ᠰᠢᠯᠢ ᠶᠢᠨ ᠭᠤᠤᠯ ᠠᠶᠢᠮᠠᠭ ᠤᠨ ᠳᠦᠯ ᠳᠤᠰᠴᠤ ᠪᠤᠶᠢᠵᠢᠭᠤᠯᠬᠤ ᠠᠵᠢᠯ ᠤᠷᠤᠡᠡᠰᠢᠳᠠᠢ ᠶᠠᠪᠤᠡᠡᠳᠡᠵᠤ ᠪᠤᠢ
ᠨᠡᠶᠢᠲᠡᠯᠡᠭᠰᠡᠨ ᠴᠠᠭ᠄
2017/2/13
    ᠤᠶᠢᠷ᠎ᠠ ᠶᠢᠨ ᠵᠢᠯ ᠠᠴᠠ ᠨᠠᠰᠢ᠂ ᠮᠠᠨ ᠤ ᠠᠶᠢᠮᠠᠭ ᠮᠠᠯ ᠠᠵᠤ ᠠᠬᠤᠢ ᠶᠢᠨ ᠦᠨᠳᠤᠰᠤᠨ ᠪᠦᠳᠤᠭᠡᠨ ᠪᠠᠶᠢᠭᠤᠯᠤᠯᠳᠠ ᠶᠢ ᠤᠯᠠᠮ ᠢᠶᠠᠷ ᠴᠢᠩᠭᠠᠳᠬᠠᠵᠤ᠂ ᠰᠢᠨᠵᠢᠯᠡᠬᠦ ᠤᠬᠠᠭᠠᠨᠴᠢ ᠮᠠᠯᠵᠢᠯ ᠤᠨ ᠬᠢᠷᠢ ᠳᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠵᠤ᠂ ᠳᠦᠯ ᠳᠤᠰᠴᠤ ᠪᠤᠶᠢᠵᠢᠭᠤᠯᠬᠤ ᠠᠵᠢᠯ ᠳᠤ ᠬᠦᠴᠤᠳᠠᠢ ᠪᠠᠳᠤᠯᠠᠭ᠎ᠠ ᠬᠠᠩᠭᠠᠡᠡᠰᠡᠨ ᠤ ᠬᠠᠮᠳᠤ ᠨᠢᠳᠤᠨᠤᠨ ᠡᠪᠤᠯ ᠡᠨᠡ ᠬᠠᠪᠤᠷ ᠤᠨ ᠠᠭᠤᠷ ᠠᠮᠢᠰᠬᠤᠯ ᠬᠠᠷᠢᠴᠠᠩᠭᠤᠢ ᠳᠤᠡᠡᠳᠠᠭᠤᠨ ᠪᠠᠶᠢᠳᠠᠯ ᠳᠤᠤᠷ᠎ᠠ᠂ ᠪᠦᠬᠦ ᠠᠶᠢᠮᠠᠭ ᠤᠨ ᠳᠦᠯ ᠳᠤᠰᠴᠤ ᠪᠤᠶᠢᠵᠢᠭᠤᠯᠬᠤ ᠠᠵᠢᠯ ᠤᠷᠤᠡᠡᠰᠢᠳᠠᠢ ᠶᠠᠪᠤᠡᠡᠳᠠᠵᠤ ᠪᠤᠢ᠃       ᠰᠢᠯᠤᠭᠤᠨ ᠬᠦᠭᠡ ᠬᠤᠰᠢᠭᠤᠨ ᠤ ᠨᠠᠷᠠᠳᠤ ᠰᠤᠮᠤᠨ ᠤ ᠭᠤᠭᠤᠰᠤᠳᠠᠢ ᠭᠠᠴᠠᠭᠠᠨ ᠤ ᠮᠠᠯᠴᠢᠨ ᠬᠠᠰᠪᠠᠭᠠᠳᠤᠷ  ᠤᠨ ᠬᠢ ᠤᠳᠤᠬᠠᠨ ᠪᠤᠯᠳᠠᠯ᠎ᠠ ᠬᠤᠷᠢᠭᠠᠳ ᠦᠨᠢᠶ᠎ᠡ ᠳᠤᠭᠤᠯᠯᠠᠵᠤ᠂ ᠤᠳᠤ ᠪᠠᠰᠠ ᠳᠦᠴᠢ ᠭᠠᠷᠤᠢ ᠦᠨᠢᠶ᠎ᠡ‌‍ᠲ᠋ᠤᠭᠤᠯᠯᠠᠬᠤ ᠪᠠᠷ ᠪᠠᠶᠢᠨ᠎ᠠ᠃ ᠤᠶᠢᠯᠠᠭᠠᠡᠡᠰᠡᠨ ᠢᠶᠠᠷ᠂ ᠮᠠᠯᠴᠢᠨ ᠬᠠᠰᠪᠠᠭᠠᠳᠤᠷ ᠤᠨ ᠬᠢ ᠡᠷᠳᠡ ᠶᠢᠨ ᠳᠦᠯ ᠳᠤᠰᠤᠭᠠᠳ ᠳᠦᠷᠪᠡᠨ ᠵᠢᠯ ᠤᠨ ᠨᠢᠭᠤᠷ ᠦᠵᠡᠵᠤ ᠪᠤᠢ᠃ ᠡᠷᠳᠡ ᠶᠢᠨ ᠳᠦᠯ ᠳᠤᠰᠬᠤ ᠨᠢ ᠪᠡᠯᠴᠢᠭᠡᠷ ᠤᠰᠤᠨ  ᠳᠠᠭᠠᠨ ᠭᠠᠮᠳᠠᠢ ᠪᠠᠶᠢᠳᠠᠭ ᠮᠦᠷᠳᠡᠭᠡᠨ ᠮᠠᠯ ᠤᠨ ᠭᠠᠷᠭᠠᠯᠳᠠ ᠶᠢᠨ ᠦᠶ᠎ᠡ ᠳᠤ ᠬᠠᠷᠢᠴᠠᠩᠭᠤᠢ ᠦᠨᠳᠤᠷ ᠠᠰᠢᠭ ᠤᠷᠤᠯᠭ᠎ᠠ ᠤᠯᠳᠠᠭ ᠭᠡᠵᠤ ᠬᠠᠰᠪᠠᠭᠠᠳᠤᠷ ᠶᠠᠷᠢᠨ᠎ᠠ᠃ ᠤᠶᠢᠷ᠎ᠠ ᠶᠢᠨ ᠵᠢᠯ ᠮᠠᠯᠵᠢᠬᠤ ᠤᠷᠤᠨ ᠤ ᠭᠠᠨᠭ᠌ ᠤᠨ ᠪᠠᠶᠢᠳᠠᠯ  ᠳᠤ ᠴᠢᠭᠯᠡᠬᠦᠯᠤᠨ᠂ ᠬᠠᠰᠪᠠᠭᠠᠳᠤᠷ ᠮᠠᠯ ᠠᠵᠤ ᠠᠬᠤᠢ ᠶᠢᠨ ᠤᠷᠤᠯᠭ᠎ᠠ ᠪᠠᠨ ᠨᠡᠮᠡᠭᠳᠡᠬᠦᠯᠬᠦ ᠶᠢᠨ ᠳᠦᠯᠤᠭᠡ᠂ ᠮᠠᠯᠵᠢᠯ  ᠤᠨ ᠠᠷᠭ᠎ᠠ ᠬᠡᠯᠪᠡᠷᠢ ᠪᠠᠨ ᠢᠳᠡᠪᠬᠢᠳᠠᠢ ᠬᠤᠪᠢᠷᠠᠭᠤᠯᠵᠤ᠂ ᠡᠷᠳᠡ ᠳᠦᠯ ᠳᠤᠰᠴᠤ᠂ ᠡᠷᠳᠡ ᠭᠠᠷᠭᠠᠯᠳᠠ ᠬᠢᠬᠦ ᠵᠠᠮ  ᠢᠶᠠᠷ ᠵᠠᠮᠨᠠᠵᠠᠢ᠃     ᠠᠪᠠᠭ᠎ᠠ ᠬᠤᠰᠢᠭᠤᠨ ᠤ ᠴᠠᠭᠠᠡᠨᠠᠭᠤᠷ ᠪᠠᠯᠭᠠᠰᠤᠨ ᠤ ᠪᠠᠶᠠᠡᠨᠠᠭᠤᠷ ᠭᠠᠴᠠᠭᠠᠨ ᠤ ᠮᠠᠯᠴᠢᠨ ᠪᠦᠭᠡᠴᠢᠯᠠᠭᠤ ᠶᠢᠨ  ᠬᠢ ᠰᠢᠨ᠎ᠡ ᠵᠢᠯ ᠢᠶᠠᠨ ᠦᠨᠢᠶ᠎ᠡ ᠳᠤᠭᠤᠯ ᠤᠨ ᠮᠦᠭᠡᠷᠤᠯᠳᠤᠭᠡᠨ ᠲᠠᠢ ᠤᠡᠡᠳᠤᠵᠤ᠂ ᠤᠳᠤᠬᠠᠨ ᠪᠤᠯᠳᠠᠯ᠎ᠠ ᠠᠷᠪᠠᠭᠠᠳ ᠳᠤᠭᠤᠯ ᠳᠤᠰᠴᠢᠬᠠᠡᠡᠰᠡᠨ ᠳᠦᠯᠵᠢᠬᠦ ᠮᠠᠯ ᠤᠨ ᠭᠡᠰᠢᠭ ᠲᠠᠢ ᠶᠠᠭᠠᠷᠠᠯᠳᠤᠵᠤ ᠪᠠᠶᠢᠨ᠎ᠠ᠃ ᠡᠳᠡᠨᠡᠶᠢᠬᠢᠨ ᠨᠢᠳᠤᠨᠤᠨ ᠦᠪᠡᠷ ᠤᠨ ᠬᠠᠳᠤᠯᠠᠩ ᠠᠴᠠ ᠪᠠᠨ 2500 ᠰᠢᠬᠠᠮ ᠪᠤᠭᠤᠯᠳᠠ ᠡᠪᠡᠰᠤ ᠤᠷᠤᠭᠤᠯᠵᠤ᠂ ᠭᠠᠳᠠᠨ᠎ᠠ ᠠᠴᠠ1000 ᠭᠠᠷᠤᠢ ᠪᠤᠭᠤᠯᠳᠠ ᠡᠪᠡᠰᠤ ᠨᠦᠭᠡᠴᠡᠯᠡᠵᠤ ᠠᠪᠤᠡᠡᠰᠡᠨ ᠰᠠᠭᠤᠷᠢᠨ ᠳᠡᠭᠡᠷ᠎ᠡ 2 ᠳᠦᠮᠡᠨ ᠺᠢᠯᠦᠭᠷᠠᠮ ᠮᠦᠬᠦᠯᠢᠭᠳᠦ ᠪᠤᠷᠳᠤᠭ᠎ᠠ ᠤᠷᠤᠭᠤᠯᠵᠤ᠂ ᠡᠪᠤᠯ ᠬᠠᠪᠤᠷ ᠤᠨ ᠪᠡᠯᠡᠳᠭᠡᠯ ᠢᠶᠠᠨ ᠬᠦᠢᠴᠡᠳ ᠬᠢᠭᠰᠡᠨ ᠢᠶᠠᠷ ᠳᠦᠯ ᠮᠠᠯ ᠢᠶᠠᠨ ᠮᠡᠨᠳᠤ ᠪᠤᠶᠢᠵᠢᠭᠤᠯᠵᠤ ᠪᠤᠢ᠃     ᠤᠳᠤ ᠪᠤᠯ ᠶᠠᠭ ᠬᠠᠪᠤᠷ ᠤᠨ ᠳᠦᠯ ᠳᠤᠰᠴᠤ ᠪᠤᠶᠢᠵᠢᠭᠤᠯᠬᠤ ᠵᠠᠩᠬᠢᠯᠠᠭ᠎ᠠ ᠶᠢᠨ ᠴᠠᠭ ᠬᠤᠭᠤᠴᠠᠭ᠎ᠠ ᠪᠤᠯᠤᠨ᠎ᠠ᠃ ᠠᠶᠢᠮᠠᠭ ᠤᠨ ᠮᠠᠯ ᠲᠠᠷᠢᠶᠠᠯᠠᠩ ᠤᠨ ᠳᠤᠪᠴᠢᠶ᠎ᠠ ᠨᠢ ᠬᠠᠪᠤᠷ ᠤᠨ ᠤᠯᠠᠷᠢᠯ ᠤᠨ ᠳᠦᠯ ᠳᠤᠰᠴᠤ ᠪᠤᠶᠢᠵᠢᠭᠤᠯᠬᠤ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠡᠭᠡ ᠮᠠᠯ ᠤᠨ ᠳᠦᠯᠯᠡᠬᠦ᠂ ᠳᠦᠯ ᠮᠠᠯ ᠢ ᠮᠡᠨᠳᠤ ᠪᠤᠶᠢᠵᠢᠭᠤᠯᠬᠤ᠂ ᠡᠨᠡ ᠵᠢᠯ ᠤᠨ ᠳᠦᠯ ᠳᠤᠰᠴᠤ ᠪᠤᠶᠢᠵᠢᠭᠤᠯᠬᠤ ᠠᠵᠢᠯ ᠤᠨ ᠡᠬᠦᠷᠭᠡ ᠶᠢ ᠠᠮᠵᠢᠯᠳᠠ ᠲᠠᠢ ᠪᠠᠶᠡᠯᠡᠬᠦᠯᠬᠦ ᠳᠤ ᠪᠠᠳᠤᠯᠠᠭ᠎ᠠ ᠬᠠᠩᠭᠠᠬᠤ ᠶᠢᠨ ᠳᠤᠰᠠᠳᠠ᠂ ᠨᠢᠳᠤᠨᠤᠨ ᠨᠠᠮᠤᠷ ᠠᠴᠠ ᠡᠬᠢᠯᠡᠨ ᠮᠠᠯᠴᠢᠨ ᠳᠦᠮᠡᠨ ᠢ ᠵᠤᠬᠢᠶᠠᠨ ᠪᠠᠶᠢᠭᠤᠯᠤᠨ ᠡᠪᠡᠰᠤ ᠪᠤᠷᠳᠤᠭ᠎ᠠ ᠨᠦᠭᠡᠴᠡᠯᠡᠬᠦ ᠠᠵᠢᠯ ᠢ ᠬᠢᠵᠤ᠂ ᠮᠠᠯᠴᠢᠳ ᠢ ᠵᠢᠯᠤᠭᠤᠳᠤᠨ ᠰᠠᠭᠤᠷᠢ ᠪᠦᠳᠤᠭᠡᠨ ᠪᠠᠶᠢᠭᠤᠯᠤᠯᠳᠠ ᠶᠢ ᠴᠢᠩᠭᠠᠳᠬᠠᠨ᠂ ᠬᠠᠰᠢᠶᠠᠯᠠᠨ ᠮᠠᠯᠵᠢᠬᠤ᠂ ᠳᠤᠯᠠᠭᠠᠨ ᠫᠸᠡᠭ ᠳᠤ ᠨᠠᠷᠢᠯᠢᠭ ᠠᠷᠠᠴᠢᠯᠠᠨ ᠳᠡᠵᠢᠭᠡᠬᠦ ᠵᠡᠷᠭᠡ ᠠᠷᠭ᠎ᠠ ᠪᠠᠷ ᠮᠠᠯ ᠤᠨᠤᠭᠠᠨ ᠤ ᠠᠷᠠᠴᠢᠯᠠᠨ ᠳᠡᠵᠢᠭᠡᠬᠦ ᠨᠦᠬᠦᠴᠡᠯ ᠢ ᠰᠠᠶᠢᠵᠢᠷᠠᠭᠤᠯᠤᠡᠡᠰᠡᠨ ᠪᠠᠶᠢᠨ᠎ᠠ᠃ ᠤᠶᠢᠯᠠᠭᠠᠡᠡᠰᠡᠨ ᠢᠶᠠᠷ᠂ ᠤᠳᠤᠬᠠᠨ ᠪᠤᠯᠳᠠᠯ᠎ᠠ ᠪᠦᠬᠦ ᠠᠶᠢᠮᠠᠭ ᠢᠶᠠᠷ ᠢᠶᠠᠨ ᠨᠡᠶᠢᠳᠡ 782407 ᠳᠦᠯ ᠳᠤᠰᠴᠤ᠂ ᠡᠬᠦᠨ ᠳᠤ ᠪᠤᠳᠠ ᠮᠠᠯ ᠤᠨ ᠳᠦᠯ 43995᠂ ᠪᠤᠭ ᠮᠠᠯ ᠤᠨ ᠳᠦᠯ 738412 ᠳᠤᠰᠪᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号