ᠰᠢᠯᠢ ᠶᠢᠨ ᠭᠤᠣᠯ ᠠᠶᠢᠮᠠᠭ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2017/10/23
   ᠣᠶᠢᠷ᠎ᠠ ᠶᠢᠨ ᠵᠢᠯ ᠤᠨ ᠲᠤᠷᠰᠢ᠂ ᠰᠢᠯᠢ ᠶᠢᠨ ᠭᠤᠣᠯ ᠠᠶᠢᠮᠠᠭ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠪᠠᠷ ᠤᠨᠴᠠᠯᠢᠭ ᠪᠤᠯᠭᠠᠵᠤ᠂ ᠭᠡᠷ ᠪᠦᠯᠢ ᠪᠠᠷ ᠰᠠᠭᠤᠷᠢ ᠪᠤᠯᠭᠠᠵᠤ᠂ ᠨᠡᠶᠢᠭᠡᠮ ᠲᠣᠭᠤᠷᠢᠭ ᠢᠶᠠᠷ ᠲᠦᠰᠢᠭ ᠪᠤᠯᠭᠠᠵᠤ᠂ ᠪᠠᠶᠢᠭᠤᠯᠤᠮᠵᠢ ᠪᠠᠷ ᠲᠤᠯᠭᠠᠭᠤᠷᠢ ᠪᠣᠯᠭᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠶᠢ ᠰᠦᠪᠡᠭᠴᠢᠯᠡᠨ ᠠᠬᠢᠭᠤᠯᠵᠤ᠂ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠯᠲᠠ ᠨᠢ ᠪᠦᠬᠦ ᠤᠷᠤᠨ᠂ ᠪᠦᠬᠦ ᠤᠯᠤᠰ ᠤᠨ ᠲᠡᠷᠢᠭᠦᠨ ᠡᠩᠨᠡᠭᠡᠨ ᠳᠤ ᠤᠷᠤᠪᠠ᠃ ᠣᠳᠣᠬᠠᠨ ᠪᠤᠯᠲᠠᠯ᠎ᠠ᠂ ᠰᠢᠯᠢ ᠶᠢᠨ ᠭᠤᠣᠯ ᠠᠶᠢᠮᠠᠭ ᠡᠯ᠎ᠡ ᠲᠦᠷᠦᠯ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠡᠶᠢᠲᠡ 100 ᠶᠢ ᠪᠠᠶᠢᠭᠤᠯᠵᠤ᠂ 8149 ᠣᠷᠣ ᠲᠤᠬᠢᠷᠠᠭᠤᠯᠵᠤ᠂ ᠣᠷᠣ ᠶᠢᠨ ᠲᠤᠭ᠎ᠠ ᠨᠢ ︽12·5︾ ᠶᠢᠨ ᠰᠡᠭᠦᠯᠴᠢ ᠶᠢᠨ ᠬᠤᠭᠤᠴᠠᠭᠠᠨ ᠤ ᠬᠢ ᠠᠴᠠ 1452 ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 17.8% ᠳᠤ ᠬᠦᠷᠴᠡᠶ︔ ᠮᠢᠩᠭᠠᠨ ᠨᠠᠰᠤᠲᠠᠨ ᠪᠦᠷᠢ ᠳᠤ 51 ᠤᠷᠤ ᠨᠤᠭᠳᠠᠵᠤ᠂ ︽12·5︾ ᠶᠢᠨ ᠰᠡᠭᠦᠯᠴᠢ ᠶᠢᠨ ᠬᠤᠭᠤᠴᠠᠭᠠᠨ ᠤ ᠬᠢ ᠠᠴᠠ 7.8% ᠨᠡᠮᠡᠭᠳᠡᠪᠡ᠃ 2017 ᠣᠨ ᠠᠴᠠ ᠨᠠᠰᠢ᠂ ᠰᠥᠨᠢᠳ ᠪᠠᠷᠠᠭᠤᠨ ᠬᠤᠰᠢᠭᠤ᠂ ᠰᠦᠨᠢᠳ ᠵᠡᠭᠦᠨ ᠬᠤᠰᠢᠭᠤ᠂ ᠬᠦᠪᠡᠭᠡᠲᠦ ᠰᠢᠷ᠎ᠠ ᠬᠤᠰᠢᠭᠤ᠂ ᠰᠢᠯᠤᠭᠤᠨ ᠬᠦᠪᠡᠭᠡᠲᠦ ᠴᠠᠭᠠᠨ ᠬᠤᠰᠢᠭᠤ᠂ ᠰᠢᠯᠦᠭᠤᠨ ᠬᠦᠬᠡ ᠬᠤᠰᠢᠭᠤ ᠵᠡᠷᠭᠡ 5 ᠭᠠᠵᠠᠷ ᠤᠨ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠬᠦᠪᠡᠭᠡᠲᠦ ᠰᠢᠷ᠎ᠠ ᠬᠤᠰᠢᠭᠤ᠂ ᠰᠢᠯᠤᠭᠤᠨ ᠬᠦᠪᠡᠭᠡᠲᠦ ᠴᠠᠭᠠᠨ ᠬᠤᠰᠢᠭᠤ ᠶᠢᠨ ᠨᠠᠰᠤᠵᠢᠯ ᠤᠨ ᠠᠰᠠᠷᠠᠮᠵᠢ ᠶᠢᠨ 2ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ ᠲᠦᠯᠦᠪᠯᠡᠵᠦ ᠪᠠᠶᠢᠨ᠎ᠠ᠃ ᠲᠠᠶᠢᠫᠤᠰᠧ ᠬᠤᠰᠢᠭᠤ ᠶᠢᠨ 300 ᠤᠷᠤ ᠪᠠᠷ ᠵᠢᠷᠤᠵᠤ ᠲᠦᠯᠦᠪᠯᠡᠭᠰᠡᠨ ᠬᠥᠳᠡᠭᠡ ᠲᠣᠰᠬᠤᠨ ᠤ ᠣᠷᠣᠨ ᠪᠦᠰᠡ ᠶᠢᠨ ᠴᠢᠨᠠᠷᠲᠠᠶ ᠶᠡᠷᠦᠩᠬᠡᠶᠢᠯᠡᠭᠰᠡᠨ ᠨᠠᠰᠤᠲᠠᠨ ᠤ ᠠᠰᠠᠷᠠᠮᠵᠢ ᠶᠢᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠷᠤᠭᠰᠢᠲᠠᠶ ᠠᠬᠢᠵᠤ᠂ ᠵᠢᠯ ᠤᠨ ᠡᠴᠦᠰ ᠲᠤ ᠠᠰᠢᠭᠯᠠᠯᠲᠠ ᠳᠤ ᠤᠷᠤᠭᠤᠯᠤᠨ ᠬᠡᠷᠡᠭᠯᠡᠬᠦ ᠪᠠᠷ ᠴᠢᠷᠮᠠᠶᠢᠵᠤ ᠪᠠᠶᠢᠨ᠎ᠠ᠃ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠡᠯᠡ ᠤᠷᠤᠭᠤᠯᠤᠨ ᠪᠠᠶᠢᠭᠤᠯᠵᠤ ᠪᠠᠶᠢᠭ᠎ᠠ ᠰᠢᠯᠢ ᠶᠢᠨ ᠬᠤᠲᠠ ᠶᠢᠨ ︽ᠰᠢᠯᠢᠨ ᠢ ᠾᠧ ᠶᠤᠸᠠᠨ ᠣᠯᠠᠨ ᠤᠯᠤᠰ ᠤᠨ ᠨᠠᠰᠤᠵᠢᠯ ᠤᠨ ᠠᠰᠠᠷᠠᠮᠵᠢ ᠶᠢᠨ ᠲᠥᠪ︾ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠠᠩᠬ᠎ᠠ ᠬᠡᠪᠴᠢᠶ᠎ᠡ ᠲᠠᠢ ᠪᠤᠯᠵᠤ᠂ ᠵᠢᠯ ᠤᠨ ᠡᠴᠦᠰ ᠲᠤ ᠬᠡᠰᠡᠭ ᠦᠢᠯᠡᠴᠢᠯᠡᠭᠡᠨ ᠤ ᠪᠡᠯᠡᠳᠬᠡᠮᠵᠢ ᠶᠢ ᠪᠠᠷᠢᠵᠤ ᠳᠠᠭᠤᠰᠬᠠᠬᠤ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号