ᠪᠦᠭᠦ ᠠᠶᠢᠮᠠᠭ ᠤᠨ ᠨᠠᠮ ᠤᠨ ᠪᠠᠶᠢᠭᠤᠯᠤᠯᠳᠠ ᠪᠤᠯᠤᠨ ᠵᠤᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/2/28
ᠪᠦᠭᠦ ᠠᠶᠢᠮᠠᠭ ᠤᠨ ᠨᠠᠮ ᠤᠨ ᠪᠠᠶᠢᠭᠤᠯᠤᠯᠳᠠ ᠪᠤᠯᠤᠨ ᠵᠤᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠪᠠ         2 ᠳ᠋ᠤᠭᠠᠷ ᠰᠠᠷ᠎ᠠ ᠶᠢᠨ 20 ᠤ ᠡᠲᠥᠷ᠂ ᠪᠥᠬᠦ ᠠᠶᠢᠮᠠᠭ ᠤᠨ ᠨᠠᠮ ᠤᠨ ᠪᠠᠶᠢᠭᠤᠯᠤᠯᠲᠠ ᠪᠤᠯᠤᠨ ᠵᠤᠬᠢᠶᠠᠨ ᠪᠠᠶᠢᠭᠤᠯᠬᠤ ᠠᠵᠢᠯ ᠤᠨ ᠬᠤᠷᠠᠯ ᠰᠢᠯᠢ ᠶᠢᠨ ᠬᠤᠲᠠ ᠳᠤ ᠬᠤᠷᠠᠯᠲᠤᠪᠠ᠃ ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ ᠬᠤᠷᠠᠯ ᠳᠤ ᠤᠷᠤᠯᠴᠠᠭᠰᠠᠨ ᠪᠥᠭᠡᠳ ᠪᠥᠬᠦ ᠤᠯᠤᠰ᠂ ᠪᠥᠬᠦ ᠤᠷᠤᠨ ᠤ ᠵᠤᠬᠢᠶᠠᠨ ᠪᠠᠶᠢᠭᠤᠯᠬᠤ ᠬᠡᠯᠲᠡᠰ ᠤᠨ ᠲᠠᠷᠤᠭ᠎ᠠ ᠶᠢᠨ ᠬᠤᠷᠠᠯ᠂ ᠤᠯᠤᠰ ᠤᠨ ᠥᠮᠴᠢᠯᠡᠯᠲᠤ ᠠᠵᠤ ᠠᠬᠤᠢᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠥᠨᠵᠡᠭᠡᠢ ᠰᠤᠷᠤᠯᠴᠠᠨ ᠨᠠᠶᠢᠲᠠᠪᠤᠷᠢᠵᠢᠭᠤᠯᠵᠥ᠂ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠲᠠᠪᠤᠷᠢᠵᠢᠭᠤᠯᠵᠥ᠂ ᠡᠯ᠎ᠠ ᠬᠥᠷᠢᠶ᠎ᠠ ᠬᠡᠪᠴᠢᠶᠡᠨ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠥ᠂ ᠪᠥᠬᠦ ᠠᠶᠢᠮᠠᠭ ᠤᠨ ᠡᠯ᠎ᠠ ᠵᠥᠢᠯ ᠤᠨ ᠥᠢᠯᠡᠰ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠨᠭ᠍ᠭᠠᠬᠤ ᠬᠡᠷᠡᠭᠲᠡᠢ ᠬᠡᠵᠥ ᠴᠢᠬᠤᠯᠠᠴᠢᠯᠠᠪᠠ᠃       ᠠᠶᠢᠮᠠᠭ ᠤᠨ ᠨᠠᠮ ᠤᠨ ᠬᠤᠷᠢᠶᠠᠨ ᠤ ᠤᠲᠤᠷᠢᠲᠤᠯᠭ᠎ᠠ ᠸᠠᠩ ᠶᠥᠡᠭ ᠮᠢᠩ᠂ ᠮᠠ ᠹᠸᠡᠭ᠂ ᠰᠡᠴᠡᠨᠪᠢᠯᠢᠭ᠂ ᠵᠤᠤ ᠳ᠋ᠧ ᠶᠥᠡᠭ᠂ ᠵᠸᠡᠭ ᠵᠢᠶᠠᠨ ᠬᠤᠨᠭ᠌ ᠬᠤᠷᠠᠯ ᠳᠤ ᠤᠷᠤᠯᠴᠠᠵᠠᠢ᠃       ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠪᠥᠬᠦ ᠠᠶᠢᠮᠠᠭ ᠤᠨ ᠡᠯ᠎ᠠ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠬᠠᠷᠢᠭᠤᠴᠠᠵᠥ᠂ ᠨᠠᠮ ᠤᠨ ᠥᠵᠡᠯ ᠰᠠᠨᠠᠭ᠎ᠠ᠂ ᠵᠤᠬᠢᠶᠠᠨ ᠪᠠᠶᠢᠭᠤᠯᠤᠯᠲᠠ᠂ ᠰᠤᠷᠲᠠᠯ᠂ ᠲᠥᠷᠢᠮ ᠪᠤᠯᠤᠨ ᠢᠯᠵᠡᠷᠡᠯ ᠢ ᠡᠰᠡᠷᠬᠦᠴᠡᠵᠥ ᠠᠷᠢᠭᠤᠨ ᠴᠢᠭᠡᠴᠢ ᠶᠢ ᠡᠷᠬᠢᠮᠯᠡᠬᠦ ᠪᠠᠶᠢᠭᠤᠯᠤᠯᠲᠠ ᠶᠢ ᠥᠨᠡᠨᠬᠦ ᠨᠠᠷᠢᠨ ᠠᠳᠬᠤᠬᠤ ᠬᠡᠷᠡᠭᠲᠡᠢ᠃ ᠡᠯ᠎ᠠ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ᠂ ᠵᠤᠬᠢᠶᠠᠨ ᠪᠠᠶᠢᠭᠤᠯᠬᠤ᠂ ᠤᠬᠠᠭᠤᠯᠬᠤ᠂ ᠨᠢᠭᠡᠲᠥᠮᠡᠯ ᠹᠷᠥᠨᠲ᠂ ᠪᠠᠶᠢᠭᠤᠯᠭ᠎ᠠ ᠶᠢᠨ ᠨᠠᠮ ᠤᠨ ᠠᠵᠢᠯ ᠤᠨ ᠵᠥᠪᠯᠡᠯ ᠵᠡᠷᠭᠡ ᠰᠠᠯᠠᠭ᠎ᠠ ᠮᠥᠴᠢᠷ ᠡᠬᠦᠷᠭᠡ ᠴᠢᠲᠠᠪᠬᠢ ᠶᠢᠨ ᠥᠢᠯᠡᠲᠥᠯ ᠢᠶᠠᠨ ᠪᠠᠲᠠᠷᠠᠭᠤᠯᠵᠥ᠂ ᠱᠠᠭᠠᠷᠲᠠᠨ ᠪᠠᠶᠢᠴᠠᠭᠠᠯᠲᠠ ᠪᠠᠨ ᠴᠢᠩᠭᠠᠳᠬᠠᠵᠥ᠂ ᠨᠠᠮ ᠢ ᠬᠠᠮᠢᠶᠠᠷᠬᠤ ᠨᠠᠮ ᠢ ᠵᠠᠰᠠᠬᠤ ᠡᠯ᠎ᠠ ᠵᠥᠢᠯ ᠤᠨ ᠡᠬᠦᠷᠭᠡ ᠶᠢ ᠰᠠᠶᠢᠲᠤᠷ ᠨᠠᠶᠢᠲᠠᠪᠤᠷᠢᠵᠢᠭᠤᠯᠵᠥ ᠪᠤᠲᠠᠲᠤ ᠥᠷ᠎ᠠ ᠪᠥᠲᠥᠮᠵᠢ ᠭᠠᠷᠭᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠤᠨ ᠤᠲᠤᠷᠢᠳᠬᠤ ᠲᠤᠭᠤᠢᠢᠯᠠᠩ ᠡᠬᠦᠷᠭᠡ ᠴᠢᠲᠠᠪᠬᠢ ᠶᠢᠨ ᠥᠢᠯᠡᠲᠥᠯ ᠢᠶᠠᠨ ᠪᠠᠲᠠᠷᠠᠭᠤᠯᠵᠥ᠂ ᠡᠯ᠎ᠠ ᠲᠠᠯ᠎ᠠ ᠶᠢᠨ ᠬᠥᠴᠥᠨ ᠴᠢᠲᠠᠯ ᠢ ᠨᠢᠭᠡᠲᠥᠯᠲᠡᠢ ᠲᠥᠯᠥᠪᠵᠢᠬᠦᠯᠵᠥ᠂ ᠨᠠᠮ ᠤᠨ ᠪᠠᠶᠢᠭᠤᠯᠤᠯᠲᠠ ᠶᠢᠨ ᠡᠯ᠎ᠠ ᠵᠥᠢᠯ ᠤᠨ ᠠᠵᠢᠯ ᠢ ᠰᠠᠶᠢᠲᠤᠷ ᠥᠷᠨᠢᠬᠦᠯᠵᠥ᠂ ᠪᠤᠲᠠᠲᠤ ᠥᠷ᠎ᠠ ᠪᠥᠲᠥᠮᠵᠢ ᠭᠠᠷᠭᠠᠬᠤ ᠬᠡᠷᠡᠭᠲᠡᠢ᠃ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠢ ᠪᠠᠶᠢᠡᠭᠭᠤ ᠠᠳᠬᠤᠵᠥ᠂ ᠪᠤᠲᠠᠲᠤ ᠥᠷ᠎ᠠ ᠠᠰᠢᠭ ᠤᠯᠬᠤ ᠬᠡᠷᠡᠭᠲᠡᠢ ᠬᠡᠪᠡ᠃       ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠤᠲᠤᠷᠢᠳᠬᠤ ᠪᠠᠭ ᠪᠤᠯᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ᠂ ᠵᠠᠰᠠᠭ ᠤᠨ ᠤᠷᠲᠤᠨ᠂ ᠤᠯᠤᠰ ᠲᠥᠷᠥ ᠶᠢᠨ ᠵᠥᠪᠯᠡᠯᠭᠡᠨ ᠤ ᠤᠲᠤᠷᠢᠳᠬᠤ ᠪᠠᠭ ᠤᠨ ᠬᠤᠭᠤᠴᠠᠭ᠎ᠠ ᠰᠤᠯᠢᠬᠤ ᠠᠵᠢᠯ ᠢ ᠰᠠᠶᠢᠲᠤᠷ ᠬᠢᠵᠥ᠂ ᠡᠯ᠎ᠠ ᠵᠥᠢᠯ ᠤᠨ ᠲᠥᠷᠢᠮ ᠪᠤᠯᠤᠨ ᠱᠠᠭᠠᠷᠲᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠵᠥ᠂ ᠥᠨᠡᠨᠴᠢ ᠢᠲᠡᠭᠡᠮᠵᠢᠲᠡᠢ ᠠᠷᠢᠭᠤᠨ ᠴᠢᠭᠡᠴᠢ ᠵᠤᠷᠢᠭᠲᠠᠢ ᠬᠠᠷᠢᠭᠤᠴᠠᠬᠤ ᠰᠠᠶᠢᠨ ᠺᠠᠳ᠋ᠷ ᠢ ᠰᠤᠩᠭᠤᠵᠥ᠂ ᠪᠥᠲᠥᠴᠡ ᠰᠢᠯᠢᠲᠡᠭ ᠴᠢᠲᠠᠪᠬᠢ ᠴᠢᠩᠭ᠎ᠠ ᠰᠠᠶᠢᠨ ᠪᠠᠭ ᠢ ᠪᠥᠷᠢᠯᠲᠥᠬᠦᠯᠬᠦ ᠬᠡᠷᠡᠭᠲᠡᠢ᠃ ᠬᠤᠭᠤᠴᠠᠭ᠎ᠠ ᠰᠤᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠥ᠂ ᠪᠠᠲᠤ ᠴᠢᠩᠭ᠎ᠠ ᠰᠠᠬᠢᠯᠭ᠎ᠠ ᠪᠠᠲᠤ ᠪᠠᠷ ᠬᠤᠭᠤᠴᠠᠭ᠎ᠠ ᠰᠤᠯᠢᠬᠤ ᠠᠵᠢᠯ ᠠᠮᠵᠢᠯᠲᠠᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠥᠨᠲᠤᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠵᠢᠯᠤᠭᠤᠳᠬᠤ ᠥᠢᠯᠡᠲᠥᠯ ᠢ ᠬᠥᠢᠴᠡᠳ ᠪᠠᠲᠠᠷᠠᠭᠤᠯᠵᠥ ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠲᠠᠯᠭ᠎ᠠ ᠶᠢ ᠰᠠᠶᠢᠲᠤᠷ ᠨᠠᠶᠢᠲᠠᠪᠤᠷᠢᠵᠢᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠤᠷᠤᠨ᠂ ᠬᠤᠲᠠ ᠪᠠᠯᠭᠠᠰᠤ ᠶᠢᠨ ᠨᠡᠶᠢᠭᠡᠮ ᠲᠤᠭᠤᠷᠢᠭ᠂ ᠪᠠᠶᠢᠭᠤᠯᠭ᠎ᠠ ᠨᠢᠭᠡᠴᠡ᠂ ᠨᠡᠶᠢᠲᠡ ᠶᠢᠨ ᠪᠤᠰᠤ ᠥᠮᠴᠢᠯᠡᠯᠲᠤ ᠠᠵᠤ ᠠᠬᠤᠢ ᠪᠤᠯᠤᠨ ᠨᠡᠶᠢᠭᠡᠮ ᠤᠨ ᠵᠤᠬᠢᠶᠠᠨ ᠪᠠᠶᠢᠭᠤᠯᠤᠯᠲᠠ ᠵᠡᠷᠭᠡ ᠬᠥᠷᠢᠶ᠎ᠠ ᠬᠡᠪᠴᠢᠶᠠᠨ ᠳᠤ᠂ ᠨᠢᠭᠡ ᠪᠥᠯᠥᠭ ᠵᠢᠱᠢᠶ᠎ᠠ ᠥᠵᠡᠬᠦᠯᠬᠦ ᠴᠡᠭ ᠢ ᠪᠤᠢ ᠪᠤᠯᠭᠠᠵᠥ᠂ ᠪᠥᠬᠦ ᠠᠶᠢᠮᠠᠭ ᠤᠨ ᠥᠨᠲᠤᠰᠤᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠥᠬᠦ᠋ᠢᠯᠡ ᠲᠥᠪᠰᠢᠨ ᠢ ᠲᠠᠶᠢᠴᠢᠯᠠᠨ ᠲᠡᠭᠡᠭᠰᠢᠯᠡᠬᠦᠯᠬᠦ ᠬᠡᠷᠡᠭᠲᠡᠢ᠃ ᠥᠨᠲᠤᠰᠤᠨ ᠱᠠᠲᠤᠨ ᠤ ᠨᠠᠮ ᠤᠨ ᠪᠠᠶᠢᠭᠤᠯᠤᠯᠲᠠ ᠶᠢᠨ 7 ᠭᠤᠤᠯᠲᠠᠯᠭ᠎ᠠ ᠲᠠᠢ ᠴᠡᠭᠴᠡᠯᠡᠨ ᠵᠠᠰᠠᠬᠤ ᠡᠬᠦᠷᠭᠡ ᠶᠢ ᠬᠥᠨᠵᠡᠭᠡᠢ ᠨᠠᠶᠢᠲᠠᠪᠤᠷᠢᠵᠢᠭᠤᠯᠵᠥ᠂ ᠠᠵᠢᠯ ᠤᠨ ᠥᠷ᠎ᠠ ᠪᠥᠲᠥᠮᠵᠢ ᠶᠢ ᠪᠠᠬᠢᠵᠢᠬᠦᠯᠥᠨ ᠥᠷᠬᠡᠳᠭᠡᠬᠦ ᠬᠡᠷᠡᠭᠲᠡᠢ ᠬᠡᠪᠡ᠃       ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠰᠢᠨ᠎ᠠ ᠪᠠᠶᠢᠲᠠᠯ ᠲᠤᠤᠷᠠᠬᠢ ᠤᠯᠤᠰ ᠤᠨ ᠥᠮᠴᠢᠯᠡᠯᠲᠤ ᠠᠵᠤ ᠠᠬᠤᠢᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠥ᠂ ᠮᠠᠨ ᠤ ᠠᠶᠢᠮᠠᠭ ᠤᠨ ᠤᠯᠤᠰ ᠤᠨ ᠥᠮᠴᠢᠯᠡᠯᠲᠤ ᠠᠵᠤ ᠠᠬᠤᠢᠢᠯᠠᠯ ᠤᠨ ᠨᠠᠮ ᠤᠨ ᠤᠲᠤᠷᠢᠲᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠬᠤ᠂ ᠨᠠᠮ ᠤᠨ ᠤᠲᠤᠷᠢᠲᠤᠯᠭ᠎ᠠ ᠶᠢᠨ ᠭᠤᠤᠯᠯᠠᠭᠴᠢ ᠥᠢᠯᠡᠲᠥᠯ ᠢ ᠪᠥᠬᠦ ᠲᠠᠯ᠎ᠠ ᠪᠠᠷ ᠪᠠᠲᠠᠷᠠᠭᠤᠯᠬᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢ ᠲᠥᠪᠰᠢᠨ ᠢ ᠪᠥᠬᠦ ᠲᠠᠯ᠎ᠠ ᠪᠠᠷ ᠲᠡᠭᠡᠭᠰᠢᠯᠡᠬᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠨᠠᠮ ᠤᠨ ᠤᠯᠤᠰ ᠲᠥᠷᠥ ᠶᠢᠨ ᠤᠲᠤᠷᠢᠳᠬᠤ ᠥᠢᠯᠡᠲᠥᠯ ᠢ ᠬᠥᠢᠴᠡᠳ ᠪᠠᠲᠠᠷᠠᠭᠤᠯᠵᠥ᠂ ᠲᠥᠪ ᠬᠤᠷᠢᠶ᠎ᠠ ᠪᠤᠯᠤᠨ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠲᠠᠯᠭ᠎ᠠ ᠶᠢ ᠪᠤᠲᠠᠲᠠᠢ ᠨᠠᠶᠢᠲᠠᠪᠤᠷᠢᠵᠢᠭᠤᠯᠬᠤ ᠬᠡᠷᠡᠭᠲᠡᠢ᠃ ᠡᠯ᠎ᠠ ᠱᠠᠲᠤᠨ ᠤ ᠵᠤᠬᠢᠶᠠᠨ ᠪᠠᠶᠢᠭᠤᠯᠬᠤ ᠰᠠᠯᠠᠭ᠎ᠠ ᠮᠥᠴᠢᠷ ᠪᠤᠯᠤᠨ ᠥᠷᠭᠡᠨ ᠤᠯᠠᠨ ᠵᠤᠬᠢᠶᠠᠨ ᠪᠠᠶᠢᠭᠤᠯᠬᠤ ᠠᠵᠢᠯ ᠤᠨ ᠺᠠᠳ᠋ᠷ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ᠂ ᠵᠤᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠥ᠂ ᠥᠵᠡᠯ ᠰᠠᠨᠠᠭ᠎ᠠ ᠤᠯᠤᠰ ᠲᠥᠷᠥ ᠥᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠶᠡᠷᠥᠩᠭᠡᠢ ᠱᠥᠵᠢ ᠰᠢ ᠶᠢᠨ ᠫᠢᠡᠭ ᠢᠶᠠᠷ ᠭᠤᠤᠯᠯᠠᠭᠴᠢ ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠲᠡᠭᠡᠲᠥ ᠬᠡᠮᠵᠢᠶ᠎ᠠ ᠪᠠᠷ ᠨᠢᠭᠡᠲᠥᠯᠲᠡᠢ ᠪᠠᠶᠢᠬᠤ ᠬᠡᠷᠡᠭᠲᠡᠢ᠃ ᠰᠢᠨ᠎ᠠ ᠪᠠᠶᠢᠲᠠᠯ ᠡᠬᠦᠷᠭᠡ ᠶᠢᠨ ᠬᠥᠭᠵᠢᠯᠲᠡ ᠬᠤᠪᠢᠷᠠᠯᠲᠠ ᠳᠤ ᠵᠤᠬᠢᠴᠠᠵᠥ᠂ ᠰᠤᠷᠤᠯᠴᠠᠯᠭ᠎ᠠ ᠰᠤᠲᠤᠯᠭᠠᠨ ᠢ ᠴᠢᠩᠭᠠᠳᠬᠠᠵᠥ᠂ ᠶᠡᠭᠡ ᠲᠠᠯ᠎ᠠ ᠶᠢ ᠡᠵᠡᠮᠲᠡᠬᠦ᠂ ᠲᠥᠷᠥ ᠶᠢᠨ ᠪᠤᠲᠤᠯᠭ᠎ᠠ ᠶᠢ ᠬᠡᠷᠡᠭᠯᠡᠬᠦ᠂ ᠵᠠᠲᠠᠯᠵᠥ ᠰᠤᠲᠤᠯᠬᠤ᠂ ᠥᠭᠡᠷᠡᠴᠢᠯᠡᠵᠥ ᠰᠢᠨᠡᠴᠢᠯᠡᠬᠦ ᠴᠢᠲᠠᠪᠤᠷᠢ ᠪᠠᠨ ᠲᠡᠭᠡᠭᠰᠢᠯᠡᠬᠦᠯᠬᠦ ᠬᠡᠷᠡᠭᠲᠡᠢ ᠭᠡᠪᠡ᠃       ᠸᠠᠩ ᠶᠥᠡᠭ ᠮᠢᠩ ᠶᠠᠷᠢᠶᠠᠨ ᠳᠠᠭᠠᠨ 2016 ᠤᠨ ᠤ ᠵᠤᠬᠢᠶᠠᠨ ᠪᠠᠶᠢᠭᠤᠯᠬᠤ ᠠᠵᠢᠯ ᠢ ᠳ᠋ᠥᠡᠭᠨᠡᠵᠥ᠂ ᠡᠨᠡ ᠵᠢᠯ ᠤᠨ ᠭᠤᠤᠯᠲᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃       ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠨᠠᠷᠢᠨ ᠪᠢᠴᠢᠭ ᠤᠨ ᠲᠠᠷᠤᠭ᠎ᠠ ᠵᠤᠤ ᠳ᠋ᠧ ᠶᠥᠡᠭ ᠬᠤᠷᠠᠯ ᠢ ᠡᠷᠬᠢᠯᠡᠪᠡ᠃ ᠡᠯ᠎ᠠ ᠬᠤᠰᠢᠭᠤ ᠰᠢᠶᠠᠨ ᠬᠤᠲᠠ ︵ᠤᠷᠤᠨ︶ ᠶᠢᠨ ᠨᠠᠮ ᠤᠨ ᠬᠤᠷᠢᠶᠠᠨ ᠤ ᠱᠥᠵᠢ᠂ ᠲᠡᠳ᠋ ᠱᠥᠵᠢ᠂ ᠵᠤᠬᠢᠶᠠᠨ ᠪᠠᠶᠢᠭᠤᠯᠬᠤ ᠬᠡᠯᠲᠡᠰ ᠤᠨ ᠲᠠᠷᠤᠭ᠎ᠠ᠂ ᠠᠶᠢᠮᠠᠭ ᠤᠨ ᠡᠯ᠎ᠠ ᠬᠡᠯᠲᠡᠰ᠂ ᠵᠥᠪᠯᠡᠯ᠂ ᠠᠯᠪᠠᠨ ᠭᠡᠷ᠂ ᠲᠤᠪᠴᠢᠶ᠎ᠠ ᠪᠤᠯᠤᠨ ᠠᠷᠠᠳ ᠤᠨ ᠪᠥᠯᠬᠦᠮ᠂ ᠬᠠᠮᠢᠶ᠎ᠠ ᠪᠥᠬᠦᠢ ᠠᠵᠤ ᠠᠬᠤᠢᠢᠯᠠᠯ ᠠᠵᠢᠯ ᠥᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠡᠰᠡᠭ ᠤᠯᠤᠰ ᠤᠨ ᠥᠮᠴᠢᠯᠡᠯᠲᠤ ᠠᠵᠤ ᠠᠬᠤᠢᠢᠯᠠᠯ ᠤᠨ ᠨᠠᠮ ᠤᠨ ᠵᠤᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号