ᠣᠶᠢᠷ᠎ᠠ ᠶᠢᠨ ᠵᠢᠯ ᠤᠨ ᠲᠤᠷᠰᠢ᠂ ᠰᠢᠯᠢ ᠶᠢᠨ ᠭᠤᠣᠯ ᠠᠶᠢᠮᠠᠭ ᠮᠠᠯᠵᠢᠬᠤ ᠣᠷᠣᠨ ᠤ ᠨᠠᠰᠤᠵᠢᠯ ᠤᠨ | ᠠᠰᠠᠷᠠᠮᠵᠢ ᠪᠠᠷ ᠤᠨᠴᠠᠯᠢᠭ ᠪᠤᠯᠭᠠᠵᠤ᠂ ᠭᠡᠷ ᠪᠦᠯᠢ ᠪᠠᠷ ᠰᠠᠭᠤᠷᠢ ᠪᠤᠯᠭᠠᠵᠤ᠂ ᠨᠡᠶᠢᠭᠡᠮ ᠲᠣᠭᠤᠷᠢᠭ ᠢᠶᠠᠷ ᠲᠦᠰᠢᠭ | ᠪᠤᠯᠭᠠᠵᠤ᠂ ᠪᠠᠶᠢᠭᠤᠯᠤᠮᠵᠢ ᠪᠠᠷ ᠲᠤᠯᠭᠠᠭᠤᠷᠢ ᠪᠣᠯᠭᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮᠵᠢ ᠶᠢ ᠪᠠᠶᠢᠭᠤᠯᠬᠤ ᠶᠢ ᠰᠦᠪᠡᠭᠴᠢᠯᠡᠨ ᠠᠬᠢᠭᠤᠯᠵᠤ᠂ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠯᠲᠠ ᠨᠢ ᠪᠦᠬᠦ ᠤᠷᠤᠨ᠂ ᠪᠦᠬᠦ ᠤᠯᠤᠰ ᠤᠨ ᠲᠡᠷᠢᠭᠦᠨ ᠡᠩᠨᠡᠭᠡᠨ ᠳᠤ ᠤᠷᠤᠪᠠ᠃ | ᠣᠳᠣᠬᠠᠨ ᠪᠤᠯᠲᠠᠯ᠎ᠠ᠂ ᠰᠢᠯᠢ ᠶᠢᠨ ᠭᠤᠣᠯ ᠠᠶᠢᠮᠠᠭ ᠡᠯ᠎ᠡ ᠲᠦᠷᠦᠯ ᠤᠨ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠨᠡᠶᠢᠲᠡ 100 ᠶᠢ ᠪᠠᠶᠢᠭᠤᠯᠵᠤ᠂ 8149 ᠣᠷᠣ ᠲᠤᠬᠢᠷᠠᠭᠤᠯᠵᠤ᠂ ᠣᠷᠣ ᠶᠢᠨ ᠲᠤᠭ᠎ᠠ ᠨᠢ | ︽12·5︾ ᠶᠢᠨ ᠰᠡᠭᠦᠯᠴᠢ ᠶᠢᠨ ᠬᠤᠭᠤᠴᠠᠭᠠᠨ ᠤ ᠬᠢ ᠠᠴᠠ 1452 ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ | 17.8% ᠳᠤ ᠬᠦᠷᠴᠡᠶ︔ ᠮᠢᠩᠭᠠᠨ ᠨᠠᠰᠤᠲᠠᠨ ᠪᠦᠷᠢ ᠳᠤ 51 ᠤᠷᠤ ᠨᠤᠭᠳᠠᠵᠤ᠂ ︽12·5︾ ᠶᠢᠨ | ᠰᠡᠭᠦᠯᠴᠢ ᠶᠢᠨ ᠬᠤᠭᠤᠴᠠᠭᠠᠨ ᠤ ᠬᠢ ᠠᠴᠠ 7.8% ᠨᠡᠮᠡᠭᠳᠡᠪᠡ᠃ 2017 ᠣᠨ ᠠᠴᠠ ᠨᠠᠰᠢ᠂ ᠰᠥᠨᠢᠳ | ᠪᠠᠷᠠᠭᠤᠨ ᠬᠤᠰᠢᠭᠤ᠂ ᠰᠦᠨᠢᠳ ᠵᠡᠭᠦᠨ ᠬᠤᠰᠢᠭᠤ᠂ ᠬᠦᠪᠡᠭᠡᠲᠦ ᠰᠢᠷ᠎ᠠ ᠬᠤᠰᠢᠭᠤ᠂ ᠰᠢᠯᠤᠭᠤᠨ ᠬᠦᠪᠡᠭᠡᠲᠦ ᠴᠠᠭᠠᠨ | ᠬᠤᠰᠢᠭᠤ᠂ ᠰᠢᠯᠦᠭᠤᠨ ᠬᠦᠬᠡ ᠬᠤᠰᠢᠭᠤ ᠵᠡᠷᠭᠡ 5 ᠭᠠᠵᠠᠷ ᠤᠨ ᠮᠠᠯᠵᠢᠬᠤ ᠣᠷᠣᠨ ᠤ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠲᠦᠯᠬᠢᠨ | ᠠᠬᠢᠭᠤᠯᠵᠤ᠂ ᠬᠦᠪᠡᠭᠡᠲᠦ ᠰᠢᠷ᠎ᠠ ᠬᠤᠰᠢᠭᠤ᠂ ᠰᠢᠯᠤᠭᠤᠨ ᠬᠦᠪᠡᠭᠡᠲᠦ ᠴᠠᠭᠠᠨ ᠬᠤᠰᠢᠭᠤ ᠶᠢᠨ ᠨᠠᠰᠤᠵᠢᠯ ᠤᠨ | ᠠᠰᠠᠷᠠᠮᠵᠢ ᠶᠢᠨ 2ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠢᠯ ᠤᠨ ᠳᠣᠲᠣᠷ᠎ᠠ | ᠠᠰᠢᠭᠯᠠᠯᠲᠠ ᠳᠤ ᠣᠷᠣᠭᠤᠯᠬᠤ ᠪᠠᠷ ᠲᠦᠯᠦᠪᠯᠡᠵᠦ ᠪᠠᠶᠢᠨ᠎ᠠ᠃ ᠲᠠᠶᠢᠫᠤᠰᠧ ᠬᠤᠰᠢᠭᠤ ᠶᠢᠨ 300 ᠤᠷᠤ ᠪᠠᠷ | ᠵᠢᠷᠤᠵᠤ ᠲᠦᠯᠦᠪᠯᠡᠭᠰᠡᠨ ᠬᠥᠳᠡᠭᠡ ᠲᠣᠰᠬᠤᠨ ᠤ ᠣᠷᠣᠨ ᠪᠦᠰᠡ ᠶᠢᠨ ᠴᠢᠨᠠᠷᠲᠠᠶ ᠶᠡᠷᠦᠩᠬᠡᠶᠢᠯᠡᠭᠰᠡᠨ ᠨᠠᠰᠤᠲᠠᠨ ᠤ | ᠠᠰᠠᠷᠠᠮᠵᠢ ᠶᠢᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠷᠤᠭᠰᠢᠲᠠᠶ ᠠᠬᠢᠵᠤ᠂ ᠵᠢᠯ ᠤᠨ | ᠡᠴᠦᠰ ᠲᠤ ᠠᠰᠢᠭᠯᠠᠯᠲᠠ ᠳᠤ ᠤᠷᠤᠭᠤᠯᠤᠨ ᠬᠡᠷᠡᠭᠯᠡᠬᠦ ᠪᠠᠷ ᠴᠢᠷᠮᠠᠶᠢᠵᠤ ᠪᠠᠶᠢᠨ᠎ᠠ᠃ ᠨᠡᠶᠢᠭᠡᠮ ᠤᠨ ᠬᠦᠴᠦᠨ ᠢ | ᠬᠥᠲᠥᠯᠥᠨ ᠵᠢᠯᠣᠭᠤᠳᠴᠤ ᠪᠡᠯᠡ ᠤᠷᠤᠭᠤᠯᠤᠨ ᠪᠠᠶᠢᠭᠤᠯᠵᠤ ᠪᠠᠶᠢᠭ᠎ᠠ ᠰᠢᠯᠢ ᠶᠢᠨ ᠬᠤᠲᠠ ᠶᠢᠨ ︽ᠰᠢᠯᠢᠨ ᠢ ᠾᠧ | ᠶᠤᠸᠠᠨ ᠣᠯᠠᠨ ᠤᠯᠤᠰ ᠤᠨ ᠨᠠᠰᠤᠵᠢᠯ ᠤᠨ ᠠᠰᠠᠷᠠᠮᠵᠢ ᠶᠢᠨ ᠲᠥᠪ︾ ᠤᠨ ᠪᠦᠳᠦᠭᠡᠨ ᠪᠠᠶᠢᠭᠤᠯᠤᠯᠲᠠ ᠶᠢᠨ ᠲᠦᠷᠦᠯ | ᠵᠦᠢᠯ ᠤᠨ ᠪᠠᠷᠢᠯᠭ᠎ᠠ ᠠᠩᠬ᠎ᠠ ᠬᠡᠪᠴᠢᠶ᠎ᠡ ᠲᠠᠢ ᠪᠤᠯᠵᠤ᠂ ᠵᠢᠯ ᠤᠨ ᠡᠴᠦᠰ ᠲᠤ ᠬᠡᠰᠡᠭ ᠦᠢᠯᠡᠴᠢᠯᠡᠭᠡᠨ ᠤ | ᠪᠡᠯᠡᠳᠬᠡᠮᠵᠢ ᠶᠢ ᠪᠠᠷᠢᠵᠤ ᠳᠠᠭᠤᠰᠬᠠᠬᠤ ᠪᠠᠷ ᠴᠢᠷᠮᠠᠶᠢᠵᠤ ᠪᠠᠶᠢᠨ᠎ᠠ᠃ |