ᠯᠥᠸᠧ ᠬᠤ᠋ ᠽᠠᠢ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠢ ᠬᠢᠨᠠᠨ ᠵᠥᠪᠯᠡᠬᠦ ᠳᠡᠭᠡᠨ ᠵᠢᠭᠠᠭᠰᠠᠨ ᠨᠢ — ᠰᠢᠨ᠎ᠡ ᠪᠠᠶᠢᠷᠢᠯᠠᠭᠤᠯᠤᠯᠲᠠ ᠶᠢ ᠨᠠᠶᠢᠲᠠᠪᠤᠷᠢᠵᠢᠭᠤᠯᠵᠤ ᠰᠢᠨ᠎ᠡ ᠦᠷ᠎ᠡ ᠪᠦᠲᠦᠮᠵᠢ  ᠭᠠᠷᠭᠠᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ
ᠨᠡᠶᠢᠲᠡᠯᠡᠭᠰᠡᠨ ᠴᠠᠭ᠄
2017/1/23
    1 ᠳ᠋ᠤᠭᠡᠷ ᠰᠠᠷ᠎ᠠ ᠶᠢᠨ 15 ᠤ ᠡᠲᠥᠷ᠂ ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ ᠰᠢᠯᠢ ᠶᠢᠨ ᠭᠤᠤᠯ ᠠᠶᠢᠮᠠᠭ ᠤᠨ ᠲᠥᠯᠥᠭᠡᠯᠡᠭᠴᠢᠳ ᠤᠨ ᠪᠥᠯᠬᠦᠮ ᠳᠤ ᠤᠷᠤᠯᠴᠠᠨ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠢ ᠬᠢᠨᠠᠨ ᠵᠥᠪᠯᠡᠭᠰᠡᠨ ᠪᠥᠭᠡᠳ ᠪᠥᠬᠦ ᠠᠶᠢᠮᠠᠭ ᠢᠶᠠᠷ ᠢᠶᠠᠨ ᠥᠪᠡᠷᠲᠡᠭᠡᠨ ᠵᠠᠰᠠᠬᠤ ᠤᠷᠤᠨ ᠤ ᠠᠷᠪᠠᠲᠤᠭᠠᠷ ᠤᠲᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠤᠯᠤᠨ ᠠᠷᠪᠠᠲᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠲᠤᠭᠠᠷ ᠪᠥᠬᠦᠲᠠ ᠬᠤᠷᠠᠯ ᠤᠨ ᠰᠢᠢᠳᠪᠤᠷᠢᠲᠤ ᠪᠤᠲᠤᠯᠭ᠎ᠠ ᠪᠠᠶᠢᠷᠢᠯᠠᠭᠤᠯᠤᠯᠲᠠ ᠵᠢᠴᠢ ᠯᠢ ᠵᠢᠢ ᠾᠸᠡᠭ ᠱᠥᠵᠢ ᠶᠢᠨ ᠮᠠᠨ ᠤ ᠠᠶᠢᠮᠠᠭ ᠲᠤ ᠪᠠᠶᠢᠴᠠᠭᠠᠨ ᠰᠤᠲᠤᠯᠤᠯᠲᠠ ᠬᠢᠭᠰᠡᠨ ᠴᠢᠬᠤᠯᠠ ᠵᠢᠭᠠᠪᠤᠷᠢ ᠶᠢ ᠬᠥᠨᠵᠡᠭᠡᠢ ᠲᠤᠤᠱᠯᠠᠭᠤᠯᠵᠥ᠂ ︽ᠵᠠᠰᠠᠭ ᠤᠨ ᠤᠷᠲᠤᠨ ᠤ ᠠᠵᠢᠯ ᠤᠨ ᠢᠯᠡᠳᠭᠡᠯ︾ ᠳᠤ ᠲᠤᠷᠠᠲᠤᠭᠰᠠᠨ ᠡᠯ᠎ᠠ ᠵᠥᠢᠯ ᠤᠨ ᠡᠬᠦᠷᠭᠡ ᠬᠠᠷᠠᠯᠲᠠ ᠶᠢ ᠪᠥᠬᠦ ᠲᠠᠯ᠎ᠠ ᠪᠠᠷ ᠨᠠᠶᠢᠲᠠᠪᠤᠷᠢᠵᠢᠭᠤᠯᠵᠥ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠠ ᠪᠠᠶᠢᠲᠠᠯ ᠢ ᠲᠠᠰᠤᠷᠠᠯᠲᠠ ᠥᠭᠡᠢ ᠡᠬᠦᠳᠬᠦ ᠬᠡᠷᠡᠭᠲᠡᠢ ᠬᠡᠵᠥ ᠵᠢᠭᠠᠪᠠ᠃       ᠲᠥᠯᠥᠭᠡᠯᠡᠭᠴᠢᠳ ᠢᠲᠡᠪᠬᠢᠲᠡᠢ ᠪᠠᠷ ᠰᠠᠨᠠᠯ ᠰᠠᠨᠠᠭᠤᠯᠭ᠎ᠠ ᠲᠤᠷᠠᠳᠴᠥ᠂ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠲᠤᠨ ᠤ ᠥᠡᠭᠭᠡᠷᠡᠭᠰᠡᠨ ᠨᠢᠭᠡ ᠵᠢᠯ ᠤᠨ ᠠᠵᠢᠯ ᠢ ᠬᠥᠢᠴᠡᠳ ᠨᠤᠲᠠᠯᠠᠵᠥ᠂ ᠡᠨᠡ ᠵᠢᠯ ᠤᠨ ᠠᠵᠢᠯ ᠳᠤ ᠰᠠᠨᠠᠯ ᠪᠤᠯᠤᠨ ᠰᠠᠨᠠᠭᠤᠯᠭ᠎ᠠ ᠲᠤᠷᠠᠳᠴᠠᠢ᠃ ᠯᠥᠸᠧ ᠬᠤ᠋ ᠽᠠᠢ ᠤᠯᠠᠨ ᠤ ᠶᠠᠷᠢᠶ᠎ᠠ ᠶᠢ ᠰᠤᠨᠤᠰᠤᠭᠰᠠᠨ ᠤ ᠲᠠᠷᠠᠭ᠎ᠠ ᠵᠢᠭᠠᠬᠤ ᠳᠠᠭᠠᠨ᠂ ᠥᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠲᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠲᠤᠭᠠᠷ ᠬᠤᠷᠠᠯ ᠪᠤᠯ ᠪᠥᠬᠦ ᠤᠷᠤᠨ ᠢᠶᠠᠷ ᠢᠶᠠᠨ ᠥᠪᠡᠷᠲᠡᠭᠡᠨ ᠵᠠᠰᠠᠬᠤ ᠤᠷᠤᠨ ᠤ ᠠᠷᠪᠠᠲᠤᠭᠠᠷ ᠤᠲᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠤᠯᠤᠨ ᠠᠷᠪᠠᠲᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠲᠤᠭᠠᠷ ᠪᠥᠬᠦᠲᠠ ᠬᠤᠷᠠᠯ ᠤᠨ ᠵᠤᠷᠢᠭ ᠰᠠᠨᠠᠭ᠎ᠠ ᠶᠢ ᠬᠥᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠥ᠂ ᠤᠲᠤᠬᠢᠴᠢᠯᠠᠬᠰᠠᠨ ᠥᠪᠤᠷ ᠮᠤᠩᠭᠤᠯ ᠤᠨ ᠰᠢᠨ᠎ᠠ ᠠᠶᠠᠨ ᠢ ᠡᠬᠢᠯᠡᠬᠦᠯᠵᠥ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠰᠢᠢᠳᠪᠤᠷᠢᠲᠤ ᠱᠠᠲᠤᠨ ᠳᠤ ᠬᠤᠷᠠᠯᠲᠤᠭᠤᠯᠤᠭᠰᠠᠨ ᠨᠢᠭᠡ ᠤᠲᠠᠭᠠᠨ ᠤ ᠲᠥᠢᠯ ᠤᠨ ᠴᠢᠬᠤᠯᠠ ᠬᠤᠷᠠᠯ ᠪᠤᠯᠤᠨ᠎ᠠ᠃ ᠪᠥ᠋ ᠰᠢᠶᠥᠥ ᠯᠢᠨ ᠲᠡᠷᠢᠬᠦᠯᠡᠭᠴᠢ ᠶᠢᠨ ᠬᠢᠭᠰᠡᠨ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠳᠤ ᠭᠤᠤᠯ ᠰᠡᠲᠤᠪ ᠲᠤᠲᠤᠷᠬᠠᠢ᠂ ᠰᠡᠳᠬᠢᠴᠡ ᠲᠤᠲᠤ᠂ ᠭᠤᠤᠯᠲᠠᠯᠭ᠎ᠠ ᠲᠤᠪᠤᠶᠢᠮ᠎ᠠ᠂ ᠠᠷᠭ᠎ᠠ ᠬᠡᠮᠵᠢᠶ᠎ᠠ ᠬᠥᠴᠥᠲᠡᠢ ᠪᠠᠶᠢᠵᠥ᠂ ᠠᠵᠢᠯ ᠤᠨ ᠪᠥᠲᠥᠮᠵᠢ ᠪᠤᠯᠤᠨ ᠠᠵᠢᠯ ᠤᠨ ᠪᠠᠶᠢᠷᠢᠯᠠᠭᠤᠯᠤᠯᠲᠠ ᠬᠥᠮᠥᠰ ᠢ ᠵᠤᠷᠢᠭᠵᠢᠭᠤᠯᠤᠮ᠎ᠠ ᠪᠠᠶᠢᠵᠥ᠂ ᠰᠢᠨ᠎ᠠ ᠬᠥᠭᠵᠢᠯᠲᠡ ᠶᠢᠨ ᠤᠢᠢᠯᠠᠭᠠᠭᠲᠠᠬᠤᠨ ᠢ ᠪᠥᠬᠦ ᠲᠠᠯ᠎ᠠ ᠪᠠᠷ ᠨᠠᠶᠢᠲᠠᠪᠤᠷᠢᠵᠢᠭᠤᠯᠤᠭᠰᠠᠨ᠂ ᠥᠭᠡᠷᠡᠴᠢᠯᠡᠯᠲᠡ ᠰᠢᠨᠡᠴᠢᠯᠡᠯᠲᠡ ᠶᠢᠨ ᠵᠤᠷᠢᠭ ᠰᠠᠨᠠᠭ᠎ᠠ ᠶᠢ ᠢᠯᠡᠷᠡᠬᠦᠯᠥᠭᠰᠡᠨ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ ᠰᠠᠶᠢᠨ ᠢᠯᠡᠳᠬᠡᠯ ᠪᠤᠯᠵᠠᠢ ᠬᠡᠪᠡ᠃       ᠯᠥᠸᠧ ᠬᠤ᠋ ᠽᠠᠢ ᠵᠢᠭᠠᠬᠤ ᠳᠠᠭᠠᠨ᠂ ︽ᠢᠯᠡᠳᠭᠡᠯ︾ ᠨᠢ ᠡᠨᠡ ᠵᠢᠯ ᠤᠨ ᠪᠥᠬᠦ ᠤᠷᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠬᠦᠷᠭᠡ ᠪᠤᠯᠤᠨ ᠴᠢᠬᠤᠯᠠ ᠶᠡᠭᠡ ᠠᠷᠭ᠎ᠠ ᠬᠡᠮᠵᠢᠶ᠎ᠠ ᠶᠢ ᠤᠯᠠᠮ ᠨᠢᠭᠡ ᠠᠯᠬᠤᠮ ᠲᠤᠲᠤᠷᠬᠠᠢᠢᠯᠠᠵᠥ᠂ ᠪᠢᠲᠠ 2017 ᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢᠶᠠᠨ ᠰᠠᠶᠢᠲᠤᠷ ᠬᠢᠬᠦ ᠴᠢᠬᠤᠯᠠ ᠵᠢᠷᠤᠮᠯᠠᠯ ᠪᠤᠯᠵᠠᠢ᠃ ᠪᠥᠬᠦ ᠠᠶᠢᠮᠠᠭ ᠢᠶᠠᠷ ᠢᠶᠠᠨ ᠢᠯᠡᠳᠭᠡᠯ ᠤᠨ ᠵᠤᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠵᠥ᠂ ᠪᠥᠬᠦ ᠤᠯᠤᠰ ᠪᠥᠬᠦ ᠤᠷᠤᠨ ᠤ ᠬᠥᠭᠵᠢᠯᠲᠡ ᠶᠢᠨ ᠶᠡᠭᠡ ᠬᠠᠨᠲᠤᠰᠢ ᠶᠢ ᠰᠠᠶᠢᠲᠤᠷ ᠡᠵᠡᠮᠲᠡᠬᠦ ᠬᠡᠷᠡᠭᠲᠡᠢ᠃ ᠥᠪᠡᠷᠲᠡᠭᠡᠨ ᠵᠠᠰᠠᠬᠤ ᠤᠷᠤᠨ ᠤ ᠠᠷᠪᠠᠲᠤᠭᠠᠷ ᠤᠲᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠤᠯᠤᠨ ᠠᠷᠪᠠᠲᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠲᠤᠭᠠᠷ ᠪᠥᠬᠦᠲᠠ ᠬᠤᠷᠠᠯ ᠤᠨ ᠵᠤᠷᠢᠭ ᠰᠠᠨᠠᠭ᠎ᠠ ᠶᠢ ᠬᠥᠨᠵᠡᠭᠡᠢ ᠡᠵᠡᠮᠰᠢᠬᠦ ᠲᠠᠢ ᠬᠠᠷᠢᠯᠴᠠᠨ ᠤᠶᠠᠯᠲᠤᠭᠤᠯᠵᠥ᠂ ᠡᠨᠡ ᠵᠢᠯ ᠤᠨ ᠪᠥᠬᠦ ᠤᠷᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠥᠩᠭᠡᠢ ᠱᠠᠭᠠᠷᠲᠠᠯᠭ᠎ᠠ᠂ ᠬᠠᠷᠠᠯᠲᠠ ᠪᠤᠯᠤᠨ ᠭᠤᠤᠯᠲᠠᠯᠭ᠎ᠠ ᠲᠠᠢ ᠡᠬᠦᠷᠭᠡ ᠶᠢ ᠰᠠᠶᠢᠲᠤᠷ ᠡᠵᠡᠮᠰᠢᠬᠦ ᠬᠡᠷᠡᠭᠲᠡᠢ᠃ ᠮᠠᠨ ᠤ ᠠᠶᠢᠮᠠᠭ ᠤᠨ ᠬᠥᠭᠵᠢᠯᠲᠡ ᠶᠢᠨ ᠨᠥᠬᠦᠴᠡᠯ ᠂ ᠲᠠᠪᠠᠭᠤᠯᠢᠭ᠂ ᠲᠤᠲᠠᠭᠤᠲᠠᠯ ᠵᠡᠷᠭᠡ ᠲᠠᠢ ᠬᠠᠷᠢᠯᠴᠠᠨ ᠤᠶᠠᠯᠲᠤᠭᠤᠯᠵᠥ᠂ ︽ᠵᠠᠰᠠᠭ ᠤᠨ ᠤᠷᠲᠤᠨ ᠤ ᠠᠵᠢᠯ ᠤᠨ ᠢᠯᠡᠳᠭᠡᠯ︾ ᠤᠨ ᠵᠤᠷᠢᠭ ᠰᠠᠨᠠᠭ᠎ᠠ ᠶᠢ ᠰᠠᠶᠢᠲᠤᠷ ᠪᠤᠲᠠᠲᠠᠢ ᠨᠠᠶᠢᠲᠠᠪᠤᠷᠢᠵᠢᠭᠤᠯᠬᠤ ᠬᠡᠷᠡᠭᠲᠡᠢ ᠬᠡᠪᠡ᠃       ᠯᠥᠸᠧ ᠬᠤ᠋ ᠽᠠᠢ ᠵᠢᠭᠠᠬᠤ ᠳᠠᠭᠠᠨ᠂ ᠠᠶᠢᠮᠠᠭ ᠤᠨ ᠨᠠᠮ ᠤᠨ ᠬᠤᠷᠢᠶᠠᠨ ᠤ 2017 ᠤᠨ ︵ᠥᠷᠭᠡᠳᠭᠡᠭᠰᠡᠨ︶  ᠤ ᠠᠩᠬᠠᠲᠤᠭᠠᠷ ᠬᠤᠷᠠᠯ ᠳᠤ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠠ ᠶᠢᠨ ᠬᠠᠷᠠᠯᠲᠠ ᠶᠢ ᠲᠤᠭᠲᠠᠭᠠᠵᠥ᠂ ᠭᠤᠤᠯ ᠪᠤᠯᠬᠤ ᠠᠵᠤ ᠠᠬᠤᠢ ᠶᠢᠨ ᠵᠢᠭᠠᠯᠲᠠ ᠲᠤᠭ᠎ᠠ ᠨᠢ ᠲᠤᠭᠲᠠᠭᠤᠨ ᠢᠶᠠᠷ ᠤᠷᠤᠭᠰᠢᠯᠠᠬᠤ ᠶᠡᠷᠥᠩᠭᠡᠢ ᠬᠥᠭ ᠠᠶᠠᠰ ᠲᠠᠢ ᠵᠤᠬᠢᠴᠠᠵᠥ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠰᠢᠨ᠎ᠠ ᠬᠥᠰᠡᠯ ᠡᠷᠡᠮᠡᠯᠵᠡᠯᠡᠯ ᠲᠠᠢ ᠨᠡᠶᠢᠴᠡᠵᠥ᠂ ᠰᠢᠯᠢ ᠶᠢᠨ ᠭᠤᠤᠯ ᠠᠶᠢᠮᠠᠭ ᠤᠨ ᠬᠥᠭᠵᠢᠯᠲᠡ ᠶᠢᠨ ᠪᠤᠲᠠᠲᠤ ᠪᠠᠶᠢᠲᠠᠯ ᠲᠠᠢ ᠨᠡᠶᠢᠴᠡᠪᠡ᠃ ᠪᠢᠲᠠ ᠡᠷᠭᠡᠪᠰᠢ ᠪᠥᠬᠦ ᠠᠶᠢᠮᠠᠭ ᠤᠨ 2017 ᠤᠨ ᠤ ᠠᠵᠤ ᠠᠬᠤᠢ ᠶᠢᠨ ᠬᠠᠷᠠᠯᠲᠠ ᠶᠢ ᠰᠠᠶᠢᠲᠤᠷ ᠡᠵᠡᠮᠲᠡᠵᠥ᠂ ᠲᠤᠭᠲᠠᠭᠤᠨ ᠢᠶᠠᠷ ᠨᠡᠮᠡᠭᠲᠡᠬᠦᠯᠬᠦ ᠪᠤᠯᠤᠨ ᠪᠥᠲᠥᠴᠡ ᠶᠢ ᠲᠤᠬᠢᠷᠠᠭᠤᠯᠬᠤ ᠶᠢ ᠵᠡᠷᠭᠡᠪᠡᠷ ᠴᠢᠬᠤᠯᠠᠴᠢᠯᠠᠵᠥ᠂ ᠠᠵᠤ ᠠᠬᠤᠢ ᠶᠢᠨ ᠥᠷᠬᠦᠯᠵᠢᠯᠡᠭᠰᠡᠨ ᠡᠷᠡᠬᠦᠯ ᠬᠥᠭᠵᠢᠯᠲᠡ ᠶᠢᠨ ᠰᠢᠨ᠎ᠠ ᠪᠠᠶᠢᠲᠠᠯ ᠢ ᠡᠬᠦᠳᠬᠦ ᠬᠡᠷᠡᠭᠲᠡᠢ᠃ ᠲᠥᠷᠢᠮ ᠤᠨ ᠰᠢᠨ᠎ᠠ ᠶᠢ ᠡᠬᠦᠳᠬᠦ ᠪᠠ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢ ᠵᠡᠷᠭᠡᠪᠡᠷ ᠴᠢᠬᠤᠯᠠᠴᠢᠯᠠᠵᠥ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠳᠤ ᠰᠢᠨ᠎ᠠ ᠥᠷ᠎ᠠ ᠪᠥᠲᠥᠮᠵᠢ ᠤᠯᠬᠤ ᠬᠡᠷᠡᠭᠲᠡᠢ᠃ ᠥᠭᠡᠷᠡᠴᠢᠯᠡᠯᠲᠡ ᠶᠢ ᠬᠥᠨᠵᠡᠭᠡᠶᠢᠷᠡᠬᠦᠯᠬᠦ ᠪᠠ ᠨᠡᠭᠡᠭᠡᠯᠲᠡ ᠶᠢ ᠥᠷᠭᠡᠳᠭᠡᠬᠦ ᠶᠢ ᠵᠡᠷᠭᠡᠪᠠᠷ ᠴᠢᠬᠤᠯᠠᠴᠢᠯᠠᠵᠥ᠂ ᠬᠥᠭᠵᠢᠯᠲᠡ ᠶᠢᠨ ᠬᠥᠲᠡᠯᠭᠡᠭᠴᠢ ᠬᠥᠴᠥᠨ ᠪᠠ ᠠᠮᠢᠵᠢᠷᠠᠯ ᠤᠨ ᠬᠥᠴᠥᠨ ᠢ ᠴᠢᠩᠭᠠᠳᠬᠠᠬᠤ ᠲᠠᠯ᠎ᠠ ᠪᠠᠷ ᠰᠢᠨ᠎ᠠ ᠥᠷ᠎ᠠ ᠪᠥᠲᠥᠮᠵᠢ ᠭᠠᠷᠭᠠᠬᠤ ᠬᠡᠷᠡᠭᠲᠡᠢ᠃ ᠰᠠᠭᠤᠷᠢ ᠶᠢ ᠪᠠᠲᠤᠳᠬᠠᠬᠤ ᠪᠠ ᠠᠯᠤᠰ ᠬᠡᠲᠥ ᠶᠢᠨ ᠠᠰᠢᠭ ᠲᠤᠰᠠ ᠶᠢ ᠵᠡᠷᠭᠡᠪᠡᠷ ᠪᠤᠲᠤᠯᠬᠢᠯᠠᠵᠥ᠂ ᠬᠥᠭᠵᠢᠯᠲᠡ ᠶᠢᠨ ᠨᠥᠬᠦᠴᠡᠯ ᠢ ᠰᠠᠶᠢᠵᠢᠷᠠᠭᠤᠯᠬᠤ ᠲᠠᠯ᠎ᠠ ᠪᠠᠷ ᠰᠢᠨ᠎ᠠ ᠰᠢᠪᠲᠤᠯᠤᠯᠲᠠ ᠭᠠᠷᠭᠠᠬᠤ ᠬᠡᠷᠡᠭᠲᠡᠢ᠃ ᠠᠷᠠᠳ ᠤᠨ ᠠᠮᠢᠲᠤᠷᠠᠯ ᠤᠨ ᠪᠠᠲᠤᠯᠠᠭ᠎ᠠ ᠪᠠ ᠨᠥᠬᠦᠴᠡᠯ ᠢ ᠰᠠᠶᠢᠵᠢᠷᠠᠭᠤᠯᠵᠥ᠂ ᠬᠤᠲᠠ ᠬᠥᠲᠡᠭᠡ ᠶᠢᠨ ᠰᠠᠭᠤᠭᠠᠯᠢ ᠠᠷᠠᠳ ᠤᠨ ᠠᠮᠢᠲᠤᠷᠠᠯ ᠤᠨ ᠴᠢᠨᠠᠷᠵᠢᠯ ᠢ ᠲᠠᠬᠢᠨᠲᠠ ᠰᠢᠨ᠎ᠠ ᠲᠥᠪᠰᠢᠨ ᠳᠤ ᠬᠥᠷᠭᠡᠵᠥ᠂ ᠵᠡᠬᠦᠨ ᠬᠡᠰᠡᠭ ᠤᠨ ᠠᠶᠢᠮᠠᠭ ᠬᠤᠲᠠ ᠶᠢᠨ ᠳᠠᠪᠠᠯᠲᠡ ᠶᠢᠨ ᠴᠢᠨᠠᠷᠲᠠᠢ ᠬᠥᠭᠵᠢᠯᠲᠡ ᠶᠢ ᠪᠡᠶᠡᠯᠡᠬᠦᠯᠬᠦ᠂ ᠤᠲᠤᠬᠢᠴᠢᠯᠠᠬᠰᠠᠨ ᠥᠪᠤᠷ ᠮᠤᠩᠭᠤᠯ ᠢ ᠪᠥᠲᠥᠭᠡᠨ ᠪᠠᠶᠢᠭᠤᠯᠬᠤ᠂ ᠡᠭᠡ ᠤᠯᠤᠰ ᠤᠨ ᠤᠮᠠᠷᠠᠲᠤ ᠬᠢᠯᠢ ᠶᠢᠨ ᠥᠵᠡᠰᠬᠦᠯᠡᠩᠲᠤ ᠰᠠᠶᠢᠬᠠᠨ ᠥᠵᠡᠮᠵᠢ ᠶᠢᠨ ᠤᠷᠤᠨ ᠢ ᠴᠤᠭᠴᠠᠯᠠᠬᠤ ᠳᠤ ᠰᠢᠨ᠎ᠠ ᠬᠤᠪᠢ ᠨᠡᠮᠡᠷᠢ ᠡᠷᠬᠦᠬᠦ ᠬᠡᠷᠡᠭᠲᠡᠢ ᠬᠡᠪᠡ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号