ᠠᠵᠤ ᠠᠬᠤᠢ ᠨᠡᠶᠢᠭᠡᠮ ᠤᠨ ᠬᠦᠭᠵᠢᠯᠳᠡ ᠳᠤ ᠬᠠᠤᠯᠢ ᠶᠢᠨ ᠦᠢᠯᠡᠴᠢᠯᠡᠭᠡ ᠱᠠᠭᠠᠷᠳ᠋ᠬᠠᠳᠠᠨ᠎ᠠ
ᠨᠡᠶᠢᠲᠡᠯᠡᠭᠰᠡᠨ ᠴᠠᠭ᠄
2017/2/13
    ᠤᠢᠢᠷ᠎ᠠ ᠶᠢᠨ ᠵᠢᠯ ᠠᠴᠠ ᠮᠠᠨ ᠤ ᠠᠶᠢᠮᠠᠭ ᠬᠠᠤᠯᠢ ᠴᠠᠭᠠᠵᠠ ᠶᠢᠨ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠨᠡᠶᠢᠳᠡᠮ ᠪᠦᠷᠬᠦᠬᠦᠯᠬᠦ ᠠᠵᠢᠯ ᠢ ᠰᠠᠶᠢᠳᠤᠷ ᠠᠳᠬᠤᠨ᠂ ᠦᠨᠳᠦᠰᠦᠨ ᠱᠠᠳᠤᠨ ᠤ ᠬᠠᠤᠯᠢ ᠴᠠᠭᠠᠵᠠ ᠶᠢᠨ ᠦᠢᠯᠡᠴᠢᠯᠡᠬᠡᠨ ᠤ ᠲᠠᠰᠤᠭ᠂ ᠨᠡᠬᠦᠳᠡᠯ ᠰᠢᠬᠦᠬᠦ ᠲᠤᠭᠤᠢᠢᠯᠠᠩ᠂ ᠡᠶᠡᠳᠡᠬᠦᠯᠬᠡ ᠶᠢᠨ ᠲᠠᠰᠤᠭ ᠢ ᠪᠠᠶᠢᠭᠤᠯᠬᠤ ᠵᠡᠷᠬᠡ ᠠᠯᠢ ᠤᠯᠠᠨ ᠠᠷᠭ᠎ᠠ ᠠᠪᠴᠢᠯ ᠢᠶᠠᠷ ᠤᠯᠠᠨ ᠲᠦᠮᠡᠨ ᠳᠤ ᠬᠠᠤᠯᠢ ᠶᠢᠨ ᠦᠢᠯᠡᠴᠢᠯᠡᠭᠡ ᠶᠢ ᠬᠦᠷᠬᠡᠵᠦ᠂ ᠬᠠᠤᠯᠢᠵᠢᠯ ᠨᠡᠶᠢᠬᠡᠮ ᠤᠨ ᠪᠠᠶᠢᠭᠤᠯᠤᠯᠳᠠ ᠶᠢ ᠴᠢᠩᠭᠠᠳᠬᠠᠬᠰᠠᠭᠠᠷ ᠢᠷᠡᠪᠡ᠃ ᠨᠡᠩ ᠢᠯᠠᠩᠭᠤᠶ᠎ᠠ 12348 ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠠᠪᠴᠠᠩ ᠨᠢ ᠠᠷᠠᠳ ᠲᠤ ᠦᠢᠯᠡᠴᠢᠯᠡᠬᠦ ᠪᠠᠷ ᠰᠠᠭᠤᠷᠢ ᠪᠤᠯᠭᠠᠵᠤ᠂ ᠬᠠᠤᠯᠢ ᠴᠠᠭᠠᠵᠠ ᠶᠢᠨ ᠡᠬᠢ ᠪᠠᠶᠠᠯᠢᠭ ᠢ ᠨᠢᠬᠡᠳᠬᠡᠨ᠂ ᠦᠢᠯᠡᠳᠦᠯ ᠴᠢᠳᠠᠪᠬᠢ ᠪᠠᠨ ᠦᠷᠬᠡᠳᠬᠡᠵᠦ᠂ ᠦᠢᠯᠡᠴᠢᠯᠡᠭᠡ ᠪᠠᠨ ᠨᠡᠶᠢᠳᠡᠮ ᠪᠦᠷᠬᠦᠬᠦᠯᠦᠨ᠂ ᠤᠯᠠᠨ ᠲᠦᠮᠡᠨ ᠲᠠᠢ ᠨᠢᠭᠳᠠ ᠤᠶᠠᠯᠳᠤᠵᠤ ᠴᠢᠳᠠᠭᠰᠠᠨ ᠠᠴᠠ ᠤᠬᠤᠷᠬᠠᠨ ᠬᠤᠶᠠᠷ ᠵᠢᠯ ᠤᠨ ᠲᠤᠷᠰᠢ ᠮᠠᠰᠢ ᠤᠯᠠᠨ ᠠᠮᠵᠢᠯᠳᠠ ᠲᠠᠢ ᠲᠤᠷᠰᠢᠯᠭ᠎ᠠ ᠶᠢ ᠬᠤᠷᠠᠮᠳᠤᠭᠤᠯᠵᠤ᠂ ᠨᠡᠩ ᠰᠠᠶᠢᠨ ᠢᠶᠠᠷ ᠤᠯᠠᠨ ᠲᠦᠮᠡᠨ ᠳᠤ ᠦᠢᠯᠡᠴᠢᠯᠡᠬᠦ ᠪᠤᠯᠤᠭᠰᠠᠨ ᠶᠤᠮ᠃       ᠬᠠᠤᠯᠢ ᠪᠠᠷ ᠤᠯᠤᠰ ᠢᠶᠠᠨ ᠵᠠᠰᠠᠵᠤ᠂ ᠬᠠᠤᠯᠢᠵᠢᠯ ᠤᠨ ᠨᠡᠶᠢᠬᠡᠮ ᠢ ᠪᠦᠳᠦᠬᠡᠨ ᠪᠠᠶᠢᠭᠤᠯᠤᠨ᠂ ᠨᠡᠶᠢᠬᠡᠮ ᠤᠨ ᠠᠮᠤᠷ ᠲᠤᠭᠳᠠᠭᠤᠨ ᠢ ᠪᠠᠳᠤᠯᠠᠬᠤ ᠳᠤ ᠬᠦᠮᠦᠨ ᠪᠦᠬᠦᠨ ᠬᠠᠷᠢᠭᠤᠴᠠᠯᠭ᠎ᠠ ᠲᠠᠢ ᠪᠠᠶᠢᠵᠤ᠂ ᠵᠠᠪᠠᠯ ᠬᠦᠮᠦᠨ ᠪᠦᠬᠦᠨ ᠬᠠᠤᠯᠢ ᠶᠢ ᠮᠡᠳᠡᠵᠦ᠂ ᠬᠠᠤᠯᠢ ᠶᠢ ᠰᠠᠬᠢᠭᠰᠠᠨ ᠪᠠᠶᠢᠬᠤ ᠬᠡᠷᠡᠭᠳᠡᠢ ᠶᠤᠮ᠃ ᠨᠡᠩ ᠢᠯᠠᠩᠭᠤᠶ᠎ᠠ ᠮᠠᠨ ᠤ ᠮᠠᠯᠵᠢᠬᠤ ᠤᠷᠤᠨ ᠤ ᠮᠠᠯᠴᠢᠨ ᠲᠠᠷᠢᠶᠠᠴᠢᠳ ᠬᠠᠤᠯᠢ ᠴᠠᠭᠠᠵᠠ ᠶᠢᠨ ᠦᠵᠡᠯ ᠤᠬᠠᠮᠰᠠᠷ᠂ ᠮᠡᠳᠡᠯᠬᠡ ᠮᠡᠳᠡᠴᠡ ᠪᠠᠨ ᠲᠠᠭᠡᠭᠰᠢᠯᠡᠬᠦᠯᠵᠦ᠂ ᠬᠠᠤᠯᠢ ᠶᠤᠰᠤᠭᠠᠷ ᠦᠪᠡᠷ ᠤᠨ ᠡᠷᠬᠡ ᠠᠰᠢᠭ ᠢᠶᠠᠨ ᠬᠠᠮᠠᠭᠠᠯᠠᠬᠤ ᠨᠢ ᠮᠠᠰᠢ ᠴᠢᠬᠤᠯᠠ ᠶᠤᠮ᠃ ᠤᠷᠴᠢᠮ ᠤᠨ ᠬᠤᠶᠠᠷ ᠵᠢᠯ ᠠᠴᠠ ᠬᠦᠳᠡᠭᠡ ᠨᠤᠳᠤᠭ ᠢᠶᠠᠷ ᠦᠨᠳᠦᠷ ᠬᠦᠦ ᠲᠠᠢ ᠵᠢᠬᠡᠯᠡᠯᠬᠡ ᠠᠪᠤᠭᠰᠠᠨ ᠠᠴᠠ ᠪᠤᠯᠵᠤ᠂ ᠮᠠᠯ ᠤᠨᠤᠭ᠎ᠠ᠂ ᠬᠡᠷ ᠤᠷᠤᠨ ᠢᠶᠠᠨ ᠬᠦᠨᠳᠦᠷᠤᠵᠦ ᠪᠠᠶᠢᠬᠤ ᠬᠦᠮᠦᠰ ᠵᠠᠬ᠎ᠠ ᠠᠴᠠ ᠪᠠᠨ ᠤᠯᠠᠰᠢᠷᠠᠯ᠎ᠠ᠃ ᠡᠨᠡ ᠨᠢ ᠮᠠᠯᠴᠢᠳ ᠤᠨ ᠬᠠᠤᠯᠢ ᠴᠠᠭᠠᠵᠠ ᠶᠢᠨ ᠦᠵᠡᠯᠳᠡ ᠲᠠᠨᠢᠯᠳᠠ ᠲᠤᠤᠷ᠎ᠠ ᠲᠠᠢ ᠪᠠᠰᠠ ᠵᠤᠬᠢᠬᠤ ᠬᠤᠯᠪᠤᠭ᠎ᠠ ᠲᠠᠢ ᠴᠦ ᠪᠢᠯᠢᠤ᠃ ᠮᠠᠯᠴᠢᠳ ᠤᠨ ᠡᠷᠬᠡ ᠠᠰᠢᠭ ᠬᠠᠯᠳᠠᠯᠭ᠎ᠠ ᠳᠤ ᠤᠴᠠᠷᠠᠪᠠᠯ ᠬᠠᠤᠯᠢ ᠶᠢᠨ ᠵᠡᠪᠰᠡᠭ ᠢᠶᠠᠷ ᠦᠪᠡᠷ ᠤᠨ ᠡᠷᠬᠡ ᠠᠰᠢᠬ ᠢᠶᠠᠨ ᠬᠠᠮᠠᠭᠠᠯᠠᠬᠤ ᠨᠢ ᠮᠠᠰᠢ ᠴᠢᠬᠤᠯᠠ ᠶᠤᠮ᠃ ᠠᠶᠢᠮᠠᠭ ᠤᠨ ᠬᠠᠤᠯᠢ ᠴᠠᠭᠠᠵᠠ ᠶᠢᠨ ᠲᠤᠪᠴᠢᠶ᠎ᠠ ᠶᠢᠨ 12348 ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠠᠪᠴᠠᠩ ᠶᠠᠭ ᠡᠶᠢᠨᠬᠦ ᠤᠯᠠᠨ ᠲᠦᠮᠡᠨ ᠤ ᠬᠦᠴᠢᠷᠳᠡᠯ ᠪᠤᠬᠢᠨᠢᠳᠤᠯ ᠢ ᠳᠠᠶᠢᠯᠪᠦᠷᠢᠯᠡᠵᠤ ᠰᠢᠢᠳᠪᠦᠷᠢᠯᠡᠵᠤ ᠪᠠᠶᠢᠳᠠᠬ᠃ ᠪᠢᠳᠡ ᠪᠦᠬᠦᠨ ᠴᠥ ᠦᠵᠡᠯᠳᠠ ᠲᠠᠨᠢᠯᠳᠠ ᠪᠠᠨ ᠰᠢᠨᠡᠴᠢᠯᠡᠨ᠂ ᠬᠠᠥᠯᠢ ᠴᠠᠭᠠᠵᠠ ᠶᠢᠨ ᠤᠢᠢᠯᠡᠴᠢᠯᠡᠭᠡ ᠶᠢ ᠬᠦᠨᠵᠡᠭᠡᠢ ᠲᠠᠨᠢᠨ ᠮᠡᠳᠡᠷᠡᠵᠥ᠂ ᠬᠠᠮᠳᠥ ᠪᠠᠷ ᠬᠠᠥᠯᠢ ᠶᠢ ᠰᠤᠷᠤᠨ᠂ ᠬᠠᠥᠯᠢ ᠶᠢ ᠰᠠᠬᠢᠨ᠂ ᠬᠠᠥᠯᠢ ᠶᠤᠰᠤᠭᠠᠷ ᠦᠪᠡᠷ ᠤᠨ ᠡᠷᠭᠡ ᠠᠰᠢᠭ ᠢᠶᠠᠨ ᠬᠠᠮᠠᠭᠠᠯᠠᠵᠥ ᠰᠤᠷᠬᠤ ᠴᠢᠬᠤᠯᠠᠳᠠᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号