ᠡᠨᠡ ᠵᠢᠯ ᠮᠠᠨ ᠤ ᠠᠶᠢᠮᠠᠭ 5767 ᠬᠥᠮᠥᠨ ᠢ ᠶᠠᠲᠠᠭᠤ ᠠᠴᠠ ᠠᠩᠭᠢᠵᠢᠷᠠᠭᠤᠯᠤᠨ᠎ᠠ
ᠨᠡᠶᠢᠲᠡᠯᠡᠭᠰᠡᠨ ᠴᠠᠭ᠄
2017-03-01
    ᠪᠥᠬᠦ ᠵᠢᠯ ᠳᠤ 10 ᠳ᠋ᠥᠡᠭᠰᠢᠭᠤᠷ ᠲᠥᠭᠦᠷᠢᠭ ᠪᠡᠯᠡ ᠤᠷᠤᠭᠤᠯᠵᠥ ᠤᠨᠢᠨ ᠲᠡᠭᠡᠷ᠎ᠠ ᠨᠢ ᠲᠡᠳᠭᠦᠭᠦ ᠠᠷᠭ᠎ᠠ ᠭᠡᠮᠵᠢᠶ᠎ᠡ ᠪᠠᠨ ᠴᠢᠩᠭᠠᠳᠬᠠᠵᠦ ᠡᠨᠡ ᠵᠢᠯ ᠮᠠᠨ ᠤ ᠠᠶᠢᠮᠠᠭ 5767 ᠬᠥᠮᠥᠨ ᠢ ᠶᠠᠲᠠᠭᠤ ᠠᠴᠠ ᠠᠩᠭᠢᠵᠢᠷᠠᠭᠤᠯᠤᠨ᠎ᠠ     ᠤᠢᠢᠷ᠎ᠠ ᠶᠢᠨ ᠡᠲᠥᠷ ᠬᠤᠷᠠᠯᠳᠤᠭᠰᠠᠨ ᠪᠦᠬᠦ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠠᠬᠢᠭᠤᠯᠬᠤ ᠬᠤᠷᠠᠯ ᠠᠴᠠ ᠤᠢᠢᠯᠠᠭᠠᠭᠰᠠᠨ ᠢᠶᠠᠷ᠂ 2017 ᠤᠨ ᠳᠤ ᠮᠠᠨ ᠤ ᠠᠶᠢᠮᠠᠭ ᠨᠡᠩ ᠬᠥᠴᠥᠲᠡᠢ ᠠᠷᠭ᠎ᠠ ᠬᠡᠮᠵᠢᠶ᠎ᠠ ᠪᠠᠷ ᠤᠨᠢᠨ ᠳᠡᠭᠡᠷ᠎ᠠ ᠨᠢ ᠶᠠᠲᠠᠭᠤ ᠶᠢ ᠲᠡᠳᠬᠦᠵᠥ᠂ 10 ᠳ᠋ᠥᠡᠭᠰᠢᠭᠤᠷ ᠲᠥᠭᠦᠷᠢᠭ ᠤᠨ ᠲᠤᠰᠬᠠᠢ ᠲᠥᠷᠥᠯ ᠤᠨ ᠪᠡᠯᠡ ᠤᠷᠤᠭᠤᠯᠵᠥ᠂ ᠤᠯᠤᠰ ᠤᠨ ᠶᠠᠳᠠᠭᠤ ᠬᠦᠴᠢᠷᠳᠡᠯᠳᠡᠢ ᠡᠷᠦᠬᠡ ᠶᠢᠨ ᠲᠠᠩᠰᠠᠨ ᠳᠤ ᠪᠠᠶᠢᠭ᠎ᠠ 5767 ᠬᠦᠮᠦᠨ ᠢ ᠶᠠᠳᠠᠭᠤ ᠠᠴᠠ ᠠᠩᠬᠢᠵᠢᠷᠠᠭᠤᠯᠵᠤ᠂ ᠶᠠᠳᠠᠭᠤ ᠠᠴᠠ ᠠᠩᠬᠢᠵᠢᠷᠠᠭᠰᠠᠨ ᠬᠦᠮᠦᠨ ᠠᠮᠠ ᠶᠢᠨ ᠠᠯᠪᠠᠨ ᠵᠢᠷᠦᠮ ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠬᠡ ᠪᠤᠯᠤᠨ ᠤᠷᠤᠨ ᠰᠠᠭᠤᠴᠠ ᠶᠢᠨ ᠠᠮᠤᠷ ᠲᠥᠪᠰᠢᠨ ᠢ ᠪᠠᠲᠤᠯᠠᠬᠤ ᠪᠤᠯᠤᠨ᠎ᠠ᠃     ᠪᠦᠬᠦ ᠠᠶᠢᠮᠠᠭ ᠤᠨ ᠶᠠᠳᠠᠭᠤ ᠶᠢ ᠲᠡᠳᠭᠦᠵᠤ ᠪᠤᠭᠤᠮᠳᠠ ᠰᠢᠪᠳᠤᠯᠬᠤ ᠠᠵᠢᠯ ᠢ ᠵᠤᠬᠢᠶᠠᠨ ᠪᠠᠶᠢᠭᠤᠯᠤᠨ ᠤᠲᠤᠷᠢᠳᠬᠤ ᠲᠠᠯ᠎ᠠ ᠪᠠᠷ ᠤᠯᠠᠷᠢᠯ ᠪᠦᠷᠢ ᠨᠢᠭᠡ ᠤᠳᠠᠭᠠᠨ ᠤ ᠪᠦᠬᠦ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠭᠤᠤᠯᠳᠠᠯᠭ᠎ᠠ ᠲᠠᠢ ᠠᠵᠢᠯ ᠤᠨ ᠬᠤᠷᠠᠯ ᠬᠤᠷᠠᠯᠳᠤᠭᠤᠯᠵᠤ᠂ ᠬᠤᠶᠠᠷ ᠰᠠᠷ᠎ᠠ ᠳᠤ ᠨᠢᠭᠡ ᠤᠳᠠᠭᠠᠨ ᠤ ᠵᠢᠯᠤᠭᠤᠳᠬᠤ ᠲᠦᠪ ᠪᠤᠯᠤᠨ ᠦᠪᠡᠷᠳᠡᠭᠡᠨ ᠵᠠᠰᠠᠬᠤ ᠤᠷᠤᠨ ᠤ ᠱᠠᠭᠠᠷᠳᠠᠨ ᠵᠢᠯᠤᠭᠤᠳᠬᠤ ᠲᠦᠪ ᠤᠨ ᠬᠠᠷᠢᠯᠴᠠᠬᠤ ᠬᠤᠷᠠᠯ ᠬᠤᠷᠠᠯᠳᠤᠭᠤᠯᠵᠥ᠂ ᠠᠶᠢᠮᠠᠭ ᠤᠨ ᠶᠠᠳᠠᠭᠤ ᠶᠢ ᠲᠡᠳᠭᠦᠭᠦ ᠠᠯᠪᠠᠨ ᠭᠡᠷ ᠰᠠᠷ᠎ᠠ ᠪᠦᠷᠢ ᠡᠯ᠎ᠡ ᠬᠤᠰᠢᠭᠤ ᠰᠢᠶᠠᠨ ᠬᠤᠳᠠ ᠶᠢᠨ ᠶᠠᠳᠠᠭᠤ ᠶᠢ ᠲᠡᠳᠭᠦᠭᠦ ᠠᠯᠪᠠᠨ ᠭᠡᠷ ᠲᠠᠢ ᠲᠤᠰᠬᠠᠢ ᠠᠵᠢᠯ ᠤᠨ ᠵᠤᠯᠭᠠᠯᠴᠠᠭ᠎ᠠ ᠬᠢᠵᠤ ᠂ ᠬᠠᠮᠢᠶ᠎ᠠ ᠪᠦᠬᠦᠢ ᠠᠵᠢᠯ ᠤᠨ ᠲᠦᠷᠢᠮ ᠲᠤᠭᠳᠠᠭᠠᠯ ᠢ ᠲᠤᠭᠳᠠᠭᠠᠨ ᠪᠦᠷᠢᠨᠰᠢᠬᠦᠯᠤᠨ᠂ ᠦᠪᠡᠷᠳᠡᠭᠡᠨ ᠵᠠᠰᠠᠬᠤ ᠤᠷᠤᠨ ᠪᠤᠯᠤᠨ ᠬᠠᠪᠰᠤᠷᠤᠨ ᠲᠡᠳᠬᠦᠬᠦ ᠪᠠᠶᠢᠭᠤᠯᠭ᠎ᠠ ᠶᠢᠨ ᠬᠠᠷᠢᠴᠠᠭ᠎ᠠ ᠶᠢ ᠵᠤᠬᠢᠴᠠᠭᠤᠯᠵᠥ᠂ ᠶᠠᠳᠠᠭᠤ ᠶᠢ ᠲᠡᠳᠭᠦᠭᠦ ᠠᠵᠢᠯ ᠤᠨ ᠲᠤᠮᠳᠠᠬᠢ ᠬᠦᠴᠢᠷᠳᠡᠯ ᠪᠤᠯᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠤ᠂ ᠪᠦᠬᠦ ᠠᠶᠢᠮᠠᠭ ᠤᠨ ᠶᠠᠳᠠᠭᠤ ᠶᠢ ᠲᠡᠳᠭᠦᠵᠤ ᠪᠤᠭᠤᠮᠳᠠ ᠰᠢᠪᠳᠤᠯᠬᠤ ᠠᠵᠢᠯ ᠢ ᠠᠬᠢᠭᠤᠯᠤᠨ᠎ᠠ᠃     ᠪᠤᠲᠠᠲᠠᠢ ᠲᠡᠳᠬᠦᠨ ᠲᠡᠮᠵᠢᠬᠦ ᠲᠠᠯ᠎ᠠ ᠪᠠᠷ᠂ ᠡᠨᠡ ᠵᠢᠯ ᠮᠠᠨ ᠤ ᠠᠶᠢᠮᠠᠭ ᠶᠠᠳᠠᠭᠤ ᠶᠢ ᠲᠡᠳᠬᠦᠬᠦ ᠠᠵᠢᠯ ᠤᠨ ᠪᠡᠯᠡ ᠤᠷᠤᠭᠤᠯᠤᠯᠳᠠ ᠪᠠᠨ ᠨᠡᠮᠡᠭᠳᠡᠬᠦᠯᠦᠨ᠂ ᠭᠤᠤᠯᠳᠠᠯᠭ᠎ᠠ ᠲᠠᠢ ᠶᠠᠳᠠᠭᠤ ᠶᠢ ᠲᠡᠳᠭᠦᠭᠦ ᠲᠦᠷᠦᠯ ᠵᠦᠢᠯ ᠢᠶᠠᠷ ᠲᠡᠪᠴᠡᠩ ᠪᠤᠯᠭᠠᠵᠥ᠂ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠤᠭᠲᠠᠬᠤ ᠪᠡᠯᠡ ᠮᠦᠩᠬᠦ ᠶᠢ ᠨᠢᠬᠡᠳᠦᠯᠳᠡᠢ ᠲᠦᠯᠦᠪᠵᠢᠬᠦᠯᠵᠤ᠂ ᠪᠥᠬᠦ ᠵᠢᠯ ᠳᠤ ᠨᠡᠶᠢᠳᠡ 10 ᠳ᠋ᠥ᠋ᠩᠰᠢᠭᠤᠷ ᠲᠦᠭᠦᠷᠢᠭ ᠤᠨ ᠡᠯ᠎ᠡ ᠵᠦᠢᠯ ᠤᠨ ᠲᠤᠰᠬᠠᠢ ᠲᠦᠷᠦᠯ ᠵᠦᠢᠯ ᠤᠨ ᠪᠡᠯᠡ ᠮᠦᠩᠬᠦ ᠤᠷᠤᠭᠤᠯᠬᠤ ᠪᠠᠷ ᠲᠦᠯᠦᠪᠯᠡᠵᠤ ᠪᠠᠶᠢᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠭᠦᠭᠦ᠂ ᠦᠢᠯᠡᠳᠪᠦᠷᠢᠯᠡᠯ ᠢ ᠬᠦᠭᠵᠢᠬᠦᠯᠬᠦ ᠳᠤ ᠲᠤᠬᠢᠷᠠᠮᠵᠢᠳᠠᠢ ᠭᠠᠵᠠᠷ ᠨᠡᠬᠦᠯᠬᠡᠨ ᠰᠢᠯᠵᠢᠬᠦᠯᠵᠤ ᠶᠠᠳᠠᠭᠤ ᠠᠴᠠ ᠠᠩᠬᠢᠵᠢᠷᠠᠭᠤᠯᠬᠤ᠂ ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠭᠦᠭᠦ᠂ ᠴᠡᠭ ᠲᠤᠭᠳᠠᠭᠠᠨ ᠶᠠᠳᠠᠭᠤ ᠶᠢ ᠲᠡᠳᠭᠦᠭᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠭᠦ᠂ ᠡᠷᠡᠬᠦᠯ ᠬᠠᠮᠠᠭᠠᠯᠠᠯ ᠢᠶᠠᠷ ᠶᠠᠳᠠᠭᠤ ᠶᠢ ᠲᠡᠳᠭᠦᠭᠦ᠂ ᠨᠡᠶᠢᠭᠡᠮ ᠠᠴᠠ ᠶᠠᠳᠠᠭᠤ ᠶᠢ ᠲᠡᠳᠭᠦᠭᠦ ᠢᠨᠵᠧᠨᠧᠷᠢᠩ ᠵᠢᠴᠢ ᠬᠦᠳᠡᠯᠮᠦᠷᠢ ᠬᠦᠴᠦᠨ ᠢ ᠨᠡᠬᠦᠯᠬᠡᠨ ᠰᠢᠯᠵᠢᠬᠦᠯᠵᠤ ᠪᠤᠯᠪᠠᠰᠤᠷᠠᠯ ᠬᠦᠷᠳᠡᠭᠡᠭᠦ ᠪᠤᠯᠤᠨ ᠨᠠᠷᠠᠨ ᠤ ᠡᠨᠧᠷᠬᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠭᠦᠭᠦ᠂ ᠵᠤᠭᠠᠴᠠᠯ ᠢᠶᠠᠷ ᠶᠠᠳᠠᠭᠤ ᠶᠢ ᠲᠡᠳᠭᠦᠭᠦ᠂ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠭᠦᠭᠦ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠢ ᠰᠠᠶᠢᠳᠤᠷ ᠬᠡᠷᠡᠭᠵᠢᠬᠦᠯᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠤᠮᠤ ᠳ᠋ᠡᠶᠢᠲ᠋ᠡ ᠪᠠᠶᠢᠭᠤᠯᠵᠥ᠂ ᠶᠠᠲᠠᠭᠤ ᠠᠴᠠ ᠠᠩᠭᠢᠵᠢᠷᠠᠭᠤᠯᠬᠤ ᠰᠤᠷᠠᠭ ᠴᠢᠮᠡᠭᠡ ᠶᠢ ᠤᠨᠤᠪᠴᠢᠲᠠᠢ ᠡᠵᠡᠮᠰᠢᠬᠦ ᠪᠤᠯᠤᠨ᠎ᠠ᠃ ᠶᠠᠳᠠᠭᠤ ᠶᠢ ᠲᠡᠳᠭᠦᠭᠦ ᠰᠢᠨ᠎ᠡ ᠬᠡᠯᠪᠡᠷᠢ ᠶᠢ ᠦᠷᠬᠦᠯᠵᠢᠯᠡᠨ ᠡᠷᠢᠯᠬᠢᠯᠡᠵᠤ᠂ ᠪᠡᠯᠡ ᠮᠦᠩᠬᠦ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠵᠥ᠂ ᠠᠵᠤ ᠦᠢᠯᠡᠰ ᠢᠶᠠᠷ ᠲᠡᠳᠬᠦᠬᠦ ᠪᠠ ᠨᠡᠬᠦᠯᠬᠡᠨ ᠰᠢᠯᠵᠢᠬᠦᠯᠵᠤ ᠠᠵᠢᠯ ᠤᠯᠭᠤᠬᠤ ᠪᠠᠷ ᠲᠠᠮᠵᠢᠨ 3169 ᠬᠦᠮᠦᠨ ᠢ ᠶᠠᠳᠠᠭᠤ ᠠᠴᠠ ᠠᠩᠬᠢᠵᠢᠷᠠᠭᠤᠯᠵᠥ᠂ ᠦᠢᠯᠡᠳᠪᠦᠷᠢᠯᠡᠯ ᠢ ᠬᠦᠭᠵᠢᠬᠦᠯᠬᠦ ᠳᠤ ᠲᠤᠬᠢᠷᠠᠮᠵᠢᠳᠠᠢ ᠭᠠᠵᠠᠷ ᠨᠡᠬᠦᠯᠬᠡᠨ ᠰᠢᠯᠵᠢᠬᠦᠯᠵᠤ ᠶᠠᠳᠠᠭᠤ ᠠᠴᠠ ᠠᠩᠬᠢᠵᠢᠷᠠᠭᠤᠯᠬᠤ ᠪᠠᠷ ᠲᠠᠮᠵᠢᠭᠤᠯᠤᠨ 1615 ᠬᠦᠮᠦᠨ ᠢ ᠶᠠᠳᠠᠭᠤ ᠠᠴᠠ ᠠᠩᠬᠢᠵᠢᠷᠠᠭᠤᠯᠵᠤ᠂ ᠠᠮᠢ ᠠᠬᠤᠢ ᠶᠢᠨ ᠨᠦᠬᠦᠪᠦᠷᠢ ᠤᠯᠭᠤᠬᠤ ᠪᠠᠷ ᠲᠠᠮᠵᠢᠭᠤᠯᠤᠨ 207 ᠬᠦᠮᠦᠨ ᠢ ᠶᠠᠳᠠᠭᠤ ᠠᠴᠠ ᠠᠩᠬᠢᠵᠢᠷᠠᠭᠤᠯᠵᠤ᠂ ᠰᠤᠷᠭᠠᠨ ᠬᠦᠮᠦᠵᠢᠯ ᠢ ᠬᠦᠭᠵᠢᠬᠦᠯᠬᠦ ᠪᠠ ᠬᠠᠪᠰᠤᠷᠤᠨ ᠲᠡᠳᠭᠦᠭᠦ ᠪᠠᠷ ᠲᠠᠮᠵᠢᠭᠤᠯᠤᠨ 225 ᠬᠦᠮᠦᠨ ᠢ ᠶᠠᠳᠠᠭᠤ ᠠᠴᠠ ᠠᠩᠬᠢᠵᠢᠷᠠᠭᠤᠯᠵᠤ᠂ 551 ᠬᠦᠮᠦᠨ ᠢ ᠨᠡᠶᠢᠭᠡᠮ ᠤᠨ ᠪᠠᠳᠤᠯᠠᠭ᠎ᠠ ᠪᠠᠷ ᠲᠠᠮᠵᠢᠭᠤᠯᠤᠨ ᠶᠠᠳᠠᠭᠤ ᠠᠴᠠ ᠠᠩᠬᠢᠵᠢᠷᠠᠭᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号