4 ᠳ᠋ᠤᠭᠡᠷ ᠰᠠᠷ᠎ᠠ ᠶᠢᠨ 29 ᠤ ᠡᠳᠥᠷ ᠶᠡᠷᠥᠩᠭᠡᠢ ᠪᠡᠯᠡ ᠤᠷᠤᠭᠤᠯᠤᠯᠳᠠ ᠨᠢ 49.56 ᠳ᠋ᠦᠩᠰᠢᠭᠤᠷ | ᠲᠥᠬᠦᠷᠢᠭ ᠲᠤ ᠬᠥᠷᠬᠦ ᠰᠢᠯᠢ ᠶᠢᠨ ᠭᠤᠤᠯ — ᠱᠠᠨᠳᠦ᠋ᠡᠭ ᠤᠨ ᠤᠨᠴᠠ ᠥᠨᠳᠥᠷ ᠬᠥᠴᠥᠲᠡᠯᠲᠥ 1000 | ᠺᠢᠯᠥᠸᠥᠯᠲ ᠤᠨ ᠴᠠᠬᠢᠯᠭᠠᠨ ᠬᠥᠷᠭᠡᠬᠦ ᠢᠨᠵᠧᠨᠧᠷᠢᠩ ᠤᠨ ᠲᠤᠯᠤᠨ ᠨᠤᠤᠷ ᠠᠴᠠ ᠢᠯᠠᠯᠲᠠ ᠬᠥᠷᠬᠦ ᠭᠡᠰᠡᠭ ᠤᠨ | ᠢᠨᠵᠧᠨᠧᠷᠢᠩ ᠪᠠᠷᠢᠯᠭ᠎ᠠ ᠡᠬᠢᠯᠡᠪᠡ︔ | 9 ᠳ᠋ᠤᠭᠡᠷ ᠰᠠᠷ᠎ᠠ ᠶᠢᠨ 19 ᠤ ᠡᠳᠥᠷ 10 ᠳ᠋ᠦᠩᠰᠢᠭᠤᠷ ᠲᠥᠬᠦᠷᠢᠭ ᠤᠨ ᠪᠡᠯᠡ ᠤᠷᠤᠭᠤᠯᠤᠯᠳᠠ ᠲᠠᠢ | ᠰᠢᠯᠢ ᠶᠢᠨ ᠭᠤᠤᠯ ᠠᠶᠢᠮᠠᠭ ᠤᠨ ᠳ᠋ᠠ ᠵᠤᠸᠠᠩ ᠶᠤᠸᠠᠨ ᠥᠬᠡᠷ ᠬᠤᠨᠢᠨ ᠮᠢᠬ᠎ᠠ ᠨᠠᠷᠢᠯᠢᠭ ᠡᠳ᠋ᠰᠢᠬᠦᠯᠥᠨ | ᠪᠤᠯᠪᠠᠰᠤᠷᠠᠭᠤᠯᠬᠤ ᠲᠥᠷᠥᠯ ᠵᠦᠢᠯ ᠠᠰᠢᠭᠯᠠᠯᠳᠠ ᠳᠤ ᠤᠷᠤᠪᠠ︔ | 10 ᠳ᠋ᠤᠭᠠᠷ ᠰᠠᠷ᠎ᠠ ᠶᠢᠨ 25 ᠤ ᠡᠳᠥᠷ ᠰᠢᠯᠢ ᠶᠢᠨ ᠬᠤᠳᠠ ᠠᠴᠠ ᠡᠷᠢᠶᠡᠨ ᠬᠤᠳᠠ ᠬᠥᠷᠬᠦ ᠠᠶᠠᠨᠴᠢᠳ ᠤᠨ | ᠭᠠᠯᠳᠥ ᠲᠡᠷᠭᠡ ᠵᠢᠩᠭᠢᠨᠢ ᠪᠠᠷ ᠨᠡᠪᠳᠡᠷᠡᠪᠡ ᠁ | 2016 ᠤᠨ ᠪᠤᠯ ᠮᠠᠨ ᠤ ᠠᠶᠢᠮᠠᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠳᠠ | ᠰᠢᠯᠢᠳᠡᠭ ᠠᠮᠵᠢᠯᠳᠠ ᠤᠯᠤᠭᠰᠠᠨ ᠨᠢᠭᠡ ᠵᠢᠯ ᠪᠤᠯᠤᠨ᠎ᠠ᠃ ᠪᠥᠬᠦ ᠠᠶᠢᠮᠠᠭ ᠢᠶᠠᠷ ᠢᠶᠠᠨ ᠨᠠᠮ ᠤᠨ ᠲᠥᠪ ᠬᠤᠷᠢᠶ᠎ᠠ ᠪᠠ | ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠥᠷᠢᠳᠥ ᠪᠠᠶᠢᠷᠢᠯᠠᠭᠤᠯᠤᠯᠳᠠ ᠶᠤᠰᠤᠭᠠᠷ᠂ ︽ | ᠲᠥᠷᠥᠯ ᠵᠦᠢᠯ ᠢ ᠠᠳᠬᠤᠬᠤ ᠪᠤᠯ ᠲᠠᠷᠤᠢ ᠬᠥᠭᠵᠢᠯᠳᠡ ᠶᠢ ᠠᠳᠬᠤᠬᠤ︾ ᠭᠡᠳᠡᠭ ᠤᠶᠢᠯᠠᠭᠠᠭᠳᠠᠬᠤᠨ ᠢ ᠪᠤᠢ | ᠪᠤᠯᠭᠠᠨ᠂ ᠠᠶᠢᠮᠠᠭ ᠤᠨ ᠲᠡᠰ ᠤᠨ ᠤᠳᠤᠷᠢᠳᠤᠯᠭ᠎ᠠ ᠭᠤᠤᠯᠳᠠᠯᠭ᠎ᠠ ᠲᠠᠢ ᠲᠥᠷᠥᠯ ᠵᠦᠢᠯ ᠢ ᠲᠠᠭᠠᠭᠠᠴᠢᠯᠠᠨ | ᠬᠠᠷᠢᠯᠴᠠᠬᠤ ᠬᠠᠷᠢᠭᠤᠴᠠᠯᠭ᠎ᠠ ᠶᠢᠨ ᠲᠥᠷᠢᠮ ᠪᠠ ᠬᠤᠰᠢᠭᠤ ᠰᠢᠶᠠᠨ᠂ ᠠᠵᠥ ᠠᠬᠤᠶᠢᠯᠠᠯ ᠭᠤᠷᠪᠠᠨ ᠱᠠᠳᠥ ᠪᠠᠷ | ᠬᠤᠯᠪᠤᠭᠠᠯᠠᠨ ᠠᠬᠢᠭᠤᠯᠬᠤ ᠲᠤᠭᠳᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠥ᠂ ᠵᠤᠬᠢᠴᠠᠭᠤᠯᠭ᠎ᠠ ᠶᠢ | ᠴᠢᠩᠭᠠᠳᠬᠠᠨ᠂ ᠦᠢᠯᠡᠴᠢᠯᠡᠭᠡ ᠪᠠ ᠱᠠᠭᠠᠷᠳᠠᠨ ᠪᠠᠶᠢᠴᠠᠭᠠᠯᠳᠠ ᠶᠢ ᠴᠢᠩᠭᠠᠳᠬᠠᠵᠥ᠂ ᠭᠤᠤᠯᠳᠠᠯᠭ᠎ᠠ ᠲᠠᠢ ᠲᠥᠷᠥᠯ | ᠵᠦᠢᠯ ᠤᠨ ᠪᠥᠳᠥᠭᠡᠨ ᠪᠠᠶᠢᠭᠤᠯᠤᠯᠳᠠ ᠶᠢ ᠲᠥᠷᠭᠡᠳᠬᠡᠵᠡᠢ᠃ | 11 ᠳ᠋ᠤᠭᠡᠷ ᠰᠠᠷ᠎ᠠ ᠶᠢᠨ ᠰᠡᠬᠦᠯᠴᠢ ᠬᠥᠷᠳᠡᠯ᠎ᠡ 185 ᠠᠶᠢᠮᠠᠭ ᠤᠨ ᠲᠡᠰ ᠤᠨ ᠭᠤᠤᠯᠳᠠᠯᠭ᠎ᠠ ᠲᠠᠢ ᠲᠥᠷᠥᠯ | ᠵᠦᠢᠯ ᠪᠥᠳᠥᠭᠡᠨ ᠪᠠᠶᠢᠭᠤᠯᠤᠯᠳᠠ ᠪᠠᠨ ᠡᠬᠢᠯᠡᠬᠦᠯᠥᠭᠰᠡᠨ ᠪᠤᠶᠤ ᠥᠷᠬᠦᠯᠵᠢᠯᠡᠨ ᠪᠥᠳᠥᠭᠡᠨ ᠪᠠᠶᠢᠭᠤᠯᠵᠥ᠂ | ᠲᠥᠯᠥᠪᠯᠡᠭᠡ ᠶᠢᠨ 97.4% ᠶᠢ ᠡᠵᠡᠯᠡᠵᠥ᠂ 640 ᠳ᠋ᠦᠩᠰᠢᠭᠤᠷ ᠲᠥᠬᠦᠷᠢᠭ ᠤᠨ ᠪᠡᠯᠡ ᠤᠷᠤᠭᠤᠯᠵᠥ᠂ | ᠲᠥᠯᠥᠪᠯᠡᠭᠡ ᠶᠢᠨ 97.3% ᠶᠢ ᠡᠵᠡᠯᠡᠪᠠ᠃ ᠨᠡᠶᠢᠳᠡ 51 ᠲᠥᠷᠥᠯ ᠵᠦᠢᠯ ᠢ ᠠᠰᠢᠭᠯᠠᠯᠳᠠ ᠳᠤ ᠤᠷᠤᠭᠤᠯᠵᠥ᠂ | ᠡᠬᠦᠨ ᠤ ᠲᠤᠳᠤᠷ᠎ᠠ ᠪᠡᠭᠡᠵᠢᠩ ᠲᠢᠶᠠᠨᠵᠢᠨ ᠤ ᠡᠷᠬᠢᠨ ᠳᠤᠭᠤᠷᠢᠨ ᠤ ᠰᠠᠯᠬᠢ ᠡᠯᠡᠰᠥᠨ ᠤ ᠡᠬᠢ ᠶᠢ ᠵᠠᠰᠠᠬᠤ ᠵᠡᠷᠭᠡ 4 | ᠨᠢᠭᠡᠳᠥᠭᠡᠷ ᠠᠵᠥ ᠦᠢᠯᠡᠰ ᠤᠨ ᠲᠥᠷᠥᠯ ᠵᠦᠢᠯ᠂ ᠭᠥᠸᠧ ᠬᠤᠸᠠ ᠰᠥᠨᠢᠳ ᠪᠠᠷᠠᠭᠤᠨ ᠬᠤᠰᠢᠭᠤᠨ ᠤ ᠨᠠᠷᠠᠨ | ᠡᠨᠧᠷᠬᠢ ᠪᠠᠷ ᠴᠠᠬᠢᠯᠭᠠᠨ ᠭᠠᠷᠭᠠᠬᠤ ᠵᠡᠷᠭᠡ 11 ᠬᠤᠶᠠᠳᠤᠭᠠᠷ ᠠᠵᠥ ᠦᠢᠯᠡᠰ ᠤᠨ ᠲᠥᠷᠥᠯ ᠵᠦᠢᠯ᠂ ᠡᠷᠢᠶᠡᠨ | ᠬᠤᠳᠠ ᠶᠢᠨ ᠤᠯᠠᠨ ᠤᠯᠤᠰ ᠤᠨ ᠥᠵᠡᠰᠬᠦᠯᠡᠩ ᠤᠨ ᠲᠥᠪ ᠵᠡᠷᠭᠡ 17 ᠭᠤᠷᠪᠠᠳᠤᠭᠠᠷ ᠠᠵᠥ ᠦᠢᠯᠡᠰ ᠤᠨ ᠲᠥᠷᠥᠯ | ᠵᠦᠢᠯ᠂ ᠳ᠋ᠠᠨᠳᠦ᠋ᠡᠭ ᠠᠴᠠ ᠰᠢᠯᠢ ᠶᠢᠨ ᠬᠤᠳᠠ ᠬᠦ᠋ᠷᠬᠦ ᠲᠡᠭᠡᠲᠥ ᠬᠤᠷᠲᠤᠴᠠᠲᠤ ᠵᠠᠰᠠᠮᠠᠯ ᠵᠠᠮ ᠤᠨ ᠪᠢᠷᠠᠭᠤ ᠠᠴᠠ | ᠰᠢᠯᠢ ᠶᠢᠨ ᠬᠤᠳᠠ ᠬᠥᠷᠬᠦ ᠵᠠᠰᠠᠮᠠᠯ ᠵᠠᠮ ᠵᠡᠷᠭᠡ 4 ᠰᠠᠭᠤᠷᠢ ᠲᠥᠬᠦᠭᠡᠷᠥᠮᠵᠢ ᠶᠢᠨ ᠪᠥᠳᠥᠭᠡᠨ ᠪᠠᠶᠢᠭᠤᠯᠤᠯᠳᠠ ᠶᠢᠨ | ᠲᠥᠷᠥᠯ ᠵᠦᠢᠯ᠂ ᠪᠥᠬᠦ ᠠᠶᠢᠮᠠᠭ ᠤᠨ ᠰᠤᠷᠭᠠᠨ ᠬᠥᠮᠥᠵᠢᠯ ᠤᠨ ᠶᠡᠷᠥᠩᠭᠡᠶᠢᠯᠡᠭᠰᠡᠨ ᠴᠢᠳᠠᠪᠤᠷᠢ ᠶᠢ ᠲᠡᠭᠡᠭᠰᠢᠯᠡᠬᠦᠯᠬᠦ | ᠵᠡᠷᠭᠡ 15 ᠠᠷᠠᠳ ᠤᠨ ᠠᠮᠢᠳᠤᠷᠠᠯ ᠪᠠ ᠨᠡᠶᠢᠭᠡᠮ ᠤᠨ ᠠᠵᠢᠯ ᠦᠢᠯᠡᠰ ᠤᠨ ᠲᠥᠷᠥᠯ ᠵᠦᠢᠯ ᠢ ᠪᠠᠭᠳᠠᠭᠠᠵᠥ ᠪᠤᠢ᠃ | | ᠥᠪᠡᠷᠳᠡᠭᠡᠨ ᠵᠠᠰᠠᠬᠤ ᠤᠷᠤᠨ ᠤ ᠲᠡᠰ ᠤᠨ ᠴᠢᠬᠤᠯᠠ ᠶᠡᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠳᠠ | ᠠᠬᠢᠴᠠ ᠰᠠᠶᠢᠳᠠᠢ ᠪᠠᠶᠢᠵᠥ᠂ 11 ᠳ᠋ᠤᠭᠡᠷ ᠰᠠᠷ᠎ᠠ ᠶᠢᠨ ᠰᠡᠬᠦᠯᠴᠢ ᠪᠤᠯᠳᠠᠯ᠎ᠠ ᠥᠪᠡᠷᠳᠡᠭᠡᠨ ᠵᠠᠰᠠᠬᠤ ᠤᠷᠤᠨ ᠤ | ᠲᠡᠰ ᠤᠨ 27 ᠲᠤᠮᠤ ᠲᠥᠷᠥᠯ ᠵᠦᠢᠯ ᠤᠨ ᠲᠤᠳᠤᠷ᠎ᠠ ᠠᠵᠢᠯ ᠢᠶᠠᠨ ᠡᠬᠢᠯᠡᠬᠦᠯᠥᠭᠰᠡᠨ ᠪᠤᠶᠤ ᠥᠷᠬᠦᠯᠵᠢᠯᠡᠨ | ᠪᠥᠳᠥᠭᠡᠨ ᠪᠠᠶᠢᠭᠤᠯᠤᠭᠰᠠᠨ ᠨᠢ 26 ᠲᠥᠷᠥᠯ ᠪᠠᠶᠢᠵᠥ᠂ 262 ᠳ᠋ᠦᠩᠰᠢᠭᠤᠷ ᠲᠥᠬᠦᠷᠢᠭ ᠤᠨ ᠪᠡᠯᠡ ᠤᠷᠤᠭᠤᠯᠵᠥ᠂ | ᠵᠢᠯ ᠤᠨ ᠲᠥᠯᠥᠪᠯᠡᠭᠡ ᠶᠢᠨ ᠢᠶᠠᠨ 96.8% ᠶᠢ ᠪᠡᠶᠡᠯᠡᠬᠦᠯᠵᠡᠢ᠃ ᠥᠪᠡᠷᠳᠡᠭᠡᠨ ᠵᠠᠰᠠᠬᠤ ᠤᠷᠤᠨ | ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠪᠤᠯᠭᠠᠨ ᠲᠡᠪᠰᠢᠬᠦᠯᠬᠦ 21 ᠲᠥᠷᠥᠯ ᠵᠦᠢᠯ ᠤᠨ ᠲᠤᠳᠤᠷ᠎ᠠ | 19 ᠨᠢ ᠨᠢᠭᠡᠨᠳᠡ ᠠᠵᠢᠯ ᠢᠶᠠᠨ ᠡᠬᠢᠯᠡᠬᠦᠯᠥᠭᠰᠡᠨ ᠪᠤᠶᠤ ᠥᠷᠬᠦᠯᠵᠢᠯᠡᠨ ᠪᠥᠳᠥᠭᠡᠨ ᠪᠠᠶᠢᠭᠤᠯᠵᠥ᠂ 395 | ᠳ᠋ᠦᠩᠰᠢᠭᠤᠷ ᠲᠥᠬᠦᠷᠢᠭ ᠤᠨ ᠪᠡᠯᠡ ᠤᠷᠤᠭᠤᠯᠵᠥ᠂ ᠵᠢᠯ ᠤᠨ ᠡᠬᠦᠷᠭᠡ ᠶᠢᠨ ᠢᠶᠠᠨ 95% ᠶᠢ ᠪᠡᠶᠡᠯᠡᠬᠦᠯᠵᠡᠢ᠃ | ᠮᠠᠨ ᠤ ᠠᠶᠢᠮᠠᠭ ᠭᠤᠤᠯᠳᠠᠯᠭ᠎ᠠ ᠲᠠᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠳᠠ ᠶᠢ ᠬᠥᠴᠥᠳᠠᠢ | ᠠᠬᠢᠭᠤᠯᠬᠤ ᠶᠢᠨ ᠵᠡᠷᠭᠡᠪᠡᠷ ᠲᠥᠷᠥᠯ ᠵᠦᠢᠯ ᠤᠨ ᠲᠥᠯᠥᠪᠵᠢᠬᠦᠯᠭᠡ ᠪᠠ ᠨᠥᠭᠡᠴᠡᠯᠡᠯᠳᠡ ᠶᠢ ᠴᠢᠩᠭᠠᠳᠬᠠᠵᠥ᠂ | ᠤᠯᠤᠰ ᠤᠨ ᠠᠵᠥ ᠦᠢᠯᠡᠰ ᠤᠨ ᠲᠥᠷᠥ ᠶᠢᠨ ᠪᠤᠳᠤᠯᠭ᠎ᠠ ᠪᠠ ᠬᠠᠩᠭᠠᠯᠭ᠎ᠠ ᠶᠢᠨ ᠳᠠᠯ᠎ᠡ ᠶᠢᠨ ᠪᠥᠳᠥᠴᠡ ᠶᠢᠨ | ᠴᠢᠨᠠᠷᠳᠠᠢ ᠥᠭᠡᠷᠡᠴᠢᠯᠡᠯᠳᠡ ᠶᠢᠨ ᠴᠢᠭᠯᠡᠯ ᠢ ᠬᠥᠨᠵᠡᠭᠡᠢ ᠰᠤᠳᠤᠯᠤᠨ᠂ ᠠᠷᠠᠯᠵᠢᠶᠠᠴᠢᠨ ᠤᠷᠢᠵᠥ ᠪᠡᠯᠡ ᠲᠠᠳᠠᠬᠤ᠂ | ᠰᠢᠨ᠎ᠡ ᠲᠥᠷᠥᠯ ᠵᠦᠢᠯ ᠢ ᠤᠷᠤᠭᠤᠯᠤᠨ ᠠᠪᠴᠢᠷᠠᠬᠤ ᠵᠡᠷᠭᠡ ᠶᠢ ᠪᠡᠯᠡ ᠤᠷᠤᠭᠤᠯᠤᠯᠳᠠ ᠶᠢ ᠲᠠᠶᠢᠴᠢᠯᠠᠬᠤ ᠭᠤᠤᠯ | ᠠᠷᠭ᠎ᠠ ᠬᠡᠮᠵᠢᠶ᠎ᠡ ᠪᠤᠯᠭᠠᠵᠥ᠂ ᠪᠥᠬᠦ ᠠᠶᠢᠮᠠᠭ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠬᠦᠯᠭᠡ ᠳᠤ ᠤᠷᠤᠭᠰᠠᠨ ᠭᠤᠤᠯᠳᠠᠯᠭ᠎ᠠ ᠲᠠᠢ ᠲᠥᠷᠥᠯ ᠵᠦᠢᠯ ᠢ ᠲᠠᠬᠢᠨᠳᠠ ᠬᠢᠨᠠᠵᠥ᠂ ᠠᠵᠥ ᠦᠢᠯᠡᠰ ᠤᠨ | ᠬᠥᠭᠵᠢᠯᠳᠡ᠂ ᠰᠠᠭᠤᠷᠢ ᠲᠥᠬᠦᠭᠡᠷᠥᠮᠵᠢ᠂ ᠠᠮᠢ ᠠᠬᠤᠢ ᠶᠢᠨ ᠢᠨᠵᠧᠨᠧᠷᠢᠩ᠂ ᠤᠯᠠᠨ ᠨᠡᠶᠢᠳᠡ ᠶᠢᠨ ᠦᠢᠯᠡᠴᠢᠯᠡᠭᠡ᠂ | ᠠᠷᠠᠳ ᠤᠨ ᠠᠮᠢᠳᠤᠷᠠᠯ ᠵᠡᠷᠭᠡ ᠬᠥᠷᠢᠶ᠎ᠡ ᠴᠠᠷᠠᠭ᠎ᠠ ᠳᠤ ᠨᠢᠭᠡ ᠪᠥᠯᠥᠭ ᠲᠥᠷᠥᠯ ᠵᠦᠢᠯ ᠢ ᠲᠥᠯᠥᠪᠵᠢᠬᠦᠯᠥᠨ | ᠨᠥᠭᠡᠴᠡᠯᠡᠵᠥ᠂ 2017 ᠤᠨ ᠳᠤ 196 ᠲᠥᠷᠥᠯ ᠤᠨ ᠠᠶᠢᠮᠠᠭ ᠤᠨ ᠲᠡᠰ ᠤᠨ ᠭᠤᠤᠯᠳᠠᠯᠭ᠎ᠠ ᠲᠠᠢ ᠲᠥᠷᠥᠯ | ᠵᠦᠢᠯ ᠢ ᠬᠡᠷᠡᠭᠵᠢᠬᠦᠯᠬᠦ ᠪᠠᠷ ᠠᠩᠬ᠎ᠠ ᠠᠯᠬᠤᠮ ᠲᠤᠭᠳᠠᠵᠥ᠂ ᠲᠤᠰ ᠵᠢᠯ ᠳᠤ 728 ᠳ᠋ᠦᠩᠰᠢᠭᠤᠷ ᠲᠥᠬᠦᠷᠢᠭ ᠤᠨ | ᠪᠡᠯᠡ ᠤᠷᠤᠭᠤᠯᠬᠤ ᠪᠠᠷ ᠲᠥᠯᠥᠪᠯᠡᠵᠥ ᠪᠠᠶᠢᠨ᠎ᠠ᠃ |