ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠪᠡᠭᠡᠵᠢᠩ ᠳᠤ ᠲᠡᠭᠦᠰᠪᠡ
ᠨᠡᠶᠢᠲᠡᠯᠡᠭᠰᠡᠨ ᠴᠠᠭ᠄
2017-10-26
    ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠪᠡᠭᠡᠵᠢᠩ ᠳᠤ ᠲᠡᠭᠦᠰᠪᠡ᠃ ᠰᠢᠨ᠎ᠡ ᠨᠢᠬᠡ ᠬᠤᠭᠤᠴᠠᠭᠠᠨ ᠤ ᠲᠦᠪ ᠬᠤᠷᠢᠶ᠎ᠠ ᠪᠤᠯᠤᠨ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢ ᠰᠤᠩᠭᠤᠨ ᠭᠠᠷᠭᠠᠵᠥ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠬᠡᠯ ᠤᠨ ᠲᠤᠬᠠᠢ ᠰᠢᠢᠳᠪᠤᠷᠢ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠥᠯᠳᠡ ᠶᠢᠨ ᠲᠤᠬᠠᠢ ᠰᠢᠢᠳᠪᠤᠷᠢ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ ︵ᠵᠠᠰᠠᠪᠤᠷᠢ ᠤᠷᠤᠭᠤᠯᠤᠭᠰᠠᠠ ᠲᠦᠰᠦᠯ︶︾᠎ ᠤᠨ ᠲᠤᠬᠠᠢ ᠰᠢᠢᠳᠪᠤᠷᠢ ᠶᠢ ᠪᠠᠲᠤᠯᠠᠪᠠ ᠰᠢ ᠶᠢᠨ ᠫᠢᠩ ᠨᠦᠬᠦᠷ ᠶᠡᠭᠡ ᠬᠤᠷᠠᠯ ᠢ ᠡᠷᠬᠢᠯᠡᠵᠡᠢ᠃
    10 ᠳ᠋ᠤᠭᠠᠷ ᠰᠠᠷ᠎ᠠ ᠶᠢᠨ 24᠎ ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠪᠡᠭᠡᠵᠢᠩ ᠳᠤ ᠲᠡᠭᠦᠰᠪᠡ᠃ ᠰᠢ ᠶᠢᠨ ᠫᠢᠩ ᠨᠦᠬᠦᠷ ᠶᠡᠭᠡ ᠬᠤᠷᠠᠯ ᠢ ᠡᠷᠬᠢᠯᠡᠵᠦ ᠴᠢᠬᠤᠯᠠ ᠶᠠᠷᠢᠶ᠎ᠠ ᠲᠠᠯᠪᠢᠵᠠᠢ᠃     ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠰᠢᠨ᠎ᠡ ᠨᠢᠬᠡ ᠬᠤᠭᠤᠴᠠᠭᠠᠨ ᠤ ᠲᠦᠪ ᠬᠤᠷᠢᠶ᠎ᠠ ᠪᠤᠯᠤᠨ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢ ᠰᠤᠩᠭᠤᠨ ᠭᠠᠷᠭᠠᠵᠥ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠬᠡᠯ ᠤᠨ ᠲᠤᠬᠠᠢ ᠰᠢᠢᠳᠪᠤᠷᠢ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠥᠯᠳᠡ ᠶᠢᠨ ᠲᠤᠬᠠᠢ ᠰᠢᠢᠳᠪᠤᠷᠢ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ ︵ᠵᠠᠰᠠᠪᠤᠷᠢ ᠤᠷᠤᠭᠤᠯᠤᠭᠰᠠᠠ ᠲᠦᠰᠦᠯ︶︾᠎ ᠤᠨ ᠲᠤᠬᠠᠢ ᠰᠢᠢᠳᠪᠤᠷᠢ ᠶᠢ ᠪᠠᠳᠤᠯᠠᠭᠠᠳ᠂ 24᠎ ᠤ ᠡᠳᠦᠷ ᠤᠨ ᠦᠳᠡ ᠶᠢᠨ ᠡᠮᠤᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠵᠢᠯᠳᠠ ᠲᠠᠢ ᠲᠡᠬᠦᠰᠪᠡ᠃     ᠶᠡᠭᠡ ᠬᠤᠷᠠᠯ ᠠᠴᠠ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠵᠥ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠥ᠂ ᠰᠡᠳᠬᠢᠯ ᠰᠢᠭᠤᠳᠤᠨ ᠴᠢᠷᠮᠠᠶᠢᠵᠤ᠂ ᠰᠢᠷᠭᠠᠭᠤ ᠬᠠᠳᠠᠭᠤᠵᠢᠯᠳᠠᠢ ᠪᠠᠷ ᠠᠵᠢᠯᠯᠠᠵᠤ᠂ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ᠂ ᠡᠬᠡ ᠤᠯᠤᠰ ᠤᠨ ᠨᠢᠬᠡᠳᠤᠯ ᠢ ᠪᠡᠶᠡᠯᠡᠬᠦᠯᠬᠦ᠂ ᠲᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠬᠢᠬᠡᠳ ᠬᠠᠮᠳᠤ ᠶᠢᠨ ᠬᠦᠭᠵᠢᠯᠳᠡ ᠶᠢ ᠠᠬᠢᠭᠤᠯᠬᠤ ᠭᠤᠷᠪᠠᠨ ᠶᠡᠭᠡ ᠲᠡᠤᠬᠡᠳᠤ ᠡᠬᠦᠷᠬᠡ ᠶᠢ ᠪᠡᠶᠡᠯᠡᠬᠦᠯᠬᠦ ᠶᠢᠨ ᠲᠦᠯᠥᠬᠡ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠡ ᠶᠢ ᠤᠯᠬᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠠᠯᠳᠡ ᠶᠢ ᠲᠡᠮᠡᠴᠡᠨ ᠤᠯᠬᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠡᠶᠡᠯᠡᠬᠦᠯᠬᠦ ᠶᠢᠨ ᠲᠦᠯᠥᠬᠡ ᠦᠷᠬᠦᠯᠵᠢᠯᠡᠨ ᠲᠡᠮᠡᠴᠡᠰᠦᠬᠡᠢ ᠬᠡᠵᠥ ᠤᠷᠢᠶᠠᠯᠠᠪᠠ᠃           ᠰᠢ ᠶᠢᠨ ᠫᠢᠩ ᠨᠦᠬᠦᠷ ᠶᠡᠭᠡ ᠬᠤᠷᠠᠯ ᠢ ᠡᠷᠬᠢᠯᠡᠵᠡᠢ᠃           ᠰᠢ ᠶᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ ᠢᠤᠢ ᠵᠧᠩ ᠱᠧᠩ᠂ ᠯᠢᠦ ᠶᠦᠨ ᠱᠠᠨ᠂ ᠸᠠᠩ ᠴᠢ ᠱᠠᠨ ᠂ ᠵᠠᠩ ᠭᠤᠤ ᠯᠢ᠂ ᠮᠠ ᠺᠠᠢ᠂ ᠸᠠᠩ ᠬᠤ᠋ ᠨᠢᠩ᠂ ᠯᠢᠦ ᠶᠠᠨ ᠳ᠋ᠦᠩ᠂ ᠯᠢᠦ ᠴᠢ ᠪᠤᠤ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠵᠢᠶᠠᠨ ᠬᠦᠸᠧ᠂ ᠯᠢ ᠶᠤᠸᠠᠨ ᠴᠤᠤ᠂ ᠸᠠᠩ ᠶᠠᠩ᠂ ᠵᠠᠩ ᠴᠦᠨ ᠰᠢᠶᠠᠨ᠂ ᠹᠠᠨ ᠴᠠᠩ ᠯᠥᠩ᠂ ᠮᠧᠩ ᠵᠢᠶᠠᠨ ᠵᠦ᠂ ᠵᠤᠤ ᠯᠧ ᠵᠢᠢ᠂ ᠬᠤ᠋ ᠴᠦᠨ ᠬᠤᠸᠠ᠂ ᠯᠢ ᠵᠠᠨ ᠱᠦ᠂ ᠬᠦᠸᠧ ᠶᠢᠨ ᠯᠥᠩ᠂ ᠬᠠᠨ ᠵᠧᠩ᠂ ᠵᠢᠶᠠᠩ ᠽᠧ ᠮᠢᠨ᠂ ᠬᠤ᠋ ᠶᠢᠨ ᠲᠤᠤ᠂ ᠯᠢ ᠫᠧᠩ᠂ ᠵᠦ ᠷᠦᠩ ᠵᠢᠢ᠂ ᠯᠢ ᠷᠦᠢ ᠬᠤᠸᠠᠨ᠂ ᠦ᠋ ᠪᠠᠩ ᠬᠦᠸᠧ᠂ ᠸᠧᠨ ᠵᠢᠶᠠ ᠪᠤᠤ᠂ ᠵᠢᠶᠠ ᠴᠢᠩ ᠯᠢᠨ᠂ ᠰᠦᠩ ᠫᠢᠩ᠂ ᠯᠢ ᠯᠠᠨ ᠴᠢᠩ᠂ ᠽᠧᠩ ᠴᠢᠩ ᠬᠤᠩ᠂ ᠦ᠋ ᠭᠤᠸᠠᠨ ᠵᠧᠩ᠂ ᠯᠢ ᠴᠠᠩ ᠴᠦᠨ᠂ ᠡᡁᠧ ᠬᠦᠸᠧ ᠴᠢᠶᠠᠩ᠂ ᠳ᠋ᠦ᠋ ᠴᠢᠩ ᠯᠢᠨ᠂ ᠵᠤᠤ ᠬᠤᠩ ᠵᠦ᠂ ᠶᠠᠩ ᠵᠢᠩ ᠵᠡᠷᠭᠡ ᠶᠡᠭᠡ ᠬᠤᠷᠠᠯ ᠤᠨ ᠲᠡᠷᠢᠬᠦᠯᠡᠭᠴᠢᠳ ᠎ ᠤᠨ ᠪᠦᠯᠬᠦᠮ ᠤᠨ ᠪᠠᠶᠢᠩᠭᠤ ᠶᠢᠨ ᠺᠤᠮᠢᠰ ᠤᠨ ᠪᠦᠷᠢᠯᠳᠦᠬᠦᠨ ᠲᠡᠷᠢᠬᠦᠯᠡᠭᠴᠢ ᠶᠢᠨ ᠲᠠᠶᠢᠰᠠᠨ ᠤ ᠡᠮᠤᠨ᠎ᠡ ᠮᠦᠷ ᠲᠤ ᠰᠠᠭᠠᠳᠠᠪᠠ᠃     10 ᠳ᠋ᠤᠭᠠᠷ ᠰᠠᠷ᠎ᠠ ᠶᠢᠨ 24᠎ ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠪᠡᠭᠡᠵᠢᠩ ᠳᠤ ᠲᠡᠭᠦᠰᠪᠡ᠃ ᠰᠢ ᠶᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ ᠢᠤᠢ ᠵᠧᠩ ᠱᠧᠩ᠂ ᠯᠢᠦ ᠶᠦᠨ ᠱᠠᠨ᠂ ᠸᠠᠩ ᠴᠢ ᠱᠠᠨ᠂ ᠵᠢᠶᠠᠩ ᠽᠧ ᠮᠢᠨ᠂ ᠬᠤ᠋ ᠶᠢᠨ ᠲᠤᠤ ᠲᠡᠷᠢᠭᠦᠯᠡᠭᠴᠢ ᠶᠢᠨ ᠲᠠᠶᠢᠰᠠᠨ ᠳᠤ ᠰᠠᠭᠠᠭᠳᠠᠵᠤ ᠪᠠᠶᠢᠭ᠎ᠠ ᠨᠢ᠃     ᠦᠳᠡ ᠶᠢᠨ ᠡᠮᠤᠨᠡᠬᠢ 9 ᠴᠠᠭ ᠲᠤ ᠲᠡᠬᠦᠰᠬᠦ ᠬᠤᠷᠠᠯ ᠡᠬᠢᠯᠡᠪᠡ᠃           ᠶᠡᠭᠡ ᠬᠤᠷᠠᠯ ᠳᠤ ᠤᠷᠤᠯᠴᠠᠪᠠᠯ ᠵᠤᠬᠢᠬᠤ ᠲᠦᠯᠥᠬᠡᠯᠡᠭᠴᠢ ᠪᠤᠯᠤᠨ ᠤᠨᠴᠠ ᠤᠷᠢᠭᠰᠠᠠ ᠲᠦᠯᠥᠬᠡᠯᠡᠭᠴᠢ 2354 ᠬᠦᠮᠥᠨ᠂ ᠪᠤᠳᠠᠳᠠᠢ ᠤᠷᠤᠯᠴᠠᠭᠰᠠᠠ ᠨᠢ 2336 ᠬᠦᠮᠥᠨ᠃ ᠪᠤᠳᠠᠳᠠᠢ ᠤᠷᠤᠯᠴᠠᠭᠰᠠᠠ ᠲᠦᠯᠥᠬᠡᠯᠡᠭᠴᠢ ᠤᠷᠤᠯᠴᠠᠪᠠᠯ ᠵᠤᠬᠢᠬᠤ ᠲᠦᠯᠥᠬᠡᠯᠡᠭᠴᠢ ᠶᠢᠨ ᠬᠠᠭᠠᠰ ᠲᠤᠭ᠎ᠠ ᠠᠴᠠ ᠲᠡᠪᠡᠵᠥ᠂ ᠶᠡᠭᠡ ᠬᠤᠷᠠᠯ ᠤᠨ ᠰᠤᠩᠭᠤᠭᠤᠯᠢ ᠶᠢᠨ ᠠᠷᠭ᠎ᠠ ᠶᠢᠨ ᠲᠤᠭᠳᠠᠭᠠᠯ ᠳᠤ ᠨᠡᠶᠢᠴᠡᠪᠡ᠃         ᠬᠤᠷᠠᠯ ᠠᠴᠠ ᠡᠩ ᠲᠠᠷᠢᠬᠦᠨ ᠳᠤ 2 ᠶᠡᠷᠦᠩᠬᠡᠢ ᠪᠢᠯᠧᠲ ᠪᠠᠶᠢᠴᠠᠭᠠᠭᠴᠢ ᠪᠤᠯᠤᠨ 36 ᠪᠢᠯᠧᠲ ᠪᠠᠶᠢᠴᠠᠭᠠᠭᠴᠢ ᠶᠢᠨ ᠨᠡᠷᠡᠰ ᠢ ᠪᠠᠳᠤᠯᠠᠵᠠᠢ᠃ ᠶᠡᠷᠤᠩᠬᠡᠢ ᠪᠢᠯᠧᠲ ᠪᠠᠶᠢᠴᠠᠭᠠᠬᠴᠢ ᠪᠤᠯᠤᠨ ᠪᠢᠯᠧᠲ ᠪᠠᠶᠢᠴᠠᠭᠠᠭᠴᠢ ᠶᠢᠨ ᠬᠢᠨᠠᠯᠳᠠ ᠲᠤᠤᠷ᠎ᠠ᠂ ᠬᠤᠷᠠᠯ ᠳᠤ ᠤᠷᠤᠯᠴᠠᠭᠰᠠᠠ ᠲᠦᠯᠥᠬᠡᠯᠡᠭᠴᠢ ᠪᠤᠯᠤᠨ ᠤᠨᠴᠠ ᠤᠷᠢᠭᠰᠠᠠ ᠲᠦᠯᠥᠬᠡᠯᠡᠭᠴᠢ ᠨᠡᠷ᠎ᠡ ᠲᠡᠮᠳᠡᠭᠯᠡᠬᠦ ᠦᠭᠡᠢ ᠪᠢᠯᠧᠲ ᠦᠭᠬᠦ ᠠᠷᠭ᠎ᠠ ᠪᠠᠷ 204 ᠬᠡᠰᠢᠬᠦᠨ᠂ 172 ᠤᠷᠤᠯᠠᠭᠴᠢ ᠬᠡᠰᠢᠬᠦᠨ ᠢᠶᠠᠷ ᠪᠦᠷᠢᠯᠳᠦᠭᠰᠡᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢ ᠰᠤᠩᠭᠤᠨ ᠭᠠᠷᠭᠠᠵᠥ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠎ ᠤ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠡᠰᠢᠬᠦᠨ 133 ᠬᠦᠮᠥᠨ ᠢ ᠰᠤᠩᠭᠤᠨ ᠭᠠᠷᠭᠠᠪᠠ᠃          11 ᠴᠠᠭ 12 ᠮᠢᠨᠦ᠋ᠲ ᠲᠤ ᠰᠢ ᠶᠢᠨ ᠫᠢᠩ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠪᠤᠯᠤᠨ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠠᠴᠠ ᠰᠤᠩᠭᠤᠨ ᠭᠠᠷᠭᠠᠵᠠᠢ ᠬᠡᠵᠥ ᠨᠡᠶᠢᠳᠡᠯᠡᠪᠡ᠃ ᠪᠦᠬᠦ ᠲᠠᠯᠠᠪᠠᠢ ᠳᠤ ᠨᠢᠵᠢᠬᠢᠨᠡᠭᠰᠡᠡ ᠠᠯᠠᠭ᠎ᠠ ᠲᠠᠰᠢᠯᠳᠠ ᠶᠢᠨ ᠲᠠᠭᠤᠨ ᠤᠳᠠᠳᠠᠯ᠎ᠠ ᠦᠷᠭᠦᠯᠵᠢᠯᠡᠯ᠎ᠡ᠃           ᠲᠠᠷᠠᠭ᠎ᠠ ᠨᠢ᠂ ᠶᠡᠭᠡ ᠬᠤᠷᠠᠯ ᠠᠴᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠬᠡᠯ ᠎ ᠤᠨ ᠲᠤᠬᠠᠢ ᠰᠢᠢᠳᠪᠤᠷᠢ ᠶᠢ ᠪᠠᠳᠤᠯᠠᠪᠠ᠃ ᠶᠡᠭᠡ ᠬᠤᠷᠠᠯ ᠠᠴᠠ ᠰᠢ ᠶᠢᠨ ᠫᠢᠩ ᠨᠦᠬᠦᠷ ᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢ ᠲᠦᠯᠦᠭᠡᠯᠡᠨ ᠬᠢᠭᠰᠡᠡ ᠢᠯᠡᠳᠬᠡᠯ ᠢ ᠵᠦᠪᠰᠢᠶᠡᠷᠡᠪᠡ᠃ ᠰᠢᠢᠳᠪᠤᠷᠢ ᠳᠤ ᠂ ᠢᠯᠡᠳᠬᠡᠯ ᠨᠢ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ ᠤᠯᠬᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠡᠯᠳᠡ ᠶᠢ ᠲᠡᠮᠡᠴᠡᠨ ᠤᠯᠬᠤ ᠠᠤᠭ᠎ᠠ ᠲᠦᠰᠦᠪ ᠢ ᠵᠢᠷᠤᠭᠯᠠᠵᠤ᠂ ᠨᠠᠮ ᠪᠤᠯᠤᠨ ᠤᠯᠤᠰ ᠤᠨ ᠠᠵᠢᠯ ᠦᠢᠯᠡᠰ ᠤᠨ ᠤᠷᠤᠭᠰᠢᠯᠠᠯᠳᠠ ᠶᠢᠨ ᠴᠢᠭᠯᠡᠯ ᠎ ᠢ ᠴᠢᠨᠠᠭᠰᠢᠳᠠ ᠲᠤᠳᠤᠷᠬᠠᠢ ᠵᠢᠭᠠᠵᠠᠢ᠂ ᠡᠨᠡ ᠪᠤᠯ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠤᠶᠤᠨ ᠤᠬᠠᠭᠠᠨ ᠤ ᠤᠬᠢ ᠪᠦᠳᠦᠭᠡᠯ ᠮᠥᠨ᠂ ᠮᠠᠨ ᠤ ᠨᠠᠮ ᠤᠨ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠥᠨ ᠲᠠᠶᠢᠴᠢᠯᠠᠵᠥ ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠤᠯᠤᠰ ᠲᠦᠷᠦ ᠶᠢᠨ ᠲᠤᠩᠬᠠᠭ ᠪᠤᠯᠤᠨ ᠤᠶᠢᠯᠡ ᠠᠵᠢᠯᠯᠠᠭ᠎ᠠ ᠶᠢᠨ ᠬᠦᠳᠦᠯᠪᠤᠷᠢ ᠮᠥᠨ᠂ ᠮᠠᠷᠺᠰ ᠤᠨ ᠦᠵᠡᠯ ᠤᠨ ᠬᠦᠳᠦᠯᠪᠤᠷᠢ ᠶᠢᠨ ᠴᠢᠨᠠᠷᠳᠠᠢ ᠲᠤᠯᠭᠤᠷ ᠪᠢᠴᠢᠭ ᠮᠥᠨ ᠬᠡᠵᠥ ᠵᠢᠭᠠᠵᠥ ᠭᠠᠷᠭᠠᠪᠠ᠃           ᠶᠡᠭᠡ ᠬᠤᠷᠡᠯ ᠠᠴᠠ᠂ ᠢᠯᠡᠳᠬᠡᠯ ᠳᠤ ᠲᠣᠳᠣᠷᠬᠠᠶᠢᠯᠠᠨ ᠦᠭᠦᠯᠡᠭᠰᠡᠨ ᠶᠡᠭᠡ ᠬᠤᠷᠠᠯ ᠤᠨ ᠭᠤᠤᠯ ᠰᠡᠳᠤᠪ ᠨᠢ ᠮᠠᠨ ᠤ ᠨᠠᠮ ᠠᠷᠠᠳ ᠲᠦᠮᠡᠨ ᠢ ᠲᠠᠭᠠᠭᠤᠯᠤᠨ ᠬᠦᠴᠦᠷᠭᠡᠭᠵᠢᠬᠦ ᠪᠠᠷ ᠬᠦᠴᠦᠯᠡᠨ ᠴᠢᠷᠮᠠᠶᠢᠬᠤ᠂ ᠵᠠᠮ ᠨᠡᠬᠡᠬᠡᠨ ᠤᠷᠤᠭᠰᠢᠯᠠᠬᠤ ᠳᠤ ᠲᠤᠶᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ ᠪᠦᠬᠦ ᠨᠠᠮ ᠢᠶᠠᠷ ᠢᠶᠠᠨ ᠤᠭ ᠰᠠᠨᠠᠭ᠎ᠠ ᠪᠠᠨ ᠦᠯᠥ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠵᠥ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠵᠥ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠵᠥ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠶᠢᠨ ᠲᠦᠯᠥᠬᠡ ᠴᠦᠬᠦᠷᠡᠰᠢ ᠦᠭᠡᠢ ᠲᠡᠮᠡᠴᠡᠬᠦ ᠬᠡᠷᠡᠭᠳᠡᠢ ᠭᠡᠵᠦ ᠦᠵᠡᠪᠡ᠃           ᠶᠡᠭᠡ ᠬᠤᠷᠠᠯ ᠠᠴᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠠᠵᠢᠯ ᠢ ᠲᠡᠬᠡᠳᠤ ᠬᠡᠮᠵᠢᠶ᠎ᠡ ᠪᠠᠷ ᠦᠨᠡᠯᠡᠵᠥ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠰᠢᠬᠢ ᠲᠠᠪᠤᠨ ᠵᠢᠯ ᠪᠤᠯ ᠨᠠᠮ ᠪᠤᠯᠤᠨ ᠤᠯᠤᠰ ᠤᠨ ᠬᠦᠭᠵᠢᠯᠳᠡ ᠶᠢᠨ ᠶᠠᠪᠤᠴᠠ ᠳᠠᠬᠢ ᠲᠤᠶᠢᠯ ᠤᠨ ᠶᠡᠷᠤ ᠪᠤᠰᠤ ᠶᠢᠨ ᠲᠠᠪᠤᠨ ᠵᠢᠯ ᠪᠤᠯᠤᠨ᠎ᠠ᠂ ᠦᠭᠡᠷᠡᠴᠢᠯᠡᠯᠳᠡ ᠨᠡᠬᠡᠬᠡᠯᠳᠡ ᠪᠤᠯᠤᠨ ᠨᠡᠶᠢᠬᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠳᠤ ᠲᠡᠤᠬᠡᠳᠤ ᠴᠢᠨᠠᠷᠳᠠᠢ ᠠᠮᠵᠢᠯᠳᠠ ᠤᠯᠪᠠ᠃ ᠲᠠᠪᠤᠨ ᠵᠢᠯ ᠤᠨ ᠲᠤᠷᠰᠢᠬᠢ ᠠᠮᠵᠢᠯᠳᠠ ᠪᠤᠯ ᠪᠦᠬᠦ ᠲᠠᠯ᠎ᠠ ᠶᠢᠨ ᠶᠤᠮ᠂ ᠪᠦᠳᠦᠭᠡᠯᠴᠢ ᠴᠢᠨᠠᠷᠳᠠᠢ ᠶᠤᠮ᠂ ᠲᠠᠪᠤᠨ ᠵᠢᠯ ᠤᠨ ᠲᠤᠷᠰᠢᠬᠢ ᠬᠤᠪᠢᠷᠠᠯᠳᠡ ᠪᠤᠯ ᠬᠦᠨ ᠲᠠᠪᠬᠤᠷᠭ᠎ᠠ ᠶᠢᠨ ᠶᠤᠮ᠂ ᠦᠨᠳᠦᠰᠦᠨ ᠴᠢᠨᠠᠷᠳᠠᠢ ᠶᠤᠮ ᠬᠡᠵᠥ ᠵᠢᠭᠠᠵᠥ ᠭᠠᠷᠭᠠᠪᠠ᠃           ᠶᠡᠭᠡ ᠬᠤᠷᠡᠯ ᠠᠴᠠ᠂ ᠤᠷᠳᠤ ᠬᠤᠭᠤᠴᠠᠭᠠᠨ ᠤ ᠴᠢᠷᠮᠡᠶᠢᠯᠭ᠎ᠠ ᠪᠠᠷ ᠲᠠᠮᠵᠢᠭᠠᠳ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠰᠢᠨ᠎ᠡ ᠴᠠᠭ ᠦᠶ᠎ᠡ ᠳᠤ ᠤᠷᠤᠪᠠ᠂ ᠡᠨᠡ ᠪᠤᠯ ᠮᠠᠨ ᠤ ᠤᠯᠤᠰ ᠤᠨ ᠬᠦᠭᠵᠢᠯᠳᠡ ᠶᠢᠨ ᠰᠢᠨ᠎ᠡ ᠲᠡᠤᠬᠡᠨ ᠤᠷᠤᠨ ᠪᠠᠶᠢᠷᠢ ᠪᠤᠯᠤᠨ᠎ᠡ᠃ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠰᠢᠨ᠎ᠡ ᠴᠠᠭ ᠦᠶ᠎ᠡ ᠳᠤ ᠤᠷᠤᠵᠥ᠂ ᠮᠠᠨ ᠤ ᠤᠯᠤᠰ ᠤᠨ ᠨᠡᠶᠢᠬᠡᠮ ᠤᠨ ᠭᠤᠤᠯ ᠵᠦᠷᠢᠴᠡᠯ ᠨᠢᠬᠡᠨᠳᠡ ᠠᠷᠠᠳ ᠲᠦᠮᠡᠨ ᠤ ᠡᠳᠤᠷ ᠢᠷᠡᠬᠦᠶ᠎ᠡ ᠨᠡᠮᠡᠭᠳᠡᠵᠥ ᠪᠡᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠡᠩᠴᠡᠭᠦᠷᠢ ᠦᠭᠡᠢ ᠬᠦᠢᠴᠡᠳ ᠦᠭᠡᠢ ᠬᠦᠭᠵᠢᠯᠳᠡ ᠶᠢᠨ ᠬᠤᠭᠤᠷᠤᠨᠳᠤᠬᠢ ᠵᠦᠷᠢᠴᠡᠯ ᠪᠤᠯᠵᠥ ᠬᠤᠪᠢᠷᠠᠪᠠ᠃ ᠮᠠᠨ ᠤ ᠤᠯᠤᠰ ᠤᠨ ᠨᠡᠶᠢᠬᠡᠮ ᠤᠨ ᠭᠤᠤᠯ ᠵᠦᠷᠢᠴᠡᠯ ᠤᠨ ᠬᠤᠪᠢᠷᠠᠯᠳᠡ ᠪᠤᠯ ᠪᠦᠬᠦ ᠲᠠᠯ᠎ᠠ ᠳᠤ ᠬᠤᠯᠪᠤᠭᠳᠠᠬᠤ ᠲᠡᠤᠬᠡᠳᠤ ᠴᠢᠨᠠᠷᠳᠠᠢ ᠬᠤᠪᠢᠷᠠᠯᠳᠡ ᠪᠤᠯᠤᠨ᠎ᠡ᠂ ᠨᠠᠮ ᠪᠤᠯᠤᠨ ᠤᠯᠤᠰ ᠤᠨ ᠠᠵᠢᠯ ᠳᠤ ᠮᠠᠰᠢ ᠤᠯᠠᠨ ᠰᠢᠨ᠎ᠡ ᠱᠠᠭᠠᠷᠳᠠᠯᠭ᠎ᠠ ᠲᠤᠷᠠᠳᠴᠠᠢ ᠬᠡᠵᠥ ᠴᠢᠬᠤᠯᠠᠴᠢᠯᠠᠪᠠ᠃       ᠶᠡᠭᠡ ᠬᠤᠷᠠᠯ ᠠᠴᠠ᠂ ᠰᠢᠨ᠎ᠠ ᠴᠠᠭ ᠦᠶ᠎ᠠ ᠳᠤ ᠶᠠᠮᠠᠷ ᠶᠠᠩᠵᠦ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠭᠡᠷᠬᠢᠨ ᠪᠠᠷᠢᠮᠳᠠᠯᠠᠨ ᠬᠦᠭᠵᠢᠬᠦᠯᠬᠦ ᠡᠨᠡᠬᠦ ᠴᠢᠬᠤᠯᠠ ᠶᠡᠭᠡ ᠴᠠᠭ ᠦᠶ᠎ᠠ ᠶᠢᠨ ᠠᠰᠠᠭᠤᠯᠳᠠ ᠶᠢ ᠬᠠᠷᠢᠭᠤᠯᠬᠤ ᠲᠤᠭᠤᠷᠢᠨ ᠳᠤ᠂ ᠮᠠᠨ ᠎ ᠤ ᠨᠠᠮ ᠴᠤ᠋ ᠰᠢᠨ᠎ᠠ ᠬᠠᠷᠠᠭᠠᠰᠤ ᠠᠴᠠ ᠡᠪ ᠬᠠᠮᠳᠦ ᠨᠠᠮ ᠤᠨ ᠲᠦᠷᠦ ᠪᠠᠷᠢᠬᠤ ᠵᠢᠮ᠎ᠠ ᠶᠤᠰᠤ᠂ ᠨᠡᠶᠢᠭᠡᠮ ᠵᠢᠷᠤᠮ ᠢ ᠪᠦᠳᠦᠭᠡᠨ ᠪᠠᠶᠢᠭᠤᠯᠬᠤ ᠵᠢᠮ᠎ᠠ ᠶᠤᠰᠤ᠂ ᠬᠦᠮᠦᠨ ᠲᠦᠷᠦᠯᠬᠢᠳᠡᠨ ᠤ ᠨᠡᠶᠢᠭᠡᠮ ᠤᠨ ᠬᠦᠭᠵᠢᠯᠳᠠ ᠶᠢᠨ ᠵᠢᠮ᠎ᠠ ᠶᠤᠰᠤᠨ ᠤ ᠲᠤᠬᠠᠢ ᠲᠠᠨᠢᠯᠳᠠ ᠪᠠᠨ ᠬᠦᠨᠵᠡᠭᠡᠶᠢᠷᠡᠬᠦᠯᠵᠦ᠂ ᠰᠢᠷᠭᠠᠭᠤ ᠬᠠᠳᠠᠭᠤᠵᠢᠯᠳᠠᠢ ᠪᠠᠷ   ᠤᠨᠤᠯ ᠤᠨ ᠰᠦᠪᠡᠭᠴᠢᠯᠡᠯᠳᠠ ᠬᠢᠵᠦ᠂ ᠴᠢᠬᠤᠯᠠ ᠶᠡᠭᠡ ᠤᠨᠤᠯ ᠤᠨ ᠰᠢᠨ᠎ᠠ ᠡᠬᠦᠳᠦᠯᠳᠠ ᠶᠢᠨ ᠦᠷ᠎ᠠ ᠪᠦᠳᠦᠭᠡᠯ ᠢ ᠤᠯᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠭᠦᠳᠦᠨ ᠪᠠᠶᠢᠭᠤᠯᠵᠠᠢ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯ ᠤᠨ ᠵᠠᠯᠭᠠᠮᠵᠢᠯᠠᠯ ᠪᠠ ᠬᠦᠭᠵᠢᠯᠳᠠ ᠮᠦᠨ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠰᠠᠨ ᠬᠠᠮᠤᠭ ᠤᠨ ᠰᠢᠨ᠎ᠠ ᠦᠷ᠎ᠠ ᠪᠦᠳᠦᠭᠡᠯ ᠮᠦᠨ᠂ ᠨᠠᠮ ᠪᠤᠯᠤᠨ ᠠᠷᠠᠳ ᠲᠦᠮᠡᠨ ᠤ ᠦᠢᠯᠡᠳᠦᠯᠭᠡ ᠶᠢᠨ ᠲᠤᠷᠰᠢᠯᠭ᠎ᠠ ᠪᠠ ᠬᠠᠮᠳᠦ ᠶᠢᠨ ᠤᠶᠤᠨ ᠤᠬᠠᠭᠠᠨ ᠤ ᠤᠬᠢ ᠪᠦᠳᠦᠭᠡᠯ ᠮᠦᠨ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠤᠨ ᠴᠢᠬᠤᠯᠠ ᠪᠦᠷᠢᠯᠳᠦᠬᠦᠨ ᠭᠡᠰᠡᠭ ᠮᠦᠨ᠂ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠤ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠶᠢᠨ ᠲᠦᠯᠦᠭᠡ ᠲᠡᠮᠡᠴᠡᠬᠦ ᠤᠶᠢᠯᠡ ᠠᠵᠢᠯᠯᠠᠭ᠎ᠠ ᠶᠢᠨ ᠵᠥᠭᠯᠡᠭᠦᠷ ᠮᠦᠨ᠂ ᠡᠷᠭᠡᠪᠰᠢ ᠤᠷᠳᠤ ᠬᠤᠭᠤᠴᠠᠭ᠎ᠠ ᠪᠠᠷ ᠪᠠᠷᠢᠮᠳᠠᠯᠠᠬᠤ ᠶᠢᠨ ᠬᠠᠮᠳᠦ ᠲᠠᠰᠤᠷᠠᠯᠲᠠ ᠦᠭᠡᠢ ᠪᠠᠷ ᠬᠦᠭᠵᠢᠬᠦᠯᠬᠦ ᠭᠡᠷᠡᠭᠲᠡᠢ ᠭᠡᠵᠤ ᠴᠢᠬᠤᠯᠠᠴᠢᠯᠠᠪᠠ᠃           ᠶᠡᠭᠡ ᠬᠤᠷᠠᠯ ᠠᠴᠠ᠂ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠪᠠᠷᠢᠮᠳᠠᠯᠠᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠦ᠂ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠶᠢ ᠪᠠᠷᠢᠮᠳᠠᠯᠠᠵᠦ᠂ ᠰᠢᠨ᠎ᠠ ᠬᠦᠭᠵᠢᠯᠳᠠ ᠶᠢᠨ ᠣᠨᠣᠯᠵᠢᠬᠤᠨ ᠢ ᠪᠠᠷᠢᠮᠳᠠᠯᠠᠵᠦ᠂ ᠠᠷᠠᠳ ᠲᠦᠮᠡᠨ ᠡᠷᠭᠡ ᠮᠡᠳᠡᠵᠦ ᠡᠵᠡᠨ ᠰᠠᠭᠤᠬᠤ ᠶᠢ ᠪᠠᠷᠢᠮᠳᠠᠯᠠᠵᠦ᠂ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢ ᠵᠠᠰᠠᠬᠤ ᠶᠢ ᠪᠠᠷᠢᠮᠳᠠᠯᠠᠵᠦ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠎ ᠤᠨ ᠰᠢᠰᠲ᠋ᠧᠮ ᠢ ᠪᠠᠷᠢᠮᠳᠠᠯᠠᠵᠦ᠂ ᠬᠦᠭᠵᠢᠬᠦᠯᠬᠦ ᠶᠠᠪᠤᠴᠠ ᠳᠤ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠵᠦ᠂ ᠬᠦᠮᠦᠨ ᠪᠤᠯᠤᠨ ᠪᠠᠶᠢᠭᠠᠯᠢ ᠡᠶ᠎ᠡ ᠵᠤᠬᠢᠴᠠᠩᠭᠤᠢ ᠪᠠᠷ ᠵᠡᠷᠭᠡᠴᠡᠨ ᠤᠷᠤᠰᠢᠬᠤ ᠶᠢ ᠪᠠᠷᠢᠮᠳᠠᠯᠠᠵᠦ᠂ ᠪᠦᠬᠦᠯᠢ ᠴᠤᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠳᠠ ᠶᠢ ᠪᠠᠷᠢᠮᠳᠠᠯᠠᠵᠦ᠂ ᠨᠠᠮ ᠤᠨ ᠠᠷᠠᠳ ᠤᠨ ᠴᠡᠷᠢᠭ ᠠᠩᠬᠢ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠳᠠᠯᠠᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠ ᠡᠭᠡ ᠤᠯᠤᠰ ᠤᠨ ᠨᠢᠭᠡᠳᠦᠯ ᠢ ᠠᠬᠢᠭᠤᠯᠬᠤ ᠶᠢ ᠪᠠᠷᠢᠮᠳᠠᠯᠠᠵᠦ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠭᠴᠠ ᠶᠢ ᠠᠬᠢᠭᠤᠯᠤᠨ ᠪᠠᠶᠢᠭᠤᠯᠬᠤ ᠶᠢ ᠪᠠᠷᠢᠮᠳᠠᠯᠠᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠬᠤ ᠬᠡᠷᠡᠭᠳᠠᠢ᠂ ᠡᠨᠡ ᠠᠷᠪᠡᠨ ᠲᠦᠷᠪᠡᠨ ᠵᠤᠷᠪᠤᠰ ᠨᠢ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠎ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠦᠨᠳᠦᠰᠦᠨ ᠠᠷᠭ᠎ᠠ ᠪᠤᠳᠤᠯᠭ᠎ᠠ ᠶᠢ ᠪᠦᠷᠢᠯᠳᠦᠬᠦᠯᠵᠡᠢ᠃ ᠪᠦᠬᠦ ᠨᠠᠮ ᠤᠨ ᠨᠦᠬᠦᠳ ᠡᠷᠭᠡᠪᠰᠢ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠨᠠᠮ ᠪᠤᠯᠤᠨ ᠠᠷᠠᠳ ᠲᠦᠮᠡᠨ ᠤ ᠠᠵᠢᠯ ᠦᠢᠯᠡᠰ ᠤᠨ ᠬᠦᠭᠵᠢᠯᠳᠠ ᠶᠢ ᠨᠡᠩ ᠰᠠᠶᠢᠳᠤᠷ ᠬᠦᠳᠦᠯᠦᠨ ᠳᠠᠭᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃     ᠶᠡᠭᠡ ᠬᠤᠷᠠᠯ ᠠᠴᠠ᠂ ᠤᠳᠤ ᠠᠴᠠ 2020 ᠣᠨ ᠪᠤᠯᠳᠠᠯᠠᠬᠢ ᠬᠤᠭᠤᠴᠠᠭ᠎ᠠ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠬᠤ ᠬᠤᠭᠤᠴᠠᠭ᠎ᠠ ᠪᠤᠯᠤᠨ᠎ᠠ ᠭᠡᠵᠦ ᠳᠤᠷᠠᠳᠪᠠ᠃ ᠶᠡᠭᠡ ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠤᠯᠳᠠᠯᠠᠬᠢ ᠬᠤᠭᠤᠴᠠᠭ᠎ᠠ ᠪᠤᠯ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠳᠠ ᠶᠢᠨ ᠲᠡᠦᠭᠡᠨ ᠰᠤᠯᠪᠢᠴᠠᠯ ᠤᠨ ᠬᠤᠭᠤᠴᠠᠭ᠎ᠠ ᠪᠤᠯᠤᠨ᠎ᠠ᠃ ᠪᠢᠳᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠪᠠᠷ ᠪᠠᠷᠠᠬᠤ ᠦᠭᠡᠢ ᠪᠠᠰᠠ ᠢᠯᠠᠯᠳᠠ ᠶᠢᠨ ᠢᠶᠠᠨ ᠡᠷᠴᠢᠨ ᠲᠡᠭᠡᠷ᠎ᠡ ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠯᠠᠯ ᠢᠶᠠᠨ ᠡᠬᠢᠯᠡᠬᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠲᠡᠰᠢ ᠤᠷᠤᠬᠰᠢᠯᠠᠨ᠎ᠠ᠃ ᠤᠯᠤᠰ ᠤᠨ ᠳᠤᠳᠤᠭᠠᠳᠦ ᠭᠠᠳᠠᠭᠠᠳᠦ ᠶᠢᠨ ᠪᠠᠶᠢᠳᠠᠯ ᠪᠠ ᠮᠠᠨ ᠤ ᠤᠯᠤᠰ ᠤᠨ ᠬᠦᠭᠵᠢᠯᠳᠠ ᠶᠢᠨ ᠨᠦᠬᠦᠴᠡᠯ ᠢ ᠶᠡᠷᠦᠩᠭᠡᠶᠢᠯᠡᠨ ᠵᠠᠳᠠᠯᠵᠦ᠂ 2020 ᠣᠨ ᠠᠴᠠ ᠲᠤᠰ ᠵᠠᠭᠤᠨ ᠤ ᠳᠤᠮᠳᠠᠴᠢ ᠦᠶ᠎ᠠ ᠪᠤᠯᠳᠠᠯᠠᠬᠢ ᠶᠢ ᠬᠤᠶᠠᠷ ᠱᠠᠳᠤ ᠦᠶ᠎ᠠ ᠪᠠᠷ ᠲᠤᠬᠢᠷᠠᠭᠤᠯᠵᠦ ᠪᠤᠯᠤᠨ᠎ᠠ᠃ ᠨᠢᠭᠡᠳᠦᠭᠡᠷ ᠱᠠᠳᠤ ᠦᠶ᠎ᠠ ᠨᠢ ᠪᠤᠯ 2020 ᠣᠨ ᠠᠴᠠ 2035 ᠣᠨ ᠪᠤᠯᠳᠠᠯ᠎ᠠ᠂ ᠨᠡᠶᠢᠭᠡᠮ ᠵᠢᠷᠤᠮ ᠤᠨ ᠤᠳᠤᠬᠢᠴᠢᠯᠠᠯᠳᠠ ᠶᠢ ᠦᠨᠳᠦᠰᠦᠨ ᠳᠡᠭᠡᠨ ᠪᠡᠶᠡᠯᠡᠬᠦᠯᠦᠨ᠎ᠠ᠃ ᠬᠤᠶᠠᠳᠤᠭᠠᠷ ᠱᠠᠳᠤ ᠦᠶ᠎ᠠ ᠨᠢ ᠪᠤᠯ 2035 ᠣᠨ ᠠᠴᠠ ᠲᠤᠰ ᠵᠠᠭᠤᠨ ᠤ ᠳᠤᠮᠳᠠᠴᠢ ᠦᠶ᠎ᠡ ᠪᠤᠯᠳᠠᠯ᠎ᠠ᠂ ᠤᠳᠤᠬᠢᠴᠢᠯᠠᠯᠳᠠ ᠶᠢ ᠦᠨᠳᠦᠰᠦᠨ ᠳᠡᠭᠡᠨ ᠪᠡᠶᠡᠯᠡᠬᠦᠯᠦᠭᠰᠡᠨ ᠰᠠᠭᠤᠷᠢᠨ ᠳᠡᠭᠡᠷ᠎ᠠ ᠲᠠᠬᠢᠭᠠᠳ ᠠᠷᠪᠡᠨ ᠲᠠᠪᠤᠨ ᠵᠢᠯ ᠲᠡᠮᠡᠴᠡᠵᠦ᠂ ᠮᠠᠨ ᠤ ᠤᠯᠤᠰ ᠢᠶᠠᠨ ᠪᠠᠶᠠᠨ ᠬᠦᠴᠦᠷᠭᠡᠭ ᠠᠷᠠᠳᠴᠢᠯᠠᠬᠰᠠᠨ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠦ ᠰᠠᠶᠢᠬᠠᠨ ᠨᠡᠶᠢᠭᠡᠮ ᠵᠢᠷᠤᠮ ᠤᠨ ᠤᠳᠤᠬᠢᠴᠢᠯᠠᠭᠰᠠᠨ ᠬᠦᠴᠦᠷᠭᠡᠭ ᠤᠯᠤᠰ ᠪᠤᠯᠭᠠᠨ ᠪᠦᠳᠦᠭᠡᠨ ᠪᠠᠶᠢᠭᠤᠯᠤᠨ᠎ᠠ ᠭᠡᠵᠦ ᠦᠵᠡᠪᠡ᠃           ᠶᠡᠭᠡ ᠬᠤᠷᠠᠯ ᠠᠴᠠ ᠢᠯᠡᠳᠭᠡᠯ ᠳᠠᠬᠢ ᠮᠠᠨ ᠤ ᠤᠯᠤᠰ ᠤᠨ ᠨᠡᠶᠢᠭᠡᠮ ᠵᠢᠷᠤᠮ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠭᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠤᠬᠠᠢ ᠪᠠᠶᠢᠷᠢᠯᠠᠭᠤᠯᠤᠯᠳᠠ ᠶᠢ ᠵᠦᠪᠰᠢᠶᠡᠷᠡᠵᠡᠢ᠃           ᠶᠡᠭᠡ ᠬᠤᠷᠠᠯ ᠠᠴᠠ᠂ ᠡᠷᠭᠡᠪᠰᠢ ᠳᠤᠮᠳᠠᠳᠤ ᠤᠯᠤᠰ ᠤᠨ ᠤᠨᠴᠠᠯᠢᠭ ᠲᠠᠢ ᠴᠡᠷᠢᠭ ᠢ ᠬᠦᠴᠦᠷᠭᠡᠭᠵᠢᠬᠦᠯᠬᠦ ᠵᠠᠮ ᠢᠶᠠᠷ ᠵᠠᠮᠨᠠᠬᠤ ᠶᠢ ᠪᠠᠷᠢᠮᠳᠠᠯᠠᠵᠦ᠂ ᠰᠢ ᠶᠢᠨ ᠫᠢᠩ ᠤᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠰᠢᠨ᠎ᠠ ᠪᠠᠶᠢᠳᠠᠯ ᠳᠤᠤᠷᠠᠬᠢ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠳᠠ ᠶᠢ ᠲᠤᠤᠱᠯᠠᠭᠤᠯᠵᠦ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠤᠳᠤᠬᠢᠴᠢᠯᠠᠯᠳᠠ ᠶᠢ ᠪᠦᠬᠦ ᠲᠠᠯ᠎ᠠ ᠪᠠᠷ ᠠᠬᠢᠭᠤᠯᠵᠦ᠂ ᠠᠷᠠᠳ ᠤᠨ ᠴᠡᠷᠢᠭ ᠠᠩᠬᠢ ᠶᠢ ᠳᠡᠯᠡᠭᠡᠢ ᠶᠢᠨ ᠲᠡᠷᠢᠬᠦᠨ ᠤ ᠴᠡᠷᠢᠭ ᠠᠩᠬᠢ ᠪᠤᠯᠭᠠᠨ ᠪᠠᠶᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃           ᠶᠡᠭᠡ ᠬᠤᠷᠠᠯ ᠠᠴᠠ᠂ ᠰᠢᠶᠠᠩᠭᠠᠩ ᠪᠤᠯᠤᠨ ᠤᠤᠮᠧᠨ ᠤ ᠤᠷᠳᠤ ᠬᠤᠭᠤᠴᠠᠭᠠᠨ ᠤ ᠬᠦᠭᠵᠢᠯ ᠴᠡᠴᠡᠭᠯᠡᠯ ᠲᠤᠭᠳᠠᠭᠤᠨ ᠎ ᠢ ᠪᠠᠳᠤᠯᠠᠬᠤ ᠳᠤ ᠡᠷᠭᠡᠪᠰᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ ᠰᠢᠶᠠᠩᠭᠠᠩ ᠢᠶᠠᠨ ᠵᠠᠰᠠᠬᠤ︾᠂ ︽ᠤᠤᠮᠧᠨᠴᠤᠳ ᠤᠤᠮᠧᠨ ᠢᠶᠠᠨ ᠵᠠᠰᠠᠬᠤ︾᠂ ᠳᠡᠭᠡᠳᠦ ᠭᠡᠮᠵᠢᠶ᠎ᠡ ᠪᠠᠷ ᠦᠪᠡᠷᠲᠡᠭᠡᠨ ᠵᠠᠰᠠᠬᠤ ᠴᠢᠭᠯᠡᠯᠳᠠ ᠶᠢ ᠪᠦᠬᠦ ᠲᠠᠯ᠎ᠠ ᠪᠠᠷ ᠤᠨᠤᠪᠴᠢᠳᠠᠢ ᠲᠤᠤᠱᠯᠠᠭᠤᠯᠵᠦ᠂ ᠦᠨᠳᠦᠰᠦᠨ ᠬᠠᠤᠯᠢ ᠪᠠ ᠦᠨᠳᠦᠰᠦ ᠪᠤᠯᠬᠤ ᠬᠠᠤᠯᠢ ᠶᠢ ᠴᠢᠩᠭ᠎ᠠ ᠵᠢᠷᠤᠮᠯᠠᠨ ᠤᠴᠢᠷ ᠶᠠᠪᠤᠳᠠᠯ ᠢ ᠰᠢᠢᠳᠪᠤᠷᠢᠯᠡᠵᠤ᠂ ᠰᠢᠶᠠᠩᠭᠠᠩ ᠪᠤᠯᠤᠨ ᠤᠤᠮᠧᠨ ᠤ ᠠᠬ᠎ᠠ ᠳᠡᠬᠦᠦ ᠨᠠᠷ ᠢ ᠡᠭᠡ ᠤᠯᠤᠰ ᠤᠨ ᠠᠷᠠᠳ ᠲᠦᠮᠡᠨ ᠲᠠᠢ ᠪᠠᠨ ᠬᠠᠮᠳᠦ ᠦᠨᠳᠦᠰᠦᠳᠡᠨ ᠤ ᠰᠡᠷᠬᠦᠨ ᠮᠠᠨᠳᠤᠯᠳᠠ ᠶᠢᠨ ᠲᠡᠦᠭᠡᠳᠦ ᠬᠠᠷᠢᠭᠤᠴᠠᠯᠭ᠎ᠠ ᠶᠢ ᠬᠠᠮᠳᠤᠪᠡᠷ ᠡᠬᠦᠷᠭᠡᠯᠡᠬᠦᠯᠵᠦ᠂ ᠡᠭᠡ ᠤᠯᠤᠰ ᠤᠨ ᠬᠦᠭᠵᠢᠯ ᠴᠡᠴᠡᠭᠯᠡᠯ ᠪᠠᠶᠠᠨ ᠬᠦᠴᠦᠷᠭᠡᠭ ᠪᠠᠶᠢᠬᠤ ᠠᠭᠤᠤ ᠶᠡᠭᠡ ᠦᠩᠭᠡ ᠭᠡᠷᠡᠯ ᠢ ᠬᠠᠮᠳᠤᠪᠡᠷ ᠡᠳ᠋ᠯᠡᠬᠦᠯᠬᠦ ᠭᠡᠷᠡᠭᠲᠡᠢ᠃ ᠡᠷᠭᠡᠪᠰᠢ ︽ᠨᠠᠶᠢᠷᠠᠮᠳᠠᠯ ᠢᠶᠠᠷ ᠨᠢᠭᠡᠳᠭᠡᠬᠦ᠂ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠳᠠ ᠶᠢ ᠦᠷᠬᠦᠯᠵᠢᠯᠡᠨ ᠪᠠᠷᠢᠮᠳᠠᠯᠠᠵᠦ᠂ ᠬᠤᠶᠠᠷ ᠬᠦᠪᠡᠭᠡ ᠶᠢᠨ ᠠᠵᠤ ᠠᠬᠤᠢ ᠰᠤᠶᠤᠯ ᠤᠨ ᠰᠤᠯᠢᠯᠴᠠᠭ᠎ᠠ ᠬᠠᠮᠳᠤᠷᠠᠯᠴᠠᠭ᠎ᠠ ᠶᠢ ᠦᠷᠭᠡᠳᠭᠡᠨ ᠬᠤᠶᠠᠷ ᠬᠦᠪᠡᠭᠡᠨ ᠤ ᠠᠬ᠎ᠠ ᠳᠡᠬᠦᠦ ᠨᠠᠷ ᠬᠠᠮᠳᠤᠪᠡᠷ ᠳᠤᠮᠳᠠᠳᠤ ᠶᠢᠨ ᠰᠤᠶᠤᠯ ᠢ ᠪᠠᠳᠠᠷᠠᠭᠤᠯᠬᠤ ᠶᠢ ᠠᠬᠢᠭᠤᠯᠵᠦ᠂ ᠬᠤᠶᠠᠷ ᠬᠦᠪᠡᠭᠡᠨ ᠤ ᠬᠠᠷᠢᠴᠠᠭ᠎ᠠ ᠶᠢᠨ ᠡᠩᠭᠡ ᠲᠠᠶᠢᠪᠤᠩ ᠬᠦᠭᠵᠢᠯᠳᠠ ᠶᠢ ᠠᠬᠢᠭᠤᠯᠵᠦ᠂ ᠡᠭᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠭᠡᠬᠦ ᠠᠬᠢᠴᠠ ᠶᠢ ᠠᠬᠢᠭᠤᠯᠵᠦ᠂ ᠶᠠᠮᠠᠷᠪᠠ ᠬᠦᠮᠦᠨ᠂ ᠶᠠᠮᠠᠷᠪᠠ ᠵᠤᠬᠢᠶᠠᠨ ᠪᠠᠶᠢᠭᠤᠯᠤᠯᠳᠠ᠂ ᠶᠠᠮᠠᠷᠪᠠ ᠲᠦᠷᠦ ᠶᠢᠨ ᠨᠠᠮ ᠶᠠᠮᠠᠷᠪᠠ ᠴᠠᠭ ᠦᠶ᠎ᠠ ᠳᠤ᠂ ᠶᠠᠮᠠᠷᠪᠠ ᠭᠡᠯᠪᠡᠷᠢ ᠪᠠᠷ ᠳᠤᠮᠳᠠᠳᠤ ᠤᠯᠤᠰ ᠤᠨ ᠶᠠᠮᠠᠷᠪᠠ ᠨᠢᠭᠡ ᠬᠡᠰᠡᠭ ᠨᠤᠳᠤᠭ ᠲᠡᠪᠢᠰᠭᠡᠷ ᠢ ᠳᠤᠮᠳᠠᠳᠤ ᠤᠯᠤᠰ ᠠᠴᠠ ᠬᠠᠭᠠᠴᠠᠭᠤᠯᠤᠨ ᠰᠠᠯᠭᠠᠬᠤ ᠶᠢ ᠤᠬᠳᠤ ᠵᠦᠪᠰᠢᠶᠡᠷᠡᠬᠦ ᠦᠭᠡᠢ ᠭᠡᠵᠦ ᠴᠢᠬᠤᠯᠠᠴᠢᠯᠠᠪᠠ᠃       ᠶᠡᠭᠡ ᠬᠤᠷᠠᠯ ᠠᠴᠠ ᠢᠯᠡᠳᠭᠡᠯ ᠳᠠᠬᠢ ᠤᠯᠠᠨ ᠤᠯᠤᠰ ᠤᠨ ᠪᠠᠶᠢᠳᠠᠯ ᠤᠨ ᠲᠤᠬᠠᠢ ᠵᠠᠳᠠᠯᠤᠯᠳᠠ ᠪᠠ ᠳᠤᠷᠠᠳᠤᠭᠰᠠᠨ ᠭᠠᠳᠠᠭᠠᠳᠦ ᠯᠤᠭ᠎ᠠ ᠶᠢᠨ ᠠᠵᠢᠯ ᠤᠨ ᠴᠢᠭᠯᠡᠯᠳᠠ ᠶᠢ ᠵᠦᠪᠰᠢᠶᠡᠷᠡᠵᠦ᠂ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾ ᠎ ᠤᠨ ᠤᠯᠠᠨ ᠤᠯᠤᠰ ᠤᠨ ᠬᠠᠮᠳᠤᠷᠠᠯᠴᠠᠭ᠎ᠠ ᠶᠢ ᠢᠳᠡᠪᠬᠢᠳᠠᠢ ᠠᠬᠢᠭᠤᠯᠵᠦ᠂ ᠪᠦᠬᠦ ᠪᠦᠮᠪᠦᠷᠴᠡᠭ ᠤᠨ ᠵᠠᠰᠠᠯᠳᠠ ᠶᠢᠨ ᠰᠢᠰᠲ᠋ᠧᠮ ᠤᠨ ᠦᠭᠡᠷᠡᠴᠢᠯᠡᠯᠳᠠ ᠪᠠ ᠪᠦᠳᠦᠭᠡᠨ ᠪᠠᠶᠢᠭᠤᠯᠤᠯᠳᠠ ᠳᠤ ᠦᠷᠬᠦᠯᠵᠢᠯᠡᠨ ᠢᠳᠡᠪᠬᠢᠳᠠᠢ ᠤᠷᠤᠯᠴᠠᠵᠦ᠂ ᠬᠠᠷᠢᠯᠴᠠᠨ ᠬᠦᠨᠳᠦᠳᠭᠡᠬᠦ᠂ ᠡᠷᠭᠡ ᠲᠡᠭᠰᠢ ᠲᠦᠪ ᠭᠤᠤᠯᠴᠢ ᠪᠠᠶᠢᠬᠤ᠂ ᠬᠠᠷᠢᠯᠴᠠᠨ ᠬᠠᠮᠳᠤᠷᠠᠯᠴᠠᠵᠦ ᠬᠠᠮᠳᠤᠪᠡᠷ ᠠᠰᠢᠬ ᠬᠦᠷᠳᠡᠬᠦ ᠰᠢᠨ᠎ᠠ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠠᠬᠢᠭᠤᠯᠤᠨ ᠪᠠᠶᠢᠭᠤᠯᠵᠦ᠂ ᠬᠦᠮᠦᠨ ᠲᠦᠷᠦᠯᠬᠢᠳᠡᠨ ᠎ ᠤ ᠬᠤᠪᠢ ᠵᠠᠶᠠᠭᠠᠨ ᠤ ᠬᠠᠮᠳᠦ ᠶᠢᠨ ᠴᠤᠭᠴᠠ ᠶᠢ ᠠᠬᠢᠭᠤᠯᠤᠨ ᠪᠠᠶᠢᠭᠤᠯᠵᠦ᠂ ᠳᠡᠯᠡᠭᠡᠢ ᠶᠢᠨ ᠡᠯ᠎ᠠ ᠤᠯᠤᠰ ᠤᠨ ᠠᠷᠠᠳ ᠲᠦᠮᠡᠨ ᠲᠠᠢ ᠬᠠᠮᠳᠤᠪᠡᠷ ᠦᠨᠢ ᠡᠭᠦᠷᠢᠳᠡ ᠡᠩᠭᠡ ᠲᠠᠶᠢᠪᠤᠩ᠂ ᠨᠡᠶᠢᠳᠡᠮ ᠠᠮᠤᠷ ᠲᠦᠪᠰᠢᠨ᠂ ᠬᠠᠮᠳᠤᠪᠡᠷ ᠴᠡᠴᠡᠭᠯᠡᠵᠦ ᠬᠦᠭᠵᠢᠭᠰᠡᠨ᠂ ᠨᠡᠭᠡᠭᠡᠯᠳᠡᠳᠠᠢ ᠪᠠᠭᠳᠠᠭᠠᠮᠵᠢᠳᠠᠢ᠂ ᠠᠷᠢᠭᠤᠨ ᠴᠡᠪᠡᠷ ᠦᠵᠡᠰᠬᠦᠯᠡᠩᠳᠦ ᠰᠠᠶᠢᠬᠠᠨ ᠳᠡᠯᠡᠭᠡᠢ ᠶᠢᠷᠳᠢᠨᠴᠤ ᠶᠢ ᠪᠠᠶᠢᠭᠤᠯᠤᠨ᠎ᠠ ᠭᠡᠵᠦ ᠴᠢᠬᠤᠯᠠᠴᠢᠯᠠᠪᠠ᠃           ᠶᠡᠭᠡ ᠬᠤᠷᠠᠯ ᠠᠴᠠ᠂ ᠲᠡᠮᠦᠷ ᠢ ᠳᠠᠪᠳᠠᠬᠤ ᠳᠤ ᠦᠪᠡᠷ ᠢᠶᠠᠨ ᠬᠠᠳᠠᠭᠤ ᠪᠠᠶᠢᠬᠤ ᠭᠡᠷᠡᠭᠲᠡᠢ᠃ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠡᠷᠦᠩᠭᠡᠢ ᠱᠠᠭᠠᠷᠳᠠᠯᠭ᠎ᠠ ᠪᠤᠯ᠄ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠦ᠂ ᠨᠠᠮ ᠨᠢ ᠨᠠᠮ ᠢᠶᠠᠨ ᠬᠠᠮᠢᠶᠠᠷᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠵᠦ᠂ ᠨᠠᠮ ᠤᠨ ᠤᠷᠳᠤ ᠬᠤᠭᠤᠴᠠᠭᠠᠨ ᠤ ᠲᠦᠷᠦ ᠪᠠᠷᠢᠬᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠲᠡᠷᠢᠬᠦᠨ ᠤ ᠴᠢᠨᠠᠷ ᠪᠠ ᠴᠡᠪᠡᠷ ᠴᠢᠨᠠᠷ ᠤᠨ ᠪᠠᠶᠢᠭᠤᠯᠤᠯᠳᠠ ᠪᠠᠷ ᠭᠤᠤᠯ ᠰᠢᠵᠢᠮ ᠪᠤᠯᠭᠠᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠪᠠᠷ ᠶᠡᠷᠦᠩᠬᠡᠢ ᠵᠢᠯᠤᠭᠤᠳᠤᠮᠵᠢ ᠪᠤᠯᠭᠠᠵᠦ᠂ ᠪᠠᠳᠤ ᠪᠠᠬᠢ ᠬᠦᠰᠡᠯᠡᠩ ᠢᠳᠡᠭᠡᠯ ᠪᠢᠰᠢᠷᠡᠯ ᠵᠤᠷᠢᠯᠳᠠ ᠪᠠᠷ ᠦᠨᠳᠦᠰᠦ ᠪᠤᠯᠭᠠᠵᠦ᠂ ᠪᠦᠬᠦ ᠨᠠᠮ ᠤᠨ ᠢᠳᠡᠪᠬᠢᠵᠢᠯ᠂ ᠰᠠᠨᠠᠭᠠᠴᠢᠯᠠᠭᠠᠳᠦ ᠴᠢᠨᠠᠷ᠂ ᠪᠦᠳᠦᠭᠡᠯᠴᠢ ᠴᠢᠨᠠᠷ ᠢ ᠲᠠᠶᠢᠴᠢᠯᠠᠬᠤ ᠪᠠᠷ ᠬᠦᠴᠦᠯᠡᠬᠦ ᠴᠡᠭ ᠪᠤᠯᠭᠠᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ᠂ ᠦᠵᠡᠯ ᠰᠠᠨᠠᠭᠠᠨ ᠤ ᠪᠠᠶᠢᠭᠤᠯᠤᠯᠳᠠ᠂ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ᠂ ᠰᠤᠷᠳᠠᠯ ᠤᠨ ᠪᠠᠶᠢᠭᠤᠯᠤᠯᠳᠠ᠂ ᠰᠠᠬᠢᠯᠭ᠎ᠠ ᠪᠠᠳᠤ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠦ᠂ ᠲᠦᠷᠢᠮ ᠤᠨ ᠪᠠᠶᠢᠭᠤᠯᠤᠯᠳᠠ ᠶᠢ ᠡᠨᠡᠬᠦ ᠶᠠᠪᠤᠴᠠ ᠳᠤ ᠲᠤᠤᠱᠯᠠᠭᠤᠯᠵᠦ᠂ ᠢᠯᠵᠢᠷᠡᠯ ᠢ ᠡᠰᠡᠷᠬᠦᠴᠡᠬᠦ ᠲᠡᠮᠡᠴᠡᠯ ᠢ ᠬᠦᠨᠵᠡᠭᠡᠢ ᠠᠬᠢᠭᠤᠯᠵᠦ᠂ ᠨᠠᠮ ᠤᠨ ᠪᠠᠶᠢᠭᠤᠯᠤᠯᠳᠠ ᠶᠢᠨ ᠴᠢᠨᠠᠷ ᠴᠢᠨᠰᠠᠭ᠎ᠠ ᠶᠢ ᠳᠠᠰᠤᠷᠠᠯᠳᠠ ᠦᠭᠡᠢ ᠳᠡᠭᠡᠭᠰᠢᠯᠡᠬᠦᠯᠵᠦ᠂ ᠨᠠᠮ ᠢ ᠢᠮᠠᠭᠳᠠ ᠴᠠᠭ ᠦᠶ᠎ᠠ ᠶᠢᠨ ᠡᠮᠦᠨ᠎ᠠ ᠡᠩᠨᠡᠭᠡ ᠳᠤ ᠶᠠᠪᠤᠬᠤ ᠂ ᠠᠷᠠᠳ ᠲᠦᠮᠡᠨ ᠦᠨᠡᠨ ᠰᠡᠳᠬᠢᠯ ᠠᠴᠠ ᠪᠠᠨ ᠬᠦᠷᠢᠶᠡᠯᠡᠬᠦ᠂ ᠲᠤᠰ ᠪᠡᠶ᠎ᠠ ᠪᠠᠨ ᠵᠤᠷᠢᠬᠳᠠᠢ ᠪᠠᠷ ᠬᠤᠪᠢᠰᠬᠠᠬᠤ᠂ ᠡᠯ᠎ᠠ ᠵᠦᠢᠯ ᠤᠨ ᠰᠠᠯᠬᠢ ᠲᠠᠪᠠᠯᠭᠠᠨ ᠤ ᠰᠢᠯᠭᠠᠯᠳᠠ ᠶᠢ ᠳᠠᠭᠠᠭᠠᠵᠦ ᠴᠢᠳᠠᠬᠤ᠂ ᠴᠤᠬ ᠰᠦᠯᠳᠡ ᠪᠠᠳᠠᠷᠠᠩᠭᠤᠢ ᠮᠠᠷᠺᠰ ᠤᠨ ᠦᠵᠡᠯ ᠤᠨ ᠲᠦᠷᠦ ᠪᠠᠷᠢᠬᠤ ᠨᠠᠮ ᠪᠤᠯᠭᠠᠨ ᠪᠠᠶᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃     ᠶᠡᠭᠡ ᠬᠤᠷᠠᠯ ᠠᠴᠠ᠂ ᠪᠦᠬᠦ ᠨᠠᠮ ᠢᠶᠠᠷ ᠢᠶᠠᠨ ᠡᠷᠭᠡᠪᠰᠢ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠲᠦᠯᠲᠠᠢ ᠪᠠᠶᠢᠬᠤ ᠤᠬᠠᠮᠰᠠᠷ ᠢᠶᠠᠨ ᠴᠢᠩᠭᠠᠳᠬᠠᠵᠦ᠂ ᠨᠠᠮ ᠤᠨ ᠲᠦᠪ ᠬᠤᠷᠢᠶᠠᠠ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠲᠦᠯᠲᠠᠢ ᠤᠲᠤᠷᠢᠲᠤᠯᠭ᠎ᠠ ᠶᠢ ᠪᠠᠷᠢᠮᠲᠠᠯᠠᠠ᠂ ᠨᠠᠮ ᠤᠨ ᠤᠯᠤᠰ ᠲᠦᠷᠦ ᠶᠢᠨ ᠱᠤᠭᠤᠮ ᠢ ᠡᠷᠡᠰ   ᠭᠡᠷᠡᠭᠵᠢᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠤᠰᠤ ᠲᠦᠷᠢᠮ ᠢ ᠴᠢᠩᠭ᠎ᠠ ᠵᠢᠷᠤᠮᠯᠠᠵᠦ᠂ ᠤᠯᠤᠰ ᠲᠦᠷᠦ ᠶᠢᠨ ᠵᠤᠭᠰᠤᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠲᠡᠭᠡᠷ᠎ᠠ ᠨᠠᠮ ᠤᠨ ᠲᠦᠪ ᠬᠤᠷᠢᠶ᠎ᠠ ᠲᠠᠢ ᠲᠡᠭᠡᠲᠦ ᠬᠡᠮᠵᠢᠶ᠎ᠠ ᠪᠠᠷ ᠨᠢᠭᠡᠲᠦᠯᠲᠠᠢ ᠪᠠᠶᠢᠬᠤ ᠭᠡᠷᠡᠭᠲᠡᠢ ᠭᠡᠵᠦ ᠴᠢᠬᠤᠯᠠᠴᠢᠯᠠᠪᠠ᠃       ᠶᠡᠭᠡ ᠬᠤᠷᠠᠯ ᠠᠴᠠ ᠨᠠᠮ ᠤᠨ ᠠᠷᠪᠠᠠ ᠨᠠᠢᠮᠠᠲᠤᠭᠠᠷ ᠬᠤᠭᠤᠴᠠᠭᠠᠠ ᠤ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠠ ᠤ ᠠᠵᠢᠯ ᠤᠨ ᠮᠡᠲᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠲᠤᠯᠠᠪᠠ᠃ ᠶᠡᠭᠡ ᠬᠤᠷᠠᠯ ᠠᠴᠠ ᠠᠷᠪᠠᠠ ᠨᠠᠢᠮᠠᠲᠤᠭᠠᠷ ᠬᠤᠭᠤᠴᠠᠭᠠᠠ ᠤ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠠ ᠤ ᠠᠵᠢᠯ ᠢ ᠬᠦᠢᠴᠡᠳ ᠨᠤᠲᠠᠯᠠᠭᠰᠠᠠ ᠪᠠᠶᠢᠨ᠎ᠠ᠃           ᠶᠡᠭᠡ ᠬᠤᠷᠠᠯ ᠠᠴᠠ ︽ᠲᠤᠮᠲᠠᠲᠤ ᠤᠯᠤᠰ ᠤᠨ ᠡᠪ ᠬᠠᠮᠲᠤ ᠨᠠᠮ ᠤᠨ ᠲᠦᠷᠢᠮ ︵ᠵᠠᠰᠠᠪᠤᠷᠢ ᠤᠷᠤᠭᠤᠯᠤᠭᠰᠠᠠ ᠲᠦᠰᠦᠯ︶︾᠎ ᠤᠨ ᠰᠢᠢᠳᠪᠦᠷᠢ ᠶᠢ ᠪᠠᠲᠤᠯᠠᠵᠦ᠂ ᠡᠨᠡᠬᠦ ᠵᠠᠰᠠᠪᠤᠷᠢ ᠤᠷᠤᠭᠤᠯᠤᠭᠰᠠᠠ ᠲᠦᠰᠦᠯ ᠨᠢ ᠪᠠᠲᠤᠯᠠᠭᠰᠠᠠ ᠡᠲᠦᠷ ᠠᠴᠠ ᠡᠬᠢᠯᠡᠡ ᠬᠦᠴᠤᠨ ᠲᠠᠢ ᠪᠤᠯᠤᠨ᠎ᠠ ᠭᠡᠵᠦ ᠲᠤᠭᠲᠠᠭᠠᠵᠠᠢ᠃           ᠶᠡᠭᠡ ᠬᠤᠷᠠᠯ ᠠᠴᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠨᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠠᠴᠢ ᠬᠦᠭᠵᠢᠯᠲᠠ ᠶᠢᠨ ᠦᠵᠡᠯᠲᠠ ᠶᠢᠨ ᠵᠠᠯᠭᠠᠮᠵᠢᠯᠠᠯ ᠪᠠ ᠬᠦᠭᠵᠢᠭᠦᠯᠦᠯᠳᠡ ᠮᠦᠨ᠂ ᠮᠠᠷᠺᠰ ᠤᠨ ᠦᠵᠡᠯ ᠢ ᠲᠤᠮᠲᠠᠲᠤ ᠤᠯᠤᠰᠴᠢᠯᠠᠭᠰᠠᠠ ᠬᠠᠮᠤᠭ ᠤᠨ ᠰᠢᠨ᠎ᠠ ᠠᠮᠵᠢᠯᠲᠠ ᠮᠦᠨ᠂ ᠨᠠᠮ ᠪᠤᠯᠤᠨ ᠠᠷᠠᠳ ᠲᠦᠮᠡᠡ ᠤ ᠦᠢᠯᠡᠲᠦᠯᠭᠡ ᠶᠢᠨ ᠲᠤᠷᠰᠢᠯᠭ᠎ᠠ ᠪᠠ ᠨᠡᠶᠢᠲᠡ ᠶᠢᠨ ᠤᠶᠤᠠ ᠤᠬᠠᠭᠠᠠ ᠤ ᠲᠠᠯᠠᠰᠳᠤ ᠮᠦᠨ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠤᠨ ᠴᠢᠬᠤᠯᠠ ᠪᠦᠷᠢᠯᠲᠦᠭᠦᠨ ᠭᠡᠰᠡᠭ ᠮᠦᠨ᠂ ᠪᠦᠬᠦ ᠨᠠᠮ ᠪᠦᠬᠦ ᠤᠯᠤᠰ ᠎ ᠤᠨ ᠠᠷᠠᠳ ᠲᠦᠮᠡᠡ ᠤ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ ᠮᠠᠠᠲᠤᠯᠲᠠ ᠶᠢᠨ ᠲᠦᠯᠦᠭᠡ ᠲᠡᠮᠡᠴᠡᠬᠦ ᠤᠶᠢᠯᠡ ᠠᠵᠢᠯᠯᠠᠭ᠎ᠠ ᠶᠢᠨ ᠵᠦᠭᠯᠡᠭᠦᠷ ᠮᠦᠨ᠂ ᠡᠷᠭᠡᠪᠰᠢ ᠤᠷᠲᠤ ᠬᠤᠭᠤᠴᠠᠭ᠎ᠠ ᠪᠠᠷ ᠪᠠᠷᠢᠮᠲᠠᠯᠠᠬᠤ ᠮᠦᠷᠳᠡᠭᠡᠨ ᠲᠠᠰᠤᠷᠠᠯᠲᠠ ᠦᠭᠡᠢ ᠬᠦᠭᠵᠢᠭᠦᠯᠬᠦ ᠬᠡᠷᠡᠭᠲᠡᠢ ᠭᠡᠵᠦ ᠦᠵᠡᠪᠠ᠃ ᠶᠡᠭᠡ ᠬᠤᠷᠠᠯ ᠠᠴᠠ ᠨᠠᠮ ᠤᠨ ᠲᠦᠷᠢᠮ ᠤᠨ ᠲᠤᠲᠤᠷᠠᠬᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠠᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠨᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠠᠴᠢ ᠬᠦᠭᠵᠢᠯᠲᠠ ᠶᠢᠨ ᠦᠵᠡᠯᠲᠠ ᠲᠠᠢ ᠴᠤᠬᠭᠠᠷ ᠨᠠᠮ ᠎ ᠤᠨ ᠤᠶᠢᠯᠡ ᠠᠵᠢᠯᠯᠠᠭ᠎ᠠ ᠶᠢᠨ ᠵᠦᠭᠯᠡᠭᠦᠷ   ᠪᠤᠯᠭᠠᠬᠤ ᠶᠢ ᠰᠠᠨᠠᠯ ᠨᠢᠭᠡᠲᠡᠢ ᠵᠦᠪᠰᠢᠶᠡᠷᠡᠪᠡ᠃ ᠶᠡᠭᠡ ᠬᠤᠷᠠᠯ ᠠᠴᠠ ᠪᠦᠬᠦ ᠨᠠᠮ ᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠢᠭᠡᠲᠦᠭᠦᠯᠵᠦ᠂ ᠰᠤᠷᠤᠯᠴᠠᠨ ᠲᠤᠤᠱᠯᠠᠭᠤᠯᠬᠤ ᠤᠬᠠᠮᠰᠠᠷᠲᠦ ᠴᠢᠨᠠᠷ ᠪᠤᠯᠤᠨ ᠡᠷᠡᠰ ᠪᠠᠲᠤ ᠴᠢᠨᠠᠷ ᠢᠶᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠡᠶᠢᠭᠡᠮ ᠵᠢᠷᠤᠮ ᠤᠨ ᠤᠲᠤᠬᠢᠴᠢᠯᠠᠯᠲᠠ ᠶᠢᠨ ᠪᠦᠲᠦᠭᠡᠡ ᠪᠠᠶᠢᠭᠤᠯᠤᠯᠲᠠ ᠶᠢᠨ ᠪᠦᠬᠦ ᠶᠠᠪᠤᠴᠠ ᠳᠤ   ᠲᠤᠤᠱᠯᠠᠭᠤᠯᠤᠨ᠂ ᠨᠠᠮ ᠤᠨ ᠪᠠᠶᠢᠭᠤᠯᠤᠯᠲᠠ ᠶᠢᠨ ᠡᠯ᠎ᠠ ᠲᠠᠯ᠎ᠠ ᠳᠤ ᠢᠯᠡᠷᠡᠭᠦᠯᠬᠦ ᠭᠡᠷᠡᠭᠲᠡᠢ ᠭᠡᠵᠦ ᠱᠠᠭᠠᠷᠲᠠᠭᠰᠠᠠ ᠪᠠᠶᠢᠨ᠎ᠠ᠃       ᠶᠡᠭᠡ ᠬᠤᠷᠠᠯ ᠠᠴᠠ ᠲᠤᠮᠲᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠶᠤᠯ ᠢ ᠲᠤᠮᠲᠠᠲᠤ ᠤᠯᠤᠰ ᠎ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ᠂ ᠲᠤᠮᠲᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠨᠤᠯ ᠎ ᠤᠨ ᠰᠢᠰᠲ᠋ᠧᠮ᠂ ᠲᠤᠮᠲᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠴᠤᠬᠭᠠᠷ ᠨᠠᠮ ᠤᠨ ᠲᠦᠷᠢᠮ ᠳᠤ ᠪᠢᠴᠢᠨ ᠤᠷᠤᠭᠤᠯᠬᠤ ᠶᠢ ᠵᠦᠪᠰᠢᠶᠡᠷᠡᠵᠠᠢ᠂ ᠡᠨᠡ ᠨᠢ ᠪᠦᠬᠦ ᠨᠠᠮ ᠤᠨ ᠲᠤᠮᠲᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠲᠠᠨᠢᠯᠲᠠ ᠶᠢ ᠬᠡᠵᠡᠭᠡᠶᠢᠷᠡᠭᠦᠯᠦᠨ᠂ ᠲᠤᠮᠲᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠯᠤᠭᠲᠠᠬᠤᠨ ᠢ ᠪᠦᠬᠦ ᠲᠠᠯ᠎ᠠ ᠪᠠᠷ ᠡᠵᠡᠮᠲᠡᠬᠦ ᠳᠤ ᠠᠰᠢᠭ ᠲᠠᠢ ᠶᠤᠮ᠃ ᠶᠡᠭᠡ ᠬᠤᠷᠠᠯ ᠠᠴᠠ᠂ ᠪᠦᠬᠦ ᠨᠠᠮ ᠤᠨ ᠨᠦᠬᠦᠳ ᠨᠠᠮ ᠤᠨ ᠬᠠᠲᠠᠭᠤ ᠪᠡᠷᠭᠡᠰᠢᠶᠠᠯ ᠢ ᠲᠤᠭᠤᠯᠤᠨ ᠨᠡᠭᠡᠭᠡᠭᠰᠡᠡ ᠡᠨᠡᠬᠦ ᠵᠠᠮ᠂ ᠡᠨᠡᠬᠦ ᠤᠨᠤᠯ ᠤᠨ ᠰᠢᠰᠲ᠋ᠧᠮ᠂ ᠡᠨᠡᠬᠦ ᠪᠠᠶᠢᠭᠤᠯᠤᠯ᠂ ᠡᠨᠡᠬᠦ ᠰᠤᠶᠤᠯ ᠢ ᠤᠯᠠᠮ ᠨᠠᠠᠲᠢᠩᠨᠠᠵᠤ ᠤᠷᠲᠤ ᠬᠤᠭᠤᠴᠠᠭ᠎ᠠ ᠪᠠᠷ ᠪᠠᠷᠢᠮᠲᠠᠯᠠᠨ ᠲᠠᠰᠤᠷᠠᠯᠲᠠ ᠦᠭᠡᠢ ᠬᠦᠭᠵᠢᠭᠦᠯᠵᠦ᠂ ᠲᠤᠮᠲᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠎ ᠢ ᠦᠨᠲᠦᠷ ᠮᠠᠠᠲᠤᠭᠤᠯᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠤᠶᠤᠯ ᠤᠨ ᠢᠲᠡᠭᠡᠯ ᠢᠶᠠᠨ ᠪᠠᠲᠤᠳᠬᠠᠨ᠂ ᠨᠠᠮ ᠤᠨ ᠦᠨᠲᠦᠰᠦᠨ ᠤᠨᠤᠯ᠂ ᠦᠨᠲᠦᠰᠦᠨ ᠱᠤᠭᠤᠮ᠂ ᠦᠨᠲᠦᠰᠦᠨ ᠠᠷᠭ᠎ᠠ ᠪᠤᠲᠤᠯᠭ᠎ᠠ ᠎ ᠶᠢ ᠲᠤᠤᠱᠯᠠᠭᠤᠯᠬᠤ ᠭᠡᠷᠡᠭᠲᠡᠢ ᠭᠡᠵᠦ ᠴᠢᠬᠤᠯᠠᠴᠢᠯᠠᠭᠰᠠᠠ ᠪᠠᠶᠢᠨ᠎ᠠ᠃       ᠶᠡᠭᠡ ᠬᠤᠷᠠᠯ ᠠᠴᠠ᠂ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ ᠮᠠᠠᠲᠤᠯᠲᠠ ᠶᠢ ᠪᠡᠶᠡᠯᠡᠭᠦᠯᠬᠦ ᠪᠤᠯ ᠤᠷᠴᠢᠨ ᠦᠶ᠎ᠠ ᠠᠴᠠ ᠨᠠᠰᠢᠬᠢ ᠲᠤᠮᠲᠠᠲᠤ ᠶᠢᠨ ᠦᠨᠲᠦᠰᠦᠲᠡᠡ ᠤ ᠬᠠᠮᠤᠭ ᠤᠨ ᠠᠭᠤᠤ ᠶᠡᠭᠡ ᠬᠦᠰᠡᠯ ᠵᠡᠭᠦᠳᠦ ᠮᠦᠨ᠂ ᠮᠠᠠ ᠤ ᠨᠠᠮ ᠤᠨ ᠠᠷᠠᠳ ᠲᠦᠮᠡᠡ ᠲᠤ ᠦᠭᠭᠦᠭᠰᠡᠨ᠂ ᠲᠡᠤᠬᠡ ᠳᠤ ᠦᠭᠭᠦᠭᠰᠡᠨ ᠲᠦᠪ ᠴᠢᠩᠭ᠎ᠠ ᠠᠮᠠᠯᠠᠯᠲᠠ ᠮᠦᠨ ᠬᠡᠵᠦ ᠦᠵᠡᠪᠠ᠃ ᠶᠡᠭᠡ ᠬᠤᠷᠠᠯ ᠠᠴᠠ ᠨᠠᠮ ᠤᠨ ᠲᠦᠷᠢᠮ ᠳᠤ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ ᠮᠠᠠᠲᠤᠯᠲᠠ ᠶᠢᠨ ᠲᠤᠮᠲᠠᠲᠤ ᠶᠢᠨ ᠵᠡᠭᠦᠲᠦ ᠶᠢ ᠲᠡᠷᠭᠡᠯᠰᠢᠭᠦᠯᠬᠦ ᠠᠤᠭ᠎ᠠ ᠬᠠᠷᠠᠯᠲᠠ ᠶᠢ ᠲᠤᠲᠤᠷᠬᠠᠶᠢᠯᠠᠬᠰᠠᠨ ᠢ ᠵᠦᠪᠰᠢᠶᠡᠷᠡᠵᠠᠢ᠃           ᠶᠡᠭᠡ ᠬᠤᠷᠠᠯ ᠠᠴᠠ᠂ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠠᠴᠠ ᠲᠤᠷᠠᠲᠤᠭᠰᠠᠠ ᠮᠠᠠ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠨᠢᠭᠡᠨᠲᠡ ᠠᠷᠠᠳ ᠲᠦᠮᠡᠡ ᠤ ᠡᠲᠦᠷ ᠢᠷᠡᠬᠦᠶ᠎ᠡ ᠨᠡᠮᠡᠭᠲᠡᠵᠦ ᠪᠠᠶᠢᠭ᠎ᠠ ᠰᠠᠶᠢᠨ ᠰᠠᠶᠢᠬᠠᠠ ᠠᠮᠢᠲᠤᠷᠠᠯ ᠤᠨ ᠭᠡᠷᠡᠭᠴᠡᠭᠡ ᠪᠤᠯᠤᠨ ᠲᠡᠩᠴᠡᠬᠦᠷᠢ ᠦᠭᠡᠢ ᠬᠦᠢᠴᠡᠳ ᠦᠭᠡᠢ ᠬᠦᠭᠵᠢᠯᠲᠠ ᠶᠢᠨ ᠬᠤᠭᠤᠷᠤᠨᠲᠤᠬᠢ ᠵᠦᠷᠢᠴᠡᠯ ᠪᠤᠯᠵᠦ ᠬᠤᠪᠢᠷᠠᠵᠠᠢ ᠭᠡᠰᠡᠡ ᠴᠢᠬᠤᠯᠠ ᠶᠡᠭᠡ ᠤᠯᠤᠰ ᠲᠦᠷᠦ ᠶᠢᠨ ᠮᠠᠭᠠᠳᠯᠠᠯᠲᠠ ᠨᠢ ᠮᠠᠠ ᠤ ᠤᠯᠤᠰ ᠤᠨ ᠨᠡᠶᠢᠭᠡᠮ ᠤᠨ ᠬᠦᠭᠵᠢᠯᠲᠠ ᠶᠢᠨ ᠪᠤᠰᠤᠳᠴᠢ ᠪᠤᠲᠠᠲᠤ ᠠᠬᠤᠢ ᠶᠢ ᠲᠤᠰᠬᠠᠵᠦ᠂ ᠨᠠᠮ ᠪᠠ ᠤᠯᠤᠰ ᠤᠨ ᠶᠡᠭᠡ ᠪᠤᠲᠤᠯᠭ᠎ᠠ ᠴᠢᠭᠯᠡᠯᠲᠡ᠂ ᠠᠯᠤᠰ ᠭᠡᠲᠦ ᠶᠢᠨ ᠪᠠᠶᠢᠯᠲᠤᠬᠤ ᠪᠤᠲᠤᠯᠭ᠎ᠠ ᠶᠢ ᠲᠤᠭᠲᠠᠭᠠᠬᠤ ᠴᠢᠬᠤᠯᠠ ᠭᠡᠷᠡᠴᠢ ᠪᠤᠯᠤᠭᠰᠠᠠ ᠪᠠᠶᠢᠨ᠎ᠠ᠃ ᠨᠠᠮ ᠤᠨ ᠲᠦᠷᠢᠮ ᠳᠤ ᠡᠭᠦᠨ ᠢ ᠦᠨᠲᠦᠰᠦᠯᠡᠨ ᠲᠤᠬᠢᠷᠠᠯᠴᠠᠭᠰᠠᠠ ᠵᠠᠰᠠᠪᠤᠷᠢ ᠤᠷᠤᠭᠤᠯᠵᠠᠢ ᠭᠡᠵᠦ ᠦᠵᠡᠪᠡ᠃           ᠶᠡᠭᠡ ᠬᠤᠷᠠᠯ ᠠᠴᠠ᠂ ᠤᠯᠤᠰ ᠠᠷᠠᠳ ᠤᠨ ᠠᠵᠦ ᠠᠬᠤᠢ ᠶᠢᠨ ᠨᠡᠩ ᠴᠢᠨᠠᠷᠯᠢᠭ᠂ ᠨᠡᠩ ᠪᠦᠲᠦᠮᠵᠢ ᠲᠠᠢ᠂ ᠨᠡᠩ ᠭᠤᠤᠯᠴᠢ᠂ ᠨᠡᠩ ᠦᠷᠭᠦᠯᠵᠢᠯᠡᠭᠦ ᠬᠦᠭᠵᠢᠯᠳᠡ ᠶᠢ ᠠᠬᠢᠭᠤᠯᠬᠤ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠲᠡᠷᠵᠢᠭᠦᠯᠦᠨ ᠬᠦᠭᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠎ ᠶᠢᠨ ᠴᠢᠲᠠᠪᠤᠷᠢ ᠶᠢᠨ ᠤᠲᠤᠬᠢᠴᠢᠯᠠᠯᠲᠠ ᠶᠢ ᠠᠬᠢᠭᠤᠯᠬᠤ᠂ ᠦᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠤᠭᠴᠠ ᠶᠢᠨ ᠴᠢᠨᠠᠷ᠂ ᠵᠤᠬᠢᠴᠠᠯᠳᠤᠩᠭᠤᠢ ᠴᠢᠨᠠᠷ ᠵᠡᠷᠭᠡ ᠠᠭᠤᠯᠭ᠎ᠠ ᠶᠢ ᠨᠠᠮ ᠤᠨ ᠲᠦᠷᠢᠮ ᠳᠤ ᠪᠢᠴᠢᠨ ᠤᠷᠤᠭᠤᠯᠤᠭᠰᠠᠠ ᠨᠢ ᠪᠦᠬᠦ ᠨᠠᠮ ᠤᠨ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠶᠢ ᠨᠠᠮ ᠤᠨ ᠲᠦᠪ ᠬᠤᠷᠢᠶᠠᠠ ᠤ ᠰᠢᠨᠵᠢᠯᠡᠬᠦ ᠤᠠᠬᠭᠠᠠᠴᠢ ᠮᠠᠭᠠᠳᠯᠠᠯᠲᠠ ᠪᠠ ᠪᠠᠶᠢᠯᠲᠤᠬᠤ ᠪᠤᠲᠤᠯᠭ᠎ᠠ ᠶᠢᠨ ᠪᠠᠶᠢᠷᠢᠯᠠᠭᠤᠯᠤᠯᠲᠠ ᠲᠡᠭᠡᠷ᠎ᠠ ᠨᠢᠭᠡᠲᠦᠭᠦᠯᠵᠤ᠂ ᠰᠢᠨ᠎ᠠ ᠬᠦᠭᠵᠢᠯᠲᠠ ᠶᠢᠨ ᠣᠨᠤᠯᠵᠢᠬᠤᠨ ᠢ ᠪᠤᠢ ᠪᠤᠯᠭᠠᠠ ᠦᠢᠯᠡᠲᠦᠯᠭᠡᠵᠢᠭᠦᠯᠵᠤ᠂ ᠦᠭᠡᠷᠡᠴᠢᠯᠡᠯᠲᠡ ᠬᠦᠭᠵᠢᠯᠲᠠ ᠶᠢᠨ ᠰᠢᠨ᠎ᠠ ᠪᠠᠶᠢᠲᠠᠯ ᠢ ᠲᠠᠰᠤᠷᠠᠯᠲᠠ ᠦᠭᠡᠢ ᠡᠬᠦᠳᠬᠦ ᠳᠤ ᠠᠰᠢᠭ ᠲᠠᠢ ᠭᠡᠵᠦ ᠦᠵᠡᠪᠡ᠃           ᠶᠡᠭᠡ ᠬᠤᠷᠠᠯ ᠠᠴᠠ᠂ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠠᠵᠦ ᠠᠬᠤᠢ ᠶᠢᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠤᠶᠤᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠲᠡᠯ᠎ᠠ ᠪᠠᠷ ᠠᠯᠢ ᠤᠯᠠᠠ ᠰᠢᠨ᠎ᠠ ᠣᠨᠤᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠲᠤᠬᠤ ᠪᠤᠲᠤᠯᠭ᠎ᠠ ᠶᠢ ᠲᠤᠷᠠᠲᠤᠭᠰᠠᠠ ᠪᠠᠶᠢᠨ᠎ᠠ᠃ ᠡᠲᠡᠭᠡᠷ ᠠᠭᠤᠯᠭ᠎ᠠ ᠶᠢ ᠲᠡᠭᠦᠯᠲᠡᠷᠵᠢᠭᠦᠯᠬᠦ ᠨᠢ ᠪᠦᠬᠦ ᠨᠠᠮ ᠤᠨ ᠦᠨᠲᠦᠰᠦᠨ ᠤᠨᠤᠯ᠂ ᠦᠨᠲᠦᠰᠦᠨ ᠱᠤᠭᠤᠮ᠂ ᠦᠨᠲᠦᠰᠦᠨ ᠠᠷᠭ᠎ᠠ ᠪᠤᠲᠤᠯᠭ᠎ᠠ ᠶᠢ ᠨᠡᠩ ᠤᠬᠠᠮᠰᠠᠷ ᠠᠴᠠ ᠪᠠᠨ᠂ ᠨᠡᠩ ᠡᠷᠡᠰ ᠢᠶᠠᠷ ᠲᠤᠤᠱᠯᠠᠭᠤᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠶᠢ ᠨᠢᠭᠡᠲᠦᠯᠲᠠᠢ ᠲᠦᠯᠦᠪᠵᠢᠭᠦᠯᠦᠨ ᠠᠬᠢᠭᠤᠯᠬᠤ ᠳᠤ ᠲᠦᠢᠯ ᠤᠨ ᠴᠢᠬᠤᠯᠠ ᠦᠢᠯᠡᠳᠦᠯ ᠲᠠᠢ ᠭᠡᠵᠦ ᠦᠵᠡᠪᠡ᠃           ᠶᠡᠭᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠰᠢ ᠶᠢᠨ ᠫᠢᠩ ᠨᠦᠬᠦᠷ ᠤᠯᠤᠰ ᠎ ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠭᠢ ᠶᠢᠨ ᠪᠠᠶᠢᠭᠤᠯᠤᠯᠲᠠ᠂ ᠦᠨᠳᠦᠰᠦᠳᠡᠨ ᠤ ᠪᠦᠯᠬᠦᠮᠳᠡᠯ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ ᠪᠤᠯᠤᠨ ᠡᠬᠡ ᠤᠯᠤᠰ ᠤᠨ ᠨᠢᠭᠡᠳᠦᠯ᠂ ᠨᠢᠭᠡᠳᠦᠮᠡᠯ ᠹᠷᠤᠨᠲ᠂ ᠭᠠᠳᠠᠭᠠᠳᠦ ᠬᠠᠷᠢᠯᠴᠠᠭᠠᠨ ᠤ ᠠᠵᠢᠯ ᠤᠨ ᠲᠠᠯ᠎ᠠ ᠪᠠᠷ ᠠᠯᠢ ᠤᠯᠠᠨ ᠴᠢᠬᠤᠯᠠ ᠦᠵᠡᠯ ᠰᠠᠨᠠᠭ᠎ᠠ ᠦᠵᠡᠯᠳᠡ ᠶᠢ ᠳᠤᠷᠠᠳᠴᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠴᠡᠷᠢᠭ ᠢ ᠬᠦᠴᠦᠷᠬᠡᠭᠵᠢᠭᠦᠯᠬᠦ ᠵᠠᠮ ᠢᠶᠠᠷ ᠵᠠᠮᠨᠠᠬᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠤᠬᠢᠴᠠᠩᠭᠤᠢ ᠨᠡᠶᠢᠭᠡᠮ ᠵᠢᠷᠤᠮ ᠤᠨ ᠦᠨᠳᠦᠰᠦᠳᠡᠨ ᠤ ᠬᠠᠷᠢᠴᠠᠭ᠎ᠠ ᠶᠢ ᠬᠠᠮᠠᠭᠠᠯᠠᠨ ᠬᠦᠭᠵᠢᠭᠦᠯᠬᠦ᠂ ᠡᠬᠡ ᠤᠯᠤᠰ ᠤᠨ   ᠨᠢᠭᠡᠳᠦᠯ ᠢ ᠠᠬᠢᠭᠤᠯᠬᠤ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠲᠦ ᠶᠢᠨ ᠴᠤᠭᠴᠠ ᠶᠢ ᠠᠬᠢᠭᠤᠯᠬᠤ ᠶᠢᠨ ᠴᠢᠭᠯᠡᠯ ᠢ ᠤᠯᠠᠮ ᠳᠤᠳᠤᠷᠬᠠᠢ ᠵᠢᠭᠠᠵᠤ ᠦᠭᠴᠠᠢ᠃ ᠡᠳᠡᠭᠡᠷ ᠠᠭᠤᠯᠭ᠎ᠠ ᠶᠢ ᠪᠠᠶᠠᠯᠢᠭᠵᠢᠭᠤᠯᠤᠭᠰᠠᠨ ᠨᠢ ᠨᠠᠮ ᠤᠨ ᠴᠡᠷᠢᠭ ᠠᠩᠭᠢ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠴᠢᠩᠭᠠᠳᠬᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠭᠢ ᠶᠢᠨ ᠤᠳᠤᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠢ᠂ ᠦᠨᠳᠦᠰᠦᠳᠡᠨ ᠤ ᠪᠦᠯᠬᠦᠮᠳᠡᠯ ᠢ ᠴᠢᠩᠭᠠᠳᠬᠠᠬᠤ ᠲᠤ ᠠᠰᠢᠭᠲᠠᠢ᠂ ᠮᠠᠨ ᠤ ᠤᠯᠤᠰ ᠤᠨ ᠨᠡᠬᠡᠬᠡᠯᠳᠡᠳᠦ ᠠᠵᠤ ᠠᠬᠤᠢ ᠶᠢᠨ ᠲᠦᠪᠰᠢᠨ ᠢ ᠳᠡᠭᠡᠭᠰᠢᠯᠡᠬᠦᠯᠬᠦ ᠎ ᠳᠤ ᠠᠰᠢᠭᠳᠠᠢ ᠭᠡᠵᠦ ᠦᠵᠡᠪᠡ᠃       ᠶᠡᠭᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠨᠠᠮ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠪᠦᠬᠦ ᠲᠠᠯ᠎ᠠ ᠪᠠᠷ ᠰᠦᠪᠡᠭᠴᠢᠯᠡᠯᠳᠡ ᠬᠢᠵᠤ᠂ ᠠᠯᠢ ᠤᠯᠠᠨ ᠠᠮᠵᠢᠯᠲᠠ ᠲᠠᠢ ᠲᠤᠷᠰᠢᠯᠭ᠎ᠠ ᠪᠠ ᠴᠢᠬᠤᠯᠠ ᠶᠡᠭᠡ ᠦᠷ᠎ᠠ ᠪᠦᠲᠦᠭᠡᠯ ᠤᠯᠪᠠ᠂ ᠡᠭᠦᠨ ᠢ ᠡᠷᠬᠡᠪᠰᠢ ᠴᠠᠭ ᠲᠤᠬᠠᠢ ᠳᠤᠨᠢ ᠨᠠᠮ ᠤᠨ ᠳᠦᠷᠢᠮ ᠳᠤ ᠢᠯᠡᠷᠡᠭᠦᠯᠵᠤ᠂ ᠪᠦᠬᠦ ᠨᠠᠮ ᠎ ᠤᠨ ᠬᠠᠮᠲᠦ ᠶᠢᠨ ᠬᠦᠰᠡᠯ ᠵᠤᠷᠢᠯᠳᠠ ᠪᠠ ᠬᠠᠮᠲᠦ ᠶᠢᠨ ᠵᠢᠷᠤᠮᠯᠠᠯ ᠪᠤᠯᠭᠠᠬᠤ ᠬᠡᠷᠡᠭᠲᠠᠢ ᠭᠡᠵᠦ ᠦᠵᠡᠪᠡ᠃     ᠶᠡᠭᠡ ᠬᠤᠷᠠᠯ ᠠᠴᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠪᠤᠯ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠬᠠᠮᠤᠬ ᠤᠨ ᠦᠨᠳᠦᠰᠦᠨ ᠰᠢᠨᠵᠢ ᠲᠡᠮᠳᠡᠭ ᠮᠦᠨ᠂ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠬᠠᠮᠤᠬ ᠤᠨ ᠶᠡᠭᠡ ᠲᠠᠪᠠᠭᠤᠯᠢᠬ ᠮᠦᠨ᠃ ᠨᠠᠮ ᠵᠠᠰᠠᠬ ᠴᠡᠷᠢᠭ ᠠᠷᠠᠳ ᠰᠤᠷᠭᠠᠭᠤᠯᠢ᠂ ᠲᠦᠷᠪᠡᠨ ᠵᠦᠭ ᠨᠠᠢᠮᠠᠨ ᠵᠤᠪᠬᠢᠰ ᠲᠤ ᠨᠠᠮ ᠪᠤᠯ ᠪᠦᠬᠦᠨ ᠢ ᠤᠳᠤᠷᠢᠳᠤᠬᠴᠢ ᠮᠦᠨ ᠭᠡᠪᠡ᠃ ᠶᠡᠭᠡ ᠬᠤᠷᠠᠯ ᠠᠴᠠ ᠡᠨᠡᠬᠦ ᠴᠢᠬᠤᠯᠠ ᠶᠡᠭᠡ ᠤᠯᠤᠰ ᠲᠦᠷᠦ ᠶᠢᠨ ᠵᠠᠷᠴᠢᠮ ᠢ ᠨᠠᠮ ᠤᠨ ᠲᠦᠷᠢᠮ ᠳᠤ ᠪᠢᠴᠢᠵᠤ ᠤᠷᠤᠭᠤᠯᠬᠤ ᠶᠢ ᠵᠦᠪᠰᠢᠶᠡᠷᠡᠪᠡ᠃           ᠶᠡᠭᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠤᠨ ᠠᠵᠢᠯ ᠪᠤᠯᠤᠨ ᠨᠠᠮ ᠎ ᠤᠨ ᠪᠠᠶᠢᠭᠤᠯᠤᠯᠲᠠ ᠶᠢᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠡᠵᠡᠮᠰᠢᠵᠤ᠂ ᠶᠡᠷᠦᠩᠬᠡᠢ ᠬᠦᠳᠦᠯᠪᠦᠷᠢ ᠶᠢᠨ ᠬᠡᠰᠡᠭ ᠠᠭᠤᠯᠭ᠎ᠠ ᠳᠤ ᠵᠠᠰᠠᠪᠤᠷᠢ ᠤᠷᠤᠭᠤᠯᠬᠤ ᠲᠠᠢ ᠵᠤᠯᠭᠠᠯᠴᠠᠭᠤᠯᠤᠨ᠂ ᠨᠠᠮ ᠤᠨ ᠳᠦᠷᠢᠮ ᠤᠨ ᠬᠡᠰᠡᠭ ᠠᠭᠤᠯᠭ᠎ᠠ ᠳᠤ ᠵᠤᠬᠢᠬᠤ ᠵᠠᠰᠠᠪᠤᠷᠢ ᠤᠷᠤᠭᠤᠯᠬᠤ ᠨᠢ ᠲᠤᠩ ᠴᠢᠬᠤᠯᠠᠲᠠᠢ ᠭᠡᠵᠤ ᠦᠵᠡᠪᠡ᠃           ᠶᠡᠭᠡ ᠬᠤᠷᠠᠯ ᠤᠨ ᠡᠯ᠎ᠠ ᠵᠦᠪᠯᠡᠬᠦ ᠵᠦᠢᠯ ᠶᠠᠪᠤᠬᠳᠠᠵᠤ ᠲᠠᠭᠤᠰᠤᠬᠰᠠᠨ ᠤ ᠳᠠᠷᠠᠭ᠎ᠠ᠂ ᠰᠢ ᠶᠢᠨ ᠫᠢᠩ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ ᠴᠢᠬᠤᠯᠠ ᠶᠠᠷᠢᠶ᠎ᠠ ᠲᠠᠯᠪᠢᠵᠠᠢ᠃ ᠲᠡᠷᠡ ᠬᠡᠯᠡᠭᠰᠡᠨ ᠨᠢ᠂ ᠪᠦᠬᠦ ᠲᠦᠯᠦᠭᠡᠯᠡᠭᠴᠢ ᠶᠢᠨ ᠬᠠᠮᠲᠦ ᠶᠢᠨ ᠴᠢᠷᠮᠠᠶᠢᠯᠭ᠎ᠠ ᠪᠠᠷ ᠲᠤᠰ ᠤᠳᠠᠭ᠎ᠠ ᠶᠢᠨ ᠶᠡᠭᠡ ᠬᠤᠷᠠᠯ ᠨᠢ ᠤᠭ ᠰᠠᠨᠠᠭ᠎ᠠ ᠪᠠᠨ ᠦᠯᠦ ᠮᠠᠷᠳᠠᠬᠰᠠᠨ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠭᠰᠡᠨ᠂ ᠲᠤᠭ ᠳᠡᠮᠳᠡᠭ ᠢ ᠦᠨᠳᠦᠷ ᠮᠠᠨᠳᠤᠭᠤᠯᠤᠭᠰᠠᠨ᠂ ᠪᠦᠯᠬᠦᠮᠳᠡᠨ ᠳᠠᠪᠰᠢᠭᠰᠠᠨ ᠶᠡᠭᠡ ᠬᠤᠷᠠᠯ ᠪᠤᠯᠵᠠᠢ᠃ ᠶᠡᠭᠡ ᠬᠤᠷᠠᠯ ᠠᠴᠠ ᠪᠠᠲᠤᠯᠠᠭᠰᠠᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠭᠡᠯ ᠨᠢ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠎ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠲᠠ ᠶᠢᠨ ᠦᠵᠡᠯᠳᠡ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠤᠯᠤᠰ ᠤᠨ ᠳᠤᠳᠤᠭᠠᠳᠦ ᠭᠠᠳᠠᠭᠠᠳᠦ ᠶᠢᠨ ᠪᠠᠶᠢᠳᠠᠯ ᠤᠨ ᠬᠦᠭᠵᠢᠯᠲᠠ ᠬᠤᠪᠢᠷᠠᠯᠳᠠ ᠶᠢ ᠵᠠᠳᠠᠯᠤᠨ᠂ ᠦᠩᠭᠡᠷᠡᠭᠰᠡᠨ 5 ᠵᠢᠯ ᠤᠨ ᠠᠵᠢᠯ ᠪᠤᠯᠤᠨ ᠲᠡᠤᠬᠡᠳᠦ ᠴᠢᠨᠠᠷᠲᠠᠢ ᠬᠤᠪᠢᠰᠤᠯᠲᠠ ᠶᠢ ᠡᠷᠭᠢᠴᠡᠭᠦᠯᠦᠨ ᠳ᠋ᠦᠩᠨᠡᠵᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠡᠪ ᠬᠠᠮᠲᠦ ᠨᠠᠮ ᠤᠨ ᠲᠡᠤᠬᠡᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠦᠭᠦᠯᠡᠨ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠦᠨᠳᠦᠰᠦᠨ ᠠᠷᠭ᠎ᠠ ᠪᠤᠳᠤᠯᠭ᠎ᠠ ᠶᠢ ᠳᠤᠷᠠᠳᠴᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠬᠦᠯᠬᠦ ᠬᠠᠷᠠᠯᠲᠠ ᠶᠢ ᠲᠤᠭᠳᠠᠭᠠᠵᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠪᠤᠯᠤᠨ ᠨᠠᠮ ᠤᠨ ᠪᠠᠶᠢᠭᠤᠯᠤᠯᠲᠠ ᠶᠢᠨ ᠰᠢᠨ᠎ᠠ ᠠᠭᠤᠤ ᠶᠡᠭᠡ ᠢᠨᠵᠧᠨᠧᠷᠢᠩ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠤ᠂ ᠨᠠᠮ ᠪᠤᠯᠤᠨ ᠤᠯᠤᠰ ᠤᠨ ᠠᠵᠢᠯ ᠦᠢᠯᠡᠰ ᠤᠨ ᠤᠷᠤᠭᠰᠢᠯᠠᠯᠲᠠ ᠶᠢᠨ ᠴᠢᠭᠯᠡᠯ ᠢ ᠤᠯᠠᠮ ᠴᠢᠨᠠᠭᠰᠢᠳᠠ ᠳᠤᠳᠤᠷᠬᠠᠶᠢᠯᠠᠵᠠᠢ᠃ ᠶᠡᠭᠡ ᠬᠤᠷᠠᠯ ᠠᠴᠠ ᠪᠠᠲᠤᠯᠠᠭᠰᠠᠨ ᠲᠦᠪ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠳᠤ᠂ ᠠᠷᠪᠠᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠠᠵᠢᠯ ᠢ ᠳ᠋ᠦᠩᠨᠡᠵᠤ᠂ ᠨᠠᠮ ᠤᠨ ᠲᠦᠪ ᠬᠤᠷᠢᠶᠠᠨ ᠤ ᠤᠳᠤᠷᠢᠳᠤᠯᠭ᠎ᠠ ᠳᠤᠤᠷ᠎ᠠ ᠡᠯ᠎ᠠ ᠱᠠᠳᠤᠨ ᠤ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠬᠢᠨ ᠤ ᠨᠠᠮ ᠤᠨ ᠳᠦᠷᠢᠮ ᠠᠴᠠ ᠤᠯᠭᠤᠬᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠭᠡᠵᠤ᠂ ᠨᠠᠮ ᠎ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠦᠷᠨᠢᠭᠦᠯᠵᠤ ᠂ ᠲᠦᠪ ᠤᠨ ᠨᠠᠢᠮᠠᠨ ᠳᠤᠭᠳᠠᠭᠠᠯ ᠢ ᠴᠦᠬᠦᠷᠡᠰᠢ ᠦᠭᠡᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠲᠦ ᠪᠤᠯᠤᠨ ᠤᠯᠤᠰ ᠲᠦᠷᠦ ᠶᠢᠨ ᠶᠤᠰᠤ ᠳᠦᠷᠢᠮ ᠢ ᠴᠢᠩᠳᠠᠯᠠᠵᠤ᠂ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠤᠭᠤᠷᠢᠨ ᠪᠠᠶᠢᠴᠠᠭᠠᠯᠳᠠ ᠶᠢᠨ ᠬᠤᠷᠴᠠ ᠰᠡᠯᠡᠮ᠎ᠠ ᠶᠢᠨ ᠦᠢᠯᠡᠳᠦᠯ ᠢ ᠪᠠᠳᠠᠷᠠᠭᠤᠯᠵᠤ᠂ ᠰᠠᠬᠢᠯᠭ᠎ᠠ ᠪᠠᠲᠦ ᠶᠢ ᠡᠷᠬᠢᠮᠯᠡᠵᠤ᠂ ᠢᠯᠵᠢᠷᠡᠯ ᠤᠨ ᠦᠷᠭᠡᠵᠢᠬᠦ ᠬᠠᠨᠳᠤᠰᠢ ᠶᠢ ᠡᠷᠡᠰ ᠬᠤᠷᠢᠬᠯᠠᠵᠤ᠂ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠵᠤ᠂ ᠢᠯᠵᠢᠷᠡᠯ ᠢ ᠡᠰᠡᠷᠭᠦᠴᠡᠬᠦ ᠳᠡᠶᠢᠯᠦᠩᠭᠦᠢ ᠪᠠᠶᠢᠳᠠᠯ ᠢ ᠪᠦᠷᠢᠯᠳᠦᠭᠦᠯᠦᠭᠰᠡᠨ ᠪᠠ ᠪᠠᠬᠢᠵᠢᠭᠦᠯᠵᠤ ᠬᠦᠭᠵᠢᠭᠦᠯᠦᠭᠰᠡᠨ ᠢ ᠭᠦᠢᠴᠡᠳ ᠨᠤᠳᠠᠯᠠᠵᠠᠢ᠃ ᠶᠡᠭᠡ ᠬᠤᠷᠠᠯ ᠠᠴᠠ ᠪᠠᠲᠤᠯᠠᠭᠰᠠᠨ ᠨᠠᠮ ᠤᠨ ᠳᠦᠷᠢᠮ ᠳᠤ ᠵᠠᠰᠠᠪᠤᠷᠢ ᠤᠷᠤᠭᠤᠯᠬᠤ ᠲᠦᠰᠦᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠤᠨ ᠤᠨᠤᠯ ᠤᠨ ᠰᠢᠨ᠎ᠡ ᠡᠭᠦᠳᠦᠯᠳᠡ᠂ ᠦᠢᠯᠡᠳᠦᠯᠭᠡ ᠶᠢᠨ ᠰᠢᠨ᠎ᠡ ᠡᠭᠦᠳᠦᠯᠳᠡ᠂ ᠪᠠᠶᠢᠭᠤᠯᠤᠯ ᠤᠨ ᠰᠢᠨ᠎ᠡ ᠡᠭᠦᠳᠦᠯᠳᠡ ᠳᠤ ᠤᠯᠤᠭᠰᠠᠨ ᠦᠷ᠎ᠠ ᠪᠦᠲᠦᠭᠡᠯ ᠢ ᠢᠯᠡᠷᠡᠭᠦᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠲᠤᠭᠳᠠᠭᠠᠭᠰᠠᠨ ᠴᠢᠬᠤᠯᠠ ᠶᠡᠭᠡ ᠤᠨᠤᠯ ᠦᠵᠡᠯᠳᠡ ᠪᠤᠯᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠢᠯᠡᠷᠡᠭᠦᠯᠵᠤ᠂ ᠡᠳᠡᠭᠡᠷ ᠵᠢᠯ ᠳᠠᠬᠢ ᠨᠠᠮ ᠤᠨ ᠪᠠᠶᠢᠭᠤᠯᠤᠯᠲᠠ ᠶᠢᠨ ᠠᠮᠵᠢᠯᠲᠠ ᠲᠠᠢ ᠲᠤᠷᠰᠢᠯᠭ᠎ᠠ ᠶᠢ ᠬᠠᠷᠠᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ ᠳᠤᠳᠤᠷᠬᠠᠢ ᠱᠠᠭᠠᠷᠳᠠᠯᠭ᠎ᠠ ᠳᠤᠷᠠᠳᠪᠠ᠃ ᠶᠡᠭᠡ ᠬᠤᠷᠠᠯ ᠠᠴᠠ ᠰᠢᠨ᠎ᠠ ᠨᠢᠭᠡ ᠬᠤᠭᠤᠴᠠᠭᠠᠨ ᠎ ᠤ ᠲᠦᠪ ᠬᠤᠷᠢᠶ᠎ᠠ ᠶᠢ ᠰᠤᠩᠭᠤᠨ ᠭᠠᠷᠭᠠᠵᠤ᠂ ᠰᠢᠨ᠎ᠠ ᠬᠠᠭᠤᠴᠢᠨ ᠤ ᠰᠤᠯᠢᠭᠳᠠᠯ ᠢ ᠪᠡᠶᠡᠯᠡᠭᠦᠯᠪᠡ᠃ ᠶᠡᠭᠡ ᠬᠤᠷᠠᠯ ᠠᠴᠠ ᠪᠠᠰᠠ ᠰᠢᠨ᠎ᠠ ᠨᠢᠭᠡ ᠬᠤᠭᠤᠴᠠᠭᠠᠨ ᠤ ᠲᠦᠪ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢ ᠰᠤᠩᠭᠤᠨ ᠭᠠᠷᠭᠠᠵᠠᠢ᠃ ᠲᠤᠰ ᠤᠳᠠᠭ᠎ᠠ ᠶᠢᠨ ᠶᠡᠭᠡ ᠬᠤᠷᠠᠯ ᠠᠴᠠ ᠭᠠᠷᠭᠠᠭᠰᠠᠨ ᠡᠯ᠎ᠠ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠤᠯᠤᠭᠰᠠᠨ ᠡᠯ᠎ᠠ ᠵᠦᠢᠯ ᠤᠨ ᠠᠮᠵᠢᠯᠲᠠ ᠪᠦᠲᠦᠮᠵᠢ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠰᠢᠨ᠎ᠠ ᠠᠶᠠᠯᠠᠯ ᠢ ᠡᠬᠢᠯᠡᠬᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠶᠢᠨ ᠰᠢᠨ᠎ᠠ ᠠᠭᠤᠤ ᠶᠡᠭᠡ ᠢᠨᠵᠧᠨᠧᠷᠢᠩ ᠢ ᠠᠬᠢᠭᠤᠯᠬᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠎ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠤᠯᠬᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠯᠠᠪᠲᠠᠶ᠎ᠠ ᠲᠦᠢᠯ ᠤᠨ ᠴᠢᠬᠤᠯᠠ ᠵᠢᠯᠤᠭᠤᠳᠤᠯᠭ᠎ᠠ ᠪᠠ ᠪᠠᠲᠤᠯᠠᠭ᠎ᠠ ᠶᠢᠨ ᠦᠢᠯᠡᠳᠦᠯ ᠦᠵᠡᠭᠦᠯᠦᠨ᠎ᠡ ᠭᠡᠳᠡᠭ ᠢ ᠢᠲᠡᠭᠡᠵᠤ ᠪᠠᠶᠢᠨ᠎ᠠ ᠬᠡᠪᠡ᠃     ᠰᠢ ᠶᠢᠨ ᠫᠢᠩ᠂ ᠨᠠᠮ ᠤᠨ ᠪᠦᠬᠦ ᠤᠯᠤᠰ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠲᠦᠯᠤᠬᠡᠯᠡᠭᠴᠢ ᠪᠤᠯᠤᠬᠰᠠᠨ ᠤ ᠬᠤᠪᠢ ᠳᠤ᠂ ᠪᠢᠳᠡᠨ ᠤ ᠡᠬᠦᠷᠬᠡ ᠦᠩᠬᠡ ᠬᠡᠷᠡᠯ ᠲᠠᠢ᠂ ᠬᠠᠷᠢᠭᠤᠴᠠᠯᠭ᠎ᠠ ᠬᠦᠨᠳᠦ᠂ ᠡᠷᠬᠡᠪᠰᠢ ᠨᠠᠮ ᠤᠨ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠠᠵᠤ᠂ ᠦᠪᠡᠷ ᠤᠨ ᠡᠬᠦᠷᠬᠡᠯᠠᠵᠤ ᠪᠠᠶᠢᠭ᠎ᠠ ᠠᠷᠢᠭᠤᠨ ᠲᠠᠷᠬᠠᠨ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠠᠵᠤ᠂ ᠨᠠᠮ ᠤᠨ ᠤᠨᠤᠯ ᠪᠤᠯᠤᠨ ᠱᠤᠭᠤᠮ ᠴᠢᠭᠯᠡᠯᠳᠠ ᠲᠦᠷᠤ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠨᠠᠮ ᠤᠨ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠨᠡᠶᠢᠬᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠰᠢᠨ᠎ᠠ ᠠᠶᠠᠯᠠᠯ ᠢ ᠡᠬᠢᠯᠡᠬᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠩ ᠤᠬᠠᠮᠰᠠᠷ ᠠᠴᠠ ᠪᠠᠨ ᠨᠠᠮ ᠤᠨ ᠲᠦᠷᠢᠮ ᠢ ᠰᠤᠷᠤᠯᠴᠠᠨ ᠨᠠᠮ ᠤᠨ ᠲᠦᠷᠢᠮ ᠢ ᠵᠢᠷᠤᠮᠯᠠᠵᠤ ᠨᠠᠮ ᠤᠨ ᠲᠦᠷᠢᠮ ᠢ ᠲᠤᠤᠱᠯᠠᠭᠤᠯᠤᠨ ᠨᠠᠮ ᠤᠨ ᠲᠦᠷᠢᠮ ᠢ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠦᠷᠤ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠦᠪ ᠬᠤᠷᠢᠶ᠎ᠠ ᠲᠠᠢ ᠲᠡᠭᠡᠳᠤ ᠬᠡᠮᠵᠢᠶ᠎ᠠ ᠪᠠᠷ ᠨᠢᠬᠡᠳᠤᠯᠳᠠᠢ ᠪᠠᠶᠢᠬᠤ ᠭᠡᠷᠡᠭᠳᠠᠢ︔ ᠡᠷᠬᠡᠪᠰᠢ ᠦᠷᠬᠡᠨ ᠤᠯᠠᠨ ᠨᠠᠮ ᠤᠨ ᠬᠡᠰᠢᠬᠦᠨ ᠪᠤᠯᠤᠨ ᠠᠷᠠᠳ ᠤᠯᠠᠨ ᠯᠤᠭ᠎ᠠ ᠶᠢᠨ ᠬᠠᠷᠢᠴᠠᠭ᠎ᠠ ᠪᠠᠨ ᠨᠢᠬᠳᠠᠷᠠᠭᠤᠯᠵᠤ᠂ ᠦᠷᠬᠡᠨ ᠤᠯᠠᠨ ᠨᠠᠮ ᠤᠨ ᠬᠡᠰᠢᠬᠦᠨ ᠪᠤᠯᠤᠨ ᠠᠷᠠᠳ ᠤᠯᠠᠨ ᠤ ᠬᠦᠰᠡᠯ ᠪᠤᠳᠤᠯ ᠢ ᠴᠠᠬ ᠲᠤᠬᠠᠢ ᠲᠤᠨᠢ ᠲᠤᠰᠬᠠᠵᠤ᠂ ᠲᠦᠯᠤᠬᠡᠯᠡᠭᠴᠢ ᠶᠢᠨ ᠡᠷᠬᠡ ᠪᠠᠨ ᠵᠦᠪ ᠭᠡᠷᠡᠭᠵᠢᠬᠦᠯᠵᠤ᠂ ᠨᠠᠮ ᠪᠤᠯᠤᠨ ᠠᠷᠠᠳ ᠲᠦᠮᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠬᠦ ᠭᠡᠷᠡᠭᠳᠠᠢ︔ ᠡᠷᠬᠡᠪᠰᠢ ᠵᠢᠱᠢᠶ᠎ᠡ ᠦᠵᠡᠭᠦᠯᠵᠦ ᠲᠠᠭᠠᠭᠤᠯᠬᠤ ᠤᠶᠢᠯᠡᠳᠤᠯ ᠢᠶᠠᠨ ᠪᠠᠳᠠᠷᠠᠭᠤᠯᠵᠤ᠂ ᠤᠬᠠᠮᠰᠠᠷ ᠠᠴᠠ ᠪᠠᠨ ᠰᠢᠨ᠎ᠠ ᠴᠠᠬ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠠᠷᠤᠩᠬᠡᠢ ᠱᠠᠭᠠᠷᠳᠠᠯᠭ᠎ᠠ ᠪᠠᠷ ᠦᠪᠡᠷ ᠢ ᠪᠠᠨ ᠦᠬᠡᠷᠡᠴᠢᠯᠡᠬᠦ ᠪᠠ ᠲᠡᠭᠡᠭᠰᠢᠯᠡᠬᠦᠯᠵᠤ᠂ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠭᠤᠤ ᠶᠡᠭᠡ ᠤᠶᠢᠯᠡᠳᠤᠯᠬᠡ ᠳᠤ ᠢᠳᠡᠪᠬᠢᠳᠠᠢ ᠤᠷᠤᠯᠴᠠᠵᠤ᠂ ᠨᠠᠮ ᠪᠤᠯᠤᠨ ᠤᠯᠤᠰ ᠤᠨ ᠤᠶᠢᠯᠡᠰ ᠲᠤ ᠦᠪᠡᠷ ᠤᠨ ᠤᠶᠤᠨ ᠤᠬᠠᠭᠠᠨ ᠪᠤᠯᠤᠨ ᠬᠦᠴᠤᠨ ᠴᠢᠳᠠᠯ ᠢᠶᠠᠨ ᠡᠷᠬᠦᠵᠤ᠂ ᠪᠦᠬᠦ ᠨᠠᠮ ᠤᠨ ᠬᠡᠰᠢᠬᠦᠨ ᠳᠤ ᠬᠡᠪ ᠲᠠᠭᠤᠷᠢᠶᠠᠯ ᠪᠤᠯᠬᠤ ᠬᠡᠷᠡᠭᠲᠠᠢ᠂ ᠦᠷᠬᠡᠨ ᠤᠯᠠᠨ ᠨᠠᠮ ᠤᠨ ᠬᠡᠰᠢᠬᠦᠨ ᠤ ᠢᠳᠡᠬᠡᠯ ᠢ ᠬᠦᠰᠡᠷᠳᠡᠬᠦᠯᠵᠤ ᠪᠣᠯᠬᠤ ᠦᠭᠡᠢ ᠬᠡᠵᠤ ᠴᠢᠬᠤᠯᠠᠴᠢᠯᠠᠪᠠ᠃           ᠰᠢ ᠶᠢᠨ ᠫᠢᠩ᠂ ᠶᠡᠭᠡ ᠬᠤᠷᠠᠯ ᠤᠨ ᠬᠤᠭᠤᠴᠠᠭᠠᠨ ᠳᠤ ᠡᠯ᠎ᠠ ᠠᠷᠠᠳᠴᠢᠯᠠᠭᠰᠠᠨ ᠨᠠᠮ ᠪᠦᠯᠦᠭ ᠤᠨ ᠲᠦᠪ ᠬᠤᠷᠢᠶ᠎ᠠ᠂ ᠪᠦᠬᠦ ᠤᠯᠤᠰ ᠤᠨ ᠤᠶᠢᠯᠡᠳᠪᠤᠷᠢ ᠬᠤᠳᠠᠯᠳᠤᠭᠠᠨ ᠤ ᠬᠤᠯᠪᠤᠭ᠎ᠠ ᠪᠤᠯᠤᠨ ᠡᠯ᠎ᠠ ᠦᠨᠳᠤᠰᠤᠳᠠᠨ ᠡᠯ᠎ᠠ ᠡᠳᠡᠬᠡᠳ ᠤᠨ ᠬᠦᠮᠤᠰ ᠶᠡᠭᠡ ᠬᠤᠷᠠᠯ ᠳᠤ ᠪᠠᠶᠠᠷ ᠬᠦᠷᠬᠡᠨ᠂ ᠦᠷᠬᠡᠨ ᠤᠯᠠᠨ ᠠᠷᠠᠳ ᠲᠦᠮᠡᠨ ᠡᠯ᠎ᠠ ᠵᠤᠶᠢᠯ ᠤᠨ ᠬᠡᠯᠪᠡᠷᠢ ᠪᠠᠷ ᠶᠡᠭᠡ ᠬᠤᠷᠠᠯ ᠳᠤ ᠪᠠᠶᠠᠷ ᠬᠦᠷᠬᠡᠵᠤ᠂ ᠮᠠᠰᠢ ᠤᠯᠠᠨ ᠤᠯᠤᠰ ᠤᠨ ᠤᠳᠤᠷᠢᠳᠬᠤ ᠬᠦᠮᠤᠰ᠂ ᠲᠦᠷᠤ ᠶᠢᠨ ᠨᠠᠮ᠂ ᠵᠤᠬᠢᠶᠠᠨ ᠪᠠᠶᠢᠭᠤᠯᠤᠯᠳᠠ ᠵᠢᠴᠢ ᠡᠯ᠎ᠠ ᠡᠳᠡᠬᠡᠳ ᠤᠨ ᠬᠦᠮᠤᠰ ᠴᠠᠬᠢᠯᠭᠠᠨ ᠮᠡᠳᠡᠭᠡ ᠵᠠᠬᠢᠳᠠᠯ ᠢᠷᠡᠬᠦᠯᠵᠤ᠂ ᠶᠡᠭᠡ ᠬᠤᠷᠠᠯ ᠳᠤ ᠪᠠᠶᠠᠷ ᠬᠦᠷᠬᠡᠵᠤ ᠪᠠᠶᠢᠬᠤ ᠪᠠᠨ ᠢᠯᠡᠳᠬᠡᠪᠡ᠂ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠠᠴᠠ ᠲᠠᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠵᠤ ᠪᠠᠶᠢᠨ᠎ᠠ ᠬᠡᠵᠤ ᠢᠯᠡᠷᠬᠡᠶᠢᠯᠡᠪᠡ᠃           ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠭᠠᠳ ᠨᠢᠭᠡᠨᠳᠡ 96 ᠵᠢᠯ ᠪᠤᠯᠤᠯ᠎ᠠ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠭᠠᠳ ᠨᠢᠭᠡᠨᠳᠡ 68 ᠵᠢᠯ ᠪᠤᠯᠤᠯ᠎ᠠ᠂ ᠦᠬᠡᠷᠡᠴᠢᠯᠠᠯᠳᠠ ᠨᠡᠬᠡᠬᠡᠯᠳᠠ ᠬᠢᠬᠡᠳ ᠨᠢᠭᠡᠨᠳᠡ 39 ᠵᠢᠯ ᠪᠤᠯᠵᠠᠢ᠃ ᠤᠷᠳᠤ ᠬᠤᠭᠤᠴᠠᠭᠠᠨ᠎ᠠ᠂ ᠮᠠᠨ ᠤ ᠨᠠᠮ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠲᠤᠮᠳᠠᠳᠤ ᠶᠢᠨ ᠦᠨᠳᠤᠰᠤᠳᠠᠨ ᠢ ᠪᠦᠯᠬᠦᠮᠳᠡᠬᠦᠯᠤᠨ ᠲᠠᠭᠠᠭᠤᠯᠵᠤ ᠴᠦᠬᠦᠷᠡᠰᠢ ᠦᠬᠡᠢ ᠴᠢᠷᠮᠠᠶᠢᠨ ᠬᠠᠳᠠᠭᠤᠵᠢᠯᠳᠠᠢ ᠲᠡᠮᠡᠴᠠᠵᠤ᠂ ᠬᠠᠷ᠎ᠠ ᠲᠠᠮᠠᠬᠢ ᠶᠢᠨ ᠲᠠᠶᠢᠨ ᠤ ᠲᠠᠷᠠᠭᠠᠬᠢ ᠬᠠᠭᠤᠴᠢᠨ ᠳᠤᠮᠳᠠᠳᠤ ᠤᠯᠤᠰ ᠤᠨ ᠲᠠᠷᠤᠯᠠᠬᠳᠠᠨ ᠲᠤᠷᠤᠮᠵᠢᠯᠠᠬᠳᠠᠵᠤ ᠪᠠᠶᠢᠬᠰᠠᠨ ᠬᠠᠷᠠᠰᠠᠯᠳᠤ ᠪᠠᠶᠢᠳᠠᠯ ᠢ ᠲᠤᠶᠢᠯᠪᠤᠷᠢᠳᠠᠢ ᠬᠤᠪᠢᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠤᠰᠤᠳᠠᠨ ᠤ ᠶᠠᠳᠠᠭᠤ ᠬᠤᠭᠤᠰᠤᠨ ᠲᠤᠷᠤᠢ ᠪᠠᠭᠤᠷᠠᠢ ᠭᠤᠨᠢᠬᠳᠤ ᠪᠠᠶᠢᠳᠠᠯ ᠢ ᠲᠤᠶᠢᠯᠪᠤᠷᠢᠳᠠᠢ ᠬᠤᠪᠢᠷᠠᠭᠤᠯᠪᠠ᠃ ᠦᠨᠤᠳᠤᠷ 13 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ ᠴᠤᠬ ᠵᠤᠯᠢ ᠪᠠᠳᠠᠷᠠᠩᠭᠤᠢ᠂ ᠤᠮᠤᠬ ᠵᠤᠷᠢᠬ ᠲᠡᠬᠦᠯᠳᠡᠷ ᠪᠠᠶᠢᠵᠤ᠂ ᠮᠠᠨ ᠤ 960 ᠭᠠᠷᠤᠢ ᠲᠦᠮᠡᠨ ᠲᠡᠭᠰᠢ ᠲᠦᠷᠪᠡᠯᠵᠢᠨ ᠺᠢᠯᠤᠮᠧᠲᠷ ᠦᠷᠬᠡᠨ ᠠᠭᠤᠳᠠᠮ ᠨᠤᠳᠤᠬ ᠲᠡᠪᠢᠰᠭᠡᠷ ᠲᠤ ᠠᠮᠢᠵᠢᠷᠠᠯ ᠤᠨ ᠬᠦᠴᠤᠨ ᠪᠢᠯᠬᠠᠵᠤ ᠬᠦᠭᠵᠢᠯ ᠤᠨ ᠪᠠᠷ᠎ᠠ ᠲᠤᠳᠤᠷᠠᠨ᠎ᠠ᠂ ᠮᠠᠨ ᠤ 5000 ᠭᠠᠷᠤᠢ ᠵᠢᠯ ᠤᠨ ᠳᠤᠮᠳᠠᠳᠤ ᠶᠢᠨ ᠪᠤᠯᠪᠠᠰᠤᠨ ᠤ ᠬᠡᠷᠡᠯ ᠬᠢᠯᠪᠠᠭ᠎ᠠ ᠡᠬᠦᠷᠢᠳᠡ ᠬᠢᠯᠠᠯᠵᠠᠵᠤ᠂ ᠷᠢᠳᠢ ᠰᠢᠳᠢ ᠨᠢ ᠦᠨᠢᠳᠡ ᠮᠦᠩᠬᠡᠷᠡᠨ᠎ᠡ᠂ ᠮᠠᠨ ᠤ ᠨᠠᠮ ᠤᠨ ᠤᠳᠤᠷᠢᠳᠤᠯᠭ᠎ᠠ ᠪᠤᠯᠤᠨ ᠮᠠᠨ ᠤ ᠨᠡᠶᠢᠬᠡᠮ ᠵᠢᠷᠤᠮ ᠤᠨ ᠪᠠᠶᠢᠭᠤᠯᠤᠯ ᠪᠠᠳᠤ ᠪᠠᠬᠢ ᠠᠮᠢᠵᠢᠷᠠᠯ ᠪᠢᠯᠬᠠᠮ᠎ᠠ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠤᠰ ᠢᠷᠡᠬᠡᠳᠤᠢ ᠠᠭᠤᠤ ᠶᠡᠭᠡ᠂ ᠤᠷᠤᠬᠰᠢᠯᠠᠬᠤ ᠵᠠᠮ ᠭᠡᠷᠡᠯ ᠰᠠᠴᠤᠷᠠᠩᠭᠤᠢ ᠪᠠᠶᠢᠨ᠎ᠠ᠃ ᠡᠶᠢᠮᠤ ᠠᠭᠤᠤ ᠶᠡᠭᠡ ᠴᠠᠬ ᠦᠶ᠎ᠠ ᠳᠤ ᠪᠠᠶᠢᠬᠤ ᠳᠠᠭᠠᠨ ᠪᠢᠳᠠ ᠬᠢᠵᠠᠭᠠᠯᠠᠰᠢ ᠦᠬᠡᠢ ᠤᠮᠤᠬᠰᠢᠬᠤ ᠶᠢᠨ ᠬᠠᠮᠳᠤ ᠪᠠᠰᠠ ᠡᠬᠦᠷᠬᠡ ᠬᠠᠷᠢᠭᠤᠴᠠᠯᠭ᠎ᠠ ᠬᠦᠨᠳᠤ ᠭᠡᠳᠡᠭ ᠢ ᠭᠦᠨ᠎ᠡ ᠤᠶᠢᠯᠠᠭᠠᠵᠤ ᠪᠤᠢ᠃ ᠪᠢᠳᠠ ᠡᠷᠴᠢ ᠵᠤᠷᠢᠬ ᠢᠶᠠᠨ ᠬᠦᠪᠴᠢᠯᠠᠨ ᠠᠵᠢᠯ ᠤᠨ ᠤᠷᠮ᠎ᠠ ᠪᠠᠨ ᠬᠦᠭᠵᠢᠭᠡᠵᠤ᠂ ᠦᠶ᠎ᠠ ᠦᠶ᠎ᠠ ᠶᠢᠨ ᠳᠤᠮᠳᠠᠳᠤ ᠤᠯᠤᠰ ᠤᠨ ᠡᠪ ᠬᠠᠮᠳᠤᠴᠤᠳ ᠤᠨ ᠠᠷᠠᠳ ᠲᠦᠮᠡᠨ ᠢ ᠪᠦᠯᠬᠦᠮᠳᠡᠬᠦᠯᠤᠨ ᠲᠠᠭᠠᠭᠤᠯᠵᠤ ᠡᠬᠦᠳᠤᠨ ᠪᠦᠳᠦᠭᠡᠭᠰᠡᠨ ᠲᠡᠤᠬᠡ ᠶᠢᠨ ᠠᠭᠤᠤ ᠶᠡᠭᠡ ᠦᠢᠯᠡᠰ ᠤᠨ ᠰᠠᠭᠤᠷᠢᠨ ᠲᠡᠭᠡᠷ᠎ᠠ᠂ ᠴᠠᠬ ᠦᠶ᠎ᠠ ᠳᠤ ᠦᠯᠤ ᠤᠰᠤᠯᠳᠠᠬᠤ ᠭᠠᠪᠢᠶ᠎ᠠ ᠵᠢᠳᠬᠦᠯ ᠢ ᠪᠠᠶᠢᠭᠤᠯᠵᠤ᠂ ᠬᠦᠰᠡᠯ ᠪᠢᠯᠬᠠᠬᠰᠠᠨ ᠢᠷᠡᠬᠡᠳᠤᠢ ᠲᠡᠰᠢ ᠤᠮᠤᠬ ᠲᠡᠬᠦᠯᠳᠡᠷ ᠤᠷᠤᠭᠰᠢᠯᠠᠬᠤ ᠭᠡᠷᠡᠭᠳᠠᠢ ᠬᠡᠵᠤ ᠴᠢᠬᠤᠯᠠᠴᠢᠯᠠᠪᠠ᠃     ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠳᠤᠴᠤᠳ ᠤᠨ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠪᠤᠯ ᠲᠠᠷᠤᠢ ᠳᠤᠮᠳᠠᠳᠤ ᠤᠯᠤᠰ ᠤᠨ ᠠᠷᠠᠳ ᠲᠦᠮᠡᠨ ᠳᠤ ᠵᠤᠯ ᠵᠢᠷᠭᠠᠯ ᠡᠳ᠋ᠯᠡᠬᠦᠯᠵᠤ᠂ ᠳᠤᠮᠳᠠᠳᠤ ᠶᠢᠨ ᠦᠨᠳᠤᠰᠤᠳᠠᠨ ᠤ ᠰᠡᠷᠬᠦᠨ ᠮᠠᠨᠳᠤᠯᠳᠠ ᠶᠢ ᠪᠡᠶᠡᠯᠡᠬᠦᠯᠬᠦ ᠶᠠᠪᠤᠳᠠᠯ ᠮᠦᠨ᠃ ᠡᠨᠡᠬᠦ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠪᠤᠯ ᠳᠤᠮᠳᠠᠳᠤ ᠤᠯᠤᠰ ᠤᠨ ᠡᠪ ᠬᠠᠮᠳᠤᠴᠤᠳ ᠢ ᠵᠤᠷᠢᠬᠵᠢᠭᠤᠯᠤᠨ ᠲᠠᠰᠤᠷᠠᠯᠳᠠ ᠦᠬᠡᠢ ᠤᠷᠤᠬᠰᠢᠯᠠᠭᠤᠯᠬᠤ ᠦᠨᠳᠤᠰᠤᠨ ᠬᠦᠳᠡᠯᠬᠡᠬᠦ ᠬᠦᠴᠤᠨ ᠮᠦᠨ᠃ ᠪᠦᠬᠦ ᠨᠠᠮ ᠤᠨ ᠨᠦᠬᠦᠳ ᠢᠮᠠᠬᠳᠠ ᠠᠷᠠᠳ ᠲᠦᠮᠡᠨ ᠲᠠᠢ ᠠᠮᠢᠰᠬᠤᠭ᠎ᠠ ᠪᠠᠨ ᠨᠢᠬᠡᠳᠬᠡᠵᠤ ᠬᠤᠪᠢ ᠵᠠᠶᠠᠭ᠎ᠠ ᠪᠠᠨ ᠬᠠᠮᠳᠤᠳᠬᠠᠨ ᠰᠡᠳᠬᠢᠯ ᠵᠢᠷᠤᠬᠡ ᠪᠠᠨ ᠬᠤᠯᠪᠤᠵᠤ᠂ ᠡᠬᠦᠷᠢᠳᠡ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠳᠠ ᠪᠠᠨ ᠪᠤᠯᠭᠠᠵᠤ᠂ ᠡᠭᠦᠷᠢᠳᠡ ᠰᠢᠨᠳᠠᠷᠠᠰᠢ ᠦᠬᠡᠢ ᠵᠤᠷᠢᠬ ᠰᠠᠨᠠᠭᠠᠨ ᠤ ᠲᠦᠷᠢ ᠪᠠᠶᠢᠳᠠᠯ ᠪᠤᠯᠤᠨ ᠴᠤᠴᠠᠯᠳᠠ ᠦᠬᠡᠢ ᠤᠷᠤᠬᠰᠢᠯᠠᠬᠤ ᠲᠡᠮᠡᠴᠡᠯ ᠤᠨ ᠲᠦᠷᠢ ᠪᠠᠶᠢᠳᠠᠯ ᠎ ᠢᠶᠠᠷ ᠦᠷᠬᠦᠯᠵᠢᠯᠠᠨ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠠᠤᠭ᠎ᠠ ᠬᠠᠷᠠᠯᠳᠠ ᠲᠡᠰᠢ ᠡᠷᠡᠯᠭᠡᠭ ᠢᠶᠠᠷ ᠤᠷᠤᠬᠰᠢᠯᠠᠬᠤ ᠭᠡᠷᠡᠭᠳᠠᠢ᠃ ᠪᠦᠬᠦ ᠨᠠᠮ ᠢᠶᠠᠷ ᠢᠶᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠵᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠬ ᠢ ᠦᠨᠳᠤᠷ ᠮᠠᠨᠳᠤᠭᠤᠯᠵᠤ᠂ ᠦᠵᠡᠯ ᠰᠠᠨᠠᠭ᠎ᠠ ᠪᠠᠨ ᠴᠢᠯᠤᠬᠡᠯᠠᠵᠤ᠂ ᠦᠬᠡᠷᠡᠴᠢᠯᠠᠯᠳᠠ ᠬᠢᠵᠤ ᠰᠢᠨ᠎ᠠ ᠶᠢ ᠡᠬᠦᠳᠴᠤ᠂ ᠰᠡᠳᠬᠢᠯ ᠰᠢᠭᠤᠳᠤᠨ ᠴᠢᠷᠮᠠᠶᠢᠵᠤ᠂ ᠰᠢᠷᠭᠠᠭᠤ ᠬᠠᠳᠠᠭᠤᠵᠢᠯᠳᠠᠢ ᠪᠠᠷ ᠠᠵᠢᠯᠯᠠᠵᠤ᠂ ᠪᠦᠬᠦ ᠤᠯᠤᠰ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠢ ᠲᠠᠭᠠᠭᠤᠯᠤᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠲᠤᠭᠳᠠᠭᠠᠬᠰᠠᠨ ᠬᠠᠷᠠᠯᠳᠠ ᠡᠬᠦᠷᠬᠡ ᠶᠢ ᠪᠡᠶᠡᠯᠡᠬᠦᠯᠬᠦ ᠶᠢᠨ ᠲᠦᠯᠤᠬᠡ ᠲᠡᠮᠡᠴᠡᠬᠦ ᠭᠡᠷᠡᠭᠳᠠᠢ ᠬᠡᠵᠤ ᠴᠢᠬᠤᠯᠠᠴᠢᠯᠠᠪᠠ᠃           ᠶᠡᠭᠡ ᠬᠤᠷᠠᠯ ᠤᠨ ᠰᠤᠩᠭᠤᠭᠤᠯᠢ ᠶᠢᠨ ᠲᠠᠷᠠᠭ᠎ᠠ᠂ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠬᠤᠷᠢᠶᠠᠨ ᠲᠠᠷᠤᠭ᠎ᠠ ᠪᠠ ᠤᠤᠯ ᠤᠨ ᠲᠡᠳ᠋ ᠬᠤᠷᠢᠶᠠᠨ ᠲᠠᠷᠤᠭ᠎ᠠ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠭ᠎ᠠ ᠪᠠ ᠬᠠᠷᠢᠭᠤᠴᠠᠵᠤ ᠪᠠᠶᠢᠬᠰᠠᠨ ᠨᠠᠮ ᠤᠨ ᠭᠠᠳᠠᠨᠠᠬᠢ ᠬᠦᠮᠤᠰ᠂ ᠪᠡᠬᠡᠵᠢᠩ ᠳᠤ ᠪᠠᠶᠢᠭ᠎ᠠ ᠡᠯ᠎ᠠ ᠠᠷᠠᠳᠴᠢᠯᠠᠭᠰᠠᠠ ᠨᠠᠮ ᠪᠦᠯᠦᠭ ᠎ ᠤᠨ ᠲᠦᠪ ᠬᠤᠷᠢᠶ᠎ᠠ ᠪᠤᠯᠤᠨ ᠪᠦᠬᠦ ᠤᠯᠤᠰ ᠤᠨ ᠤᠶᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ ᠲᠡᠳ᠋ ᠲᠡᠷᠢᠬᠦᠯᠡᠭᠴᠢ᠂ ᠨᠠᠮ ᠪᠦᠯᠦᠭ ᠤᠨ ᠪᠤᠰᠤ ᠲᠦᠯᠤᠭᠡᠯᠡᠭᠴᠢ ᠬᠦᠮᠤᠰ᠂ ᠱᠠᠰᠢᠨ ᠰᠤᠷᠳᠠᠬᠤᠨ ᠤ ᠡᠳᠡᠬᠡᠳ ᠤᠨ ᠲᠦᠯᠤᠭᠡᠯᠡᠭᠴᠢ ᠬᠦᠮᠤᠰ᠂ ᠪᠡᠬᠡᠵᠢᠩ ᠳᠤ ᠪᠠᠶᠢᠭ᠎ᠠ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠪᠠᠶᠢᠩᠭᠤ ᠶᠢᠨ ᠬᠡᠰᠢᠬᠦᠨ ᠤ ᠳᠤᠳᠤᠷᠠᠬᠢ ᠠᠷᠠᠳᠴᠢᠯᠠᠭᠰᠠᠠ ᠨᠠᠮ ᠪᠦᠯᠦᠭ᠂ ᠨᠠᠮ ᠪᠦᠯᠦᠭ ᠤᠨ ᠪᠤᠰᠤ ᠪᠤᠯᠤᠨ ᠦᠨᠳᠤᠰᠤᠳᠠᠨ ᠱᠠᠰᠢᠨ ᠰᠤᠷᠳᠠᠬᠤᠨ ᠤ ᠡᠳᠡᠬᠡᠳ ᠤᠨ ᠬᠦᠮᠤᠰ ᠵᠤᠴᠢᠨ ᠤ ᠬᠤᠪᠢ ᠪᠠᠷ ᠶᠡᠭᠡ ᠬᠤᠷᠠᠯ ᠳᠤ ᠰᠤᠯᠠ ᠤᠷᠤᠯᠴᠠᠪᠠ᠃     ᠨᠠᠮ ᠤᠨ ᠲᠤᠳᠤᠭᠠᠳᠤ ᠶᠢᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠨᠦᠬᠦᠳ ᠴᠤ ᠶᠡᠭᠡ ᠬᠤᠷᠠᠯ ᠳᠤ ᠰᠤᠯᠠ ᠤᠷᠤᠯᠴᠠᠵᠠᠢ᠃           ᠶᠡᠭᠡ ᠬᠤᠷᠠᠯ ᠰᠦᠷ ᠵᠢᠪᠬᠤᠯᠠᠩᠳᠤ ︽ᠢᠨᠲ᠋ᠧᠷᠨᠠᠼᠢᠤᠨᠠᠯ ᠤᠨ ᠲᠠᠭᠤᠤ︾᠎ ᠶᠢᠨ ᠲᠤᠮᠳᠠ ᠲᠡᠭᠦᠰ ᠠᠮᠵᠢᠯᠳᠠ ᠲᠠᠢ ᠥᠨᠳᠥᠷᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号