ᠰᠠᠩᠪᠤᠯᠠᠭ ᠰᠤᠮᠤ ᠵᠢᠷᠭᠤᠭᠠᠨ ᠵᠤᠶᠢᠯ ᠤᠨ ᠳᠠᠶᠢᠴᠢᠯᠠᠨ ᠳᠠᠭᠠᠭᠤᠯᠬᠤ ᠬᠡᠯᠪᠡᠷᠢ ᠪᠠᠷ ᠶᠠᠳᠠᠭᠤ ᠶᠢ ᠳᠡᠳᠬᠦᠪᠡ
ᠨᠡᠶᠢᠲᠡᠯᠡᠭᠰᠡᠨ ᠴᠠᠭ᠄
2017/3/1
    ᠰᠥᠨᠢᠳ ᠪᠠᠷᠠᠭᠤᠨ ᠬᠤᠰᠢᠭᠤᠨ ᠤ ᠰᠠᠩᠪᠤᠯᠠᠭ ᠰᠤᠮᠤ ᠨᠠᠮ ᠤᠨ ᠪᠠᠶᠢᠭᠤᠯᠤᠯᠲᠠ ᠪᠠ ᠶᠠᠲᠠᠭᠤ ᠠᠴᠠ ᠠᠩᠭᠢᠵᠢᠷᠠᠭᠤᠯᠬᠤ ᠠᠵᠢᠯ ᠢ ᠤᠷᠭᠠᠨᠢᠭ ᠢᠶᠠᠷ ᠤᠶᠠᠯᠲᠤᠭᠤᠯᠵᠥ᠂ ᠪᠤᠲᠠᠲᠤ ᠪᠠᠶᠢᠲᠠᠯ ᠳᠠᠭᠠᠨ ᠵᠤᠬᠢᠴᠠᠭᠤᠯᠤᠨ ᠵᠢᠷᠭᠤᠭᠠᠨ ᠵᠥᠢᠯ ᠤᠨ ᠲᠠᠭᠠᠭᠤᠯᠤᠨ ᠲᠠᠶᠢᠴᠢᠯᠠᠬᠤ ᠬᠡᠯᠪᠡᠷᠢ᠂ ᠶᠠᠲᠠᠭᠤ ᠠᠴᠠ ᠠᠩᠭᠢᠵᠢᠷᠠᠭᠤᠯᠬᠤ ᠠᠵᠢᠯ ᠢ ᠬᠥᠴᠥᠲᠠᠢ ᠠᠬᠢᠭᠤᠯᠵᠥ᠂ ᠥᠡᠭᠭᠡᠷᠡᠬᠦ ᠵᠢᠯ 2 ᠭᠠᠴᠠᠭ᠎ᠠ ᠶᠢ ᠠᠮᠵᠢᠯᠲᠠᠲᠠᠢ ᠪᠠᠷ ᠶᠠᠲᠠᠭᠤ ᠠᠴᠠ ᠠᠩᠭᠢᠵᠢᠷᠠᠭᠤᠯᠤᠭᠰᠠᠨ ᠪᠠᠶᠢᠨ᠎ᠠ᠃     ᠲᠤᠰ ᠰᠤᠮᠤ ︽ᠨᠢᠭᠡᠲᠥᠭᠡᠷ ᠱᠥᠵᠢ ᠲᠠᠭᠠᠭᠤᠯᠬᠤ︾ ᠭᠡᠯᠪᠡᠷᠢ ᠳᠤ᠂ 9 ᠨᠠᠮ ᠤᠨ ᠬᠡᠰᠢᠬᠦᠨ ᠤᠲᠤᠷᠢᠳᠬᠤ ᠺᠠᠳ᠋ᠷ ᠢ ᠰᠤᠩᠭᠤᠨ᠂ ᠭᠠᠴᠠᠭᠠᠨ ᠤ ︽ᠨᠢᠭᠡᠲᠥᠭᠡᠷ ᠱᠥᠵᠢ︾ ᠶᠢᠨ ᠲᠤᠰᠢᠶᠠᠯ ᠢ ᠬᠠᠷᠢᠭᠤᠴᠠᠭᠤᠯᠵᠥ᠂ 9 ᠶᠠᠲᠠᠭᠤ ᠶᠢ ᠲᠡᠳᠬᠦᠬᠦ ᠠᠵᠢᠯ ᠤᠨ ᠠᠩᠭᠢ ᠪᠠᠶᠢᠭᠤᠯᠵᠥ᠂ ᠤᠯᠠᠨ ᠲᠥᠮᠡᠨ ᠤ ᠬᠥᠴᠢᠷᠲᠡᠯ ᠪᠤᠯᠤᠨ ᠠᠰᠠᠭᠤᠲᠠᠯ ᠢ ᠨᠡᠶᠢᠲᠡ 225 ᠬᠤᠪᠢ ᠰᠢᠢᠳᠪᠤᠷᠢᠯᠡᠪᠡ᠃ ︽ᠠᠵᠤ ᠥᠢᠯᠡᠰ ᠢᠶᠠᠷ ᠲᠠᠶᠢᠴᠢᠯᠠᠬᠤ︾ ᠭᠡᠯᠪᠡᠷᠢ ᠳᠤ ︽ᠰᠠᠩᠪᠤᠯᠠᠭ ᠰᠤᠮᠤ ᠶᠢᠨ ᠰᠢᠯᠢᠲᠡᠭ ᠡᠬᠦᠯᠲᠡᠷ ᠤᠨ ᠥᠭᠡᠷ ᠮᠠᠯᠵᠢᠵᠥ ᠪᠤᠷᠲᠤᠨ ᠲᠠᠷᠭᠤᠯᠠᠭᠤᠯᠬᠤ ᠬᠤᠷᠰᠢᠶᠠᠵᠢᠯ︾ ᠢ ᠭᠤᠤᠯᠲᠠᠯᠭ᠎ᠠ ᠲᠠᠢ ᠲᠡᠳᠬᠦᠵᠥ᠂ ᠴᠠᠭᠠᠨᠴᠢᠯᠠᠭᠤᠲᠤ ᠭᠠᠴᠠᠭ᠎ᠠ ᠥᠭᠡᠷ ᠢᠶᠠᠷ ᠪᠡᠯᠡ ᠤᠷᠤᠬᠤ ᠬᠡᠯᠪᠡᠷᠢ ᠪᠠᠷ ᠵᠢᠯ ᠪᠥᠷᠢ 4.5 ᠲᠥᠮᠡᠨ ᠲᠥᠭᠦᠷᠢᠭ ᠤᠨ ᠶᠠᠲᠠᠭᠤ ᠶᠢ ᠲᠡᠳᠬᠦᠬᠦ ᠪᠡᠯᠡ ᠮᠥᠡᠭᠭᠦ ᠤᠯᠵᠥ ᠪᠤᠢ᠃ ︽ᠲᠥᠷᠥᠯ ᠵᠥᠢᠯ ᠢᠶᠠᠷ ᠲᠠᠶᠢᠴᠢᠯᠠᠬᠤ︾ ᠭᠡᠯᠪᠡᠷᠢ ᠳᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ︽ᠲᠥᠭᠡᠮᠠᠯ ᠬᠠᠶᠢᠷ᠎ᠠ ᠶᠢᠨ ᠭᠡᠷ ᠤᠷᠤᠨ︾ ᠵᠤᠭᠠᠴᠠᠯ ᠢᠶᠠᠷ ᠲᠤᠰᠠᠯᠠᠬᠤ ᠲᠥᠷᠥᠯ ᠵᠥᠢᠯ᠂ ︽ᠭᠤᠷᠪᠠ ᠶᠢ ᠭᠠᠴᠠᠭ᠎ᠠ ᠲᠤᠰᠬᠤᠨ ᠳᠤ ᠬᠥᠷᠭᠡᠵᠥ ᠭᠤᠷᠪᠠ ᠶᠢ ᠡᠷᠥᠭᠡ ᠳᠤ ᠬᠥᠷᠭᠡᠬᠦ︾ ᠲᠥᠷᠥᠯ ᠵᠥᠢᠯ ᠪᠤᠯᠤᠨ ᠮᠠᠯ ᠲᠠᠷᠢᠶᠠᠯᠠᠩ ᠳᠤ ᠬᠤᠯᠪᠤᠭᠲᠠᠭᠰᠠᠨ ᠲᠥᠷᠥᠯ ᠵᠥᠢᠯ ᠢ ᠢᠲᠡᠪᠬᠢᠲᠡᠢ ᠡᠷᠡᠮᠡᠯᠵᠡᠯᠡᠵᠥ᠂ 210 ᠬᠥᠴᠢᠷᠲᠡᠯᠲᠡᠢ ᠡᠷᠥᠭᠡ ᠶᠢᠨ 506 ᠬᠥᠮᠥᠨ ᠢ ᠲᠠᠭᠠᠭᠤᠯᠤᠨ ᠲᠠᠶᠢᠴᠢᠯᠠᠵᠥ᠂ 2 ᠭᠠᠴᠠᠭ᠎ᠠ ᠶᠢ ᠠᠮᠵᠢᠯᠲᠠᠲᠠᠢ ᠪᠠᠷ ᠶᠠᠲᠠᠭᠤ ᠠᠴᠠ ᠠᠩᠭᠢᠵᠢᠷᠠᠭᠤᠯᠪᠠ᠃ ︽ᠡᠬᠢ ᠪᠠᠶᠠᠯᠢᠭ ᠢᠶᠠᠷ ᠲᠠᠶᠢᠴᠢᠯᠠᠬᠤ︾ ᠭᠡᠯᠪᠡᠷᠢ ᠳᠤ ᠤᠯᠠᠭᠠᠨᠴᠠᠪ ᠬᠤᠲᠠ ᠶᠢᠨ ᠷᠥᠢ ᠲᠢᠶᠠᠨ ᠤᠲᠤ ᠥᠶ᠎ᠠ ᠶᠢᠨ ᠲᠠᠷᠢᠶᠠᠯᠠᠩ ᠠᠵᠤ ᠠᠬᠤᠢ ᠶᠢᠨ ᠺᠤᠮᠫᠠᠨᠢ ᠲᠠᠢ ᠢᠲᠡᠪᠬᠢᠲᠡᠢ ᠪᠠᠷ ᠬᠤᠷᠰᠢᠨ᠂ ᠥᠨᠲᠤᠷ ᠤᠨᠠᠯᠲᠠᠲᠤ ᠪᠤᠷᠲᠤᠭᠠᠨ ᠰᠠᠭᠤᠷᠢᠨ ᠢᠶᠠᠷ ᠡᠬᠢ ᠪᠠᠶᠠᠯᠢᠭ ᠪᠤᠯᠭᠠᠵᠥ᠂ ᠠᠵᠤ ᠠᠬᠤᠢᠢᠯᠠᠯ ᠨᠢ ᠲᠥᠷᠢᠶᠡᠰᠥᠯᠡᠬᠦ ᠬᠡᠯᠪᠡᠷᠢ ᠪᠠᠷ ᠨᠤᠭᠤᠭᠠᠨ ᠲᠠᠷᠤᠰᠢ ᠶᠢᠨ ᠡᠷᠲᠡᠨᠢ ᠰᠢᠰᠢ ᠲᠠᠷᠢᠵᠥ᠂ ᠰᠢᠨᠡᠪᠤᠯᠠᠭ ᠭᠠᠴᠠᠭ᠎ᠠ ᠪᠤᠯᠤᠨ ᠡᠷᠲᠡᠨᠢᠲᠠᠯ᠎ᠠ ᠭᠠᠴᠠᠭᠠᠨ ᠤ ᠶᠠᠲᠠᠭᠤ ᠡᠷᠥᠭᠡ ᠶᠢ ᠪᠥᠲᠥᠮᠵᠢᠲᠡᠢ ᠲᠡᠳᠬᠦᠵᠡᠢ᠃ ︽ᠨᠠᠮ ᠤᠨ ᠬᠡᠰᠢᠬᠦᠨ ᠭᠤᠤᠯᠯᠠᠬᠤ ᠡᠷᠥᠭᠡ ᠪᠠᠷ ᠲᠠᠶᠢᠴᠢᠯᠠᠬᠤ︾ ᠭᠡᠯᠪᠡᠷᠢ ᠳᠤ᠂ ᠨᠠᠮ ᠤᠨ ᠬᠡᠰᠢᠬᠦᠨ ᠭᠤᠤᠯᠯᠠᠬᠤ ᠡᠷᠥᠭᠡ ᠶᠢᠨ ᠥᠢᠯᠡᠲᠥᠯ ᠢ ᠢᠲᠡᠪᠬᠢᠲᠡᠢ ᠪᠠᠲᠠᠷᠠᠭᠤᠯᠵᠥ᠂ ᠲᠥᠷᠥ ᠶᠢᠨ ᠪᠤᠲᠤᠯᠭ᠎ᠠ ᠶᠢ ᠤᠬᠠᠭᠤᠯᠬᠤ᠂ ᠲᠠᠩᠰᠠ ᠪᠤᠲᠤᠨ ᠬᠥᠷᠥᠩᠭᠡ ᠠᠬᠤᠢᠢᠯᠠᠬᠤ᠂ ᠰᠤᠶᠤᠯ ᠲᠠᠮᠢᠷ ᠤᠨ ᠠᠵᠢᠯᠯᠠᠭ᠎ᠠ ᠶᠢ 45 ᠤᠲᠠᠭ᠎ᠠ ᠵᠤᠬᠢᠶᠠᠨ ᠪᠠᠶᠢᠭᠤᠯᠤᠨ ᠥᠷᠨᠢᠬᠦᠯᠵᠥ᠂ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠢ 3 ᠬᠤᠭᠤᠴᠠᠭ᠎ᠠ ᠡᠷᠬᠢᠯᠡᠵᠥ᠂ ᠥᠪᠡᠷ ᠤᠨ ᠬᠥᠴᠥ ᠪᠠᠷ ᠢᠶᠠᠨ ᠲᠡᠭᠵᠢᠷᠡᠬᠦ ᠳᠤ ᠮᠡᠷᠭᠡᠵᠢᠯ ᠤᠨ ᠰᠠᠭᠤᠷᠢ ᠲᠠᠯᠪᠢᠵᠠᠢ᠃ ︽ᠨᠠᠮ ᠤᠨ ᠬᠡᠰᠢᠬᠦᠨ ᠭᠤᠤᠯᠯᠠᠬᠤ ᠡᠷᠥᠭᠡ + ᠶᠠᠲᠠᠭᠤ ᠬᠥᠴᠢᠷᠲᠡᠯᠲᠡᠢ ᠡᠷᠥᠭᠡ︾ ᠶᠢ ᠭᠡᠷᠡᠭᠵᠢᠭᠦᠯᠵᠦ᠂ ᠨᠠᠮ ᠤᠨ ᠬᠡᠰᠢᠬᠦᠨ ᠭᠤᠤᠯᠯᠠᠬᠤ ᠡᠷᠥᠭᠡ ᠪᠥᠷᠢ 2 — 3 ᠬᠥᠴᠢᠷᠲᠡᠯᠲᠡᠢ ᠡᠷᠥᠭᠡ ᠶᠢ ᠲᠠᠶᠢᠴᠢᠯᠠᠬᠤ ᠶᠢ ᠱᠠᠭᠠᠷᠲᠠᠵᠥ᠂ ᠬᠠᠮᠲᠤᠪᠠᠷ ᠴᠢᠨᠡᠭᠡᠯᠢᠭᠵᠢᠯ ᠤᠨ ᠵᠠᠮ ᠢᠶᠠᠷ ᠵᠠᠮᠨᠠᠬᠤ ᠶᠢ ᠵᠤᠷᠢᠬᠵᠢᠭᠤᠯᠵᠥ ᠪᠠᠶᠢᠨ᠎ᠠ᠃ ︽ᠬᠠᠮᠲᠤ ᠶᠢᠨ ᠠᠵᠤ ᠠᠬᠤᠢ ᠪᠠᠷ ᠲᠠᠶᠢᠴᠢᠯᠠᠬᠤ︾ ᠭᠡᠯᠪᠡᠷᠢ ᠳᠤ᠂ ᠬᠠᠮᠲᠤ ᠶᠢᠨ ᠨᠤᠲᠤᠭ ᠪᠡᠯᠴᠢᠭᠡᠷ᠂ ᠮᠠᠯ ᠰᠥᠷᠥᠭ ᠪᠤᠯᠤᠨ ᠬᠤᠷᠰᠢᠶᠠᠵᠢᠯ ᠤᠨ ᠠᠰᠢᠭ ᠤᠯᠵᠠᠪᠤᠷᠢ ᠬᠤᠪᠢᠶᠠᠬᠤ ᠪᠠᠷ ᠭᠤᠤᠯ ᠪᠤᠯᠭᠠᠵᠥ᠂ ᠬᠠᠮᠲᠤ ᠶᠢᠨ ᠠᠵᠤ ᠠᠬᠤᠢ ᠶᠢ ᠲᠠᠰᠤᠷᠠᠯᠲᠠ ᠥᠭᠡᠢ ᠪᠤᠵᠠᠭᠠᠢᠢᠷᠠᠭᠤᠯᠵᠥ᠂ ᠤᠲᠤᠬᠠᠨ ᠪᠤᠯᠲᠠᠯ᠎ᠠ 9 ᠭᠠᠴᠠᠭᠠᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠪᠥᠷ 3 ᠲᠥᠮᠡᠨ ᠲᠥᠭᠦᠷᠢᠭ ᠠᠴᠠ ᠲᠡᠭᠡᠭᠰᠢ ᠬᠥᠷᠥᠭᠰᠡᠨ ᠪᠥᠭᠡᠳ 3 ᠭᠠᠴᠠᠭᠠᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠨᠢ 8 ᠲᠥᠮᠡᠨ ᠲᠥᠭᠦᠷᠢᠭ ᠢ ᠲᠠᠪᠠᠵᠥ᠂ ᠬᠥᠴᠢᠷᠲᠡᠯᠲᠡᠢ ᠡᠷᠥᠭᠡ ᠪᠠᠨ ᠲᠡᠳᠬᠦᠬᠦ ᠪᠡᠯᠡ ᠮᠥᠡᠭᠭᠦᠨ ᠤ ᠰᠠᠭᠤᠷᠢ ᠲᠠᠢ ᠪᠤᠯᠵᠠᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号