ᠪᠠᠷᠠᠭᠤᠨ ᠦᠵᠤᠮᠤᠴᠢᠨ ᠬᠤᠰᠢᠭᠤ ᠰᠢᠨ᠎ᠡ ᠨᠢᠭᠡ ᠡᠭᠡᠯᠵᠢ ᠶᠢᠨ ᠨᠤᠳᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠤᠷᠢ ᠪᠠ ᠱᠠᠩᠨᠠᠯ ᠤᠨ ᠮᠥᠡᠭᠭᠦ ᠶᠢ 5246.979 ᠲᠦᠮᠡᠨ ᠲᠦᠭᠦᠷᠢᠭ ᠲᠠᠷᠬᠠᠭᠠᠵᠠᠢ
ᠨᠡᠶᠢᠲᠡᠯᠡᠭᠰᠡᠨ ᠴᠠᠭ᠄
2017/1/23
    ᠤᠷᠴᠢᠮ ᠪᠠᠷᠠᠭᠤᠨ ᠦᠵᠤᠮᠤᠴᠢᠨ ᠬᠤᠰᠢᠭᠤ 6 ᠰᠤᠮᠤ ᠪᠡᠯᠭᠠᠰᠤ ᠶᠢᠨ 93 ᠭᠠᠴᠠᠭᠠᠨ ᠤ 13480 ᠮᠠᠯᠵᠢᠬᠤ ᠡᠷᠤᠭᠡ ᠳᠤ ᠨᠤᠳᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠥᠬᠦᠪᠤᠷᠢ ᠪᠠ ᠱᠠᠩᠨᠠᠯ ᠤᠨ ᠮᠥᠡᠭᠭᠦ ᠶᠢᠨ 70% ᠶᠢᠨ ᠪᠠᠷᠢᠮᠵᠢᠶ᠎ᠠ ᠪᠠᠷ 5246.979 ᠲᠦᠮᠡᠨ ᠲᠦᠭᠦᠷᠢᠭ ᠲᠠᠷᠬᠠᠭᠠᠵᠦ᠂ ᠦᠯᠡᠳᠡᠭᠰᠡᠨ ᠪᠡᠯᠡ ᠮᠦᠡᠭᠭᠦ ᠶᠢ ᠨᠢ 2017 ᠤᠨ ᠤ ᠵᠤᠨ ᠤ ᠤᠯᠠᠷᠢᠯ ᠤᠨ ᠮᠠᠯ ᠤᠨ ᠲᠤᠭᠠᠯᠡᠯᠭ᠎ᠠ ᠪᠡ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠭᠰᠠᠨ ᠡᠰᠡᠭᠦ ᠶᠢ ᠦᠨᠳᠦᠰᠦᠯᠡᠵᠦ ᠪᠠᠶᠢᠭᠠᠳ ᠨᠡᠶᠢᠳᠡᠪᠤᠷᠢᠵᠢᠭᠤᠯᠬᠤ ᠪᠠᠷ ᠪᠤᠢ᠃     ᠲᠤᠰ ᠬᠤᠰᠢᠭᠤᠨ ᠤ ᠵᠢᠷ ᠤᠨ ᠭᠤᠤᠯ ᠪᠡᠯᠭᠠᠰᠤ ᠶᠢᠨ ᠵᠢᠭᠠᠰᠤᠳᠡᠢ ᠭᠠᠴᠠᠭᠠᠨ ᠤ ᠨᠠᠮ ᠤᠨ ᠭᠡᠰᠢᠭᠦᠨ ᠭᠤᠤᠯᠯᠠᠬᠤ ᠡᠷᠤᠭᠡ ᠨᠠᠰᠤᠡᠡᠰᠡᠷᠡᠭ ᠤᠨ ᠬᠢᠨ 4320 ᠮᠦ ᠪᠡᠯᠴᠢᠭᠡᠷ ᠲᠡᠭᠡᠷ᠎ᠠ ᠪᠠᠨ 270 ᠭᠠᠷᠤᠢ ᠬᠤᠨᠢ᠂ ᠠᠷᠪᠡᠭᠠᠳ ᠠᠳᠤᠭᠤ ᠮᠠᠯᠵᠢᠳᠠᠭ᠃ ᠨᠦᠭᠦᠪᠦᠷᠢ ᠭᠦᠷᠳᠡᠭᠰᠡᠨ ᠲᠤᠬᠠᠢ ᠪᠠᠨ ᠲᠡᠷᠡ᠄ ︽ᠪᠢᠳᠡ ᠤᠯᠤᠰ ᠤᠷᠤᠨ ᠠᠴᠠ ᠲᠤᠭᠳᠠᠭᠠᠭᠰᠠᠨ ᠬᠦᠢᠳᠡᠨ ᠤᠯᠡᠷᠢᠯ ᠳᠤ 29.39 ᠮᠦ ᠳᠤ 1 ᠬᠤᠨᠢ᠂ ᠲᠤᠯᠠᠭᠠᠨ ᠤᠯᠡᠷᠢᠯ ᠳᠤ 11.1 ᠮᠦ ᠳᠤ 1 ᠬᠤᠨᠢ ᠮᠠᠯᠵᠢᠬᠤ ᠲᠤᠭᠳᠠᠭᠠᠯ ᠢ ᠳᠦᠷᠢᠮᠯᠠᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠰᠠᠶᠢᠳᠤᠷ ᠪᠡᠳᠤᠯᠡᠨ᠎ᠠ︾ ᠭᠡᠯ᠎ᠠ᠃     ᠲᠤᠰ ᠬᠤᠰᠢᠭᠤ ᠨᠤᠳᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠭᠦᠪᠦᠷᠢ ᠪᠠ ᠱᠠᠩᠨᠠᠯ ᠤᠨ ᠲᠦᠷᠢᠮ ᠢ ᠰᠠᠶᠢᠳᠦᠷ ᠭᠡᠷᠡᠭᠵᠢᠭᠦᠯᠵᠦ᠂ ᠭᠦᠮᠦᠨ ᠲᠤᠮᠳᠠᠴᠢ ᠨᠤᠭᠳᠠᠬᠤ ᠪᠡᠯᠴᠢᠭᠡᠷ 555 ᠮᠦ ᠠᠴᠠ ᠪᠠᠭ᠎ᠠ ᠡᠷᠦᠭᠡ ᠳᠤ ᠭᠦᠮᠦᠨ ᠪᠦᠷᠢ ᠳᠤ ᠵᠢᠯ ᠤᠨ 5000 ᠲᠦᠭᠦᠷᠢᠭ ᠤᠯᠭᠤᠵᠦ᠂ ᠭᠦᠮᠦᠨ ᠲᠤᠮᠳᠠᠴᠢ ᠨᠤᠭᠳᠠᠬᠤ ᠪᠡᠯᠴᠢᠭᠡᠷ 2000 ᠮᠦ ᠠᠴᠠ ᠲᠠᠭᠡᠭᠰᠢ ᠡᠷᠦᠭᠡ ᠳᠤ ᠭᠦᠮᠦᠨ ᠪᠦᠷᠢ ᠳᠤ ᠵᠢᠯ ᠤᠨ 18000 ᠲᠦᠭᠦᠷᠢᠭ ᠤᠯᠭᠤᠪᠡ᠃ ᠪᠡᠯᠴᠢᠭᠡᠷᠯᠡᠭᠦᠯᠭᠦ ᠶᠢ ᠵᠤᠭᠰᠤᠭᠠᠬᠤ ᠤᠷᠤᠨ ᠤ 60 ᠪᠦᠭᠦᠯᠢ ᠨᠠᠰᠤᠨ ᠠᠴᠠ ᠲᠡᠭᠡᠭᠰᠢᠭᠢ ᠮᠠᠯᠴᠢᠳ ᠲᠤ ᠰᠠᠷ᠎ᠠ ᠪᠦᠷᠢ ᠪᠡᠯᠴᠢᠭᠡᠷᠯᠡᠭᠦᠯᠬᠦ ᠶᠢ ᠵᠤᠭᠰᠤᠭᠠᠬᠤ ᠨᠦᠬᠦᠪᠤᠷᠢ ᠪᠡ ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠦᠡᠳᠤᠰᠤᠨ ᠨᠠᠰᠤᠵᠢᠯ ᠤᠨ ᠲᠠᠭᠠᠳᠬᠠᠯ ᠤᠨ ᠮᠦᠡᠭᠭᠦ ᠬᠦᠷᠳᠡᠭᠡᠭᠰᠡᠨ ᠰᠠᠭᠤᠷᠢᠨ ᠲᠡᠭᠡᠷ᠎ᠡ ᠭᠦᠮᠦᠨ ᠪᠦᠷᠢ ᠳᠤ 300 ᠲᠦᠭᠦᠷᠢᠭ ᠤᠨ ᠨᠦᠬᠦᠪᠤᠷᠢ ᠤᠯᠭᠤᠵᠠᠢ︔ ᠮᠠᠯ ᠪᠡᠯᠴᠢᠭᠡᠷ ᠤᠨ ᠲᠡᠩᠴᠡᠭᠦᠷᠢ ᠶᠢ ᠪᠡᠳᠤᠯᠠᠬᠤ ᠤᠷᠤᠨ ᠤ 60 ᠪᠦᠬᠦᠯᠢ ᠨᠠᠰᠤᠨ ᠠᠴᠠ ᠲᠡᠭᠡᠭᠰᠢᠬᠢ ᠮᠠᠯᠴᠢᠳ ᠲᠤ ᠰᠠᠷ᠎ᠠ ᠪᠦᠷᠢ ᠮᠠᠯ ᠪᠡᠯᠴᠢᠭᠡᠷ ᠤᠨ ᠲᠡᠩᠴᠡᠭᠦᠷᠢ ᠶᠢ ᠪᠡᠳᠤᠯᠠᠬᠤ ᠱᠠᠩᠨᠡᠯ ᠤᠨ ᠮᠦᠡᠭᠭᠦ ᠪᠡ ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠦᠡᠳᠤᠰᠤᠨ ᠨᠠᠰᠤᠵᠢᠯ ᠤᠨ ᠲᠠᠭᠠᠳᠬᠠᠯ ᠤᠨ ᠮᠦᠡᠭᠭᠦ ᠬᠦᠷᠳᠡᠭᠡᠭᠰᠡᠨ ᠰᠠᠭᠤᠷᠢᠨ ᠲᠡᠭᠡᠷ᠎ᠡ ᠭᠦᠮᠦᠨ ᠪᠦᠷᠢ ᠳᠤ 100 ᠲᠦᠭᠦᠷᠢᠭ ᠤᠨ ᠨᠦᠬᠦᠪᠤᠷᠢ ᠮᠦᠡᠭᠭᠦ ᠤᠯᠭᠤᠪᠠ︔ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠤ ᠮᠠᠯᠵᠢᠬᠤ ᠡᠷᠦᠬᠡ ᠶᠢᠨ ᠶᠡᠭᠡ ᠲᠡᠭᠡᠳᠤ ᠰᠤᠷᠭᠠᠭᠤᠯᠢ ᠳᠤ ᠰᠤᠷᠤᠯᠴᠡᠵᠤ ᠪᠠᠶᠢᠭ᠎ᠠ ᠦᠷ᠎ᠡ ᠭᠡᠤᠭᠡᠳ ᠲᠤ ᠬᠦᠮᠤᠨ ᠪᠦᠷᠢ ᠳᠤ ᠬᠤᠭᠤᠴᠠᠭ᠎ᠠ ᠪᠦᠷᠢ 3000 ᠲᠦᠭᠦᠷᠢᠭ ᠤᠨ ᠨᠦᠬᠦᠪᠤᠷᠢ ᠤᠯᠭᠤᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠡᠳᠤᠯᠠᠬᠤ ᠤᠷᠤᠨ ᠤ ᠮᠠᠯᠴᠢᠳ ᠤᠨ ᠶᠡᠭᠡ ᠲᠡᠭᠡᠳᠤ ᠰᠤᠷᠭᠠᠭᠤᠯᠢ ᠳᠤ ᠰᠤᠷᠤᠯᠴᠡᠵᠤ ᠪᠠᠶᠢᠭ᠎ᠠ ᠦᠷ᠎ᠡ ᠭᠡᠤᠭᠡᠳ ᠲᠤ ᠬᠦᠮᠤᠨ ᠪᠦᠷᠢ ᠳᠤ ᠬᠤᠭᠤᠴᠠᠭ᠎ᠠ ᠪᠦᠷᠢ 1500 ᠲᠦᠭᠦᠷᠢᠭ ᠤᠨ ᠨᠦᠬᠦᠪᠤᠷᠢ ᠤᠯᠭᠤᠵᠡᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号