ᠹᠦ᠋ ᠸᠠᠨ ᠬᠤᠢ ᠪᠡᠭᠡᠵᠢᠩ ᠳᠤ ᠭᠦᠷᠴᠦ ᠰᠤᠶᠤᠯ ᠵᠤᠭᠠᠴᠠᠯ ᠵᠡᠷᠭᠡ ᠭᠤᠤᠯᠳᠠᠯᠭ᠎ᠠ ᠲᠠᠢ ᠠᠵᠢᠯ ᠤᠨ ᠳᠤᠬᠠᠢ ᠶᠠᠷᠢᠯᠴᠠᠪᠠ
ᠨᠡᠶᠢᠲᠡᠯᠡᠭᠰᠡᠨ ᠴᠠᠭ᠄
2017/1/5
    ᠤᠢᠢᠷ᠎ᠠ ᠳᠤ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠲᠠᠷᠤᠭ᠎ᠠ ᠹᠦ᠋ ᠸᠠᠨ ᠬᠤᠢ ᠨᠡᠷ ᠪᠡᠭᠡᠵᠢᠩ ᠳᠤ ᠭᠦᠷᠴᠦ᠂ ᠦᠪᠤᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠬᠠᠮᠠᠭᠠᠯᠠᠯᠳᠠ ᠭᠦᠭᠵᠢᠭᠦᠯᠦᠯᠳᠡ ᠶᠢᠨ ᠰᠠᠭᠤᠷᠢ ᠮᠦᠡᠭᠭᠦᠨ ᠤ ᠨᠡᠶᠢᠭᠡᠮᠯᠢᠭ ᠤᠨ ᠲᠡᠷᠢᠭᠦᠯᠡᠭᠴᠢ ᠭᠧ ᠵᠢᠶᠠᠨ᠂ ᠠᠮᠧᠷᠢᠺᠠ ᠶᠢᠨ ᠨᠡᠷᠡᠳᠦ ᠺᠢᠨᠤ᠋ ᠤᠳᠤᠷᠢᠳᠤᠭᠠᠴᠢ ᠳ᠋ᠤᠨ · ᠹᠷᠠᠨᠳ᠋ᠽ ᠪᠤᠯᠤᠨ ᠲᠤᠤᠨᠢ · ᠰᠲ᠋ᠢᠮᠠᠺ ᠨᠠᠷ ᠲᠠᠢ ᠶᠠᠷᠢᠯᠴᠠᠵᠦ᠂ ᠰᠢᠯᠢ ᠶᠢᠨ ᠭᠤᠤᠯ ᠤᠨ ᠮᠤᠩᠭᠤᠯ ᠶᠤᠸᠠᠨ ᠤ ᠰᠤᠶᠤᠯ ᠤᠨ ᠲᠠᠭᠤᠦ ᠬᠦᠭᠵᠢᠮᠳᠤ ᠵᠦᠴᠦᠭᠡ ᠶᠢ ᠬᠠᠮᠳᠤᠷᠠᠨ ᠦᠢᠯᠡᠳᠭᠦ ᠲᠤᠬᠠᠢ ᠵᠦᠪᠳᠡᠯᠴᠡᠪᠡ     ᠹᠦ᠋ ᠸᠠᠨ ᠬᠤᠢ ᠵᠢᠭᠠᠬᠤ ᠳᠠᠭᠠᠨ᠂ ᠰᠢᠯᠢ ᠶᠢᠨ ᠭᠤᠤᠯ ᠠᠶᠢᠮᠠᠭ ᠪᠤᠯ ᠮᠤᠩᠭᠤᠯ ᠶᠤᠸᠠᠨ ᠤ ᠰᠤᠶᠤᠯ ᠤᠨ ᠴᠢᠬᠤᠯᠠ ᠡᠭᠦᠰᠦᠯᠳᠡ ᠶᠢᠨ ᠤᠷᠤᠨ ᠪᠠᠶᠢᠵᠦ᠂ 2012 ᠤᠨ ᠳᠤ ᠰᠢᠯᠤᠭᠤᠨ ᠭᠦᠭᠡ ᠬᠤᠰᠢᠭᠤᠨ ᠤ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢ ᠲᠡᠯᠡᠭᠡᠢ ᠶᠢᠨ ᠰᠤᠶᠤᠯ ᠤᠨ ᠦᠪ ᠲᠤ ᠲᠡᠮᠳᠡᠭᠯᠡᠬᠦᠯᠦᠭᠰᠡᠨ ᠶᠤᠮ᠃ ᠬᠤᠶᠠᠷ ᠲᠡᠯ᠎ᠠ ᠪᠠᠷ ᠢᠶᠠᠨ ᠬᠠᠮᠳᠤᠷᠠᠨ ᠮᠤᠩᠭᠤᠯ ᠶᠤᠸᠠᠨ ᠤ ᠰᠤᠶᠤᠯ ᠤᠨ ᠲᠠᠭᠤᠦ ᠬᠦᠭᠵᠢᠮᠳᠤ ᠵᠦᠴᠦᠭᠡ ᠶᠢ ᠦᠢᠯᠡᠳᠬᠦ ᠨᠢ ᠰᠢᠯᠢ ᠶᠢᠨ ᠭᠤᠤᠯ ᠠᠶᠢᠮᠠᠭ ᠤᠨ ᠰᠤᠶᠤᠯ ᠵᠤᠭᠠᠴᠠᠯ ᠤᠨ ᠰᠤᠳᠤᠨ ᠢᠨᠵᠧᠨᠧᠷᠢᠩ ᠪᠤᠯᠬᠤ ᠪᠠᠷ ᠪᠠᠷᠠᠬᠤ ᠦᠬᠡᠢ᠂ ᠮᠠᠨ ᠤ ᠠᠶᠢᠮᠠᠭ ᠤᠨ ᠲᠠᠯ᠎ᠠ ᠨᠤᠳᠤᠭ ᠤᠨ ᠵᠤᠭᠠᠴᠠᠯ ᠤᠨ ᠭᠦᠭᠵᠢᠯᠳᠡ ᠶᠢ ᠠᠬᠢᠭᠤᠯᠵᠦ᠂ ᠤᠮᠠᠷᠠᠳᠦ ᠬᠢᠯᠢ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠭᠴᠠᠯᠠᠬᠤ ᠳᠤ ᠴᠢᠬᠤᠯᠠ ᠠᠴᠢ ᠬᠤᠯᠪᠤᠭᠳᠠᠯ ᠲᠠᠢ᠃ ᠮᠠᠨ ᠤ ᠠᠶᠢᠮᠠᠭ ᠤᠨ ᠡᠯ᠎ᠠ ᠬᠠᠮᠢᠶ᠎ᠠ ᠪᠦᠭᠦᠢ ᠲᠠᠯ᠎ᠠ ᠠᠴᠠ ᠪᠦᠭᠦ ᠭᠦᠴᠦᠨ ᠢᠶᠠᠷ ᠵᠤᠷᠢᠬᠵᠢᠭᠤᠯᠤᠨ ᠲᠡᠮᠵᠢᠵᠦ᠂ ᠲᠠᠭᠤᠦ ᠬᠦᠭᠵᠢᠮᠳᠤ ᠵᠦᠴᠦᠭᠡ ᠶᠢ 2017 ᠤᠨ ᠤ ᠠᠶᠢᠮᠠᠭ ᠤᠨ ᠲᠡᠰ ᠤᠨ ᠭᠤᠤᠯᠳᠠᠯᠭ᠎ᠠ ᠲᠠᠢ ᠰᠤᠶᠤᠯ ᠵᠤᠭᠠᠴᠠᠯ ᠤᠨ ᠲᠦᠷᠦᠯ ᠵᠦᠢᠯ ᠤᠨ ᠭᠡᠷᠡᠭᠵᠢᠭᠦᠯᠦᠯᠳᠡ ᠳᠤ ᠤᠷᠤᠭᠤᠯᠵᠦ ᠲᠦᠷᠭᠡᠨ ᠠᠬᠢᠭᠤᠯᠤᠨ ᠨᠠᠶᠢᠳᠠᠪᠤᠷᠢᠵᠢᠭᠤᠯᠦᠨ᠎ᠠ ᠭᠡᠪᠡ᠃     ᠦᠪᠤᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠬᠠᠮᠠᠭᠠᠯᠠᠯᠳᠠ ᠭᠦᠭᠵᠢᠭᠦᠯᠦᠯᠳᠡ ᠶᠢᠨ ᠰᠠᠭᠤᠷᠢ ᠮᠦᠡᠭᠭᠦᠨ ᠤ ᠨᠡᠶᠢᠭᠡᠮᠯᠢᠭ ᠤᠨ ᠲᠡᠷᠢᠭᠦᠯᠡᠭᠴᠢ ᠭᠧ ᠵᠢᠶᠠᠨ ᠢᠯᠡᠷᠭᠡᠶᠢᠯᠡᠭᠦ ᠳᠡᠭᠡᠨ᠂ ᠮᠤᠩᠭᠤᠯ ᠶᠤᠸᠠᠨ ᠤ ᠰᠤᠶᠤᠯ ᠨᠢ ᠲᠤᠮᠳᠠᠳᠦ ᠶᠢᠨ ᠰᠤᠶᠤᠯ ᠤᠨ ᠴᠢᠬᠤᠯᠠ ᠪᠦᠷᠢᠯᠳᠦᠭᠦᠨ ᠪᠤᠯᠤᠭᠰᠠᠨ ᠤ ᠬᠤᠪᠢ ᠳᠤ᠂ ᠲᠡᠦᠭᠡ ᠶᠢᠨ ᠬᠢ ᠮᠦᠷᠳᠡᠭᠡᠨ ᠤᠳᠤ ᠦᠶ᠎ᠠ ᠶᠢᠨ ᠬᠢ᠂ ᠦᠨᠳᠦᠰᠦᠳᠡᠨ ᠤ ᠬᠢ ᠮᠦᠷᠳᠡᠭᠡᠨ ᠲᠡᠯᠡᠭᠡᠢ ᠶᠢᠨ ᠬᠢ ᠮᠦᠨ᠂ ᠲᠤᠰ ᠲᠠᠭᠤᠦ ᠬᠦᠭᠵᠢᠮᠳᠤ ᠵᠦᠴᠦᠭᠡ ᠶᠢ ᠦᠢᠯᠡᠳᠭᠦ ᠨᠢ ᠭᠤᠤᠯᠳᠠᠭᠤ ᠮᠤᠩᠭᠤᠯ ᠶᠤᠸᠠᠨ ᠤ ᠰᠤᠶᠤᠯ ᠤᠨ ᠤᠬᠢ ᠰᠢᠮ᠎ᠠ ᠶᠢ ᠠᠭᠤᠳᠠᠯᠯᠠᠵᠦ᠂ ᠦᠨᠳᠦᠰᠦᠳᠡᠨ ᠤ ᠶᠡᠭᠡ ᠪᠦᠯᠭᠦᠮᠳᠡᠯ ᠤᠨ ᠭᠦᠭᠵᠢᠯᠳᠡ ᠶᠢᠨ ᠤᠢᠢᠯᠠᠭᠠᠬᠳᠠᠬᠤᠨ ᠢ ᠪᠠᠳᠠᠷᠠᠭᠤᠯᠵᠦ᠂ ᠬᠤᠶᠠᠷ ᠲᠠᠯ᠎ᠠ ᠪᠠᠷ ᠢᠶᠠᠨ ᠭᠦᠴᠦ ᠪᠠᠨ ᠨᠢᠭᠡᠳᠭᠡᠨ᠂ ᠬᠠᠮᠳᠤᠪᠡᠷ ᠰᠠᠶᠢᠳᠦᠷ ᠦᠢᠯᠡᠳᠭᠦ ᠪᠤᠯᠤᠨ᠎ᠠ ᠭᠡᠪᠡ᠃     ᠹᠦ᠋ ᠸᠠᠨ ᠬᠤᠢ ᠨᠠᠷ ᠤᠷᠢᠳ ᠬᠤᠵᠢᠳ ᠲᠤᠮᠳᠠᠳᠦ ᠤᠯᠤᠰ ᠤᠨ ᠲᠡᠮᠦᠷ ᠵᠠᠮ ᠤᠨ ᠶᠡᠷᠦᠩᠭᠡᠢ ᠺᠤᠮᠫᠠᠨᠢ᠂ ᠱᠧᠨ ᠬᠤᠸᠠ ᠪᠦᠯᠦᠭᠯᠡᠯ᠂ ᠷᠤᠸᠠᠨ ᠲᠦᠡᠭ ᠳ᠋ᠦᠡᠭ ᠯᠢ ᠺᠤᠮᠫᠠᠨᠢ ᠳᠤ ᠭᠦᠷᠴᠦ᠂ ᠪᠡᠭᠡᠵᠢᠩ ᠠᠴᠠ ᠰᠢᠯᠢ ᠶᠢᠨ ᠬᠤᠳᠠ ᠭᠦᠷᠭᠦ ᠳᠡᠭᠡᠳᠤ ᠬᠤᠷᠳᠤᠴᠠᠳᠤ ᠲᠡᠮᠦᠷ ᠵᠠᠮ᠂ ᠵᠢᠨᠢᠩ ᠠᠴᠠ ᠲᠦᠡᠭᠯᠢᠶᠤᠤ ᠬᠦᠷᠬᠦ ᠲᠡᠮᠦᠷ ᠵᠠᠮ ᠤᠨ ᠬᠤᠷᠳᠤᠴᠠ ᠶᠢ ᠲᠦᠷᠭᠡᠳᠭᠡᠬᠦ᠂ ᠵᠢᠨᠢᠩ ᠠᠴᠠ ᠡᠷᠢᠶᠡᠨ ᠬᠤᠳᠠ ᠬᠦ᠋ᠷᠬᠦ ᠲᠡᠮᠦᠷ ᠵᠠᠮ ᠵᠡᠷᠭᠡ ᠢᠨᠵᠧᠨᠧᠷᠢᠩ ᠪᠤᠯᠤᠨ ᠴᠠᠬᠢᠯᠭᠠᠨ ᠰᠤᠷᠪᠤᠯᠵᠢ ᠶᠢᠨ ᠲᠦᠷᠦᠯ ᠵᠦᠢᠯ ᠵᠢᠴᠢ ᠨᠡᠭᠦᠷᠡᠰᠦᠨ ᠤ ᠠᠵᠦ ᠠᠬᠤᠢᠢᠯᠠᠯ ᠤᠨ ᠠᠶᠦᠯᠭᠦᠢ ᠦᠢᠯᠡᠳᠪᠦᠷᠢᠯᠡᠯ ᠤᠨ ᠠᠵᠢᠯ ᠢ ᠵᠤᠬᠢᠴᠠᠭᠤᠯᠤᠨ ᠵᠤᠯᠭᠠᠭᠤᠯᠵᠦ᠂ ᠰᠤᠷᠠᠭ ᠴᠢᠮᠡᠭᠡᠨ ᠤ ᠡᠬᠢ ᠪᠠᠶᠠᠯᠢᠭ ᠢ ᠨᠢᠭᠡᠳᠦᠭᠦᠯᠭᠦ ᠪᠤᠯᠤᠨ ᠲᠤᠮᠤ ᠳ᠋ᠠᠶᠢᠲ᠋ᠠ ᠶᠢᠨ ᠠᠵᠦ ᠦᠢᠯᠡᠰ ᠢ ᠭᠦᠭᠵᠢᠭᠦᠯᠭᠦ ᠵᠡᠷᠭᠡ ᠶᠠᠪᠤᠳᠠᠯ ᠢ ᠵᠤᠬᠢᠴᠠᠭᠤᠯᠪᠠ᠃     ᠠᠶᠢᠮᠠᠭ ᠤᠨ ᠲᠠᠳ᠋ ᠲᠠᠷᠤᠭ᠎ᠠ ᠦᠯᠵᠠᠢ᠂ ᠡᡁᠸᠦ ᡁᠢ ᠮᠢᠨ ᠪᠤᠯᠤᠨ ᠬᠠᠮᠢᠶ᠎ᠠ ᠪᠦᠭᠦᠢ ᠬᠤᠰᠢᠭᠤ ᠰᠢᠶᠠᠨ ᠬᠤᠳᠠ ︵ᠤᠷᠤᠨ︶᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠤᠷᠤᠯᠴᠠᠵᠠᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号