ᠰᠥᠨᠢᠳ ᠪᠠᠷᠠᠭᠤᠨ ᠬᠤᠰᠢᠭᠤᠨ ᠤ ᠰᠠᠩᠪᠤᠯᠠᠭ ᠰᠤᠮᠤ ᠨᠠᠮ ᠤᠨ ᠪᠠᠶᠢᠭᠤᠯᠤᠯᠲᠠ ᠪᠠ ᠶᠠᠲᠠᠭᠤ ᠠᠴᠠ | ᠠᠩᠭᠢᠵᠢᠷᠠᠭᠤᠯᠬᠤ ᠠᠵᠢᠯ ᠢ ᠤᠷᠭᠠᠨᠢᠭ ᠢᠶᠠᠷ ᠤᠶᠠᠯᠲᠤᠭᠤᠯᠵᠥ᠂ ᠪᠤᠲᠠᠲᠤ ᠪᠠᠶᠢᠲᠠᠯ ᠳᠠᠭᠠᠨ ᠵᠤᠬᠢᠴᠠᠭᠤᠯᠤᠨ | ᠵᠢᠷᠭᠤᠭᠠᠨ ᠵᠥᠢᠯ ᠤᠨ ᠲᠠᠭᠠᠭᠤᠯᠤᠨ ᠲᠠᠶᠢᠴᠢᠯᠠᠬᠤ ᠬᠡᠯᠪᠡᠷᠢ᠂ ᠶᠠᠲᠠᠭᠤ ᠠᠴᠠ ᠠᠩᠭᠢᠵᠢᠷᠠᠭᠤᠯᠬᠤ ᠠᠵᠢᠯ ᠢ ᠬᠥᠴᠥᠲᠠᠢ | ᠠᠬᠢᠭᠤᠯᠵᠥ᠂ ᠥᠡᠭᠭᠡᠷᠡᠬᠦ ᠵᠢᠯ 2 ᠭᠠᠴᠠᠭ᠎ᠠ ᠶᠢ ᠠᠮᠵᠢᠯᠲᠠᠲᠠᠢ ᠪᠠᠷ ᠶᠠᠲᠠᠭᠤ ᠠᠴᠠ ᠠᠩᠭᠢᠵᠢᠷᠠᠭᠤᠯᠤᠭᠰᠠᠨ ᠪᠠᠶᠢᠨ᠎ᠠ᠃ | ᠲᠤᠰ ᠰᠤᠮᠤ ︽ᠨᠢᠭᠡᠲᠥᠭᠡᠷ ᠱᠥᠵᠢ ᠲᠠᠭᠠᠭᠤᠯᠬᠤ︾ ᠭᠡᠯᠪᠡᠷᠢ ᠳᠤ᠂ 9 ᠨᠠᠮ ᠤᠨ ᠬᠡᠰᠢᠬᠦᠨ ᠤᠲᠤᠷᠢᠳᠬᠤ | ᠺᠠᠳ᠋ᠷ ᠢ ᠰᠤᠩᠭᠤᠨ᠂ ᠭᠠᠴᠠᠭᠠᠨ ᠤ ︽ᠨᠢᠭᠡᠲᠥᠭᠡᠷ ᠱᠥᠵᠢ︾ ᠶᠢᠨ ᠲᠤᠰᠢᠶᠠᠯ ᠢ ᠬᠠᠷᠢᠭᠤᠴᠠᠭᠤᠯᠵᠥ᠂ 9 ᠶᠠᠲᠠᠭᠤ ᠶᠢ | ᠲᠡᠳᠬᠦᠬᠦ ᠠᠵᠢᠯ ᠤᠨ ᠠᠩᠭᠢ ᠪᠠᠶᠢᠭᠤᠯᠵᠥ᠂ ᠤᠯᠠᠨ ᠲᠥᠮᠡᠨ ᠤ ᠬᠥᠴᠢᠷᠲᠡᠯ ᠪᠤᠯᠤᠨ ᠠᠰᠠᠭᠤᠲᠠᠯ ᠢ ᠨᠡᠶᠢᠲᠡ 225 | ᠬᠤᠪᠢ ᠰᠢᠢᠳᠪᠤᠷᠢᠯᠡᠪᠡ᠃ ︽ᠠᠵᠤ ᠥᠢᠯᠡᠰ ᠢᠶᠠᠷ ᠲᠠᠶᠢᠴᠢᠯᠠᠬᠤ︾ ᠭᠡᠯᠪᠡᠷᠢ ᠳᠤ ︽ᠰᠠᠩᠪᠤᠯᠠᠭ ᠰᠤᠮᠤ ᠶᠢᠨ | ᠰᠢᠯᠢᠲᠡᠭ ᠡᠬᠦᠯᠲᠡᠷ ᠤᠨ ᠥᠭᠡᠷ ᠮᠠᠯᠵᠢᠵᠥ ᠪᠤᠷᠲᠤᠨ ᠲᠠᠷᠭᠤᠯᠠᠭᠤᠯᠬᠤ ᠬᠤᠷᠰᠢᠶᠠᠵᠢᠯ︾ ᠢ ᠭᠤᠤᠯᠲᠠᠯᠭ᠎ᠠ ᠲᠠᠢ | ᠲᠡᠳᠬᠦᠵᠥ᠂ ᠴᠠᠭᠠᠨᠴᠢᠯᠠᠭᠤᠲᠤ ᠭᠠᠴᠠᠭ᠎ᠠ ᠥᠭᠡᠷ ᠢᠶᠠᠷ ᠪᠡᠯᠡ ᠤᠷᠤᠬᠤ ᠬᠡᠯᠪᠡᠷᠢ ᠪᠠᠷ ᠵᠢᠯ ᠪᠥᠷᠢ 4.5 ᠲᠥᠮᠡᠨ | ᠲᠥᠭᠦᠷᠢᠭ ᠤᠨ ᠶᠠᠲᠠᠭᠤ ᠶᠢ ᠲᠡᠳᠬᠦᠬᠦ ᠪᠡᠯᠡ ᠮᠥᠡᠭᠭᠦ ᠤᠯᠵᠥ ᠪᠤᠢ᠃ ︽ᠲᠥᠷᠥᠯ ᠵᠥᠢᠯ ᠢᠶᠠᠷ ᠲᠠᠶᠢᠴᠢᠯᠠᠬᠤ︾ | ᠭᠡᠯᠪᠡᠷᠢ ᠳᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ︽ᠲᠥᠭᠡᠮᠠᠯ ᠬᠠᠶᠢᠷ᠎ᠠ ᠶᠢᠨ ᠭᠡᠷ ᠤᠷᠤᠨ︾ | ᠵᠤᠭᠠᠴᠠᠯ ᠢᠶᠠᠷ ᠲᠤᠰᠠᠯᠠᠬᠤ ᠲᠥᠷᠥᠯ ᠵᠥᠢᠯ᠂ ︽ᠭᠤᠷᠪᠠ ᠶᠢ ᠭᠠᠴᠠᠭ᠎ᠠ ᠲᠤᠰᠬᠤᠨ ᠳᠤ ᠬᠥᠷᠭᠡᠵᠥ ᠭᠤᠷᠪᠠ ᠶᠢ | ᠡᠷᠥᠭᠡ ᠳᠤ ᠬᠥᠷᠭᠡᠬᠦ︾ ᠲᠥᠷᠥᠯ ᠵᠥᠢᠯ ᠪᠤᠯᠤᠨ ᠮᠠᠯ ᠲᠠᠷᠢᠶᠠᠯᠠᠩ ᠳᠤ ᠬᠤᠯᠪᠤᠭᠲᠠᠭᠰᠠᠨ ᠲᠥᠷᠥᠯ ᠵᠥᠢᠯ ᠢ | ᠢᠲᠡᠪᠬᠢᠲᠡᠢ ᠡᠷᠡᠮᠡᠯᠵᠡᠯᠡᠵᠥ᠂ 210 ᠬᠥᠴᠢᠷᠲᠡᠯᠲᠡᠢ ᠡᠷᠥᠭᠡ ᠶᠢᠨ 506 ᠬᠥᠮᠥᠨ ᠢ ᠲᠠᠭᠠᠭᠤᠯᠤᠨ ᠲᠠᠶᠢᠴᠢᠯᠠᠵᠥ᠂ | 2 ᠭᠠᠴᠠᠭ᠎ᠠ ᠶᠢ ᠠᠮᠵᠢᠯᠲᠠᠲᠠᠢ ᠪᠠᠷ ᠶᠠᠲᠠᠭᠤ ᠠᠴᠠ ᠠᠩᠭᠢᠵᠢᠷᠠᠭᠤᠯᠪᠠ᠃ ︽ᠡᠬᠢ ᠪᠠᠶᠠᠯᠢᠭ ᠢᠶᠠᠷ ᠲᠠᠶᠢᠴᠢᠯᠠᠬᠤ︾ | ᠭᠡᠯᠪᠡᠷᠢ ᠳᠤ ᠤᠯᠠᠭᠠᠨᠴᠠᠪ ᠬᠤᠲᠠ ᠶᠢᠨ ᠷᠥᠢ ᠲᠢᠶᠠᠨ ᠤᠲᠤ ᠥᠶ᠎ᠠ ᠶᠢᠨ ᠲᠠᠷᠢᠶᠠᠯᠠᠩ ᠠᠵᠤ ᠠᠬᠤᠢ ᠶᠢᠨ | ᠺᠤᠮᠫᠠᠨᠢ ᠲᠠᠢ ᠢᠲᠡᠪᠬᠢᠲᠡᠢ ᠪᠠᠷ ᠬᠤᠷᠰᠢᠨ᠂ ᠥᠨᠲᠤᠷ ᠤᠨᠠᠯᠲᠠᠲᠤ ᠪᠤᠷᠲᠤᠭᠠᠨ ᠰᠠᠭᠤᠷᠢᠨ ᠢᠶᠠᠷ ᠡᠬᠢ ᠪᠠᠶᠠᠯᠢᠭ | ᠪᠤᠯᠭᠠᠵᠥ᠂ ᠠᠵᠤ ᠠᠬᠤᠢᠢᠯᠠᠯ ᠨᠢ ᠲᠥᠷᠢᠶᠡᠰᠥᠯᠡᠬᠦ ᠬᠡᠯᠪᠡᠷᠢ ᠪᠠᠷ ᠨᠤᠭᠤᠭᠠᠨ ᠲᠠᠷᠤᠰᠢ ᠶᠢᠨ ᠡᠷᠲᠡᠨᠢ ᠰᠢᠰᠢ ᠲᠠᠷᠢᠵᠥ᠂ | ᠰᠢᠨᠡᠪᠤᠯᠠᠭ ᠭᠠᠴᠠᠭ᠎ᠠ ᠪᠤᠯᠤᠨ ᠡᠷᠲᠡᠨᠢᠲᠠᠯᠠ ᠭᠠᠴᠠᠭᠠᠨ ᠤ ᠶᠠᠲᠠᠭᠤ ᠡᠷᠥᠭᠡ ᠶᠢ ᠪᠥᠲᠥᠮᠵᠢᠲᠡᠢ ᠲᠡᠳᠬᠦᠵᠡᠢ᠃ ︽ | ᠨᠠᠮ ᠤᠨ ᠬᠡᠰᠢᠬᠦᠨ ᠭᠤᠤᠯᠯᠠᠬᠤ ᠡᠷᠥᠭᠡ ᠪᠠᠷ ᠲᠠᠶᠢᠴᠢᠯᠠᠬᠤ︾ ᠭᠡᠯᠪᠡᠷᠢ ᠳᠤ᠂ ᠨᠠᠮ ᠤᠨ ᠬᠡᠰᠢᠬᠦᠨ ᠭᠤᠤᠯᠯᠠᠬᠤ | ᠡᠷᠥᠭᠡ ᠶᠢᠨ ᠥᠢᠯᠡᠲᠥᠯ ᠢ ᠢᠲᠡᠪᠬᠢᠲᠡᠢ ᠪᠠᠲᠠᠷᠠᠭᠤᠯᠵᠥ᠂ ᠲᠥᠷᠥ ᠶᠢᠨ ᠪᠤᠲᠤᠯᠭ᠎ᠠ ᠶᠢ ᠤᠬᠠᠭᠤᠯᠬᠤ᠂ ᠲᠠᠩᠰᠠ | ᠪᠤᠲᠤᠨ ᠬᠥᠷᠥᠩᠭᠡ ᠠᠬᠤᠢᠢᠯᠠᠬᠤ᠂ ᠰᠤᠶᠤᠯ ᠲᠠᠮᠢᠷ ᠤᠨ ᠠᠵᠢᠯᠯᠠᠭ᠎ᠠ ᠶᠢ 45 ᠤᠲᠠᠭ᠎ᠠ ᠵᠤᠬᠢᠶᠠᠨ ᠪᠠᠶᠢᠭᠤᠯᠤᠨ | ᠥᠷᠨᠢᠬᠦᠯᠵᠥ᠂ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠢ 3 ᠬᠤᠭᠤᠴᠠᠭ᠎ᠠ ᠡᠷᠬᠢᠯᠡᠵᠥ᠂ ᠥᠪᠡᠷ ᠤᠨ | ᠬᠥᠴᠥ ᠪᠠᠷ ᠢᠶᠠᠨ ᠲᠡᠭᠵᠢᠷᠡᠬᠦ ᠳᠤ ᠮᠡᠷᠭᠡᠵᠢᠯ ᠤᠨ ᠰᠠᠭᠤᠷᠢ ᠲᠠᠯᠪᠢᠵᠠᠢ᠃ ︽ᠨᠠᠮ ᠤᠨ ᠬᠡᠰᠢᠬᠦᠨ ᠭᠤᠤᠯᠯᠠᠬᠤ ᠡᠷᠥᠭᠡ | + ᠶᠠᠲᠠᠭᠤ ᠬᠥᠴᠢᠷᠲᠡᠯᠲᠡᠢ ᠡᠷᠥᠭᠡ︾ ᠶᠢ ᠭᠡᠷᠡᠭᠵᠢᠭᠦᠯᠵᠦ᠂ ᠨᠠᠮ ᠤᠨ ᠬᠡᠰᠢᠬᠦᠨ ᠭᠤᠤᠯᠯᠠᠬᠤ ᠡᠷᠥᠭᠡ ᠪᠥᠷᠢ 2 | — 3 ᠬᠥᠴᠢᠷᠲᠡᠯᠲᠡᠢ ᠡᠷᠥᠭᠡ ᠶᠢ ᠲᠠᠶᠢᠴᠢᠯᠠᠬᠤ ᠶᠢ ᠱᠠᠭᠠᠷᠲᠠᠵᠥ᠂ ᠬᠠᠮᠲᠤᠪᠠᠷ ᠴᠢᠨᠡᠭᠡᠯᠢᠭᠵᠢᠯ ᠤᠨ ᠵᠠᠮ ᠢᠶᠠᠷ | ᠵᠠᠮᠨᠠᠬᠤ ᠶᠢ ᠵᠤᠷᠢᠬᠵᠢᠭᠤᠯᠵᠥ ᠪᠠᠶᠢᠨ᠎ᠠ᠃ ︽ᠬᠠᠮᠲᠤ ᠶᠢᠨ ᠠᠵᠤ ᠠᠬᠤᠢ ᠪᠠᠷ ᠲᠠᠶᠢᠴᠢᠯᠠᠬᠤ︾ ᠭᠡᠯᠪᠡᠷᠢ ᠳᠤ᠂ | ᠬᠠᠮᠲᠤ ᠶᠢᠨ ᠨᠤᠲᠤᠭ ᠪᠡᠯᠴᠢᠭᠡᠷ᠂ ᠮᠠᠯ ᠰᠥᠷᠥᠭ ᠪᠤᠯᠤᠨ ᠬᠤᠷᠰᠢᠶᠠᠵᠢᠯ ᠤᠨ ᠠᠰᠢᠭ ᠤᠯᠵᠠᠪᠤᠷᠢ ᠬᠤᠪᠢᠶᠠᠬᠤ ᠪᠠᠷ | ᠭᠤᠤᠯ ᠪᠤᠯᠭᠠᠵᠥ᠂ ᠬᠠᠮᠲᠤ ᠶᠢᠨ ᠠᠵᠤ ᠠᠬᠤᠢ ᠶᠢ ᠲᠠᠰᠤᠷᠠᠯᠲᠠ ᠥᠭᠡᠢ ᠪᠤᠵᠠᠭᠠᠢᠢᠷᠠᠭᠤᠯᠵᠥ᠂ ᠤᠲᠤᠬᠠᠨ ᠪᠤᠯᠲᠠᠯ᠎ᠠ | 9 ᠭᠠᠴᠠᠭᠠᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠪᠥᠷ 3 ᠲᠥᠮᠡᠨ ᠲᠥᠭᠦᠷᠢᠭ ᠠᠴᠠ ᠲᠡᠭᠡᠭᠰᠢ | ᠬᠥᠷᠥᠭᠰᠡᠨ ᠪᠥᠭᠡᠳ 3 ᠭᠠᠴᠠᠭᠠᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠨᠢ 8 ᠲᠥᠮᠡᠨ ᠲᠥᠭᠦᠷᠢᠭ ᠢ | ᠲᠠᠪᠠᠵᠥ᠂ ᠬᠥᠴᠢᠷᠲᠡᠯᠲᠡᠢ ᠡᠷᠥᠭᠡ ᠪᠠᠨ ᠲᠡᠳᠬᠦᠬᠦ ᠪᠡᠯᠡ ᠮᠥᠡᠭᠭᠦᠨ ᠤ ᠰᠠᠭᠤᠷᠢ ᠲᠠᠢ ᠪᠤᠯᠵᠠᠢ᠃ |