ᠹᠦ᠋ ᠸᠠᠨ ᠬᠤᠢ ᠠᠶᠢᠮᠠᠬ ᠤᠨ ᠵᠠᠬᠢᠷᠭ᠎ᠠ ᠶᠢᠨ 2017 ᠤᠨ ᠤ ᠠᠩᠬᠠᠳᠤᠭᠠᠷ ᠤᠳᠠᠭᠠᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/1/23
    1 ᠳ᠋ᠦ᠋ᠭᠡᠷ ᠰᠠᠷ᠎ᠠ ᠶᠢᠨ 12 ᠤᠨ ᠡᠳᠤᠷ᠂ ᠠᠶᠢᠮᠠᠬ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠬ ᠤᠨ ᠳᠠᠷᠤᠭ᠎ᠠ ᠹᠦ᠋ ᠸᠠᠨ ᠬᠤᠢ ᠠᠶᠢᠮᠠᠬ ᠤᠨ ᠵᠠᠬᠢᠷᠭ᠎ᠠ ᠶᠢᠨ 2017 ᠤᠨ ᠤ ᠠᠩᠬᠠᠳᠤᠭᠠᠷ ᠤᠳᠠᠭᠠᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ᠳᠦᠪ ᠤᠨ ᠠᠵᠦ ᠠᠬᠤᠢ ᠶᠢᠨ ᠠᠵᠢᠯ ᠤᠨ ᠬᠤᠷᠠᠯ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠳᠦᠯᠦᠭᠡᠯᠡᠭᠴᠢᠳ ᠤᠨ ᠶᠡᠭᠡ ᠬᠤᠷᠠᠯ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠷᠢᠶ᠎ᠡ ᠶᠢᠨ ᠬᠤᠶᠠᠳᠤᠭᠠᠷ ᠪᠦᠬᠦᠳᠡ ᠬᠤᠷᠠᠯ ᠵᠢᠴᠢ ᠠᠶᠢᠮᠠᠬ ᠤᠨ ᠨᠠᠮ ᠤᠨ ᠬᠤᠷᠢᠶᠠᠨ ᠤ 2017 ᠤᠨ ᠤ ᠠᠩᠬᠠᠳᠤᠭᠠᠷ ᠤᠳᠠᠭᠠᠨ ︵ᠦᠷᠭᠡᠳᠭᠡᠭᠰᠡᠨ︶ ᠤ ᠬᠤᠷᠠᠯ ᠵᠡᠷᠭᠡ ᠴᠢᠬᠤᠯᠠ ᠬᠤᠷᠠᠯ ᠤᠨ ᠵᠤᠷᠢᠬ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ 2017 ᠤᠨ ᠤ ᠪᠥᠬᠦ ᠠᠶᠢᠮᠠᠬ ᠤᠨ ᠳᠦᠷᠦᠭᠦᠦ ᠤᠯᠠᠷᠢᠯ ᠤᠨ ᠠᠵᠢᠯ ᠢ ᠰᠤᠳᠤᠯᠤᠨ ᠪᠠᠶᠢᠷᠢᠯᠠᠭᠤᠯᠵᠠᠢ᠃       ᠠᠶᠢᠮᠠᠬ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠬ ᠤᠨ ᠪᠠᠶᠢᠡᠭᠭᠤ ᠶᠢᠨ ᠳᠡᠳ᠋ ᠳᠠᠷᠤᠭ᠎ᠠ ᠶᠤᠤ ᠶᠦᠡᠭ ᠪᠦᠸᠧ᠂ ᠠᠶᠢᠮᠠᠬ ᠤᠨ ᠳᠡᠳ᠋ ᠳᠠᠷᠤᠭ᠎ᠠ ᠰᠡᠴᠡᠨᠪᠢᠯᠢᠭ᠂ ᠸᠠᠩ ᠷᠦᠢ᠂ ᠾᠸᠤ ᡁᠢ ᠮᠢᠨ ᠬᠤᠷᠠᠯ ᠳᠤ ᠤᠷᠤᠯᠴᠠᠵᠦ᠂ ᠬᠤᠯᠪᠤᠬᠳᠠᠯ ᠪᠦᠬᠦᠢ ᠠᠵᠢᠯ ᠤᠨ ᠳᠤᠬᠠᠢ ᠪᠠᠶᠢᠷᠢᠯᠠᠭᠤᠯᠤᠯᠳᠡ ᠬᠢᠪᠡ᠃ ᠬᠤᠷᠠᠯ ᠳᠡᠭᠡᠷ᠎ᠠ ᠡᠯ᠎ᠠ ᠬᠤᠰᠢᠭᠤ ᠰᠢᠶᠠᠨ ᠬᠤᠳᠠ ︵ᠤᠷᠤᠨ︶ ᠶᠢᠨ 2017 ᠤᠨ ᠤ ᠠᠵᠢᠯ ᠤᠨ ᠪᠠᠶᠢᠷᠢᠯᠠᠭᠤᠯᠤᠯᠳᠡ ᠪᠠ ᠳᠦᠷᠦᠭᠦᠦ ᠤᠯᠠᠷᠢᠯ ᠳᠤ ᠰᠠᠶᠢᠨ ᠡᠬᠢᠯᠡᠯᠳᠡ ᠲᠠᠢ ᠪᠤᠯᠭᠠᠬᠤ ᠳᠤᠬᠠᠢ ᠪᠤᠳᠠᠳᠠᠢ ᠠᠷᠭ᠎ᠠ ᠭᠡᠮᠵᠢᠶ᠎ᠡ ᠵᠢᠴᠢ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠡ ᠶᠢᠨ ᠪᠠᠶᠢᠳᠠᠯ ᠪᠠ ᠪᠠᠶᠠᠷ ᠤᠨ ᠡᠳᠤᠷ ᠤᠨ ᠬᠤᠭᠤᠴᠠᠭᠠᠨ ᠤ ᠬᠤᠯᠪᠤᠬᠳᠠᠯ ᠪᠦᠬᠦᠢ ᠠᠵᠢᠯ ᠤᠨ ᠨᠠᠶᠢᠳᠠᠪᠤᠷᠢᠵᠢᠭᠤᠯᠤᠯᠳᠡ ᠶᠢᠨ ᠳᠤᠬᠠᠢ ᠬᠠᠷᠢᠭᠤ ᠮᠡᠳᠡᠭᠦᠯᠦᠯᠳᠡ ᠶᠢ ᠰᠤᠨᠤᠰᠪᠠ᠃       ᠬᠤᠷᠠᠯ ᠠᠴᠠ ᠵᠢᠭᠠᠬᠤ ᠳᠠᠭᠠᠨ᠂ ᠡᠯ᠎ᠠ ᠭᠠᠵᠠᠷ᠂ ᠡᠯ᠎ᠠ ᠰᠠᠯᠠᠭ᠎ᠠ ᠮᠦᠴᠢᠷ ᠪᠤᠯᠤᠨ ᠡᠯ᠎ᠠ ᠱᠠᠳᠤᠨ ᠤ ᠺᠠᠳ᠋ᠷ ᠳᠦᠪ ᠬᠤᠷᠢᠶ᠎ᠡ᠂ ᠦᠪᠡᠷᠳᠡᠭᠡᠨ ᠵᠠᠰᠠᠬᠤ ᠤᠷᠤᠨ ᠤ ᠵᠤᠷᠢᠬ ᠰᠠᠨᠠᠭ᠎ᠠ ᠪᠤᠯᠤᠨ ᠠᠶᠢᠮᠠᠬ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠳᠡ ᠱᠠᠭᠠᠷᠳᠠᠯᠭ᠎ᠠ ᠶᠢ ᠨᠡᠪᠳᠡᠷᠭᠡᠢ ᠦᠢᠯᠠᠭᠠᠵᠦ᠂ ᠨᠠᠶᠢᠳᠠᠪᠤᠷᠢᠵᠢᠭᠤᠯᠤᠯᠳᠡ ᠶᠢ ᠠᠳᠬᠤᠬᠤ ᠦᠵᠡᠯ ᠰᠠᠨᠠᠭ᠎ᠠ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠬᠦ ᠭᠡᠷᠡᠭᠳᠠᠢ᠃ ᠬᠠᠷᠠᠯᠳᠡ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠵᠦᠢ ᠵᠤᠬᠢᠰᠳᠠᠢ ᠳᠤᠬᠳᠠᠭᠠᠵᠦ᠂ ᠳᠤᠬᠠᠢ ᠶᠢᠨ ᠭᠠᠵᠠᠷ ᠤᠨ ᠪᠤᠳᠠᠳᠦ ᠪᠠᠶᠢᠳᠠᠯ ᠲᠠᠢ ᠵᠤᠬᠢᠴᠠᠭᠤᠯᠵᠦ᠂ ᠳᠠᠯ᠎ᠠ ᠨᠤᠳᠤᠬ ᠤᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠡ ᠪᠠ ᠤᠷᠴᠢᠨ ᠳᠤᠭᠤᠷᠢᠨ ᠤ ᠬᠠᠮᠠᠭᠠᠯᠠᠯᠳᠡ᠂ ᠮᠠᠯ ᠠᠵᠦ ᠠᠬᠤᠢ ᠶᠢᠨ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ᠂ ᠳᠠᠯ᠎ᠠ ᠨᠤᠳᠤᠬ ᠤᠨ ᠪᠦᠬᠦ ᠤᠷᠤᠨ ᠪᠦᠰᠡ ᠶᠢᠨ ᠵᠤᠭᠠᠴᠠᠯ ᠤᠨ ᠬᠦᠭᠵᠢᠯᠳᠡ᠂ ᠳᠤᠮᠤ ᠳ᠋ᠠᠶᠢᠲ᠋ᠠ ᠶᠢᠨ ᠠᠵᠦ ᠦᠢᠯᠡᠰ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠡᠷᠭᠡ ᠭᠤᠤᠯᠳᠠᠯᠭ᠎ᠠ ᠶᠢ ᠠᠳᠬᠤᠵᠦ᠂ ᠰᠠᠶᠢᠳᠤᠷ ᠳᠦᠯᠦᠪᠵᠢᠭᠦᠯᠵᠦ᠂ ᠪᠤᠳᠠᠳᠠᠢ ᠠᠵᠢᠯᠯᠠᠨ᠂ ᠵᠢᠩᠬᠢᠨᠢ ᠦᠷ᠎ᠠ ᠪᠦᠳᠦᠮᠵᠢ ᠭᠠᠷᠭᠠᠬᠤ ᠭᠡᠷᠡᠭᠳᠠᠢ ᠭᠡᠪᠡ᠃ ᠠᠷᠪᠠᠳᠤᠭᠠᠷ ᠤᠳᠠᠭᠠᠨ ᠤ ᠨᠠᠮ ᠤᠨ ᠳᠦᠯᠦᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠬᠰᠠᠨ ᠬᠠᠷᠠᠯᠳᠡ ᠡᠭᠦᠷᠭᠡ ᠶᠢᠨ ᠳᠤᠭᠤᠷᠢᠨ ᠳᠤ᠂ ᠬᠤᠷᠠᠯ ᠤᠨ ᠵᠤᠷᠢᠬ ᠰᠠᠨᠠᠭ᠎ᠠ ᠪᠠᠷ ᠤᠯᠤᠰ ᠳᠦᠷᠦ ᠶᠢᠨ ᠵᠦᠪᠯᠡᠯᠭᠡᠨ ᠤ ᠠᠵᠢᠯ ᠤᠨ ᠵᠢᠷᠤᠮᠯᠠᠯ ᠪᠤᠯᠭᠠᠵᠦ᠂ ᠤᠯᠤᠰ ᠳᠦᠷᠦ ᠶᠢᠨ ᠵᠦᠪᠯᠡᠯᠭᠡᠨ ᠤ ᠦᠢᠯᠡᠳᠦᠯ ᠢᠶᠠᠨ ᠰᠠᠶᠢᠳᠤᠷ ᠪᠠᠳᠠᠷᠠᠭᠤᠯᠵᠦ᠂ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠤ ᠪᠠᠶᠢᠭᠤᠯᠤᠯᠳᠡ᠂ ᠤᠳᠤᠬᠢᠴᠢᠯᠠᠬᠰᠠᠨ ᠦᠪᠦᠷ ᠮᠤᠩᠭᠤᠯ ᠤᠨ ᠪᠦᠳᠦᠭᠡᠨ ᠪᠠᠶᠢᠭᠤᠯᠤᠯᠳᠡ ᠳᠤ ᠬᠤᠪᠢ ᠨᠡᠮᠡᠷᠢ ᠡᠷᠭᠦᠬᠦ ᠭᠡᠷᠡᠭᠳᠠᠢ ᠭᠡᠵᠦ ᠦᠵᠡᠵᠡᠭᠡᠪᠡ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号