ᠹᠥ᠋ ᠸᠠᠨ ᠬᠤᠢ ᠠᠶᠢᠮᠠᠭ ᠤᠨ ᠲᠤᠮᠤ ᠳ᠋ᠠᠶᠢᠲ᠋ᠠ ᠶᠢᠨ ᠲᠥᠪ ᠲᠤ ᠪᠠᠶᠢᠴᠠᠭᠠᠨ ᠰᠤᠲᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ - ᠴᠠᠭ ᠢ ᠠᠮᠵᠢᠨ ᠠᠵᠢᠯᠯᠠᠵᠦ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠭᠡᠬᠦ ᠬᠡᠷᠡᠭᠲᠡᠢ
ᠨᠡᠶᠢᠲᠡᠯᠡᠭᠰᠡᠨ ᠴᠠᠭ᠄
2017/1/23
    1 ᠳ᠋ᠤᠭᠡᠷ ᠰᠠᠷ᠎ᠠ ᠶᠢᠨ 11 ᠤ ᠡᠲᠥᠷ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠥᠵᠢ᠂ ᠠᠶᠢᠮᠠᠭ ᠤᠨ ᠲᠠᠷᠤᠭ᠎ᠠ ᠹᠥ᠋ ᠸᠠᠨ ᠬᠤᠢ ᠪᠥᠲᠥᠭᠡᠨ ᠪᠠᠶᠢᠭᠤᠯᠤᠯᠲᠠ ᠲᠤᠮᠲᠠᠬᠢ ᠠᠶᠢᠮᠠᠭ ᠤᠨ ᠲᠤᠮᠤ ᠳ᠋ᠠᠶᠢᠲ᠋ᠠ ᠶᠢᠨ ᠲᠥᠪ ᠲᠤ ᠪᠠᠶᠢᠴᠠᠭᠠᠨ ᠰᠤᠲᠤᠯᠤᠯᠲᠠ ᠬᠢᠭᠰᠡᠨ ᠪᠥᠭᠡᠳ ᠡᠯ᠎ᠠ ᠭᠠᠵᠠᠷ ᠡᠯ᠎ᠠ ᠰᠠᠯᠠᠭ᠎ᠠ ᠮᠥᠴᠢᠷ ᠲᠤᠮᠤ ᠳ᠋ᠠᠶᠢᠲ᠋ᠠ ᠶᠢᠨ ᠠᠵᠤ ᠥᠢᠯᠡᠰ ᠢ ᠪᠠᠶᠢᠯᠲᠤᠬᠤ ᠪᠤᠲᠤᠯᠭ᠎ᠠ ᠶᠢᠨ ᠴᠢᠨᠠᠷᠲᠠᠢ ᠰᠢᠨ᠎ᠠ ᠪᠠᠷ ᠮᠠᠨᠲᠤᠭᠰᠠᠨ ᠴᠢᠬᠤᠯᠠ ᠠᠵᠤ ᠥᠢᠯᠡᠰ᠂ ᠠᠵᠤ ᠠᠬᠤᠢ ᠨᠠᠶᠢᠭᠡᠮ ᠤᠨ ᠬᠥᠭᠵᠢᠯᠲᠡ ᠶᠢᠨ ᠰᠢᠨ᠎ᠠ ᠲᠤᠯᠭᠠᠭᠤᠷᠢᠯᠠᠯ ᠪᠤᠯᠭᠠᠵᠥ᠂ ᠲᠤᠮᠤ ᠳ᠋ᠠᠶᠢᠲ᠋ᠠ ᠶᠢᠨ ᠠᠵᠤ ᠥᠢᠯᠡᠰ ᠤᠨ ᠬᠥᠭᠵᠢᠯᠲᠡ ᠶᠢ ᠲᠥᠷᠭᠡᠳᠭᠡᠵᠥ᠂ ᠰᠤᠷᠠᠭ ᠴᠢᠮᠡᠭᠡᠵᠢᠯᠲᠡ ᠪᠠ ᠰᠢᠨ᠎ᠠ ᠬᠡᠯᠪᠡᠷᠢ ᠶᠢᠨ ᠠᠵᠤ ᠥᠢᠯᠡᠳᠪᠤᠷᠢᠵᠢᠯᠲᠠ᠂ ᠬᠤᠲᠠ ᠪᠠᠯᠭᠠᠰᠤᠵᠢᠯᠲᠠ᠂ ᠮᠠᠯ ᠲᠠᠷᠢᠶᠠᠯᠠᠩ ᠤᠨ ᠤᠲᠤᠬᠢᠴᠢᠯᠠᠯᠲᠠ᠂ ᠪᠤᠬᠢᠷᠲᠤᠯ ᠥᠭᠡᠢ ᠬᠥᠭᠵᠢᠯᠲᠡ ᠵᠡᠷᠭᠡ ︽ᠲᠠᠪᠤ ᠶᠢ ᠨᠢᠭᠡ ᠴᠤᠭᠴᠠᠵᠢᠭᠤᠯᠬᠤ︾ ᠶᠢ ᠵᠤᠬᠢᠴᠠᠩᠭᠤᠢ ᠠᠬᠢᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃       ᠹᠥ᠋ ᠸᠠᠨ ᠬᠤᠢ ᠶᠠᠭ ᠪᠥᠲᠥᠭᠡᠨ ᠪᠠᠶᠢᠭᠤᠯᠵᠥ ᠪᠠᠶᠢᠭ᠎ᠠ ᠠᠶᠢᠮᠠᠭ ᠤᠨ ᠲᠤᠮᠤ ᠳ᠋ᠠᠶᠢᠲ᠋ᠠ ᠶᠢᠨ ᠲᠥᠪ ᠲᠤ ᠬᠥᠷᠴᠥ ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠨᠢᠮᠪᠠᠢ ᠤᠢᠢᠯᠠᠭᠠᠭᠰᠠᠨ ᠪᠥᠭᠡᠳ ᠲᠤᠮᠤ ᠳ᠋ᠠᠶᠢᠲ᠋ᠠ ᠶᠢᠨ ᠪᠥᠲᠥᠭᠡᠨ ᠪᠠᠶᠢᠭᠤᠯᠤᠯᠲᠠ ᠪᠤᠯᠤᠨ ᠰᠤᠷᠠᠭ ᠴᠢᠮᠡᠭᠡᠨ ᠤ ᠡᠬᠢ ᠪᠠᠶᠠᠯᠢᠭ ᠢ ᠨᠡᠶᠢᠳᠭᠡᠨ ᠴᠡᠭᠴᠡᠯᠡᠬᠦ ᠠᠵᠢᠯ ᠤᠨ ᠬᠠᠷᠢᠭᠤ ᠮᠡᠲᠡᠬᠦᠯᠥᠯᠲᠡ ᠶᠢ ᠰᠤᠨᠤᠰᠪᠠ᠃ ᠲᠡᠷᠡ ᠵᠢᠭᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠮᠠᠨ ᠤ ᠠᠶᠢᠮᠠᠭ ᠤᠨ ᠪᠡᠭᠡᠵᠢᠩ ᠲᠢᠶᠠᠨᠵᠢᠨ ᠾᠧᠪᠸᠢ ᠲᠠᠢ ᠤᠢᠢᠷᠠᠯᠴᠠᠭ᠎ᠠ᠂ ᠴᠠᠬᠢᠯᠭᠠᠨ ᠬᠥᠴᠥᠨ ᠤ ᠪᠠᠲᠤᠯᠠᠭ᠎ᠠ ᠬᠥᠢᠴᠡᠳ᠂ ᠠᠭᠤᠷ ᠠᠮᠢᠰᠬᠤᠯ ᠤᠨ ᠨᠥᠬᠦᠴᠠᠯ ᠲᠤᠬᠢᠷᠠᠮᠵᠢᠲᠠᠢ᠂ ᠭᠠᠵᠠᠷ ᠵᠥᠢ ᠶᠢᠨ ᠪᠥᠲᠥᠴᠡ ᠲᠤᠭᠲᠠᠭᠤᠨ ᠵᠡᠷᠭᠡ ᠲᠤᠮᠤ ᠳ᠋ᠠᠶᠢᠲ᠋ᠠ ᠶᠢᠨ ᠠᠵᠤ ᠥᠢᠯᠡᠰ ᠢ ᠬᠥᠭᠵᠢᠬᠦᠯᠬᠦ ᠲᠠᠪᠠᠭᠤᠯᠢᠭ ᠨᠥ᠋ᠬᠦᠴᠡᠯ ᠢ ᠬᠥᠢᠴᠡᠳ ᠲᠠᠨᠢᠵᠥ᠂ ᠥᠪᠡᠷᠲᠡᠭᠡᠨ ᠵᠠᠰᠠᠬᠤ ᠤᠷᠤᠨ ᠤ ᠤᠯᠤᠰ ᠤᠨ ᠲᠤᠮᠤ ᠳ᠋ᠠᠶᠢᠲ᠋ᠠ ᠶᠢᠨ ᠶᠡᠷᠥᠩᠭᠡᠶᠢᠯᠡᠭᠰᠡᠨ ᠲᠤᠷᠰᠢᠯᠲᠠ ᠶᠢᠨ ᠲᠤᠭᠤᠷᠢᠭ ᠪᠠᠶᠢᠭᠤᠯᠬᠤ ᠲᠤᠬᠢᠶᠠᠯ ᠢ ᠡᠵᠡᠮᠲᠡᠵᠥ᠂ ᠲᠤᠮᠤ ᠳ᠋ᠠᠶᠢᠲ᠋ᠠ ᠶᠢᠨ ᠠᠵᠤ ᠥᠢᠯᠡᠰ ᠤᠨ ᠬᠥᠭᠵᠢᠯᠲᠡ ᠶᠢ ᠬᠥᠴᠥᠲᠡᠢ ᠠᠬᠢᠭᠤᠯᠵᠥ᠂ ᠰᠢᠨ᠎ᠠ ᠨᠢᠭᠡ ᠡᠭᠡᠯᠵᠢ ᠶᠢᠨ ᠠᠵᠤ ᠥᠢᠯᠡᠰ ᠤᠨ ᠥᠷᠢᠰᠥᠯᠲᠥᠭᠡᠨ ᠲᠤᠮᠲᠠ ᠰᠠᠨᠠᠭᠠᠴᠢᠯᠠᠭᠠᠲᠤ ᠪᠠᠶᠢᠷᠢ ᠶᠢ ᠤᠯᠬᠤ ᠬᠡᠷᠡᠭᠲᠡᠢ ᠬᠡᠪᠡ᠃       ᠹᠥ᠋ ᠸᠠᠨ ᠬᠤᠢ ᠴᠢᠬᠤᠯᠠᠴᠢᠯᠠᠬᠤ ᠳᠠᠭᠠᠨ᠂ ᠠᠶᠢᠮᠠᠭ ᠤᠨ ᠲᠤᠮᠤ ᠳ᠋ᠠᠶᠢᠲ᠋ᠠ ᠶᠢᠨ ᠠᠵᠤ ᠥᠢᠯᠡᠰ ᠤᠨ ᠬᠥᠭᠵᠢᠯᠲᠡ ᠶᠢ ᠠᠬᠢᠭᠤᠯᠬᠤ ᠤᠲᠤᠷᠢᠳᠬᠤ ᠲᠤᠭᠤᠢᠢᠯᠠᠩ ᠤᠨ ᠠᠯᠪᠠᠨ ᠭᠡᠷ ᠰᠠᠶᠢᠲᠤᠷ ᠵᠤᠬᠢᠶᠠᠨ ᠪᠠᠶᠢᠭᠤᠯᠤᠨ ᠵᠤᠬᠢᠴᠠᠭᠤᠯᠬᠤ ᠬᠡᠷᠡᠭᠲᠡᠢ᠃ ᠲᠤᠮᠤ ᠳ᠋ᠠᠶᠢᠲ᠋ᠠ ᠶᠢᠨ ᠬᠠᠮᠢᠶᠠᠷᠤᠯᠲᠠ ᠶᠢᠨ ᠲᠤᠪᠴᠢᠶ᠎ᠠ ᠠᠵᠢᠯ ᠤᠨ ᠡᠬᠦᠷᠭᠡ ᠬᠠᠷᠢᠭᠤᠴᠠᠯᠭ᠎ᠠ ᠪᠠᠨ ᠨᠠᠶᠢᠲᠠᠪᠤᠷᠢᠵᠢᠭᠤᠯᠵᠥ᠂ ᠲᠤᠮᠤ ᠳ᠋ᠠᠶᠢᠲ᠋ᠠ ᠶᠢᠨ ᠡᠯ᠎ᠠ ᠵᠥᠢᠯ ᠤᠨ ᠠᠵᠢᠯ ᠢ ᠪᠥᠲᠥᠮᠵᠢᠲᠡᠢ ᠨᠠᠶᠢᠲᠠᠪᠤᠷᠢᠵᠢᠭᠤᠯᠬᠤ ᠬᠡᠷᠡᠭᠲᠡᠢ᠃ ᠷᠤᠸᠠᠨ ᠲᠥᠡᠭ ᠳ᠋ᠥᠡᠭ ᠯᠢ᠂ ᠥᠪᠤᠷ ᠮᠤᠩᠭᠤᠯ ᠤᠨ ᠨᠢᠭᠡᠲᠥᠮᠠᠯ ᠬᠤᠯᠪᠤᠭ᠎ᠠ ᠶᠢᠨ ᠺᠤᠮᠫᠠᠨᠢ ᠲᠠᠢ ᠬᠠᠮᠵᠢᠯᠴᠠᠭ᠎ᠠ ᠪᠠᠨ ᠤᠯᠠᠮ ᠬᠥᠨᠵᠡᠭᠡᠶᠢᠷᠡᠬᠦᠯᠵᠥ᠂ ᠲᠤᠮᠤ ᠳ᠋ᠠᠶᠢᠲ᠋ᠠ ᠶᠢᠨ ᠲᠥᠪ ᠤᠨ ᠮᠠᠰᠢᠨ ᠡᠵᠡᠮᠲᠡᠬᠦᠷ ᠤᠨ ᠲᠠᠰᠤᠭ ᠪᠤᠯᠤᠨ ᠵᠠᠰᠠᠭ ᠤᠨ ᠶᠠᠪᠤᠲᠠᠯ ᠤᠨ ᠰᠤᠷᠠᠭ ᠴᠢᠮᠡᠭᠡᠨ ᠤ ᠡᠬᠢ ᠪᠠᠶᠠᠯᠢᠭ ᠢ ᠬᠠᠮᠲᠤᠪᠠᠷ ᠡᠳ᠋ᠯᠡᠬᠦ ᠲᠠᠪᠴᠠᠩ᠂ ᠵᠠᠰᠠᠭ ᠤᠨ ᠶᠠᠪᠤᠲᠠᠯ ᠤᠨ ᠤᠯᠠᠨ ᠨᠡᠶᠢᠲᠡ ᠶᠢᠨ ᠥᠢᠯᠡᠴᠢᠯᠡᠭᠡᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠲᠥᠷᠭᠡᠳᠭᠡᠵᠥ᠂ ᠲᠥᠷᠥᠬᠦᠥ ᠤᠯᠠᠷᠢᠯ ᠤᠨ ᠰᠡᠬᠦᠯᠴᠢ ᠪᠠᠷ ᠲᠤᠮᠤ ᠳ᠋ᠠᠶᠢᠲ᠋ᠠ ᠶᠢᠨ ᠲᠥᠪ ᠢ ᠪᠥᠲᠥᠭᠡᠨ ᠪᠠᠶᠢᠭᠤᠯᠤᠨ ᠠᠰᠢᠭᠯᠠᠯᠲᠠ ᠳᠤ ᠤᠷᠤᠭᠤᠯᠵᠥ᠂ ᠠᠶᠢᠮᠠᠭ᠂ ᠬᠤᠰᠢᠭᠤ ᠬᠤᠶᠠᠷ ᠱᠠᠲᠤᠨ ᠤ ᠲᠤᠮᠤ ᠳ᠋ᠠᠶᠢᠲ᠋ᠠ ᠶᠢᠨ ᠰᠤᠷᠠᠭ ᠴᠢᠮᠡᠭᠡᠨ ᠤ ᠡᠬᠢ ᠪᠠᠶᠠᠯᠢᠭ ᠢ ᠨᠡᠶᠢᠳᠭᠡᠨ ᠴᠡᠭᠴᠡᠯᠡᠵᠥ ᠬᠠᠮᠲᠤᠪᠠᠷ ᠡᠳ᠋ᠯᠡᠬᠦ ᠬᠡᠷᠡᠭᠲᠡᠢ᠃ ᠵᠢᠯ ᠤᠨ ᠲᠤᠲᠤᠷ᠎ᠠ ᠤᠲᠤ ᠥᠶ᠎ᠠ ᠶᠢᠨ ᠮᠠᠯ ᠠᠵᠤ ᠠᠬᠤᠢ ᠶᠢᠨ ᠲᠤᠮᠤ ᠳ᠋ᠠᠶᠢᠲ᠋ᠠ ᠶᠢᠨ ᠲᠠᠪᠴᠠᠩ᠂ ᠤᠨᠢᠨ ᠲᠡᠭᠡᠷ᠎ᠠ ᠨᠢ ᠶᠠᠲᠠᠭᠤ ᠶᠢ ᠲᠡᠳᠬᠦᠬᠦ ᠲᠤᠮᠤ ᠳ᠋ᠠᠶᠢᠲ᠋ᠠ ᠶᠢᠨ ᠲᠠᠪᠴᠠᠩ ᠵᠡᠷᠭᠡ ᠭᠤᠤᠯᠲᠠᠯᠭ᠎ᠠ ᠲᠠᠢ ᠲᠠᠪᠴᠠᠩ ᠢ ᠪᠥᠲᠥᠭᠡᠨ ᠪᠠᠶᠢᠭᠤᠯᠵᠥ᠂ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠲᠥᠪᠰᠢᠨ ᠢ ᠲᠡᠭᠡᠭᠰᠢᠯᠡᠬᠦᠯᠬᠦ ᠬᠡᠷᠡᠭᠲᠡᠢ᠃ ᠭᠤᠷᠪᠠᠲᠤᠭᠠᠷ ᠲᠠᠯ᠎ᠠ ᠶᠢᠨ ᠪᠠᠶᠢᠭᠤᠯᠤᠮᠵᠢ ᠠᠴᠠ ᠡᠯ᠎ᠠ ᠰᠠᠯᠠᠭ᠎ᠠ ᠮᠥᠴᠢᠷ ᠤᠨ ᠰᠤᠷᠠᠭ ᠴᠢᠮᠡᠭᠡ ᠲᠤᠭ᠎ᠠ ᠪᠠᠷᠢᠮᠲᠠ ᠳᠤ ᠰᠢᠯᠭᠠᠨ ᠥᠨᠡᠯᠡᠯᠲᠡ ᠬᠢᠬᠦ ᠶᠢ ᠠᠰᠢᠭᠯᠠᠨ᠂ ᠲᠤᠭ᠎ᠠ ᠪᠠᠷᠢᠮᠲᠠ ᠶᠢᠨ ᠨᠢᠭᠡᠲᠥᠯᠲᠥ ᠴᠢᠨᠠᠷ ᠪᠤᠯᠤᠨ ᠤᠨᠤᠪᠴᠢᠲᠤ ᠴᠢᠨᠠᠷ ᠢ ᠪᠠᠲᠤᠯᠠᠬᠤ ᠬᠡᠷᠡᠭᠲᠡᠢ᠃ ᠬᠠᠲᠠᠭᠤ ᠲᠤᠨᠤᠭ ᠤᠨ ᠪᠥᠲᠥᠭᠡᠨ ᠪᠠᠶᠢᠭᠤᠯᠤᠯᠲᠠ᠂ ᠴᠢᠲᠠᠪᠤᠷᠢᠲᠠᠨ ᠢ ᠬᠥᠮᠥᠵᠢᠬᠦᠯᠬᠦ ᠪᠤᠯᠤᠨ ᠤᠷᠴᠢᠨ ᠲᠤᠭᠤᠷᠢᠨ ᠢ ᠰᠠᠶᠢᠵᠢᠷᠠᠭᠤᠯᠬᠤ ᠶᠢ ᠴᠢᠩᠭᠠᠳᠬᠠᠵᠥ᠂ ᠲᠤᠨᠤᠭ ᠲᠥᠭᠦᠭᠡᠷᠥᠮᠵᠢ ᠲᠠᠪᠰᠢᠩᠭᠤᠢ᠂ ᠮᠡᠷᠭᠡᠵᠢᠯᠲᠡᠳ ᠤᠨ ᠴᠢᠲᠠᠪᠤᠷᠢ ᠥᠨᠲᠤᠷ᠂ ᠠᠵᠤ ᠠᠬᠤᠢᠢᠯᠠᠯ ᠤᠷᠤᠵᠥ ᠨᠤᠲᠤᠭᠰᠢᠬᠤ ᠤᠷᠴᠢᠨ ᠲᠤᠭᠤᠷᠢᠨ ᠰᠢᠯᠢᠲᠡᠭ᠂ ᠲᠡᠷᠢᠬᠦᠨ ᠤ ᠥᠢᠯᠡᠴᠢᠯᠡᠭᠡ ᠬᠠᠮᠢᠶᠠᠷᠤᠯᠲᠠ ᠶᠢᠨ ᠲᠥᠪᠰᠢᠨ ᠲᠠᠢ ᠲᠤᠮᠤ ᠳ᠋ᠠᠶᠢᠲ᠋ᠠ ᠶᠢᠨ ᠲᠥᠪ ᠢ ᠪᠠᠶᠢᠭᠤᠯᠬᠤ ᠬᠡᠷᠡᠭᠲᠡᠢ ᠬᠡᠪᠡ᠃   ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠪᠠᠶᠢᠡᠭᠭᠤ ᠶᠢᠨ ᠲᠡᠳ᠋ ᠲᠠᠷᠤᠭ᠎ᠠ ᠶᠤᠤ ᠶᠥᠡᠭ ᠪᠥᠸᠧ ᠵᠢᠴᠢ ᠠᠶᠢᠮᠠᠭ ᠤᠨ ᠰᠢᠭᠤᠳ ᠬᠠᠷᠢᠶ᠎ᠠ ᠬᠠᠮᠢ᠊ ᠡᠶ᠎ᠡ ᠪᠥᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠤᠯᠵᠥ ᠪᠠᠶᠢᠴᠠᠭᠠᠨ ᠰᠤᠲᠤᠯᠵᠠᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号