ᠠᠶᠢᠮᠠᠭ ᠤᠨ ᠵᠠᠬᠢᠷᠭ᠎ᠠ ᠠᠴᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠲᠤᠭᠠᠷ ᠬᠤᠭᠤᠴᠠᠭᠠᠨ ᠤ ᠲᠥᠷᠪᠡᠲᠥᠭᠡᠷ ᠬᠤᠷᠠᠯ ᠠᠴᠠ ᠨᠠᠰᠢᠬᠢ ᠰᠠᠨᠠᠯ ᠲᠤᠷᠠᠲᠤᠯᠭ᠎ᠠ ᠶᠢ ᠰᠢᠢᠳᠪᠤᠷᠢᠯᠡᠭᠰᠡᠨ ᠨᠤᠷᠮ᠎ᠠ 100% ᠬᠥᠷᠪᠡ
ᠨᠡᠶᠢᠲᠡᠯᠡᠭᠰᠡᠨ ᠴᠠᠭ᠄
2017/1/5
    ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠲᠤᠭᠠᠷ ᠬᠤᠭᠤᠴᠠᠭᠠᠨ ᠤ ᠪᠠᠶᠢᠡᠭᠭᠤ ᠶᠢᠨ ᠬᠤᠷᠢᠶᠠᠨ ᠤ ᠠᠷᠪᠠᠨ ᠵᠢᠷᠭᠤᠲᠤᠭᠠᠷ ᠤᠲᠠᠭᠠᠨ ᠤ ᠬᠤᠷᠠᠯ ᠠᠴᠠ ᠤᠢᠢᠯᠠᠭᠠᠭᠰᠠᠨ ᠢᠶᠠᠷ᠂ ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠤᠯ ᠠᠶᠢᠮᠠᠭ ᠤᠨ ᠠᠷᠪᠠᠨ ᠬᠤᠶᠠᠲᠤᠭᠠᠷ ᠬᠤᠭᠤᠴᠠᠭᠠᠨ ᠤ ᠲᠥᠷᠪᠡᠲᠥᠭᠡᠷ ᠬᠤᠷᠠᠯ ᠠᠴᠠ ᠨᠠᠰᠢ᠂ ᠠᠶᠢᠮᠠᠭ ᠤᠨ ᠵᠠᠬᠢᠷᠭ᠎ᠠ ᠳᠤ ᠰᠢᠢᠳᠪᠤᠷᠢᠯᠡᠬᠦᠯᠬᠦ ᠪᠠᠷ ᠳᠤᠰᠢᠶᠠᠬᠰᠠᠨ ᠵᠠᠰᠠᠭ ᠤᠨ ᠤᠷᠲᠤᠨ ᠤ ᠰᠢᠰᠲ᠋ᠧᠮ ᠳᠤ ᠬᠤᠯᠪᠤᠭᠲᠠᠭᠰᠠᠨ ᠰᠠᠨᠠᠯ ᠲᠤᠷᠠᠲᠤᠯᠭ᠎ᠠ ᠨᠡᠶᠢᠲᠡ 171 ᠬᠤᠪᠢ ᠪᠠᠶᠢᠵᠥ᠂ 12 ᠳ᠋ᠤᠭᠠᠷ ᠰᠠᠷ᠎ᠠ ᠶᠢᠨ 22 ᠤᠨ ᠡᠲᠥᠷ ᠪᠤᠯᠲᠠᠯ᠎ᠠ ᠠᠶᠢᠮᠠᠭ ᠤᠨ ᠵᠠᠬᠢᠷᠭ᠎ᠠ 100% ᠪᠠᠷ ᠰᠢᠢᠳᠪᠦᠷᠢᠯᠡᠵᠠᠢ᠃       ᠠᠶᠢᠮᠠᠭ ᠤᠨ ᠵᠠᠬᠢᠷᠭ᠎ᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠲᠤᠷᠠᠲᠤᠯᠭ᠎ᠠ ᠶᠢ ᠰᠢᠢᠳᠪᠤᠷᠢᠯᠡᠬᠦ ᠠᠵᠢᠯ ᠢ ᠲᠡᠭᠡᠲᠥ ᠬᠡᠮᠵᠢᠶ᠎ᠠ ᠪᠠᠷ ᠴᠢᠬᠤᠯᠠᠴᠢᠯᠠᠵᠥ᠂ ᠠᠵᠢᠯ ᠤᠨ ᠠᠷᠭ᠎ᠠ ᠬᠡᠮᠵᠢᠶ᠎ᠠ ᠪᠠᠨ ᠲᠠᠰᠤᠷᠠᠯᠲᠠ ᠥᠭᠡᠢ ᠰᠢᠨᠡᠳᠭᠡᠵᠥ᠂ ᠰᠠᠨᠠᠯ ᠲᠤᠷᠠᠲᠤᠯᠭ᠎ᠠ ᠰᠢᠢᠳᠪᠤᠷᠢᠯᠡᠬᠦ ᠶᠠᠪᠤᠴᠠ ᠶᠢ ᠲᠥᠷᠢᠮᠵᠢᠬᠦᠯᠵᠥ᠂ ᠱᠠᠯᠠᠪᠲᠠᠭᠤᠯᠤᠨ ᠪᠠᠶᠢᠴᠠᠭᠠᠵᠥ ᠱᠠᠯᠠᠪᠲᠠᠭᠤᠯᠤᠨ ᠰᠢᠢᠳᠪᠤᠷᠢᠯᠡᠬᠦ ᠶᠢ ᠴᠢᠩᠭᠠᠳᠬᠠᠵᠥ᠂ ᠡᠯ᠎ᠠ ᠲᠠᠭᠠᠭᠠᠴᠢᠯᠡᠨ ᠰᠢᠢᠳᠪᠤᠷᠢᠯᠡᠬᠦ ᠨᠢᠭᠡᠴᠡ ᠬᠠᠷᠢᠭᠤᠴᠠᠯᠭ᠎ᠠ ᠪᠠᠨ ᠲᠤᠲᠤᠷᠬᠠᠢᠢᠯᠠᠵᠥ᠂ ᠬᠥᠴᠥᠲᠠᠢ ᠠᠷᠭ᠎ᠠ ᠬᠡᠮᠵᠢᠶ᠎ᠠ ᠠᠪᠤᠭᠰᠠᠨ ᠢᠶᠠᠷ ᠮᠡᠲᠡᠭᠲᠡᠮ᠎ᠠ ᠥᠷ᠎ᠠ ᠪᠥᠲᠥᠮᠵᠢ ᠤᠯᠪᠠ᠃       ᠰᠠᠨᠠᠯ ᠲᠤᠷᠠᠲᠤᠯᠭ᠎ᠠ ᠶᠢᠨ ᠠᠭᠤᠯᠭ᠎ᠠ ᠠᠴᠠ ᠥᠵᠡᠪᠡᠯ᠂ ᠪᠥᠬᠦ ᠠᠶᠢᠮᠠᠭ ᠤᠨ ᠭᠤᠤᠯ ᠠᠵᠢᠯ᠂ ᠠᠵᠤ ᠥᠢᠯᠡᠰ ᠤᠨ ᠬᠥᠭᠵᠢᠯᠲᠡ ᠶᠢᠨ ᠴᠢᠭᠯᠡᠯ᠂ ᠰᠠᠭᠤᠷᠢ ᠲᠥᠭᠦᠭᠡᠷᠥᠮᠵᠢ ᠶᠢᠨ ᠪᠥᠲᠥᠭᠡᠨ ᠪᠠᠶᠢᠭᠤᠯᠤᠯᠲᠠ᠂ ᠤᠲᠤ ᠥᠶ᠎ᠠ ᠶᠢᠨ ᠮᠠᠯ ᠲᠠᠷᠢᠶᠠᠯᠠᠩ᠂ ᠮᠠᠯ ᠤᠨ ᠠᠰᠢᠭ ᠰᠢᠮ᠎ᠠ ᠶᠢᠨ ᠪᠥᠲᠥᠭᠡᠭᠲᠡᠬᠦᠨ ᠤ ᠥᠨ᠎ᠠ ᠬᠠᠨᠭ᠍ᠰᠢ᠂ ᠠᠮᠢ ᠠᠬᠤᠢ ᠶᠢᠨ ᠪᠦᠳᠤᠬᠡᠨ ᠪᠠᠶᠢᠭᠤᠯᠤᠯᠲᠠ ᠪᠠ ᠤᠷᠴᠢᠨ ᠲᠤᠭᠤᠷᠢᠨ ᠤ ᠬᠠᠮᠠᠭᠠᠯᠠᠯᠲᠠ᠂ ᠤᠮᠠᠷᠠᠰᠢ ᠨᠡᠭᠡᠭᠡᠯᠲᠡ ᠬᠢᠬᠦ ᠵᠢᠴᠢ ᠤᠨᠴᠠᠯᠢᠬᠲᠤ ᠵᠤᠭᠠᠴᠠᠯ ᠵᠡᠷᠭᠡ ᠲᠠᠯ᠎ᠠ ᠳᠤ ᠬᠤᠯᠪᠤᠭᠲᠠᠭᠰᠠᠨ ᠰᠠᠨᠠᠯ ᠲᠤᠷᠠᠲᠤᠯᠭ᠎ᠠ 78 ᠬᠤᠪᠢ ᠪᠠᠶᠢᠵᠥ᠂ ᠶᠡᠷᠥᠩᠭᠡᠢ ᠲᠤᠭᠠᠨ ᠤ 45.6% ᠶᠢ ᠡᠵᠡᠯᠡᠵᠥ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠤᠷᠢᠲᠤ ᠪᠤᠲᠤᠯᠭ᠎ᠠ ᠲᠤᠭᠲᠠᠭᠠᠬᠤ ᠳᠤ ᠯᠠᠪᠯᠠᠯᠲᠠ ᠬᠠᠨᠭ᠍ᠭᠠᠵᠠᠢ᠃ ᠠᠷᠠᠳ ᠤᠨ ᠠᠮᠢᠲᠤᠷᠠᠯ ᠢ ᠰᠠᠶᠢᠵᠢᠷᠠᠭᠤᠯᠬᠤ᠂ ᠤᠯᠠᠨ ᠲᠥᠮᠡᠨ ᠤ ᠨᠡᠶᠢᠲᠡᠮ ᠠᠩᠬᠠᠷᠤᠨ ᠬᠠᠯᠠᠮᠵᠢᠯᠠᠵᠥ ᠪᠠᠶᠢᠭ᠎ᠠ ᠰᠤᠷᠭᠠᠨ ᠬᠥᠮᠥᠵᠢᠯ ᠡᠮ ᠡᠮᠨᠡᠯᠭᠡ ᠡᠷᠡᠬᠦᠯ ᠬᠠᠮᠠᠭᠠᠯᠠᠯ᠂ ᠶᠠᠲᠠᠭᠤ ᠶᠢ ᠲᠡᠳᠬᠦᠬᠦ᠂ ᠠᠵᠢᠯ ᠤᠯᠭᠤᠯᠲᠠ ᠥᠢᠯᠡᠰ ᠪᠥᠲᠥᠭᠡᠬᠦ ᠵᠡᠷᠭᠡ ᠭᠤᠤᠯᠲᠠᠯᠭ᠎ᠠ ᠲᠠᠢ ᠠᠷᠠᠳ ᠤᠨ ᠠᠮᠢᠲᠤᠷᠠᠯ ᠳᠤ ᠬᠤᠯᠪᠤᠭᠲᠠᠭᠰᠠᠨ ᠰᠠᠨᠠᠯ ᠲᠤᠷᠠᠲᠤᠯᠭ᠎ᠠ 82 ᠬᠤᠪᠢ ᠪᠠᠶᠢᠵᠥ᠂ ᠶᠡᠷᠥᠩᠭᠡᠢ ᠲᠤᠭᠠᠨ ᠤ 48% ᠶᠢ ᠡᠵᠡᠯᠡᠵᠡᠢ᠃ ᠨᠡᠶᠢᠭᠡᠮ ᠤᠨ ᠡᠶ᠎ᠡ ᠲᠤᠭᠲᠠᠭᠤᠨ᠂ ᠢᠲᠡᠭᠡᠨ ᠤ ᠵᠥᠢᠯ ᠪᠠ ᠡᠮ ᠤᠨ ᠵᠥᠢᠯᠡᠰ ᠲᠤ ᠬᠢᠨᠠᠯᠲᠠ ᠲᠠᠯᠪᠢᠬᠤ᠂ ᠠᠶᠤᠯᠬᠦᠢ ᠥᠢᠯᠡᠳᠪᠤᠷᠢᠯᠡᠯ ᠵᠡᠷᠭᠡ ᠳᠤ ᠬᠤᠯᠪᠤᠭᠲᠠᠭᠰᠠᠨ ᠰᠠᠨᠠᠯ ᠲᠤᠷᠠᠲᠤᠯᠭ᠎ᠠ 11 ᠬᠤᠪᠢ ᠪᠠᠶᠢᠵᠥ᠂ ᠶᠡᠷᠥᠩᠭᠡᠢ ᠲᠤᠭᠠᠨ ᠤ 6.4% ᠶᠢ ᠡᠵᠡᠯᠡᠵᠥ᠂ ᠡᠬᠦᠨ ᠳᠤ ᠤᠯᠠᠩᠭᠢ ᠰᠠᠨᠠᠯ ᠲᠤᠷᠠᠲᠤᠯᠭ᠎ᠠ ᠶᠢ ᠨᠢᠮᠪᠠᠢ ᠰᠤᠲᠤᠯᠤᠭᠰᠠᠨ ᠤ ᠲᠠᠷᠠᠭ᠎ᠠ ᠪᠤᠲᠠᠲᠠᠢ ᠠᠵᠢᠯ ᠤᠨ ᠲᠤᠮᠲᠠ ᠬᠡᠷᠡᠭᠯᠡᠵᠥ᠂ ᠬᠠᠮᠢᠶ᠎ᠠ ᠪᠥᠬᠦᠢ ᠠᠵᠢᠯ ᠢ ᠰᠠᠶᠢᠵᠢᠷᠠᠭᠤᠯᠬᠤ ᠳᠤ ᠠᠬᠢᠭᠤᠯᠬᠤ ᠥᠢᠯᠡᠲᠥᠯ ᠥᠵᠡᠬᠦᠯᠥᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号