ᠬᠠᠤᠯᠢ ᠴᠠᠭᠠᠵᠠ ᠶᠢᠨ ᠦᠢᠯᠡᠴᠢᠯᠡᠭᠡ ᠠᠷᠠᠳ ᠤᠯᠠᠨ ᠤ ᠳᠦᠰᠢᠭ
ᠨᠡᠶᠢᠲᠡᠯᠡᠭᠰᠡᠨ ᠴᠠᠭ᠄
2017/2/13
    ︽12348 ᠬᠠᠤᠯᠢ ᠴᠠᠭᠠᠵᠠ ᠶᠢᠨ ᠦᠢᠯᠡᠴᠢᠯᠡᠬᠡᠨ ᠤ ᠲᠤᠰᠬᠠᠢ ᠤᠳᠠᠰᠤ ᠮᠠᠠ ᠤ ᠮᠠᠯᠴᠢᠡ ᠲᠦᠮᠡᠡ ᠳᠤ ᠮᠠᠰᠢ ᠲᠤᠰᠠ ᠪᠤᠯᠵᠤ ᠪᠠᠶᠢᠨ᠎ᠡ᠂ ᠢᠯᠡᠩᠭᠤᠶ᠎ᠡ ᠮᠤᠩᠭᠤᠯ ᠭᠡᠯᠡᠡ ᠤ ᠦᠢᠯᠡᠴᠢᠯᠡᠭᠡ ᠨᠢ ᠮᠠᠠ ᠤ ᠭᠦᠳᠡᠭᠡ ᠶᠢᠨ ᠮᠠᠯᠴᠢᠤᠨ ᠲᠤ ᠶᠡᠭᠡ ᠲᠦᠬᠦᠮ ᠪᠤᠯᠤᠭᠰᠠᠨ ᠰᠢᠤ︾ ᠬᠡᠵᠦ ᠮᠠᠯᠴᠢᠨ ᠬᠦᠷᠡᠯᠪᠠᠭᠠᠳᠤᠷ ᠶᠠᠷᠢᠨ᠎ᠠ᠃       ᠬᠦᠷᠡᠯᠪᠠᠭᠠᠳᠤᠷ ᠪᠤᠯ ᠠᠪᠠᠭ᠎ᠠ ᠬᠤᠰᠢᠭᠤᠨ ᠤ ᠬᠤᠨᠭ᠍ᠭᠤᠷᠭᠤᠤᠯ ᠪᠠᠯᠭᠠᠰᠤᠨ ᠤ ᠰᠠᠷᠠᠭᠤᠯᠳᠠᠯ᠎ᠠ ᠭᠠᠴᠠᠭᠠᠨ ᠤ ᠮᠠᠯᠴᠢᠨ ᠶᠤᠮ᠃ ᠲᠡᠬᠦᠨ ᠤ ᠬᠦᠦ ᠨᠢ ᠵᠡᠬᠡᠯᠢ ᠲᠡᠬᠡᠷ᠎ᠡ ᠶᠠᠪᠤᠵᠤ ᠪᠠᠶᠢᠭᠠᠳ ᠲᠦᠷᠢᠶᠡᠰᠦᠨ ᠮᠠᠰᠢᠨ ᠲᠡᠷᠬᠡᠨ ᠳᠤ ᠮᠦᠷᠬᠦᠭᠳᠡᠵᠦ᠂ ᠭᠠᠷ ᠤᠨ ᠪᠠᠭᠤᠤ ᠪᠠᠨ ᠬᠡᠮᠳᠦᠬᠡᠭᠰᠡᠨ ᠠᠴᠠ ᠬᠦᠷᠡᠯᠪᠠᠭᠠᠳᠤᠷ ᠲᠦᠷᠢᠶᠡᠰᠦᠨ ᠮᠠᠰᠢᠨ ᠲᠡᠷᠬᠡᠨ ᠤ ᠵᠢᠯᠤᠭᠤᠴᠢ ᠶᠢ ᠡᠷᠢᠵᠦ ᠲᠦᠯᠦᠪᠦᠷᠢ ᠠᠪᠬᠤ ᠬᠡᠰᠡᠨ ᠳᠤ ᠲᠡᠷᠡᠬᠦ ᠵᠢᠯᠤᠭᠤᠴᠢ ᠬᠠᠷᠢᠨ ᠲᠠᠭᠠᠳᠬᠠᠯ ᠤᠨ ᠺᠤᠮᠫᠠᠨᠢ ᠳᠤ ᠲᠦᠯᠬᠢᠬᠡᠳ ᠲᠡᠳᠡᠨ ᠳᠤ ᠲᠦᠯᠦᠪᠦᠷᠢ ᠮᠦᠡᠭᠬᠦ ᠬᠡᠵᠦ ᠦᠭᠭᠦᠭᠰᠡᠨ ᠦᠬᠡᠢ ᠲᠤᠯᠠ ᠲᠡᠷᠡ ᠠᠷᠭ᠎ᠠ ᠪᠤᠰᠤ ᠦᠪᠡᠷ ᠢᠶᠠᠨ ᠵᠤᠭᠤᠰ ᠭᠠᠷᠭᠠᠨ ᠦᠵᠡᠬᠦᠯᠦᠭᠰᠡᠨ ᠪᠠᠶᠢᠯ᠎ᠠ᠃ ᠲᠡᠷᠡ ᠬᠠᠮᠢᠶ᠎ᠠ ᠪᠦᠬᠦᠢ ᠬᠠᠤᠯᠢ ᠴᠠᠭᠠᠵᠠ ᠶᠢᠨ ᠪᠠᠶᠢᠭᠤᠯᠭ᠎ᠠ ᠶᠢ ᠡᠷᠢᠵᠦ ᠵᠦᠪᠯᠡᠯᠬᠡ ᠠᠪᠬᠤ ᠬᠡᠰᠡᠨ ᠪᠤᠯᠪᠠᠴᠤ ᠶᠠᠭ ᠬᠠᠮᠢᠭ᠎ᠠ ᠨᠢ ᠤᠴᠢᠵᠤ᠂ ᠬᠡᠨ ᠢ ᠡᠷᠢᠬᠦ ᠪᠠᠨ ᠮᠡᠳᠡᠬᠦ ᠦᠬᠡᠢ ᠭᠠᠴᠢᠭᠳᠠᠵᠤ ᠪᠠᠶᠢᠯ᠎ᠠ᠃ ᠨᠠᠶᠢᠵᠠ ᠶᠢᠨ ᠢᠶᠠᠨ ᠰᠠᠨᠠᠭᠤᠯᠭ᠎ᠠ ᠪᠠᠷ ᠲᠡᠷᠡ 12348 ᠲᠤᠰᠬᠠᠢ ᠤᠳᠠᠰᠤᠨ ᠳᠤ ᠤᠳᠠᠰᠤ ᠠᠪᠴᠤ ᠵᠦᠪᠯᠡᠯᠬᠡ ᠠᠪᠤᠭᠰᠠᠨ ᠢᠶᠠᠷ ᠤᠯᠬᠤ ᠶᠤᠰᠤᠳᠠᠢ ᠲᠦᠯᠦᠪᠦᠷᠢ ᠮᠦᠡᠭᠬᠦ ᠪᠠᠨ ᠤᠯᠵᠤ ᠠᠪᠤᠭᠰᠠᠨ ᠪᠠᠶᠢᠵᠠᠢ᠃     2015 ᠤᠨ ᠤ 1 ᠰᠠᠷ᠎ᠠ ᠶᠢᠨ 15 ᠤ ᠡᠳᠦᠷ᠂ ᠮᠠᠨ ᠤ ᠠᠶᠢᠮᠠᠭ ᠤᠨ 12348 ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠠᠪᠴᠠᠩ ᠠᠰᠢᠭᠯᠠᠯᠳᠠ ᠳᠤ ᠤᠷᠤᠵᠤ᠂ ᠪᠦᠬᠦ ᠤᠷᠤᠨ ᠤ ᠠᠩᠬᠠᠳᠠᠭᠴᠢ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠠᠪᠴᠠᠩ ᠪᠤᠯᠵᠠᠢ᠃ ᠲᠤᠰ ᠲᠠᠪᠴᠠᠩ ᠪᠤᠯ ᠬᠠᠤᠯᠢ ᠴᠠᠭᠠᠵᠠ ᠶᠢᠨ ᠠᠰᠠᠭᠤᠨ ᠯᠠᠪᠯᠠᠯᠳᠠ ᠬᠠᠨᠭ᠍ᠭᠠᠬᠤ᠂ ᠬᠠᠤᠯᠢ ᠶᠢᠨ ᠲᠤᠰᠠᠯᠠᠮᠵᠢ ᠦᠵᠡᠬᠦᠯᠬᠦ ᠪᠠᠷ ᠭᠤᠤᠯ ᠪᠤᠯᠭᠠᠭᠰᠠᠨ ᠮᠠᠨ ᠤ ᠤᠯᠤᠰ ᠤᠨ ᠠᠩᠬᠠᠳᠠᠭᠴᠢ ᠮᠤᠩᠭᠤᠯ ᠬᠢᠳᠠᠳ ᠬᠤᠶᠠᠷ ᠬᠡᠯᠡᠨ ᠤ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠠᠪᠴᠠᠩ ᠪᠤᠯᠤᠨ᠎ᠠ᠃ ᠲᠤᠰ ᠲᠠᠪᠴᠠᠩ ᠢ ᠠᠶᠢᠮᠠᠭ ᠤᠨ ᠬᠠᠤᠯᠢ ᠴᠠᠭᠠᠵᠠ ᠶᠢᠨ ᠲᠤᠪᠴᠢᠶ᠎ᠠ ᠠᠴᠠ ᠡᠷᠬᠢᠯᠡᠵᠦ᠂ ᠲᠤᠰᠬᠠᠢ ᠤᠳᠠᠰᠤ᠂ ᠰᠦᠯᠵᠢᠶ᠎ᠡ᠂ ᠰᠢᠨ᠎ᠠ ᠵᠠᠭᠤᠴᠢᠯᠠᠭᠤᠷ᠂ ᠬᠠᠤᠯᠢ ᠶᠢᠨ ᠶᠠᠪᠤᠳᠠᠯ ᠤᠨ ᠲᠦᠪ ᠵᠡᠷᠬᠡ ︽ᠲᠦᠷᠪᠡ ᠶᠢ ᠨᠢᠬᠡ ᠴᠤᠭᠴᠠᠵᠢᠭᠤᠯᠵᠤ︾᠂ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠬᠦ᠂ ᠬᠠᠤᠯᠢᠴᠢ ᠶᠢᠨ ᠦᠢᠯᠡᠴᠢᠯᠡᠭᠡ ᠬᠠᠨᠭ᠍ᠭᠠᠬᠤ᠂ ᠵᠦᠷᠢᠴᠡᠯ ᠵᠢᠭᠤᠷᠠᠭᠠᠨ ᠢ ᠡᠶᠡᠳᠡᠬᠦᠯᠦᠨ ᠵᠤᠬᠢᠴᠠᠭᠤᠯᠬᠤ᠂ ᠠᠯᠪᠠᠨ ᠬᠡᠷᠡᠴᠢᠯᠡᠭᠡ ᠬᠢᠬᠦ ᠵᠡᠷᠬᠡ ᠨᠢᠬᠡ ᠦᠷᠳᠡᠬᠡᠴᠢᠯᠡᠭᠰᠡᠨ ᠦᠢᠯᠡᠴᠢᠯᠡᠭᠡ ᠬᠠᠨᠭ᠍ᠭᠠᠵᠤ ᠪᠠᠶᠢᠳᠠᠭ᠃       ᠮᠠᠠ ᠤ ᠠᠶᠢᠮᠠᠭ ᠨᠤᠳᠤᠭ ᠲᠠᠪᠢᠰᠭᠡᠷ ᠦᠷᠭᠡᠡ ᠠᠭᠤᠳᠠᠮ᠂ ᠮᠠᠯᠵᠢᠬᠤ ᠤᠷᠤᠨ ᠤ ᠰᠠᠭᠤᠷᠢᠰᠢᠯ ᠲᠠᠷᠠᠬᠠᠢ ᠪᠤᠳᠠᠷᠬᠠᠢ ᠪᠠᠶᠢᠳᠠᠭ ᠪᠤᠯᠬᠤᠷ ᠬᠠᠤᠯᠢ ᠶᠢᠨ ᠦᠢᠯᠡᠴᠢᠯᠡᠭᠡ ᠦᠷᠨᠢᠭᠦᠯᠭᠦ ᠳᠤ ᠲᠦᠭᠦᠮ ᠦᠭᠡᠢ ᠪᠠᠶᠢᠳᠠᠭ ᠵᠡᠷᠭᠡ ᠪᠠᠶᠢᠳᠠᠯ ᠨᠢ ᠮᠠᠨ ᠤ ᠠᠶᠢᠮᠠᠭ ᠤᠨ ᠬᠠᠤᠯᠢ ᠶᠢᠨ ᠦᠢᠯᠡᠴᠢᠯᠡᠭᠡ ᠶᠢᠨ ᠠᠵᠢᠯ ᠳᠤ ᠲᠤᠯᠭᠠᠷᠠᠵᠤ ᠪᠠᠶᠢᠬᠤ ᠪᠤᠳᠠᠳᠤ ᠠᠰᠠᠭᠤᠳᠠᠯ ᠪᠤᠯᠪᠡ᠃ ᠡᠶᠢᠨᠬᠦ ᠮᠠᠨ ᠤ ᠠᠶᠢᠮᠠᠭ ᠤᠨ ᠬᠠᠤᠯᠢ ᠴᠠᠭᠠᠵᠠ ᠶᠢᠨ ᠲᠤᠪᠴᠢᠶ᠎ᠠ ᠨᠢ ᠬᠠᠤᠯᠢ ᠴᠠᠭᠠᠵᠠ ᠶᠢᠨ ᠦᠢᠯᠡᠴᠢᠯᠡᠬᠡᠨ ᠤ ᠠᠵᠢᠯ ᠤᠨ ᠲᠠᠯ᠎ᠠ ᠪᠠᠷ ᠵᠤᠷᠢᠭᠳᠠᠢ ᠪᠠᠷ ᠦᠬᠡᠷᠡᠴᠢᠯᠡᠯᠳᠡ ᠬᠢᠵᠦ᠂ ︽ᠢᠨᠲ᠋ᠧᠷ ᠰᠦᠯᠵᠢᠶ᠎ᠡ +︾  ᠤᠨ ᠤᠬᠠᠬᠳᠠᠬᠤᠠ ᠪᠠ ᠮᠡᠷᠬᠡᠵᠢᠯ ᠢ ᠰᠢᠨ᠎ᠡ ᠪᠠᠷ ᠨᠡᠬᠡᠬᠡᠨ ᠠᠰᠢᠭᠯᠠᠵᠤ᠂ 12348 ᠬᠠᠤᠯᠢ ᠴᠠᠭᠠᠵᠠ ᠶᠢᠨ ᠦᠢᠯᠡᠴᠢᠯᠡᠬᠡᠨ ᠤ ᠰᠢᠰᠲᠧᠮ ᠢᠶᠠᠷ ᠠᠴᠢᠶᠠᠯᠠᠪᠤᠷᠢ ᠪᠤᠯᠭᠠᠨ᠂ ᠤᠯᠠᠠ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠨᠡᠶᠢᠳᠡᠮ ᠪᠦᠷᠬᠦᠬᠦᠯᠵᠦ᠂ ᠤᠷᠤᠨ ᠵᠠᠢ ᠪᠠ ᠴᠠᠭ ᠬᠤᠭᠤᠴᠠᠭ᠎ᠠ ᠶᠢᠨ ᠬᠦᠯᠢᠶᠡᠰᠦᠯᠡᠯ ᠢ ᠡᠪᠳᠡᠵᠦ᠂ ᠤᠯᠠᠨ ᠲᠦᠮᠡᠨ ᠲᠠᠢ ᠨᠡᠩ ᠤᠢᠢᠷ᠎ᠠ ᠵᠠᠢ ᠠᠴᠠ ᠬᠠᠷᠢᠯᠴᠠᠬᠤ ᠪᠤᠯᠤᠭᠰᠠᠨ ᠪᠠᠶᠢᠨ᠎ᠠ᠃       ︽ᠮᠠᠨ ᠤ ᠲᠠᠪᠴᠠᠩ ᠠᠰᠢᠭᠯᠠᠯᠳᠠ ᠳᠤ ᠤᠷᠤᠭᠠᠳ ᠬᠤᠶᠠᠷ ᠵᠢᠯ ᠤᠨ ᠨᠢᠭᠤᠷ ᠦᠵᠡᠵᠦ ᠪᠠᠶᠢᠨ᠎ᠠ᠂ ᠲᠡᠬᠡᠷ᠎ᠡ ᠱᠠᠳᠤᠨ ᠤ ᠤᠳᠤᠷᠢᠳᠤᠯᠭ᠎ᠠ ᠶᠢᠨ ᠬᠠᠯᠠᠮᠵᠢᠯᠠᠯ ᠲᠡᠮᠵᠢᠯᠬᠡ ᠵᠢᠴᠢ ᠮᠠᠨ ᠤ ᠬᠠᠮᠳᠤ ᠤᠯᠠᠨ ᠤ ᠴᠢᠷᠮᠠᠶᠢᠯᠭ᠎ᠠ ᠪᠠᠷ ᠡᠯ᠎ᠠ ᠲᠠᠯ᠎ᠠ ᠶᠢᠨ ᠠᠵᠢᠯ ᠮᠠᠰᠢ ᠤᠷᠤᠭᠰᠢᠳᠠᠢ ᠶᠠᠪᠤᠭᠳᠠᠵᠤ᠂ ᠬᠤᠳᠠ ᠬᠦᠳᠡᠭᠡ ᠶᠢᠨ ᠠᠷᠠᠳ ᠲᠤ ᠦᠷᠬᠡᠨ ᠢᠶᠠᠷ ᠮᠡᠳᠡᠷᠡᠭᠳᠡᠵᠦ ᠪᠠᠶᠢᠨ᠎ᠠ︾ ᠬᠡᠵᠦ ᠠᠶᠢᠮᠠᠭ ᠤᠨ ᠬᠠᠤᠯᠢ ᠴᠠᠭᠠᠵᠠ ᠶᠢᠨ ᠲᠤᠪᠴᠢᠶ᠎ᠠ ᠶᠢᠨ ᠤᠯᠠᠨ ᠨᠡᠶᠢᠳᠡ ᠵᠢᠨᠬᠠᠤᠯᠢ ᠴᠠᠭᠠᠵᠠ ᠶᠢᠨ ᠦᠢᠯᠡᠴᠢᠯᠡᠬᠡᠨ ᠤ ᠮᠡᠳᠡᠭᠡ ᠵᠠᠩᠬᠢᠵᠢᠯᠳᠠ ᠶᠢᠨ ᠰᠠᠯᠠᠭ᠎ᠠ ᠶᠢᠨ ᠡᠷᠬᠢᠯᠡᠭᠴᠢ ᠭᠤᠤ ᠶᠦᠨ ᠹᠧᠩ ᠲᠠᠨᠢᠯᠴᠠᠭᠤᠯᠤᠨ᠎ᠠ᠃       ᠬᠠᠤᠯᠢ ᠴᠠᠭᠠᠵᠠ ᠶᠢᠨ ᠲᠤᠰᠬᠠᠢ ᠤᠳᠠᠰᠤ — ᠬᠦᠮᠦᠨ ᠠᠷᠠᠳ ᠤᠨ ᠦᠨᠡᠨᠴᠢᠬᠡᠨ ᠲᠦᠰᠢᠭ       ᠰᠤᠷᠪᠤᠯᠵᠢᠯᠠᠬᠴᠢ ᠠᠶᠢᠮᠠᠭ ᠤᠨ ᠬᠠᠤᠯᠢ ᠴᠠᠭᠠᠵᠠ ᠶᠢᠨ ᠲᠤᠪᠴᠢᠶ᠎ᠠ ᠶᠢᠨ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠦᠪ ᠲᠤ ᠭᠦᠷᠭᠦ ᠳᠤ ᠲᠡᠨᠳᠡᠬᠢ ᠠᠵᠢᠯᠳᠠᠤᠨ ᠮᠠᠰᠢ ᠶᠠᠭᠠᠷᠠᠯᠳᠠᠢ ᠠᠵᠢᠯᠯᠠᠵᠤ᠂ ᠤᠳᠠᠰᠤ ᠢᠷᠡᠭᠦᠯᠦᠭᠰᠡᠤᠨ ᠲᠤ ᠨᠠᠷᠢᠨ ᠬᠢᠨᠠᠮᠠᠭᠠᠢ ᠪᠠᠷ ᠵᠦᠪᠯᠡᠯᠭᠡ ᠦᠭᠭᠦᠨ᠎ᠡ᠃       12348 ᠬᠠᠤᠯᠢ ᠴᠠᠭᠠᠵᠠ ᠶᠢᠨ ᠲᠤᠰᠬᠠᠢ ᠤᠳᠠᠰᠤᠨ ᠤ ᠲᠦᠪ ᠲᠤ ᠨᠡᠶᠢᠳᠡ 6 ᠬᠠᠤᠯᠢ ᠶᠢᠨ ᠠᠵᠢᠯᠳᠠᠨ ᠲᠠᠢ ᠪᠠᠶᠢᠵᠤ᠂ ᠡᠬᠦᠨ ᠳᠤ 4 ᠬᠠᠤᠯᠢᠴᠢ᠂ 1 ᠪᠠᠶᠢᠴᠠᠭᠠᠭᠴᠢ᠂ 1 ᠰᠢᠬᠦᠭᠴᠢ ᠠᠵᠢᠯᠯᠠᠵᠤ᠂ ᠤᠳᠠᠰᠤ ᠢᠷᠡᠬᠦᠯᠦᠭᠰᠡᠳ ᠲᠤ ᠬᠠᠤᠯᠢ ᠴᠠᠭᠠᠵᠠ ᠶᠢᠨ ᠵᠦᠪᠯᠡᠯᠬᠡ ᠦᠭᠴᠦ ᠪᠠᠶᠢᠳᠠᠭ᠃ ᠲᠤᠩᠭᠠᠯᠠᠭ ᠪᠤᠯ ᠲᠤᠰ ᠲᠦᠪ ᠤᠨ ᠲᠤᠰᠬᠠᠢ ᠤᠳᠠᠰᠤᠨ ᠤ ᠬᠠᠤᠯᠢᠴᠢ ᠪᠤᠯᠤᠨ᠎ᠠ᠃ ᠲᠡᠷᠡ 2007 ᠤᠨ ᠳᠤ ᠦᠪᠦᠷ ᠮᠤᠩᠭᠤᠯ ᠤᠨ ᠴᠠᠭᠳᠠᠭᠠᠨ ᠤ ᠲᠡᠬᠡᠳᠦ ᠰᠤᠷᠭᠠᠭᠤᠯᠢ ᠠᠴᠠ ᠰᠤᠷᠤᠯᠭ᠎ᠠ ᠲᠡᠬᠦᠰᠦᠭᠰᠡᠨ ᠢᠶᠠᠨ ᠨᠢᠳᠤᠨᠤᠨ ᠵᠢᠯ ᠤᠨ 8 ᠰᠠᠷ᠎ᠠ ᠳᠤ 12348 ᠲᠤᠰᠬᠠᠢ ᠤᠳᠠᠰᠤᠨ ᠤ ᠲᠦᠪ ᠲᠤ ᠠᠵᠢᠯ ᠤᠨ ᠬᠤᠪᠢᠶᠠᠷᠢ ᠠᠪᠴᠤ᠂ ᠤᠳᠠᠰᠤ ᠪᠠᠷ ᠲᠠᠮᠵᠢᠨ ᠬᠦᠮᠦᠰ ᠲᠤ ᠬᠠᠤᠯᠢ ᠴᠠᠭᠠᠵᠠ ᠶᠢᠨ ᠵᠦᠪᠯᠡᠯᠬᠡ ᠦᠭᠬᠦ ᠪᠤᠯᠤᠭᠰᠠᠨ ᠪᠢᠯᠠ᠃ ︽ᠤᠳᠠᠰᠤᠨ ᠤ ᠨᠠᠭᠠᠨ᠎ᠠ ᠠᠴᠠ ᠲᠡᠳᠡᠬᠡᠷ ᠬᠠᠤᠯᠢ ᠶᠢᠨ ᠲᠤᠰᠠᠯᠠᠮᠵᠢ ᠬᠦᠰᠡᠭᠰᠡᠨ ᠬᠦᠮᠦᠰ ᠲᠤ ᠵᠦᠪᠯᠡᠮᠵᠢ ᠬᠠᠨᠭ᠍ᠭᠠᠵᠤ᠂ ᠬᠠᠤᠯᠢ ᠪᠠᠷ ᠦᠪᠡᠷ ᠤᠨ ᠡᠷᠬᠡ ᠠᠰᠢᠭ ᠢᠶᠠᠨ ᠬᠠᠮᠠᠭᠠᠯᠠᠬᠤ ᠳᠤ ᠨᠢ ᠲᠡᠮ ᠲᠤᠰᠠ ᠪᠤᠯᠳᠠᠭ ᠲᠤ ᠨᠢ ᠪᠢ ᠴᠦ ᠦᠪᠡᠷ ᠢᠶᠠᠨ ᠪᠠᠶᠠᠷᠯᠠᠵᠤ ᠶᠠᠪᠤᠳᠠᠭ᠂ ᠨᠢᠳᠤᠨᠤᠨ ᠵᠢᠯ ᠨᠢᠬᠡ ᠮᠤᠩᠭᠤᠯ ᠵᠠᠯᠠᠭᠤ ᠤᠳᠠᠰᠤ ᠢᠷᠡᠵᠦ᠂ ᠪᠤᠰᠤᠳ ᠲᠤ ᠵᠤᠭᠤᠰ ᠦᠷᠢᠳᠦᠭᠰᠡᠨ ᠠᠴᠠ ᠪᠤᠯᠵᠤ᠂ ᠵᠤᠭᠤᠰ ᠵᠢᠬᠡᠯᠡᠬᠦᠯᠦᠭᠰᠡᠨ ᠬᠦᠮᠦᠨ ᠨᠢ ᠲᠡᠬᠦᠨ ᠢ ᠬᠤᠶᠠᠷ ᠡᠳᠦᠷ ᠭᠠᠷᠭᠠᠬᠤ ᠦᠬᠡᠢ ᠬᠤᠷᠢᠵᠤ ᠰᠠᠬᠢᠨ ᠰᠠᠭᠤᠵᠤ᠂ ᠶᠠᠭᠠᠬᠢᠬᠤ ᠪᠠᠨ ᠮᠡᠳᠡᠬᠦ ᠦᠬᠡᠢ ᠪᠢᠳᠡᠨ ᠠᠴᠠ ᠵᠦᠪᠯᠡᠯᠬᠡ ᠠᠪᠬᠤᠯᠠᠷ ᠲᠠᠷᠦ᠋ᠢᠬᠠᠨ ᠴᠠᠭᠳᠠᠭ᠎ᠠ ᠳᠤ ᠮᠡᠳᠡᠬᠦᠯᠬᠦ ᠶᠢ ᠰᠠᠨᠠᠭᠤᠯᠤᠭᠰᠠᠨ ᠶᠤᠮ᠃ ᠤᠴᠢᠷ ᠨᠢ ᠵᠤᠭᠤᠰ ᠵᠢᠬᠡᠯᠡᠬᠦᠯᠦᠭᠴᠢ ᠶᠢᠨ ᠡᠨᠡᠬᠦ ᠠᠵᠢᠯᠯᠠᠭ᠎ᠠ ᠨᠢ ᠬᠦᠮᠦᠨ ᠤ ᠪᠡᠶ᠎ᠡ ᠶᠢᠨ ᠡᠷᠬᠡ ᠴᠢᠯᠦᠬᠡ ᠶᠢ ᠬᠢᠵᠠᠭᠠᠷᠯᠠᠭᠰᠠᠨ ᠪᠤᠯᠬᠤᠷ ᠨᠢᠬᠡᠨᠳᠡ ᠬᠠᠤᠯᠢ ᠵᠦᠷᠢᠴᠡᠵᠠᠢ︾ ᠬᠡᠵᠦ ᠲᠤᠩᠭᠠᠯᠠᠭ ᠠᠵᠢᠯ ᠤᠨ ᠲᠤᠮᠳᠠᠬᠢ ᠲᠤᠬᠢᠶᠠᠯᠳᠤᠯ ᠢᠶᠠᠨ ᠶᠠᠷᠢᠨ᠎ᠠ᠃       ᠤᠢᠢᠯᠠᠭᠠᠭᠰᠠᠨ ᠢᠶᠠᠷ᠂ ᠤᠯᠠᠨ ᠲᠦᠮᠡᠨ 12348 ᠳᠤ ᠤᠳᠠᠰᠤ ᠠᠪᠴᠤ ᠬᠠᠤᠯᠢ ᠶᠢᠨ ᠵᠦᠪᠯᠡᠯᠬᠡ ᠠᠪᠬᠤ ᠳᠤ ᠬᠦᠷᠪᠡᠯ ᠲᠤᠰᠬᠠᠢ ᠤᠳᠠᠰᠤᠨ ᠤ ᠠᠵᠢᠯᠳᠠᠨ ᠠᠴᠠ ᠲᠡᠷᠡ ᠲᠠᠷᠤᠢ ᠳᠤᠨᠢ ᠬᠠᠷᠢᠭᠤᠯᠳᠠ ᠦᠭᠴᠦ᠂ ᠬᠡᠷᠪᠡ ᠬᠠᠮᠢᠶ᠎ᠠ ᠲᠠᠢ ᠪᠠᠶᠢᠭᠤᠯᠭ᠎ᠠ ᠨᠢᠬᠡᠴᠡ ᠲᠠᠢ ᠬᠠᠷᠢᠴᠠᠵᠤ ᠪᠠᠶᠢᠳᠠᠯ ᠢ ᠲᠤᠰᠬᠠᠬᠤ ᠴᠢᠬᠤᠯᠠ ᠲᠠᠢ ᠪᠤᠯ ᠲᠡᠮᠳᠡᠭᠯᠡᠨ ᠲᠠᠩᠰᠠᠯᠠᠵᠤ᠂ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠤ ᠰᠡᠬᠦᠯᠡᠷ ᠬᠠᠮᠢᠶ᠎ᠠ ᠲᠠᠢ ᠪᠠᠶᠢᠭᠤᠯᠭ᠎ᠠ ᠨᠢᠬᠡᠴᠡ ᠲᠠᠢ ᠬᠠᠷᠢᠴᠠᠨ ᠪᠠᠶᠢᠳᠠᠯ ᠢ ᠲᠤᠰᠬᠠᠵᠤ ᠬᠠᠷᠭᠤᠭᠤᠯᠤᠨ ᠠᠬᠢᠨ ᠵᠦᠪᠯᠡᠯᠬᠡ ᠠᠪᠤᠭᠰᠠᠳ ᠲᠤ ᠬᠠᠷᠢᠭᠤ ᠦᠭᠳᠡᠭ ᠪᠠᠶᠢᠨ᠎ᠠ᠃ ᠬᠡᠷᠡᠭ ᠤᠨ ᠪᠠᠶᠢᠳᠠᠯ ᠨᠡᠯᠢᠶᠡᠳ ᠪᠤᠳᠤᠯᠢᠶᠠᠨᠳᠠᠢ ᠵᠠᠷᠢᠮ ᠨᠢᠬᠡ ᠶᠢ ᠨᠢ ᠤᠷᠢᠳᠴᠢᠯᠡᠨ ᠪᠤᠯᠵᠤᠵᠤ᠂ ᠲᠤᠰᠬᠠᠢ ᠡᠶᠡᠳᠡᠬᠦᠯᠬᠡ ᠶᠢᠨ ᠲᠠᠰᠤᠭ ᠲᠤ ᠪᠠᠨ ᠤᠷᠢᠵᠤ᠂ ᠨᠢᠭᠤᠷᠳᠠᠨ ᠵᠤᠯᠭᠠᠵᠤ ᠡᠶᠡᠳᠡᠬᠦᠯᠬᠡ ᠬᠢᠳᠡᠭ ᠪᠠᠶᠢᠨ᠎ᠠ᠃ ᠬᠠᠤᠯᠢᠴᠢ ᠲᠤᠩᠭᠠᠯᠠᠭ ᠤᠨ ᠲᠠᠨᠢᠯᠴᠠᠭᠤᠯᠬᠤ ᠪᠠᠷ᠂ ᠤᠳᠠᠰᠤ ᠪᠠᠷ ᠵᠦᠪᠯᠡᠯᠬᠡ ᠠᠪᠤᠭᠰᠠᠳ ᠤᠨ ᠭᠤᠤᠯᠳᠠᠭᠤ ᠨᠢ ᠤᠷᠤᠭ ᠬᠡᠷ ᠪᠦᠯᠢ ᠶᠢᠨ ᠵᠦᠷᠢᠴᠡᠯ᠂ ᠬᠡᠷ᠎ᠡ ᠶᠢᠨ ᠲᠦᠷᠦᠯ᠂ ᠨᠤᠳᠤᠭ ᠪᠡᠯᠴᠢᠬᠡᠷ᠂ ᠠᠵᠤ ᠠᠬᠤᠢ ᠶᠢᠨ ᠵᠢᠭᠤᠷᠠᠭᠠᠨ ᠵᠡᠷᠬᠡ ᠲᠠᠯ᠎ᠠ ᠶᠢᠨ ᠠᠭᠤᠯᠭ᠎ᠠ ᠳᠤ ᠲᠦᠪᠯᠡᠷᠡᠳᠡᠭ ᠬᠡᠯ᠎ᠡ᠃ ᠤᠳᠤᠬᠠᠨ ᠪᠤᠯᠳᠠᠯ᠎ᠠ᠂ 12348 ᠤᠳᠠᠰᠤ ᠪᠠᠷ ᠵᠦᠪᠯᠡᠯᠬᠡ ᠠᠪᠤᠭᠰᠠᠨ ᠬᠦᠮᠤᠨ ᠤ ᠲᠤᠭ᠎ᠠ 11787 ᠳᠤ ᠬᠦᠷᠴᠦ᠂ ᠡᠬᠦᠨ ᠳᠤ ᠮᠤᠩᠭᠤᠯ ᠢᠶᠠᠷ ᠵᠦᠪᠯᠡᠯᠬᠡ ᠠᠪᠤᠭᠰᠠᠳ 2430 ᠬᠦᠮᠦᠨ ᠤᠳᠠᠭ᠎ᠠ ᠳᠤ ᠬᠦᠷᠴᠠᠢ᠃       ︽ᠮᠠᠨ ᠤ ᠡᠨᠡ ᠲᠤᠰᠬᠠᠢ ᠤᠳᠠᠰᠤ ᠤᠤᠯ ᠨᠢ ᠲᠠᠩ ᠴᠤᠯᠭᠤᠢ ᠬᠠᠤᠯᠢ ᠶᠢᠨ ᠲᠤᠰᠠᠯᠠᠮᠵᠢ ᠦᠵᠡᠬᠦᠯᠬᠦ ᠴᠢᠳᠠᠪᠬᠢ ᠲᠠᠢ ᠪᠠᠶᠢᠭᠰᠠᠨ ᠶᠤᠮ᠂ ᠤᠳᠤ ᠦᠬᠡᠷᠡᠴᠢᠯᠡᠨ ᠲᠡᠰ ᠲᠡᠪᠰᠢᠬᠦᠯᠦᠬᠡᠳ ᠬᠠᠤᠯᠢ ᠴᠠᠭᠠᠵᠠ ᠶᠢᠨ ᠠᠰᠠᠭᠤᠨ ᠯᠠᠪᠯᠠᠯᠳᠠ ᠬᠠᠨᠭ᠍ᠭᠠᠬᠤ᠂ ᠬᠠᠤᠯᠢ ᠶᠢᠨ ᠲᠤᠰᠠᠯᠠᠮᠵᠢ ᠦᠵᠡᠬᠦᠯᠬᠦ᠂ ᠡᠶᠡᠳᠡᠬᠦᠯᠦᠨ ᠵᠤᠬᠢᠴᠠᠭᠤᠯᠬᠤ᠂ ᠬᠠᠤᠯᠢ ᠴᠠᠭᠠᠵᠠ ᠶᠢᠨ ᠤᠬᠠᠭᠤᠯᠭ᠎ᠠ ᠬᠦᠮᠦᠵᠢᠯ ᠬᠢᠬᠦ᠂ ᠶᠡᠷᠦᠩᠬᠡᠶᠢᠯᠡᠭᠰᠡᠨ ᠦᠢᠯᠡᠴᠢᠯᠡᠭᠡ᠂ ᠵᠠᠰᠠᠭ ᠤᠨ ᠶᠠᠪᠤᠳᠠᠯ ᠤᠨ ᠬᠢᠨᠠᠯᠳᠠ ᠲᠠᠯᠪᠢᠬᠤ ᠵᠡᠷᠬᠡ ᠬᠠᠤᠯᠢ ᠴᠠᠭᠠᠵᠠ᠂ ᠵᠠᠰᠠᠭ ᠤᠨ ᠶᠠᠪᠤᠳᠠᠯ᠂ ᠠᠷᠠᠳ ᠤᠨ ᠶᠠᠪᠤᠳᠠᠯ ᠤᠨ ᠲᠤᠰᠬᠠᠢ ᠤᠳᠠᠰᠤ ᠪᠤᠯᠤᠭᠰᠠᠨ ᠶᠤᠮ︾ ᠬᠡᠵᠦ ᠭᠤᠤ ᠶᠦᠨ ᠹᠧᠩ ᠲᠠᠨᠢᠯᠴᠠᠭᠤᠯᠤᠨ᠎ᠠ᠃       ᠰᠢᠨ᠎ᠠ ᠵᠠᠭᠤᠴᠢᠯᠠᠭᠤᠷ — ᠬᠠᠤᠯᠢ ᠶᠢᠨ ᠦᠷᠬᠡᠨ ᠲᠡᠯᠡᠬᠡᠰᠦ       ᠠᠶᠢᠮᠠᠭ ᠤᠨ ᠬᠠᠤᠯᠢ ᠴᠠᠭᠠᠵᠠ ᠶᠢᠨ ᠲᠤᠪᠴᠢᠶ᠎ᠠ ᠦᠷᠬᠡᠨ ᠤᠯᠠᠨ ᠲᠦᠮᠡᠨ ᠳᠤ ᠨᠡᠩ ᠲᠦᠬᠦᠮ ᠨᠠᠩ ᠰᠠᠶᠢᠡ ᠬᠠᠤᠯᠢ ᠶᠢᠨ ᠦᠢᠯᠡᠴᠢᠯᠡᠭᠡ ᠬᠠᠨᠭ᠍ᠭᠠᠬᠤ ᠶᠢᠨ ᠲᠤᠯᠠᠳᠠ ᠰᠢᠨ᠎ᠡ ᠵᠠᠭᠤᠴᠢᠯᠠᠭᠤᠷ ᠲᠠᠢ ᠤᠶᠠᠯᠳᠤᠭᠤᠯᠤᠠ ᠲᠤᠤᠷ ᠰᠦᠯᠵᠢᠶ᠎ᠠ ᠮᠡᠳᠡᠭᠡ ᠵᠠᠩᠬᠢ ᠶᠢᠨ ᠮᠡᠷᠬᠡᠵᠢᠯ ᠢ ᠠᠰᠢᠭᠯᠠᠨ 12348 ᠰᠦᠯᠵᠢᠶᠡᠨ ᠨᠢᠭᠤᠷ᠂ ᠮᠤᠩᠭᠤᠯ ᠬᠢᠳᠠᠳ ᠵᠢᠷᠬᠢᠶ᠎ᠠ ᠵᠡᠷᠬᠡ ᠶᠢ ᠨᠡᠬᠡᠬᠡᠨ ᠠᠰᠢᠭᠯᠠᠵᠤ᠂ ᠡᠯ᠎ᠡ ᠲᠦᠷᠦᠯ ᠤᠨ ᠬᠠᠤᠯᠢ ᠶᠢᠨ ᠦᠢᠯᠡᠴᠢᠯᠡᠭᠡ ᠬᠠᠨᠭ᠍ᠭᠠᠵᠤ ᠪᠠᠶᠢᠳᠠᠭ᠃ 12348 ᠰᠦᠯᠵᠢᠶᠡᠨ ᠨᠢᠭᠤᠷ ᠢ ᠲᠤᠪᠴᠢᠳᠠᠨ ᠨᠡᠬᠡᠬᠡᠬᠦ ᠳᠤ ᠬᠠᠤᠯᠢᠴᠢ ᠡᠷᠢᠬᠦ᠂ ᠠᠯᠪᠠᠨ ᠬᠡᠷᠡᠴᠢᠯᠡᠭᠡ ᠬᠢᠬᠦ᠂ ᠬᠠᠤᠯᠢ ᠶᠢᠨ ᠲᠤᠰᠠᠯᠠᠮᠵᠢ ᠭᠤᠶᠤᠴᠢᠯᠠᠬᠤ᠂ ᠡᠶᠡᠳᠡᠬᠦᠯᠬᠡ ᠬᠢᠬᠦ᠂ ᠬᠠᠤᠯᠢ ᠰᠤᠷᠬᠤ᠂ ᠬᠠᠤᠯᠢ ᠴᠠᠭᠠᠵᠠ ᠶᠢᠨ ᠰᠢᠯᠭᠠᠯᠳᠠ ᠳᠤ ᠤᠷᠤᠯᠴᠠᠬᠤ ᠵᠡᠷᠬᠡ ᠤᠯᠠᠨ ᠴᠢᠳᠠᠪᠬᠢ ᠬᠠᠷᠠᠭᠳᠠᠳᠠᠭ᠃ ᠵᠢᠱᠢᠶᠡᠯᠡᠬᠦ ᠳᠤ᠂ ᠬᠡᠷᠪᠡ ᠬᠠᠤᠯᠢᠴᠢ ᠲᠠᠢ ᠰᠢᠭᠤᠳ ᠬᠠᠷᠢᠯᠴᠠᠬᠤ ᠱᠠᠭᠠᠷᠳᠠᠯᠭ᠎ᠠ ᠲᠠᠢ ᠪᠤᠯ ᠲᠤᠰ ᠰᠦᠯᠵᠢᠶᠡᠨ ᠲᠠᠪᠴᠠᠩ ᠤᠨ ᠬᠠᠤᠯᠢᠴᠢ ᠡᠷᠢᠬᠦ ᠴᠢᠳᠠᠪᠬᠢ ᠶᠢ ᠲᠤᠪᠴᠢᠳᠠᠪᠠᠯ ᠮᠠᠨ ᠤ ᠠᠶᠢᠮᠠᠭ ᠤᠨ ᠬᠠᠤᠯᠢᠴᠢ ᠶᠢᠨ ᠭᠠᠵᠠᠷ ᠤᠨ ᠬᠠᠤᠯᠢᠴᠢ ᠨᠠᠷ ᠤᠨ ᠰᠡᠬᠦᠳᠡᠷ ᠵᠢᠷᠤᠭ᠂ ᠲᠤᠪᠴᠢ ᠨᠠᠮᠳᠠᠷ᠂ ᠭᠠᠷ ᠤᠳᠠᠰᠤᠨ ᠳ᠋ᠤᠭᠠᠷ ᠵᠡᠷᠬᠡ ᠨᠢ ᠬᠠᠮᠳᠤ ᠳᠤᠨᠢ ᠢᠯᠡᠷᠡᠵᠦ᠂ ᠮᠠᠰᠢ ᠲᠦᠬᠦᠮ ᠪᠠᠶᠢᠳᠠᠭ᠃       ᠲᠤᠰ ᠲᠤᠪᠴᠢᠶ᠎ᠠ ᠶᠢᠨ ᠡᠷᠬᠢᠯᠡᠨ ᠬᠢᠵᠦ ᠪᠠᠶᠢᠭ᠎ᠠ ᠵᠢᠷᠬᠢᠶ᠎ᠠ ᠨᠢ ᠴᠦ ᠬᠦᠮᠦᠰ ᠤᠨ ᠬᠦᠷᠢᠶᠡᠯᠡᠯ ᠢ ᠶᠡᠬᠡᠳᠡ ᠤᠯᠵᠤ᠂ ᠭᠠᠷ ᠤᠳᠠᠰᠤ ᠪᠠᠷ ᠲᠠᠮᠵᠢᠨ ᠬᠠᠤᠯᠢ ᠶᠢᠨ ᠦᠢᠯᠡᠴᠢᠯᠡᠭᠡ ᠶᠢ ᠬᠤᠳᠠ ᠬᠦᠳᠡᠭᠡ ᠶᠢᠨ ᠲᠤᠮᠳᠠ ᠰᠠᠴᠤᠵᠤ ᠲᠦᠬᠡᠮᠡᠯᠵᠢᠬᠦᠯᠦᠨ᠂ ᠬᠦᠮᠦᠨ ᠪᠤᠯᠭᠠᠨ ᠬᠠᠤᠯᠢ ᠶᠢ ᠮᠡᠳᠡᠵᠦ᠂ ᠬᠠᠤᠯᠢ ᠶᠢ ᠰᠤᠷᠬᠤ᠂ ᠬᠠᠤᠯᠢ ᠶᠢ ᠰᠠᠬᠢᠬᠤ ᠲᠦᠬᠦᠮ ᠨᠦᠬᠦᠴᠡᠯ ᠢ ᠪᠦᠷᠢᠯᠳᠦᠬᠦᠯᠵᠦ ᠦᠭᠴᠠᠢ᠃ ᠨᠡᠩ ᠢᠯᠠᠩᠭᠤᠶ᠎ᠠ ᠨᠢᠳᠤᠨᠤᠨ ᠵᠢᠯ ᠤᠨ 10 ᠰᠠᠷ᠎ᠠ ᠶᠢᠨ 20 ᠤ ᠡᠳᠦᠷ᠂ ᠮᠠᠨ ᠤ ᠠᠶᠢᠮᠠᠭ ᠤᠨ 12348 ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠮᠤᠩᠭᠤᠯ ᠬᠡᠯᠡᠨ ᠤ ᠵᠢᠷᠬᠢᠶ᠎ᠠ ᠨᠡᠪᠳᠡᠷᠡᠵᠦ᠂ ᠪᠦᠬᠦ ᠤᠯᠤᠰ ᠤᠨ ᠠᠩᠬᠠᠳᠠᠭᠴᠢ ᠮᠤᠩᠭᠤᠯ ᠬᠡᠯᠡᠨ ᠤ ᠤᠯᠠᠨ ᠨᠡᠶᠢᠳᠡ ᠶᠢᠨ ᠦᠢᠯᠡᠴᠢᠯᠡᠬᠡᠨ ᠤ ᠲᠠᠪᠴᠠᠩ ᠪᠤᠯᠤᠭᠰᠠᠨ ᠪᠠᠶᠢᠨ᠎ᠠ᠃ ᠲᠤᠰ ᠵᠢᠷᠬᠢᠶ᠎ᠠ ᠨᠢ ᠮᠠᠯᠴᠢᠳ ᠤᠨ ᠡᠳᠦᠷ ᠲᠤᠳᠤᠮ ᠤᠨ ᠠᠵᠢᠯ ᠠᠮᠢᠳᠤᠷᠠᠯ ᠲᠠᠢ ᠨᠢᠭᠳᠠ ᠬᠤᠯᠪᠤᠭᠠᠳᠠᠢ ᠬᠠᠤᠯᠢ ᠶᠢᠨ ᠮᠡᠳᠡᠯᠬᠡ᠂ ᠬᠠᠤᠯᠢᠴᠢ ᠶᠢᠨ ᠰᠠᠨᠠᠯ ᠵᠦᠪᠯᠡᠯᠬᠡ᠂ ᠬᠡᠷᠡᠭ ᠤᠨ ᠵᠢᠱᠢᠶ᠎ᠡ ᠵᠡᠷᠬᠡ ᠶᠢ ᠨᠡᠶᠢᠳᠡᠯᠡᠵᠦ᠂ ᠮᠠᠯᠴᠢᠳ ᠤᠨ ᠬᠠᠤᠯᠢ ᠴᠠᠭᠠᠵᠠ ᠶᠢᠨ ᠮᠡᠳᠡᠯᠬᠡ ᠮᠡᠳᠡᠴᠡ ᠶᠢ ᠲᠡᠬᠡᠭᠰᠢᠯᠡᠬᠦᠯᠵᠦ᠂ ᠪᠦᠬᠦ ᠠᠶᠢᠮᠠᠭ ᠤᠨ ᠤᠯᠠᠨ ᠨᠠᠶᠢᠳᠠ ᠶᠢᠨ ᠬᠠᠤᠯᠢ ᠴᠠᠭᠠᠵᠠ ᠶᠢᠨ ᠰᠢᠰᠲᠧᠮ ᠤᠨ ᠪᠠᠶᠢᠭᠤᠯᠤᠯᠳᠠ ᠶᠢ ᠤᠯᠠᠮ ᠨᠢᠬᠡ ᠠᠯᠬᠤᠮ ᠠᠬᠢᠭᠤᠯᠵᠤ᠂ ᠤᠯᠠᠠ ᠲᠦᠮᠡᠡ ᠳᠤ ᠬᠠᠤᠯᠢ ᠴᠠᠭᠠᠵᠠ ᠶᠢᠨ ᠨᠠᠩ ᠰᠠᠶᠢᠡ ᠨᠠᠩ ᠲᠦᠭᠦᠮ ᠦᠢᠯᠡᠴᠢᠯᠡᠭᠡ ᠬᠠᠨᠭ᠍ᠭᠠᠭᠰᠠᠠ ᠪᠠᠶᠢᠨ᠎ᠡ᠃     ᠤᠳᠤᠬᠠᠨ ᠪᠤᠯᠳᠠᠯ᠎ᠠ᠂ 12348 ᠮᠤᠩᠭᠤᠯ ᠬᠢᠳᠠᠳ ᠰᠦᠯᠵᠢᠶ᠎ᠡ ᠨᠢ ᠨᠡᠶᠢᠳᠡ 730 ᠭᠠᠷᠤᠢ ᠰᠤᠷᠠᠭ ᠵᠠᠩᠬᠢ ᠶᠢ ᠨᠡᠶᠢᠳᠡᠯᠡᠵᠦ᠂ ᠲᠠᠷᠤᠮ ᠤᠨ ᠲᠤᠭ᠎ᠠ 59445 ᠬᠦᠮᠦᠨ ᠤᠳᠠᠭ᠎ᠠ ᠳᠤ ᠬᠦᠷᠴᠦ᠂ ᠮᠤᠩᠭᠤᠯ ᠬᠡᠯᠡᠨ ᠤ ᠬᠠᠥᠯᠢ ᠴᠠᠭᠠᠵᠠ ᠶᠢᠨ ᠤᠢᠢᠯᠡᠴᠢᠯᠡᠭᠡᠨ ᠤ ᠵᠢᠷᠬᠢᠶ᠎ᠠ ᠳᠤ ᠠᠩᠬᠠᠷᠤᠯ ᠢᠶᠠᠨ ᠬᠠᠨᠳᠤᠭᠤᠯᠤᠭᠰᠠᠨ ᠬᠦᠮᠦᠨ 632 ᠬᠦᠮᠦᠨ ᠤᠳᠠᠭ᠎ᠠ ᠳᠤ ᠬᠦᠷᠦᠭᠰᠡᠨ ᠪᠠᠶᠢᠨ᠎ᠠ᠃       ᠬᠠᠤᠯᠢ ᠶᠢᠨ ᠶᠠᠪᠤᠳᠠᠯ ᠤᠨ ᠦᠢᠯᠡᠴᠢᠯᠡᠬᠡᠨ ᠤ ᠲᠢᠩᠬᠢᠮ       ᠠᠷᠠᠤᠨ ᠤᠯᠠᠠ ᠳᠤ ᠨᠠᠩ ᠰᠠᠶᠢᠡ ᠦᠢᠯᠡᠴᠢᠯᠡᠭᠡ ᠬᠠᠨᠭ᠍ᠭᠠᠨ᠎ᠡ       12348 ᠬᠠᠤᠯᠢ ᠶᠢᠨ ᠶᠠᠪᠤᠳᠠᠯ ᠤᠨ ᠲᠦᠪ ᠪᠤᠯ ᠮᠠᠨ ᠤ ᠠᠶᠢᠮᠠᠭ ᠤᠨ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠰᠢᠰᠲᠧᠮ ᠤᠨ ᠭᠤᠤᠯᠯᠠᠭᠴᠢ ᠠᠴᠢᠶᠠᠯᠠᠪᠤᠷᠢ ᠪᠠᠶᠢᠵᠤ᠂ ᠬᠠᠤᠯᠢ ᠶᠢᠨ ᠲᠤᠰᠠᠯᠠᠮᠵᠢ ᠦᠵᠡᠬᠦᠯᠬᠦ᠂ ᠬᠠᠤᠯᠢ ᠴᠠᠭᠠᠵᠠ ᠶᠢᠨ ᠵᠦᠪᠯᠡᠯᠬᠡ ᠦᠭᠬᠦ ᠵᠡᠷᠬᠡ ᠦᠢᠯᠡᠴᠢᠯᠡᠭᠡ ᠪᠠᠷ ᠭᠤᠤᠯᠳᠠᠭᠤᠯᠵᠤ ᠪᠠᠶᠢᠳᠠᠭ᠃ ᠲᠤᠰ ᠲᠦᠪ ᠨᠢ ᠡᠬᠢ ᠪᠠᠶᠠᠯᠢᠭ ᠢ ᠨᠡᠶᠢᠯᠡᠬᠦᠯᠦᠨ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠬᠤ ᠵᠠᠷᠴᠢᠮ ᠶᠤᠰᠤᠭᠠᠷ᠂ ᠶᠡᠷᠦᠩᠬᠡᠶᠢᠯᠡᠭᠰᠡᠨ ᠴᠢᠨᠠᠷᠳᠠᠢ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠦᠪ ᠤᠨ ᠪᠠᠶᠢᠭᠤᠯᠤᠯᠳᠠ ᠶᠢ ᠴᠢᠩᠭᠠᠳᠬᠠᠵᠤ᠂ ᠤᠤᠯ ᠤᠨ ᠪᠠᠶᠢᠭᠰᠠᠨ ᠨᠡᠶᠢᠬᠡᠮ ᠤᠨ ᠵᠦᠷᠢᠴᠡᠯ ᠵᠢᠭᠤᠷᠠᠭᠠᠨ ᠢ ᠡᠶᠡᠳᠡᠬᠦᠯᠬᠦ᠂ ᠬᠠᠤᠯᠢᠴᠢ ᠪᠤᠯᠤᠨ ᠠᠯᠪᠠᠨ ᠬᠡᠷᠡᠴᠢᠯᠡᠭᠡ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠬᠦ ᠵᠡᠷᠬᠡ ᠬᠠᠤᠯᠢ ᠴᠠᠭᠠᠵᠠ ᠶᠢᠨ ᠦᠢᠯᠡᠴᠢᠯᠡᠬᠡᠨ ᠤ ᠴᠢᠳᠠᠪᠬᠢ ᠪᠤᠯᠤᠨ ᠦᠢᠯᠡᠴᠢᠯᠡᠬᠡᠨ ᠤ ᠴᠤᠩᠬᠤ ᠶᠢ ᠨᠢᠬᠡᠳᠬᠡᠨ᠂ ᠨᠢᠬᠡ ᠦᠷᠳᠡᠬᠡᠴᠢᠯᠡᠭᠰᠡᠨ ᠦᠢᠯᠡᠴᠢᠯᠡᠭᠡ ᠬᠠᠨᠭ᠍ᠭᠠᠬᠤ ᠪᠤᠯᠵᠠᠢ᠃       ᠲᠤᠰ ᠲᠦᠪ ᠨᠢ ᠪᠠᠰᠠ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠬᠦ ᠲᠠᠯ᠎ᠠ ᠪᠠᠷ᠂ ᠦᠨᠳᠦᠰᠦᠨ ᠱᠠᠳᠤᠨ ᠤ ᠰᠠᠭᠤᠷᠢ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠪᠦᠬᠦ ᠠᠶᠢᠮᠠᠭ ᠤᠨ 13 ᠬᠤᠰᠢᠭᠤ ᠰᠢᠶᠠᠨ ᠳᠤ ᠴᠦᠮ ᠨᠢᠬᠡ ᠦᠷᠳᠡᠬᠡᠴᠢᠯᠡᠭᠰᠡᠨ 12348 ᠬᠠᠤᠯᠢ ᠴᠠᠭᠠᠵᠠ ᠶᠢᠨ ᠦᠢᠯᠡᠴᠢᠯᠡᠬᠡᠨ ᠤ ᠲᠢᠩᠬᠢᠮ ᠢ ᠪᠠᠶᠢᠭᠤᠯᠵᠤ᠂ ᠦᠨᠳᠦᠰᠦᠨ ᠱᠠᠳᠤᠨ ᠤ ᠤᠯᠠᠨ ᠲᠦᠮᠡᠨ ᠤ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠵᠠᠢ᠃ ᠡᠬᠦᠨ ᠤ ᠬᠠᠮᠳᠤ ᠪᠠᠰᠠ ᠪᠦᠬᠦ ᠠᠶᠢᠮᠠᠭ ᠤᠨ ᠬᠡᠪᠴᠢᠶᠡᠨ ᠳᠤ 253 ᠬᠠᠤᠯᠢ ᠴᠠᠭᠠᠵᠠ ᠶᠢᠨ ᠲᠤᠰᠠᠯᠠᠮᠵᠢ ᠶᠢᠨ ᠦᠷᠳᠡᠭᠡ ᠪᠠᠶᠢᠭᠤᠯᠵᠤ᠂ 1183 ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠷᠢᠯᠴᠠᠬᠤ ᠴᠢᠭ ᠭᠠᠷᠭᠠᠵᠠᠢ᠃       ᠨᠢᠳᠦᠨᠦᠡ ᠵᠢᠯ 12348 ᠬᠠᠤᠯᠢ ᠶᠢᠨ ᠶᠠᠪᠤᠳᠠᠯ ᠤᠨ ᠦᠢᠯᠡᠴᠢᠯᠡᠬᠡᠨ ᠤ ᠲᠦᠪ ᠨᠢ ᠬᠠᠤᠯᠢ ᠶᠢᠨ ᠲᠤᠰᠠᠯᠠᠮᠵᠢ ᠶᠢᠨ ᠬᠡᠷᠡᠭ ᠢ 5077 ᠶᠢ ᠬᠦᠢᠴᠡᠳᠬᠡᠵᠦ᠂ ᠬᠡᠷᠡᠭ ᠤᠨ ᠲᠤᠬᠠᠢ ᠶᠢᠨ ᠬᠦᠮᠦᠨ ᠤ ᠠᠵᠤ ᠠᠬᠤᠢ ᠶᠢᠨ ᠰᠢᠭᠤᠳ ᠬᠤᠬᠢᠷᠠᠯ 7636 ᠲᠦᠮᠡᠨ ᠲᠦᠬᠦᠷᠢᠭ ᠢ ᠡᠬᠡᠬᠦᠯᠦᠨ ᠪᠤᠴᠠᠭᠠᠵᠤ ᠠᠪᠴᠢᠷᠠᠵᠠᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号