ᠨᠤᠳᠤᠭ ᠪᠠᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ | ᠪᠤᠳᠤᠯᠭ᠎ᠠ ᠶᠢ ᠨᠡᠩ ᠰᠠᠶᠢᠳᠤᠷ ᠨᠠᠶᠢᠳᠠᠪᠤᠷᠢᠵᠢᠭᠤᠯᠬᠤ ᠶᠢᠨ ᠲᠦᠯᠦᠭᠡ᠂ ᠠᠪᠠᠭ᠎ᠠ ᠬᠤᠰᠢᠭᠤ ᠡᠷᠳᠡ ᠠᠴᠠ | ᠬᠦᠳᠡᠯᠦᠯᠴᠠᠨ᠂ ᠰᠠᠶᠢᠳᠤᠷ ᠪᠠᠶᠢᠷᠢᠯᠠᠭᠤᠯᠵᠦ᠂ ᠦᠷᠭᠡᠨ ᠲᠡᠯᠭᠡᠷ ᠤᠬᠠᠭᠤᠯᠤᠨ᠂ ᠡᠯ᠎ᠡ ᠲᠦᠷᠦᠯ ᠤᠨ ᠠᠵᠢᠯ ᠢᠶᠠᠨ | ᠢᠯᠭᠤᠮ ᠤᠷᠤᠭᠰᠢᠳᠠᠢ ᠠᠬᠢᠭᠤᠯᠵᠦ ᠪᠠᠶᠢᠨ᠎ᠠ᠃ ᠤᠳᠤᠬᠠᠨ ᠪᠤᠯᠳᠠᠯ᠎ᠠ ᠪᠦᠬᠦ ᠬᠤᠰᠢᠭᠤᠨ ᠤ 4059 ᠮᠠᠯᠵᠢᠬᠤ | ᠡᠷᠦᠭᠡ ᠲᠠᠢ ᠮᠠᠯ ᠪᠠᠯᠴᠢᠭᠡᠷ ᠤᠨ ᠲᠡᠩᠴᠡᠬᠦᠷᠢ ᠶᠢ ᠪᠠᠳᠤᠯᠠᠬᠤ ᠬᠠᠷᠢᠭᠤᠴᠠᠯᠭ᠎ᠠ ᠶᠢᠨ ᠬᠡᠷ᠎ᠡ ᠲᠤᠭᠳᠠᠵᠦ᠂ ᠪᠦᠬᠦ | ᠮᠠᠯᠵᠢᠬᠤ ᠡᠷᠦᠭᠡ ᠶᠢᠨ 66.8% ᠶᠢ ᠡᠵᠡᠯᠡᠵᠦ᠂ ᠪᠠᠯᠴᠢᠭᠡᠷᠯᠡᠬᠦᠯᠬᠦ ᠶᠢ ᠵᠤᠭᠰᠤᠭᠠᠬᠤ ᠪᠠ ᠮᠠᠯ ᠪᠠᠯᠴᠢᠭᠡᠷ ᠤᠨ | ᠲᠡᠩᠴᠡᠬᠦᠷᠢ ᠶᠢ ᠪᠠᠳᠤᠯᠠᠬᠤ ᠱᠠᠭᠠᠷᠳᠠᠯᠭ᠎ᠠ ᠳᠤ ᠨᠡᠶᠢᠴᠡᠭᠰᠡᠨ ᠶᠠᠳᠠᠭᠤ ᠬᠦᠴᠢᠷᠳᠠᠯᠳᠠᠢ ᠡᠷᠦᠭᠡ᠂ ᠨᠠᠭᠠᠳᠦ ᠵᠠᠬ᠎ᠠ ᠶᠢᠨ | ᠠᠮᠢᠳᠤᠷᠠᠯ ᠤᠨ ᠪᠠᠳᠤᠯᠠᠭᠠᠳᠦ ᠡᠷᠦᠭᠡ᠂ ᠲᠠᠪᠤᠨ ᠪᠠᠳᠤᠯᠠᠭᠠᠳᠦ ᠡᠷᠦᠭᠡ ᠪᠠᠷ ᠭᠤᠤᠯ ᠪᠤᠯᠭᠠᠭᠰᠠᠨ ᠮᠠᠯᠵᠢᠬᠤ | ᠡᠷᠦᠭᠡ ᠳᠤ 1077.25 ᠲᠦᠮᠡᠨ ᠲᠦᠬᠦᠷᠢᠭ ᠤᠨ ᠨᠦᠬᠦᠪᠦᠷᠢ ᠱᠠᠩᠨᠠᠯ ᠤᠨ ᠮᠦᠩᠬᠦ ᠲᠠᠷᠬᠠᠭᠠᠭᠠᠳ ᠪᠤᠢ᠃ | — 8000 ᠭᠠᠷᠤᠢ ᠮᠦ ᠨᠤᠳᠤᠭᠳᠠᠢ ᠮᠠᠨᠠᠶᠢᠬᠢᠨ ᠤ ᠮᠠᠯ ᠨᠠᠯᠢᠶᠡᠳ ᠪᠠᠶᠢᠭᠰᠠᠨ ᠢᠶᠠᠨ ᠡᠨᠡ ᠵᠢᠯ ᠠᠴᠠ | ᠦᠭᠡᠷ ᠬᠤᠨᠢ ᠪᠠᠨ ᠪᠠᠷᠤᠭ ᠬᠠᠭᠠᠰ ᠢᠶᠠᠷ ᠴᠦᠭᠡᠴᠢᠯᠡᠭᠰᠡᠨ᠃ ᠰᠢᠨ᠎ᠡ ᠨᠢᠭᠡ ᠡᠭᠡᠯᠵᠢ ᠶᠢᠨ ᠨᠦᠬᠦᠪᠦᠷᠢ ᠱᠠᠩᠨᠠᠯ ᠤᠨ | ᠲᠦᠷᠦ ᠶᠢᠨ ᠪᠤᠳᠤᠯᠭ᠎ᠠ ᠮᠠᠰᠢ ᠰᠠᠶᠢᠨ᠂ ᠮᠠᠯᠴᠢᠳ ᠦᠪᠡᠷ ᠤᠨ ᠤᠬᠠᠮᠰᠠᠷ ᠠᠴᠠ ᠪᠠᠨ ᠨᠤᠳᠤᠭ ᠪᠠᠯᠴᠢᠭᠡᠷ ᠢᠶᠠᠨ | ᠬᠠᠮᠠᠭᠠᠯᠠᠵᠦ᠂ ᠮᠠᠯ ᠪᠠᠯᠴᠢᠭᠡᠷ ᠤᠨ ᠲᠡᠩᠴᠡᠬᠦᠷᠢ ᠶᠢ ᠪᠠᠳᠤᠯᠠᠵᠦ᠂ ᠠᠮᠢ ᠠᠬᠤᠢ ᠪᠠᠨ ᠬᠠᠮᠠᠭᠠᠯᠠᠬᠤ ᠶᠢᠨ ᠵᠡᠷᠭᠡᠪᠡᠷ | ᠪᠠᠰᠠ ᠵᠤᠬᠢᠬᠤ ᠬᠡᠮᠵᠢᠶᠡᠨ ᠤ ᠨᠦᠬᠦᠪᠦᠷᠢ ᠬᠦᠷᠳᠡᠴᠢᠬᠡᠨᠡ ᠭᠡᠵᠦ ᠨᠠᠷᠠᠨᠪᠤᠯᠠᠭ ᠰᠤᠮᠤᠨ ᠤ ᠦᠷᠭᠡᠨᠳᠡᠯᠠ ᠭᠠᠴᠠᠭᠠᠨ ᠤ | ᠮᠠᠯᠴᠢᠨ ᠴᠤᠭᠪᠠᠳᠠᠷᠠᠬᠤ ᠶᠠᠷᠢᠨ᠎ᠠ᠃ | — 1 ᠲᠦᠮᠡ 8565 ᠮᠦ ᠨᠤᠳᠤᠭ ᠲᠡᠭᠡᠷ᠎ᠡ 50 ᠰᠢᠬᠠᠮ ᠦᠭᠡᠷ᠂ 500 ᠭᠠᠷᠤᠢ ᠬᠤᠨᠢ | ᠡᠪᠤᠯᠵᠢᠬᠦᠯᠬᠦ ᠪᠠᠷ ᠪᠠᠶᠢᠨ᠎ᠠ᠃ 30 ᠲᠤᠨ ᠡᠪᠡᠰᠦ᠂ 20 ᠲᠤᠨ ᠪᠤᠷᠳᠤᠭ᠎ᠠ ᠤᠷᠤᠭᠤᠯᠵᠦ᠂ ᠤᠳᠤ ᠬᠤᠨᠢ ᠪᠦᠷᠢ 5 | ᠯᠠᠩ᠂ ᠦᠭᠡᠷ ᠪᠦᠷᠢ ᠳᠤ 3 ᠵᠢᠩ ᠤᠨ ᠪᠠᠷᠢᠮᠵᠢᠶ᠎ᠠ ᠪᠠᠷ ᠪᠤᠷᠳᠤᠵᠦ ᠪᠠᠶᠢᠨ᠎ᠠ᠃ ᠦᠩᠭᠡᠷᠡᠭᠰᠡᠨ ᠵᠢᠯ ᠨᠤᠳᠤᠭ | ᠭᠠᠨᠭ᠍ᠳᠠᠭᠰᠠᠨ ᠪᠤᠯᠬᠤᠷ ᠪᠠᠯᠴᠢᠭᠡᠷ ᠲᠤᠩ ᠠᠨᠠᠢ᠃ ᠵᠤᠭᠰᠤᠭ᠎ᠠ ᠲᠡᠵᠢᠭᠡᠬᠦ ᠳᠤ ᠬᠦᠷᠪᠡᠯ ᠪᠠᠭ᠎ᠠ ᠪᠤᠰᠤ ᠡᠪᠡᠰᠦ | ᠪᠤᠷᠳᠤᠭ᠎ᠠ ᠤᠷᠤᠨ᠎ᠠ ᠳ᠋ᠠ᠃ ᠮᠦᠨᠴᠦ ᠵᠢᠯ ᠤᠨ ᠤᠷᠤᠯᠭ᠎ᠠ ᠶᠢᠨ ᠢᠶᠠᠨ ᠶᠡᠭᠡᠩᠬᠢ ᠶᠢ ᠡᠪᠡᠰᠦ ᠪᠤᠷᠳᠤᠭᠠᠨ ᠳᠤ | ᠵᠠᠷᠤᠴᠠᠭᠤᠯᠵᠦ ᠪᠠᠶᠢᠨ᠎ᠠ᠃ ᠤᠳᠤ ᠡᠪᠡᠰᠦ ᠪᠤᠷᠳᠤᠭ᠎ᠠ ᠨᠡᠮᠡᠵᠦ ᠠᠪᠬᠤ ᠪᠤᠯᠤᠮᠵᠢ ᠴᠦ ᠶᠡᠭᠡ ᠪᠤᠢ᠃ ᠬᠠᠷᠢᠨ | ᠦᠨᠦᠬᠡᠨ ᠨᠤᠳᠤᠭ ᠪᠡᠯᠴᠢᠬᠡᠷ ᠤᠨ ᠨᠦᠬᠦᠪᠦᠷᠢ ᠪᠠᠭᠤᠯᠭᠠᠭᠰᠠᠨ ᠨᠢ ᠪᠠᠰᠠ ᠭᠡᠳᠦᠨ ᠲᠦᠮᠡᠨ ᠲᠦᠬᠦᠷᠢᠭ ᠤᠨ | ᠤᠷᠤᠯᠭ᠎ᠠ ᠨᠡᠮᠡᠷᠢᠯᠡᠯ᠎ᠡ ᠰᠢᠤ ᠭᠡᠵᠦ ᠪᠠᠶᠠᠨᠳᠤᠭ ᠰᠤᠮᠤᠨ ᠤ ᠨᠤᠮᠤᠭᠠᠨ ᠭᠠᠴᠠᠭᠠᠨ ᠤ ᠰᠤᠶᠤᠯᠳᠦ ᠪᠠᠶᠠᠷᠳᠠᠶᠢᠬᠠᠨ | ᠶᠠᠷᠢᠯ᠎ᠠ᠃ | ᠡᠨᠡ ᠵᠢᠯ ᠠᠪᠠᠭ᠎ᠠ ᠬᠤᠰᠢᠭᠤᠨ ᠤ ᠨᠤᠳᠤᠭ ᠪᠠᠯᠴᠢᠭᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ | ᠲᠦᠷᠦ ᠶᠢᠨ ᠪᠤᠳᠤᠯᠭ᠎ᠠ ᠨᠢ ᠪᠦᠬᠦ ᠬᠤᠰᠢᠭᠤᠨ ᠤ 4079.5 ᠲᠦᠮᠡᠨ ᠮᠦ ᠨᠤᠳᠤᠭ ᠪᠠᠯᠴᠢᠭᠡᠷ ᠢ ᠬᠠᠮᠤᠷᠴᠦ᠂ | ᠡᠬᠦᠨ ᠳᠤ ᠪᠠᠯᠴᠢᠭᠡᠷᠯᠡᠬᠦᠯᠬᠦ ᠶᠢ ᠵᠤᠭᠰᠤᠭᠠᠬᠤ ᠡᠬᠦᠷᠭᠡ 301.63 ᠲᠦᠮᠡᠨ ᠮᠦ ᠪᠠᠶᠢᠵᠦ᠂ ᠮᠠᠯ ᠪᠠᠯᠴᠢᠭᠡᠷ ᠤᠨ | ᠲᠡᠩᠴᠡᠬᠦᠷᠢ ᠶᠢ ᠪᠠᠳᠤᠯᠠᠬᠤ ᠤᠷᠤᠨ 3777.87 ᠲᠦᠮᠡᠨ ᠮᠦ ᠪᠠᠶᠢᠵᠦ᠂ ᠪᠦᠬᠦ ᠬᠤᠰᠢᠭᠤᠨ ᠤ 7 ᠰᠤᠮᠤ | ᠪᠠᠯᠭᠠᠰᠤᠨ ᠤ 71 ᠭᠠᠴᠠᠭ᠎ᠠ ᠬᠤᠯᠪᠤᠭᠳᠠᠭᠰᠠᠨ ᠪᠠᠶᠢᠨ᠎ᠠ᠃ ᠡᠶᠢᠨᠬᠦ ᠠᠪᠠᠭ᠎ᠠ ᠬᠤᠰᠢᠭᠤ ᠪᠤᠳᠠᠳᠦ ᠪᠠᠶᠢᠳᠠᠯ ᠳᠠᠭᠠᠨ | ᠵᠤᠬᠢᠴᠠᠭᠤᠯᠤᠨ᠂ ᠲᠠᠬᠢᠨ ᠲᠠᠪᠳᠠᠨ ᠰᠤᠳᠤᠯᠤᠨ ᠶᠠᠷᠢᠯᠴᠠᠵᠦ ᠰᠢᠨ᠎ᠡ ᠨᠢᠭᠡ ᠡᠭᠡᠯᠵᠢ ᠶᠢᠨ ᠨᠤᠳᠤᠭ ᠪᠠᠯᠴᠢᠭᠡᠷ ᠤᠨ | ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠲᠦᠰᠦᠯ | ᠲᠤᠭᠳᠠᠭᠠᠵᠦ᠂ ᠰᠤᠨᠢᠨ ᠮᠡᠳᠡᠭᠡ ᠨᠡᠶᠢᠳᠡᠯᠡᠬᠦ ᠬᠤᠷᠠᠯ ᠡᠷᠬᠢᠯᠡᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠᠷ | ᠲᠠᠮᠵᠢᠭᠤᠯᠵᠦ᠂ ᠦᠷᠭᠡᠨ ᠤᠯᠠᠨ ᠮᠠᠯᠴᠢᠨ ᠲᠦᠮᠡᠨ ᠢ ᠡᠨᠡᠬᠦ ᠲᠦᠷᠦ ᠶᠢᠨ ᠪᠤᠳᠤᠯᠭ᠎ᠠ ᠶᠢᠨ ᠲᠤᠬᠠᠢ ᠤᠯᠠᠮ ᠬᠦᠨᠵᠡᠭᠡᠢ | ᠤᠶᠢᠯᠠᠭᠠᠯᠳᠠ ᠲᠠᠢ ᠪᠤᠯᠭᠠᠪᠠ᠃ ᠡᠬᠦᠨ ᠳᠤ 8 ᠬᠤᠭᠤᠴᠠᠭᠠᠨ ᠤ ᠪᠤᠯᠪᠠᠰᠤᠷᠠᠯ ᠤᠨ ᠠᠩᠭᠢ ᠡᠷᠬᠢᠯᠡᠨ᠂ 900 | ᠰᠢᠬᠠᠮ ᠬᠦᠮᠦᠨ ᠤᠳᠠᠭ᠎ᠠ ᠤᠷᠤᠯᠴᠠᠵᠦ᠂ 7000 ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠭᠰᠠᠨ ᠪᠠᠶᠢᠨ᠎ᠠ | ︔ ᠰᠠᠭᠤᠷᠢ ᠠᠵᠢᠯ ᠢ ᠴᠢᠩᠭᠠᠳᠬᠠᠨ᠂ ᠴᠠᠭ ᠲᠤᠬᠠᠢ ᠳᠤᠨᠢ ᠡᠯ᠎ᠡ ᠰᠤᠮᠤ ᠪᠠᠯᠭᠠᠰᠤ ᠶᠢ ᠵᠤᠬᠢᠶᠠᠨ ᠪᠠᠶᠢᠭᠤᠯᠵᠦ᠂ | ᠪᠠᠯᠴᠢᠭᠡᠷᠯᠡᠬᠦᠯᠬᠦ ᠶᠢ ᠵᠤᠭᠰᠤᠭᠠᠬᠤ᠂ ᠮᠠᠯ ᠪᠠᠯᠴᠢᠭᠡᠷ ᠤᠨ ᠲᠡᠩᠴᠡᠬᠦᠷᠢ ᠶᠢ ᠪᠠᠳᠤᠯᠠᠬᠤ ᠬᠠᠷᠢᠭᠤᠴᠠᠯᠭ᠎ᠠ ᠶᠢᠨ ᠪᠢᠴᠢᠭ | ᠲᠤᠭᠳᠠᠬᠤ ᠪᠠ ᠨᠦᠬᠦᠪᠦᠷᠢ ᠱᠠᠩᠨᠠᠯ ᠤᠨ ᠮᠦᠩᠬᠦ ᠲᠠᠷᠬᠠᠭᠠᠬᠤ ᠠᠵᠢᠯ ᠢ ᠠᠬᠢᠭᠤᠯᠬᠤ ᠪᠠᠷ ᠲᠠᠮᠵᠢᠭᠤᠯᠤᠨ᠂ ᠰᠢᠨ᠎ᠡ | ᠨᠢᠭᠡ ᠡᠭᠡᠯᠵᠢ ᠶᠢᠨ ᠨᠤᠳᠤᠭ ᠪᠠᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ | ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠯᠳᠡ ᠶᠢᠨ ᠠᠵᠢᠯ ᠢ ᠱᠠᠯᠠᠪᠳᠠᠨ ᠦᠷᠨᠢᠬᠦᠯᠦᠭᠰᠡᠨ ᠪᠠᠶᠢᠨ᠎ᠠ᠃ | ᠤᠳᠤᠬᠠᠨ ᠳᠤ᠂ ᠠᠪᠠᠭ᠎ᠠ ᠬᠤᠰᠢᠭᠤ ᠶᠠᠭ ᠰᠤᠮᠤ ᠪᠠᠯᠭᠠᠰᠤ ᠪᠠᠷ ᠨᠢᠭᠡᠴᠡᠯᠡᠭᠰᠡᠨ ᠮᠠᠯᠵᠢᠬᠤ ᠡᠷᠦᠭᠡ ᠶᠢᠨ ᠲᠤᠭ᠎ᠠ | ᠂ ᠨᠤᠳᠤᠭ ᠪᠠᠯᠴᠢᠭᠡᠷ ᠤᠨ ᠬᠡᠮᠵᠢᠶ᠎ᠡ᠂ ᠮᠠᠯ ᠤᠨ ᠲᠤᠭ᠎ᠠ ᠵᠡᠷᠭᠡ ᠤᠯᠠᠨ ᠲᠠᠯ᠎ᠠ ᠶᠢᠨ ᠪᠦᠷᠢᠳᠬᠡᠯ ᠢ ᠬᠢᠨᠠᠨ | ᠬᠠᠷᠭᠤᠭᠤᠯᠵᠦ᠂ ᠪᠠᠷᠢᠮᠵᠢᠶ᠎ᠠ ᠱᠠᠭᠠᠷᠳᠠᠯᠭ᠎ᠠ ᠳᠤ ᠨᠡᠶᠢᠴᠡᠭᠰᠡᠨ ᠡᠰᠡᠬᠦ ᠶᠢ ᠰᠢᠯᠭᠠᠨ᠂ 1 ᠮᠦ ᠶᠢᠨ 3 ᠲᠦᠬᠦᠷᠢᠭ ᠤᠨ | ᠨᠦᠬᠦᠪᠦᠷᠢ ᠱᠠᠩᠨᠠᠯ ᠤᠨ ᠮᠦᠩᠬᠦ ᠪᠠᠨ ᠲᠠᠷᠬᠠᠭᠠᠵᠦ ᠡᠬᠢᠯᠡᠭᠰᠡᠨ ᠪᠠᠶᠢᠨ᠎ᠠ᠃ |