ᠳᠡᠮᠡᠭᠡᠨ ᠴᠢᠰᠤᠨ ᠠᠴᠠ ᠤᠯᠠᠡᠴᠢ ᠫᠧᠫᠲ᠋ᠢᠳ᠋ ᠢᠯᠭᠠᠷᠠᠭᠤᠯᠬᠤ ᠮᠡᠷᠭᠡᠵᠢᠯ ᠰᠢᠨ᠎ᠡ ᠰᠢᠪᠳᠤᠯᠤᠯᠳᠠ ᠲᠠᠢ ᠪᠤᠯᠪᠠ
ᠨᠡᠶᠢᠲᠡᠯᠡᠭᠰᠡᠨ ᠴᠠᠭ᠄
2017/2/13
    ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠤᠢᠢᠯᠠᠭᠠᠭᠰᠨᠨ ᠢᠶᠠᠷ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠯᠠᠨᠵᠸᠤ ᠶᠢᠨ ᠬᠢᠮᠢ ᠹᠢᠽᠢᠺ ᠤᠨ ᠰᠤᠳᠤᠯᠭᠠᠨ ᠤ ᠭᠠᠵᠠᠷ ᠪᠠ ᠦᠪᠦᠷ ᠮᠤᠩᠭᠤᠯ ᠤᠨ ᠳ᠋ᠦᠩ ᠬᠤᠢ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠦ ᠺᠤᠮᠫᠠᠨᠢ ᠬᠠᠮᠳᠤᠷᠠᠨ ᠬᠢᠭᠰᠡᠨ ︽ᠲᠡᠮᠡᠭᠡᠨ ᠴᠢᠰᠤᠨ ᠠᠴᠠ ᠤᠯᠠᠨᠴᠢ ᠫᠧᠫᠲ᠋ᠢᠳ᠋ ᠢᠯᠭᠠᠷᠠᠭᠤᠯᠬᠤ ᠵᠠᠩᠬᠢᠯᠠᠭ᠎ᠠ ᠶᠢᠨ ᠮᠡᠷᠭᠡᠵᠢᠯ︾᠎ ᠤᠨ ᠰᠤᠳᠤᠯᠤᠯᠳᠠ ᠨᠡᠭᠡᠭᠡᠯᠳᠡ ᠪᠠ ᠠᠵᠤ ᠤᠢᠢᠯᠡᠰᠵᠢᠯᠳᠠ ᠨᠢ ᠴᠢᠬᠤᠯᠠ ᠠᠬᠢᠴᠠ ᠲᠠᠢ ᠪᠤᠯᠵᠤ᠂ ᠲᠡᠮᠡᠭᠡᠨ ᠴᠢᠰᠤ ᠠᠴᠠ ᠤᠯᠠᠨᠴᠢ ᠫᠧᠫᠲ᠋ᠢᠳ᠋ ᠢᠯᠭᠠᠷᠠᠭᠤᠯᠬᠤ ᠮᠡᠷᠭᠡᠵᠢᠯ᠂ ᠨᠠᠷᠢᠯᠢᠭ ᠤᠢᠢᠯᠡᠳᠬᠦ ᠮᠡᠷᠭᠡᠵᠢᠯ᠂ ᠶᠠᠰᠤ ᠴᠢᠨᠠᠷ ᠤᠨ ᠪᠠᠷᠢᠮᠵᠢᠶ᠎ᠠ᠂ ᠪᠠᠷᠢᠮᠵᠢᠶᠠᠳᠤ ᠠᠵᠢᠯᠯᠠᠬᠤ ᠲᠦᠷᠢᠮ ︵sop︶᠎ ᠤᠨ ᠰᠤᠳᠤᠯᠭᠠᠨ ᠢ ᠪᠠᠶᠠᠯᠡᠬᠦᠯᠵᠤ᠂ ᠲᠡᠮᠡᠭᠡᠨ ᠴᠢᠰᠤᠨ ᠤ ᠦᠨᠤᠷ ᠪᠠ ᠦᠩᠭᠡ ᠶᠢ ᠠᠷᠢᠯᠭᠠᠬᠤ ᠬᠤᠶᠠᠷ ᠶᠡᠭᠡ ᠵᠠᠩᠬᠢᠯᠠᠭ᠎ᠠ ᠶᠢᠨ ᠬᠦᠴᠢᠷ ᠠᠰᠠᠭᠤᠳᠠᠯ ᠢ ᠰᠢᠢᠳᠪᠤᠷᠢᠯᠡᠵᠤ᠂ ᠲᠠᠷᠠᠭᠠᠴᠢ ᠶᠢᠨ ᠠᠯᠬᠤᠮ ᠳᠤ ᠲᠤᠰ ᠮᠡᠷᠭᠡᠵᠢᠯ ᠢ ᠠᠵᠤ ᠤᠢᠢᠯᠡᠳᠪᠤᠷᠢᠵᠢᠯᠳᠠ ᠲᠡᠰᠢ ᠰᠢᠯᠵᠢᠬᠦᠯᠬᠦ ᠪᠠ ᠠᠵᠤ ᠤᠢᠢᠯᠡᠰᠵᠢᠯᠳᠠ ᠳᠤ ᠭᠡᠷᠡᠭᠵᠢᠬᠦᠯᠬᠦ ᠪᠠᠷ ᠪᠤᠢ᠃       ᠤᠳᠤᠬᠠᠨ ᠳᠤ ᠦᠪᠦᠷ ᠮᠤᠩᠭᠤᠯ ᠤᠨ ᠳ᠋ᠦᠩ ᠬᠤᠢ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠦ ᠺᠤᠮᠫᠠᠨᠢ ᠨᠢ ᠠᠯᠠᠱᠠ ᠵᠡᠬᠦᠨ ᠬᠤᠰᠢᠭᠤᠨ ᠳᠤ 700 ᠲᠡᠭᠰᠢ ᠲᠦᠷᠪᠡᠯᠵᠢᠨ ᠮᠧᠲᠷ ᠪᠦᠬᠦᠢ ᠤᠢᠢᠯᠡᠳᠪᠤᠷᠢᠯᠡᠯ ᠤᠨ ᠲᠡᠰᠤᠭ ᠪᠦᠲᠦᠭᠡᠨ ᠪᠠᠶᠢᠭᠤᠯᠵᠤ ᠨᠢᠭᠡᠨᠳᠡ ᠠᠰᠢᠭᠯᠠᠯᠳᠠ ᠳᠤ ᠤᠷᠤᠭᠤᠯᠪᠠ᠃ ᠲᠤᠰ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠠ ᠪᠦᠲᠦᠭᠡᠯ ᠢ ᠠᠰᠢᠭᠯᠠᠯᠳᠠ ᠳᠤ ᠤᠷᠤᠭᠤᠯᠤᠭᠰᠠᠨ ᠤ ᠳᠠᠷᠠᠭ᠎ᠠ᠂ ᠵᠢᠯ ᠪᠦᠷᠢ 1 ᠲᠤᠨ ᠲᠡᠮᠡᠭᠡᠨ ᠴᠢᠰᠤ ᠶᠢ ᠨᠠᠷᠢᠯᠢᠭ ᠡᠳ᠋ᠰᠢᠬᠦᠯᠦᠨ ᠪᠤᠯᠪᠠᠰᠤᠷᠭᠤᠯᠬᠤ ᠪᠠᠷ ᠲᠦᠯᠦᠪᠯᠡᠵᠤ ᠪᠠᠶᠢᠬᠤ ᠪᠦᠭᠡᠳ ᠵᠢᠱᠢᠯᠳᠠ ᠪᠠᠷ ᠤᠢᠢᠯᠡᠳᠪᠤᠷᠢᠯᠡᠯ ᠤᠨ ᠦᠷᠳᠡᠭ 1 ᠳ᠋ᠦᠩᠰᠢᠭᠤᠷ ᠲᠦᠭᠦᠷᠢᠭ ᠲᠤ ᠬᠦᠷᠬᠦ ᠪᠤᠯᠤᠨ᠎ᠠ᠃ ᠡᠨᠡ ᠨᠢ ᠠᠯᠠᠱᠠ ᠠᠶᠢᠮᠠᠭ ᠤᠨ ᠲᠡᠮᠡᠭᠡᠨ ᠤ ᠠᠵᠤ ᠤᠢᠢᠯᠡᠰ ᠤᠨ ᠬᠦᠭᠵᠢᠯᠳᠠ ᠶᠢ ᠶᠡᠬᠡᠪᠡᠷ ᠠᠬᠢᠭᠤᠯᠵᠤ᠂ ᠤᠯᠤᠰ ᠤᠨ ᠲᠤᠳᠤᠭᠠᠲᠦ ᠶᠢᠨ ᠲᠡᠮᠡᠭᠡᠨ ᠴᠢᠰᠤᠨ ᠠᠴᠠ ᠤᠯᠠᠨ ᠫᠧᠫᠲ᠋ᠢᠳ᠋ ᠢᠯᠭᠠᠷᠠᠭᠤᠯᠬᠤ ᠮᠡᠷᠭᠡᠵᠢᠯ ᠦᠭᠡᠢ ᠪᠠᠶᠢᠭᠰᠠᠨ ᠬᠤᠭᠤᠰᠤᠨ ᠢ ᠨᠦᠬᠦᠪᠦᠷᠢᠯᠡᠬᠦ ᠪᠤᠯᠤᠨ᠎ᠠ᠃       ᠤᠢᠢᠯᠠᠭᠠᠭᠰᠠᠨ ᠢᠶᠠᠷ᠂ ᠲᠡᠮᠡᠭᠡᠨ ᠴᠢᠰᠤᠨ ᠤ ᠴᠠᠶᠢᠪᠠᠩ ᠳᠤ ᠴᠠᠭᠠᠨ ᠤᠭᠤᠷᠠᠭ 73.2% ᠠᠭᠤᠯᠤᠭᠳᠠᠵᠤ᠂ ᠪᠤᠰᠤᠳ ᠠᠮᠢᠳᠠᠨ ᠤ ᠴᠢᠰᠤᠨ ᠳᠤ ᠠᠭᠤᠯᠤᠭᠳᠠᠵᠤ ᠪᠠᠶᠢᠭ᠎ᠠ ᠴᠠᠭᠠᠨ ᠤᠭᠤᠷᠠᠭ ᠠᠴᠠ 1 ᠲᠠᠬᠢᠨ ᠤᠷᠴᠢᠮ ᠦᠨᠳᠦᠷ ᠪᠠᠶᠢᠵᠤ᠂ ᠠᠮᠢᠳᠠᠨ ᠤ ᠴᠢᠰᠤᠨ ᠤ ᠬᠠᠮᠤᠭ ᠤᠨ ᠶᠡᠭᠡ ᠴᠠᠭᠠᠨ ᠤᠭᠤᠷᠠᠭ ᠤᠨ ᠬᠦᠮᠦᠷᠭᠡ ᠪᠤᠯᠤᠨ᠎ᠠ᠃ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠬᠢᠨ ᠤ ᠬᠢᠨᠠᠨ ᠬᠡᠮᠵᠢᠭᠰᠡᠨ ᠢᠶᠠᠷ ᠲᠡᠮᠡᠭᠡᠨ ᠤ ᠴᠢᠰᠤᠨ ᠳᠠᠬᠢ ᠴᠠᠭᠠᠨ ᠤᠭᠤᠷᠠᠭ ᠪᠠ ᠬᠦᠮᠦᠨ ᠤ ᠴᠢᠰᠤᠨ ᠳᠠᠬᠢ ᠴᠠᠭᠠᠨ ᠤᠭᠤᠷᠠᠭ ᠤᠨ ᠠᠳᠠᠯᠢᠪᠳᠤᠷ ᠤᠨ ᠬᠡᠮᠵᠢᠶ᠎ᠠ 92%᠎ ᠳᠤ ᠬᠦᠷᠴᠠᠢ᠃ ᠬᠦᠮᠦᠨ ᠤ ᠴᠢᠰᠤᠨ ᠠᠴᠠ ᠴᠠᠭᠠᠨ ᠤᠭᠤᠷᠠᠭ ᠢ ᠭᠠᠷᠭᠠᠨ ᠠᠪᠬᠤ ᠳᠤ ᠴᠢᠰᠤ ᠴᠤᠭᠯᠠᠭᠤᠯᠬᠤ ᠡᠬᠢ ᠪᠠᠶᠠᠯᠢᠭ ᠬᠢᠵᠠᠭᠠᠷᠳᠠᠮᠠᠯ ᠲᠠᠢ᠂ ᠢᠷᠡᠭᠡᠳᠦᠢ ᠳᠤ ᠲᠡᠮᠡᠭᠡᠨ ᠤ ᠴᠢᠰᠤ ᠨᠢ ᠬᠦᠮᠦᠨ ᠤ ᠴᠢᠰᠤᠨ ᠤ ᠴᠠᠭᠠᠨ ᠤᠭᠤᠷᠠᠭ ᠤᠨ ᠬᠠᠮᠤᠭ ᠤᠨ ᠰᠠᠶᠢᠨ ᠤᠷᠤᠯᠠᠭᠤᠯᠬᠤ ᠡᠳ᠋ ᠪᠤᠯᠤᠨ᠎ᠠ᠃ ᠲᠡᠮᠡᠭᠡᠨ ᠴᠢᠰᠤ ᠪᠠᠷ ᠤᠤᠯ ᠮᠠᠲ᠋ᠧᠷᠢᠶᠠᠯ ᠪᠤᠯᠭᠠᠨ ᠴᠠᠭᠠᠨ ᠤᠭᠤᠷᠠᠭ ᠢ ᠤᠢᠢᠯᠡᠳᠤᠨ ᠪᠦᠲᠦᠭᠡᠵᠤ ᠪᠤᠯᠤᠨ᠎ᠠ᠃ ᠲᠡᠮᠡᠭᠡᠨ ᠴᠢᠰᠤ ᠪᠠᠷ ᠤᠢᠢᠯᠡᠳᠪᠤᠷᠢᠯᠡᠭᠰᠡᠨ ᠤᠯᠠᠨᠴᠢ ᠫᠧᠫᠲ᠋ᠢᠳ᠋ ᠵᠢᠴᠢ ᠬᠠᠮᠢᠶ᠎ᠠ ᠪᠦᠬᠦᠢ ᠪᠦᠲᠦᠭᠡᠭᠳᠡᠬᠦᠨ ᠨᠢ ᠶᠠᠳᠠᠷᠠᠭ᠎ᠠ ᠴᠢᠯᠡᠭᠡ ᠶᠢ ᠳᠠᠶᠢᠯᠬᠤ᠂ ᠦᠳᠡᠯᠵᠤ ᠬᠦᠭᠰᠢᠷᠡᠬᠦ ᠶᠢ ᠤᠳᠠᠭᠠᠰᠢᠷᠠᠭᠤᠯᠬᠤ᠂ ᠬᠦᠮᠦᠨ ᠤ ᠪᠡᠶ᠎ᠠ ᠶᠢᠨ ᠦᠯᠤ ᠬᠠᠯᠳᠠᠭᠠᠬᠤ ᠴᠢᠳᠠᠪᠤᠷᠢ ᠶᠢ ᠳᠡᠭᠡᠭᠰᠢᠯᠡᠬᠦᠯᠬᠦ ᠵᠡᠷᠬᠡ ᠤᠢᠢᠯᠡᠳᠤᠯ ᠲᠠᠢ ᠪᠤᠯᠬᠤᠷ ᠡᠷᠡᠬᠦᠯᠵᠢᠯ ᠤᠨ ᠡᠳ᠋᠂ ᠡᠮ ᠤᠨ ᠵᠦᠢᠯ ᠨᠢ ᠲᠡᠮᠡᠭᠡᠨ ᠴᠢᠰᠤᠨ ᠤ ᠨᠡᠮᠡᠯᠳᠡ ᠦᠷᠳᠡᠭ ᠢ ᠶᠡᠬᠡᠪᠡᠷ ᠳᠡᠭᠡᠭᠰᠢᠯᠡᠬᠦᠯᠬᠦ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号