ᠹᠦ᠋ ᠸᠠᠨ ᠬᠤᠢ ᠠᠶᠢᠮᠠᠭ ᠤᠨ ᠳᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/2/28
ᠹᠦ᠋ ᠸᠠᠨ ᠬᠤᠢ ᠠᠶᠢᠮᠠᠭ ᠤᠨ ᠳᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠦ         ᠲᠤᠮᠤ ᠳ᠋ᠠᠶᠢᠲ᠋ᠠ ᠶᠢᠨ ᠠᠵᠦ ᠦᠢᠯᠡᠰ ᠤᠨ ᠭᠦᠭᠵᠢᠯᠳᠡ ᠭᠤᠤᠯᠳᠠᠯᠭ᠎ᠠ ᠲᠠᠢ ᠵᠤᠭᠠᠴᠠᠯ ᠤᠨ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠲᠤᠬᠠᠢ ᠰᠤᠳᠤᠯᠤᠨ ᠪᠠᠶᠢᠷᠢᠯᠠᠭᠤᠯᠵᠠᠢ         2 ᠳ᠋ᠤᠭᠠᠷ ᠰᠠᠷ᠎ᠡ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠹᠦ᠋ ᠸᠠᠨ ᠬᠤᠢ ᠠᠶᠢᠮᠠᠭ ᠤᠨ ᠳᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠦ᠂ ᠪᠦᠬᠦ ᠠᠶᠢᠮᠠᠭ ᠤᠨ ᠲᠤᠮᠦ ᠳ᠋ᠠᠶᠢᠲ᠋ᠠ ᠶᠢᠨ ᠠᠵᠦ ᠦᠢᠯᠡᠰ ᠤᠨ ᠭᠦᠭᠵᠢᠯᠲᠡ᠂ ᠲᠤᠯᠤᠨ ᠨᠤᠤᠷ ᠰᠢᠶᠠᠨ ᠤ ᠵᠤᠭᠠᠴᠠᠯ ᠤᠨ ᠲᠦᠷᠦᠯ ᠵᠦᠢᠯ ᠤᠨ ᠪᠦᠳᠤᠬᠡᠨ ᠪᠠᠶᠢᠭᠤᠯᠤᠯᠲᠠ᠂ ᠳᠤᠮᠳᠠᠳᠤ ᠤᠯᠤᠰ ᠤᠨ ᠡᠮ ᠡᠮᠨᠡᠯᠭᠡ ᠶᠢᠨ ᠪᠦᠯᠦᠭᠯᠡᠯ ᠲᠠᠢ ᠬᠠᠮᠲᠤᠷᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠢ ᠬᠦᠭᠵᠢᠭᠦᠯᠭᠦ ᠵᠢᠴᠢ ᠬᠤᠪᠢᠰᠬᠠᠯ ᠤᠨ ᠰᠠᠳᠤᠪᠲᠤ ᠺᠢᠨᠣ᠋ ᠶᠢ ᠰᠡᠭᠦᠳᠡᠷᠯᠡᠨ ᠦᠢᠯᠡᠳᠬᠦ ᠵᠡᠷᠭᠡ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠠᠢ᠃       ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠶᠤᠤ ᠶᠦᠩ ᠪᠦᠸᠧ᠂ ᠠᠶᠢᠮᠠᠭ ᠤᠨ ᠳᠡᠳ᠋ ᠳᠠᠷᠤᠭ᠎ᠠ ᠾᠸᠤ ᡁᠢ ᠮᠢᠨ ᠬᠤᠷᠠᠯ ᠳᠤ ᠤᠷᠤᠯᠴᠠᠪᠠ᠃       ᠬᠠᠮᠢᠶ᠎ᠡ ᠪᠦᠬᠦᠢ ᠰᠠᠯᠠᠭ᠎ᠠ ᠮᠥᠴᠢᠷ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠳᠠᠷᠠᠭ᠎ᠠ᠂ ᠹᠦ᠋ ᠸᠠᠨ ᠬᠤᠢ ᠴᠢᠬᠤᠯᠠᠴᠢᠯᠠᠬᠤ ᠳᠠᠭᠠᠨ᠂ ᠡᠯ᠎ᠡ ᠬᠤᠰᠢᠭᠤ ᠰᠢᠶᠠᠨ ᠬᠤᠲᠠ ︵ᠤᠷᠤᠨ︶᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠶᠡᠭᠡ ᠲᠠᠯ᠎ᠠ ᠶᠢᠨ ᠤᠬᠠᠮᠰᠠᠷ ᠪᠡ ᠠᠵᠠ ᠲᠤᠬᠢᠶᠠᠯ ᠤᠨ ᠤᠬᠠᠮᠰᠠᠷ ᠢᠶᠠᠨ ᠴᠢᠩᠭᠠᠳᠬᠠᠵᠦ᠂ ᠠᠶᠢᠮᠠᠭ ᠬᠤᠰᠢᠭᠤ ᠬᠤᠶᠠᠷ ᠱᠠᠲᠤᠨ ᠤ ᠰᠤᠷᠠᠭ ᠴᠢᠮᠡᠭᠡᠨ ᠤ ᠡᠬᠢ ᠪᠠᠶᠠᠯᠢᠭ ᠢ ᠬᠠᠮᠳᠤᠪᠡᠷ ᠡᠳ᠋ᠯᠡᠬᠦ ᠶᠢ ᠲᠦᠷᠭᠡᠳᠬᠡᠨ ᠠᠬᠢᠭᠤᠯᠵᠦ᠂ ᠪᠦᠬᠦ ᠠᠶᠢᠮᠠᠭ ᠤᠨ ᠶᠡᠷᠦᠩᠬᠡᠶᠢᠯᠡᠭᠰᠡᠨ ︽ᠢᠨᠲ᠋ᠧᠷ ᠰᠦᠯᠵᠢᠶ᠎ᠡ + ᠵᠠᠰᠠᠬ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠪᠠᠶᠢᠭᠤᠯᠵᠦ᠂ ᠡᠬᠦᠯᠡᠨ ᠪᠤᠳᠤᠯᠲᠠ ᠶᠢᠨ ᠲᠤᠮᠤ ᠳ᠋ᠠᠶᠢᠲ᠋ᠠ ᠶᠢᠨ ᠲᠦᠪ ᠤᠨ ᠪᠠᠶᠢᠭᠤᠯᠤᠯᠲᠠ ᠶᠢ ᠠᠬᠢᠭᠤᠯᠵᠦ᠂ ᠤᠳᠤ ᠦᠶ᠎ᠡ ᠶᠢᠨ ᠮᠠᠯ ᠠᠵᠦ ᠠᠬᠤᠢ᠂ ᠤᠨᠢᠨ ᠲᠡᠭᠡᠷ᠎ᠡ ᠨᠢ ᠶᠠᠳᠠᠭᠤ ᠶᠢ ᠳᠡᠳᠭᠦᠭᠦ᠂ ᠢᠳᠡᠭᠡᠨ ᠤ ᠵᠦᠢᠯᠡᠰ ᠡᠮ ᠤᠨ ᠵᠦᠢᠯᠡᠰ ᠤᠨ ᠠᠮᠦᠷ ᠲᠦᠪᠰᠢᠨ᠂ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠰᠤᠶᠤᠯ ᠵᠤᠭᠠᠴᠠᠯ᠂ ᠰᠤᠷᠭᠠᠨ ᠬᠦᠮᠦᠵᠢᠯ᠂ ᠤᠶᠤᠨᠴᠢ ᠡᠮ ᠡᠮᠨᠡᠯᠭᠡ ᠵᠡᠷᠭᠡ ᠲᠤᠮᠤ ᠳ᠋ᠠᠶᠢᠲ᠋ᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠬᠤ ᠭᠡᠷᠡᠭᠲᠡᠢ ᠭᠡᠪᠡ᠃       ᠹᠦ᠋ ᠸᠠᠨ ᠬᠤᠢ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠷᠭᠡᠪᠰᠢ ᠪᠦᠬᠦ ᠤᠷᠤᠨ ᠤ ᠵᠤᠭᠠᠴᠠᠯ ᠤᠨ ᠭᠦᠭᠵᠢᠯᠲᠡ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠦᠯᠦᠪᠵᠢᠬᠦᠯᠦᠨ ᠨᠠᠶᠢᠷᠠᠭᠤᠯᠬᠤ᠂ ᠲᠦᠷᠦᠯ ᠵᠦᠢᠯ ᠢ ᠪᠦᠳᠤᠬᠡᠨ ᠪᠠᠶᠢᠭᠤᠯᠬᠤ᠂ ᠤᠬᠠᠭᠤᠯᠤᠨ ᠳᠠᠨᠢᠯᠴᠠᠭᠤᠯᠬᠤ ᠵᠡᠷᠭᠡ ᠠᠵᠢᠯ ᠢ ᠭᠤᠤᠯᠳᠠᠯᠭ᠎ᠠ ᠲᠠᠢ ᠠᠳᠬᠤᠵᠦ᠂ ᠰᠤᠶᠤᠯ ᠵᠤᠭᠠᠴᠠᠯ ᠤᠨ ᠠᠵᠦ ᠦᠢᠯᠡᠰ ᠢ ᠲᠤᠯᠭᠠᠭᠤᠷᠢ ᠠᠵᠦ ᠦᠢᠯᠡᠰ᠂ ᠠᠷᠠᠳ ᠢ ᠪᠠᠶᠠᠵᠢᠭᠤᠯᠬᠤ ᠠᠵᠦ ᠦᠢᠯᠡᠰ ᠪᠤᠯᠭᠠᠨ ᠬᠦᠭᠵᠢᠬᠦᠯᠬᠦ ᠬᠡᠷᠡᠭᠲᠡᠢ᠃ ᠲᠤᠯᠤᠨ ᠨᠤᠤᠷ ᠰᠢᠶᠠᠨ ᠤ ᠵᠤᠭᠠᠴᠠᠯ ᠤᠨ ᠡᠬᠢ ᠪᠠᠶᠠᠯᠢᠭ ᠢ ᠭᠦᠢᠴᠡᠳ ᠠᠭᠤᠳᠠᠯᠯᠠᠨ ᠬᠦᠭᠵᠢᠬᠦᠯᠵᠦ᠂ ᠤᠯᠤᠰ ᠤᠨ ᠲᠤᠳᠤᠭᠠᠲᠤ ᠭᠠᠳᠠᠭᠠᠲᠤ ᠶᠢᠨ ᠨᠡᠷᠡᠲᠦ ᠠᠵᠦ ᠠᠬᠤᠢᠢᠯᠠᠯ ᠲᠠᠢ ᠬᠠᠮᠳᠤᠷᠠᠯᠴᠠᠭ᠎ᠠ ᠪᠠᠨ ᠴᠢᠩᠭᠠᠳᠬᠠᠵᠦ᠂ ᠪᠡᠯᠡ ᠤᠷᠤᠭᠤᠯᠤᠯᠲᠠ ᠶᠢ ᠨᠡᠮᠡᠭᠳᠡᠬᠦᠯᠵᠦ᠂ ᠵᠤᠭᠠᠴᠠᠯ ᠤᠨ ᠦᠢᠯᠡᠴᠢᠯᠡᠭᠡ ᠶᠢᠨ ᠲᠦᠪᠰᠢᠨ ᠢ ᠲᠡᠭᠡᠭᠰᠢᠯᠡᠬᠦᠯᠬᠦ ᠬᠡᠷᠡᠭᠲᠡᠢ ᠬᠡᠪᠡ᠃       ᠹᠦ᠋ ᠸᠠᠨ ᠬᠤᠢ ᠴᠢᠬᠤᠯᠠᠴᠢᠯᠠᠬᠤ ᠳᠠᠭᠠᠨ᠂ ᠳᠤᠮᠳᠠᠳᠤ ᠤᠯᠤᠰ ᠤᠨ ᠡᠮ ᠡᠮᠨᠡᠯᠭᠡ ᠶᠢᠨ ᠪᠦᠯᠦᠭᠯᠡᠯ ᠵᠡᠷᠭᠡ ᠠᠵᠦ ᠠᠬᠤᠢᠢᠯᠠᠯ ᠪᠠ ᠤᠯᠤᠰ ᠤᠨ ᠲᠤᠳᠤᠭᠠᠲᠤ ᠶᠢᠨ ᠨᠡᠷᠡᠲᠦ ᠡᠮᠴᠢᠯᠡᠬᠡᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠦ᠂ ᠮᠠᠨ ᠤ ᠠᠶᠢᠮᠠᠭ ᠤᠨ ᠭᠤᠤᠯᠳᠠᠯᠭ᠎ᠠ ᠲᠠᠢ ᠡᠮ ᠡᠮᠨᠡᠯᠬᠡ ᠡᠷᠡᠬᠦᠯ ᠬᠠᠮᠠᠭᠠᠯᠠᠯ ᠤᠨ ᠲᠦᠷᠦᠯ ᠵᠦᠢᠯ ᠤᠨ ᠪᠦᠳᠤᠬᠡᠨ ᠪᠠᠶᠢᠭᠤᠯᠤᠯᠲᠠ᠂ ᠳᠤᠨᠤᠭ ᠲᠦᠭᠦᠭᠡᠷᠦᠮᠵᠢ ᠶᠢᠨ ᠰᠢᠨᠡᠴᠢᠯᠡᠯᠲᠡ᠂ ᠠᠯᠤᠰ ᠡᠵᠡᠮᠰᠢᠯᠲᠦ ᠡᠮᠴᠢᠯᠡᠭᠡ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠶᠢ ᠠᠬᠢᠭᠤᠯᠵᠦ᠂ ᠮᠠᠨ ᠤ ᠠᠶᠢᠮᠠᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠦᠪᠰᠢᠨ ᠢ ᠲᠡᠭᠡᠭᠰᠢᠯᠡᠬᠦᠯᠬᠦ ᠬᠡᠷᠡᠭᠲᠡᠢ ᠬᠡᠪᠡ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号