠴᠢᠨᠠᠷ ᠪᠠ ᠰᠠᠭᠤᠷᠢ ᠲᠦᠬᠦᠭᠡᠷᠦᠮᠵᠢ ᠶᠢᠨ ᠬᠢᠷᠢ ᠲᠦᠪᠰᠢᠨ ᠢ ᠬᠦᠴᠦ | ᠲᠠᠯᠪᠢᠵᠤ ᠲᠡᠭᠡᠭᠰᠢᠯᠡᠬᠦᠯᠬᠦ ᠭᠡᠷᠡᠭᠳᠡᠢ᠃ ᠰᠤᠷᠭᠠᠨ ᠬᠦᠮᠦᠵᠢᠯ ᠤᠨ ᠪᠡᠯᠡ ᠤᠷᠤᠭᠤᠯᠤᠯᠳᠠ ᠶᠢ ᠶᠡᠬᠡᠰᠭᠡᠨ᠂ 3 ᠪᠠᠭ᠎ᠠ | ᠰᠤᠷᠭᠠᠭᠤᠯᠢ ᠪᠠ 2 ᠲᠤᠮᠳᠠᠳᠤ ᠰᠤᠷᠭᠠᠭᠤᠯᠢ ᠶᠢᠨ ᠵᠦᠬᠡᠯᠡᠨ ᠲᠡᠪᠢᠰᠭᠡᠷᠳᠦ ᠲᠠᠮᠢᠷ ᠤᠨ ᠲᠠᠯᠠᠪᠠᠢ ᠶᠢᠨ ᠪᠦᠳᠦᠬᠡᠨ | ᠪᠠᠶᠢᠭᠤᠯᠤᠯᠳᠠ ᠶᠢ ᠬᠢᠵᠦ᠂ ᠰᠤᠷᠭᠠᠭᠤᠯᠢ ᠶᠢᠨ ᠭᠡᠷᠡᠭᠰᠡᠯ ᠲᠦᠬᠦᠭᠡᠷᠦᠮᠵᠢ ᠪᠠ ᠪᠢᠴᠢᠭ ᠨᠤᠮ ᠢ ᠲᠦᠬᠦᠭᠡᠷᠵᠢᠬᠦᠯᠦᠨ᠂ | ︽ ᠭᠤᠷᠪᠠ ᠶᠢ ᠨᠡᠪᠳᠡᠷᠡᠬᠦᠯᠵᠦ ᠬᠤᠶᠠᠷ ᠲᠠᠪᠴᠠᠩ ᠢ ᠪᠠᠶᠢᠭᠤᠯᠬᠤ︾ ᠵᠡᠷᠭᠡ ᠲᠦᠷᠦᠯ ᠵᠦᠢᠯ ᠢ ᠡᠷᠡᠮᠡᠯᠵᠡᠯᠡᠨ ᠤᠯᠵᠤ | ᠂ ᠰᠤᠷᠭᠠᠭᠤᠯᠢ ᠡᠷᠬᠢᠯᠡᠬᠦ ᠨᠦᠬᠦᠴᠡᠯ ᠢ ᠪᠦᠬᠦ ᠲᠠᠯᠠᠪᠠᠷ ᠰᠠᠶᠢᠵᠢᠷᠠᠭᠤᠯᠤᠨ᠎ᠠ᠃ ᠪᠠᠭᠰᠢ ᠶᠢᠨ ᠰᠤᠯᠢᠯᠴᠠᠭ᠎ᠠ ᠪᠠ | ᠪᠤᠯᠪᠠᠰᠤᠷᠠᠯ ᠢ ᠴᠢᠩᠭᠠᠳᠬᠠᠵᠤ᠂ ᠨᠡᠷᠡᠳᠦ ᠰᠤᠷᠭᠠᠭᠤᠯᠢ ᠶᠢᠨ ᠲᠠᠷᠤᠭ᠎ᠠ᠂ ᠨᠡᠷᠡᠳᠦ ᠪᠠᠭᠰᠢ ᠬᠦᠮᠦᠵᠢᠬᠦᠯᠬᠦ ᠠᠵᠢᠯ ᠢ | ᠦᠷᠨᠢᠬᠦᠯᠦᠨ᠂ ᠡᠨᠡ ᠵᠢᠯ ᠤᠷᠤᠨ ᠤ ᠲᠤᠳᠤᠭᠠᠳᠤ ᠪᠠ ᠾᠧᠪᠸᠢ ᠮᠤᠵᠢ ᠠᠴᠠ ᠨᠢᠬᠡ ᠪᠦᠯᠦᠭ ᠰᠢᠯᠢᠳᠡᠭ ᠪᠠᠭᠰᠢ ᠶᠢ | ᠡᠯᠰᠡᠵᠦ ᠭᠡᠷᠡᠭᠯᠡᠨ᠎ᠡ᠃ ᠰᠤᠷᠭᠠᠭᠤᠯᠢ ᠶᠢᠨ ᠬᠠᠮᠢᠶᠠᠷᠤᠯᠳᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠤᠨ ᠬᠦᠭᠵᠢᠯᠳᠡ ᠶᠢ ᠠᠬᠢᠭᠤᠯᠤᠨ᠂ ᠠᠷᠠᠳ ᠠᠴᠠ ᠡᠷᠬᠢᠯᠡᠭᠰᠡᠨ ᠴᠡᠴᠡᠷᠯᠢᠭ ᠤᠨ ᠠᠵᠢᠯᠯᠠᠭ᠎ᠠ ᠶᠢ | ᠲᠦᠷᠢᠮᠵᠢᠬᠦᠯᠵᠦ᠂ ᠤᠯᠤᠰ ᠤᠨ ᠭᠤᠷᠪᠠᠳᠤᠭᠠᠷ ᠲᠦᠷᠦᠯ ᠤᠨ ᠬᠤᠳᠠ ᠶᠢᠨ ᠦᠬᠡ ᠶᠠᠷᠢᠶ᠎ᠠ ᠦᠰᠦᠭ ᠪᠢᠴᠢᠭ ᠤᠨ | ᠦᠨᠡᠯᠡᠨ ᠰᠢᠯᠭᠠᠬᠤ ᠠᠵᠢᠯ ᠢ ᠪᠡᠶᠡᠯᠡᠬᠦᠯᠦᠨ᠂ ᠮᠤᠩᠭᠤᠯ ᠰᠤᠷᠭᠠᠭᠤᠯᠢ ᠶᠢᠨ ᠵᠠᠭᠤᠨ ᠵᠢᠯ ᠤᠨ ᠤᠢ ᠶᠢᠨ ᠪᠠᠶᠠᠷ ᠢ | ᠰᠠᠶᠢᠳᠤᠷ ᠵᠤᠬᠢᠶᠠᠨ ᠪᠠᠶᠢᠭᠤᠯᠵᠤ ᠶᠠᠪᠤᠭᠳᠠᠭᠤᠯᠬᠤ ᠭᠡᠷᠡᠭᠳᠡᠢ᠃ ᠮᠡᠷᠭᠡᠵᠢᠯ ᠴᠢᠳᠠᠪᠤᠷᠢ ᠲᠠᠢ ᠠᠵᠢᠯᠳᠠᠨ ᠡᠯᠰᠡᠬᠦ | ᠡᠷᠴᠢᠮ ᠢ ᠴᠢᠩᠭᠠᠷᠠᠭᠤᠯᠤᠨ᠂ ᠲᠤᠰᠬᠠᠢ ᠰᠠᠯᠠᠭ᠎ᠠ ᠪᠠ ᠤᠨᠴᠠᠯᠢᠭᠳᠤ ᠲᠤᠰᠬᠠᠢ ᠰᠠᠯᠠᠭᠠᠨ ᠤ ᠪᠠᠶᠢᠭᠤᠯᠤᠯᠳᠠ ᠶᠢ | ᠭᠤᠤᠯᠳᠠᠯᠭᠠᠳᠠᠢ ᠬᠢᠵᠦ᠂ ᠡᠮᠨᠡᠯᠬᠡ ᠶᠢᠨ ᠡᠬᠢ ᠪᠠᠶᠠᠯᠢᠭ ᠤᠨ ᠲᠠᠪᠠᠭᠤᠯᠢᠭ ᠢ ᠠᠯᠬᠤᠮ ᠠᠯᠬᠤᠮ ᠢᠶᠠᠷ ᠪᠤᠢ ᠪᠤᠯᠭᠠᠬᠤ | ᠭᠡᠷᠡᠭᠳᠡᠢ᠃ ᠡᠨᠡ ᠵᠢᠯ ᠬᠢᠳᠠᠳ ᠮᠤᠩᠭᠤᠯ ᠡᠮᠨᠡᠯᠬᠡ ᠶᠢᠨ ᠬᠤᠷᠢᠶᠠᠨ ᠤ ᠭᠤᠤᠯ ᠴᠤᠭᠴᠠ ᠶᠢᠨ ᠪᠠᠷᠢᠯᠭ᠎ᠠ ᠶᠢ | ᠲᠠᠭᠤᠰᠬᠠᠵᠤ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠤᠨ ᠦᠷᠳᠡᠭᠡᠨ ᠤ ᠪᠠᠶᠢᠭᠤᠯᠤᠯᠳᠠ ᠶᠢ ᠡᠬᠢᠯᠡᠨ᠂ 3 ᠰᠤᠮᠤ | ᠰᠢᠶᠠᠩ ᠪᠠᠯᠭᠠᠰᠤᠨ ᠤ ᠡᠮᠨᠡᠯᠬᠡ ᠶᠢᠨ ᠬᠤᠷᠢᠶ᠎ᠠ ᠶᠢᠨ ᠪᠠᠶᠢᠭᠤᠯᠤᠯᠳᠠ ᠶᠢ ᠲᠠᠭᠤᠰᠬᠠᠵᠤ ᠠᠰᠢᠭᠯᠠᠯᠳᠠ ᠳᠤ | ᠤᠷᠤᠭᠤᠯᠤᠨ᠎ᠠ᠃ ᠤᠯᠠᠨ ᠲᠦᠮᠡᠨᠴᠢ ᠰᠤᠶᠤᠯ ᠲᠠᠮᠢᠷ ᠤᠨ ᠠᠵᠢᠯ ᠢ ᠲᠠᠰᠤᠷᠠᠯᠳᠠ ᠦᠬᠡᠢ ᠲᠦᠯᠬᠢᠨ ᠠᠬᠢᠭᠤᠯᠵᠤ᠂ | ᠰᠤᠶᠤᠯ ᠤᠨ ᠤᠷᠳᠤᠨ᠂ ᠨᠤᠮ ᠤᠨ ᠦᠷᠦᠭᠡᠨ ᠤ ᠦᠢᠯᠡᠴᠢᠯᠡᠬᠦ ᠴᠢᠳᠠᠪᠤᠷᠢ ᠶᠢ ᠤᠯᠠᠮ ᠨᠢᠬᠡ ᠠᠯᠬᠤᠮ | ᠪᠦᠷᠢᠨᠰᠢᠬᠦᠯᠦᠨ᠂ ᠬᠤᠰᠢᠭᠤᠨ ᠤ ᠮᠦᠽᠸᠢ ᠶᠢᠨ ᠪᠡᠯᠡᠳᠭᠡᠯ ᠪᠠᠶᠢᠷᠢᠯᠠᠭᠤᠯᠤᠯᠳᠠ ᠶᠢᠨ ᠠᠵᠢᠯ ᠢ ᠬᠢᠬᠦ ᠶᠢᠨ ᠬᠠᠮᠳᠤ | ᠪᠡᠶ᠎ᠡ ᠪᠤᠯᠪᠠᠰᠤᠷᠠᠭᠤᠯᠬᠤ ᠲᠦᠬᠦᠭᠡᠷᠦᠮᠵᠢ ᠶᠢᠨ ᠪᠠᠶᠢᠭᠤᠯᠤᠯᠳᠠ᠂ ᠲᠤᠭᠠᠴᠢᠯᠠᠭᠰᠠᠨ ᠲᠧᠯᠸᠢᠰ ᠲᠠᠮᠵᠢᠭᠤᠯᠭ᠎ᠠ ᠶᠢᠨ | ᠦᠷᠳᠡᠭᠡᠨ ᠤ ᠪᠠᠶᠢᠭᠤᠯᠤᠯᠳᠠ ᠵᠡᠷᠭᠡ ᠠᠵᠢᠯ ᠢ ᠰᠠᠶᠢᠳᠤᠷ ᠭᠡᠷᠡᠭᠵᠢᠬᠦᠯᠬᠦ ᠭᠡᠷᠡᠭᠳᠡᠢ᠃ ᠤᠷᠠᠨ ᠰᠠᠶᠢᠬᠠᠨ ᠤ ᠪᠦᠯᠬᠦᠮ | ᠬᠢᠭᠡᠳ ᠡᠯ᠎ᠡ ᠲᠦᠷᠦᠯ ᠤᠨ ᠨᠡᠶᠢᠬᠡᠮᠯᠢᠭ ᠤᠨ ᠬᠠᠮᠵᠢᠯᠴᠠᠭᠠᠨ ᠤ ᠦᠢᠯᠡᠳᠦᠯ ᠢ ᠪᠠᠳᠠᠷᠠᠭᠤᠯᠵᠤ᠂ ᠰᠤᠶᠤᠯ ᠤᠷᠠᠯᠢᠭ | ᠤᠨ ᠰᠢᠷᠢᠰ ᠬᠦᠳᠡᠯᠪᠦᠷᠢ ᠶᠢ ᠡᠷᠬᠢᠯᠡᠨ᠂ ᠪᠦᠬᠦ ᠠᠷᠠᠳ ᠢᠶᠠᠷ ᠢᠶᠠᠨ ᠴᠢᠬᠢᠷᠠᠭᠵᠢᠬᠤ ᠬᠦᠳᠡᠯᠬᠡᠬᠡᠨ ᠢ ᠦᠷᠨᠢᠬᠦᠯᠬᠦ | ᠭᠡᠷᠡᠭᠳᠡᠢ᠃ ᠭᠠᠴᠠᠭ᠎ᠠ ᠲᠤᠰᠬᠤᠨ ᠂ ᠤᠷᠤᠨ ᠨᠤᠳᠤᠭ ᠤᠨ ᠲᠡᠦᠬᠡ ᠤᠶᠢᠯᠠᠯᠭ᠎ᠠ ᠡᠮᠬᠢᠳᠭᠡᠬᠦ ᠠᠵᠢᠯ ᠢ | ᠴᠢᠬᠤᠯᠠᠴᠢᠯᠠᠵᠤ᠂ ᠬᠦᠳᠡᠭᠡ ᠲᠤᠰᠬᠤᠨ ᠤ ᠬᠦᠭᠵᠢᠯ ᠬᠤᠪᠢᠷᠠᠯᠳᠠ ᠶᠢ ᠬᠠᠷᠠᠭᠤᠯᠤᠭᠰᠠᠨ ᠵᠢᠷᠤᠭ ᠲᠦᠷᠰᠦ ᠪᠠ | ᠡᠳ᠋ ᠪᠤᠳᠠᠰ ᠤᠨ ᠦᠵᠡᠬᠦᠯᠦᠯᠬᠡ ᠶᠢᠨ ᠲᠢᠩᠬᠢᠮ ︵ ᠦᠷᠦᠭᠡ︶ ᠢ ᠪᠠᠶᠢᠭᠤᠯᠤᠨ᠎ᠠ᠃ ᠦᠨᠳᠦᠰᠦᠳᠡᠨ ᠱᠠᠰᠢᠨ | ᠰᠤᠷᠳᠠᠬᠤᠨ ᠤ ᠠᠵᠢᠯ ᠢ ᠰᠠᠶᠢᠨ ᠬᠢᠵᠦ᠂ ᠡᠮᠡᠭᠳᠡᠶᠢᠴᠤᠳ᠂ ᠬᠡᠦᠬᠡᠳ ᠪᠠᠭᠠᠴᠤᠳ᠂ ᠨᠠᠰᠤᠳᠠᠶᠢᠴᠤᠳ ᠤᠨ ᠠᠵᠢᠯ | ᠦᠢᠯᠡᠰ ᠤᠨ ᠡᠷᠡᠬᠦᠯ ᠢᠶᠠᠷ ᠬᠦᠭᠵᠢᠬᠦ ᠶᠢ ᠲᠦᠯᠬᠢᠨ ᠠᠬᠢᠭᠤᠯᠬᠤ ᠭᠡᠷᠡᠭᠳᠡᠢ᠃ | ᠨᠢᠳᠤᠨᠤᠨ ᠤ ᠠᠷᠠᠳ ᠲᠤ ᠠᠮᠠᠯᠳᠠᠭᠰᠠᠨ ᠪᠤᠳᠠᠳᠤ ᠠᠵᠢᠯ ᠢ ᠪᠡᠶᠡᠯᠡᠬᠦᠯᠦᠭᠰᠡᠨ ᠰᠠᠭᠤᠷᠢᠨ ᠲᠡᠭᠡᠷ᠎ᠡ᠂ ᠡᠨᠡ | ᠵᠢᠯ ᠨᠠᠢᠮᠠᠨ ᠪᠤᠳᠠᠳᠤ ᠠᠵᠢᠯ ᠢ ᠦᠷᠬᠦᠯᠵᠢᠯᠡᠨ ᠰᠠᠶᠢᠨ ᠬᠢᠬᠦ ᠭᠡᠷᠡᠭᠳᠡᠢ᠄ ᠨᠢᠬᠡ ᠳᠤ᠂ ᠵᠡᠬᠦᠨ ᠲᠤᠭᠤᠷᠢᠭ ᠵᠠᠮ ᠤᠨ | ᠢᠵᠢ ᠪᠦᠷᠢᠳᠦᠭᠰᠡᠨ ᠪᠠᠷᠢᠯᠭ᠎ᠠ ᠶᠢᠨ ᠠᠵᠢᠯ ᠢ ᠲᠦᠷᠭᠡᠨ ᠲᠠᠭᠤᠰᠬᠠᠵᠤ᠂ ᠲᠡᠭᠡᠷ᠎ᠡ ᠬᠠᠭᠠᠰ ᠵᠢᠯ ᠳᠤ ᠲᠡᠷᠭᠡ | ᠨᠡᠪᠳᠡᠷᠡᠬᠦᠯᠦᠨ᠂ 10 ᠰᠠᠷ᠎ᠠ ᠶᠢᠨ ᠡᠴᠦᠰ ᠠᠴᠠ ᠡᠮᠦᠨ᠎ᠡ ᠰᠢᠨ᠎ᠡ ᠲᠡᠷᠭᠡᠨ ᠦᠷᠳᠡᠭᠡ ᠶᠢ ᠠᠰᠢᠭᠯᠠᠯᠳᠠ ᠳᠤ | ᠤᠷᠤᠭᠤᠯᠤᠨ᠎ᠠ᠃ ᠬᠤᠶᠠᠷ ᠲᠤ᠂ ᠬᠠᠭᠤᠴᠢᠨ ᠬᠤᠳᠠ ᠶᠢᠨ ᠲᠤᠭᠤᠷᠢᠭ ᠲᠤ 1 ᠰᠠᠭᠤᠷᠢ ᠺᠢᠨᠤ᠋ ᠤᠷᠳᠤᠨ | ᠪᠠᠶᠢᠭᠤᠯᠵᠤ᠂ ᠮᠠᠨ ᠤ ᠬᠤᠰᠢᠭᠤᠨ ᠤ ᠺᠢᠨᠤ᠋ ᠤᠷᠳᠤᠨ ᠦᠬᠡᠢ ᠬᠤᠭᠤᠰᠤᠨ ᠢ ᠪᠦᠭᠯᠡᠨ᠎ᠡ᠃ ᠭᠤᠷᠪᠠ ᠳᠤ᠂ | ᠬᠤᠰᠢᠭᠤ ᠡᠮᠨᠡᠯᠬᠡ ᠶᠢᠨ ᠬᠤᠷᠢᠶᠠᠨ ᠳᠤ MRI ᠪᠠᠶᠢᠴᠠᠭᠠᠯᠳᠠ᠂ CT ᠪᠠᠶᠢᠴᠠᠭᠠᠯᠳᠠ ᠶᠢᠨ ᠲᠤᠮᠤ ᠬᠡᠯᠪᠡᠷᠢ ᠶᠢᠨ | ᠲᠦᠬᠦᠭᠡᠷᠦᠮᠵᠢ ᠶᠢ ᠪᠦᠷᠢᠳᠦᠬᠦᠯᠵᠦ᠂ ᠴᠢᠰᠤ ᠴᠡᠪᠡᠷᠰᠢᠬᠦᠯᠬᠦ ᠡᠮᠴᠢᠯᠡᠭᠡᠨ ᠤ ᠭᠠᠵᠠᠷ ᠢ ᠪᠠᠶᠢᠭᠤᠯᠤᠨ᠂ ᠨᠢᠬᠡ ᠪᠦᠯᠦᠭ | ᠮᠡᠷᠭᠡᠵᠢᠯᠳᠡᠨ ᠴᠢᠳᠠᠪᠤᠷᠢᠳᠠᠨ ᠢ ᠤᠷᠤᠭᠤᠯᠵᠤ᠂ ᠪᠠᠶᠢᠩᠭᠤ ᠰᠠᠭᠤᠭ᠎ᠠ ᠮᠠᠯᠴᠢᠨ ᠲᠠᠷᠢᠶᠠᠴᠢᠨ ᠳᠤ ᠦᠨ᠎ᠡ ᠲᠦᠯᠦᠪᠦᠷᠢ | ᠦᠬᠡᠢ ᠪᠡᠶ᠎ᠡ ᠶᠢᠨ ᠪᠠᠶᠢᠴᠠᠭᠠᠯᠳᠠ ᠬᠢᠬᠦ ᠠᠵᠢᠯ ᠢ ᠦᠷᠬᠦᠯᠵᠢᠯᠡᠨ ᠶᠠᠪᠤᠭᠳᠠᠭᠤᠯᠤᠨ᠎ᠠ᠃ ᠲᠦᠷᠪᠡ ᠳᠤ᠂ ᠪᠦᠳᠦᠬᠦᠯᠢᠭ | ᠤᠷᠤᠨ ᠰᠠᠭᠤᠴᠠᠳᠤ ᠲᠤᠭᠤᠷᠢᠭ ᠤᠨ ᠦᠬᠡᠷᠡᠴᠢᠯᠡᠯᠳᠡ ᠶᠢ 300 ᠡᠷᠦᠬᠡ ᠳᠤ ᠬᠢᠬᠦ ᠶᠢᠨ ᠬᠠᠮᠳᠤ᠂ 550 ᠡᠷᠦᠬᠡ | ᠶᠢᠨ ᠲᠦᠷᠦᠬᠦᠴᠢ ᠬᠤᠭᠤᠴᠠᠭᠠᠨ ᠤ ᠠᠵᠢᠯ ᠢ ᠡᠬᠢᠯᠡᠨ᠎ᠡ᠃ ᠲᠠᠪᠤ ᠳᠤ᠂ ᠬᠠᠭᠤᠴᠢᠨ ᠬᠤᠳᠠ ᠶᠢᠨ ᠲᠤᠭᠤᠷᠢᠭ ᠤᠨ | ᠴᠢᠩ ᠨᠢᠶᠠᠨ ᠵᠠᠮ᠂ ᠬᠤᠢ ᠲᠦᠩ ᠵᠠᠮ᠂ ᠷᠧᠨ ᠮᠢᠨ ᠵᠠᠮ᠂ ᠹᠦ᠋ ᠬᠤᠸᠠ ᠵᠡᠬᠡᠯᠢ᠂ ᠳ᠋ᠦᠩ ᠹᠧᠩ ᠭᠤᠳᠤᠮᠵᠢ ᠵᠡᠷᠭᠡ | 5 ᠵᠤᠷᠪᠤᠰ ᠵᠡᠬᠡᠯᠢ ᠭᠤᠳᠤᠮᠵᠢ ᠶᠢ ᠦᠬᠡᠷᠡᠴᠢᠯᠡᠨ ᠪᠠᠶᠢᠭᠤᠯᠤᠨ᠎ᠠ᠃ ᠵᠢᠷᠭᠤᠭ᠎ᠠ ᠳᠤ᠂ ᠢᠯᠴᠢ ᠬᠠᠩᠭᠠᠯᠭ᠎ᠠ ᠶᠢᠨ | ᠬᠤᠭᠤᠴᠠᠭ᠎ᠠ ᠲᠠᠭᠤᠰᠬᠤ ᠠᠴᠠ ᠡᠮᠦᠨ᠎ᠡ᠂ ᠲᠤᠯᠠᠭᠠᠯᠠᠭ᠎ᠠ ᠶᠢᠨ ᠰᠦᠢᠳᠭᠡᠯ ᠤᠨ ᠦᠨ᠎ᠡ ᠶᠢ ᠪᠠᠭᠤᠷᠠᠭᠤᠯᠬᠤ | ᠲᠤᠬᠢᠷᠠᠭᠤᠯᠤᠯᠳᠠ ᠶᠢᠨ ᠠᠵᠢᠯ ᠢ ᠬᠢᠨ᠎ᠡ᠃ ᠲᠤᠯᠤᠭ᠎ᠠ ᠳᠤ᠂ ᠯᠦᠩ ᠳ᠋ᠠ ᠲᠠᠷᠢᠶᠠᠯᠠᠩ ᠤᠨ ᠪᠦᠳᠦᠭᠡᠭᠳᠡᠬᠦᠨ ᠤ ᠵᠠᠬ᠎ᠠ | ᠲᠡᠯᠬᠡᠬᠦᠷ ᠤᠨ ᠦᠬᠡᠷᠡᠴᠢᠯᠡᠨ ᠰᠠᠶᠢᠵᠢᠷᠠᠭᠤᠯᠬᠤ ᠠᠵᠢᠯ ᠢ ᠡᠬᠢᠯᠡᠵᠦ᠂ ᠵᠠᠮ ᠡᠵᠡᠯᠡᠭᠰᠡᠨ ᠬᠤᠳᠠᠯᠳᠤᠭ᠎ᠠ᠂ ᠨᠡᠬᠦᠳᠡᠯ | ᠠᠷᠠᠯᠵᠢᠶᠠᠴᠢᠳ ᠤᠨ ᠬᠠᠮᠢᠶᠠᠷᠤᠯᠳᠠ ᠶᠢ ᠴᠢᠩᠭᠠᠳᠬᠠᠨ᠂ ᠵᠠᠬ᠎ᠠ ᠲᠡᠯᠬᠡᠬᠦᠷ ᠤᠨ ᠡᠮᠬᠢ ᠲᠢᠭᠯᠡᠮ ᠢ ᠲᠦᠷᠢᠮᠵᠢᠬᠦᠯᠦᠨ᠎ᠡ᠃ | ᠨᠠᠢᠮᠠ ᠳᠤ᠂ ᠵᠠᠯᠠᠭᠤᠴᠤᠳ ᠤᠨ ᠦᠢᠯᠡᠰ ᠪᠦᠳᠦᠬᠡᠬᠦ ᠨᠡᠪᠴᠢᠬᠦᠯᠦᠯᠳᠡ ᠶᠢᠨ ᠰᠠᠭᠤᠷᠢᠨ ᠭᠠᠵᠠᠷ ᠤᠨ | ᠪᠠᠶᠢᠭᠤᠯᠤᠯᠳᠠ ᠶᠢ ᠡᠬᠢᠯᠡᠵᠦ᠂ 80 ᠡᠷᠦᠬᠡ ᠵᠠᠯᠠᠭᠤᠴᠤᠳ ᠢ ᠲᠡᠳᠬᠦᠨ ᠦᠢᠯᠡᠰ ᠪᠦᠳᠦᠭᠡᠯᠭᠡᠨᠡ᠃ | ︵ᠲᠠᠪᠤ︶ ᠨᠡᠶᠢᠬᠡᠮ ᠤᠨ ᠲᠤᠭᠳᠠᠭᠤᠨ ᠢ ᠪᠦᠬᠦ ᠬᠦᠴᠦᠨ ᠢᠶᠠᠷ ᠬᠠᠮᠠᠭᠠᠯᠠᠵᠤ᠂ ᠡᠶ᠎ᠡ ᠵᠤᠬᠢᠴᠠᠩᠭᠤᠢ | ᠬᠦᠭᠵᠢᠯᠳᠡ ᠶᠢ ᠲᠦᠯᠬᠢᠨ ᠠᠬᠢᠭᠤᠯᠬᠤ ᠭᠡᠷᠡᠭᠳᠡᠢ᠃ ︽ᠠᠮᠤᠭᠤᠯᠠᠩ ᠲᠠᠶᠢᠹᠤᠰᠧ ᠬᠤᠰᠢᠭᠤ︾ ᠶᠢᠨ ᠪᠦᠳᠦᠬᠡᠨ | ᠪᠠᠶᠢᠭᠤᠯᠤᠯᠳᠠ ᠶᠢ ᠬᠦᠨᠵᠡᠬᠡᠢ ᠲᠦᠯᠬᠢᠨ ᠠᠬᠢᠭᠤᠯᠵᠤ᠂ ᠬᠠᠤᠯᠢ ᠪᠤᠰᠤ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ | ᠠᠵᠢᠯ ᠢ ᠰᠤᠯᠠᠷᠠᠰᠢ ᠦᠬᠡᠢ ᠴᠢᠩᠭ᠎ᠠ ᠠᠳᠬᠤᠨ᠂ ᠡᠯ᠎ᠡ ᠲᠦᠷᠦᠯ ᠤᠨ ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠶᠢ | ᠪᠠᠶᠢᠩᠭᠤ ᠦᠷᠨᠢᠬᠦᠯᠵᠦ᠂ ᠡᠳ᠋ ᠬᠦᠷᠦᠩᠬᠡ ᠳᠤ ᠬᠠᠯᠳᠠᠭᠰᠠᠨ ᠶᠠᠯᠠᠳᠤ ᠠᠵᠢᠯᠯᠠᠭ᠎ᠠ᠂ ᠱᠠᠯᠢᠭ ᠵᠦᠢᠯ ᠂ ᠮᠦᠷᠦᠢ | ᠲᠠᠢ ᠲᠤᠭᠯᠠᠭᠠᠮ᠂ ᠬᠤᠤᠷᠠᠳᠤ ᠡᠳ᠋ ᠳᠤ ᠬᠤᠯᠪᠤᠭᠳᠠᠭᠰᠠᠨ ᠶᠠᠯᠠᠳᠤ ᠠᠵᠢᠯᠯᠠᠭ᠎ᠠ ᠵᠢᠴᠢ ᠬᠠᠤᠯᠢ ᠪᠤᠰᠤ ᠪᠠᠷ ᠠᠵᠢᠯ | ᠬᠠᠷᠰᠢᠯᠠᠭᠰᠠᠨ᠂ ᠠᠯᠪᠠᠳᠠᠯᠭ᠎ᠠ ᠪᠠᠷ ᠬᠤᠳᠠᠯᠳᠤᠨ ᠦᠭᠬᠦ ᠪᠤᠶᠤ ᠬᠤᠳᠠᠯᠳᠤᠨ ᠠᠪᠬᠤ ᠵᠡᠷᠭᠡ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠡᠮᠬᠢ ᠲᠢᠭᠯᠡᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠳᠤ ᠴᠢᠩᠭ᠎ᠠ | ᠴᠤᠬᠢᠯᠳᠠ ᠦᠭᠴᠦ᠂ ᠵᠠᠮ ᠬᠠᠷᠢᠯᠴᠠᠭᠠᠨ ᠤ ᠡᠮᠬᠢ ᠲᠢᠭᠯᠡᠮ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠲᠢᠭᠯᠡᠮ | ᠬᠢᠭᠡᠳ ᠠᠵᠤ ᠠᠬᠤᠶᠢᠯᠠᠯ ᠤᠨ ᠦᠢᠯᠡᠳᠪᠦᠷᠢᠯᠡᠯ ᠤᠨ ᠡᠮᠬᠢ ᠲᠢᠭᠯᠡᠮ ᠢ ᠬᠦᠴᠦᠳᠡᠢ ᠴᠡᠭᠴᠡᠯᠡᠨ᠂ ᠤᠯᠠᠨ ᠲᠦᠮᠡᠨ ᠤ | ᠠᠮᠤᠷ ᠲᠠᠶᠢᠪᠤᠩ ᠲᠦᠷᠦᠭᠳᠡᠯ ᠢ ᠤᠯᠠᠮ ᠨᠢᠬᠡ ᠠᠯᠬᠤᠮ ᠨᠡᠮᠡᠭᠳᠡᠬᠦᠯᠬᠦ ᠭᠡᠷᠡᠭᠳᠡᠢ᠃ ᠤᠷᠢᠳᠴᠢᠯᠠᠨ ᠰᠡᠷᠡᠮᠵᠢᠯᠡᠬᠦᠯᠬᠦ | ᠬᠢᠷᠢ ᠲᠦᠪᠰᠢᠨ ᠪᠠ ᠰᠡᠷᠭᠡᠶᠢᠯᠡᠨ ᠬᠤᠷᠢᠭᠯᠠᠬᠤ ᠬᠢᠷᠢ ᠴᠢᠳᠠᠪᠤᠷᠢ ᠶᠢ ᠲᠡᠭᠡᠭᠰᠢᠯᠡᠬᠦᠯᠵᠦ᠂ ᠨᠡᠶᠢᠬᠡᠮ ᠤᠨ ᠵᠠᠰᠠᠯᠳᠠ | ᠶᠢᠨ ᠲᠤᠭᠠᠴᠢᠯᠠᠭᠰᠠᠨ ᠢᠨᠵᠧᠨᠧᠷᠢᠩ ᠢ ᠲᠦᠷᠭᠡᠳᠭᠡᠨ ᠠᠬᠢᠭᠤᠯᠵᠤ᠂ ᠪᠠᠶᠢᠴᠠᠭᠠᠯᠳᠠ ᠶᠢᠨ ᠦᠷᠳᠡᠭᠡᠨ ᠤ ᠠᠵᠢᠯᠯᠠᠭᠠᠨ | ᠤ ᠲᠤᠭᠳᠠᠴᠠ ᠶᠢ ᠤᠯᠠᠮ ᠴᠢᠨᠠᠭᠰᠢᠳᠠ ᠲᠦᠷᠢᠮᠵᠢᠬᠦᠯᠦᠨ᠂ ︽ᠬᠤᠳᠠ ᠬᠠᠮᠠᠭᠠᠯᠠᠬᠤ ᠭᠤᠤᠯ︾ ᠤᠨ ᠦᠢᠯᠡᠳᠦᠯ ᠢ | ᠦᠨᠡᠨᠬᠦ ᠪᠠᠳᠠᠷᠠᠭᠤᠯᠬᠤ ᠭᠡᠷᠡᠭᠳᠡᠢ᠃ ᠰᠢᠨ᠎ᠡ ︽ᠠᠶᠤᠯᠬᠦᠢ ᠦᠢᠯᠡᠳᠪᠦᠷᠢᠯᠡᠯ ᠤᠨ ᠬᠠᠤᠯᠢ︾ ᠶᠢ ᠬᠦᠨᠵᠡᠬᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ | ᠪᠦᠷᠢᠨᠰᠢᠬᠦᠯᠦᠨ ᠲᠡᠬᠦᠯᠳᠡᠷᠵᠢᠬᠦᠯᠵᠦ᠂ ᠪᠠᠷᠢᠯᠭ᠎ᠠ ᠂ ᠢᠳᠡᠭᠡᠨ ᠡᠮ ᠤᠨ ᠵᠦᠢᠯ᠂ ᠤᠨᠴᠠᠭᠠᠢ ᠲᠦᠬᠦᠭᠡᠷᠦᠮᠵᠢ᠂ ᠵᠠᠮ | ᠬᠠᠷᠢᠯᠴᠠᠭ᠎ᠠ᠂ ᠠᠭᠤᠷᠬᠠᠢ ᠂ ᠠᠶᠤᠯᠳᠠᠢ ᠪᠤᠳᠠᠰ᠂ ᠭᠠᠯ ᠰᠡᠷᠭᠡᠶᠢᠯᠡᠬᠦ ᠵᠡᠷᠭᠡ ᠭᠤᠤᠯᠳᠠᠯᠭᠠᠳᠠᠢ ᠠᠵᠢᠯ ᠲᠦᠷᠦᠯ | ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠪᠦᠬᠦ ᠬᠦᠴᠦᠨ ᠢᠶᠠᠷ ᠰᠠᠶᠢᠨ ᠠᠳᠬᠤᠵᠤ᠂ ᠪᠠᠶᠢᠩᠭᠤ ᠶᠢᠨ | ᠪᠦᠳᠦᠮᠵᠢᠳᠦ ᠲᠤᠭᠳᠠᠴᠠ ᠶᠢ ᠪᠠᠶᠢᠭᠤᠯᠵᠤ ᠲᠡᠬᠦᠯᠳᠡᠷᠵᠢᠬᠦᠯᠦᠨ᠂ ᠶᠡᠭᠡ ᠭᠡᠷᠡᠭ ᠡᠬᠦᠰᠬᠦ ᠶᠢ ᠡᠷᠡᠰ ᠬᠤᠷᠢᠭᠯᠠᠬᠤ ᠶᠢᠨ | ᠬᠠᠮᠳᠤ ᠪᠠᠭ᠎ᠠ ᠭᠡᠷᠡᠭ ᠡᠬᠦᠰᠬᠦ ᠶᠢ ᠴᠤ ᠪᠠᠭᠠᠰᠬᠠᠬᠤ ᠭᠡᠷᠡᠭᠳᠡᠢ᠃ ᠤᠳᠤᠷᠢᠳᠬᠤ ᠺᠠᠳᠠᠷ ᠵᠠᠬᠢᠳᠠᠯ ᠰᠤᠷᠪᠤᠯᠵᠢᠯᠠᠭ᠎ᠠ | ᠬᠦᠯᠢᠶᠡᠬᠦ ᠲᠦᠷᠢᠮ ᠪᠠ ︽1328︾ ᠵᠠᠬᠢᠳᠠᠯ ᠰᠤᠷᠪᠤᠯᠵᠢᠯᠠᠭ᠎ᠠ ᠶᠢᠨ ᠡᠳᠦᠷ ᠤᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠦᠯᠡᠳᠡᠭᠳᠡᠯ ᠭᠡᠷᠡᠭ ᠢ ᠰᠢᠢᠳᠪᠦᠷᠢᠯᠡᠬᠦ ᠠᠵᠢᠯ ᠢ ᠦᠷᠬᠦᠯᠵᠢᠯᠡᠨ ᠰᠠᠶᠢᠨ ᠬᠢᠵᠦ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠵᠤ ᠲᠦᠷᠢᠮᠵᠢᠬᠦ ᠶᠢ ᠲᠦᠯᠬᠢᠨ ᠠᠬᠢᠭᠤᠯᠬᠤ ᠭᠡᠷᠡᠭᠳᠡᠢ᠃ ᠬᠤᠰᠢᠭᠤ | ᠱᠠᠳᠤᠨ ᠤ ᠵᠦᠷᠢᠴᠡᠯ ᠵᠢᠭᠤᠷᠠᠭᠠᠨ ᠪᠠᠶᠢᠴᠠᠭᠠᠨ ᠰᠢᠢᠳᠪᠦᠷᠢᠯᠡᠬᠦ ᠵᠢᠯᠤᠭᠤᠳᠬᠤ ᠲᠠᠪᠴᠠᠩ ᠤᠨ ᠦᠢᠯᠡᠳᠦᠯ ᠢ | ᠬᠦᠢᠴᠡᠳ ᠪᠠᠳᠠᠷᠠᠭᠤᠯᠵᠤ᠂ ᠠᠷᠠᠳ ᠤᠨ ᠡᠶᠡᠳᠡᠬᠦᠯᠬᠡ᠂ ᠵᠠᠰᠠᠭ ᠵᠠᠬᠢᠷᠭᠠᠨ ᠤ ᠡᠶᠡᠳᠡᠬᠦᠯᠬᠡ᠂ ᠬᠠᠤᠯᠢ ᠴᠠᠭᠠᠵᠠ ᠶᠢᠨ | ᠡᠶᠡᠳᠡᠬᠦᠯᠬᠡ ᠶᠢᠨ ᠬᠤᠯᠪᠤᠭᠠᠯᠠᠯ ᠤᠨ ᠲᠤᠭᠳᠠᠴᠠ ᠶᠢ ᠲᠠᠰᠤᠷᠠᠯᠳᠠ ᠦᠬᠡᠢ ᠪᠦᠷᠢᠨᠰᠢᠬᠦᠯᠦᠨ᠂ ᠵᠦᠷᠢᠴᠡᠯ | ᠵᠢᠭᠤᠷᠠᠭᠠᠨ ᠪᠠᠶᠢᠴᠠᠭᠠᠨ ᠰᠢᠢᠳᠪᠦᠷᠢᠯᠡᠬᠦ ᠠᠵᠢᠯ ᠢ ᠪᠤᠳᠠᠳᠠᠢ ᠮᠦᠷᠳᠡᠭᠡᠨ ᠨᠠᠷᠢᠨ ᠬᠢᠵᠦ᠂ ᠤᠯᠠᠨ ᠲᠦᠮᠡᠨ ᠳᠤ | ᠬᠠᠩᠭᠠᠮᠵᠢᠳᠠᠢ ᠪᠠᠶᠢᠯᠭᠠᠨ᠎ᠠ᠃ | ︵ᠵᠢᠷᠭᠤᠭ᠎ᠠ︶ ᠵᠠᠰᠠᠭ ᠵᠠᠬᠢᠷᠭᠠᠨ ᠤ ᠴᠢᠳᠠᠪᠬᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠠᠷᠠᠳ ᠲᠦᠮᠡᠨ | ᠤ ᠰᠠᠨᠠᠭᠠᠨ ᠳᠤ ᠬᠦᠷᠦᠭᠰᠡᠨ ᠵᠠᠰᠠᠭ ᠤᠨ ᠤᠷᠳᠤᠨ ᠢ ᠪᠠᠶᠢᠭᠤᠯᠬᠤ ᠭᠡᠷᠡᠭᠳᠡᠢ᠃ ᠬᠠᠤᠯᠢ ᠶᠤᠰᠤᠭᠠᠷ ᠵᠠᠰᠠᠭ ᠪᠠᠷᠢᠬᠤ | ᠶᠢ ᠪᠠᠷᠢᠮᠳᠠᠯᠠᠨ᠂ ᠬᠠᠤᠯᠢ ᠳᠤ ᠲᠤᠭᠳᠠᠭᠰᠠᠨ ᠡᠷᠭᠡ ᠲᠤᠰᠢᠶᠠᠯ᠂ ᠠᠯᠬᠤᠮ ᠶᠠᠪᠤᠴᠠ ᠶᠢᠨ ᠶᠤᠰᠤᠭᠠᠷ ᠡᠬᠦᠷᠭᠡ | ᠬᠠᠷᠢᠭᠤᠴᠠᠯᠭ᠎ᠠ ᠪᠠᠨ ᠬᠦᠢᠴᠡᠳᠭᠡᠵᠦ᠂ ᠵᠠᠰᠠᠭ ᠤᠨ ᠤᠷᠳᠤᠨ ᠤ ᠠᠯᠢᠪᠠ ᠠᠵᠢᠯ ᠢ ᠬᠠᠤᠯᠢ ᠪᠠᠷ ᠵᠠᠰᠠᠬᠤ ᠵᠠᠮ ᠳᠤ | ᠤᠷᠤᠭᠤᠯᠤᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠳᠠ ᠪᠠ ᠤᠯᠤᠰ | ᠲᠦᠷᠦ ᠶᠢᠨ ᠵᠦᠪᠯᠡᠯᠬᠡᠨ ᠤ ᠠᠷᠠᠳᠴᠢᠯᠠᠭᠰᠠᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠶᠢ ᠨᠠᠷᠢᠨ ᠨᠢᠮᠪᠠᠢ ᠭᠡᠷᠡᠭᠵᠢᠬᠦᠯᠦᠨ᠂ ᠠᠷᠠᠳ ᠤᠨ | ᠲᠦᠯᠦᠭᠡᠯᠡᠭᠴᠢ ᠶᠢᠨ ᠰᠠᠨᠠᠯ ᠰᠠᠨᠠᠭᠤᠯᠭ᠎ᠠ ᠬᠢᠭᠡᠳ ᠤᠯᠤᠰ ᠲᠦᠷᠦ ᠶᠢᠨ ᠵᠦᠪᠯᠡᠯᠬᠡᠨ ᠤ ᠭᠡᠰᠢᠬᠦᠳ ᠤᠨ ᠰᠠᠨᠠᠯ | ᠲᠤᠷᠠᠳᠤᠯᠭ᠎ᠠ ᠶᠢ ᠨᠢᠮᠪᠠᠢ ᠰᠠᠶᠢᠨ ᠬᠦᠢᠴᠡᠳᠭᠡᠬᠦ ᠭᠡᠷᠡᠭᠳᠡᠢ᠃ ᠵᠠᠰᠠᠭ ᠵᠠᠬᠢᠷᠭᠠᠨ ᠤ ᠤᠷᠴᠢᠨ ᠲᠤᠭᠤᠷᠢᠨ ᠢ | ᠦᠷᠬᠦᠯᠵᠢᠯᠡᠨ ᠰᠢᠯᠢᠳᠡᠭᠵᠢᠬᠦᠯᠵᠦ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠡᠷᠭᠡ ᠶᠢ ᠨᠡᠶᠢᠳᠡᠯᠡᠨ᠂ ᠬᠢᠨᠠᠨ | ᠵᠦᠪᠰᠢᠶᠡᠷᠡᠬᠦ ᠲᠦᠷᠦᠯ ᠵᠦᠢᠯ ᠢ ᠪᠦᠬᠦᠨ ᠢ ᠲᠢᠩᠬᠢᠮ ᠳᠤ ᠤᠷᠤᠭᠤᠯᠵᠤ᠂ ᠭᠤᠤᠯᠳᠠᠯᠭᠠᠳᠠᠢ ᠲᠦᠷᠦᠯ ᠵᠦᠢᠯ ᠢ | ᠬᠢᠨᠠᠨ ᠵᠦᠪᠰᠢᠶᠡᠷᠡᠬᠦ ᠳᠤ ᠰᠠᠭᠠᠳ ᠦᠬᠡᠢ ᠦᠢᠯᠡᠴᠢᠯᠡᠭᠡ ᠬᠠᠩᠭᠠᠨ᠂ ᠬᠠᠮᠢᠶᠠᠷᠤᠯᠳᠠ ᠪᠠ ᠦᠢᠯᠡᠴᠢᠯᠡᠬᠡᠨ ᠤ ᠶᠠᠰᠤ | ᠴᠢᠨᠠᠷ ᠬᠢᠭᠡᠳ ᠬᠢᠷᠢ ᠴᠢᠳᠠᠪᠤᠷᠢ ᠶᠢ ᠴᠢᠩᠭᠠᠷᠠᠭᠤᠯᠵᠤ᠂ ᠠᠵᠢᠯ ᠤᠨ ᠦᠷ᠎ᠡ ᠪᠦᠳᠦᠮᠵᠢ ᠶᠢ ᠨᠡᠮᠡᠭᠳᠡᠬᠦᠯᠬᠦ ᠭᠡᠷᠡᠭᠳᠡᠢ᠃ | ᠡᠮᠦᠨ᠎ᠡ ᠬᠡᠰᠡᠭ ᠤᠨ ᠭᠠᠵᠠᠷ ᠤᠷᠤᠨ ᠤ ᠨᠡᠶᠢᠳᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠠᠪᠴᠠᠩ ᠤᠨ | ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠲᠤᠰᠬᠠᠢ ᠮᠡᠷᠭᠡᠵᠢᠯᠳᠡᠨ ᠤ ᠬᠦᠮᠦᠷᠭᠡ ᠶᠢ ᠲᠡᠬᠦᠯᠳᠡᠷᠵᠢᠬᠦᠯᠦᠨ᠎ᠡ᠃ | ᠡᠳ᠋ ᠤᠨ ᠵᠠᠰᠠᠭ ᠤᠨ ᠲᠦᠰᠦᠪ ᠤᠨ ᠬᠠᠮᠢᠶᠠᠷᠤᠯᠳᠠ ᠶᠢ ᠴᠢᠩᠭᠠᠳᠬᠠᠵᠤ᠂ ᠪᠡᠯᠡ ᠮᠦᠩᠬᠦ ᠶᠢ ᠪᠦᠳᠦᠮᠵᠢᠳᠡᠢ | ᠲᠤᠬᠢᠷᠠᠭᠤᠯᠤᠨ᠂ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠪᠠᠳᠤᠯᠠᠵᠤ᠂ ᠡᠷᠬᠢᠯᠳᠦᠯ ᠢ ᠪᠦᠬᠦ ᠬᠦᠴᠦᠨ ᠢᠶᠠᠷ | ᠪᠠᠳᠤᠯᠠᠬᠤ ᠭᠡᠷᠡᠭᠳᠡᠢ᠃ ᠬᠢᠨᠠᠨ ᠪᠤᠳᠤᠵᠤ ᠬᠢᠨᠠᠨᠯᠳᠠ ᠲᠠᠯᠪᠢᠬᠤ ᠠᠵᠢᠯ ᠢ ᠴᠢᠩᠭᠠᠳᠬᠠᠨ᠂ ︽ᠠᠷᠪᠠ ᠶᠢ ᠪᠦᠷᠬᠦᠬᠦᠯᠬᠦ | ︾ ᠢᠨᠵᠧᠨᠧᠷᠢᠩ᠂ ᠠᠵᠤ ᠠᠬᠤᠢ ᠶᠢᠨ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠢᠨᠵᠧᠨᠧᠷᠢᠩ ᠤᠨ ᠲᠦᠷᠦᠯ ᠵᠦᠢᠯ | ᠳᠤ ᠭᠤᠤᠯᠳᠠᠯᠭ᠎ᠠ ᠲᠠᠢ ᠬᠢᠨᠠᠨ ᠪᠤᠳᠤᠯᠳᠠ ᠬᠢᠵᠦ᠂ ᠡᠯ᠎ᠡ ᠲᠦᠷᠦᠯ ᠤᠨ ᠪᠡᠯᠡ ᠮᠦᠩᠬᠦ ᠶᠢᠨ ᠠᠮᠤᠷ ᠲᠦᠪᠰᠢᠨ | ᠬᠢᠭᠡᠳ ᠪᠦᠳᠦᠮᠵᠢᠳᠡᠢ ᠡᠷᠬᠢᠯᠳᠦᠯ ᠢ ᠪᠠᠳᠤᠯᠠᠨ᠎ᠠ᠃ ᠠᠷᠢᠭᠤᠨ ᠴᠢᠭᠡᠴᠢ ᠵᠠᠰᠠᠭ ᠤᠨ ᠪᠠᠶᠢᠭᠤᠯᠤᠯᠳᠠ ᠶᠢ | ᠴᠢᠩᠭᠠᠳᠬᠠᠵᠤ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠬᠤ | ᠲᠦᠷᠢᠮ︾ ᠬᠢᠭᠡᠳ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠶᠢᠨ ᠰᠢᠳᠭᠡᠯ ᠤᠯᠭᠤᠬᠤ | ᠲᠦᠷᠢᠮ︾ ᠢ ᠴᠢᠩᠭ᠎ᠠ ᠵᠢᠷᠤᠮᠯᠠᠨ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ | ᠶᠢᠨ ᠲᠦᠷᠢᠮ ᠢ ᠨᠢᠮᠪᠠᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠰᠠᠬᠢᠯᠭ᠎ᠠ ᠲᠦᠷᠢᠮ ᠵᠦᠷᠢᠴᠡᠭᠰᠡᠨ ᠭᠡᠷᠡᠭ ᠢ | ᠲᠦᠪ ᠴᠢᠩᠭ᠎ᠠ ᠪᠠᠷ ᠪᠠᠶᠢᠴᠠᠭᠠᠨ ᠰᠢᠢᠳᠪᠦᠷᠢᠯᠡᠨ᠎ᠡ᠃ ︽ᠰᠠᠬᠢᠯᠭ᠎ᠠ ᠪᠠᠳᠤ ᠭᠡᠪ ᠰᠤᠷᠳᠠᠯ ᠤᠨ ᠴᠡᠭᠴᠡᠯᠡᠯᠳᠡ ᠶᠢᠨ | ᠤᠨ︾ ᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠵᠠᠰᠠᠭ ᠤᠨ ᠤᠷᠳᠤᠨ ᠤ ᠰᠢᠰᠲ᠋ᠧᠮ ᠤᠨ ᠭᠤᠤᠯᠳᠠᠯᠭᠠᠳᠠᠢ | ᠠᠵᠢᠯ ᠤᠨ ᠪᠦᠳᠦᠮᠵᠢ ᠶᠢ ᠬᠢᠨᠠᠨ ᠰᠢᠯᠭᠠᠬᠤ ᠰᠢᠰᠲ᠋ᠧᠮ ᠢ ᠪᠠᠶᠢᠭᠤᠯᠤᠨ᠂ ᠬᠠᠷᠢᠭᠤᠴᠠᠯᠭ᠎ᠠ ᠨᠡᠬᠡᠮᠵᠢᠯᠡᠬᠦ | ᠲᠦᠷᠢᠮᠵᠢᠭᠰᠡᠨ ᠲᠤᠭᠳᠠᠴᠠ ᠶᠢ ᠲᠡᠬᠦᠯᠳᠡᠷᠵᠢᠬᠦᠯᠵᠦ᠂ ᠡᠯ᠎ᠡ ᠲᠦᠷᠦᠯ ᠤᠨ ᠠᠵᠢᠯ ᠤᠨ ᠨᠠᠶᠢᠳᠠᠪᠤᠷᠢᠵᠢᠯᠳᠠ ᠶᠢ | ᠬᠦᠴᠦᠳᠡᠢ ᠠᠬᠢᠭᠤᠯᠬᠤ ᠭᠡᠷᠡᠭᠳᠡᠢ᠃ ᠰᠤᠷᠳᠠᠯ ᠤᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠤ᠂ ︽ | ᠭᠤᠷᠪᠠᠨ ᠴᠢᠩᠭ᠎ᠠ ᠭᠤᠷᠪᠠᠨ ᠪᠤᠳᠠᠳᠠᠢ︾ ᠱᠠᠭᠠᠷᠳᠠᠯᠭ᠎ᠠ ᠶᠢ ᠤᠬᠠᠮᠰᠠᠷ ᠠᠴᠠ ᠪᠠᠨ ᠦᠢᠯᠡᠳᠦᠯᠬᠡᠵᠢᠬᠦᠯᠦᠨ᠂ ︽ | ᠨᠠᠮ ᠤᠨ ᠲᠦᠷᠢᠮ ᠲᠤᠭᠳᠠᠭᠠᠯ ᠢ ᠰᠤᠷᠤᠯᠴᠠᠵᠤ᠂ ᠰᠢᠷᠢᠰ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠵᠤ᠂ ᠬᠢᠷᠢ | ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠨᠠᠷᠢᠨ ᠨᠢᠮᠪᠠᠢ | ᠦᠷᠨᠢᠬᠦᠯᠵᠦ᠂ ᠠᠵᠢᠯ ᠬᠢᠬᠦ ᠦᠬᠡᠢ ᠪᠤᠶᠤ ᠲᠤᠷ᠎ᠠ ᠪᠠᠷ ᠢᠶᠠᠨ ᠬᠢᠬᠦ᠂ ᠠᠷᠠᠳ ᠲᠦᠮᠡᠨ ᠤ ᠠᠰᠢᠭ ᠲᠤᠰᠠ ᠶᠢ | ᠬᠤᠬᠢᠷᠠᠭᠤᠯᠬᠤ ᠠᠵᠢᠯᠯᠠᠭ᠎ᠠ ᠶᠢ ᠡᠷᠡᠰ ᠴᠢᠩᠭ᠎ᠠ ᠴᠡᠭᠴᠡᠯᠡᠨ ᠵᠠᠰᠠᠬᠤ ᠭᠡᠷᠡᠭᠳᠡᠢ᠃ | ᠲᠦᠯᠦᠭᠡᠯᠡᠭᠴᠢᠳ ᠡ᠂ ᠰᠢᠨ᠎ᠡ ᠬᠡᠪ ᠪᠠᠶᠢᠳᠠᠯ ᠳᠤ ᠵᠤᠬᠢᠴᠠᠬᠤ ᠳᠤ ᠰᠠᠨᠠᠭᠠᠨ ᠠᠴᠠ ᠪᠠᠨ ᠬᠢᠵᠦ᠂ | ᠢᠳᠡᠪᠬᠢᠳᠡᠢ ᠬᠢᠬᠦ ᠶᠢ ᠪᠢᠳᠡᠨ ᠳᠤ ᠱᠠᠭᠠᠷᠳᠠᠵᠤ ᠂ ᠰᠢᠨ᠎ᠡ ᠬᠦᠭᠵᠢᠯᠳᠡ ᠶᠢ ᠪᠡᠶᠡᠯᠡᠬᠦᠯᠬᠦ ᠳᠤ ᠵᠤᠷᠢᠭᠳᠠᠢ | ᠤᠷᠤᠭᠰᠢᠯᠠᠵᠤ᠂ ᠬᠦᠴᠦᠳᠡᠢ ᠲᠡᠮᠡᠴᠡᠬᠦ ᠶᠢ ᠪᠢᠳᠡᠨ ᠳᠤ ᠤᠷᠢᠶᠠᠯᠠᠵᠤ ᠪᠤᠢ᠃ ᠪᠢᠳᠡ ᠬᠤᠰᠢᠭᠤ ᠨᠠᠮ ᠤᠨ ᠬᠤᠷᠢᠶᠠᠨ | ᠤ ᠡᠷᠡᠰ ᠪᠠᠳᠤ ᠤᠳᠤᠷᠢᠳᠤᠯᠭ᠎ᠠ ᠲᠤᠤᠷ᠎ᠠ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠢᠶᠠᠨ | ᠪᠦᠯᠬᠦᠮᠳᠡᠬᠦᠯᠦᠨ ᠲᠠᠶᠢᠴᠢᠯᠠᠵᠤ᠂ ᠪᠦᠬᠦ ᠰᠡᠳᠬᠢᠯ ᠨᠢᠬᠡ ᠵᠤᠷᠢᠭ ᠢᠶᠠᠷ ᠡᠷᠡᠯᠭᠡᠭᠯᠡᠨ ᠤᠷᠤᠭᠰᠢᠯᠠᠵᠤ᠂ ᠦᠷᠦᠭᠡᠯ ᠠᠴᠠ | ᠦᠰᠦᠳ ᠦᠪᠡᠷᠮᠢᠴᠡ ᠤᠨᠴᠠᠯᠢᠭ ᠲᠠᠢ᠂ ᠦᠵᠡᠰᠬᠦᠯᠡᠩ ᠭᠤᠴᠤ ᠦᠩᠬᠡ ᠦᠵᠡᠮᠵᠢ ᠲᠠᠢ᠂ ᠦᠷᠭᠡᠨ ᠲᠦᠮᠡᠨ ᠤ | ᠪᠠᠭ᠋ᠠᠷᠬᠠᠯ ᠢ ᠲᠠᠳᠠᠭᠰᠠᠨ ᠰᠢᠯᠢ ᠶᠢᠨ ᠭᠤᠤᠯ ᠠᠶᠢᠮᠠᠭ ᠤᠨ ᠡᠮᠦᠨ᠎ᠡ ᠡᠬᠦᠳᠡ ᠶᠢ ᠲᠦᠷᠭᠡᠨ ᠪᠠᠶᠢᠭᠤᠯᠬᠤ ᠶᠢᠨ | ᠲᠦᠯᠦᠬᠡ ᠴᠢᠷᠮᠠᠶᠢᠨ ᠲᠡᠮᠡᠴᠡᠵᠡᠭᠡᠶ᠎ᠡ︕ | |