ᠹᠦ᠋ ᠸᠠᠨ ᠬᠤᠢ ᠲᠠᠶᠢᠹᠦᠰᠧ ᠬᠤᠰᠢᠭᠤ ᠳᠤᠯᠤᠨ ᠨᠤᠤᠷ ᠰᠢᠶᠠᠨ ᠳᠤ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2017/1/5
    12 ᠳ᠋ᠤᠭᠠᠷ ᠰᠠᠷ᠎ᠠ ᠶᠢᠨ 22 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠲᠠᠷᠤᠭ᠎ᠠ ᠹᠦ᠋ ᠸᠠᠨ ᠬᠤᠢ ᠠᠶᠦᠯᠭᠦᠢ ᠦᠢᠯᠡᠳᠪᠦᠷᠢᠯᠡᠯ ᠳᠤ ᠬᠢᠨᠠᠯᠳᠠ ᠲᠠᠯᠪᠢᠬᠤ᠂ ᠭᠠᠯ ᠰᠡᠷᠭᠡᠶᠢᠯᠡᠯᠳᠡ᠂ ᠵᠠᠮ ᠬᠠᠷᠢᠯᠴᠠᠭᠠᠨ ᠤ ᠬᠠᠮᠢᠶᠠᠷᠤᠯᠳᠠ᠂ ᠶᠠᠳᠠᠭᠤ ᠶᠢ ᠲᠡᠳᠭᠦᠭᠦ ᠵᠡᠷᠭᠡ ᠰᠠᠯᠠᠭ᠎ᠠ ᠮᠦᠴᠢᠷ ᠤᠨ ᠬᠢᠨ ᠢ ᠲᠠᠭᠠᠭᠤᠯᠤᠨ ᠲᠠᠶᠢᠹᠦᠰᠧ ᠬᠤᠰᠢᠭᠤ᠂ ᠲᠤᠯᠤᠨ ᠨᠤᠤᠷ ᠰᠢᠶᠠᠨ ᠳᠤ ᠭᠦᠨᠵᠡᠭᠡᠶᠢᠷᠡᠵᠦ᠂ ᠠᠶᠦᠯᠭᠦᠢ ᠦᠢᠯᠡᠳᠪᠦᠷᠢᠯᠡᠯ᠂ ᠶᠠᠳᠠᠭᠤ ᠶᠢ ᠲᠡᠳᠭᠦᠭᠦ ᠪᠤᠭᠤᠮᠳᠠ ᠰᠢᠪᠳᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃ ᠠᠶᠢᠮᠠᠭ ᠤᠨ ᠲᠡᠳ᠋ ᠲᠠᠷᠤᠭ᠎ᠠ ᠡᡁᠸᠦ ᡁᠢ ᠮᠢᠨ ᠪᠠᠷ᠎ᠠ ᠪᠤᠯᠪᠠ᠃       ᠹᠦ᠋ ᠸᠠᠨ ᠬᠤᠢ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠠᠵᠢᠯᠳᠠᠳ ᠢ ᠲᠠᠯᠳᠠᠭᠤᠷ ᠪᠠᠶᠢᠴᠠᠭᠠᠬᠤ ᠵᠡᠷᠭᠡ ᠭᠡᠯᠪᠡᠷᠢ ᠪᠠᠷ ᠰᠤᠩᠭᠤᠨ ᠪᠠᠶᠢᠴᠠᠭᠠᠬᠤ ᠶᠢ ᠱᠠᠭᠠᠷᠳᠠᠪᠠ᠃ ᠱᠠᠯᠠᠪᠳᠠᠭᠤᠯᠤᠨ ᠪᠠᠶᠢᠴᠠᠭᠠᠯᠳᠠ ᠲᠠᠭᠤᠰᠤᠭᠰᠠᠨ ᠤ ᠲᠠᠷᠠᠭ᠎ᠠ᠂ ᠹᠦ᠋ ᠸᠠᠨ ᠬᠤᠢ ᠲᠤᠯᠤᠨ ᠨᠤᠤᠷ ᠰᠢᠶᠠᠨ ᠳᠤ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠦ᠂ ᠠᠶᠦᠯᠭᠦᠢ ᠦᠢᠯᠡᠳᠪᠦᠷᠢᠯᠡᠯ ᠢ ᠲᠠᠯᠳᠠᠭᠤᠷ ᠪᠠᠶᠢᠴᠠᠭᠠᠭᠰᠠᠨ ᠪᠠᠶᠢᠳᠠᠯ ᠢ ᠮᠡᠳᠡᠭᠳᠡᠭᠰᠡᠨ ᠪᠦᠭᠡᠳ ᠲᠠᠷᠠᠭᠠᠴᠢ ᠶᠢᠨ ᠠᠯᠬᠤᠮ ᠳᠤ ᠠᠶᠦᠯᠭᠦᠢ ᠦᠢᠯᠡᠳᠪᠦᠷᠢᠯᠡᠯ ᠤᠨ ᠠᠵᠢᠯ ᠤᠨ ᠲᠤᠮᠤ ᠪᠠᠶᠢᠴᠠᠭᠠᠯᠳᠠ ᠶᠢ ᠰᠠᠶᠢᠳᠦᠷ ᠬᠢᠭᠦ ᠲᠤᠬᠠᠢ ᠪᠤᠳᠠᠳᠠᠢ ᠪᠠᠶᠢᠷᠢᠯᠠᠭᠤᠯᠪᠠ᠃       ᠹᠦ᠋ ᠸᠠᠨ ᠬᠤᠢ ᠲᠠᠶᠢᠹᠦᠰᠧ ᠬᠤᠰᠢᠭᠤᠨ ᠤ ᠪᠤᠤᠴᠠᠩ ᠪᠠᠯᠭᠠᠰᠤᠨ ᠤ ᠬᠤᠸᠠᠩ ᠲᠦ᠋ ᠺᠸᠡᠭ ᠲᠤᠰᠬᠤᠨ ᠤ ᠶᠠᠳᠠᠭᠤ ᠭᠦᠴᠢᠷᠳᠡᠯᠳᠠᠢ ᠡᠷᠦᠭᠡ ᠨᠢᠶᠧ ᡁᠢ ᠡᠸ᠋ ᠪᠤᠯᠤᠨ ︽ᠵᠠᠩ ᠶᠢᠨ ᠬᠠᠢ︾ ᠦᠭᠡᠷ ᠲᠡᠵᠢᠭᠡᠨ ᠦᠷᠡᠵᠢᠭᠦᠯᠭᠦ ᠬᠤᠷᠰᠢᠶᠠᠵᠢᠯ᠂ ᠲᠤᠯᠤᠨ ᠨᠤᠤᠷ ᠰᠢᠶᠠᠨ ᠤ ᠲᠤᠯᠤᠨ ᠨᠤᠤᠷ ᠪᠠᠯᠭᠠᠰᠤᠨ ᠤ ᠡᠮᠦᠨᠡᠳᠦ ᠲᠤᠰᠬᠤᠨ ᠤ ᠶᠠᠳᠠᠭᠤ ᠭᠦᠴᠢᠷᠳᠡᠯᠳᠠᠢ ᠡᠷᠦᠭᠡ ᠶᠤᠤ ᠬᠤᠨᠭ᠌ ᠯᠢᠩ ᠤᠨ ᠳᠤ ᠭᠦᠷᠴᠦ᠂ ᠲᠡᠳᠡᠨ ᠲᠠᠢ ᠲᠤᠳᠤᠨᠤᠰᠤᠭ ᠢᠶᠠᠷ ᠶᠠᠷᠢᠯᠴᠠᠪᠠ᠃ ᠹᠦ᠋ ᠸᠠᠨ ᠬᠤᠢ ᠵᠢᠭᠠᠬᠤ ᠳᠠᠭᠠᠨ᠂ ᠡᠯ᠎ᠠ ᠱᠠᠳᠤ ᠡᠯ᠎ᠠ ᠭᠠᠵᠠᠷ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠦᠢ ᠶᠢ ᠭᠡᠷᠡᠭᠯᠡᠭᠦ ᠡᠷᠭᠡ ᠶᠢ ᠰᠢᠯᠵᠢᠭᠦᠯᠭᠦ ᠠᠵᠢᠯ ᠢ ᠠᠬᠢᠭᠤᠯᠵᠦ᠂ ᠮᠠᠯᠴᠢᠨ ᠲᠠᠷᠢᠶᠠᠴᠢᠨ ᠢ ᠬᠠᠮᠵᠢᠨ ᠲᠠᠩᠰᠠ ᠪᠤᠳᠤᠵᠦ᠂ ᠮᠠᠯᠴᠢᠨ ᠲᠠᠷᠢᠶᠠᠴᠢᠨ ᠳᠤ ᠬᠤᠷᠰᠢᠶᠠᠵᠢᠯ ᠤᠨ ᠦᠢᠯᠡᠳᠪᠦᠷᠢᠯᠡᠯ ᠡᠵᠡᠩᠨᠡᠯᠳᠡ ᠶᠢᠨ ᠰᠠᠶᠢᠨ ᠰᠠᠶᠢᠬᠠᠨ ᠭᠦᠭᠵᠢᠯᠳᠡ ᠶᠢᠨ ᠢᠷᠡᠭᠡᠳᠦᠢ ᠶᠢ ᠲᠠᠨᠢᠭᠤᠯᠵᠦ᠂ ᠦᠢᠯᠡᠳᠪᠦᠷᠢᠯᠡᠯ ᠡᠵᠡᠩᠨᠡᠯᠳᠡ ᠶᠢᠨ ᠭᠡᠯᠪᠡᠷᠢ ᠶᠢ ᠬᠤᠪᠢᠷᠠᠭᠤᠯᠵᠦ᠂ ᠠᠵᠦ ᠦᠢᠯᠡᠰ ᠤᠨ ᠭᠦᠭᠵᠢᠯᠳᠡ ᠪᠠᠷ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠭᠦ ᠶᠢ ᠲᠠᠶᠢᠴᠢᠯᠠᠬᠤ ᠭᠡᠷᠡᠭᠳᠠᠢ ᠭᠡᠪᠡ᠃       ᠹᠦ᠋ ᠸᠠᠨ ᠬᠤᠢ ᠲᠠᠶᠢᠹᠦᠰᠧ ᠬᠤᠰᠢᠭᠤᠨ ᠤ ᠪᠤᠤᠴᠠᠩ ᠪᠠᠯᠭᠠᠰᠤᠨ ᠤ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠲᠤᠯᠤᠨ ᠨᠤᠤᠷ ᠰᠢᠶᠠᠨ ᠤ ᠯᠤᠸᠠᠨ ᠶᠤᠸᠠᠨ ᠠᠷᠢᠬᠢᠨ ᠤ ᠦᠢᠯᠡᠰ ᠤᠨ ᠺᠤᠮᠫᠠᠨᠢ ᠵᠡᠷᠭᠡ ᠪᠠᠷ ᠪᠠᠶᠢᠴᠠᠭᠠᠨ ᠦᠵᠡᠭᠦ ᠳᠡᠭᠡᠨ ᠴᠢᠬᠤᠯᠠᠴᠢᠯᠠᠭᠰᠠᠨ ᠨᠢ᠂ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠦ᠂ ᠭᠤᠤᠯ ᠴᠤᠭᠴᠠ ᠪᠤᠯᠤᠨ ᠬᠢᠨᠠᠯᠳᠠ ᠬᠠᠮᠢᠶᠠᠷᠤᠯᠳᠠ ᠶᠢᠨ ᠬᠠᠷᠢᠭᠤᠴᠠᠯᠭ᠎ᠠ ᠪᠠᠨ ᠰᠠᠶᠢᠳᠦᠷ ᠨᠠᠶᠢᠳᠠᠪᠤᠷᠢᠵᠢᠭᠤᠯᠬᠤ ᠭᠡᠷᠡᠭᠳᠠᠢ᠃ ᠪᠠᠶᠢᠴᠠᠭᠠᠨ ᠢᠯᠡᠷᠡᠭᠦᠯᠦᠭᠰᠡᠨ ᠲᠠᠯᠳᠠ ᠭᠡᠮ ᠪᠤᠯᠤᠨ ᠠᠰᠠᠭᠤᠳᠠᠯ ᠳᠤ ᠴᠢᠭᠯᠡᠭᠦᠯᠦᠨ ᠠᠵᠢᠯ ᠤᠨ ᠲᠠᠩᠰᠠ ᠡᠪᠭᠡᠮᠡᠯ ᠪᠠᠶᠢᠭᠤᠯᠵᠦ᠂ ᠴᠡᠭᠴᠡᠯᠡᠨ ᠵᠠᠰᠠᠬᠤ ᠲᠦᠰᠦᠯ ᠲᠤᠭᠳᠠᠭᠠᠨ᠂ ᠡᠯ᠎ᠠ ᠲᠦᠷᠦᠯ ᠤᠨ ᠠᠶᠦᠯ ᠤᠨ ᠲᠠᠯᠳᠠ ᠭᠡᠮ ᠢ ᠲᠦᠢᠯᠪᠤᠷᠢᠳᠠᠢ ᠠᠷᠢᠯᠭᠠᠬᠤ ᠭᠡᠷᠡᠭᠳᠠᠢ᠃ ᠡᠯ᠎ᠠ ᠭᠠᠵᠠᠷ ᠡᠯ᠎ᠠ ᠰᠠᠯᠠᠭ᠎ᠠ ᠮᠦᠴᠢᠷ ᠦᠢᠯᠠᠳᠪᠦᠷᠢ ᠠᠭᠤᠷᠬᠠᠢ ᠶᠢᠨ ᠠᠵᠦ ᠠᠬᠤᠢᠢᠯᠠᠯ᠂ ᠵᠠᠮ ᠨᠡᠪᠳᠡᠷᠡᠯᠭᠡ᠂ ᠬᠤᠳᠠ ᠲᠤᠭᠤᠷᠢᠭ᠂ ᠭᠠᠯ ᠰᠡᠷᠭᠡᠶᠢᠯᠡᠯᠳᠡ᠂ ᠢᠳᠡᠭᠡᠨ ᠤᠮᠳᠠᠭᠠᠨ ᠵᠡᠷᠭᠡ ᠭᠤᠤᠯᠳᠠᠯᠭ᠎ᠠ ᠲᠠᠢ ᠭᠡᠪᠴᠢᠶᠡᠨ ᠳᠠᠬᠢ ᠠᠶᠦᠯᠭᠦᠢ ᠦᠢᠯᠡᠳᠪᠦᠷᠢᠯᠡᠯ ᠤᠨ ᠠᠵᠢᠯ ᠢ ᠰᠠᠶᠢᠳᠦᠷ ᠠᠳᠬᠤᠵᠦ᠂ ᠡᠯ᠎ᠠ ᠱᠠᠳᠤᠨ ᠤ ᠤᠳᠤᠷᠢᠳᠬᠤ ᠺᠠᠳ᠋ᠷ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠦ᠂ ᠠᠮᠦᠷ ᠲᠦᠪᠰᠢᠨ ᠢ ᠬᠢᠨᠠᠨ ᠬᠠᠮᠢᠶᠠᠷᠴᠦ ᠬᠠᠤᠯᠢ ᠭᠡᠷᠡᠭᠵᠢᠭᠦᠯᠭᠦ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠬᠤ ᠭᠡᠷᠡᠭᠳᠠᠢ᠃ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠬᠰᠠᠨ ᠪᠦᠳᠦᠭᠡᠨ ᠪᠠᠶᠢᠭᠤᠯᠤᠯᠳᠠ ᠶᠢ ᠭᠦᠨᠵᠡᠭᠡᠢ ᠦᠷᠨᠢᠭᠦᠯᠵᠦ᠂ ᠠᠵᠦ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠲᠠᠪᠰᠢᠭᠦᠯᠬᠦ ᠶᠢ ᠠᠬᠢᠭᠤᠯᠵᠦ᠂ ᠤᠳᠤ ᠦᠶ᠎ᠠ ᠶᠢᠨ ᠮᠠᠯ ᠠᠵᠦ ᠠᠬᠤᠢ ᠶᠢᠨ ᠭᠦᠭᠵᠢᠯᠳᠡ ᠶᠢ ᠠᠬᠢᠭᠤᠯᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠦᠨ᠂ ᠪᠦᠭᠦ ᠠᠶᠢᠮᠠᠭ ᠤᠨ ᠠᠵᠦ ᠠᠬᠤᠢ ᠨᠡᠶᠢᠭᠡᠮ ᠤᠨ ᠭᠦᠭᠵᠢᠯᠳᠡ᠂ ᠠᠷᠠᠳ ᠲᠦᠮᠡᠨ ᠤ ᠵᠤᠯ ᠵᠢᠷᠭᠠᠯᠳᠦ ᠠᠮᠢᠳᠦᠷᠠᠯ ᠢᠶᠠᠨ ᠴᠤᠭᠴᠠᠯᠠᠵᠦ ᠦᠢᠯᠡᠰ ᠪᠤᠰᠬᠠᠬᠤ ᠳᠤ ᠰᠠᠶᠢᠨ ᠰᠠᠶᠢᠬᠠᠨ ᠤᠷᠴᠢᠨ ᠲᠤᠭᠤᠷᠢᠨ ᠬᠠᠨᠭ᠍ᠭᠠᠬᠤ ᠭᠡᠷᠡᠭᠳᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号