1 — 7 ᠳ᠋ᠤᠭᠠᠷ ᠰᠠᠷ᠎ᠠ ᠳᠤ ᠰᠢᠯᠢ ᠶᠢᠨ ᠭᠤᠣᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠰᠢᠯᠵᠢᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2017/10/23
    2017 ᠣᠨ ᠤ 1 — 7 ᠳ᠋ᠤᠭᠠᠷ ᠰᠠᠷ᠎ᠠ ᠳᠤ᠂ ᠰᠢᠯᠢ ᠶᠢᠨ ᠭᠤᠣᠯ ᠠᠶᠢᠮᠠᠭ 56814 ᠮᠠᠯᠴᠢᠨ ᠲᠠᠷᠢᠶᠠᠴᠢᠨ ᠢ ᠰᠢᠯᠢᠵᠢᠭᠦᠯᠥᠨ ᠠᠵᠢᠯ ᠣᠯᠭᠤᠵᠦ᠂ ᠣᠨ ᠤ ᠡᠭᠦᠷᠭᠡ ᠶᠢᠨ ᠢᠶᠠᠨ 78.90%᠎ ᠶᠢ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 1.70% ᠨᠡᠮᠡᠭᠳᠡᠵᠡᠶ᠃ ᠡᠭᠦᠨ ᠳᠤ᠄ ᠲᠤᠰ ᠵᠢᠯ 15099 ᠬᠥᠮᠦᠨ ᠢ ᠰᠢᠯᠵᠢᠭᠦᠯᠦᠨ ᠠᠵᠢᠯ ᠣᠯᠭᠤᠵᠦ᠂ ᠣᠨ ᠤ ᠡᠭᠦᠷᠭᠡ ᠶᠢᠨ ᠢᠶᠠᠨ 84.07%᠎ ᠶᠢ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 2.16%  ᠨᠡᠮᠡᠭᠳᠡᠵᠡᠶ᠃ 41356 ᠮᠠᠯᠴᠢᠨ ᠲᠠᠷᠢᠶᠠᠴᠢᠨ ᠢ 6 ᠰᠠᠷ᠎ᠠ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠵᠤ᠂ ᠰᠢᠯᠵᠢᠭᠦᠯᠦᠨ ᠠᠵᠢᠯ ᠣᠯᠭᠤᠭᠰᠠᠨ ᠮᠠᠯᠴᠢᠨ ᠲᠠᠷᠢᠶᠠᠴᠢᠨ ᠤ ᠶᠡᠷᠥᠩᠬᠡᠢ ᠲᠤᠭ᠎ᠠ ᠶᠢᠨ 72.79%᠎ ᠶᠢ ᠡᠵᠡᠯᠡᠨ᠂ ᠣᠨ ᠤ ᠡᠭᠦᠷᠭᠡ ᠶᠢᠨ ᠢᠶᠠᠨ 71.30%᠎ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.05% ᠬᠠᠰᠤᠭᠳᠠᠪᠠ᠃ 5922 ᠮᠠᠯᠴᠢᠨ ᠲᠠᠷᠢᠶᠠᠴᠢᠨ ᠢ ᠪᠣᠯᠪᠠᠰᠤᠷᠠᠭᠤᠯᠤᠯ ᠬᠦᠷᠲᠡᠭᠡᠨ ᠰᠢᠯᠵᠢᠭᠦᠯᠵᠦ᠂ ᠣᠨ ᠤ ᠡᠭᠦᠷᠭᠡ ᠶᠢᠨ ᠢᠶᠠᠨ 65.80%᠎ ᠶᠢ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 13.00% ᠬᠠᠰᠤᠭᠳᠠᠵᠤ᠂ 5316 ᠬᠥᠮᠦᠨ ᠳᠤ ᠪᠣᠯᠪᠠᠰᠤᠷᠠᠭᠤᠯᠤᠯ ᠬᠥᠷᠲᠡᠭᠡᠬᠦ ᠪᠠᠷ ᠳᠠᠮᠵᠢᠭᠤᠯᠤᠨ ᠰᠢᠯᠵᠢᠭᠦᠯᠦᠨ ᠠᠵᠢᠯ ᠣᠯᠭᠤᠪᠠ᠂ ᠪᠣᠯᠪᠠᠰᠤᠷᠠᠭᠤᠯᠤᠯ ᠬᠥᠷᠲᠡᠭᠡᠭᠰᠡᠨ ᠤ ᠳᠠᠷᠠᠭᠠᠬᠢ ᠠᠵᠢᠯ ᠣᠯᠭᠤᠯᠲᠠ ᠶᠢᠨ ᠨᠣᠷᠮ᠎ᠠ ᠨᠢ89.76%᠎ ᠳᠤ ᠬᠥᠷᠪᠡ᠃           ᠰᠢᠯᠢ ᠶᠢᠨ ᠭᠤᠣᠯ ᠠᠶᠢᠮᠠᠭ 40484 ᠬᠦᠮᠦᠨ ᠳᠤ ᠥᠢᠷ᠎ᠠ ᠬᠠᠪᠢ ᠪᠣᠶᠤ ᠲᠤᠰ ᠭᠠᠵᠠᠷ ᠲᠤᠨᠢ ᠰᠢᠯᠵᠢᠭᠦᠯᠦᠨ ᠠᠵᠢᠯ ᠣᠯᠭᠤᠵᠤ᠂ ᠰᠢᠯᠵᠢᠭᠦᠯᠦᠨ ᠠᠵᠢᠯ ᠣᠯᠭᠤᠭᠰᠠᠨ ᠬᠦᠮᠦᠨ ᠤ ᠶᠡᠷᠥᠩᠬᠡᠢ ᠲᠣᠭᠠᠨ ᠤ 71.26%᠎ ᠶᠢ ᠡᠵᠡᠯᠡᠨ᠂ ᠠᠳᠠᠯᠢ ᠬᠤᠭᠤᠴᠠᠭᠠᠨ ᠤ ᠬᠢ 2.05% ᠬᠠᠰᠤᠭᠳᠠᠪᠠ︔ ᠠᠳᠠᠯᠢ ᠬᠤᠭᠤᠴᠠᠭᠠᠨ ᠳᠤ᠂ ᠰᠢᠯᠢ ᠶᠢᠨ ᠭᠤᠣᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠨᠡᠶᠢᠲᠡ 24463 ᠬᠥᠳᠡᠯᠮᠦᠷᠢ ᠬᠦᠴᠦᠨ ᠢ ᠭᠠᠳᠠᠭᠰᠢ ᠭᠠᠷᠭᠠᠵᠤ᠂ ᠰᠢᠯᠵᠢᠭᠦᠯᠦᠨ ᠠᠵᠢᠯ ᠣᠯᠭᠤᠭᠰᠠᠨ ᠬᠦᠮᠦᠨ ᠤ ᠶᠡᠷᠦᠩᠬᠡᠢ ᠲᠣᠭᠠᠨ ᠤ 43.05%᠎ ᠶᠢ ᠡᠵᠡᠯᠡᠪᠡ᠂ ᠡᠭᠦᠨ ᠳᠤ ᠵᠣᠬᠢᠶᠠᠨ ᠪᠠᠶᠢᠭᠤᠯᠤᠯᠲᠠ ᠲᠠᠢ ᠪᠠᠷ 1716 ᠬᠦᠳᠡᠯᠮᠦᠷᠢ ᠬᠦᠴᠦᠨ ᠢ ᠭᠠᠳᠠᠭᠰᠢ ᠭᠠᠷᠭᠠᠵᠤ᠂ ᠭᠠᠳᠠᠭᠰᠢ ᠭᠠᠷᠭᠠᠭᠰᠠᠨ ᠬᠥᠳᠡᠯᠮᠦᠷᠢ ᠬᠦᠴᠦᠨ ᠤ ᠶᠡᠷᠦᠩᠬᠡᠢ ᠲᠤᠭ᠎ᠠ ᠶᠢᠨ 7.01%᠎ ᠶᠢ ᠡᠵᠡᠯᠡᠪᠡ︔ ᠲᠤᠰ ᠬᠤᠭᠤᠴᠠᠭᠠᠨ ᠳᠤ ᠭᠠᠳᠠᠭᠰᠢ ᠭᠠᠷᠬᠤ ᠠᠴᠠ ᠨᠢ ᠡᠮᠦᠨ᠎ᠡ ᠪᠣᠯᠪᠠᠰᠤᠷᠠᠭᠤᠯᠤᠯ ᠬᠦᠷᠲᠡᠭᠡᠭᠰᠡᠨ ᠮᠠᠯᠴᠢᠨ ᠲᠠᠷᠢᠶᠠᠴᠢᠨ 5339 ᠪᠠᠶᠢᠵᠤ᠂ ᠰᠢᠯᠵᠢᠭᠦᠯᠦᠨ ᠠᠵᠢᠯ ᠣᠯᠭᠤᠭᠰᠠᠨ ᠮᠠᠯᠴᠢᠨ ᠲᠠᠷᠢᠶᠠᠴᠢᠳ ᠤᠨ ᠶᠡᠷᠥᠩᠬᠡᠢ ᠲᠣᠭᠠᠨ ᠤ 9.39%᠎ ᠶᠢ ᠡᠵᠡᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号