︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠡ ᠶᠢᠨ ᠰᠢᠨ᠎ᠠ ᠠᠮᠵᠢᠯᠳᠡ | ᠮᠠᠨ ᠤ ᠤᠯᠤᠰ ᠮᠤᠩᠭᠤᠯ ᠤᠯᠤᠰ ᠠᠴᠠ ᠪᠠᠶᠢᠡᠭᠭᠤ ᠶᠢᠨ ᠴᠢᠨᠠᠷᠳᠠᠢ ᠡᠪᠡᠰᠦ ᠤᠷᠤᠭᠤᠯᠬᠤ ᠪᠤᠯᠪᠠ | | 2 ᠳ᠋ᠤᠭᠠᠷ ᠰᠠᠷ᠎ᠠ ᠶᠢᠨ 24 ᠤ ᠡᠲᠤᠷ ᠤᠨ ᠦᠲᠡ ᠶᠢᠨ ᠬᠤᠶᠢᠨ᠎ᠠ ᠮᠤᠩᠭᠤᠯ ᠤᠨ ᠡᠪᠡᠰᠤ ᠶᠢ ᠳᠡᠭᠡᠭᠡᠭᠰᠡᠨ | 24 ᠲᠤᠮᠤ ᠠᠴᠢᠶᠠᠨ ᠤ ᠮᠠᠰᠢᠨ ᠠᠷᠢᠭᠤᠳᠬᠠᠯ᠂ ᠪᠠᠶᠢᠴᠠᠭᠠᠯᠲᠠ ᠵᠡᠷᠭᠡ ᠶᠠᠪᠤᠴᠠ ᠶᠢ ᠲᠠᠮᠵᠢᠨ ᠵᠡᠬᠦᠨ ᠦᠵᠦᠮᠦᠴᠢᠨ | ᠬᠤᠰᠢᠭᠤᠨ ᠤ ᠵᠡᠭᠦᠨ ᠬᠠᠲᠠᠪᠴᠢ ᠪᠤᠭᠤᠮᠲᠠ ᠪᠠᠷ ᠤᠷᠤᠵᠤ ᠢᠷᠡᠭᠡᠳ ᠪᠤᠭᠤᠮᠲᠠ ᠶᠢᠨ ᠠᠵᠢᠯᠲᠠᠳ ᠤᠨ | ᠲᠠᠭᠠᠭᠤᠯᠭ᠎ᠠ ᠪᠠᠷ ᠰᠢᠨ᠎ᠠ ᠪᠠᠷ ᠪᠠᠶᠢᠭᠤᠯᠤᠬᠳᠠᠵᠦ ᠠᠰᠢᠬᠯᠠᠯᠳᠡ ᠳᠤ ᠤᠷᠤᠬᠰᠠᠨ ᠬᠢᠯᠢ ᠪᠠᠷ ᠤᠷᠤᠬᠤ ᠠᠮᠢᠲᠠᠨ | ᠤᠷᠭᠤᠮᠠᠯ ᠤᠨ ᠬᠢᠵᠢᠭ ᠢ ᠪᠠᠶᠢᠴᠠᠭᠠᠵᠤ ᠰᠢᠢᠳᠪᠦᠷᠢᠯᠡᠬᠦ ᠬᠦᠮᠦᠷᠭᠡ ᠳᠤ ᠬᠦᠷᠴᠤ ᠪᠠᠶᠢᠭᠠᠯᠢ ᠶᠢᠨ ᠡᠪᠡᠰᠤ ᠶᠢ | ᠠᠷᠢᠭᠤᠳᠬᠠᠬᠤ ᠲᠠᠰᠤᠭ ᠲᠤ ᠤᠷᠤᠭᠤᠯᠵᠠᠢ᠃ ᠢᠢᠨᠬᠦ ᠮᠠᠨ ᠤ ᠣᠯᠣᠰ ᠮᠣᠩᠭᠤᠯ ᠣᠯᠣᠰ ᠠᠴᠠ ᠲᠡᠵᠢᠭᠡᠯ ᠡᠪᠡᠰᠣ | ᠣᠷᠣᠭᠤᠯᠬᠤ ᠠᠵᠢᠯ ᠣᠣᠯ ᠤᠨ ᠲᠦᠷ ᠴᠠᠭ ᠤᠨ ᠴᠢᠨᠠᠷᠳᠠᠢ ᠪᠠᠶᠢᠭᠰᠠᠨ ᠠᠴᠠ ᠪᠠᠨ ᠪᠠᠶᠢᠡᠭᠭᠤ ᠶᠢᠨ ᠴᠢᠨᠠᠷᠳᠠᠢ | ᠪᠣᠯᠣᠬᠰᠠᠨ ᠪᠠᠶᠢᠨ᠎ᠠ᠃ | ᠦᠢᠯᠠᠭᠠᠭᠰᠠᠨ ᠢᠶᠠᠷ᠂ ᠮᠠᠨ ᠤ ᠤᠯᠤᠰ ᠤᠨ ᠠᠩᠬᠠᠲᠠᠭᠴᠢ ᠬᠢᠯᠢ ᠪᠠᠷ ᠤᠷᠤᠬᠤ ᠠᠮᠢᠲᠠᠨ ᠤᠷᠭᠤᠮᠠᠯ ᠤᠨ | ᠬᠢᠵᠢᠭ ᠢ ᠪᠠᠶᠢᠴᠠᠭᠠᠵᠤ ᠰᠢᠢᠳᠪᠦᠷᠢᠯᠡᠬᠦ ᠬᠦᠮᠦᠷᠭᠡ ᠪᠤᠯᠤᠬᠰᠠᠨ ᠤ ᠬᠤᠪᠢ ᠳᠤ ᠵᠡᠬᠦᠨ ᠬᠠᠲᠠᠪᠴᠢ ᠪᠤᠭᠤᠮᠳᠠ ᠶᠢᠨ | ᠬᠢᠯᠢ ᠪᠠᠷ ᠤᠷᠤᠬᠤ ᠠᠮᠢᠲᠠᠨ ᠤᠷᠭᠤᠮᠠᠯ ᠤᠨ ᠬᠢᠵᠢᠭ ᠢ ᠪᠠᠶᠢᠴᠠᠭᠠᠵᠤ ᠰᠢᠢᠳᠪᠦᠷᠢᠯᠡᠬᠦ ᠬᠦᠮᠦᠷᠭᠡ ᠨᠢ ᠡᠮ ᠢᠶᠠᠷ | ᠠᠷᠢᠭᠤᠳᠬᠠᠬᠤ᠂ ᠨᠡᠪᠲᠡᠷᠡᠬᠦᠯᠬᠦ᠂ ᠲᠤᠯᠠᠭᠠᠨ᠂ ᠨᠢᠬᠲᠠᠴᠠ ᠶᠢ ᠰᠢᠯᠭᠠᠨ ᠪᠠᠶᠢᠴᠠᠭᠠᠵᠤ ᠴᠢᠲᠠᠬᠤ ᠪᠠᠷ ᠪᠠᠷᠠᠬᠤ ᠦᠬᠡᠢ | ᠰᠦᠯᠵᠢᠶ᠎ᠠ ᠪᠠᠷ ᠲᠠᠮᠵᠢᠨ ᠬᠢᠨᠠᠨ ᠡᠵᠡᠮᠲᠠᠵᠤ ᠴᠢᠲᠠᠬᠤ ᠵᠡᠷᠭᠡ ᠲᠠᠪᠠᠭᠤᠯᠢᠭ ᠲᠠᠢ᠂ ᠮᠦᠨᠴᠤ ᠲᠦᠯᠦᠪᠯᠡᠭᠡ ᠨᠢ | ᠲᠤᠬᠢᠷᠠᠮᠵᠢᠲᠠᠢ᠂ ᠰᠢᠰᠲ᠋ᠧᠮᠳᠤ ᠴᠢᠨᠠᠷ ᠬᠢᠬᠡᠳ ᠠᠰᠢᠭᠯᠠᠮᠵᠢᠲᠤ ᠴᠢᠨᠠᠷ ᠦᠨᠲᠤᠷ᠂ ᠮᠡᠷᠬᠡᠵᠢᠯ ᠲᠠᠪᠠᠭᠤᠯᠢᠭ᠂ | ᠪᠤᠬᠢᠷᠲᠤᠯ ᠦᠬᠡᠢ ᠠᠮᠤᠷ ᠲᠦᠪᠰᠢᠨ᠂ ᠵᠢᠱᠢᠶᠠᠴᠢ ᠦᠢᠯᠠᠲᠤᠯ ᠲᠠᠢ ᠤᠴᠢᠷ ᠠᠴᠠ ᠮᠠᠨ ᠤ ᠤᠯᠤᠰ ᠤᠨ ᠪᠤᠰᠤᠳ | ᠪᠤᠭᠤᠮᠲᠠ ᠪᠠᠷ ᠡᠪᠡᠰᠤ ᠪᠤᠷᠲᠤᠭ᠎ᠠ ᠶᠢ ᠤᠷᠤᠭᠤᠯᠵᠤ ᠭᠠᠷᠭᠠᠬᠤ ᠳᠤ ᠲᠤᠯᠢ ᠪᠤᠯᠬᠤ ᠶᠤᠮ᠃ | ᠮᠠᠨ ᠤ ᠠᠶᠢᠮᠠᠭ ᠤᠯᠤᠰ᠂ ᠦᠪᠡᠷᠲᠡᠭᠡᠨ ᠵᠠᠰᠠᠬᠤ ᠤᠷᠤᠨ ᠤ ᠤᠮᠠᠷᠠᠰᠢ ᠨᠡᠭᠡᠭᠡᠯᠳᠡ ᠬᠢᠬᠦ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠲᠠ ᠱᠠᠭᠠᠷᠲᠠᠯᠭ᠎ᠠ ᠶᠤᠰᠤᠭᠠᠷ᠂ ︽ᠨᠢᠭᠡ ᠪᠦᠰᠡ ᠨᠢᠭᠡ ᠵᠠᠮ︾ ᠤᠨ ᠪᠦᠲᠤᠭᠡᠨ | ᠪᠠᠶᠢᠭᠤᠯᠤᠯᠲᠠ ᠶᠢᠨ ᠲᠤᠭᠤᠷᠢᠨ ᠳᠤ᠂ ᠲᠤᠮᠲᠠᠲᠤ ᠮᠤᠩᠭᠤᠯ ᠬᠤᠶᠠᠷ ᠲᠠᠯ᠎ᠠ ᠶᠢᠨ ᠪᠤᠭᠤᠮᠲᠠ ᠶᠢᠨ ᠬᠠᠷᠢᠯᠴᠠᠭ᠎ᠠ ᠶᠢ | ᠤᠯᠠᠮ ᠨᠢᠬᠡ ᠠᠯᠬᠤᠮ ᠴᠢᠩᠭᠠᠳᠬᠠᠵᠤ᠂ ᠪᠤᠭᠤᠮᠲᠠ ᠶᠢᠨ ᠪᠦᠲᠤᠭᠡᠨ ᠪᠠᠶᠢᠭᠤᠯᠤᠯᠲᠠ ᠪᠤᠯᠤᠨ ᠤᠷᠤᠨ ᠲᠤᠭᠤᠷᠢᠭ ᠤᠨ | ᠠᠵᠤ ᠠᠬᠤᠢ ᠶᠢᠨ ᠬᠦᠭᠵᠢᠯᠲᠠ ᠶᠢ ᠪᠦᠬᠦ ᠬᠦᠴᠤᠨ ᠢᠶᠠᠷ ᠢᠶᠠᠨ ᠠᠬᠢᠭᠤᠯᠵᠤ᠂ ᠬᠤᠶᠠᠷ ᠲᠠᠯ᠎ᠠ ᠪᠠᠷ ᠢᠶᠠᠨ ᠮᠤᠩᠭᠤᠯ | ᠤᠯᠤᠰ ᠤᠨ ᠪᠠᠶᠢᠭᠠᠯᠢ ᠶᠢᠨ ᠡᠪᠡᠰᠤ ᠶᠢ ᠭᠠᠲᠠᠭᠠᠲᠤ ᠳᠤ ᠭᠠᠷᠭᠠᠬᠤ ᠠᠵᠢᠯ ᠢ ᠢᠲᠡᠪᠬᠢᠲᠠᠢ ᠠᠬᠢᠭᠤᠯᠵᠤ᠂ 2015 | ᠤᠨ ᠤ 11 ᠳ᠋ᠤᠬᠡᠷ ᠰᠠᠷ᠎ᠠ ᠶᠢᠨ 11 ᠤ ᠡᠳᠦᠷ ᠠᠴᠠ 2016 ᠤᠨ ᠤ 7 ᠳ᠋ᠤᠭᠠᠷ ᠰᠠᠷ᠎ᠡ ᠬᠦᠷᠲᠡᠯ᠎ᠡ | ᠪᠠᠶᠢᠭᠠᠯᠢ ᠶᠢᠨ ᠡᠪᠡᠰᠤ ᠶᠢ 6.3 ᠲᠦᠮᠡᠨ ᠲᠤᠨ ᠤᠷᠤᠭᠤᠯᠵᠠᠢ᠃ ᠲᠤᠰ ᠤᠳᠠᠭ᠎ᠠ ᠮᠤᠩᠭᠤᠯ ᠤᠯᠤᠰ ᠠᠴᠠ 700 | ᠭᠠᠷᠤᠢ ᠲᠤᠨ ᠪᠠᠶᠢᠭᠠᠯᠢ ᠶᠢᠨ ᠡᠪᠡᠰᠤ ᠤᠷᠤᠭᠤᠯᠵᠤ᠂ ᠡᠨᠡ ᠵᠢᠯ 20 ᠲᠦᠮᠡᠨ ᠲᠤᠨ ᠪᠠᠶᠢᠭᠠᠯᠢ ᠶᠢᠨ ᠡᠪᠡᠰᠤ | ᠤᠷᠤᠭᠤᠯᠬᠤ ᠪᠠᠷ ᠲᠦᠯᠦᠪᠯᠡᠵᠤ ᠪᠠᠶᠢᠨ᠎ᠠ᠃ ᠵᠡᠬᠦᠨ ᠬᠠᠲᠠᠪᠴᠢ ᠪᠤᠭᠤᠮᠲᠠ ᠨᠢ ᠲᠤᠮᠲᠠᠲᠤ ᠮᠤᠩᠭᠤᠯ ᠤᠯᠤᠰ ᠤᠨ | ᠡᠪᠡᠰᠤ ᠪᠤᠷᠲᠤᠭ᠎ᠠ ᠤᠷᠤᠭᠤᠯᠵᠤ ᠭᠠᠷᠭᠠᠬᠤ ᠲᠤᠭᠲᠠᠭᠰᠠᠨ ᠪᠤᠭᠤᠮᠲᠠ ᠶᠢᠨ ᠪᠠᠶᠢᠭᠤᠯᠤᠯᠳᠡ ᠶᠢ ᠠᠬᠢᠭᠤᠯᠵᠦ᠂ | ᠳᠡᠵᠢᠭᠡᠯ ᠡᠪᠡᠰᠤ ᠶᠢ ᠪᠤᠭᠤᠮᠲᠠ ᠪᠠᠷ ᠢᠯᠭᠤᠮ ᠤᠷᠤᠭᠰᠢᠲᠠᠢ ᠦᠩᠭᠡᠷᠡᠬᠦᠯᠬᠦ ᠶᠢᠨ ᠲᠤᠰᠠᠲᠠ ᠠᠷᠠᠯᠵᠢᠶᠠᠴᠢᠨ ᠤᠷᠢᠵᠤ | ᠂ ᠤᠷᠢᠳ ᠬᠤᠵᠢᠳ ᠦᠪᠦᠷ ᠮᠤᠩᠭᠤᠯ ᠤᠨ ᠡᠾᠧ ᠰᠢᠨ ᠶᠤᠸᠠᠨ ᠮᠤᠩᠭᠤᠯ ᠡᠪᠡᠰᠤ ᠦᠢᠵᠢᠭᠤᠯᠤᠯᠲᠠ ᠶᠢᠨ | ᠬᠢᠵᠠᠭᠠᠷᠲᠠᠢ ᠬᠠᠷᠢᠭᠤᠴᠠᠯᠭᠠᠲᠤ ᠺᠤᠮᠫᠠᠨᠢ ᠬᠢᠬᠡᠳ ᠪᠦᠷᠢᠲᠤ ᠰᠢᠨᠵᠢᠯᠡᠬᠦ ᠤᠬᠠᠭᠠᠨ ᠨᠡᠬᠡᠬᠡᠨ ᠬᠦᠭᠵᠢᠬᠦᠯᠤᠯᠲᠠ ᠶᠢᠨ | ᠬᠢᠵᠠᠭᠠᠷᠲᠤ ᠺᠤᠮᠫᠠᠨᠢ 1.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠡᠪᠡᠰᠤ ᠠᠷᠢᠭᠤᠳᠬᠠᠬᠤ ᠳᠤᠭᠤᠷᠢᠬ | ᠂ ᠬᠢᠯᠢ ᠪᠠᠷ ᠤᠷᠤᠬᠤ ᠠᠮᠢᠲᠠᠨ ᠤᠷᠭᠤᠮᠠᠯ ᠤᠨ ᠬᠢᠵᠢᠭ ᠢ ᠪᠠᠶᠢᠴᠠᠭᠠᠵᠤ ᠰᠢᠢᠳᠪᠦᠷᠢᠯᠡᠬᠦ ᠬᠦᠮᠦᠷᠭᠡ ᠪᠠᠶᠢᠭᠤᠯᠵᠤ | ᠠᠰᠢᠭᠯᠠᠯᠲᠠ ᠳᠤ ᠤᠷᠤᠭᠤᠯᠪᠠ᠃ | ᠵᠡᠬᠦᠨ ᠦᠵᠦᠮᠦᠴᠢᠨ ᠬᠤᠰᠢᠭᠤᠨ ᠤ ᠲᠡᠳ᠋ ᠲᠠᠷᠤᠭ᠎ᠠ ᠱᠤᠸᠠᠩ ᠪᠤᠤ ᠰᠤᠷᠪᠤᠯᠵᠢᠯᠠᠭ᠎ᠠ ᠬᠦᠯᠢᠶᠡᠬᠦ ᠳᠡᠭᠡᠨ᠄ ︽ | ᠦᠡᠭᠭᠡᠷᠡᠭᠰᠡᠨ ᠳᠤ ᠮᠠᠨ ᠤ ᠤᠯᠤᠰ ᠮᠤᠩᠭᠤᠯ ᠤᠯᠤᠰ ᠠᠴᠠ ᠡᠪᠡᠰᠤ ᠤᠷᠤᠭᠤᠯᠬᠤ ᠨᠢ ᠲᠦᠷ ᠴᠠᠭ ᠤᠨ ᠴᠢᠨᠠᠷᠳᠠᠢ | ᠪᠠᠶᠢᠭᠰᠠᠨ᠂ ᠤᠲᠤ ᠠᠴᠠ ᠡᠬᠢᠯᠡᠵᠤ ᠪᠠᠶᠢᠡᠭᠭᠤ ᠶᠢᠨ ᠴᠢᠨᠠᠷᠲᠠᠢ ᠪᠤᠯᠤᠭᠰᠠᠨ ᠠᠴᠠ ᠮᠠᠯᠴᠢᠳ ᠤᠨ ᠲᠡᠵᠢᠭᠡᠯ ᠡᠪᠡᠰᠤ | ᠬᠦᠷᠤᠯᠴᠠᠬᠦ᠋ᠢᠴᠡ ᠪᠡᠯᠡᠳᠭᠡᠵᠦ᠂ ᠮᠠᠯ ᠢᠶᠠᠨ ᠮᠡᠨᠳᠦ ᠤᠨᠳᠤᠷᠤᠭᠤᠯᠬᠤ ᠳᠤ ᠨᠡᠩ ᠰᠠᠶᠢᠨ ᠨᠦᠬᠦᠴᠡᠯ ᠬᠠᠨᠭ᠍ᠭᠠᠵᠤ | ᠦᠭᠬᠦ ᠪᠠᠷ ᠪᠠᠷᠠᠬᠤ ᠦᠬᠡᠢ ᠪᠤᠭᠤᠮᠲᠠ ᠶᠢᠨ ᠪᠦᠲᠤᠭᠡᠨ ᠪᠠᠶᠢᠭᠤᠯᠤᠯᠲᠠ ᠪᠤᠯᠤᠨ ᠤᠷᠤᠨ ᠲᠤᠭᠤᠷᠢᠭ ᠤᠨ ᠠᠵᠤ | ᠠᠬᠤᠢ ᠶᠢᠨ ᠬᠦᠭᠵᠢᠯᠲᠠ ᠶᠢ ᠠᠬᠢᠭᠤᠯᠵᠤ᠂ ᠤᠷᠤᠨ ᠨᠤᠲᠤᠭ ᠤᠨ ᠡᠪᠡᠰᠤᠨ ᠤ ᠠᠵᠤ ᠦᠢᠯᠡᠰ ᠢ ᠬᠦᠭᠵᠢᠬᠦᠯᠵᠤ | ᠴᠢᠲᠠᠨ᠎ᠠ︾ ᠬᠡᠯ᠎ᠠ᠃ |