ᠮᠠᠨ ᠤ ᠤᠯᠤᠰ ᠮᠤᠩᠭᠤᠯ ᠤᠯᠤᠰ ᠠᠴᠠ ᠪᠠᠶᠢᠡᠭᠭᠤ ᠶᠢᠨ ᠴᠢᠨᠠᠷᠳᠠᠢ ᠡᠪᠡᠰᠦ ᠤᠷᠤᠭᠤᠯᠬᠤ ᠪᠤᠯᠪᠠ
ᠨᠡᠶᠢᠲᠡᠯᠡᠭᠰᠡᠨ ᠴᠠᠭ᠄
2017-03-01
︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠡ ᠶᠢᠨ ᠰᠢᠨ᠎ᠠ ᠠᠮᠵᠢᠯᠳᠡ         ᠮᠠᠨ ᠤ ᠤᠯᠤᠰ ᠮᠤᠩᠭᠤᠯ ᠤᠯᠤᠰ ᠠᠴᠠ ᠪᠠᠶᠢᠡᠭᠭᠤ ᠶᠢᠨ ᠴᠢᠨᠠᠷᠳᠠᠢ ᠡᠪᠡᠰᠦ ᠤᠷᠤᠭᠤᠯᠬᠤ ᠪᠤᠯᠪᠠ       2 ᠳ᠋ᠤᠭᠠᠷ ᠰᠠᠷ᠎ᠠ ᠶᠢᠨ 24 ᠤ ᠡᠲᠤᠷ ᠤᠨ ᠦᠲᠡ ᠶᠢᠨ ᠬᠤᠶᠢᠨ᠎ᠠ ᠮᠤᠩᠭᠤᠯ ᠤᠨ ᠡᠪᠡᠰᠤ ᠶᠢ ᠳᠡᠭᠡᠭᠡᠭᠰᠡᠨ 24 ᠲᠤᠮᠤ ᠠᠴᠢᠶᠠᠨ ᠤ ᠮᠠᠰᠢᠨ ᠠᠷᠢᠭᠤᠳᠬᠠᠯ᠂ ᠪᠠᠶᠢᠴᠠᠭᠠᠯᠲᠠ ᠵᠡᠷᠭᠡ ᠶᠠᠪᠤᠴᠠ ᠶᠢ ᠲᠠᠮᠵᠢᠨ ᠵᠡᠬᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠤᠭᠤᠮᠲᠠ ᠪᠠᠷ ᠤᠷᠤᠵᠤ ᠢᠷᠡᠭᠡᠳ ᠪᠤᠭᠤᠮᠲᠠ ᠶᠢᠨ ᠠᠵᠢᠯᠲᠠᠳ ᠤᠨ ᠲᠠᠭᠠᠭᠤᠯᠭ᠎ᠠ ᠪᠠᠷ ᠰᠢᠨ᠎ᠠ ᠪᠠᠷ ᠪᠠᠶᠢᠭᠤᠯᠤᠬᠳᠠᠵᠦ ᠠᠰᠢᠬᠯᠠᠯᠳᠡ ᠳᠤ ᠤᠷᠤᠬᠰᠠᠨ ᠬᠢᠯᠢ ᠪᠠᠷ ᠤᠷᠤᠬᠤ ᠠᠮᠢᠲᠠᠨ ᠤᠷᠭᠤᠮᠠᠯ ᠤᠨ ᠬᠢᠵᠢᠭ ᠢ ᠪᠠᠶᠢᠴᠠᠭᠠᠵᠤ ᠰᠢᠢᠳᠪᠦᠷᠢᠯᠡᠬᠦ ᠬᠦᠮᠦᠷᠭᠡ ᠳᠤ ᠬᠦᠷᠴᠤ ᠪᠠᠶᠢᠭᠠᠯᠢ ᠶᠢᠨ ᠡᠪᠡᠰᠤ ᠶᠢ ᠠᠷᠢᠭᠤᠳᠬᠠᠬᠤ ᠲᠠᠰᠤᠭ ᠲᠤ ᠤᠷᠤᠭᠤᠯᠵᠠᠢ᠃ ᠢᠢᠨᠬᠦ ᠮᠠᠨ ᠤ ᠣᠯᠣᠰ ᠮᠣᠩᠭᠤᠯ ᠣᠯᠣᠰ ᠠᠴᠠ ᠲᠡᠵᠢᠭᠡᠯ ᠡᠪᠡᠰᠣ ᠣᠷᠣᠭᠤᠯᠬᠤ ᠠᠵᠢᠯ ᠣᠣᠯ ᠤᠨ ᠲᠦᠷ ᠴᠠᠭ ᠤᠨ ᠴᠢᠨᠠᠷᠳᠠᠢ ᠪᠠᠶᠢᠭᠰᠠᠨ ᠠᠴᠠ ᠪᠠᠨ ᠪᠠᠶᠢᠡᠭᠭᠤ ᠶᠢᠨ ᠴᠢᠨᠠᠷᠳᠠᠢ ᠪᠣᠯᠣᠬᠰᠠᠨ ᠪᠠᠶᠢᠨ᠎ᠠ᠃       ᠦᠢᠯᠠᠭᠠᠭᠰᠠᠨ ᠢᠶᠠᠷ᠂ ᠮᠠᠨ ᠤ ᠤᠯᠤᠰ ᠤᠨ ᠠᠩᠬᠠᠲᠠᠭᠴᠢ ᠬᠢᠯᠢ ᠪᠠᠷ ᠤᠷᠤᠬᠤ ᠠᠮᠢᠲᠠᠨ ᠤᠷᠭᠤᠮᠠᠯ ᠤᠨ ᠬᠢᠵᠢᠭ ᠢ ᠪᠠᠶᠢᠴᠠᠭᠠᠵᠤ ᠰᠢᠢᠳᠪᠦᠷᠢᠯᠡᠬᠦ ᠬᠦᠮᠦᠷᠭᠡ ᠪᠤᠯᠤᠬᠰᠠᠨ ᠤ ᠬᠤᠪᠢ ᠳᠤ ᠵᠡᠬᠦᠨ ᠬᠠᠲᠠᠪᠴᠢ ᠪᠤᠭᠤᠮᠳᠠ ᠶᠢᠨ ᠬᠢᠯᠢ ᠪᠠᠷ ᠤᠷᠤᠬᠤ ᠠᠮᠢᠲᠠᠨ ᠤᠷᠭᠤᠮᠠᠯ ᠤᠨ ᠬᠢᠵᠢᠭ ᠢ ᠪᠠᠶᠢᠴᠠᠭᠠᠵᠤ ᠰᠢᠢᠳᠪᠦᠷᠢᠯᠡᠬᠦ ᠬᠦᠮᠦᠷᠭᠡ ᠨᠢ ᠡᠮ ᠢᠶᠠᠷ ᠠᠷᠢᠭᠤᠳᠬᠠᠬᠤ᠂ ᠨᠡᠪᠲᠡᠷᠡᠬᠦᠯᠬᠦ᠂ ᠲᠤᠯᠠᠭᠠᠨ᠂ ᠨᠢᠬᠲᠠᠴᠠ ᠶᠢ ᠰᠢᠯᠭᠠᠨ ᠪᠠᠶᠢᠴᠠᠭᠠᠵᠤ ᠴᠢᠲᠠᠬᠤ ᠪᠠᠷ ᠪᠠᠷᠠᠬᠤ ᠦᠬᠡᠢ ᠰᠦᠯᠵᠢᠶ᠎ᠠ ᠪᠠᠷ ᠲᠠᠮᠵᠢᠨ ᠬᠢᠨᠠᠨ ᠡᠵᠡᠮᠲᠠᠵᠤ ᠴᠢᠲᠠᠬᠤ ᠵᠡᠷᠭᠡ ᠲᠠᠪᠠᠭᠤᠯᠢᠭ ᠲᠠᠢ᠂ ᠮᠦᠨᠴᠤ ᠲᠦᠯᠦᠪᠯᠡᠭᠡ ᠨᠢ ᠲᠤᠬᠢᠷᠠᠮᠵᠢᠲᠠᠢ᠂ ᠰᠢᠰᠲ᠋ᠧᠮᠳᠤ ᠴᠢᠨᠠᠷ ᠬᠢᠬᠡᠳ ᠠᠰᠢᠭᠯᠠᠮᠵᠢᠲᠤ ᠴᠢᠨᠠᠷ ᠦᠨᠲᠤᠷ᠂ ᠮᠡᠷᠬᠡᠵᠢᠯ ᠲᠠᠪᠠᠭᠤᠯᠢᠭ᠂ ᠪᠤᠬᠢᠷᠲᠤᠯ ᠦᠬᠡᠢ ᠠᠮᠤᠷ ᠲᠦᠪᠰᠢᠨ᠂ ᠵᠢᠱᠢᠶᠠᠴᠢ ᠦᠢᠯᠠᠲᠤᠯ ᠲᠠᠢ ᠤᠴᠢᠷ ᠠᠴᠠ ᠮᠠᠨ ᠤ ᠤᠯᠤᠰ ᠤᠨ ᠪᠤᠰᠤᠳ ᠪᠤᠭᠤᠮᠲᠠ ᠪᠠᠷ ᠡᠪᠡᠰᠤ ᠪᠤᠷᠲᠤᠭ᠎ᠠ ᠶᠢ ᠤᠷᠤᠭᠤᠯᠵᠤ ᠭᠠᠷᠭᠠᠬᠤ ᠳᠤ ᠲᠤᠯᠢ ᠪᠤᠯᠬᠤ ᠶᠤᠮ᠃       ᠮᠠᠨ ᠤ ᠠᠶᠢᠮᠠᠭ ᠤᠯᠤᠰ᠂ ᠦᠪᠡᠷᠲᠡᠭᠡᠨ ᠵᠠᠰᠠᠬᠤ ᠤᠷᠤᠨ ᠤ ᠤᠮᠠᠷᠠᠰᠢ ᠨᠡᠭᠡᠭᠡᠯᠳᠡ ᠬᠢᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠱᠠᠭᠠᠷᠲᠠᠯᠭ᠎ᠠ ᠶᠤᠰᠤᠭᠠᠷ᠂ ︽ᠨᠢᠭᠡ ᠪᠦᠰᠡ ᠨᠢᠭᠡ ᠵᠠᠮ︾ ᠤᠨ ᠪᠦᠲᠤᠭᠡᠨ ᠪᠠᠶᠢᠭᠤᠯᠤᠯᠲᠠ ᠶᠢᠨ ᠲᠤᠭᠤᠷᠢᠨ ᠳᠤ᠂ ᠲᠤᠮᠲᠠᠲᠤ ᠮᠤᠩᠭᠤᠯ ᠬᠤᠶᠠᠷ ᠲᠠᠯ᠎ᠠ ᠶᠢᠨ ᠪᠤᠭᠤᠮᠲᠠ ᠶᠢᠨ ᠬᠠᠷᠢᠯᠴᠠᠭ᠎ᠠ ᠶᠢ ᠤᠯᠠᠮ ᠨᠢᠬᠡ ᠠᠯᠬᠤᠮ ᠴᠢᠩᠭᠠᠳᠬᠠᠵᠤ᠂ ᠪᠤᠭᠤᠮᠲᠠ ᠶᠢᠨ ᠪᠦᠲᠤᠭᠡᠨ ᠪᠠᠶᠢᠭᠤᠯᠤᠯᠲᠠ ᠪᠤᠯᠤᠨ ᠤᠷᠤᠨ ᠲᠤᠭᠤᠷᠢᠭ ᠤᠨ ᠠᠵᠤ ᠠᠬᠤᠢ ᠶᠢᠨ ᠬᠦᠭᠵᠢᠯᠲᠠ ᠶᠢ ᠪᠦᠬᠦ ᠬᠦᠴᠤᠨ ᠢᠶᠠᠷ ᠢᠶᠠᠨ ᠠᠬᠢᠭᠤᠯᠵᠤ᠂ ᠬᠤᠶᠠᠷ ᠲᠠᠯ᠎ᠠ ᠪᠠᠷ ᠢᠶᠠᠨ ᠮᠤᠩᠭᠤᠯ ᠤᠯᠤᠰ ᠤᠨ ᠪᠠᠶᠢᠭᠠᠯᠢ ᠶᠢᠨ ᠡᠪᠡᠰᠤ ᠶᠢ ᠭᠠᠲᠠᠭᠠᠲᠤ ᠳᠤ ᠭᠠᠷᠭᠠᠬᠤ ᠠᠵᠢᠯ ᠢ ᠢᠲᠡᠪᠬᠢᠲᠠᠢ ᠠᠬᠢᠭᠤᠯᠵᠤ᠂ 2015 ᠤᠨ ᠤ 11 ᠳ᠋ᠤᠬᠡᠷ ᠰᠠᠷ᠎ᠠ ᠶᠢᠨ 11 ᠤ ᠡᠳᠦᠷ ᠠᠴᠠ 2016 ᠤᠨ ᠤ 7 ᠳ᠋ᠤᠭᠠᠷ ᠰᠠᠷ᠎ᠡ ᠬᠦᠷᠲᠡᠯ᠎ᠡ ᠪᠠᠶᠢᠭᠠᠯᠢ ᠶᠢᠨ ᠡᠪᠡᠰᠤ ᠶᠢ 6.3 ᠲᠦᠮᠡᠨ ᠲᠤᠨ ᠤᠷᠤᠭᠤᠯᠵᠠᠢ᠃ ᠲᠤᠰ ᠤᠳᠠᠭ᠎ᠠ ᠮᠤᠩᠭᠤᠯ ᠤᠯᠤᠰ ᠠᠴᠠ 700 ᠭᠠᠷᠤᠢ ᠲᠤᠨ ᠪᠠᠶᠢᠭᠠᠯᠢ ᠶᠢᠨ ᠡᠪᠡᠰᠤ ᠤᠷᠤᠭᠤᠯᠵᠤ᠂ ᠡᠨᠡ ᠵᠢᠯ 20 ᠲᠦᠮᠡᠨ ᠲᠤᠨ ᠪᠠᠶᠢᠭᠠᠯᠢ ᠶᠢᠨ ᠡᠪᠡᠰᠤ ᠤᠷᠤᠭᠤᠯᠬᠤ ᠪᠠᠷ ᠲᠦᠯᠦᠪᠯᠡᠵᠤ ᠪᠠᠶᠢᠨ᠎ᠠ᠃ ᠵᠡᠬᠦᠨ ᠬᠠᠲᠠᠪᠴᠢ ᠪᠤᠭᠤᠮᠲᠠ ᠨᠢ ᠲᠤᠮᠲᠠᠲᠤ ᠮᠤᠩᠭᠤᠯ ᠤᠯᠤᠰ ᠤᠨ ᠡᠪᠡᠰᠤ ᠪᠤᠷᠲᠤᠭ᠎ᠠ ᠤᠷᠤᠭᠤᠯᠵᠤ ᠭᠠᠷᠭᠠᠬᠤ ᠲᠤᠭᠲᠠᠭᠰᠠᠨ ᠪᠤᠭᠤᠮᠲᠠ ᠶᠢᠨ ᠪᠠᠶᠢᠭᠤᠯᠤᠯᠳᠡ ᠶᠢ ᠠᠬᠢᠭᠤᠯᠵᠦ᠂ ᠳᠡᠵᠢᠭᠡᠯ ᠡᠪᠡᠰᠤ ᠶᠢ ᠪᠤᠭᠤᠮᠲᠠ ᠪᠠᠷ ᠢᠯᠭᠤᠮ ᠤᠷᠤᠭᠰᠢᠲᠠᠢ ᠦᠩᠭᠡᠷᠡᠬᠦᠯᠬᠦ ᠶᠢᠨ ᠲᠤᠰᠠᠲᠠ ᠠᠷᠠᠯᠵᠢᠶᠠᠴᠢᠨ ᠤᠷᠢᠵᠤ ᠂ ᠤᠷᠢᠳ ᠬᠤᠵᠢᠳ ᠦᠪᠦᠷ ᠮᠤᠩᠭᠤᠯ ᠤᠨ ᠡᠾᠧ ᠰᠢᠨ ᠶᠤᠸᠠᠨ ᠮᠤᠩᠭᠤᠯ ᠡᠪᠡᠰᠤ ᠦᠢᠵᠢᠭᠤᠯᠤᠯᠲᠠ ᠶᠢᠨ ᠬᠢᠵᠠᠭᠠᠷᠲᠠᠢ ᠬᠠᠷᠢᠭᠤᠴᠠᠯᠭᠠᠲᠤ ᠺᠤᠮᠫᠠᠨᠢ ᠬᠢᠬᠡᠳ ᠪᠦᠷᠢᠲᠤ ᠰᠢᠨᠵᠢᠯᠡᠬᠦ ᠤᠬᠠᠭᠠᠨ ᠨᠡᠬᠡᠬᠡᠨ ᠬᠦᠭᠵᠢᠬᠦᠯᠤᠯᠲᠠ ᠶᠢᠨ ᠬᠢᠵᠠᠭᠠᠷᠲᠤ ᠺᠤᠮᠫᠠᠨᠢ 1.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠡᠪᠡᠰᠤ ᠠᠷᠢᠭᠤᠳᠬᠠᠬᠤ ᠳᠤᠭᠤᠷᠢᠬ ᠂ ᠬᠢᠯᠢ ᠪᠠᠷ ᠤᠷᠤᠬᠤ ᠠᠮᠢᠲᠠᠨ ᠤᠷᠭᠤᠮᠠᠯ ᠤᠨ ᠬᠢᠵᠢᠭ ᠢ ᠪᠠᠶᠢᠴᠠᠭᠠᠵᠤ ᠰᠢᠢᠳᠪᠦᠷᠢᠯᠡᠬᠦ ᠬᠦᠮᠦᠷᠭᠡ ᠪᠠᠶᠢᠭᠤᠯᠵᠤ ᠠᠰᠢᠭᠯᠠᠯᠲᠠ ᠳᠤ ᠤᠷᠤᠭᠤᠯᠪᠠ᠃       ᠵᠡᠬᠦᠨ ᠦᠵᠦᠮᠦᠴᠢᠨ ᠬᠤᠰᠢᠭᠤᠨ ᠤ ᠲᠡᠳ᠋ ᠲᠠᠷᠤᠭ᠎ᠠ ᠱᠤᠸᠠᠩ ᠪᠤᠤ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠦᠡᠭᠭᠡᠷᠡᠭᠰᠡᠨ ᠳᠤ ᠮᠠᠨ ᠤ ᠤᠯᠤᠰ ᠮᠤᠩᠭᠤᠯ ᠤᠯᠤᠰ ᠠᠴᠠ ᠡᠪᠡᠰᠤ ᠤᠷᠤᠭᠤᠯᠬᠤ ᠨᠢ ᠲᠦᠷ ᠴᠠᠭ ᠤᠨ ᠴᠢᠨᠠᠷᠳᠠᠢ ᠪᠠᠶᠢᠭᠰᠠᠨ᠂ ᠤᠲᠤ ᠠᠴᠠ ᠡᠬᠢᠯᠡᠵᠤ ᠪᠠᠶᠢᠡᠭᠭᠤ ᠶᠢᠨ ᠴᠢᠨᠠᠷᠲᠠᠢ ᠪᠤᠯᠤᠭᠰᠠᠨ ᠠᠴᠠ ᠮᠠᠯᠴᠢᠳ ᠤᠨ ᠲᠡᠵᠢᠭᠡᠯ ᠡᠪᠡᠰᠤ ᠬᠦᠷᠤᠯᠴᠠᠬᠦ᠋ᠢᠴᠡ ᠪᠡᠯᠡᠳᠭᠡᠵᠦ᠂ ᠮᠠᠯ ᠢᠶᠠᠨ ᠮᠡᠨᠳᠦ ᠤᠨᠳᠤᠷᠤᠭᠤᠯᠬᠤ ᠳᠤ ᠨᠡᠩ ᠰᠠᠶᠢᠨ ᠨᠦᠬᠦᠴᠡᠯ ᠬᠠᠨᠭ᠍ᠭᠠᠵᠤ ᠦᠭᠬᠦ ᠪᠠᠷ ᠪᠠᠷᠠᠬᠤ ᠦᠬᠡᠢ ᠪᠤᠭᠤᠮᠲᠠ ᠶᠢᠨ ᠪᠦᠲᠤᠭᠡᠨ ᠪᠠᠶᠢᠭᠤᠯᠤᠯᠲᠠ ᠪᠤᠯᠤᠨ ᠤᠷᠤᠨ ᠲᠤᠭᠤᠷᠢᠭ ᠤᠨ ᠠᠵᠤ ᠠᠬᠤᠢ ᠶᠢᠨ ᠬᠦᠭᠵᠢᠯᠲᠠ ᠶᠢ ᠠᠬᠢᠭᠤᠯᠵᠤ᠂ ᠤᠷᠤᠨ ᠨᠤᠲᠤᠭ ᠤᠨ ᠡᠪᠡᠰᠤᠨ ᠤ ᠠᠵᠤ ᠦᠢᠯᠡᠰ ᠢ ᠬᠦᠭᠵᠢᠬᠦᠯᠵᠤ ᠴᠢᠲᠠᠨ᠎ᠠ︾ ᠬᠡᠯ᠎ᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号