ᠥᠯᠵᠡᠶᠢᠲᠥ ᠲᠠᠯ᠎ᠠ ᠨᠤᠲᠤᠭ ᠰᠢᠯᠢ ᠶᠢᠨ ᠭᠤᠤᠯ 2017 ᠤᠨ ᠤ ᠴᠠᠭᠠᠨ ᠰᠠᠷ᠎ᠠ ᠶᠢᠨ ᠥᠲᠡᠰᠢᠯᠡᠭᠡ ᠶᠢ ᠰᠢᠩᠭᠡᠭᠡᠨ ᠥᠢᠯᠡᠳᠤᠯ᠎ᠠ
ᠨᠡᠶᠢᠲᠡᠯᠡᠭᠰᠡᠨ ᠴᠠᠭ᠄
2017/1/23
        1 ᠳ᠋ᠤᠭᠡᠷ ᠰᠠᠷ᠎ᠠ ᠶᠢᠨ 10᠎ ᠤ ᠡᠲᠥᠷ᠂ ᠥᠯᠵᠡᠶᠢᠲᠤ ᠲᠠᠯ᠎ᠠ ᠨᠤᠲᠤᠭ ᠰᠢᠯᠢ ᠶᠢᠨ ᠭᠤᠤᠯ 2017 ᠤᠨ ᠤ ᠴᠠᠭᠠᠨ ᠰᠠᠷ᠎ᠠ ᠶᠢᠨ ᠥᠲᠡᠰᠢᠯᠡᠭᠡ ᠶᠢ ᠰᠢᠯᠢ ᠶᠢᠨ ᠭᠤᠤᠯ ᠤᠨ ᠷᠠᠲᠢᠤ᠋ ᠲᠧᠯᠸᠢᠰ ᠬᠤᠷᠢᠶᠠᠨ ᠳᠤ ᠰᠢᠩᠭᠡᠭᠡᠨ ᠥᠢᠯᠡᠳᠪᠡ᠃       ᠠᠶᠢᠮᠠᠭ ᠤᠨ ᠤᠲᠤᠷᠢᠲᠤᠯᠭ᠎ᠠ ᠯᠥᠸᠧ ᠬᠤ᠋ ᠽᠠᠢ᠂ ᠴᠡᠴᠡᠭ᠂ ᠡᠥ ᠬᠥᠸᠧ ᠳ᠋ᠥᠡᠭ᠂ ᠴᠢ᠊ · ᠪᠠᠶᠠᠷ᠂ ᠰᠡᠴᠡᠨᠪᠢᠯᠢᠭ ᠥᠲᠡᠰᠢᠯᠡᠭᠡ ᠶᠢ ᠰᠤᠨᠢᠷᠬᠠᠪᠠ᠃       ᠲᠤᠰ ᠤᠲᠠᠭᠠᠨ ᠤ ᠥᠲᠡᠰᠢᠯᠡᠭᠡ ᠪᠠᠷᠤᠭ ᠨᠢᠭᠡ ᠴᠠᠭ ᠬᠠᠭᠠᠰ ᠶᠠᠪᠤᠭᠲᠠᠵᠥ᠂ ᠰᠢᠯᠢ ᠶᠢᠨ ᠭᠤᠤᠯ ᠤᠨ ᠤᠷᠤᠨ ᠨᠤᠲᠤᠭ ᠤᠨ ᠤᠨᠴᠠᠯᠢᠭ᠂ ᠠᠮᠢ ᠠᠬᠤᠢ ᠶᠢᠨ ᠰᠤᠶᠤᠯ᠂ ᠥᠨᠲᠤᠰᠤᠲᠡᠨ ᠤ ᠬᠡᠪ ᠨᠠᠮᠪᠠ ᠶᠢ ᠤᠷᠭᠠᠨᠢᠭ ᠢᠶᠠᠷ ᠤᠶᠠᠯᠲᠤᠭᠤᠯᠵᠥ᠂ ᠰᠢᠯᠢ ᠶᠢᠨ ᠭᠤᠤᠯ ᠤᠨ ᠠᠷᠠᠳ ᠲᠥᠮᠡᠨ ᠤ ᠵᠤᠯ ᠵᠢᠷᠭᠠᠯᠲᠤ ᠥᠵᠡᠰᠬᠦᠯᠡᠩᠲᠤ ᠰᠠᠶᠢᠬᠠᠨ ᠰᠢᠨ᠎ᠠ ᠭᠡᠷ ᠤᠷᠤᠨ ᠢᠶᠠᠨ ᠪᠥᠲᠥᠭᠡᠨ ᠪᠠᠶᠢᠭᠤᠯᠵᠥ ᠪᠠᠶᠢᠭ᠎ᠠ ᠵᠤᠷᠢᠭ ᠰᠠᠨᠠᠭᠠᠨ ᠤ ᠬᠡᠪ ᠪᠠᠶᠢᠲᠠᠯ ᠢ ᠢᠯᠡᠷᠡᠬᠦᠯᠵᠥ᠂ ᠤᠯᠠᠨ ᠤ ᠪᠠᠨ ᠬᠠᠷᠠᠭ᠎ᠠ ᠰᠤᠨᠤᠷ ᠢ ᠮᠢᠯᠢᠶᠠᠬᠤ ᠪᠤᠯᠤᠨ᠎ᠠ᠃       ᠤᠯᠠᠭᠠᠨᠲᠤᠶᠠᠭ᠎ᠠ᠂ ᠡᠷᠬᠦᠨ᠎ᠠ ᠬᠠᠮᠲᠤᠯᠢᠭ ᠵᠡᠷᠭᠡ ᠮᠤᠩᠭᠤᠯ ᠥᠨᠲᠤᠰᠤᠲᠡᠨ ᠤ ᠲᠠᠭᠤᠴᠢᠳ ᠥᠲᠡᠰᠢᠯᠡᠭᠡ ᠳᠤ ᠬᠥᠭ ᠨᠡᠮᠡᠷᠢᠯᠡᠵᠥ᠂ ᠥᠨᠲᠤᠰᠤᠲᠡᠨ ᠤ ᠪᠥᠵᠢᠭ᠂ ᠥᠨᠲᠤᠰᠤᠲᠡᠨ ᠤ ᠬᠥᠭᠵᠢᠮ ᠤᠨ ᠥᠵᠡᠬᠦᠯᠥᠯᠭᠡ ᠨᠢ ᠥᠵᠡᠭᠴᠢ ᠤᠯᠠᠨ ᠳᠤ ᠮᠤᠩᠭᠤᠯ ᠥᠨᠲᠤᠰᠤᠲᠡᠨ ᠤ ᠤᠷᠠᠨ ᠭᠤᠶᠢᠲᠠ ᠰᠤᠶᠤᠯ ᠢ ᠬᠠᠷᠠᠭᠤᠯᠵᠥ᠂ ᠥᠲᠡᠰᠢᠯᠡᠭᠡ ᠶᠢᠨ ᠲᠤᠭᠯᠠᠯᠲᠠ ᠶᠢ ᠪᠠᠶᠠᠯᠢᠭᠵᠢᠭᠤᠯᠵᠥ᠂ ᠠᠭᠤᠯᠭ᠎ᠠ ᠶᠢ ᠬᠥᠨᠵᠡᠭᠡᠶᠢᠷᠡᠬᠦᠯᠥᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号