ᠪᠥᠬᠦ ᠠᠶᠢᠮᠠᠭ ᠤᠨ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠲᠤᠯᠬᠤ ᠬᠤᠷᠠᠯ ᠰᠢᠯᠢ ᠶᠢᠨ ᠬᠤᠳᠠ  ᠳᠤ ᠬᠤᠷᠠᠯᠳᠤᠪᠠ
ᠨᠡᠶᠢᠲᠡᠯᠡᠭᠰᠡᠨ ᠴᠠᠭ᠄
2017/2/28
    2 ᠳ᠋ᠤᠭᠠᠷ ᠰᠠᠷ᠎ᠠ ᠶᠢᠨ 24 ᠤ ᠡᠲᠥᠷ᠂ ᠪᠥᠬᠦ ᠠᠶᠢᠮᠠᠭ ᠤᠨ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠶᠢ ᠠᠬᠢᠭᠤᠯᠬᠤ ᠬᠤᠷᠠᠯ ᠰᠢᠯᠢ ᠶᠢᠨ ᠬᠤᠲᠠ ᠳᠤ ᠬᠤᠷᠠᠯᠲᠤᠵᠥ᠂ ᠶᠡᠷᠥᠩᠭᠡᠢ ᠱᠥᠵᠢ ᠰᠢ ᠶᠢᠨ ᠫᠢᠡᠭ ᠤᠨ ᠶᠠᠲᠠᠭᠤ ᠶᠢ ᠲᠡᠳᠬᠦᠵᠥ ᠨᠡᠭᠡᠭᠡᠨ ᠬᠥᠭᠵᠢᠬᠦᠯᠬᠦ ᠪᠠᠶᠢᠯᠲᠤᠬᠤ ᠪᠤᠲᠤᠯᠭ᠎ᠠ ᠶᠢᠨ ᠥᠵᠡᠯ ᠰᠠᠨᠠᠭ᠎ᠠ ᠶᠢ ᠬᠥᠨᠵᠡᠭᠡᠢ ᠲᠤᠤᠱᠯᠠᠭᠤᠯᠵᠥ᠂ ᠲᠥᠪ ᠤᠨ ᠶᠠᠲᠠᠭᠤ ᠶᠢ ᠲᠡᠳᠬᠦᠬᠦ ᠠᠵᠢᠯ ᠤᠨ ᠬᠤᠷᠠᠯ᠂ ᠵᠡᠬᠦᠨ ᠪᠠᠷᠠᠭᠤᠨ ᠬᠡᠰᠡᠭ ᠤᠨ ᠶᠠᠲᠠᠭᠤ ᠶᠢ ᠲᠡᠳᠬᠦᠬᠦ ᠬᠠᠮᠵᠢᠯᠴᠠᠭ᠎ᠠ ᠶᠢᠨ ᠶᠠᠷᠢᠯᠴᠠᠬᠤ ᠬᠤᠷᠠᠯ ᠪᠤᠯᠤᠨ ᠪᠥᠬᠦ ᠤᠯᠤᠰ ᠤᠨ ᠶᠠᠲᠠᠭᠤ ᠶᠢ ᠲᠡᠳᠬᠦᠵᠥ ᠨᠡᠭᠡᠭᠡᠨ ᠬᠥᠭᠵᠢᠬᠦᠯᠬᠦ ᠠᠵᠢᠯ ᠤᠨ ᠬᠤᠷᠠᠯ᠂ ᠪᠥᠬᠦ ᠤᠷᠤᠨ ᠤ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠶᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠲᠠᠪᠤᠷᠢᠵᠢᠭᠤᠯᠵᠥ᠂ ᠤᠨᠢᠨ ᠳᠡᠭᠡᠷ᠎ᠠ ᠨᠢ ᠶᠠᠲᠠᠭᠤ ᠠᠴᠠ ᠠᠩᠭᠢᠵᠢᠷᠠᠭᠤᠯᠬᠤ ᠲᠤᠭᠤᠷᠢᠨ ᠳᠤ ᠪᠠᠶᠢᠲᠠᠯ ᠢ ᠵᠠᠲᠠᠯᠵᠥ ᠰᠤᠲᠤᠯᠵᠥ᠂ ᠪᠥᠬᠦ ᠠᠶᠢᠮᠠᠭ ᠤᠨ ᠶᠠᠲᠠᠭᠤ ᠠᠴᠠ ᠠᠩᠭᠢᠵᠢᠷᠠᠭᠤᠯᠬᠤ ᠠᠵᠢᠯ ᠢ ᠲᠠᠬᠢᠨᠲᠠ ᠲᠠᠶᠢᠴᠢᠯᠠᠵᠥ ᠲᠠᠬᠢᠨᠲᠠ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠶᠡᠷᠥᠩᠭᠡᠢ ᠱᠥᠵᠢ ᠰᠢ ᠶᠢᠨ ᠫᠢᠡᠭ ᠢᠶᠠᠷ ᠭᠤᠤᠯᠯᠠᠭᠴᠢ ᠪᠤᠯᠭᠠᠭᠰᠠᠨ ᠨᠠᠮ ᠤᠨ ᠲᠥᠪ ᠬᠤᠷᠢᠶᠠᠨ ᠤ ᠲᠤᠭᠤᠷᠢᠨ ᠳᠤ ᠨᠡᠩ ᠨᠢᠭᠲᠠᠷᠠᠨ ᠪᠥᠯᠬᠦᠮᠲᠠᠵᠥ ᠂ ᠤᠨᠢᠨ ᠳᠡᠭᠡᠷ᠎ᠠ ᠨᠢ ᠲᠡᠳᠬᠦᠬᠦ ᠥᠨᠲᠤᠰᠤᠨ ᠴᠢᠭᠯᠡᠯ ᠢ ᠬᠥᠨᠵᠡᠭᠡᠢ ᠨᠠᠶᠢᠲᠠᠪᠤᠷᠢᠵᠢᠭᠤᠯᠵᠥ᠂ ᠬᠠᠷᠠᠯᠲᠠ ᠡᠬᠦᠷᠭᠡ ᠪᠠᠨ ᠰᠠᠶᠢᠲᠤᠷ ᠲᠤᠭᠲᠠᠭᠠᠨ ᠴᠢᠷᠮᠠᠶᠢᠨ ᠠᠵᠢᠯᠯᠠᠵᠥ᠂ ᠡᠨᠡ ᠵᠢᠯ ᠤᠨ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠡᠬᠦᠷᠭᠡ ᠶᠢ ᠪᠥᠬᠦ ᠲᠠᠯ᠎ᠠ ᠪᠠᠷ ᠪᠡᠶᠡᠯᠡᠬᠦᠯᠵᠥ᠂ ᠰᠢᠯᠢᠲᠡᠭ ᠬᠢᠷᠢ ᠪᠥᠲᠥᠮᠵᠢ ᠪᠠᠷ ᠨᠠᠮ ᠤᠨ ᠠᠷᠪᠠ ᠶᠢᠰᠥᠲᠥᠭᠡᠷ ᠶᠡᠭᠡ ᠬᠤᠷᠠᠯ ᠪᠤᠯᠤᠨ ᠥᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠤᠢ ᠶᠢ ᠤᠭᠲᠤᠬᠤ ᠬᠡᠷᠡᠭᠲᠡᠢ ᠬᠡᠪᠡ᠃       ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠂ ᠠᠶᠢᠮᠠᠭ ᠤᠨ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠢ ᠤᠲᠤᠷᠢᠲᠤᠯᠭ᠎ᠠ ᠬᠤᠷᠠᠯ ᠳᠤ ᠤᠷᠤᠯᠴᠠᠵᠥ᠂ ᠥᠪᠡᠷᠲᠡᠭᠡᠨ ᠵᠠᠰᠠᠬᠤ ᠤᠷᠤᠨ ᠠᠴᠠ ᠤᠯᠤᠰ ᠤᠨ ᠲᠡᠰ ᠤᠨ ᠶᠠᠲᠠᠭᠤ ᠬᠥᠴᠢᠷᠲᠡᠯᠲᠡᠢ ᠬᠤᠰᠢᠭᠤ ᠰᠢᠶᠠᠨ ᠳᠤ ᠲᠤᠮᠢᠯᠠᠭᠰᠠᠨ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠶᠢ ᠱᠠᠭᠠᠷᠲᠠᠨ ᠵᠢᠯᠤᠭᠤᠳᠬᠤ ᠲᠤᠭᠤᠢᠢᠯᠠᠩ ᠤᠨ ᠪᠥᠬᠦ ᠬᠡᠰᠢᠬᠦᠳ ᠬᠤᠷᠠᠯ ᠳᠤ ᠤᠷᠤᠯᠴᠠᠵᠠᠢ᠃       ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠠᠵᠢᠯ ᠤᠨ ᠭᠤᠤᠯᠲᠠᠯᠭ᠎ᠠ ᠶᠢ ᠡᠵᠡᠮᠲᠡᠵᠥ᠂ ᠶᠠᠲᠠᠭᠤ ᠠᠴᠠ ᠠᠩᠭᠢᠵᠢᠷᠠᠭᠤᠯᠬᠤ ᠬᠦᠴᠤᠷᠭᠡᠭ ᠶᠡᠭᠡ ᠬᠠᠮᠲᠤᠷᠠᠯ ᠤᠨ ᠬᠥᠴᠥᠨ ᠢ ᠪᠥᠷᠢᠯᠲᠥᠬᠦᠯᠵᠥ᠂ ᠬᠥᠴᠢᠷᠲᠡᠯᠲᠡᠢ ᠤᠯᠠᠨ ᠲᠥᠮᠡᠨ ᠤ ᠥᠢᠯᠡᠳᠪᠤᠷᠢᠯᠡᠯ ᠠᠮᠢᠲᠤᠷᠠᠯ ᠤᠨ ᠨᠥᠬᠦᠴᠡᠯ ᠢ ᠲᠠᠰᠤᠷᠠᠯᠲᠠ ᠥᠭᠡᠢ ᠰᠠᠶᠢᠵᠢᠷᠠᠭᠤᠯᠵᠥ᠂ ᠶᠠᠲᠠᠭᠤ ᠠᠴᠠ ᠠᠩᠭᠢᠵᠢᠷᠠᠭᠤᠯᠬᠤ ᠵᠠᠮ ᠳᠤ ᠨᠢᠭᠡ ᠡᠷᠥᠭᠡ ᠶᠢ ᠴᠥ ᠬᠤᠴᠤᠷᠤᠭᠤᠯᠵᠥ ᠪᠤᠯᠬᠤ ᠥᠭᠡᠢ᠃ ᠡᠯ᠎ᠠ ᠭᠠᠵᠠᠷ ᠡᠯ᠎ᠠ ᠰᠠᠯᠠᠭ᠎ᠠ ᠮᠥᠴᠢᠷ ᠤᠲᠤᠷᠢᠲᠤᠯᠭ᠎ᠠ ᠪᠠᠨ ᠴᠢᠩᠭᠠᠳᠬᠠᠵᠥ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠲᠡᠷᠢᠬᠦᠨ ᠴᠢᠬᠤᠯᠠ ᠠᠷᠠᠳ ᠤᠨ ᠠᠮᠢᠲᠤᠷᠠᠯ ᠤᠨ ᠶᠠᠪᠤᠲᠠᠯ ᠪᠤᠯᠭᠠᠨ ᠠᠳᠬᠤᠵᠥ᠂ ᠬᠤᠰᠢᠭᠤ ᠰᠢᠶᠠᠨ ᠬᠤᠲᠠ ︵ᠤᠷᠤᠨ︶ ᠶᠢ ᠲᠠᠭᠠᠭᠠᠴᠢᠯᠠᠨ ᠲᠡᠳᠬᠦᠵᠥ ᠪᠠᠶᠢᠭ᠎ᠠ ᠠᠶᠢᠮᠠᠭ ᠤᠨ ᠱᠠᠲᠤᠨ ᠤ ᠤᠲᠤᠷᠢᠲᠤᠯᠭ᠎ᠠ ᠪᠤᠯᠤᠨ ᠲᠤᠭᠲᠠᠭᠰᠠᠨ ᠴᠡᠭ ᠲᠤ ᠶᠠᠲᠠᠭᠤ ᠶᠢ ᠲᠡᠳᠬᠦᠵᠥ ᠪᠠᠶᠢᠭ᠎ᠠ ᠤᠲᠤᠷᠢᠲᠤᠯᠭ᠎ᠠ ᠶᠠᠲᠠᠭᠤ ᠶᠢ ᠲᠡᠳᠬᠦᠬᠦ ᠠᠵᠢᠯ ᠤᠨ ᠵᠢᠯᠤᠭᠤᠲᠤᠯᠭ᠎ᠠ ᠪᠠᠨ ᠥᠨᠡᠨᠬᠦ ᠴᠢᠩᠭᠠᠳᠬᠠᠬᠤ ᠬᠡᠷᠡᠭᠲᠡᠢ᠃ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠪᠠ ᠥᠨᠲᠤᠰᠤᠨ ᠱᠠᠲᠤᠨ ᠤ ᠨᠠᠮ ᠤᠨ ᠪᠠᠶᠢᠭᠤᠯᠤᠯᠲᠠ ᠶᠢ ᠤᠷᠭᠠᠨᠢᠭ ᠢᠶᠠᠷ ᠨᠢᠭᠡᠳᠭᠡᠵᠥ᠂ ᠨᠢᠭᠡᠲᠥᠯᠲᠡᠢ ᠲᠥᠯᠥᠪᠵᠢᠬᠦᠯᠥᠨ ᠠᠬᠢᠭᠤᠯᠵᠥ ᠂ ᠥᠨᠲᠤᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠤᠮᠲᠠᠬᠢ ᠲᠠᠭᠠᠭᠤᠯᠤᠭᠴᠢ ᠪᠤᠯᠭᠠᠬᠤ ᠬᠡᠷᠡᠭᠲᠡᠢ᠃ ᠪᠡᠯᠡ ᠤᠷᠤᠭᠤᠯᠤᠯᠲᠠ ᠪᠠᠨ ᠨᠡᠮᠡᠭᠲᠡᠬᠦᠯᠵᠥ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠪᠡᠯᠡ ᠮᠥᠡᠭᠭᠦ ᠶᠢ ᠢᠲᠡᠪᠬᠢᠲᠡᠢ ᠡᠷᠡᠮᠡᠯᠵᠡᠯᠡᠵᠥ᠂ ᠠᠶᠢᠮᠠᠭ ᠤᠨ ᠱᠠᠲᠤᠨ ᠤ ᠶᠠᠲᠠᠭᠤ ᠶᠢ ᠲᠡᠳᠬᠦᠬᠦ ᠪᠡᠯᠡ ᠤᠷᠤᠭᠤᠯᠤᠯᠲᠠ ᠶᠢ ᠥᠷᠬᠦᠯᠵᠢᠯᠡᠨ ᠨᠡᠮᠡᠭᠲᠡᠬᠦᠯᠵᠥ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠵᠢᠭᠡᠯᠡᠯᠭᠡ ᠲᠠᠯᠪᠢᠬᠤ ᠪᠠᠲᠤᠯᠠᠭᠠᠲᠤ ᠰᠢᠰᠲ᠋ᠧᠮ ᠢ ᠪᠠᠶᠢᠭᠤᠯᠤᠨ ᠪᠥᠷᠢᠨᠰᠢᠬᠦᠯᠵᠥ᠂ ᠲᠤᠰᠬᠠᠢ ᠲᠥᠷᠥᠯ ᠤᠨ ᠶᠠᠲᠠᠭᠤ ᠶᠢ ᠲᠡᠳᠬᠦᠬᠦ ᠪᠡᠯᠡ ᠮᠥᠡᠭᠭᠦ᠂ ᠮᠠᠯ ᠲᠠᠷᠢᠶᠠᠯᠠᠩ ᠳᠤ ᠬᠤᠯᠪᠤᠭᠲᠠᠭᠰᠠᠨ ᠪᠡᠯᠡ ᠮᠥᠡᠭᠭᠦ ᠶᠢ ᠴᠡᠭᠴᠡᠯᠡᠨ ᠠᠰᠢᠭᠯᠠᠵᠥ᠂ ᠪᠡᠯᠡ ᠮᠥᠡᠭᠭᠦ ᠶᠢᠨ ᠠᠰᠢᠭᠯᠠᠯᠲᠠ ᠶᠢᠨ ᠨᠤᠷᠮ᠎ᠠ ᠶᠢ ᠲᠡᠭᠡᠭᠰᠢᠯᠡᠬᠦᠯᠬᠦ ᠬᠡᠷᠡᠭᠲᠡᠢ᠃ ᠶᠠᠲᠠᠭᠤ ᠬᠥᠴᠢᠷᠲᠡᠯᠲᠡᠢ ᠭᠠᠵᠠᠷ ᠤᠷᠤᠨ ᠤ ᠺᠠᠳ᠋ᠷ ᠤᠯᠠᠨ ᠲᠥᠮᠡᠨ ᠳᠤ ᠤᠬᠠᠭᠤᠯᠭ᠎ᠠ᠂ ᠬᠥᠮᠥᠵᠢᠯ᠂ ᠪᠤᠯᠪᠠᠰᠤᠷᠠᠯ᠂ ᠵᠤᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠵᠥ᠂ ᠶᠠᠲᠠᠭᠤ ᠠᠴᠠ ᠠᠩᠭᠢᠵᠢᠷᠠᠬᠤ ᠢᠲᠡᠭᠡᠯ ᠵᠤᠷᠢᠭ ᠢ ᠨᠡᠮᠡᠭᠲᠡᠬᠦᠯᠬᠦ ᠬᠡᠷᠡᠭᠲᠡᠢ᠃ ᠥᠷᠭᠡᠨ ᠤᠯᠠᠨ ᠨᠠᠮ ᠤᠨ ᠬᠡᠰᠢᠬᠦᠨ ᠺᠠᠳ᠋ᠷ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠥ᠂ ᠵᠠᠪᠠᠯ ᠢᠯᠠᠯᠲᠠ ᠤᠯᠬᠤ ᠢᠲᠡᠭᠡᠯ ᠵᠤᠷᠢᠭ ᠢᠶᠠᠷ ᠶᠠᠲᠠᠭᠤ ᠠᠴᠠ ᠠᠩᠭᠢᠵᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠬᠡᠪᠡ᠃       ᠹᠥ᠋ ᠸᠠᠨ ᠬᠤᠢ ᠴᠢᠬᠤᠯᠠᠴᠢᠯᠠᠬᠤ ᠳᠠᠭᠠᠨ᠂ ᠶᠠᠲᠠᠭᠤ ᠶᠢ ᠲᠡᠳᠬᠦᠬᠦ ᠤᠨᠴᠠᠯᠢᠬᠲᠤ ᠠᠵᠤ ᠥᠢᠯᠡᠰ ᠢ ᠶᠡᠬᠡᠪᠡᠷ ᠬᠥᠭᠵᠢᠬᠦᠯᠵᠥ᠂ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠠ ᠶᠢᠨ ᠪᠥᠲᠥᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠥᠨᠵᠡᠭᠡᠶᠢᠷᠡᠬᠦᠯᠵᠥ᠂ ᠤᠲᠤ ᠥᠶ᠎ᠠ ᠶᠢᠨ ᠮᠠᠯ ᠠᠵᠤ ᠠᠬᠤᠢ ᠶᠢ ᠲᠥᠷᠭᠡᠨ ᠬᠥᠭᠵᠢᠬᠦᠯᠵᠥ᠂ ︽ᠬᠤᠨᠢ ᠶᠢ ᠴᠥᠭᠡᠴᠢᠯᠡᠵᠥ ᠥᠭᠡᠷ ᠮᠠᠯᠵᠢᠬᠤ︾ ᠪᠠᠶᠢᠯᠲᠤᠬᠤ ᠪᠤᠲᠤᠯᠭ᠎ᠠ ᠶᠢ ᠬᠥᠴᠥᠲᠡᠢ ᠬᠡᠷᠡᠭᠵᠢᠬᠦᠯᠵᠥ᠂ ᠬᠥᠴᠢᠷᠲᠡᠯᠲᠡᠢ ᠤᠯᠠᠨ ᠲᠥᠮᠡᠨ ᠢ ᠲᠠᠶᠢᠴᠢᠯᠠᠨ ᠶᠠᠲᠠᠭᠤ ᠠᠴᠠ ᠠᠩᠭᠢᠵᠢᠷᠠᠭᠤᠯᠬᠤ ᠬᠡᠷᠡᠭᠲᠡᠢ᠃ ᠵᠤᠭᠠᠴᠠᠯ ᠢᠶᠠᠷ ᠶᠠᠲᠠᠭᠤ ᠶᠢ ᠲᠡᠳᠬᠦᠬᠦ ᠶᠢ ᠢᠲᠡᠪᠬᠢᠲᠡᠢ ᠠᠬᠢᠭᠤᠯᠵᠥ᠂ ᠡᠯᠧᠺᠲᠷᠤᠨ ᠬᠤᠲᠠᠯᠲᠤᠭ᠎ᠠ ᠪᠠᠷ ᠶᠠᠲᠠᠭᠤ ᠶᠢ ᠲᠡᠳᠬᠦᠬᠦ ᠶᠢ ᠵᠤᠷᠢᠭᠵᠢᠭᠤᠯᠵᠥ᠂ ᠨᠡᠩ ᠤᠯᠠᠨ ᠮᠠᠯᠴᠢᠨ ᠲᠠᠷᠢᠶᠠᠴᠢᠨ ᠢ ᠲᠠᠶᠢᠴᠢᠯᠠᠵᠥ ᠶᠠᠲᠠᠭᠤ ᠠᠴᠠ ᠠᠩᠭᠢᠵᠢᠷᠠᠭᠤᠯᠵᠥ ᠴᠢᠨᠡᠭᠡᠯᠢᠭᠵᠢᠬᠦᠯᠬᠦ ᠬᠡᠷᠡᠭᠲᠡᠢ᠃ ᠨᠡᠬᠦᠯᠭᠡᠨ ᠰᠢᠯᠵᠢᠬᠦᠯᠵᠥ ᠶᠠᠲᠠᠭᠤ ᠠᠴᠠ ᠠᠩᠭᠢᠵᠢᠷᠠᠭᠤᠯᠬᠤ ᠠᠵᠢᠯ ᠢ ᠰᠠᠶᠢᠲᠤᠷ ᠬᠢᠵᠥ ᠂ ᠪᠤᠲᠠᠲᠤ ᠪᠠᠶᠢᠲᠠᠯ ᠳᠤᠨᠢ ᠵᠤᠬᠢᠴᠠᠭᠤᠯᠤᠨ ᠠᠵᠤ ᠥᠢᠯᠡᠰ ᠢ ᠬᠥᠭᠵᠢᠬᠦᠯᠵᠥ᠂ ᠥᠢᠯᠡᠳᠪᠤᠷᠢᠯᠡᠯ ᠢ ᠰᠠᠶᠢᠵᠢᠷᠠᠭᠤᠯᠬᠤ ᠬᠡᠷᠡᠭᠲᠡᠢ᠃ ᠠᠮᠢ ᠠᠬᠤᠢ ᠪᠤᠯᠤᠨ ᠠᠵᠤ ᠠᠬᠤᠢ ᠶᠢᠨ ᠥᠷ᠎ᠠ ᠠᠰᠢᠭ ᠲᠠᠢ ᠨᠢᠭᠡ ᠪᠥᠯᠥᠭ ᠤᠨᠴᠠᠯᠢᠬᠲᠤ ᠠᠵᠤ ᠥᠢᠯᠡᠰ ᠢ ᠬᠥᠭᠵᠢᠬᠦᠯᠵᠥ᠂ ᠬᠥᠴᠢᠷᠲᠡᠯᠲᠡᠢ ᠤᠯᠠᠨ ᠲᠥᠮᠡᠨ ᠢ ᠲᠠᠶᠢᠴᠢᠯᠠᠨ ᠶᠠᠲᠠᠭᠤ ᠠᠴᠠ ᠠᠩᠭᠢᠵᠢᠷᠠᠭᠤᠯᠬᠤ ᠬᠡᠷᠡᠭᠲᠡᠢ᠃ ᠭᠤᠤᠯᠲᠠᠯᠭ᠎ᠠ ᠲᠠᠢ ᠠᠷᠠᠳ ᠤᠨ ᠠᠮᠢᠲᠤᠷᠠᠯ ᠢ ᠪᠠᠲᠤᠯᠠᠬᠤ ᠢᠨᠵᠧᠨᠧᠷᠢᠩ ᠢ ᠰᠠᠶᠢᠲᠤᠷ ᠠᠳᠬᠤᠵᠥ᠂ ᠬᠥᠴᠢᠷᠲᠡᠯᠲᠡᠢ ᠤᠯᠠᠨ ᠲᠥᠮᠡᠨ ᠤ ᠠᠮᠢᠲᠤᠷᠠᠯ ᠢ ᠤᠯᠠᠨ ᠲᠠᠯ᠎ᠠ ᠠᠴᠠ ᠰᠠᠶᠢᠵᠢᠷᠠᠭᠤᠯᠬᠤ ᠬᠡᠷᠡᠭᠲᠡᠢ᠃ ᠰᠠᠭᠤᠷᠢ ᠲᠥᠭᠦᠭᠡᠷᠥᠮᠵᠢ ᠶᠢᠨ ᠲᠤᠲᠠᠭᠤᠲᠠᠯ ᠢ ᠲᠥᠷᠭᠡᠨ ᠨᠥᠬᠦᠪᠤᠷᠢᠯᠡᠵᠥ᠂ ᠬᠥᠴᠢᠷᠲᠡᠯᠲᠡᠢ ᠤᠯᠠᠨ ᠲᠥᠮᠡᠨ ᠤ ᠥᠢᠯᠡᠳᠪᠤᠷᠢᠯᠡᠯ ᠠᠮᠢᠲᠤᠷᠠᠯ ᠤᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠢ ᠬᠡᠪᠡ᠃       ᠠᠶᠢᠮᠠᠭ ᠤᠨ ᠲᠡᠳ᠋ ᠲᠠᠷᠤᠭ᠎ᠠ ᠥᠯᠵᠡᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ︽ᠪᠥᠬᠦ ᠠᠶᠢᠮᠠᠭ ᠤᠨ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠲᠡᠷᠢᠬᠦᠨ ᠤ ᠬᠠᠮᠲᠤ ᠨᠢᠭᠡᠴᠡ ᠪᠤᠯᠤᠨ ᠰᠠᠶᠢᠴᠤᠤᠯ ᠢ ᠰᠠᠶᠢᠰᠢᠶᠠᠨ ᠬᠥᠬᠢᠬᠦᠯᠬᠦ ᠲᠤᠬᠠᠢ ᠲᠤᠭᠲᠠᠭᠠᠯ︾ ᠢ ᠤᠡᠭᠰᠢᠨ ᠨᠡᠶᠢᠲᠡᠯᠡᠪᠡ᠃ ᠪᠥᠬᠦ ᠠᠶᠢᠮᠠᠭ ᠤᠨ 3 ᠬᠠᠮᠲᠤ ᠨᠢᠭᠡᠴᠡ᠂ 15 ᠬᠥᠮᠥᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠠᠶᠢᠰᠢᠶᠠᠯ ᠬᠥᠬᠢᠬᠦᠯᠥᠯ ᠢ ᠬᠥᠷᠲᠡᠵᠡᠢ᠃       ᠡᠯ᠎ᠠ ᠬᠤᠰᠢᠭᠤ ᠰᠢᠶᠠᠨ ᠬᠤᠲᠠ ︵ᠤᠷᠤᠨ︶ ᠶᠢᠨ ᠨᠠᠮ ᠤᠨ ᠬᠤᠷᠢᠶ᠎ᠠ ᠪᠤᠶᠤ ᠵᠠᠰᠠᠭ ᠤᠨ ᠤᠷᠲᠤᠨ ︵ᠬᠠᠮᠢᠶᠠᠷᠤᠯᠲᠠ ᠶᠢᠨ ᠵᠥᠪᠯᠡᠯ︶ ᠤ ᠭᠤᠤᠯ ᠤᠲᠤᠷᠢᠲᠤᠯᠭ᠎ᠠ᠂ ᠬᠤᠰᠢᠭᠤ ᠰᠢᠶᠠᠨ ᠤ ︵ᠬᠠᠮᠢᠶᠠᠷᠤᠯᠲᠠ ᠶᠢᠨ ᠵᠥᠪᠯᠡᠯ︶ ᠬᠤᠪᠢᠲᠠᠨ ᠬᠠᠮᠢᠶᠠᠷᠬᠤ ᠲᠡᠳ᠋ ᠲᠠᠷᠤᠭ᠎ᠠ ︵ᠡᠷᠬᠢᠯᠡᠭᠴᠢ︶᠂ ᠶᠠᠲᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ᠂ ᠠᠶᠢᠮᠠᠭ ᠤᠨ ᠡᠯ᠎ᠠ ᠰᠠᠯᠠᠭ᠎ᠠ ᠮᠥᠴᠢᠷ᠂ ᠵᠥᠪᠯᠡᠯ᠂ ᠠᠯᠪᠠᠨ ᠭᠡᠷ᠂ ᠲᠤᠪᠴᠢᠶ᠎ᠠ ᠪᠤᠯᠤᠨ ᠡᠯ᠎ᠠ ᠠᠷᠠᠳ ᠤᠨ ᠪᠥᠯᠬᠦᠮ᠂ ᠠᠵᠤ ᠠᠬᠤᠢᠢᠯᠠᠯ ᠠᠵᠢᠯ ᠥᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号