ᠪᠥᠬᠦ ᠵᠢᠯ ᠳᠤ 10 ᠳ᠋ᠥᠡᠭᠰᠢᠭᠤᠷ ᠲᠥᠭᠦᠷᠢᠭ ᠪᠡᠯᠡ ᠤᠷᠤᠭᠤᠯᠵᠥ ᠤᠨᠢᠨ ᠲᠡᠭᠡᠷ᠎ᠠ ᠨᠢ ᠲᠡᠳᠭᠦᠭᠦ ᠠᠷᠭ᠎ᠠ | ᠭᠡᠮᠵᠢᠶ᠎ᠡ ᠪᠠᠨ ᠴᠢᠩᠭᠠᠳᠬᠠᠵᠦ ᠡᠨᠡ ᠵᠢᠯ ᠮᠠᠨ ᠤ ᠠᠶᠢᠮᠠᠭ 5767 ᠬᠥᠮᠥᠨ ᠢ ᠶᠠᠲᠠᠭᠤ ᠠᠴᠠ ᠠᠩᠭᠢᠵᠢᠷᠠᠭᠤᠯᠤᠨ᠎ᠠ | | ᠤᠢᠢᠷ᠎ᠠ ᠶᠢᠨ ᠡᠲᠥᠷ ᠬᠤᠷᠠᠯᠳᠤᠭᠰᠠᠨ ᠪᠦᠬᠦ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠠᠵᠢᠯ ᠢ ᠠᠬᠢᠭᠤᠯᠬᠤ ᠬᠤᠷᠠᠯ ᠠᠴᠠ ᠤᠢᠢᠯᠠᠭᠠᠭᠰᠠᠨ ᠢᠶᠠᠷ᠂ 2017 ᠤᠨ ᠳᠤ ᠮᠠᠨ ᠤ ᠠᠶᠢᠮᠠᠭ ᠨᠡᠩ | ᠬᠥᠴᠥᠲᠡᠢ ᠠᠷᠭ᠎ᠠ ᠬᠡᠮᠵᠢᠶ᠎ᠠ ᠪᠠᠷ ᠤᠨᠢᠨ ᠳᠡᠭᠡᠷ᠎ᠠ ᠨᠢ ᠶᠠᠲᠠᠭᠤ ᠶᠢ ᠲᠡᠳᠬᠦᠵᠥ᠂ 10 ᠳ᠋ᠥᠡᠭᠰᠢᠭᠤᠷ ᠲᠥᠭᠦᠷᠢᠭ ᠤᠨ | ᠲᠤᠰᠬᠠᠢ ᠲᠥᠷᠥᠯ ᠤᠨ ᠪᠡᠯᠡ ᠤᠷᠤᠭᠤᠯᠵᠥ᠂ ᠤᠯᠤᠰ ᠤᠨ ᠶᠠᠳᠠᠭᠤ ᠬᠦᠴᠢᠷᠳᠡᠯᠳᠡᠢ ᠡᠷᠦᠬᠡ ᠶᠢᠨ ᠲᠠᠩᠰᠠᠨ ᠳᠤ | ᠪᠠᠶᠢᠭ᠎ᠠ 5767 ᠬᠦᠮᠦᠨ ᠢ ᠶᠠᠳᠠᠭᠤ ᠠᠴᠠ ᠠᠩᠬᠢᠵᠢᠷᠠᠭᠤᠯᠵᠤ᠂ ᠶᠠᠳᠠᠭᠤ ᠠᠴᠠ ᠠᠩᠬᠢᠵᠢᠷᠠᠭᠰᠠᠨ ᠬᠦᠮᠦᠨ | ᠠᠮᠠ ᠶᠢᠨ ᠠᠯᠪᠠᠨ ᠵᠢᠷᠦᠮ ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠬᠡ ᠪᠤᠯᠤᠨ ᠤᠷᠤᠨ ᠰᠠᠭᠤᠴᠠ ᠶᠢᠨ | ᠠᠮᠤᠷ ᠲᠥᠪᠰᠢᠨ ᠢ ᠪᠠᠲᠤᠯᠠᠬᠤ ᠪᠤᠯᠤᠨ᠎ᠠ᠃ | ᠪᠦᠬᠦ ᠠᠶᠢᠮᠠᠭ ᠤᠨ ᠶᠠᠳᠠᠭᠤ ᠶᠢ ᠲᠡᠳᠭᠦᠵᠤ ᠪᠤᠭᠤᠮᠳᠠ ᠰᠢᠪᠳᠤᠯᠬᠤ ᠠᠵᠢᠯ ᠢ ᠵᠤᠬᠢᠶᠠᠨ ᠪᠠᠶᠢᠭᠤᠯᠤᠨ | ᠤᠲᠤᠷᠢᠳᠬᠤ ᠲᠠᠯ᠎ᠠ ᠪᠠᠷ ᠤᠯᠠᠷᠢᠯ ᠪᠦᠷᠢ ᠨᠢᠭᠡ ᠤᠳᠠᠭᠠᠨ ᠤ ᠪᠦᠬᠦ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠭᠤᠤᠯᠳᠠᠯᠭ᠎ᠠ ᠲᠠᠢ ᠠᠵᠢᠯ ᠤᠨ ᠬᠤᠷᠠᠯ ᠬᠤᠷᠠᠯᠳᠤᠭᠤᠯᠵᠤ᠂ ᠬᠤᠶᠠᠷ ᠰᠠᠷ᠎ᠠ ᠳᠤ ᠨᠢᠭᠡ | ᠤᠳᠠᠭᠠᠨ ᠤ ᠵᠢᠯᠤᠭᠤᠳᠬᠤ ᠲᠦᠪ ᠪᠤᠯᠤᠨ ᠦᠪᠡᠷᠳᠡᠭᠡᠨ ᠵᠠᠰᠠᠬᠤ ᠤᠷᠤᠨ ᠤ ᠱᠠᠭᠠᠷᠳᠠᠨ ᠵᠢᠯᠤᠭᠤᠳᠬᠤ ᠲᠦᠪ ᠤᠨ | ᠬᠠᠷᠢᠯᠴᠠᠬᠤ ᠬᠤᠷᠠᠯ ᠬᠤᠷᠠᠯᠳᠤᠭᠤᠯᠵᠥ᠂ ᠠᠶᠢᠮᠠᠭ ᠤᠨ ᠶᠠᠳᠠᠭᠤ ᠶᠢ ᠲᠡᠳᠭᠦᠭᠦ ᠠᠯᠪᠠᠨ ᠭᠡᠷ ᠰᠠᠷ᠎ᠠ ᠪᠦᠷᠢ ᠡᠯ᠎ᠡ | ᠬᠤᠰᠢᠭᠤ ᠰᠢᠶᠠᠨ ᠬᠤᠳᠠ ᠶᠢᠨ ᠶᠠᠳᠠᠭᠤ ᠶᠢ ᠲᠡᠳᠭᠦᠭᠦ ᠠᠯᠪᠠᠨ ᠭᠡᠷ ᠲᠠᠢ ᠲᠤᠰᠬᠠᠢ ᠠᠵᠢᠯ ᠤᠨ ᠵᠤᠯᠭᠠᠯᠴᠠᠭ᠎ᠠ ᠬᠢᠵᠤ | ᠂ ᠬᠠᠮᠢᠶ᠎ᠠ ᠪᠦᠬᠦᠢ ᠠᠵᠢᠯ ᠤᠨ ᠲᠦᠷᠢᠮ ᠲᠤᠭᠳᠠᠭᠠᠯ ᠢ ᠲᠤᠭᠳᠠᠭᠠᠨ ᠪᠦᠷᠢᠨᠰᠢᠬᠦᠯᠤᠨ᠂ ᠦᠪᠡᠷᠳᠡᠭᠡᠨ ᠵᠠᠰᠠᠬᠤ ᠤᠷᠤᠨ | ᠪᠤᠯᠤᠨ ᠬᠠᠪᠰᠤᠷᠤᠨ ᠲᠡᠳᠬᠦᠬᠦ ᠪᠠᠶᠢᠭᠤᠯᠭ᠎ᠠ ᠶᠢᠨ ᠬᠠᠷᠢᠴᠠᠭ᠎ᠠ ᠶᠢ ᠵᠤᠬᠢᠴᠠᠭᠤᠯᠵᠥ᠂ ᠶᠠᠳᠠᠭᠤ ᠶᠢ ᠲᠡᠳᠭᠦᠭᠦ | ᠠᠵᠢᠯ ᠤᠨ ᠲᠤᠮᠳᠠᠬᠢ ᠬᠦᠴᠢᠷᠳᠡᠯ ᠪᠤᠯᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠤ᠂ ᠪᠦᠬᠦ ᠠᠶᠢᠮᠠᠭ ᠤᠨ | ᠶᠠᠳᠠᠭᠤ ᠶᠢ ᠲᠡᠳᠭᠦᠵᠤ ᠪᠤᠭᠤᠮᠳᠠ ᠰᠢᠪᠳᠤᠯᠬᠤ ᠠᠵᠢᠯ ᠢ ᠠᠬᠢᠭᠤᠯᠤᠨ᠎ᠠ᠃ | ᠪᠤᠲᠠᠲᠠᠢ ᠲᠡᠳᠬᠦᠨ ᠲᠡᠮᠵᠢᠬᠦ ᠲᠠᠯ᠎ᠠ ᠪᠠᠷ᠂ ᠡᠨᠡ ᠵᠢᠯ ᠮᠠᠨ ᠤ ᠠᠶᠢᠮᠠᠭ ᠶᠠᠳᠠᠭᠤ ᠶᠢ ᠲᠡᠳᠬᠦᠬᠦ ᠠᠵᠢᠯ ᠤᠨ ᠪᠡᠯᠡ | ᠤᠷᠤᠭᠤᠯᠤᠯᠳᠠ ᠪᠠᠨ ᠨᠡᠮᠡᠭᠳᠡᠬᠦᠯᠦᠨ᠂ ᠭᠤᠤᠯᠳᠠᠯᠭ᠎ᠠ ᠲᠠᠢ ᠶᠠᠳᠠᠭᠤ ᠶᠢ ᠲᠡᠳᠭᠦᠭᠦ ᠲᠦᠷᠦᠯ ᠵᠦᠢᠯ ᠢᠶᠠᠷ ᠲᠡᠪᠴᠡᠩ | ᠪᠤᠯᠭᠠᠵᠥ᠂ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠤᠭᠲᠠᠬᠤ ᠪᠡᠯᠡ ᠮᠦᠩᠬᠦ ᠶᠢ ᠨᠢᠬᠡᠳᠦᠯᠳᠡᠢ | ᠲᠦᠯᠦᠪᠵᠢᠬᠦᠯᠵᠤ᠂ ᠪᠥᠬᠦ ᠵᠢᠯ ᠳᠤ ᠨᠡᠶᠢᠳᠡ 10 ᠳ᠋ᠥ᠋ᠩᠰᠢᠭᠤᠷ ᠲᠦᠭᠦᠷᠢᠭ ᠤᠨ ᠡᠯ᠎ᠡ ᠵᠦᠢᠯ ᠤᠨ ᠲᠤᠰᠬᠠᠢ ᠲᠦᠷᠦᠯ | ᠵᠦᠢᠯ ᠤᠨ ᠪᠡᠯᠡ ᠮᠦᠩᠬᠦ ᠤᠷᠤᠭᠤᠯᠬᠤ ᠪᠠᠷ ᠲᠦᠯᠦᠪᠯᠡᠵᠤ ᠪᠠᠶᠢᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠭᠦᠭᠦ᠂ | ᠦᠢᠯᠡᠳᠪᠦᠷᠢᠯᠡᠯ ᠢ ᠬᠦᠭᠵᠢᠬᠦᠯᠬᠦ ᠳᠤ ᠲᠤᠬᠢᠷᠠᠮᠵᠢᠳᠠᠢ ᠭᠠᠵᠠᠷ ᠨᠡᠬᠦᠯᠬᠡᠨ ᠰᠢᠯᠵᠢᠬᠦᠯᠵᠤ ᠶᠠᠳᠠᠭᠤ ᠠᠴᠠ | ᠠᠩᠬᠢᠵᠢᠷᠠᠭᠤᠯᠬᠤ᠂ ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠭᠦᠭᠦ᠂ ᠴᠡᠭ ᠲᠤᠭᠳᠠᠭᠠᠨ ᠶᠠᠳᠠᠭᠤ ᠶᠢ ᠲᠡᠳᠭᠦᠭᠦ᠂ | ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠭᠦ᠂ ᠡᠷᠡᠬᠦᠯ ᠬᠠᠮᠠᠭᠠᠯᠠᠯ ᠢᠶᠠᠷ ᠶᠠᠳᠠᠭᠤ ᠶᠢ ᠲᠡᠳᠭᠦᠭᠦ᠂ ᠨᠡᠶᠢᠭᠡᠮ ᠠᠴᠠ | ᠶᠠᠳᠠᠭᠤ ᠶᠢ ᠲᠡᠳᠭᠦᠭᠦ ᠢᠨᠵᠧᠨᠧᠷᠢᠩ ᠵᠢᠴᠢ ᠬᠦᠳᠡᠯᠮᠦᠷᠢ ᠬᠦᠴᠦᠨ ᠢ ᠨᠡᠬᠦᠯᠬᠡᠨ ᠰᠢᠯᠵᠢᠬᠦᠯᠵᠤ ᠪᠤᠯᠪᠠᠰᠤᠷᠠᠯ | ᠬᠦᠷᠳᠡᠭᠡᠭᠦ ᠪᠤᠯᠤᠨ ᠨᠠᠷᠠᠨ ᠤ ᠡᠨᠧᠷᠬᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠭᠦᠭᠦ᠂ ᠵᠤᠭᠠᠴᠠᠯ ᠢᠶᠠᠷ | ᠶᠠᠳᠠᠭᠤ ᠶᠢ ᠲᠡᠳᠭᠦᠭᠦ᠂ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠭᠦᠭᠦ ᠵᠡᠷᠭᠡ ᠭᠤᠤᠯᠳᠠᠯᠭ᠎ᠠ ᠲᠠᠢ ᠲᠦᠷᠦᠯ | ᠵᠦᠢᠯ ᠢ ᠰᠠᠶᠢᠳᠤᠷ ᠬᠡᠷᠡᠭᠵᠢᠬᠦᠯᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠤᠮᠤ ᠳ᠋ᠡᠶᠢᠲ᠋ᠡ ᠪᠠᠶᠢᠭᠤᠯᠵᠥ᠂ | ᠶᠠᠲᠠᠭᠤ ᠠᠴᠠ ᠠᠩᠭᠢᠵᠢᠷᠠᠭᠤᠯᠬᠤ ᠰᠤᠷᠠᠭ ᠴᠢᠮᠡᠭᠡ ᠶᠢ ᠤᠨᠤᠪᠴᠢᠲᠠᠢ ᠡᠵᠡᠮᠰᠢᠬᠦ ᠪᠤᠯᠤᠨ᠎ᠠ᠃ ᠶᠠᠳᠠᠭᠤ ᠶᠢ ᠲᠡᠳᠭᠦᠭᠦ | ᠰᠢᠨ᠎ᠡ ᠬᠡᠯᠪᠡᠷᠢ ᠶᠢ ᠦᠷᠬᠦᠯᠵᠢᠯᠡᠨ ᠡᠷᠢᠯᠬᠢᠯᠡᠵᠤ᠂ ᠪᠡᠯᠡ ᠮᠦᠩᠬᠦ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠵᠥ᠂ | ᠠᠵᠤ ᠦᠢᠯᠡᠰ ᠢᠶᠠᠷ ᠲᠡᠳᠬᠦᠬᠦ ᠪᠠ ᠨᠡᠬᠦᠯᠬᠡᠨ ᠰᠢᠯᠵᠢᠬᠦᠯᠵᠤ ᠠᠵᠢᠯ ᠤᠯᠭᠤᠬᠤ ᠪᠠᠷ ᠲᠠᠮᠵᠢᠨ 3169 ᠬᠦᠮᠦᠨ ᠢ | ᠶᠠᠳᠠᠭᠤ ᠠᠴᠠ ᠠᠩᠬᠢᠵᠢᠷᠠᠭᠤᠯᠵᠥ᠂ ᠦᠢᠯᠡᠳᠪᠦᠷᠢᠯᠡᠯ ᠢ ᠬᠦᠭᠵᠢᠬᠦᠯᠬᠦ ᠳᠤ ᠲᠤᠬᠢᠷᠠᠮᠵᠢᠳᠠᠢ ᠭᠠᠵᠠᠷ ᠨᠡᠬᠦᠯᠬᠡᠨ | ᠰᠢᠯᠵᠢᠬᠦᠯᠵᠤ ᠶᠠᠳᠠᠭᠤ ᠠᠴᠠ ᠠᠩᠬᠢᠵᠢᠷᠠᠭᠤᠯᠬᠤ ᠪᠠᠷ ᠲᠠᠮᠵᠢᠭᠤᠯᠤᠨ 1615 ᠬᠦᠮᠦᠨ ᠢ ᠶᠠᠳᠠᠭᠤ ᠠᠴᠠ | ᠠᠩᠬᠢᠵᠢᠷᠠᠭᠤᠯᠵᠤ᠂ ᠠᠮᠢ ᠠᠬᠤᠢ ᠶᠢᠨ ᠨᠦᠬᠦᠪᠦᠷᠢ ᠤᠯᠭᠤᠬᠤ ᠪᠠᠷ ᠲᠠᠮᠵᠢᠭᠤᠯᠤᠨ 207 ᠬᠦᠮᠦᠨ ᠢ ᠶᠠᠳᠠᠭᠤ ᠠᠴᠠ | ᠠᠩᠬᠢᠵᠢᠷᠠᠭᠤᠯᠵᠤ᠂ ᠰᠤᠷᠭᠠᠨ ᠬᠦᠮᠦᠵᠢᠯ ᠢ ᠬᠦᠭᠵᠢᠬᠦᠯᠬᠦ ᠪᠠ ᠬᠠᠪᠰᠤᠷᠤᠨ ᠲᠡᠳᠭᠦᠭᠦ ᠪᠠᠷ ᠲᠠᠮᠵᠢᠭᠤᠯᠤᠨ 225 | ᠬᠦᠮᠦᠨ ᠢ ᠶᠠᠳᠠᠭᠤ ᠠᠴᠠ ᠠᠩᠬᠢᠵᠢᠷᠠᠭᠤᠯᠵᠤ᠂ 551 ᠬᠦᠮᠦᠨ ᠢ ᠨᠡᠶᠢᠭᠡᠮ ᠤᠨ ᠪᠠᠳᠤᠯᠠᠭ᠎ᠠ ᠪᠠᠷ ᠲᠠᠮᠵᠢᠭᠤᠯᠤᠨ | ᠶᠠᠳᠠᠭᠤ ᠠᠴᠠ ᠠᠩᠬᠢᠵᠢᠷᠠᠭᠤᠯᠤᠨ᠎ᠠ᠃ |