ᠰᠦᠨᠢᠳ ᠪᠠᠷᠠᠭᠤᠨ ᠬᠤᠰᠢᠭᠤᠨ ᠤ 2017 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2017/3/16
           — — 2017 ᠤᠨ ᠤ 2 ᠳ᠋ᠤᠭᠠᠷ ᠰᠠᠷ᠎ᠠ ᠶᠢᠨ 27᠎ ᠤ ᠡᠳᠦᠷ  ᠰᠦᠨᠢᠳ  ᠪᠠᠷᠠᠭᠤᠨ  ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠲᠡᠭᠡᠷ᠎ᠡ                                  ᠬᠤᠰᠢᠭᠤ ᠳᠠᠷᠤᠭ᠎ᠠ    ᠪᠦᠷᠢᠨᠵᠢᠨᠲᠦᠯᠦᠭᠡᠯᠡᠭᠴᠢᠳ ᠡ᠄     ᠤᠳᠤ᠂ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ ᠲᠡᠷᠡᠴᠢᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠠᠨ ᠨᠥᠬᠦᠳ ᠴᠦ ᠰᠠᠨᠠᠯ ᠢᠶᠠᠨ ᠲᠡᠪᠰᠢᠬᠦᠯᠬᠦ ᠪᠤᠯᠪᠠᠤ᠃         ᠨᠢᠭᠡ᠂ 2016 ᠤᠨ ᠤ ᠠᠵᠢᠯ ᠤᠨ ᠡᠷᠬᠢᠴᠡᠬᠦᠯᠦᠯ       ᠦᠩᠭᠡᠷᠡᠭᠰᠡᠨ ᠨᠢᠭᠡ ᠵᠢᠯ ᠪᠤᠯ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠠᠵᠠ ᠲᠤᠬᠢᠶᠠᠯ ᠪᠠ ᠥᠷᠢᠰᠦᠯᠳᠦᠭᠡᠨ ᠤ ᠨᠢᠭᠡ ᠵᠢᠯ ᠮᠥᠷᠳᠡᠭᠡᠨ  ᠲᠤᠪᠤᠶᠢᠮ᠎ᠠ ᠦᠷ᠎ᠡ ᠪᠥᠲᠦᠮᠵᠢ ᠤᠯᠤᠭᠰᠠᠨ ᠨᠢᠭᠡ ᠵᠢᠯ ᠪᠤᠯᠤᠨ᠎ᠠ᠃ ᠠᠵᠦ ᠠᠬᠤᠢ ᠦᠷᠬᠦᠯᠵᠢᠯᠡᠨ ᠮᠠᠭᠤᠳᠠᠭᠰᠠᠨ ᠪᠠ ᠦᠭᠡᠷᠡᠴᠢᠯᠡᠯᠳᠡ ᠬᠦᠭᠵᠢᠯᠳᠡ ᠲᠤᠭᠳᠠᠭᠤᠨ ᠤ ᠡᠭᠦᠷᠭᠡ ᠎ ᠶᠢᠨ ᠪᠡᠷᠬᠡ ᠬᠠᠳᠠᠭᠤᠵᠢᠯᠲᠠᠢ ᠪᠠᠶᠢᠳᠠᠯ ᠲᠤᠤᠷ᠎ᠠ᠂ ᠬᠤᠰᠢᠭᠤ ᠠᠷᠠᠳ ᠤᠨ ᠵᠠᠰᠠᠭ ᠤᠨ ᠤᠷᠳᠤᠨ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠥᠯᠬᠦᠮᠳᠡᠬᠦᠯᠦᠨ ᠲᠠᠶᠢᠴᠢᠯᠠᠵᠦ᠂ ᠠᠶᠢᠮᠠᠭ ᠤᠨ ᠨᠠᠮ ᠤᠨ ᠬᠤᠷᠢᠶ᠎ᠠ ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠪᠠ ᠬᠤᠰᠢᠭᠤ ᠠᠷᠠᠳ ᠤᠨ ᠪᠠᠶᠢᠩᠭᠤ ᠶᠢᠨ ᠬᠤᠷᠢᠶ᠎ᠠ ᠪᠤᠯᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠳᠠ ᠲᠡᠮᠵᠢᠯᠭᠡ ᠲᠤᠤᠷ᠎ᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠎ ᠨᠤᠭᠤᠳ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠠ ᠶᠢ ᠨᠢᠭᠡᠳᠦᠯᠲᠠᠢ ᠲᠥᠯᠦᠪᠯᠡᠨ ᠨᠠᠶᠢᠳᠠᠪᠤᠷᠢᠵᠢᠭᠤᠯᠵᠦ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢ ᠵᠤᠬᠢᠴᠠᠭᠤᠯᠤᠨ ᠠᠬᠢᠭᠤᠯᠵᠦ᠂ ︽ᠲᠠᠪᠤᠨ ᠶᠡᠭᠡ ᠬᠦᠭᠵᠢᠯᠳᠡ ᠶᠢᠨ ᠰᠡᠳᠬᠢᠴᠡ︾᠎ ᠶᠢ ᠪᠠᠷᠢᠮᠳᠠᠯᠠᠨ᠂ ︽ᠲᠠᠪᠤᠵᠢᠭᠤᠯᠤᠯᠳᠠ︾᠎ ᠶᠢ ᠵᠡᠷᠭᠡᠪᠡᠷ ᠠᠬᠢᠭᠤᠯᠤᠨ ᠬᠦᠭᠵᠢᠬᠦᠯᠵᠦ᠂ ︽ᠭᠤᠷᠪᠠ ᠶᠢ ᠪᠠᠭᠠᠰᠬᠠᠵᠦ ᠨᠢᠭᠡ ᠶᠢ ᠪᠠᠭᠤᠷᠠᠭᠤᠯᠤᠨ ᠨᠢᠭᠡ ᠶᠢ ᠨᠥᠬᠦᠪᠦᠷᠢᠯᠡᠬᠦ︾ ᠲᠠᠪᠤᠨ ᠶᠡᠭᠡ ᠡᠭᠦᠷᠭᠡ ᠶᠢ ᠢᠳᠡᠪᠬᠢᠲᠠᠢ ᠨᠠᠶᠢᠳᠠᠪᠤᠷᠢᠵᠢᠭᠤᠯᠵᠦ ᠂ ᠪᠠᠳᠤ ᠴᠢᠩᠭ᠎ᠠ ᠢᠳᠡᠭᠡᠯ ᠵᠤᠷᠢᠭ ᠢᠶᠠᠷ ᠬᠦᠴᠢᠷ ᠢ ᠰᠦᠷᠦᠨ ᠰᠢᠨ᠎ᠡ ᠶᠢ ᠡᠭᠦᠳᠴᠦ ᠵᠤᠷᠢᠭᠲᠠᠢ ᠤᠷᠤᠭᠰᠢᠯᠠᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠰᠠᠶᠢᠨ ᠰᠠᠶᠢᠬᠠᠨ ᠡᠬᠢᠯᠡᠯᠳᠡ ᠶᠢ ᠪᠡᠶᠡᠯᠡᠬᠦᠯᠪᠡ᠃     ᠨᠢᠭᠡ ᠵᠢᠯ ᠤᠨ ᠲᠤᠷᠰᠢᠬᠢ ᠠᠵᠢᠯ ᠢᠶᠠᠨ ᠡᠷᠬᠢᠴᠡᠬᠦᠯᠪᠡᠯ᠂ ᠭᠤᠤᠯᠳᠠᠭᠤ ᠲᠤᠤᠷᠠᠬᠢ ᠨᠠᠢᠮᠠᠨ ᠲᠠᠯ᠎ᠠ ᠪᠠᠷ ᠠᠳᠬᠤᠭᠰᠠᠨ ᠪᠠᠶᠢᠨ᠎ᠠ᠄     ︵ᠨᠢᠭᠡ︶ ᠠᠵᠦ ᠠᠬᠤᠢ ᠶᠢᠨ ᠨᠡᠮᠡᠭᠳᠡᠯ ᠢ ᠪᠦᠬᠦ ᠬᠦᠴᠤᠨ ᠢᠶᠠᠷ ᠢᠶᠠᠨ ᠲᠤᠭᠳᠠᠭᠤᠨ ᠪᠠᠶᠢᠯᠭᠠᠭᠰᠠᠨ ᠠᠴᠠ ᠶᠡᠷᠦᠩᠬᠡᠶᠢᠯᠡᠭᠰᠡᠨ ᠪᠤᠳᠠᠲᠦ ᠬᠦᠴᠦᠨ ᠳᠠᠰᠤᠷᠠᠯᠳᠠ ᠦᠭᠡᠢ ᠴᠢᠩᠭᠠᠷᠠᠪᠠ᠃ ᠵᠠᠬ᠎ᠠ ᠲᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠤᠤᠷ᠎ᠠ᠂ ᠠᠵᠦ ᠠᠬᠤᠢ ᠮᠠᠭᠤᠳᠠᠭᠰᠠᠨ ᠵᠡᠷᠭᠡ ᠠᠰᠢᠭ ᠦᠭᠡᠢ ᠨᠥᠬᠦᠴᠡᠯ ᠤᠨ ᠨᠥᠯᠦᠭᠡᠯᠡᠯ ᠢ ᠠᠷᠭᠠᠴᠠᠭᠠᠭᠰᠠᠨ ᠠᠴᠠ ᠠᠵᠦ ᠠᠬᠤᠢ ᠶᠢᠨ ᠵᠤᠬᠢᠰᠲᠠᠢ ᠨᠡᠮᠡᠭᠳᠡᠯ ᠢ ᠪᠠᠳᠤᠯᠠᠵᠦ᠂ ᠭᠤᠤᠯ ᠵᠢᠭᠠᠯᠳᠠ ᠲᠤᠭᠠᠨ ᠤ ᠨᠡᠮᠡᠭᠳᠡᠯ ᠴᠦᠮ ᠪᠦᠬᠦ ᠠᠶᠢᠮᠠᠭ ᠤᠨ ᠡᠮᠤᠨᠡᠭᠦᠷ ᠤᠷᠤᠭᠰᠠᠨ ᠪᠠᠶᠢᠨ᠎ᠠ᠃ ᠪᠦᠬᠦ ᠬᠤᠰᠢᠭᠤᠨ ᠤ ᠤᠷᠤᠨ ᠨᠤᠳᠤᠭ ᠤᠨ ᠤᠶᠢᠯᠡᠳᠪᠦᠷᠢᠯᠡᠯ ᠤᠨ ᠶᠡᠷᠦᠩᠬᠡᠢ ᠥᠷᠳᠡᠭ ᠢ 65 ᠳ᠋ᠦᠩᠰᠢᠭᠤᠷ ᠲᠥᠭᠦᠷᠢᠭ ᠪᠡᠶᠡᠯᠡᠬᠦᠯᠵᠦ᠂ 11%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠠᠶᠢᠮᠠᠭ ᠤᠨ 1 ᠳ᠋ᠤᠭᠡᠷ ᠪᠠᠶᠢᠷᠢᠨ ᠳᠤ ᠤᠷᠤᠪᠠ︔100 ᠲᠦᠮᠡᠨ ᠲᠥᠭᠦᠷᠢᠭ ᠠᠴᠠ ᠲᠡᠭᠡᠭᠰᠢᠬᠢ ᠪᠡᠯᠡ ᠤᠷᠤᠭᠤᠯᠤᠯᠳᠠ ᠲᠠᠢ 69 ᠭᠤᠤᠯᠳᠠᠯᠭ᠎ᠠ ᠲᠠᠢ ᠲᠦᠷᠦᠯ ᠵᠤᠶᠢᠯ ᠢ ᠬᠡᠷᠡᠭᠵᠢᠬᠦᠯᠵᠦ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 37.7 ᠳ᠋ᠦᠩᠰᠢᠭᠤᠷ ᠲᠥᠭᠦᠷᠢᠭ ᠪᠡᠶᠡᠯᠡᠬᠦᠯᠵᠦ᠂ 23%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠠᠶᠢᠮᠠᠭ ᠤᠨ 2 ᠳ᠋ᠤᠭᠠᠷ ᠲᠤ ᠵᠢᠭᠰᠠᠭᠠᠭᠳᠠᠪᠠ︔ ᠨᠡᠶᠢᠳᠡ ᠶᠢᠨ ᠡᠳ᠋ ᠤᠨ ᠵᠠᠰᠠᠭ ᠤᠨ ᠲᠥᠰᠦᠪ ᠤᠨ ᠤᠷᠤᠯᠭ᠎ᠠ 3.34 ᠳ᠋ᠦᠩᠰᠢᠭᠤᠷ ᠲᠥᠭᠦᠷᠢᠭ ᠪᠡᠶᠡᠯᠡᠬᠦᠯᠵᠦ᠂ 13%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠠᠶᠢᠮᠠᠭ ᠤᠨ 3 ᠳ᠋ᠤᠭᠠᠷ ᠲᠤ ᠵᠢᠭᠰᠠᠭᠠᠭᠳᠠᠪᠠ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠥᠨ ᠲᠤᠮᠳᠠᠴᠢ ᠶᠢᠨ ᠲᠤᠬᠢᠷᠠᠭᠤᠯᠵᠦ ᠪᠤᠯᠬᠤᠶᠢᠴᠠ ᠤᠷᠤᠯᠭ᠎ᠠ 31943 ᠲᠥᠭᠦᠷᠢᠭ ᠪᠠ 9069 ᠲᠥᠭᠦᠷᠢᠭ ᠪᠠᠶᠢᠵᠦ᠂ ᠲᠤᠰᠪᠤᠷᠢ 8.6% ᠪᠠ 7.9%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠲᠤᠰᠪᠤᠷᠢ ᠪᠦᠬᠦ ᠠᠶᠢᠮᠠᠭ ᠤᠨ 2 ᠪᠠ 7 ᠳ᠋ᠤᠭᠠᠷ ᠲᠤ ᠵᠢᠭᠰᠠᠭᠠᠭᠳᠠᠪᠠ︔ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠭ᠎ᠠ ᠶᠢᠨ ᠶᠡᠷᠦᠩᠬᠡᠢ ᠥᠷᠳᠡᠭ 17.2 ᠳ᠋ᠦᠩᠰᠢᠭᠤᠷ ᠲᠥᠭᠦᠷᠢᠭ ᠪᠡᠶᠡᠯᠡᠬᠦᠯᠵᠦ᠂ 9.1%᠎ ᠪᠠᠷ ᠨᠡᠮᠡᠭᠳᠡᠪᠡ᠃     ︵ᠬᠤᠶᠠᠷ︶ ᠠᠵᠦ ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠠᠪᠰᠢᠬᠤ ᠶᠢ ᠠᠬᠢᠭᠤᠯᠵᠦ᠂ ᠪᠦᠲᠦᠴᠡ ᠶᠢᠨ ᠲᠤᠬᠢᠷᠠᠭᠤᠯᠤᠯᠳᠠ ᠶᠢ ᠳᠠᠰᠤᠷᠠᠯᠳᠠ ᠦᠭᠡᠢ ᠲᠦᠷᠬᠡᠳᠬᠡᠪᠡ᠃ ᠭᠤᠷᠪᠠᠨ ᠠᠵᠦ ᠤᠶᠢᠯᠡᠰ ᠤᠨ ᠪᠦᠲᠦᠴᠡ ᠶᠢᠨ ᠬᠠᠷᠢᠴᠠᠯ 8.6᠄ 66.9᠄ 24.5 ᠪᠠᠶᠢᠭᠰᠠᠨ ᠠᠴᠠ 8.7᠄ 66᠄ 25.3 ᠪᠤᠯᠪᠠ᠃ ᠦᠨᠳᠦᠷ ᠦᠷ᠎ᠡ ᠠᠰᠢᠭᠲᠦ ᠠᠮᠢ ᠠᠬᠤᠢ ᠶᠢᠨ ᠭᠠᠮᠰᠢᠭ ᠠᠴᠠ ᠵᠠᠶᠢᠯᠠᠬᠤ ᠬᠡᠯᠪᠡᠷᠢ ᠶᠢᠨ ᠮᠠᠯ ᠠᠵᠦ ᠠᠬᠤᠢ ᠶᠢ ᠯᠠᠪᠳᠠᠭᠤᠨ ᠠᠬᠢᠭᠤᠯᠪᠠ᠃ ︽ᠬᠤᠨᠢ ᠶᠢ ᠴᠦᠭᠡᠳᠬᠡᠨ ᠦᠭᠡᠷ ᠥᠰᠬᠡᠬᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠠᠬᠢ ᠰᠢᠯᠢᠳᠡᠭ ᠡᠭᠦᠯᠳᠡᠷ ᠤᠨ ᠢᠳᠡᠰᠢᠨ ᠦᠬᠡᠷ ᠤᠨ ᠤᠶᠢᠯᠡᠰ ᠤᠨ ᠬᠦᠭᠵᠢᠯᠳᠡ ᠶᠢᠨ ᠲᠥᠯᠦᠪᠯᠡᠭᠡ ᠶᠢ ᠨᠠᠶᠢᠷᠠᠭᠤᠯᠵᠦ᠂ ᠪᠦᠬᠦ ᠵᠢᠯ ᠳᠡᠭᠡᠨ 1531 ᠦᠬᠡᠷ ᠤᠷᠤᠭᠤᠯᠪᠠ ᠃ ᠰᠦᠨᠢᠳ ᠡᠭᠦᠯᠳᠡᠷ ᠤᠨ ᠦᠷ᠎ᠡ ᠶᠢᠨ ᠮᠠᠯ ᠤᠨ ᠲᠥᠪᠯᠡᠷᠡᠬᠦᠯᠦᠨ ᠬᠠᠮᠢᠶᠠᠷᠤᠯᠳᠠ 100%᠎ ᠳᠤ ᠬᠦᠷᠴᠦ᠂ ᠡᠭᠦᠯᠳᠡᠷ ᠰᠠᠶᠢᠵᠢᠷᠠᠭᠤᠯᠤᠯᠳᠠ ᠶᠢᠨ ᠬᠠᠷᠢᠴᠠᠯ 99%᠎ ᠳᠤ ᠬᠦᠷᠪᠡ᠃ ᠮᠠᠯ ᠤᠨ ᠠᠰᠢᠭ ᠰᠢᠮ᠎ᠡ ᠶᠢᠨ ᠪᠥᠲᠦᠭᠡᠭᠳᠡᠬᠦᠨ ᠤ ᠦᠨ᠎ᠡ ᠦᠷᠬᠦᠯᠵᠢᠯᠡᠨ ᠪᠠᠭᠤᠷᠠᠬᠤ ᠨᠥᠯᠦᠭᠡᠯᠡᠯ ᠢ ᠢᠳᠡᠪᠬᠢᠲᠠᠢ ᠠᠷᠭᠠᠴᠠᠭᠠᠵᠦ᠂ 10 ᠲᠦᠮᠡᠨ ᠡᠪᠤᠯ ᠤᠨ ᠬᠤᠷᠠᠭ᠎ᠠ ᠶᠢ ᠤᠷᠢᠳᠴᠢᠯᠠᠨ ᠬᠤᠳᠠᠯᠳᠤᠵᠦ᠂ 302 ᠲᠦᠮᠡᠨ ᠲᠥᠭᠦᠷᠢᠭ ᠡᠳ᠋ ᠤᠨ ᠵᠠᠰᠠᠭ ᠤᠨ ᠨᠥᠬᠦᠪᠦᠷᠢ ᠪᠠᠭᠤᠯᠭᠠᠪᠠ᠃ 10 ᠲᠦᠮᠡᠨ ᠰᠦᠨᠢᠳ ᠬᠤᠨᠢᠨ ᠳᠤ ᠠᠵᠦ ᠤᠶᠢᠯᠡᠰ ᠤᠨ ᠭᠡᠯᠬᠢᠶᠠᠵᠢᠯ ᠤᠨ ᠮᠦᠷᠳᠡᠯᠳᠡ ᠎ ᠶᠢᠨ ᠰᠢᠰᠲ᠋ᠧᠮ ᠤᠨ ᠮᠡᠷᠭᠡᠵᠢᠯ ᠬᠡᠷᠡᠭᠯᠡᠪᠡ᠃ ᠰᠢᠨ᠎ᠡ ᠬᠡᠯᠪᠡᠷᠢ ᠶᠢᠨ ᠮᠠᠯ ᠠᠵᠦ ᠠᠬᠤᠢ ᠶᠢᠨ ᠡᠵᠡᠩᠨᠡᠯᠳᠡ ᠶᠢᠨ ᠰᠢᠰᠲ᠋ᠧᠮ ᠢ ᠪᠠᠶᠢᠭᠤᠯᠵᠦ᠂ ᠭᠡᠷ ᠪᠥᠯᠢ ᠶᠢᠨ ᠮᠠᠯᠵᠢᠯ ᠤᠨ ᠲᠠᠯᠠᠪᠤᠷ ᠲᠠᠢ ᠡᠷᠦᠬᠡ 94᠎ ᠳᠤ ᠬᠦᠷᠪᠡ᠃ ᠮᠠᠯ ᠠᠵᠦ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠦ᠂ 2100 ᠢᠯᠡᠬᠦᠤ ᠲᠦᠮᠡᠨ ᠲᠥᠭᠦᠷᠢᠭ ᠤᠨ ᠪᠡᠯᠡ ᠤᠷᠤᠭᠤᠯᠵᠦ᠂  ᠨᠡᠶᠢᠳᠡ 4.3 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ 220 ᠲᠤᠯᠠᠭᠠᠨ ᠫᠧᠩ ᠪᠠ ᠨᠠᠶᠢᠳᠠ 0.65 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ 130 ᠡᠪᠡᠰᠦ ᠬᠠᠳᠠᠭᠠᠯᠠᠬᠤ ᠬᠤᠷᠤᠭ᠎ᠠ ᠰᠢᠨ᠎ᠡ ᠪᠠᠷ ᠪᠠᠶᠢᠭᠤᠯᠪᠠ᠃ ᠰᠢᠨ᠎ᠡ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠥᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ᠂ ︽ᠰᠦᠨᠢᠳ ᠪᠠᠷᠠᠭᠤᠨ ᠬᠤᠰᠢᠭᠤᠨ ᠤ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠎ ᠶᠢᠨ ᠨᠥᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠲᠦᠰᠦᠪ ︵2016 — 2020 ᠤᠨ︶︾᠎ ᠢ ᠳᠤᠭᠳᠠᠭᠠᠪᠠ᠂ ᠪᠦᠬᠦ ᠬᠤᠰᠢᠭᠤᠨ ᠳᠤ ᠰᠢᠨ᠎ᠡ ᠡᠭᠡᠯᠵᠢ ᠶᠢᠨ ᠨᠥᠬᠦᠪᠦᠷᠢ ᠪᠠ ᠱᠠᠩᠨᠠᠯ ᠤᠨ ᠮᠥᠩᠬᠦ ᠤᠯᠭᠤᠬᠤ ᠨᠤᠳᠤᠭ ᠪᠡᠯᠴᠢᠭᠡᠷ ᠤᠨ ᠲᠠᠯᠠᠪᠠᠢ 3288 ᠲᠦᠮᠡᠨ ᠮᠤ᠋ ᠪᠠᠶᠢᠵᠦ᠂ ᠨᠤᠳᠤᠭ ᠪᠡᠯᠴᠢᠭᠡᠷ ᠤᠨ ᠠᠮᠢ ᠠᠬᠤᠢ ᠎ ᠶᠢᠨ ᠬᠠᠮᠠᠭᠠᠯᠠᠯᠳᠠ ᠶᠢᠨ ᠨᠥᠬᠦᠪᠦᠷᠢ ᠪᠠ ᠱᠠᠩᠨᠠᠯ ᠤᠨ ᠮᠥᠩᠬᠦ 9200 ᠲᠦᠮᠡᠨ ᠲᠥᠭᠦᠷᠢᠭ ᠲᠠᠷᠬᠠᠭᠠᠪᠠ᠃ ᠠᠵᠦ ᠤᠶᠢᠯᠡᠳᠪᠦᠷᠢ ᠬᠡᠯᠪᠡᠷᠢ ᠪᠠᠨ ᠬᠤᠪᠢᠷᠠᠭᠤᠯᠤᠨ ᠲᠡᠰ ᠳᠠᠪᠰᠢᠯᠳᠠ ᠪᠠᠨ ᠲᠦᠷᠭᠡᠳᠬᠡᠪᠡ᠃ ᠭᠤᠸᠠᠩ ᠶᠤᠸᠠᠨ᠂ ᠬᠤᠤ ᠰᠢᠶᠠᠩ ᠵᠡᠷᠭᠡ ᠨᠤᠤᠰᠤ ᠨᠤᠯᠤᠤᠷ ᠤᠨ ᠺᠤᠮᠫᠠᠨᠢ ᠶᠢᠨ ᠨᠤᠤᠰᠤ ᠨᠤᠯᠤᠤᠷ ᠡᠳ᠋ᠰᠢᠬᠦᠯᠬᠦ ᠲᠦᠷᠦᠯ ᠵᠤᠶᠢᠯ ᠨᠢ ᠠᠰᠢᠭᠯᠠᠯᠳᠠ ᠳᠤ ᠤᠷᠤᠪᠠ᠃ ᠼᠣᠣ ᠶᠤᠸᠠᠨ ᠮᠤ᠋ ᠳ᠋ᠦ᠋ ᠶᠢᠨ ᠬᠤᠶᠠᠳᠠᠬᠢ ᠬᠤᠭᠤᠴᠠᠭᠠᠨ ᠤ ᠪᠠᠶᠢᠭᠤᠯᠤᠯᠳᠠ᠂ ᠶᠠᠩ ᠶᠠᠩ ᠮᠠᠯ ᠠᠵᠦ ᠠᠬᠤᠢ ᠶᠢᠨ ᠦᠬᠡᠷ ᠬᠤᠨᠢᠨ ᠮᠢᠬ᠎ᠠ ᠪᠤᠯᠪᠠᠰᠤᠷᠠᠭᠤᠯᠬᠤ ᠵᠡᠷᠭᠡ ᠨᠢᠭᠡ ᠪᠥᠯᠦᠭ ᠮᠠᠯ ᠤᠨ ᠠᠰᠢᠭ ᠰᠢᠮ᠎ᠡ ᠶᠢᠨ ᠪᠥᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠲᠦᠷᠦᠯ ᠵᠤᠶᠢᠯ ᠡᠷᠴᠢᠮᠲᠠᠢ ᠠᠬᠢᠪᠠ᠃ ᠰᠢᠨ ᠮᠧᠩ ᠰᠢᠨ ᠮᠠᠲ᠋ᠧᠷᠢᠶᠠᠯ ᠤᠨ ᠬᠤᠶᠠᠳᠠᠬᠢ ᠬᠤᠭᠤᠴᠠᠭᠠᠨ ᠤ ᠢᠨᠵᠧᠨᠧᠷᠢᠩ᠂ ᠶᠢᠨ ᠰᠢ ᠰᠢᠵᠢᠷ ᠠᠯᠳᠠᠨ ᠤ ᠺᠤᠮᠫᠠᠨᠢ ᠶᠢᠨ ᠮᠡᠷᠭᠡᠵᠢᠯ ᠤᠨ ᠦᠭᠡᠷᠡᠴᠢᠯᠡᠯᠳᠡ ᠵᠡᠷᠭᠡ ᠨᠢᠭᠡ ᠪᠥᠯᠦᠭ ᠲᠡᠮᠦᠷᠯᠢᠭ ᠪᠤᠯᠪᠠᠰᠤᠷᠠᠭᠤᠯᠬᠤ ᠲᠦᠷᠦᠯ ᠵᠤᠶᠢᠯ ᠤᠨ ᠠᠬᠢᠴᠠ ᠠᠮᠵᠢᠯᠲᠠᠲᠠᠢ ᠪᠠᠶᠢᠪᠠ᠃ ᠭᠥᠸᠧ ᠬᠤᠸᠠ᠂ ᠶᠢᠨ ᠰᠢ ᠺᠤᠮᠫᠠᠨᠢ ᠶᠢᠨ 1 ᠲᠦᠮᠡᠨ ᠺᠢᠯᠤᠸᠠᠲ ᠭᠡᠷᠡᠯ ᠤᠨ ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠤᠶᠢᠯ ᠨᠢ ᠲᠤᠤᠷ ᠲᠤ ᠨᠡᠶᠢᠯᠡᠬᠦᠯᠦᠨ ᠴᠠᠬᠢᠯᠭᠠᠨ ᠭᠠᠷᠭᠠᠬᠤ ᠶᠢ ᠪᠡᠶᠡᠯᠡᠬᠦᠯᠪᠡ᠃ 7 ᠨᠤᠤᠰᠤ ᠨᠤᠯᠤᠤᠷ ᠪᠠ ᠤᠯᠠᠭᠠᠨ ᠢᠳᠡᠭᠡᠨ ᠪᠤᠯᠪᠠᠰᠤᠷᠠᠭᠤᠯᠬᠤ ᠠᠵᠦ ᠠᠬᠤᠶᠢᠯᠠᠯ ᠨᠢ ᠬᠡᠪᠴᠢᠶᠠᠵᠢᠯ ᠠᠴᠠ ᠲᠡᠭᠡᠭᠰᠢᠬᠢ ᠠᠵᠦ ᠠᠬᠤᠶᠢᠯᠠᠯ ᠪᠤᠯᠪᠠ᠃ ᠪᠦᠬᠦ ᠬᠤᠰᠢᠭᠤᠨ ᠤ 51 ᠡᠷᠦᠬᠡ ᠬᠡᠪᠴᠢᠶᠠᠵᠢᠯ ᠠᠴᠠ ᠲᠡᠭᠡᠭᠰᠢᠬᠢ ᠠᠵᠦ ᠤᠶᠢᠯᠡᠳᠪᠦᠷᠢ ᠶᠢᠨ ᠠᠵᠦ ᠠᠬᠤᠶᠢᠯᠠᠯ ᠨᠢ 93 ᠳ᠋ᠦᠩᠰᠢᠭᠤᠷ ᠲᠥᠭᠦᠷᠢᠭ ᠤᠨ ᠤᠶᠢᠯᠡᠳᠬᠦᠨ ᠤ ᠥᠷᠳᠡᠭ ᠢ ᠪᠡᠶᠡᠯᠡᠬᠦᠯᠵᠦ᠂ 16%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠠᠶᠢᠮᠠᠭ ᠤᠨ 1 ᠳ᠋ᠤᠭᠡᠷ ᠲᠤ ᠵᠢᠭᠰᠠᠭᠠᠭᠳᠠᠪᠠ᠃ ᠭᠤᠷᠪᠠᠳᠤᠭᠠᠷ ᠠᠵᠦ ᠤᠶᠢᠯᠡᠰ ᠤᠨ ᠬᠡᠪᠴᠢᠶᠠᠵᠢᠯ ᠪᠠ ᠶᠡᠷᠦᠩᠬᠡᠢ ᠬᠡᠮᠵᠢᠶ᠎ᠠ ᠳᠠᠰᠤᠷᠠᠯᠳᠠ ᠦᠭᠡᠢ ᠨᠡᠮᠡᠭᠳᠡᠪᠡ᠃ ᠪᠦᠬᠦ ᠬᠤᠰᠢᠭᠤᠨ ᠤ ᠮᠥᠩᠬᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠲᠦᠷᠦᠯ ᠤᠨ ᠬᠠᠳᠠᠭᠠᠯᠠᠮᠵᠢ ᠎ ᠶᠢᠨ ᠦᠯᠡᠳᠡᠪᠦᠷᠢ 37.6 ᠳ᠋ᠦᠩᠰᠢᠭᠤᠷ ᠲᠥᠭᠦᠷᠢᠭ ᠪᠠᠶᠢᠵᠦ᠂ 30.5%᠎ ᠪᠠᠷ ᠨᠡᠮᠡᠭᠳᠡᠪᠡ︔ ᠡᠯ᠎ᠡ ᠲᠦᠷᠦᠯ ᠤᠨ ᠵᠢᠭᠡᠯᠡᠯᠭᠡ ᠶᠢᠨ ᠦᠯᠡᠳᠡᠪᠦᠷᠢ 21 ᠳ᠋ᠦᠩᠰᠢᠭᠤᠷ ᠲᠥᠭᠦᠷᠢᠭ ᠪᠠᠶᠢᠵᠦ᠂ 1.2%᠎ ᠢᠶᠠᠷ ᠨᠡᠮᠡᠭᠳᠡᠪᠡ︔ ᠵᠠᠰᠠᠮᠠᠯ ᠵᠠᠮ ᠎ ᠤᠨ ᠠᠶᠠᠨᠴᠢᠳ ᠪᠠ ᠲᠡᠭᠡᠭᠡᠪᠦᠷᠢ ᠶᠢᠨ ᠵᠥᠭᠡᠭᠡᠪᠦᠷᠢᠯᠡᠯᠳᠡ ᠲᠤᠰᠪᠤᠷᠢ 4411 ᠲᠦᠮᠡᠨ ᠬᠦᠮᠥᠨ ᠺᠢᠯᠤᠮᠧᠲᠷ ᠪᠠ 8.7 ᠳ᠋ᠦᠩᠰᠢᠭᠤᠷ ᠲᠤᠨ ᠺᠢᠯᠤᠮᠧᠲᠷ ᠲᠤ ᠬᠦᠷᠪᠡ᠃ ︽ᠲᠦᠷᠪᠡᠨ ᠶᠡᠭᠡ ᠪᠠᠶᠠᠷ ᠳᠤᠷᠠᠰᠬᠠᠯ︾᠎ ᠤᠨ ᠨᠡᠷᠡᠲᠦ ᠲᠡᠮᠳᠡᠭ ᠎ ᠤᠨ ᠠᠵᠢᠯᠯᠠᠭ᠎ᠠ ᠪᠠᠷ ᠭᠤᠤᠯ ᠪᠤᠯᠭᠠᠭᠰᠠᠨ ᠲᠠᠯ᠎ᠠ ᠨᠤᠳᠤᠭ ᠤᠨ ᠤᠨᠴᠠᠯᠢᠭᠲᠦ ᠵᠢᠭᠤᠯᠴᠢᠯᠠᠯ ᠤᠨ ᠤᠶᠢᠯᠡᠰ ᠢ ᠲᠦᠷᠭᠡᠨ ᠬᠦᠭᠵᠢᠬᠦᠯᠵᠦ᠂ ᠪᠦᠬᠦ ᠵᠢᠯ ᠳᠤ 20.8 ᠲᠦᠮᠡᠨ ᠬᠦᠮᠥᠨ ᠤᠳᠠᠭ᠎ᠠ ᠵᠢᠭᠤᠯᠴᠢᠳ ᠢ ᠬᠦᠯᠢᠶᠠᠨ ᠠᠪᠴᠦ᠂ 5300 ᠲᠦᠮᠡᠨ ᠲᠥᠭᠦᠷᠢᠭ ᠤᠨ ᠵᠢᠭᠤᠯᠴᠢᠯᠠᠯ ᠤᠨ ᠤᠷᠤᠯᠭ᠎ᠠ ᠶᠢ ᠡᠭᠦᠳᠪᠡ᠃ ᠰᠦᠨᠢᠳ ᠪᠠᠷᠠᠭᠤᠨ ᠬᠤᠰᠢᠭᠤᠨ ᠎ ᠳᠠᠬᠢ ᠵᠢᠩ ᠳ᠋ᠦᠩ ᠠᠷᠠᠯᠵᠢᠶ᠎ᠠ ᠪᠤᠯᠤᠨ ᠵᠢᠩ ᠳ᠋ᠦᠩ ᠤᠨ ᠰᠢᠶᠠᠨ ᠤ ᠲᠡᠰ ᠤᠨ ᠤᠶᠢᠯᠡᠴᠢᠯᠡᠭᠡᠨ ᠤ ᠲᠥᠪ ᠢ ᠠᠰᠢᠭᠯᠠᠯᠳᠠ ᠳᠤ ᠤᠷᠤᠭᠤᠯᠪᠠ᠃ 6 ᠭᠠᠵᠠᠷ ᠲᠤ ᠥᠪᠡᠷᠮᠢᠴᠡ ᠤᠨᠴᠠᠯᠢᠭᠲᠦ ︽ᠭᠠᠷᠠᠭ ᠤᠨ ᠰᠡᠭᠦᠯᠴᠢ ᠶᠢᠨ ᠰᠦᠨᠢᠳ︾ ᠭᠡᠰᠡᠨ ᠮᠠᠯᠴᠢᠨ ᠠᠶᠢᠯ ᠵᠢᠭᠤᠯᠴᠢᠯᠠᠯ ᠤᠨ ᠭᠠᠵᠠᠷ ᠢ ᠪᠠᠶᠢᠭᠤᠯᠪᠠ᠃ ᠵᠧᠩ ᠳ᠋ᠠ ᠬᠠᠯᠠᠭᠤᠨ ᠲᠤᠭᠤᠭ᠎ᠠ᠂ ᠶᠦᠨ ᠹᠧᠢ ᠤᠶᠢᠯᠡᠳᠪᠦᠷᠢ ᠠᠷᠠᠯᠵᠢᠶ᠎ᠠ ᠵᠡᠷᠭᠡ 2 ᠬᠤᠪᠢ ᠶᠢᠨ ᠡᠵᠡᠩᠨᠡᠯᠳᠡ ᠶᠢᠨ ᠡᠷᠦᠬᠡ ᠨᠢ ᠠᠵᠦ ᠠᠬᠤᠶᠢᠯᠠᠯ ᠪᠤᠯᠤᠨ ᠳᠠᠪᠰᠢᠭᠰᠠᠨ ᠪᠠᠶᠢᠨ᠎ᠠ᠃     ︵ᠭᠤᠷᠪᠠ︶ ᠰᠠᠭᠤᠷᠢ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠠᠬᠢᠭᠤᠯᠵᠦ᠂ ᠬᠦᠭᠵᠢᠯᠳᠡ ᠶᠢᠨ ᠤᠷᠴᠢᠨ ᠢ ᠳᠠᠰᠤᠷᠠᠯᠳᠠ ᠦᠭᠡᠢ ᠰᠠᠶᠢᠵᠢᠷᠠᠭᠤᠯᠪᠠ᠃ 1.65 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠦ᠂ ᠰᠠᠶᠢᠬᠠᠨᠳᠠᠯ᠎ᠠ ᠪᠠᠯᠭᠠᠰᠤᠨ ᠤ ᠵᠠᠮ ᠢ ᠬᠠᠳᠠᠭᠤᠷᠠᠭᠤᠯᠬᠤ᠂ ᠨᠤᠭᠤᠭᠠᠷᠠᠭᠤᠯᠬᠤ᠂ ᠭᠤᠸᠠᠯᠢᠭᠵᠢᠭᠤᠯᠬᠤ᠂ ᠭᠡᠷᠡᠯᠳᠦᠬᠦᠯᠬᠦ᠂ ᠲᠤᠯᠠᠭᠠᠯᠭ᠎ᠠ ᠶᠢᠨ ᠲᠤᠤᠷ ᠬᠤᠭᠤᠯᠠᠢ ᠶᠢᠨ ᠪᠥᠲᠦᠭᠡᠨ ᠪᠠᠶᠢᠭᠤᠯᠤᠯᠳᠠ ᠵᠢᠴᠢ ᠪᠤᠬᠢᠷ ᠤᠰᠤ ᠶᠢ ᠲᠠᠬᠢᠨ ᠠᠰᠢᠭᠯᠠᠬᠤ᠂ ᠡᠯᠡᠰᠦ ᠮᠠᠯᠳᠠᠭᠰᠠᠨ ᠨᠦᠬᠡ ᠶᠢ ᠦᠭᠡᠷᠡᠴᠢᠯᠡᠬᠦ ᠵᠡᠷᠭᠡ ᠬᠤᠳᠠ ᠪᠠᠯᠭᠠᠰᠤᠨ ᠤ ᠪᠥᠲᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠬᠦᠯᠪᠡ᠃ 6007 ᠲᠦᠮᠡᠨ ᠲᠥᠭᠦᠷᠢᠭ ᠤᠨ ᠪᠡᠯᠡ ᠤᠷᠤᠭᠤᠯᠵᠦ᠂ ᠰᠠᠶᠢᠬᠠᠨᠳᠠᠯ᠎ᠠ ᠨᠤᠤᠰᠤ ᠨᠤᠯᠤᠤᠷ ᠤᠨ ᠨᠡᠬᠡᠮᠡᠯ ᠤᠨ ᠤᠶᠢᠯᠡᠰ ᠤᠨ ᠡᠷᠬᠢᠯᠳᠡᠲᠦ ᠠᠵᠦ ᠠᠬᠤᠢ ᠶᠢᠨ ᠲᠤᠭᠤᠷᠢᠭ ᠤᠨ ᠭᠠᠵᠠᠷ ᠲᠤᠤᠷᠠᠬᠢ ᠶᠡᠷᠦᠩᠬᠡᠶᠢᠯᠡᠭᠰᠡᠨ ᠲᠤᠤᠷ ᠬᠤᠭᠤᠯᠠᠢ ᠶᠢ ᠦᠭᠡᠷᠡᠴᠢᠯᠡᠬᠦ ᠢᠨᠵᠧᠨᠧᠷᠢᠩ ᠢ ᠪᠡᠶᠡᠯᠡᠬᠦᠯᠪᠡ᠃ ᠬᠦᠳᠡᠭᠡ ᠲᠤᠰᠬᠤᠨ ᠤ ᠰᠠᠭᠤᠷᠢ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠳᠠ ᠎ ᠶᠢ ᠪᠦᠬᠦ ᠲᠠᠯ᠎ᠠ ᠪᠠᠷ ᠴᠢᠩᠭᠠᠳᠬᠠᠵᠦ᠂ ᠭᠠᠴᠠᠭ᠎ᠠ ᠲᠤᠰᠬᠤᠨ ᠳᠤ 388 ᠺᠢᠯᠤᠮᠧᠲᠷ ᠬᠠᠷ᠎ᠠ ᠲᠤᠰᠤᠨ ᠵᠠᠮ ᠲᠡᠪᠢᠰᠪᠠ᠃ 105 ᠬᠤᠳᠳᠤᠭ ᠮᠠᠯᠳᠠᠵᠦ᠂ 670 ᠢᠵᠢ ᠤᠰᠤ ᠰᠠᠶᠢᠵᠢᠷᠠᠭᠤᠯᠬᠤ ᠲᠥᠬᠦᠭᠡᠷᠦᠮᠵᠢ ᠲᠠᠷᠬᠠᠭᠠᠵᠦ᠂ 25 ᠭᠠᠵᠠᠷ ᠲᠤ ᠲᠥᠪᠯᠡᠷᠡᠬᠦᠯᠦᠨ ᠤᠰᠤ ᠬᠠᠩᠭᠠᠵᠦ᠂ 1 ᠲᠦᠮᠡᠨ ᠮᠤ᠋ ᠭᠠᠵᠠᠷ ᠲᠤ ᠤᠰᠤ ᠠᠷᠪᠢᠯᠠᠬᠤ ᠤᠰᠤᠯᠠᠯᠳᠠ ᠎ ᠶᠢᠨ ᠲᠦᠷᠦᠯ ᠵᠤᠶᠢᠯ ᠢ ᠬᠡᠷᠡᠭᠵᠢᠬᠦᠯᠪᠡ᠃ 595 ᠺᠢᠯᠤᠮᠧᠲᠷ ᠴᠠᠬᠢᠯᠭᠠᠨ ᠤᠳᠠᠰᠤ ᠶᠢ ᠰᠢᠨ᠎ᠡ ᠪᠠᠷ ᠳᠠᠳᠠᠵᠦ᠂ 1304 ᠮᠠᠯᠴᠢᠨ ᠲᠠᠷᠢᠶᠠᠴᠢᠨ ᠡᠷᠦᠬᠡ ᠳᠤ ᠴᠠᠬᠢᠯᠭᠠᠨ ᠤᠷᠤᠭᠤᠯᠪᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠎ ᠤ ᠡᠬᠢ ᠶᠢ ᠵᠠᠰᠠᠬᠤ ᠪᠠ ᠭᠤᠤᠯᠳᠠᠯᠭ᠎ᠠ ᠲᠠᠢ ᠤᠷᠤᠨ ᠲᠤᠭᠤᠷᠢᠭ ᠢ ᠨᠤᠭᠤᠭᠠᠷᠠᠭᠤᠯᠬᠤ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠪᠥᠲᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠬᠦᠯᠵᠦ᠂ 66.5 ᠲᠦᠮᠡᠨ ᠮᠤ᠋ ᠨᠤᠳᠤᠭ ᠪᠡᠯᠴᠢᠭᠡᠷ ᠤᠨ ᠠᠮᠢ ᠠᠬᠤᠢ ᠶᠢᠨ ᠪᠥᠲᠦᠭᠡᠨ ᠪᠠᠶᠢᠭᠤᠯᠤᠯᠳᠠ ᠶᠢ ᠪᠡᠶᠡᠯᠡᠬᠦᠯᠵᠦ᠂ 4 ᠲᠦᠮᠡᠨ ᠮᠤ᠋ ᠪᠡᠯᠴᠢᠭᠡᠷ ᠢ ᠨᠢᠰᠬᠡᠯ ᠢᠶᠠᠷ ᠤᠶᠢᠵᠢᠭᠤᠯᠤᠨ᠂ 0.4 ᠲᠦᠮᠡᠨ ᠮᠤ᠋ ᠪᠡᠯᠴᠢᠭᠡᠷ ᠤᠨ ᠡᠯᠡᠰᠦ ᠶᠢ ᠲᠤᠭᠳᠠᠪᠤᠷᠢᠵᠢᠭᠤᠯᠵᠦ᠂ 1500 ᠮᠤ᠋ ᠭᠤᠤᠯᠳᠠᠯᠭ᠎ᠠ ᠲᠠᠢ ᠤᠷᠤᠨ ᠲᠤᠭᠤᠷᠢᠭ ᠢ ᠨᠤᠭᠤᠭᠠᠷᠠᠭᠤᠯᠵᠦ᠂ 9 ᠲᠡᠭᠰᠢ ᠲᠦᠷᠪᠡᠯᠵᠢᠨ ᠺᠢᠯᠤᠮᠧᠲᠷ ᠵᠢᠵᠢᠭ ᠤᠷᠤᠰᠬᠠᠯ ᠢ ᠵᠠᠰᠠᠪᠠ᠃ ︽ᠤᠯᠤᠰ ᠤᠨ ᠲᠡᠰ ᠤᠨ ᠠᠷᠢᠭᠤᠨ ᠴᠡᠪᠡᠷ ᠬᠤᠳᠠ ᠪᠠᠯᠭᠠᠰᠤ ᠪᠠ ᠥᠪᠡᠷᠳᠡᠭᠡᠨ ᠵᠠᠰᠠᠬᠤ ᠤᠷᠤᠨ ᠤ ᠲᠡᠰ ᠤᠨ ᠪᠤᠯᠪᠠᠰᠤᠨ ᠬᠤᠰᠢᠭᠤ︾᠎ ᠶᠢ ᠪᠥᠲᠦᠭᠡᠨ ᠪᠠᠶᠢᠭᠤᠯᠬᠤ ᠠᠵᠢᠯ ᠢ ᠡᠷᠴᠢᠮᠲᠠᠢ ᠶᠠᠪᠤᠭᠤᠯᠵᠦ᠂ ᠤᠯᠤᠰ ᠤᠨ ᠲᠡᠰ ᠤᠨ ᠠᠷᠢᠭᠤᠨ ᠴᠡᠪᠡᠷ ᠬᠤᠳᠠ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠨᠢ ᠰᠢᠯᠭᠠᠨ ᠬᠤᠷᠢᠶᠠᠯᠳᠠ ᠪᠠᠷ ᠪᠠᠳᠤᠯᠠᠭᠳᠠᠵᠦ᠂ ᠥᠪᠡᠷᠳᠡᠭᠡᠨ ᠵᠠᠰᠠᠬᠤ ᠤᠷᠤᠨ ᠤ ᠲᠡᠰ ᠤᠨ ᠪᠤᠯᠪᠠᠰᠤᠨ ᠬᠤᠰᠢᠭᠤ ᠪᠠᠷ ᠨᠡᠷ᠎ᠡ ᠳᠡᠪᠰᠢᠭᠳᠡᠨ ᠲᠠᠨᠢᠯᠴᠠᠭᠤᠯᠤᠭᠳᠠᠵᠦ᠂ 3 ᠰᠤᠮᠤ ᠪᠠᠯᠭᠠᠰᠤ ᠪᠠ 11 ᠭᠠᠴᠠᠭ᠎ᠠ ᠨᠢ ᠲᠤᠰᠪᠤᠷᠢ ᠥᠪᠡᠷᠳᠡᠭᠡᠨ ᠵᠠᠰᠠᠬᠤ ᠤᠷᠤᠨ ᠤ ᠲᠡᠰ ᠤᠨ ᠠᠷᠢᠭᠤᠨ ᠴᠡᠪᠡᠷ ᠰᠤᠮᠤ ᠪᠠᠯᠭᠠᠰᠤ ᠪᠠ ᠭᠠᠴᠠᠭ᠎ᠠ ᠲᠤᠰᠬᠤᠨ ᠢᠶᠠᠷ ᠦᠨᠡᠯᠡᠭᠳᠡᠪᠡ᠃     ︵ᠲᠦᠷᠪᠡ︶ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠠᠨ ᠤ ᠪᠥᠲᠦᠭᠡᠨ ᠪᠠᠶᠢᠭᠤᠯᠤᠯᠳᠠ ᠶᠢ ᠰᠠᠶᠢᠳᠤᠷ ᠬᠢᠵᠦ᠂ ᠨᠡᠶᠢᠭᠡᠮ ᠤᠨ ᠪᠠᠳᠤᠯᠠᠭ᠎ᠠ ᠶᠢᠨ ᠴᠢᠳᠠᠪᠬᠢ ᠳᠠᠰᠤᠷᠠᠯᠳᠠ ᠦᠭᠡᠢ ᠲᠡᠭᠡᠭᠰᠢᠯᠡᠪᠡ᠃ ᠪᠦᠬᠦ ᠵᠢᠯ ᠳᠤ ᠤᠷᠤᠨ ᠨᠤᠳᠤᠭ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠠᠬᠢ ᠪᠡᠯᠡ ᠤᠷᠤᠭᠤᠯᠤᠯᠳᠠ 11.2 ᠳ᠋ᠦᠩᠰᠢᠭᠤᠷ ᠲᠥᠭᠦᠷᠢᠭ ᠪᠠᠶᠢᠵᠦ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 78%᠎ ᠶᠢ ᠡᠵᠡᠯᠡᠪᠡ᠃ 4.38 ᠳ᠋ᠦᠩᠰᠢᠭᠤᠷ ᠲᠥᠭᠦᠷᠢᠭ ᠪᠡᠯᠡ ᠤᠷᠤᠭᠤᠯᠵᠦ᠂ ︽ᠦᠵᠡᠰᠬᠦᠯᠡᠩᠲᠦ ᠬᠦᠳᠡᠭᠡ ᠲᠤᠰᠬᠤᠨ︾᠎ ᠤ ᠪᠥᠲᠦᠭᠡᠨ ᠪᠠᠶᠢᠭᠤᠯᠤᠯᠳᠠ ᠶᠢ ᠠᠬᠢᠭᠤᠯᠵᠦ᠂ ᠬᠦᠳᠡᠭᠡ ᠲᠤᠰᠬᠤᠨ ᠤ ᠰᠠᠭᠤᠷᠢ ᠲᠥᠬᠦᠭᠡᠷᠦᠮᠵᠢ ᠶᠢᠨ ᠨᠥᠬᠦᠴᠡᠯ ᠪᠠ ᠨᠡᠶᠢᠳᠡ ᠎ ᠶᠢᠨ ᠤᠶᠢᠯᠡᠴᠢᠯᠡᠭᠡᠨ ᠤ ᠲᠥᠪᠰᠢᠨ ᠢ ᠪᠥᠲᠦᠮᠵᠢᠲᠠᠢ ᠰᠠᠶᠢᠵᠢᠷᠠᠭᠤᠯᠪᠠ᠃ ᠶᠠᠳᠠᠭᠤ ᠶᠢ ᠲᠡᠳᠬᠦᠬᠦ ᠰᠢᠪᠳᠤᠯᠤᠯᠳᠠ ᠎ ᠶᠢᠨ ᠠᠵᠢᠯ ᠢ ᠪᠦᠬᠦ ᠲᠠᠯ᠎ᠠ ᠪᠠᠷ ᠡᠬᠢᠯᠡᠬᠦᠯᠵᠦ᠂ ︽ᠵᠢᠷᠭᠤᠭᠠᠨ ᠨᠠᠷᠢᠯᠢᠭ ᠤᠨᠤᠪᠴᠢᠲᠠᠢ︾ ᠪᠠ ︽ᠲᠠᠪᠤᠨ ᠨᠢᠭᠡ ᠪᠥᠯᠦᠭ︾᠎ ᠢ ᠬᠦᠨᠵᠡᠭᠡᠢ ᠨᠠᠶᠢᠳᠠᠪᠤᠷᠢᠵᠢᠭᠤᠯᠵᠦ᠂ 1740 ᠡᠷᠦᠬᠡ ᠶᠢᠨ 4292 ᠬᠦᠮᠥᠨ ᠢ ᠶᠠᠳᠠᠭᠤ ᠬᠦᠴᠢᠷᠳᠡᠯᠲᠠᠢ ᠬᠦᠮᠥᠨ ᠠᠮᠠ ᠪᠠᠷ ᠢᠯᠭᠠᠨ ᠲᠤᠭᠳᠠᠭᠠᠪᠠ᠃ 6800 ᠢᠯᠡᠬᠦᠤ ᠲᠦᠮᠡᠨ ᠲᠥᠭᠦᠷᠢᠭ ᠪᠡᠯᠡ ᠤᠷᠤᠭᠤᠯᠵᠦ᠂ ᠠᠵᠦ ᠤᠶᠢᠯᠡᠰ ᠢᠶᠠᠷ ᠶᠠᠳᠠᠭᠤ ᠶᠢ ᠲᠡᠳᠬᠦᠬᠦ᠂ ᠨᠡᠭᠦᠯᠭᠡᠨ ᠰᠢᠯᠵᠢᠬᠦᠯᠬᠦ᠂ ᠠᠮᠢ ᠠᠬᠤᠢ ᠶᠢᠨ ᠨᠥᠬᠦᠪᠦᠷᠢ᠂ ᠨᠡᠶᠢᠭᠡᠮ ᠤᠨ ᠪᠠᠳᠤᠯᠠᠭ᠎ᠠ ᠵᠡᠷᠭᠡ ᠶᠠᠳᠠᠭᠤ ᠶᠢ ᠲᠡᠳᠬᠦᠬᠦ ᠠᠷᠭ᠎ᠠ ᠪᠠᠷᠢᠯ ᠢᠶᠠᠷ ᠲᠠᠮᠵᠢᠵᠦ᠂ 1330 ᠬᠦᠮᠥᠨ ᠢ ᠶᠠᠳᠠᠭᠤ ᠠᠴᠠ ᠠᠩᠬᠢᠵᠢᠷᠠᠭᠤᠯᠪᠠ᠃ ᠪᠦᠬᠦ ᠵᠢᠯ ᠳᠤ 7523 ᠠᠵᠢᠯ ᠤᠨ ᠪᠠᠶᠢᠷᠢ ᠴᠤᠭᠯᠠᠭᠤᠯᠵᠦ᠂ ᠬᠤᠳᠠ ᠪᠠᠯᠭᠠᠰᠤ ᠶᠢᠨ 1563 ᠬᠦᠮᠥᠨ ᠳᠤ ᠠᠵᠢᠯ ᠤᠯᠭᠤᠵᠦ᠂ 221 ᠬᠤᠪᠢ ᠶᠢᠨ ᠤᠶᠢᠯᠡᠳᠪᠦᠷᠢ ᠬᠤᠳᠠᠯᠳᠤᠭᠠᠨ ᠤ ᠡᠷᠦᠬᠡ ᠳᠤ 1565 ᠲᠦᠮᠡᠨ ᠲᠥᠭᠦᠷᠢᠭ ᠤᠨ ᠤᠶᠢᠯᠡᠰ ᠪᠤᠰᠬᠠᠬᠤ ᠵᠢᠭᠡᠯᠡᠯᠭᠡ ᠤᠯᠭᠤᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ 2.73%᠎ ᠳᠤ ᠬᠦᠷᠪᠡ᠃ ᠰᠢᠨ᠎ᠡ ᠎ ᠶᠢ ᠡᠭᠦᠳᠦᠨ ᠤᠶᠢᠯᠡᠰ ᠪᠤᠰᠬᠠᠬᠤ ᠶᠢ ᠵᠢᠯᠤᠭᠤᠳᠬᠤ ᠤᠶᠢᠯᠡᠴᠢᠯᠡᠭᠡᠨ ᠤ ᠲᠥᠪ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠦ᠂ ᠠᠵᠦ ᠠᠬᠤᠶᠢᠯᠠᠯ ᠪᠠ ᠬᠤᠪᠢ ᠬᠦᠮᠥᠨ ᠳᠤ ᠤᠶᠢᠯᠡᠰ ᠪᠤᠰᠬᠠᠬᠤ 10 ᠠᠯᠪᠠᠯᠠᠬᠤ ᠭᠠᠵᠠᠷ ᠪᠠ 24 ᠰᠠᠭᠤᠷᠢ ᠺᠤᠮᠫᠢᠦ᠋ᠲ᠋ᠧᠷ ᠢᠶᠠᠷ ᠠᠵᠢᠯᠯᠠᠬᠤ ᠨᠥᠬᠦᠴᠡᠯ ᠢ ᠬᠠᠩᠭᠠᠭᠰᠠᠨ ᠪᠠᠶᠢᠨ᠎ᠠ᠃ ᠠᠷᠠᠳ ᠤᠨ ᠤᠷᠤᠨ ᠰᠠᠭᠤᠴᠠ ᠎ ᠶᠢᠨ ᠢᠨᠵᠧᠨᠧᠷᠢᠩ ᠢ ᠬᠦᠨᠵᠡᠭᠡᠢ ᠠᠬᠢᠭᠤᠯᠵᠦ᠂ ᠪᠤᠷᠤ ᠭᠡᠷ ᠤᠨ ᠲᠤᠭᠤᠷᠢᠭ ᠢ ᠦᠭᠡᠷᠡᠴᠢᠯᠡᠨ ᠵᠠᠰᠠᠬᠤ ᠢᠨᠵᠧᠨᠧᠷᠢᠩ ᠎ ᠢ ᠠᠮᠵᠢᠯᠲᠠᠲᠠᠢ ᠪᠡᠶᠡᠯᠡᠬᠦᠯᠵᠦ ᠠᠰᠢᠭᠯᠠᠯᠳᠠ ᠳᠤ ᠤᠷᠤᠭᠤᠯᠪᠠ᠂ ᠪᠠᠷᠢᠯᠭ᠎ᠠ ᠶᠢᠨ ᠲᠠᠯᠠᠪᠠᠢ ᠨᠢ 15.6 ᠲᠦᠮᠡᠨ ᠲᠡᠭᠰᠢ ᠲᠦᠷᠪᠡᠯᠵᠢᠨ ᠮᠧᠲᠷ ᠪᠤᠯᠬᠤ 33 ᠰᠠᠭᠤᠷᠢ ᠠᠰᠠᠷ ᠢ ᠰᠢᠨ᠎ᠡ ᠪᠠᠷ ᠪᠠᠷᠢᠵᠦ᠂ 1041 ᠡᠷᠦᠭᠡ ᠰᠠᠭᠤᠷᠢᠰᠢᠭᠤᠯᠪᠠ᠃ ᠤᠷᠤᠨ ᠰᠠᠭᠤᠴᠠ ᠶᠢᠨ ᠨᠥᠭᠡᠴᠡ ᠪᠠᠨ ᠠᠰᠢᠭᠯᠠᠨ᠂ ᠪᠤᠷᠤ ᠭᠡᠷ ᠤᠨ ᠲᠤᠭᠤᠷᠢᠭ ᠲᠠᠬᠢ 600 ᠡᠷᠦᠬᠡ ᠶᠢᠨ ᠤᠷᠤᠨ ᠰᠠᠭᠤᠴᠠ ᠶᠢ ᠰᠢᠨᠡᠴᠢᠯᠡᠪᠡ᠃ ᠨᠡᠶᠢᠭᠡᠮ ᠤᠨ ᠪᠠᠳᠤᠯᠠᠭ᠎ᠠ ᠶᠢᠨ ᠲᠥᠪᠰᠢᠨ ᠤᠯᠠᠮ ᠨᠢᠭᠡ ᠠᠯᠬᠤᠮ ᠲᠡᠭᠡᠭᠰᠢᠯᠡᠵᠦ᠂ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠨᠤᠷᠮ᠎ᠠ 97%᠎ ᠳᠤ ᠬᠦᠷᠴᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠠᠵᠢᠯ ᠠᠴᠠ ᠪᠠᠨ ᠠᠮᠠᠷᠠᠭᠰᠠᠳ ᠪᠤᠯᠤᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠮᠥᠩᠬᠦ ᠎ ᠶᠢᠨ ᠪᠠᠷᠢᠮᠵᠢᠶ᠎ᠠ ᠲᠤᠰᠪᠤᠷᠢ 4%᠂ 17%᠂ 7.3% ᠪᠠ 8.6%᠎ ᠪᠠᠷ ᠲᠡᠭᠡᠭᠰᠢᠯᠡᠪᠡ᠃ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠥᠩᠬᠦ᠂ ᠠᠵᠢᠯ ᠤᠯᠬᠤ ᠳᠤ ᠬᠦᠴᠢᠷᠳᠡᠢ ᠬᠦᠮᠥᠰ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠵᠡᠷᠭᠡ ᠡᠯ᠎ᠡ ᠲᠦᠷᠦᠯ ᠤᠨ ᠨᠡᠶᠢᠭᠡᠮ ᠤᠨ ᠠᠰᠠᠷᠠᠮᠵᠢ ᠶᠢᠨ ᠮᠥᠩᠬᠦ 3975 ᠲᠦᠮᠡᠨ ᠲᠥᠭᠦᠷᠢᠭ ᠲᠠᠷᠬᠠᠭᠠᠪᠠ᠃ ᠵᠡᠮᠳᠡᠭᠴᠤᠳ ᠢ ᠨᠠᠶᠢᠳᠠᠨ ᠠᠰᠠᠷᠠᠬᠤ ᠤᠶᠢᠯᠡᠴᠢᠯᠡᠭᠡᠨ ᠤ ᠲᠥᠪ ᠪᠠ ᠮᠠᠯᠴᠢᠳ ᠤᠨ ᠨᠠᠰᠤᠳᠠᠨ ᠢ ᠠᠰᠠᠷᠠᠬᠤ ᠬᠦᠷᠢᠶᠡᠯᠡᠩ ᠵᠡᠷᠭᠡ ᠢᠨᠵᠧᠨᠧᠷᠢᠩ ᠢ ᠡᠷᠴᠢᠮᠲᠠᠢ ᠠᠬᠢᠭᠤᠯᠪᠠ᠃ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠨᠢ ᠠᠰᠢᠭᠯᠠᠯᠳᠠ ᠳᠤ ᠤᠷᠤᠬᠤ ᠪᠠᠷ ᠪᠠᠶᠢᠨ᠎ᠠ᠃     ︵ᠲᠠᠪᠤ︶ ᠨᠡᠶᠢᠭᠡᠮ ᠤᠨ ᠠᠵᠢᠯ ᠤᠶᠢᠯᠡᠰ ᠤᠨ ᠬᠦᠭᠵᠢᠯᠳᠡ ᠶᠢ ᠪᠦᠬᠦ ᠬᠦᠴᠦᠨ ᠢᠶᠠᠷ ᠢᠶᠠᠨ ᠠᠬᠢᠭᠤᠯᠵᠦ᠂ ᠠᠷᠠᠳ ᠲᠦᠮᠡᠨ ᠳᠤ ᠨᠡᠩ ᠢᠯᠡᠬᠦᠤ ᠵᠤᠯ ᠵᠢᠷᠭᠠᠯ ᠡᠳ᠋ᠯᠡᠬᠦᠯᠪᠡ᠃ ᠪᠦᠬᠦ ᠠᠶᠢᠮᠠᠭ ᠤᠨ ᠰᠤᠷᠭᠠᠨ ᠬᠦᠮᠥᠵᠢᠯ ᠤᠨ ᠶᠠᠰᠦ ᠴᠢᠨᠠᠷ ᠢ ᠲᠡᠭᠡᠭᠰᠢᠯᠡᠬᠦᠯᠬᠦ ᠭᠤᠷᠪᠠᠨ ᠵᠢᠯ ᠤᠨ ᠲᠥᠯᠦᠪᠵᠢᠬᠦᠯᠭᠡ ᠶᠢᠨ ᠵᠢᠩᠬᠢᠨᠢ ᠠᠩᠬᠢ ᠳᠤ ᠤᠷᠤᠬᠤ ᠨᠤᠷᠮ᠎ᠠ ᠎ ᠶᠢᠨ ᠨᠡᠮᠡᠭᠳᠡᠯ ᠢ ᠳᠠᠪᠠᠭᠤᠯᠤᠨ ᠪᠡᠶᠡᠯᠡᠬᠦᠯᠵᠦ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠤᠷᠤᠬᠤ ᠨᠤᠷᠮ᠎ᠠ 51.8%᠎ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 6.1 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠲᠡᠭᠡᠲᠦ ᠲᠤᠮᠳᠠᠲᠦ ᠳᠤ ᠲᠠᠪᠰᠢᠬᠤ ᠰᠢᠯᠭᠠᠯᠳᠠ ᠶᠢᠨ ᠶᠡᠷᠦᠩᠬᠡᠢ ᠬᠢᠷᠢ ᠪᠥᠲᠦᠮᠵᠢ ᠪᠦᠬᠦ ᠠᠶᠢᠮᠠᠭ ᠤᠨ ᠡᠮᠤᠨᠡᠬᠦᠷ ᠤᠷᠤᠪᠠ᠃ ᠮᠤᠩᠭᠤᠯ ᠦᠨᠳᠦᠰᠦᠳᠡᠨ ᠤ ᠬᠤᠶᠠᠳᠤᠭᠠᠷ ᠬᠡᠤᠬᠡᠳ ᠤᠨ ᠴᠡᠴᠡᠷᠯᠢᠭ ᠢ ᠪᠠᠶᠢᠭᠤᠯᠬᠤ ᠲᠦᠷᠦᠯ ᠵᠤᠶᠢᠯ ᠢ ᠬᠡᠷᠡᠭᠵᠢᠬᠦᠯᠪᠡ᠃ ᠮᠤᠩᠭᠤᠯ ᠦᠨᠳᠦᠰᠦᠳᠡᠨ ᠤ ᠲᠤᠮᠳᠠᠲᠦ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠲᠦᠷᠦᠯ ᠵᠤᠶᠢᠯ ᠪᠠ ᠠᠵᠢᠯ ᠮᠡᠷᠭᠡᠵᠢᠯ ᠤᠨ ᠰᠤᠷᠭᠠᠨ ᠬᠦᠮᠥᠵᠢᠯ ᠤᠨ ᠶᠡᠷᠦᠩᠬᠡᠶᠢᠯᠡᠭᠰᠡᠨ ᠳᠤᠷᠰᠢᠯᠳᠠ ᠶᠢᠨ ᠠᠰᠠᠷ ᠤᠨ ᠲᠦᠷᠦᠯ ᠵᠤᠶᠢᠯ ᠎ ᠢ ᠠᠬᠢᠭᠤᠯᠪᠠ᠃ ᠨᠡᠶᠢᠳᠡ 4880 ᠲᠦᠮᠡᠨ ᠲᠥᠭᠦᠷᠢᠭ ᠤᠨ ᠪᠡᠯᠡ ᠤᠷᠤᠭᠤᠯᠤᠯᠳᠠ ᠲᠠᠢ ᠰᠤᠷᠭᠠᠨ ᠬᠦᠮᠥᠵᠢᠯ ᠤᠨ ᠰᠤᠷᠠᠭ ᠵᠠᠩᠬᠢᠵᠢᠯᠠᠭᠰᠠᠨ ᠲᠦᠷᠦᠯ ᠵᠤᠶᠢᠯ ︽ᠭᠤᠷᠪᠠ ᠨᠡᠪᠳᠡᠷᠡᠬᠦ ᠬᠤᠶᠠᠷ ᠳᠠᠪᠴᠠᠩ︾᠎ ᠨᠢ ᠵᠢᠩᠬᠢᠨᠢ ᠪᠠᠷ ᠠᠰᠢᠭᠯᠠᠯᠳᠠ ᠳᠤ ᠤᠷᠤᠪᠠ᠃ ᠮᠤᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠢ ᠰᠢᠨ᠎ᠡ ᠪᠠᠷ ᠪᠠᠶᠢᠭᠤᠯᠵᠦ᠂  ᠬᠠᠯᠠᠭᠤᠨ ᠷᠠᠰᠢᠶᠠᠨ ᠳᠠᠬᠢ ᠮᠤᠩᠭᠤᠯ ᠡᠮᠨᠡᠯᠭᠡ ᠶᠢᠨ ᠵᠠᠰᠠᠯᠭ᠎ᠠ ᠰᠤᠪᠢᠯᠠᠯᠳᠠ ᠶᠢᠨ ᠲᠥᠪ ᠨᠢ ᠠᠰᠢᠭᠯᠠᠯᠳᠠ ᠳᠤ ᠤᠷᠤᠪᠠ᠃ ᠬᠤᠰᠢᠭᠤ ᠡᠮᠨᠡᠯᠭᠡ ᠶᠢᠨ ᠬᠤᠷᠢᠶ᠎ᠠ᠂ ᠮᠤᠩᠭᠤᠯ ᠡᠮᠨᠡᠯᠭᠡ ᠶᠢᠨ ᠬᠤᠷᠢᠶ᠎ᠠ ᠨᠢ ᠠᠯᠤᠰ ᠡᠵᠡᠮᠰᠢᠯ ᠢᠶᠠᠷ ᠤᠨᠤᠰᠢᠯᠠᠬᠤ ᠪᠤᠯᠪᠠ᠃ ᠲᠥᠯᠦᠪᠯᠡᠭᠡᠲᠦ ᠦᠷᠡᠵᠢᠯ ᠤᠨ ᠤᠶᠢᠯᠡᠴᠢᠯᠡᠭᠡᠨ ᠤ ᠬᠠᠮᠢᠶᠠᠷᠤᠯᠳᠠ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠵᠦ᠂ ᠬᠤᠶᠠᠷ ᠬᠡᠤᠬᠡᠳ ᠠᠪᠬᠤ ᠲᠦᠷᠦ ᠶᠢᠨ ᠪᠤᠳᠤᠯᠬ᠎ᠠ ᠶᠢ ᠪᠦᠬᠦ ᠲᠠᠯ᠎ᠠ ᠪᠠᠷ ᠬᠡᠷᠡᠭᠵᠢᠬᠦᠯᠪᠡ᠃ 35 ᠨᠠᠰᠤᠨ ᠠᠴᠠ ᠲᠡᠭᠡᠭᠰᠢᠬᠢ 3456 ᠮᠠᠯᠴᠢᠨ ᠲᠠᠷᠢᠶᠠᠴᠢᠨ ᠳᠤ ᠲᠦᠯᠦᠪᠦᠷᠢ ᠦᠭᠡᠢ ᠪᠡᠶ᠎ᠡ ᠎ ᠶᠢᠨ ᠪᠠᠶᠢᠴᠠᠭᠠᠯᠳᠠ ᠬᠢᠵᠦ᠂ 2900 ᠵᠢᠵᠢᠭ ᠡᠮ ᠤᠨ ᠬᠠᠶᠢᠷᠴᠠᠭ ᠲᠠᠷᠬᠠᠭᠠᠪᠠ᠃ ᠮᠠᠨ ᠤ ᠤᠯᠤᠰ ᠤᠨ ᠪᠠᠷᠠᠭᠤᠨ ᠤᠷᠤᠨ ᠢ ᠨᠡᠭᠡᠭᠡᠨ ᠬᠦᠭᠵᠢᠬᠦᠯᠬᠦ ᠵᠥᠪᠯᠡᠯ ᠤᠨ ᠨᠢᠭᠡᠳᠦᠭᠡᠷ ᠪᠥᠯᠦᠭ 1320 ᠲᠦᠮᠡᠨ ᠲᠥᠭᠦᠷᠢᠭ ᠪᠦᠬᠦᠢ ᠥᠷᠳᠡᠭ ᠎ ᠲᠠᠢ ᠡᠮ ᠡᠮᠴᠢᠯᠡᠭᠡᠨ ᠤ ᠲᠥᠬᠦᠭᠡᠷᠦᠮᠵᠢ ᠶᠢ ᠪᠦᠬᠦᠨ ᠢ ᠨᠠᠶᠢᠳᠠᠪᠤᠷᠢᠵᠢᠭᠤᠯᠵᠦ᠂ ᠡᠮᠴᠢᠯᠡᠭᠡ ᠡᠷᠡᠬᠦᠯ ᠬᠠᠮᠠᠭᠠᠯᠠᠯ ᠤᠨ ᠨᠥᠬᠦᠴᠡᠯ ᠢᠯᠡᠳᠳᠡ ᠰᠠᠶᠢᠵᠢᠷᠠᠪᠠ᠃ ᠨᠠᠢᠮᠠᠨ ᠮᠤᠵᠢ ᠤᠷᠤᠨ ᠤ ᠭᠤᠷᠪᠠᠳᠤᠭᠠᠷ ᠬᠤᠭᠤᠴᠠᠭᠠᠨ ᠤ ᠮᠤᠩᠭᠤᠯ ᠦᠨᠳᠦᠰᠦᠳᠡᠨ ᠤ ᠤᠯᠠᠮᠵᠢᠯᠠᠯᠲᠦ ᠭᠡᠷ ᠤᠨ ᠬᠦᠮᠥᠵᠢᠯ ᠤᠨ ᠤᠷᠤᠯᠳᠤᠭᠠᠨ ᠢ ᠠᠮᠵᠢᠯᠲᠠᠲᠠᠢ ᠡᠷᠬᠢᠯᠡᠨ ᠶᠠᠪᠤᠭᠤᠯᠵᠦ᠂ ᠲᠤᠮᠳᠠᠲᠦ ᠤᠯᠤᠰ ᠤᠨ ᠠᠳᠤᠭᠤᠨ ᠤᠶᠢᠯᠡᠰ ᠤᠨ ᠨᠡᠶᠢᠭᠡᠮᠯᠢᠭ ᠠᠴᠠ ᠮᠠᠨ ᠤ ᠬᠤᠰᠢᠭᠤ ᠶᠢ ︽ᠲᠤᠮᠳᠠᠲᠦ ᠤᠯᠤᠰ ᠎ ᠤᠨ ᠲᠠᠯ᠎ᠠ ᠨᠤᠳᠤᠭ ᠤᠨ ᠬᠤᠷᠳᠤᠨ ᠬᠥᠯᠦᠭ ᠤᠨ ᠥᠯᠦᠭᠡᠢ︾ ᠭᠡᠵᠦ ᠨᠡᠷᠡᠶᠢᠳᠤᠪᠡ᠃ ᠨᠠᠰᠤᠳᠠᠶᠢᠴᠤᠳ ᠤᠨ ᠠᠵᠢᠯᠯᠠᠭᠠᠨ ᠤ ᠲᠥᠪ᠂ ᠪᠡᠶ᠎ᠡ ᠲᠠᠮᠢᠷ ᠤᠨ ᠬᠥᠳᠡᠯᠭᠡᠭᠡᠨ ᠤ ᠲᠥᠪ᠂ ᠵᠠᠯᠠᠭᠤ ᠪᠠᠭᠠᠴᠤᠳ ᠤᠨ ᠠᠵᠢᠯᠯᠠᠭᠠᠨ ᠤ ᠲᠥᠪ ᠎ ᠢ ᠨᠡᠶᠢᠭᠡᠮ ᠨᠡᠶᠢᠳᠡ ᠳᠤ ᠠᠰᠢᠭᠯᠠᠭᠤᠯᠵᠦ᠂ ᠨᠢᠭᠡ ᠵᠢᠯ ᠤᠨ ᠳᠤᠷᠰᠢ 30 ᠢᠯᠡᠬᠦᠤ ᠤᠳᠠᠭ᠎ᠠ ᠡᠯ᠎ᠡ ᠲᠦᠷᠦᠯ ᠤᠨ ᠪᠡᠶ᠎ᠡ ᠲᠠᠮᠢᠷ ᠤᠨ ᠤᠷᠤᠯᠳᠤᠭᠠᠨ ᠶᠠᠪᠤᠭᠤᠯᠵᠦ᠂ ᠨᠡᠶᠢᠳᠡ 4 ᠲᠦᠮᠡ ᠢᠯᠡᠬᠦᠤ ᠬᠦᠮᠥᠨ ᠤᠳᠠᠭ᠎ᠠ ᠤᠷᠤᠯᠴᠠᠵᠦ᠂ ᠪᠦᠬᠦ ᠠᠷᠠᠳ ᠢᠶᠠᠷ ᠢᠶᠠᠨ ᠪᠡᠶ᠎ᠡ ᠪᠤᠯᠪᠠᠰᠤᠷᠠᠭᠤᠯᠬᠤ ᠠᠵᠢᠯᠯᠠᠭᠠᠨ ᠤ ᠬᠦᠭᠵᠢᠯᠳᠡ ᠶᠢ ᠠᠬᠢᠭᠤᠯᠪᠠ᠃     ︵ᠵᠢᠷᠭᠤᠭ᠎ᠠ︶ ᠦᠭᠡᠷᠡᠴᠢᠯᠡᠯᠳᠡ ᠬᠦᠭᠵᠢᠯᠳᠡ ᠶᠢ ᠬᠦᠴᠦᠲᠠᠢ ᠠᠬᠢᠭᠤᠯᠵᠦ᠂ ᠬᠦᠭᠵᠢᠯᠳᠡ ᠶᠢᠨ ᠬᠥᠳᠡᠯᠭᠡᠬᠦ ᠬᠦᠴᠦᠨ ᠪᠠ ᠠᠮᠢᠯᠠᠯ ᠤᠨ ᠬᠦᠴᠦᠨ ᠢ ᠪᠠᠳᠠᠷᠠᠭᠤᠯᠪᠠ᠃ ᠠᠵᠦ ᠠᠬᠤᠢ᠂ ᠨᠡᠶᠢᠭᠡᠮ᠂ ᠰᠤᠶᠤᠯ ᠪᠠ ᠠᠮᠢ ᠠᠬᠤᠢ ᠶᠢᠨ ᠬᠦᠷᠢᠶ᠎ᠡ ᠬᠡᠪᠴᠢᠶᠠᠨ ᠳᠤ 63 ᠦᠭᠡᠷᠡᠴᠢᠯᠡᠯᠳᠡ ᠶᠢᠨ ᠦᠷ᠎ᠡ ᠪᠥᠲᠦᠭᠡᠯ ᠲᠠᠢ ᠪᠤᠯᠪᠠ᠃ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠦ᠂ ᠵᠠᠰᠠᠭ ᠤᠨ ᠤᠷᠳᠤᠨ ᠤ ᠡᠷᠬᠡ ᠪᠠ ᠬᠠᠷᠢᠭᠤᠴᠠᠯᠭ᠎ᠠ ᠎ ᠶᠢ ᠳᠤᠳᠤᠷᠬᠠᠶᠢᠯᠠᠨ ᠨᠡᠶᠢᠳᠡᠯᠡᠪᠡ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ︽ᠲᠠᠪᠤᠨ ᠦᠨᠡᠮᠯᠡᠯ ᠢ ᠨᠡᠶᠢᠯᠡᠬᠦᠯᠦᠨ ᠨᠢᠭᠡ ᠪᠤᠯᠭᠠᠬᠤ᠂ ᠨᠢᠭᠡ ᠦᠨᠡᠮᠯᠡᠯ ᠳᠤ ᠨᠢᠭᠡ ᠨᠤᠮᠧᠷ ᠎ ᠲᠠᠢ ᠪᠠᠶᠢᠯᠭᠠᠬᠤ︾ ᠦᠭᠡᠷᠡᠴᠢᠯᠡᠯᠳᠡ ᠪᠤᠯᠤᠨ ︽ᠬᠤᠶᠠᠷ ᠰᠤᠭᠤᠴᠢᠯᠳᠠ ᠨᠢᠭᠡ ᠵᠠᠷᠯᠠᠯ︾᠎ ᠤᠨ ᠬᠢᠨᠠᠯᠳᠠ ᠬᠠᠮᠢᠶᠠᠷᠤᠯᠳᠠ ᠶᠢ ᠪᠦᠬᠦ ᠲᠠᠯ᠎ᠠ ᠪᠠᠷ ᠬᠡᠷᠡᠭᠵᠢᠬᠦᠯᠪᠡ᠃ ︽ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠥᠷᠳᠡᠭ ᠤᠨ ᠭᠠᠶᠢᠯᠢ ᠪᠤᠯᠭᠠᠨ ᠦᠭᠡᠷᠡᠴᠢᠯᠡᠬᠦ︾᠎ ᠶᠢ ᠪᠦᠬᠦ ᠲᠠᠯ᠎ᠠ ᠪᠠᠷ ᠠᠬᠢᠭᠤᠯᠤᠭᠰᠠᠨ ᠠᠴᠠ ᠨᠡᠶᠢᠳᠡ 5300 ᠲᠦᠮᠡᠨ ᠲᠥᠭᠦᠷᠢᠭ ᠤᠨ ᠭᠠᠶᠢᠯᠢ ᠬᠠᠰᠤᠭᠳᠠᠪᠠ᠃ ᠴᠡᠴᠡᠷᠯᠢᠭᠵᠢᠬᠦᠯᠦᠯᠳᠡ᠂ ᠨᠤᠭᠤᠭᠠᠷᠠᠭᠤᠯᠤᠯᠳᠠ᠂ ᠤᠷᠴᠢᠨ ᠲᠤᠭᠤᠷᠢᠨ ᠤ ᠠᠷᠢᠭᠤᠨ ᠴᠡᠪᠡᠷ ᠤᠨ ᠵᠠᠬ᠎ᠠ ᠲᠡᠯᠭᠡᠭᠦᠷᠴᠢᠯᠡᠭᠰᠡᠨ ᠡᠷᠬᠢᠯᠳᠡ ᠪᠤᠯᠤᠨ ᠰᠤᠮᠤᠨ ᠤ ᠴᠡᠴᠡᠷᠯᠢᠭ ᠤᠨ ︽ᠬᠠᠷᠢᠶ᠎ᠠ ᠴᠡᠴᠡᠷᠯᠢᠭ︾᠎ ᠤᠨ ᠬᠠᠮᠢᠶᠠᠷᠤᠯᠳᠠ᠂ ︽ᠪᠠᠴᠢᠮ ᠪᠡᠷᠬᠡᠰᠢᠶᠠᠯ ᠲᠠᠢ ᠪᠠᠶᠢᠳᠠᠯ ᠳᠤ ᠳᠤᠰᠠᠯᠠᠬᠤ︾ ᠵᠡᠷᠭᠡ ᠲᠠᠯ᠎ᠠ ᠪᠠᠷ ᠤᠷᠢᠳᠴᠢᠯᠠᠨ ᠳᠤᠷᠰᠢᠵᠦ᠂ ᠪᠦᠬᠦ ᠠᠶᠢᠮᠠᠭ ᠤᠨ ᠤᠷᠢᠳᠠᠭᠤᠷ ᠤᠷᠤᠭᠰᠠᠨ ᠪᠠᠶᠢᠨ᠎ᠠ᠃ ᠳᠤᠭᠳᠠᠮᠠᠯ ᠬᠦᠷᠦᠩᠭᠡ ᠶᠢ ᠨᠢᠭᠡᠳᠦᠯᠲᠠᠢ ᠳᠠᠩᠰᠠᠯᠠᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠦ᠂ ᠨᠤᠳᠤᠭ ᠪᠡᠯᠴᠢᠭᠡᠷ ᠤᠨ ᠲᠠᠭᠠᠭᠠᠴᠢᠯᠠᠯᠳᠠ ᠎ ᠶᠢᠨ ᠡᠷᠬᠡ ᠶᠢ ᠨᠤᠳᠠᠯᠠᠬᠤ ᠠᠵᠢᠯ ᠠᠮᠵᠢᠯᠲᠠᠲᠠᠢ ᠶᠠᠪᠤᠭᠳᠠᠪᠠ᠃ ᠭᠠᠳᠠᠭᠠᠲᠦ ᠯᠤᠭ᠎ᠠ ᠶᠢᠨ ᠬᠠᠮᠳᠤᠷᠠᠯᠴᠠᠭ᠎ᠠ ᠰᠤᠯᠢᠯᠴᠠᠭ᠎ᠠ ᠪᠠᠨ ᠦᠷᠬᠦᠯᠵᠢᠯᠡᠨ ᠬᠦᠨᠵᠡᠭᠡᠶᠢᠷᠡᠬᠦᠯᠵᠦ᠂ ᠬᠤᠶᠠᠳᠤᠭᠠᠷ ᠬᠤᠭᠤᠴᠠᠭᠠᠨ ᠤ ᠲᠤᠮᠳᠠᠲᠦ ᠤᠯᠤᠰ ᠤᠨ ᠰᠦᠨᠢᠳ ᠤᠯᠠᠨ ᠤᠯᠤᠰ ᠤᠨ ᠨᠤᠤᠰᠤ ᠨᠤᠯᠤᠤᠷ ᠤᠨ ᠴᠤᠭᠯᠠᠭᠠᠨ ᠢ ᠠᠮᠵᠢᠯᠳᠠᠲᠠᠢ ᠶᠠᠪᠤᠭᠤᠯᠵᠦ᠂ ᠮᠤᠩᠭᠤᠯ ᠤᠯᠤᠰ ᠎ ᠤᠨ ᠨᠤᠤᠰᠤ ᠨᠤᠯᠤᠤᠷ ᠤᠨ ᠨᠡᠶᠢᠭᠡᠮᠯᠢᠭ ᠯᠦᠭᠡ ᠶᠢᠨ ᠬᠠᠮᠳᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠪᠠ᠃ ᠰᠢᠯᠢ ᠶᠢᠨ ᠭᠤᠤᠯ ᠠᠶᠢᠮᠠᠭ ᠤᠨ ᠰᠢᠨ᠎ᠡ ᠲᠤᠷᠭᠠᠨ ᠵᠠᠮ ᠤᠨ ᠲᠡᠯᠭᠡᠨ ᠦᠵᠡᠬᠦᠯᠦᠯᠭᠡ ᠶᠢᠨ ᠴᠤᠯᠠᠭᠠᠨ᠂ ᠵᠧᠵᠢᠶᠠᠩ ᠥᠪᠤᠷ ᠮᠤᠩᠭᠤᠯ ᠤᠨ ᠬᠤᠳᠠᠯᠳᠤᠭᠠᠴᠢᠳ ᠤᠨ ᠨᠡᠶᠢᠭᠡᠮᠯᠢᠭ ᠪᠠᠶᠢᠭᠤᠯᠤᠭᠳᠠᠬᠤ ᠬᠤᠷᠠᠯ ᠵᠢᠴᠢ ︽ᠨᠢᠭᠡ ᠪᠦᠰᠡ ᠨᠢᠭᠡ ᠵᠠᠮ︾᠎ ᠤᠨ ᠲᠦᠷᠦᠯ ᠵᠤᠶᠢᠯ ᠤᠨ ᠪᠡᠯᠡ ᠮᠥᠩᠬᠦ ᠶᠢ ᠵᠤᠯᠭᠠᠭᠤᠯᠬᠤ ᠵᠡᠷᠭᠡ ᠬᠤᠷᠠᠯ ᠤᠳ ᠲᠤ ᠤᠷᠤᠯᠴᠠᠵᠦ᠂ ᠨᠥᠬᠦᠷᠰᠡᠭ ᠭᠠᠵᠠᠷ ᠤᠷᠤᠨ ᠪᠠ ᠪᠡᠯᠡ ᠤᠷᠤᠭᠤᠯᠬᠤ ᠬᠦᠰᠡᠯ ᠡᠷᠡᠮᠡᠯᠵᠡᠯ ᠲᠠᠢ ᠠᠵᠦ ᠠᠬᠤᠶᠢᠯᠠᠯ ᠲᠠᠢ 15 ᠬᠤᠪᠢ ᠬᠠᠮᠳᠤᠷᠠᠯᠴᠠᠭᠠᠨ ᠤ ᠵᠥᠪᠳᠡᠯᠴᠡᠭᠡᠷ ᠲᠤᠭᠳᠠᠵᠦ᠂ ᠬᠠᠮᠳᠤᠷᠠᠯᠴᠠᠭᠠᠨ ᠤ ᠪᠡᠯᠡ ᠮᠥᠩᠬᠦ 50 ᠳ᠋ᠦᠩᠰᠢᠭᠤᠷ ᠲᠥᠭᠦᠷᠢᠭ ᠎ ᠲᠤ ᠬᠦᠷᠪᠡ᠃ ᠪᠡᠭᠡᠵᠢᠩ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠢᠩᠬᠢᠮ ᠳᠤ ︽ᠰᠦᠨᠢᠳ ᠬᠤᠨᠢᠨ ᠮᠢᠬᠠᠨ ᠤ ᠪᠥᠲᠦᠭᠡᠭᠳᠡᠬᠦᠨ ᠤ ᠰᠤᠨᠢᠨ ᠮᠡᠳᠡᠭᠡ ᠨᠡᠶᠢᠳᠡᠯᠡᠬᠦ ᠬᠤᠷᠠᠯ︾᠎ ᠢ ᠠᠮᠵᠢᠯᠲᠠᠲᠠᠢ ᠶᠠᠪᠤᠭᠤᠯᠵᠦ᠂ ᠶᠠᠩ ᠶᠠᠩ ᠮᠠᠯ ᠠᠵᠦ ᠠᠬᠤᠢ ᠶᠢ ᠬᠠᠪᠰᠤᠷᠤᠨ 14 ᠠᠵᠦ ᠠᠬᠤᠶᠢᠯᠠᠯ ᠯᠤᠭ᠎ᠠ 8000 ᠲᠦᠮᠡᠨ ᠲᠥᠭᠦᠷᠢᠭ ᠤᠨ ᠪᠤᠷᠤᠯᠠᠭᠤᠯᠭ᠎ᠠ ᠶᠢᠨ ᠭᠡᠷ᠎ᠡ ᠳᠤᠭᠳᠠᠪᠠ᠃ ᠨᠡᠶᠢᠳᠡ ᠶᠢᠨ ᠪᠤᠰᠤ ᠥᠮᠴᠢᠯᠡᠯᠲᠦ ᠠᠵᠦ ᠠᠬᠤᠢ ᠶᠢᠨ ᠬᠦᠭᠵᠢᠯᠳᠡ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠪᠠᠷᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ 16 ᠲᠤᠮᠳᠠ ᠪᠠᠭ᠎ᠠ ᠠᠵᠦ ᠠᠬᠤᠶᠢᠯᠠᠯ ᠢ ᠬᠠᠪᠰᠤᠷᠤᠨ 1.7 ᠳ᠋ᠦᠩᠰᠢᠭᠤᠷ ᠲᠥᠭᠦᠷᠢᠭ ᠪᠡᠯᠡ ᠨᠡᠶᠢᠯᠡᠬᠦᠯᠵᠦ᠂ ᠰᠦᠨᠢᠳ ᠬᠤᠳᠠᠯᠳᠤᠭᠠᠴᠢᠳ ᠤᠨ ᠨᠡᠶᠢᠭᠡᠮᠯᠢᠭ ᠪᠠ ᠨᠤᠤᠰᠤ ᠨᠤᠯᠤᠤᠷ ᠤᠨ ᠨᠡᠶᠢᠭᠡᠮᠯᠢᠭ ᠪᠠᠶᠢᠭᠤᠯᠵᠦ᠂ ᠨᠡᠶᠢᠳᠡ ᠶᠢᠨ ᠪᠤᠰᠤ ᠥᠮᠴᠢᠯᠡᠯᠲᠦ ᠠᠵᠦ ᠠᠬᠤᠢ ᠨᠢ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠴᠢᠬᠤᠯᠠ ᠬᠦᠴᠦᠨ ᠵᠤᠶᠢᠯ ᠪᠤᠯᠵᠦ ᠪᠠᠶᠢᠨ᠎ᠠ᠃     ︵ᠲᠤᠯᠤᠭ᠎ᠠ︶ ᠠᠮᠤᠷ ᠲᠤᠭᠳᠠᠭᠤᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠶᠢᠭᠤᠯᠵᠦ᠂ ᠡᠶ᠎ᠡ ᠵᠤᠬᠢᠴᠠᠩᠭᠤᠢ ᠲᠤᠭᠳᠠᠭᠤᠨ ᠪᠠᠶᠢᠳᠠᠯ ᠳᠠᠰᠤᠷᠠᠯᠳᠠ ᠦᠭᠡᠢ ᠪᠠᠳᠤᠵᠢᠪᠠ᠃ ︽ᠠᠮᠤᠭᠤᠯᠠᠩᠲᠦ ᠪᠠᠷᠠᠭᠤᠨ ᠰᠦᠨᠢᠳ︾ ᠎ ᠤᠨ ᠪᠠᠶᠢᠭᠤᠯᠤᠯᠳᠠ ᠶᠢ ᠬᠦᠨᠵᠡᠭᠡᠢ ᠠᠬᠢᠭᠤᠯᠵᠦ᠂ ᠨᠡᠶᠢᠭᠡᠮ ᠤᠨ ᠠᠮᠤᠷ ᠲᠤᠭᠳᠠᠭᠤᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠦ᠂ ᠬᠠᠤᠯᠢ ᠵᠥᠷᠢᠴᠡᠭᠰᠡᠨ ᠶᠠᠯᠠᠲᠦ ᠠᠵᠢᠯᠯᠠᠭ᠎ᠠ ᠳᠤ ᠴᠢᠩᠭ᠎ᠠ ᠴᠤᠬᠢᠯᠳᠠ ᠥᠭᠴᠦ᠂ ᠠᠮᠤᠷ ᠳᠤᠭᠳᠠᠭᠤᠨ ᠢ ᠡᠪᠳᠡᠭᠰᠡᠨ ᠬᠡᠷᠡᠭ ᠪᠠ ᠡᠷᠡᠬᠦᠤ ᠶᠢᠨ ᠬᠡᠷᠡᠭ ᠭᠠᠷᠬᠤ ᠨᠤᠷᠮ᠎ᠠ 28% ᠪᠠ 41%᠎ ᠪᠠᠷ ᠪᠠᠭᠤᠷᠠᠵᠦ᠂ ᠠᠷᠠᠳ ᠲᠦᠮᠡᠨ ᠳᠤ ᠨᠡᠩ ᠢᠯᠡᠬᠦᠤ ᠠᠮᠤᠷ ᠲᠥᠪᠰᠢᠨ ᠤᠷᠴᠢᠨ ᠬᠠᠩᠭᠠᠪᠠ᠃ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠤᠳᠤᠷᠢᠳᠤᠯᠭ᠎ᠠ ᠲᠠᠭᠠᠭᠠᠴᠢᠯᠠᠬᠤ ᠲᠦᠷᠢᠮ ᠪᠤᠯᠤᠨ ︽1328︾ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠬᠤ ᠡᠳᠦᠷ ᠤᠨ ᠲᠦᠷᠢᠮ ᠢ ᠴᠢᠩᠭ᠎ᠠ ᠬᠡᠷᠡᠭᠵᠢᠬᠦᠯᠵᠦ᠂ ᠵᠥᠷᠢᠴᠡᠯ ᠮᠥᠷᠬᠦᠯᠳᠦᠭᠡᠨ ᠢ ᠪᠠᠶᠢᠴᠠᠭᠠᠨ ᠨᠠᠮᠳᠠᠭᠠᠵᠦ ᠂ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠪᠠᠨ 32%᠎ ᠢᠶᠠᠷ ᠪᠠᠭᠤᠷᠠᠪᠠ᠃ ᠲᠤᠤᠷ ᠰᠦᠯᠵᠢᠶ᠎ᠠ᠂ ᠸᠢᠴᠠᠲ ᠤᠨ ᠴᠠᠭᠳᠠᠨ ᠪᠠᠶᠢᠴᠠᠭᠠᠯᠳᠠ ᠶᠢᠨ ᠠᠵᠢᠯ ᠢ ᠢᠳᠡᠪᠬᠢᠲᠠᠢ ᠥᠷᠨᠢᠬᠦᠯᠵᠦ ᠂ ᠪᠦᠬᠦ ᠬᠤᠰᠢᠭᠤᠨ ᠤ ᠲᠤᠤᠷ ᠰᠦᠯᠵᠢᠶᠠᠨ ᠤ ᠤᠷᠴᠢᠨ ᠠᠬᠤᠢ ᠶᠢ ᠪᠥᠲᠦᠮᠵᠢᠲᠠᠢ ᠴᠡᠪᠡᠷᠯᠡᠪᠠ᠃ ᠢᠳᠡᠭᠡᠨ ᠡᠮ ᠎ ᠤᠨ ᠵᠤᠶᠢᠯᠡᠰ ᠤᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢ ᠬᠦᠨᠵᠡᠭᠡᠢ ᠠᠬᠢᠭᠤᠯᠤᠭᠰᠠᠨ ᠠᠴᠠ ᠤᠯᠠᠨ ᠲᠦᠮᠡᠨ ᠤ ᠠᠮᠤᠷ ᠲᠥᠪᠰᠢᠨ ᠢ ᠪᠥᠲᠦᠮᠵᠢᠲᠠᠢ ᠪᠠᠳᠤᠯᠠᠪᠠ᠃ ᠠᠶᠤᠯᠭᠦᠢ ᠤᠶᠢᠯᠡᠳᠪᠦᠷᠢᠯᠡᠯ ᠤᠨ ︽ᠰᠡᠷᠡᠮᠵᠢ ᠶᠢᠨ ᠱᠤᠭᠤᠮ︾᠎ ᠤᠨ ᠤᠬᠠᠮᠰᠠᠷ ᠪᠠ ᠨᠠᠭᠠᠳᠦ ᠵᠠᠬ᠎ᠠ ᠶᠢᠨ ᠰᠡᠳᠬᠢᠴᠡ ᠶᠢ ᠪᠠᠳᠤ ᠪᠤᠢ ᠪᠤᠯᠭᠠᠵᠦ᠂ ᠠᠶᠤᠯᠬᠦᠢ ᠤᠶᠢᠯᠡᠳᠪᠦᠷᠢᠯᠡᠯ ᠤᠨ ᠡᠯ᠎ᠡ ᠲᠦᠷᠦᠯ ᠤᠨ ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠶᠢ ᠬᠦᠨᠵᠡᠭᠡᠢ ᠥᠷᠨᠢᠬᠦᠯᠦᠭᠰᠡᠨ ᠎ ᠠᠴᠠ ᠠᠶᠤᠯᠬᠦᠢ ᠤᠶᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠤᠭᠳᠠᠭᠤᠨ ᠢᠶᠠᠨ ᠪᠠᠳᠤᠯᠠᠪᠠ᠃     ︵ᠨᠠᠢᠮᠠ︶ ᠠᠵᠢᠯ ᠤᠨ ᠴᠢᠳᠠᠪᠬᠢ ᠶᠢᠨ ᠬᠤᠪᠢᠷᠠᠭᠤᠯᠤᠯᠳᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠳᠠᠰᠤᠷᠠᠯᠳᠠ ᠦᠭᠡᠢ ᠴᠢᠩᠭᠠᠳᠬᠠᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠦ᠂ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠥᠵᠢᠯ ᠤᠨ ᠠᠵᠢᠯᠯᠠᠭ᠎ᠠ ᠶᠢ ᠬᠦᠨᠵᠡᠭᠡᠢ ᠥᠷᠨᠢᠬᠦᠯᠵᠦ᠂ ᠠᠵᠢᠯ ᠤᠨ ᠬᠡᠪ ᠰᠤᠷᠳᠠᠯ ᠤᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠪᠠ᠃ ᠵᠠᠰᠠᠭ ᠵᠠᠬᠢᠷᠭᠠᠨ ᠎ ᠤ ᠬᠢᠨᠠᠨ ᠪᠠᠶᠢᠴᠠᠭᠠᠯᠳᠠ ᠪᠠ ᠬᠢᠨᠠᠨ ᠪᠤᠳᠤᠵᠦ ᠬᠢᠨᠠᠯᠳᠠ ᠲᠠᠯᠪᠢᠬᠤ ᠪᠠᠨ ᠴᠢᠩᠭᠠᠳᠬᠠᠨ᠂ ᠵᠠᠰᠠᠭ ᠵᠠᠬᠢᠷᠭᠠᠨ ᠤ ᠡᠷᠬᠡ ᠎ ᠶᠢ ᠲᠦᠷᠢᠮᠵᠢᠬᠦᠯᠪᠡ᠃ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ ᠳᠤ ᠬᠠᠤᠯᠢᠴᠢ ᠴᠢᠨᠠᠷ ᠤᠨ ᠬᠢᠨᠠᠨ ᠪᠠᠶᠢᠴᠠᠭᠠᠯᠳᠠ ᠶᠢᠨ ᠲᠦᠷᠢᠮ ᠢ ᠪᠠᠶᠢᠭᠤᠯᠵᠦ᠂ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠶᠡᠬᠡᠪᠡᠷ ᠠᠬᠢᠭᠤᠯᠵᠦ᠂ ᠡᠯᠧᠺᠲᠷᠤᠨ ᠵᠠᠰᠠᠭ ᠤᠨ ᠶᠠᠪᠤᠳᠠᠯ ᠪᠤᠯᠤᠨ ᠰᠦᠯᠵᠢᠶᠠᠨ ᠲᠡᠭᠡᠷ᠎ᠡ ᠵᠠᠰᠠᠭ ᠤᠨ ᠶᠠᠪᠤᠳᠠᠯ ᠭᠦᠢᠴᠡᠳᠬᠡᠬᠦ ᠶᠢ ᠦᠷᠭᠡᠨ ᠎ ᠢᠶᠠᠷ ᠳᠡᠯᠭᠡᠷᠡᠬᠦᠯᠦᠭᠰᠡᠨ ᠠᠴᠠ ᠵᠠᠰᠠᠭ ᠵᠠᠬᠢᠷᠭᠠᠨ ᠤ ᠴᠢᠳᠠᠪᠬᠢ ᠤᠯᠠᠮ ᠨᠢᠭᠡ ᠠᠯᠬᠤᠮ ᠲᠡᠭᠡᠭᠰᠢᠯᠡᠪᠡ᠃ ᠪᠦᠬᠦ ᠵᠢᠯ ᠎ ᠳᠤ 9319 ᠶᠠᠪᠤᠳᠠᠯ ᠢ ᠬᠢᠨᠠᠨ ᠵᠥᠪᠰᠢᠶᠡᠷᠡᠨ ᠭᠦᠢᠴᠡᠳᠬᠡᠵᠦ᠂  ᠭᠦᠢᠴᠡᠳᠬᠡᠭᠰᠡᠨ ᠨᠤᠷᠮ᠎ᠠ 100%᠎ ᠳᠤ ᠬᠦᠷᠪᠡ ᠃ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠤᠷᠢ᠂ ᠲᠤᠭᠳᠠᠭᠠᠯ ᠎ ᠢ ᠨᠠᠷᠢᠨ ᠬᠢᠨᠠᠮᠠᠭᠠᠢ ᠭᠦᠢᠴᠡᠳᠬᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠳᠠ ᠢ ᠤᠬᠠᠮᠰᠠᠷ ᠎ ᠠᠴᠠ ᠪᠠᠨ ᠬᠦᠯᠢᠶᠠᠨ ᠠᠪᠴᠦ᠂ ᠤᠶᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠠ ᠨᠠᠮ ᠪᠥᠯᠦᠭ ᠤᠨ ᠪᠤᠰᠤ ᠬᠦᠮᠥᠰ ᠎ ᠤᠨ ᠰᠠᠨᠠᠯ ᠢ ᠰᠤᠨᠤᠰᠴᠦ᠂ ᠠᠷᠠᠳ ᠤᠨ ᠲᠦᠯᠦᠭᠡᠯᠡᠭᠴᠢ ᠶᠢᠨ ᠵᠥᠪᠯᠡᠯᠭᠡ᠂ ᠰᠠᠨᠠᠭᠤᠯᠭ᠎ᠠ ᠪᠤᠯᠤᠨ ᠤᠯᠤᠰ ᠲᠦᠷᠦ ᠎ ᠶᠢᠨ ᠵᠥᠪᠯᠡᠯᠭᠡᠨ ᠤ ᠭᠡᠰᠢᠬᠦᠳ ᠤᠨ ᠰᠠᠨᠠᠯ ᠳᠤᠷᠠᠳᠤᠯᠭ᠎ᠠ ᠶᠢ ᠴᠠᠭ ᠲᠤᠬᠠᠢ ᠳᠤᠨᠢ ᠭᠦᠢᠴᠡᠳᠬᠡᠪᠡ᠃ ᠡᠬᠦᠨ ᠤ ᠬᠠᠮᠲᠦ᠂ ᠦᠨᠳᠦᠰᠦᠳᠡᠨ ᠱᠠᠰᠢᠨ ᠰᠤᠷᠳᠠᠬᠤᠨ᠂ ᠠᠷᠠᠳ ᠤᠨ ᠵᠡᠪᠰᠡᠭᠲᠦ ᠬᠦᠴᠦᠨ᠂ ᠲᠠᠩᠰᠠ ᠡᠪᠬᠡᠮᠡᠯ ᠲᠡᠤᠬᠡ ᠴᠠᠳᠢᠭ᠂ ᠰᠢᠨᠵᠢᠯᠡᠭᠡ ᠮᠡᠷᠭᠡᠵᠢᠯ ᠲᠤᠭ᠎ᠠ ᠪᠥᠷᠢᠳᠬᠡᠯ᠂ ᠭᠠᠳᠠᠭᠠᠲᠦ ᠶᠠᠪᠤᠳᠠᠯ ᠬᠠᠷᠢᠶᠠᠲᠦ ᠶᠢᠨ ᠶᠠᠪᠤᠳᠠᠯ᠂ ᠴᠠᠭ ᠠᠭᠤᠷ ᠭᠠᠵᠠᠷ ᠬᠥᠳᠡᠯᠦᠯᠳᠡ ᠶᠢᠨ ᠰᠡᠷᠭᠡᠶᠢᠯᠡᠯᠳᠡ᠂ ᠠᠷᠠᠳ ᠤᠨ ᠠᠭᠠᠷ ᠤᠨ ᠰᠡᠷᠭᠡᠶᠢᠯᠡᠯᠳᠡ ᠲᠤᠶᠢᠮᠡᠷ ᠤᠨ ᠰᠡᠷᠭᠡᠶᠢᠯᠡᠯᠳᠡ ᠵᠡᠷᠭᠡ ᠠᠵᠢᠯ ᠡᠷᠴᠢᠮᠲᠠᠢ ᠶᠠᠪᠤᠭᠳᠠᠵᠦ᠂ ᠡᠮᠡᠭᠳᠠᠶᠢᠴᠤᠳ ᠬᠡᠤᠬᠡᠳ᠂ ᠨᠠᠰᠤᠳᠠᠶᠢᠴᠤᠳ᠂ ᠵᠡᠮᠳᠡᠭᠴᠤᠳ ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠳᠠᠨ ᠤ ᠠᠵᠢᠯ ᠵᠡᠷᠭᠡ ᠴᠦᠮ ᠰᠢᠨ᠎ᠡ ᠠᠬᠢᠯᠳᠠ ᠲᠠᠢ ᠪᠠᠶᠢᠪᠠ᠃     ᠲᠥᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ᠂ ᠪᠢᠳᠠ ᠡᠭᠦᠷᠭᠡ ᠬᠠᠷᠢᠭᠤᠴᠠᠯᠭ᠎ᠠ ᠪᠠᠨ ᠮᠠᠷᠳᠠᠯ ᠦᠭᠡᠢ ᠂ ᠵᠤᠷᠢᠭᠲᠠᠢ ᠤᠷᠤᠭᠰᠢᠯᠠᠵᠦ᠂ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠢ ᠢᠯᠠᠨ ᠳᠠᠪᠠᠵᠦ᠂ ᠬᠦᠮᠥᠰ ᠤᠨ ᠤᠷᠮ᠎ᠠ ᠎ ᠶᠢ ᠬᠥᠭᠵᠢᠭᠡᠮ᠎ᠡ ᠦᠷ᠎ᠡ ᠪᠥᠲᠦᠮᠵᠢ ᠤᠯᠪᠠ᠃ ᠨᠢᠭᠡ ᠵᠢᠯ ᠤᠨ ᠲᠤᠷᠰᠢ᠂ ᠪᠢᠳᠠ ᠬᠦᠭᠵᠢᠯᠳᠡ ᠶᠢ ᠲᠡᠷᠢᠬᠦᠨ ᠴᠢᠬᠤᠯᠠ ᠡᠭᠦᠷᠭᠡ ᠪᠠᠨ ᠪᠤᠯᠭᠠᠵᠦ᠂ ᠶᠠᠳᠠᠭᠤ ᠶᠢ ᠲᠡᠳᠬᠦᠬᠦ ᠠᠵᠢᠯ ᠢ ᠡᠷᠡᠰ ᠴᠢᠩᠭ᠎ᠠ ᠠᠬᠢᠭᠤᠯᠵᠦ᠂ ᠬᠠᠩᠭᠠᠯᠭ᠎ᠠ ᠎ ᠶᠢᠨ ᠲᠠᠯ᠎ᠠ ᠪᠠᠷ ᠬᠢ ᠪᠦᠲᠦᠴᠡ ᠶᠢᠨ ᠴᠢᠨᠠᠷᠲᠠᠢ ᠦᠭᠡᠷᠡᠴᠢᠯᠡᠯᠳᠡ ᠪᠠᠷ ᠭᠤᠤᠯ ᠪᠤᠯᠭᠠᠵᠦ᠂ ᠲᠤᠭᠳᠠᠭᠤᠨ ᠨᠡᠮᠡᠭᠳᠡᠯ᠂ ᠦᠭᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠲᠤ ᠬᠠᠷᠠᠭᠠᠯᠵᠠᠯ ᠦᠵᠡᠬᠦᠯᠬᠦ᠂ ᠲᠦᠭᠰᠢᠭᠦᠷᠢ ᠠᠴᠠ ᠰᠡᠷᠭᠡᠶᠢᠯᠡᠬᠦ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠦ᠂ ᠠᠵᠦ ᠠᠬᠤᠢ ᠨᠡᠶᠢᠭᠡᠮ ᠤᠨ ᠡᠷᠡᠬᠦᠯ ᠬᠦᠭᠵᠢᠯᠳᠡ ᠪᠠ ᠨᠡᠶᠢᠭᠡᠮ ᠤᠨ ᠡᠶ᠎ᠡ ᠵᠤᠬᠢᠴᠠᠯᠲᠦ ᠲᠤᠭᠳᠠᠭᠤᠨ ᠢ ᠠᠬᠢᠭᠤᠯᠪᠠ᠃ ᠡᠳᠡᠭᠡᠷ ᠠᠮᠵᠢᠯᠳᠠ ᠨᠢ ᠲᠡᠭᠡᠲᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠵᠥᠪ ᠤᠨᠤᠪᠴᠢᠲᠠᠢ ᠤᠳᠤᠷᠢᠳᠤᠯᠭ᠎ᠠ ᠪᠤᠯᠤᠨ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠤ ᠬᠠᠮᠲᠦ ᠶᠢᠨ ᠴᠢᠷᠮᠠᠶᠢᠯᠭ᠎ᠠ ᠵᠢᠴᠢ ᠬᠤᠰᠢᠭᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠪᠥᠲᠦᠮᠵᠢᠲᠠᠢ ᠬᠢᠨᠠᠯᠳᠠ ᠪᠠ ᠲᠡᠮᠵᠢᠯᠭᠡ ᠶᠢᠨ ᠳ᠋ᠦᠩ᠂ ᠮᠦᠨᠴᠦ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠬᠠᠮᠲᠦ ᠶᠢᠨ ᠪᠥᠯᠬᠦᠮᠳᠡᠯ ᠲᠡᠮᠡᠴᠡᠯ ᠤᠨ ᠪᠥᠲᠦᠭᠡᠯ ᠪᠤᠯᠤᠨ᠎ᠠ᠃ ᠠᠳᠡ᠂ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠥᠯᠦᠭᠡᠯᠡᠵᠦ᠂ ᠲᠥᠯᠦᠭᠡᠯᠡᠭᠴᠢᠳ᠂ ᠭᠡᠰᠢᠬᠦᠳ᠂ ᠡᠯ᠎ᠡ ᠡᠳᠡᠭᠡᠳ ᠤᠨ ᠨᠠᠶᠢᠵᠠ᠂ ᠡᠯ᠎ᠡ ᠠᠵᠢᠯ ᠤᠨ ᠹᠷᠤᠨᠲ ᠲᠡᠭᠡᠷ᠎ᠡ ᠭᠠᠪᠰᠢᠭᠠᠶᠢᠯᠠᠨ ᠠᠵᠢᠯᠯᠠᠵᠦ ᠪᠠᠶᠢᠭ᠎ᠠ ᠦᠷᠬᠡᠨ ᠺᠠᠳ᠋ᠷ ᠤᠯᠠᠨ ᠲᠦᠮᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠵᠦ ᠪᠠᠶᠢᠨ᠎ᠠ︕     ᠦᠷ᠎ᠡ ᠪᠥᠲᠦᠮᠵᠢ ᠪᠠᠨ ᠳ᠋ᠦᠩᠨᠡᠬᠦ ᠶᠢᠨ ᠬᠠᠮᠲᠦ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠲᠤᠮᠳᠠ ᠤᠷᠤᠰᠢᠵᠦ ᠪᠠᠶᠢᠭ᠎ᠠ ᠮᠠᠰᠢ ᠤᠯᠠᠨ ᠬᠦᠴᠢᠷ ᠲᠦᠪᠡᠭᠲᠠᠢ ᠠᠰᠠᠭᠤᠳᠠᠯ ᠤᠳ ᠢ ᠰᠡᠷᠭᠡᠭ ᠢᠶᠠᠷ ᠤᠯᠵᠦ ᠲᠠᠨᠢᠬᠤ ᠬᠡᠷᠡᠭᠲᠠᠢ︔ ᠠᠵᠦ ᠠᠬᠤᠢ ᠶᠢᠨ ᠶᠡᠷᠦᠩᠬᠡᠢ ᠬᠡᠮᠵᠢᠶ᠎ᠠ ᠪᠠᠭ᠎ᠠ᠂ ᠪᠦᠲᠦᠴᠡ ᠨᠢ ᠲᠤᠬᠢᠷᠠᠮᠵᠢ ᠦᠭᠡᠢ︔ ᠠᠵᠦ ᠤᠶᠢᠯᠡᠰ ᠤᠨ ᠬᠡᠯᠪᠡᠷᠢ ᠶᠢᠨ ᠬᠤᠪᠢᠷᠠᠭᠤᠯᠤᠯᠳᠠ ᠶᠢᠨ ᠡᠭᠦᠷᠭᠡ ᠬᠠᠳᠠᠭᠤᠵᠢᠯᠲᠠᠢ᠂ ᠤᠳᠤᠬᠢᠴᠢᠯᠠᠭᠰᠠᠨ ᠤᠶᠢᠯᠡᠴᠢᠯᠡᠭᠡᠨ ᠤ ᠤᠶᠢᠯᠡᠰ ᠪᠤᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠦ ᠤᠶᠢᠯᠡᠰ ᠤᠨ ᠬᠦᠭᠵᠢᠯᠳᠡ ᠬᠦᠷᠦᠯᠴᠡᠬᠦ ᠦᠭᠡᠢ︔ ᠬᠤᠳᠠ ᠬᠦᠳᠡᠭᠡ ᠶᠢᠨ ᠬᠦᠭᠵᠢᠯᠳᠡ ᠲᠡᠩᠴᠡᠭᠦᠷᠢ ᠦᠭᠡᠢ᠂ ᠰᠠᠭᠤᠷᠢ ᠲᠥᠬᠦᠭᠡᠷᠦᠮᠵᠢ ᠠᠨᠠᠢ︔ ᠠᠵᠦ ᠠᠬᠤᠶᠢᠯᠠᠯ ᠪᠡᠯᠡ ᠨᠡᠶᠢᠯᠡᠬᠦᠯᠬᠦ ᠳᠤ ᠬᠦᠴᠢᠷᠲᠠᠢ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠲᠠᠯ᠎ᠠ ᠪᠠᠷ ᠠᠨᠠᠢ︔ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠤᠳᠠᠭᠠᠰᠢᠷᠠᠵᠦ᠂ ᠶᠠᠳᠠᠭᠤ ᠶᠢ ᠲᠡᠳᠬᠦᠬᠦ ᠠᠵᠢᠯ ᠬᠠᠳᠠᠭᠤᠵᠢᠯᠲᠠᠢ ᠪᠠᠶᠢᠵᠦ᠂ ᠠᠮᠢ ᠠᠬᠤᠢ ᠶᠢᠨ ᠤᠷᠴᠢᠨ ᠲᠤᠭᠤᠷᠢᠨ ᠮᠥᠨᠬᠦ ᠬᠡᠪᠡᠷᠡᠭ ᠪᠠᠶᠢᠭᠰᠠᠭᠠᠷ᠃ ᠵᠠᠰᠠᠭ ᠤᠨ ᠤᠷᠳᠤᠨ ᠤ ᠠᠵᠢᠯ ᠪᠠᠰᠠ ᠬᠦᠷᠦᠯᠴᠡᠬᠦ ᠦᠭᠡᠢ ᠪᠠᠶᠢᠵᠦ᠂ ᠵᠠᠷᠢᠮ ᠰᠠᠯᠠᠭ᠎ᠠ ᠮᠦᠴᠢᠷ ᠰᠢᠨ᠎ᠡ ᠪᠠᠶᠢᠳᠠᠯ ᠰᠢᠨ᠎ᠡ ᠡᠭᠦᠷᠭᠡ ᠳᠠᠬᠢ ᠰᠤᠳᠤᠯᠤᠯᠳᠠ ᠬᠦᠷᠦᠯᠴᠡᠬᠦ ᠦᠭᠡᠢ᠂ ᠬᠦᠨᠵᠡᠭᠡᠢ ᠤᠶᠢᠯᠠᠭᠠᠯᠳᠠ ᠦᠭᠡᠢ᠂ ᠲᠦᠷᠦ ᠶᠢᠨ ᠪᠤᠳᠤᠯᠭ᠎ᠠ ᠶᠢ ᠡᠵᠡᠮᠳᠡᠨ ᠠᠰᠢᠭᠯᠠᠬᠤ ᠲᠠᠯ᠎ᠠ ᠪᠠᠷ ᠠᠨᠠᠢ᠃ ᠡᠶᠢᠮᠤᠷᠬᠦ ᠪᠠᠶᠢᠳᠠᠯ ᠳᠤ᠂ ᠪᠢᠳᠠ ᠲᠦᠭᠰᠢᠬᠦᠷᠢᠲᠦ ᠤᠬᠠᠮᠰᠠᠷ ᠪᠠ ᠬᠠᠷᠢᠭᠤᠴᠠᠯᠭᠠᠲᠦ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠦ᠂ ᠠᠰᠠᠭᠤᠳᠠᠯ ᠳᠤ ᠵᠤᠷᠢᠭᠲᠠᠢ ᠬᠠᠨᠳᠤᠵᠦ ᠤᠶᠤᠨ ᠤᠬᠠᠭᠠᠨ ᠬᠦᠴᠦᠨ ᠴᠢᠳᠠᠯ ᠢᠶᠠᠨ ᠰᠢᠪᠬᠠᠵᠦ ᠵᠠᠰᠠᠭ ᠤᠨ ᠤᠷᠳᠤᠨ ᠎ ᠤ ᠠᠵᠢᠯ ᠢ ᠰᠠᠶᠢᠳᠤᠷ ᠬᠢᠬᠦ ᠬᠡᠷᠡᠭᠲᠠᠢ᠃       ᠬᠤᠶᠠᠷ᠂ 2017 ᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠠ ᠬᠠᠷᠠᠯᠳᠠᠲᠦ ᠡᠭᠦᠷᠭᠡ       2017 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠦᠪᠵᠢᠬᠦᠯᠭᠡ ᠶᠢ ᠬᠡᠷᠡᠭᠵᠢᠬᠦᠯᠬᠦ ᠵᠠᠯᠭᠠᠮᠵᠢ ᠪᠠ ᠦᠷᠭᠦᠯᠵᠢᠬᠦᠯᠦᠯ ᠤᠨ ᠴᠢᠬᠤᠯᠠ ᠨᠢᠭᠡ ᠵᠢᠯ᠂  ᠮᠦᠨᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠪᠠᠳᠤ ᠰᠠᠭᠤᠷᠢ ᠲᠠᠯᠪᠢᠬᠤ ᠰᠢᠪᠳᠤᠯᠤᠯᠳᠠ ᠶᠢᠨ ᠵᠢᠯ ᠪᠤᠯᠤᠨ᠎ᠠ᠂ ᠪᠦᠬᠦ ᠵᠢᠯ ᠤᠨ ᠠᠵᠢᠯ ᠤᠨ ᠠᠴᠢ ᠬᠤᠯᠪᠤᠭᠳᠠᠯ ᠯᠤᠳᠤ ᠶᠡᠭᠡ ᠶᠤᠮ᠃ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠤᠭᠤᠳ ᠪᠠ ᠲᠦᠷᠦ ᠵᠠᠰᠠᠵᠦ ᠵᠠᠰᠠᠭ ᠪᠠᠷᠢᠬᠤ ᠰᠢᠨ᠎ᠡ ᠰᠡᠳᠬᠢᠴᠡ ᠰᠢᠨ᠎ᠡ ᠪᠠᠶᠢᠯᠳᠤᠬᠤ ᠪᠤᠳᠤᠯᠭ᠎ᠠ ᠶᠢ ᠬᠦᠨᠵᠡᠭᠡᠢ ᠲᠤᠤᠱᠯᠠᠭᠤᠯᠵᠦ᠂ ᠥᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ᠂ ᠠᠷᠪᠠᠳᠤᠭᠠᠷ ᠬᠤᠭᠤᠴᠠᠭᠠᠨ ᠎ ᠤ ᠬᠤᠶᠠᠳᠤᠭᠠᠷ ᠤᠳᠠᠭᠠᠨ ᠤ ᠪᠦᠬᠦ ᠭᠡᠰᠢᠬᠦᠳ ᠤᠨ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2017 ᠤᠨ ᠎ ᠤ 1 ᠳ᠋ᠤᠭᠡᠷ ᠤᠳᠠᠭᠠᠨ ᠤ ︵ᠦᠷᠭᠡᠳᠬᠡᠭᠰᠡᠨ︶ ᠬᠤᠷᠠᠯ ᠪᠤᠯᠤᠨ ᠬᠤᠰᠢᠭᠤ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠲᠦᠷᠪᠡᠳᠦᠭᠡᠷ ᠤᠳᠠᠭᠠᠨ ᠤ ᠪᠦᠬᠦ ᠭᠡᠰᠢᠬᠦᠳ ᠤᠨ ︵ᠦᠷᠭᠡᠳᠬᠡᠭᠰᠡᠨ︶ ᠬᠤᠷᠠᠯ ᠤᠨ ᠵᠤᠷᠢᠭ ᠰᠠᠨᠠᠭ᠎ᠠ ᠶᠢᠨ ᠲᠤᠭᠤᠷᠢᠨ ᠳᠤ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠰᠡᠳᠬᠢᠴᠡ ᠎ ᠶᠢ ᠪᠠᠷᠢᠮᠳᠠᠯᠠᠵᠦ᠂ ᠰᠢᠨ᠎ᠡ ᠬᠦᠭᠵᠢᠯᠳᠡ ᠶᠢᠨ ᠦᠵᠡᠯᠳᠡ ᠶᠢ ᠪᠠᠬᠢᠵᠢᠬᠦᠯᠦᠨ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠵᠦ ᠠᠬᠤᠢ ᠶᠢᠨ ᠭᠦᠭᠵᠢᠯᠳᠠ ᠶᠢᠨ ᠰᠢᠨ᠎ᠡ ᠭᠡᠪ ᠪᠠᠶᠢᠳᠠᠯ ᠳᠤ ᠵᠤᠬᠢᠴᠠᠨ ᠬᠦᠳᠤᠯᠤᠨ ᠲᠠᠭᠠᠭᠤᠯᠵᠦ᠂ ᠬᠦᠭᠵᠢᠯᠳᠡ ᠎ ᠶᠢᠨ ᠴᠢᠨᠡᠷ ᠴᠢᠨᠰᠠᠭ᠎ᠠ ᠪᠠ ᠦᠷ᠎ᠡ ᠠᠰᠢᠭ ᠢ ᠲᠡᠭᠡᠭᠰᠢᠯᠡᠬᠦᠯᠬᠦ ᠪᠠᠷ ᠭᠤᠤᠯ ᠪᠤᠯᠭᠠᠵᠦ᠂ ᠬᠠᠩᠭᠠᠯᠭ᠎ᠠ ᠶᠢᠨ ᠲᠠᠯ᠎ᠠ ᠳᠠᠬᠢ ᠪᠦᠳᠤᠴᠡ ᠶᠢᠨ ᠴᠢᠨᠡᠷᠳᠡᠢ ᠦᠬᠡᠷᠡᠴᠢᠯᠠᠯᠳᠠ ᠪᠠᠷ ᠭᠤᠤᠯᠳᠠᠭᠤᠯᠵᠦ᠂ ᠰᠢᠨ᠎ᠡ ᠭᠡᠯᠪᠡᠷᠢ ᠶᠢᠨ ᠠᠵᠦ ᠦᠢᠯᠡᠳᠪᠤᠷᠢᠵᠢᠯᠳᠡ᠂ ᠰᠤᠷᠠᠭ ᠵᠠᠩᠬᠢᠵᠢᠯᠳᠠ᠂ ᠬᠤᠳᠠ ᠪᠠᠯᠭᠠᠰᠤᠵᠢᠯᠳᠡ᠂ ᠲᠠᠷᠢᠶᠠᠯᠠᠩ ᠮᠠᠯ ᠠᠵᠦ ᠠᠬᠤᠢ ᠶᠢᠨ ᠤᠳᠤᠬᠢᠴᠢᠯᠠᠯᠳᠠ᠂ ᠪᠤᠬᠢᠷᠳᠤᠯ ᠦᠬᠡᠢ ᠵᠡᠷᠭᠡ ︽ᠲᠠᠪᠤᠵᠢᠭᠤᠯᠤᠯᠳᠠ ᠶᠢ ᠵᠡᠷᠭᠡᠪᠡᠷ ᠬᠦᠭᠵᠢᠬᠦᠯᠬᠦ︾᠎ ᠶᠢ ᠪᠦᠬᠦ ᠬᠦᠴᠦ ᠎ ᠪᠠᠷ ᠢᠶᠠᠨ ᠠᠬᠢᠭᠤᠯᠵᠦ᠂ ᠬᠦᠭᠵᠢᠯᠳᠡ᠂ ᠠᠮᠢ ᠠᠬᠤᠢ᠂ ᠠᠷᠠᠳ ᠤᠨ ᠠᠮᠢᠳᠤᠷᠠᠯ ᠵᠡᠷᠭᠡ ᠭᠤᠷᠪᠡᠨ ᠦᠨᠳᠤᠰᠤᠨ ᠵᠦᠢᠯ ᠢ ᠴᠢᠩᠭ᠎ᠠ ᠠᠳᠬᠤᠵᠦ᠂ ︽ᠵᠢᠷᠭᠤᠭᠠᠨ ᠶᠡᠭᠡ ᠰᠠᠭᠤᠷᠢᠨ ᠭᠠᠵᠡᠷ︾᠎ ᠤᠨ ᠪᠦᠳᠤᠭᠡᠨ ᠪᠠᠶᠢᠭᠤᠯᠤᠯᠳᠠ ᠶᠢ ᠲᠦᠷᠭᠡᠨ ᠠᠬᠢᠭᠤᠯᠵᠦ᠂ ᠡᠭᠡ ᠤᠯᠤᠰ ᠤᠨ ᠤᠮᠠᠷᠠᠳᠤ ᠬᠢᠯᠢ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠎ ᠢ ᠴᠢᠷᠮᠡᠶᠢᠨ ᠡᠬᠦᠳᠴᠦ᠂ ᠰᠢᠯᠢᠳᠡᠭ ᠦᠷ᠎ᠡ ᠪᠦᠲᠦᠮᠵᠢ ᠪᠠᠷ ᠢᠶᠠᠨ ᠦᠪᠡᠷᠳᠡᠭᠡᠨ ᠵᠠᠰᠠᠬᠤ ᠣᠷᠣᠨ ᠤ 70 ᠵᠢᠯ ᠤᠨ ᠣᠢ ᠶᠢ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠶᠢ ᠣᠭᠳᠣᠬᠤ ᠶᠠᠪᠣᠳᠠᠯ ᠶᠣᠮ᠃     ᠥᠨᠤ ᠵᠢᠯ ᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠵᠢᠱᠢᠭᠰᠡᠨ ᠬᠠᠷᠠᠯᠳᠠ ᠪᠤᠯ᠄ ᠤᠷᠤᠨ ᠨᠤᠳᠤᠭ ᠤᠨ ᠤᠶᠢᠯᠡᠳᠪᠦᠷᠢᠯᠡᠯ ᠤᠨ ᠶᠡᠷᠦᠩᠬᠡᠢ ᠥᠷᠳᠡᠭ ᠢ 70.9 ᠳ᠋ᠦᠩᠰᠢᠭᠤᠷ ᠲᠥᠭᠦᠷᠢᠭ ᠪᠡᠶᠡᠯᠡᠬᠦᠯᠵᠦ᠂ 8.3%᠎ ᠪᠠᠷ ᠨᠡᠮᠡᠭᠳᠡᠬᠦᠯᠦᠨ᠎ᠡ᠂ ᠡᠬᠦᠨ ᠳᠤ ᠨᠢᠭᠡ᠂ ᠬᠤᠶᠠᠷ᠂ ᠭᠤᠷᠪᠠᠳᠤᠭᠠᠷ ᠠᠵᠦ ᠤᠶᠢᠯᠡᠰ ᠤᠨ ᠨᠡᠮᠡᠭᠳᠡᠯ ᠥᠷᠳᠡᠭ ᠎ ᠢ ᠲᠤᠰᠪᠤᠷᠢ 5.9 ᠳ᠋ᠦᠩᠰᠢᠭᠤᠷ ᠲᠥᠭᠦᠷᠢᠭ᠂ 46.6 ᠳ᠋ᠦᠩᠰᠢᠭᠤᠷ ᠲᠥᠭᠦᠷᠢᠭ ᠪᠤᠯᠤᠨ 18.4 ᠳ᠋ᠦᠩᠰᠢᠭᠤᠷ ᠲᠥᠭᠦᠷᠢᠭ ᠪᠡᠶᠡᠯᠡᠬᠦᠯᠵᠦ᠂ ᠲᠤᠰᠪᠤᠷᠢ 3.2%᠂ 8.5% ᠪᠤᠯᠤᠨ 10.2%᠎ ᠢᠶᠠᠷ ᠨᠡᠮᠡᠭᠳᠡᠬᠦᠯᠤᠨ᠎ᠠ︔ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 44 ᠳ᠋ᠦᠩᠰᠢᠭᠤᠷ ᠲᠥᠭᠦᠷᠢᠭ ᠪᠡᠶᠡᠯᠡᠬᠦᠯᠵᠦ᠂ 16.8%᠎ ᠪᠠᠷ ᠨᠡᠮᠡᠭᠳᠡᠬᠦᠯᠦᠨ᠎ᠡ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠥᠨ ᠲᠤᠮᠳᠠᠴᠢ ᠶᠢᠨ ᠲᠤᠬᠢᠷᠠᠭᠤᠯᠵᠦ ᠪᠤᠯᠬᠤᠶᠢᠴᠠ ᠤᠷᠤᠯᠭ᠎ᠠ ᠶᠢ 35650 ᠲᠥᠭᠦᠷᠢᠭ ᠪᠠ 10500 ᠲᠥᠭᠦᠷᠢᠭ ᠲᠤ ᠬᠦᠷᠭᠡᠵᠦ᠂ ᠲᠤᠰᠪᠤᠷᠢ 11.6% ᠪᠠ 15.8%᠎ ᠪᠠᠷ ᠨᠡᠮᠡᠭᠳᠡᠬᠦᠯᠤᠨ᠎ᠡ︔ ᠨᠡᠶᠢᠳᠡ ᠶᠢᠨ ᠡᠳ᠋ ᠤᠨ ᠵᠠᠰᠠᠭ ᠤᠨ ᠲᠥᠰᠦᠪ ᠤᠨ ᠤᠷᠤᠯᠭ᠎ᠠ ᠶᠢ 3.53 ᠳ᠋ᠦᠩᠰᠢᠭᠤᠷ ᠲᠥᠭᠦᠷᠢᠭ ᠪᠡᠶᠡᠯᠡᠬᠦᠯᠵᠦ᠂ 5.5%᠎ ᠪᠠᠷ ᠨᠡᠮᠡᠭᠳᠡᠬᠦᠯᠦᠨ᠎ᠡ︔ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠭ᠎ᠠ ᠶᠢᠨ ᠶᠡᠷᠦᠩᠬᠡᠢ ᠲᠤᠭ᠎ᠠ ᠶᠢ 19.1 ᠳ᠋ᠦᠩᠰᠢᠭᠤᠷ ᠲᠥᠭᠦᠷᠢᠭ ᠪᠡᠶᠡᠯᠡᠬᠦᠯᠵᠦ᠂ 11%᠎ ᠪᠠᠷ ᠨᠡᠮᠡᠭᠳᠡᠬᠦᠯᠦᠨ᠎ᠡ᠃ ᠡᠳᠡᠭᠡᠷ ᠬᠠᠷᠠᠯᠳᠠ ᠶᠢ ᠲᠤᠭᠳᠠᠭᠠᠬᠤ ᠳᠠᠭᠠᠨ᠂ ᠮᠡᠨ ᠤ ᠬᠤᠰᠢᠭᠤᠨ ᠎ ᠳᠤ ᠲᠤᠯᠭᠠᠷᠠᠵᠦ ᠪᠠᠶᠢᠭ᠎ᠠ ᠴᠠᠭ ᠤᠨ ᠪᠠᠶᠢᠳᠠᠯ ᠤᠨ ᠡᠬᠦᠷᠭᠡ ᠪᠤᠯᠤᠨ ᠦᠨᠳᠤᠰᠤᠨ ᠨᠦᠬᠦᠴᠠᠯ ᠢ ᠬᠦᠢᠴᠡᠳ ᠪᠤᠳᠤᠯᠬᠢᠯᠠᠭᠰᠠᠨ ᠤ ᠬᠠᠮᠳᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ ᠪᠤᠯᠤᠨ ︽ᠠᠷᠪᠡᠨ ᠭᠤᠷᠪᠡᠳᠤᠭᠠᠷ ᠲᠠᠪᠤᠨ ᠵᠢᠯ︾᠎ ᠤᠨ ᠲᠦᠯᠦᠪᠵᠢᠬᠦᠯᠬᠡ ᠶᠢᠨ ᠬᠠᠷᠠᠯᠳᠠ ᠯᠤᠭ᠎ᠠ ᠬᠠᠷᠠᠭᠠᠯᠵᠠᠭᠤᠯᠵᠦ᠂ ᠦᠪᠡᠷᠳᠡᠭᠡᠨ ᠵᠠᠰᠠᠬᠤ ᠤᠷᠤᠨ ᠪᠠ ᠠᠶᠢᠮᠠᠭ ᠬᠤᠶᠠᠷ ᠱᠠᠳᠤᠨ ᠠᠴᠠ ᠪᠠᠭᠤᠯᠭᠠᠭᠰᠠᠨ ᠡᠬᠦᠷᠭᠡ ᠬᠠᠷᠠᠯᠳᠠ ᠲᠠᠢ ᠨᠢᠭᠳᠠ ᠬᠤᠯᠪᠤᠭᠳᠠᠭᠤᠯᠤᠨ᠂ ᠪᠤᠳᠠᠳᠤ ᠪᠠᠶᠢᠳᠠᠯ ᠳᠠᠭᠠᠨ ᠰᠠᠭᠤᠷᠢᠯᠠᠨ᠂ ᠪᠦᠬᠦ ᠲᠠᠯ᠎ᠠ ᠪᠠᠷ ᠪᠤᠳᠤᠯᠬᠢᠯᠠᠭᠰᠠᠨ ᠶᠤᠮ᠃ ᠲᠡᠬᠦᠨᠴᠢᠯᠠᠨ ᠭᠤᠤᠯ ᠬᠠᠷᠠᠯᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠤᠨ ᠲᠡᠭᠰᠢᠳᠭᠡᠭᠰᠡᠨ ᠬᠦᠢᠴᠡᠳᠭᠡᠬᠦ ᠲᠤᠭ᠎ᠠ ᠠᠴᠠ ᠴᠦᠮ ᠦᠨᠳᠤᠷ ᠪᠤᠯᠬᠤᠷ ᠵᠤᠷᠢᠭᠳᠠᠢ ᠴᠢᠷᠮᠡᠶᠢᠪᠡᠯ ᠰᠠᠶ᠋ᠢ ᠵᠤᠷᠢᠭᠰᠠᠨ ᠳᠠᠭᠠᠨ ᠬᠦᠷᠴᠦ ᠲᠠᠶᠢᠯᠤᠨ᠎ᠠ᠃     ᠲᠡᠭᠡᠷ᠎ᠡ ᠲᠤᠷᠠᠳᠤᠭᠰᠠᠨ ᠬᠠᠷᠠᠯᠳᠠ ᠶᠢ ᠪᠠᠶᠠᠯᠠᠬᠦᠯᠬᠦ ᠳᠤ᠂ ᠪᠢᠳᠠ ᠲᠤᠤᠷᠠᠬᠢ ᠶᠢᠰᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠄     ︵ᠨᠢᠭᠡ︶ ᠲᠦᠷᠦᠯ ᠵᠦᠢᠯ ᠢ ᠠᠳᠬᠤᠵᠦ᠂ ᠪᠡᠯᠡ ᠤᠷᠤᠭᠤᠯᠤᠯᠳᠠ ᠶᠢ ᠠᠬᠢᠭᠤᠯᠤᠨ᠂ ᠠᠵᠦ ᠠᠬᠤᠢ ᠶᠢᠨ ᠡᠷᠡᠬᠦᠯ ᠬᠦᠭᠵᠢᠯᠳᠡ ᠶᠢ ᠪᠠᠳᠤᠯᠠᠨ᠎ᠠ᠃     ᠨᠢᠭᠡ ᠳᠤ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠪᠦᠬᠦ ᠬᠦᠴᠦ ᠪᠠᠷ ᠢᠶᠠᠨ ᠠᠬᠢᠭᠤᠯᠤᠨ᠎ᠠ᠃ ᠴᠢᠬᠤᠯᠠ ᠶᠡᠭᠡ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠪᠠᠷ ᠪᠦᠬᠦ ᠬᠤᠰᠢᠭᠤᠨ ᠤ ᠠᠵᠦ ᠠᠬᠤᠢ ᠨᠡᠶᠢᠬᠡᠮ ᠎ ᠤᠨ ᠬᠦᠭᠵᠢᠯᠳᠡ ᠶᠢ ᠠᠬᠢᠭᠤᠯᠬᠤ ᠶᠢ ᠵᠤᠷᠢᠵᠦ᠂ ᠲᠦᠷᠦᠯ ᠵᠦᠢᠯ ᠤᠨ ᠲᠦᠯᠦᠪᠯᠡᠭᠡ᠂ ᠰᠤᠩᠭᠤᠯᠳᠠ᠂ ᠭᠤᠶᠤᠴᠢᠯᠠᠯ ᠂ ᠨᠦᠬᠡᠴᠡᠯᠳᠡ ᠵᠡᠷᠭᠡ ᠡᠮᠤᠨᠠᠬᠢ ᠬᠤᠭᠤᠴᠠᠭᠠᠨ ᠤ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠦ᠂ ᠲᠤᠭᠳᠠᠭᠰᠠᠨ ᠴᠠᠭ ᠲᠠᠭᠠᠨ ᠠᠵᠢᠯ ᠡᠬᠢᠯᠡᠬᠦᠯᠬᠦ ᠶᠢ ᠪᠠᠳᠤᠯᠠᠨ᠎ᠠ᠃ ᠥᠨᠤ ᠵᠢᠯ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ 109 ᠬᠤᠰᠢᠭᠤ ᠲᠡᠰ ᠤᠨ ᠭᠤᠤᠯᠳᠠᠯᠭ᠎ᠠ ᠲᠠᠢ ᠲᠦᠷᠦᠯ ᠵᠤᠶᠢᠯ ᠢ ᠲᠤᠭᠳᠠᠭᠠᠵᠦ᠂ 45 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠦ ᠪᠠᠶᠢᠨ᠎ᠠ᠃ ᠠᠵᠦ ᠤᠶᠢᠯᠡᠰ ᠤᠨ ᠲᠠᠯ᠎ᠠ ᠪᠠᠷ᠂ ᠡᠷᠢᠶᠡᠨ ᠤ ᠪᠢᠴᠢᠯ ᠴᠠᠬᠢᠯᠭᠠᠨ ᠲᠤᠤᠷ ᠤᠨ ᠪᠠᠷᠠᠭᠤᠨ ᠰᠦᠨᠢᠳ ᠲᠠᠬᠢ ᠲᠦᠷᠦᠯ ᠵᠤᠶᠢᠯ᠂ ᠤᠯᠤᠰ ᠤᠨ ᠴᠠᠬᠢᠯᠭᠠᠨ ᠬᠦᠴᠦᠨ ᠤ ᠺᠤᠮᠫᠠᠨᠢ ᠶᠢᠨ ᠦᠯᠡᠬᠦᠦ ᠴᠠᠬᠢᠯᠭᠠᠨ ᠤ ᠲᠠᠭᠠᠯᠳᠠ ᠦᠢᠯᠡᠳᠪᠤᠷᠢᠯᠠᠯ ᠤᠨ ᠲᠦᠷᠦᠯ ᠵᠤᠶᠢᠯ ᠵᠡᠷᠭᠡ ᠨᠢᠬᠡ ᠪᠦᠯᠦᠭ ᠡᠨᠧᠷᠬᠢ ᠶᠢᠨ ᠠᠵᠦ ᠤᠶᠢᠯᠡᠰ ᠤᠨ ᠲᠦᠷᠦᠯ ᠵᠤᠶᠢᠯ︔ ᠵᠢᠷᠦᠬᠡ ᠵᠡᠰ ᠤᠨ ᠠᠭᠤᠷᠬᠠᠢ ᠶᠢᠨ ᠬᠠᠷ᠎ᠠ ᠲᠤᠭᠤᠯᠭ᠎ᠠ ᠪᠠ ᠴᠠᠶᠢᠷ ᠢ ᠢᠯᠭᠠᠷᠠᠭᠤᠯᠬᠤ ᠲᠦᠷᠦᠯ ᠵᠤᠶᠢᠯ᠂ ᠮᠧᠩ ᠰᠢᠨ ᠲᠠᠮᠤᠷ ᠤᠨ ᠬᠦᠳᠡᠷ ᠰᠤᠩᠭᠤᠬᠤ ᠲᠦᠷᠦᠯ ᠵᠦᠢᠯ ᠵᠡᠷᠭᠡ ᠨᠢᠬᠡ ᠪᠦᠯᠦᠭ ᠬᠦᠳᠡᠷ ᠰᠤᠩᠭᠤᠨ ᠪᠤᠯᠪᠠᠰᠤᠷᠠᠭᠤᠯᠬᠤ ᠲᠦᠷᠦᠯ ᠵᠤᠶᠢᠯ︔ ᠨᠢᠩ ᠪᠥᠸᠧ ᠬᠤᠸᠠ ᠱᠦᠨ 500 ᠰᠠᠶ᠎ᠠ ᠸᠠᠲ ᠤᠨ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠦᠢᠯᠡᠳᠬᠦ ᠲᠦᠷᠦᠯ ᠵᠤᠶᠢᠯ︔ ᠶᠠᠩ ᠶᠠᠩ ᠮᠠᠯᠵᠢᠬᠤ ᠤᠶᠢᠯᠡᠰ ᠤᠨ ᠪᠤᠯᠭᠤᠭᠰᠠᠨ ᠢᠳᠡᠭᠡᠨ ᠪᠤᠯᠪᠠᠰᠤᠷᠠᠭᠤᠯᠬᠤ ᠲᠦᠷᠦᠯ ᠵᠤᠶᠢᠯ᠂ ᠱᠧᠨ ᠯᠦᠩ ᠦᠨᠳᠦᠷ ᠤᠭᠤᠷᠠᠭᠲᠦ ᠤᠷᠭᠠᠨᠢᠭ ᠪᠤᠷᠳᠤᠭ᠎ᠠ ᠤᠶᠢᠯᠡᠳᠪᠦᠷᠢᠯᠡᠬᠦ ᠲᠦᠷᠦᠯ ᠵᠤᠶᠢᠯ ᠵᠡᠷᠭᠡ ᠨᠢᠬᠡ ᠪᠦᠯᠦᠭ ᠮᠠᠯ ᠎ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ ᠠᠵᠦ ᠤᠶᠢᠯᠡᠰ ᠤᠨ ᠲᠦᠷᠦᠯ ᠵᠤᠶᠢᠯ︔ ᠰᠦᠨᠢᠳ ᠸᠠᠩ ᠤᠨ ᠤᠷᠳᠤᠨ ᠤ ᠮᠦᠽᠸᠢ᠂ ᠲᠤᠮᠤ ᠲᠤᠭ᠎ᠠ ᠪᠠᠷᠢᠮᠳᠠ ᠶᠢᠨ ᠡᠵᠡᠩᠨᠡᠯᠳᠡ ᠶᠢᠨ ᠲᠥᠪ ᠵᠡᠷᠭᠡ ᠨᠢᠭᠡ ᠪᠥᠯᠦᠭ ᠵᠢᠭᠤᠯᠴᠢᠯᠠᠯ ᠪᠠ ᠰᠢᠨ᠎ᠡ ᠪᠠᠷ ᠬᠦᠭᠵᠢᠵᠦ ᠪᠠᠶᠢᠭ᠎ᠠ ᠠᠵᠦ ᠤᠶᠢᠯᠡᠰ ᠤᠨ ᠲᠦᠷᠦᠯ ᠵᠤᠶᠢᠯ ᠢ ᠭᠤᠤᠯᠳᠠᠯᠭ᠎ᠠ ᠲᠠᠢ ᠠᠬᠢᠭᠤᠯᠤᠨ᠎ᠠ᠃ ᠰᠠᠭᠤᠷᠢ ᠲᠥᠬᠦᠭᠡᠷᠦᠮᠵᠢ ᠶᠢᠨ ᠲᠠᠯ᠎ᠠ ᠪᠠᠷ᠂ ᠥᠪᠡᠷᠳᠡᠭᠡᠨ ᠵᠠᠰᠠᠬᠤ ᠤᠷᠤᠨ ᠤ ︽7 ᠶᠡᠭᠡ ᠲᠤᠤᠷ ᠤᠨ ᠰᠢᠰᠲ᠋ᠧᠮ︾ ᠎ ᠤᠨ ᠪᠠᠶᠢᠭᠤᠯᠤᠯᠳᠠ ᠶᠢᠨ ᠰᠢᠨ᠎ᠡ ᠲᠤᠬᠢᠶᠠᠯ ᠢ ᠠᠳᠬᠤᠵᠦ᠂ ᠵᠢᠨᠢᠩ ᠡᠷᠢᠶᠡᠨ ᠤ ᠲᠡᠮᠤᠷ ᠵᠠᠮ ᠢ ᠲᠡᠰ ᠲᠡᠪᠰᠢᠬᠦᠯᠦᠨ ᠰᠢᠨᠡᠳᠬᠡᠬᠦ᠂ ᠡᠷᠢᠶᠡᠨ ᠭᠤᠸᠠᠩᠵᠸᠦ ᠶᠢᠨ ᠲᠦᠷᠭᠡᠨ ᠵᠠᠮ ᠤᠨ ᠰᠠᠶᠢᠬᠠᠨᠳᠠᠯ᠎ᠠ ᠶᠢᠨ ᠬᠤᠶᠢᠲᠦ ᠵᠠᠬ᠎ᠠ ᠠᠴᠠ ᠡᠷᠢᠶᠡᠨ ᠬᠤᠳᠠ ᠬᠦᠷᠬᠦ ᠲᠦᠷᠬᠡᠨ ᠵᠠᠮ ︵ᠨᠢᠬᠡᠳᠤᠭᠡᠷ ᠲᠡᠰ ᠤᠨ ᠲᠦᠷᠭᠡᠨ ᠵᠡᠮ ᠪᠤᠯᠭᠠᠨ ᠦᠬᠡᠷᠡᠴᠢᠯᠠᠬᠦ︶᠂ ᠡᠷᠢᠶᠡᠨ ᠭᠤᠸᠠᠩᠵᠸᠤ ᠶᠢᠨ ᠲᠦᠷᠭᠡᠨ ᠵᠡᠮ ᠤᠨ ᠰᠦᠨᠢᠳ ᠪᠠᠷᠠᠭᠤᠨ ᠬᠤᠰᠢᠭᠤᠨ ᠠᠴᠠ ᠬᠤᠸᠠ ᠳ᠋ᠧ ᠬᠦᠷᠬᠦ ᠭᠡᠰᠡᠭ ᠤᠨ ᠲᠦᠷᠭᠡᠨ ᠵᠡᠮ ᠵᠡᠷᠭᠡ ᠲᠦᠷᠦᠯ ᠵᠤᠶᠢᠯ ᠢ ᠡᠷᠳᠡᠬᠡᠨ ᠠᠵᠢᠯ ᠡᠬᠢᠯᠡᠬᠦᠯᠦᠨ᠎ᠡ︔ ᠦᠨᠳᠤᠷ ᠤᠨ 220 ᠺᠢᠯᠦᠸᠤᠯᠲ ᠤᠨ ᠭᠤᠤᠯ ᠬᠦᠴᠦᠳᠡᠯ ᠦᠬᠡᠷᠡᠴᠢᠯᠠᠬᠦ ᠮᠠᠰᠢᠨ ᠢ ᠦᠷᠭᠡᠳᠬᠡᠨ ᠪᠠᠶᠢᠭᠤᠯᠬᠤ ᠵᠢᠴᠢⅡᠪᠤᠴᠠᠯᠳᠠ ᠶᠢᠨ ᠱᠤᠭᠤᠮ ᠤᠨ ᠢᠨᠵᠧᠨᠧᠷᠢᠩ ᠪᠤᠯᠤᠨ ᠬᠦᠪᠡᠭᠡᠳᠤ ᠰᠢᠷ᠎ᠡ ᠬᠤᠰᠢᠭᠤᠨ ᠤ 220 ᠺᠢᠯᠤᠸᠤᠯᠲ ᠤᠨ ᠬᠦᠴᠦᠳᠡᠯ ᠦᠭᠡᠷᠡᠴᠢᠯᠡᠬᠦ ᠢᠨᠵᠧᠨᠧᠷᠢᠩ ᠢ ᠭᠤᠤᠯᠳᠠᠯᠭ᠎ᠠ ᠲᠠᠢ ᠠᠬᠢᠭᠤᠯᠵᠦ᠂ 167 ᠺᠢᠯᠦᠮᠧᠲᠷ ᠤᠨ ᠴᠠᠬᠢᠯᠭᠠᠨ ᠱᠤᠭᠤᠮ ᠲᠠᠳᠠᠵᠦ᠂ 600 ᠢᠵᠢ ᠰᠠᠯᠬᠢᠨ ᠨᠡᠷᠡᠨ ᠡᠨᠧᠷᠬᠢ ᠬᠠᠷᠢᠯᠴᠠᠨ ᠨᠦᠬᠦᠪᠤᠷᠢᠯᠠᠨ ᠴᠠᠬᠢᠯᠭᠠᠨ ᠬᠠᠩᠭᠠᠬᠤ ᠲᠦᠬᠦᠭᠡᠷᠤᠮᠵᠢ ᠶᠢ ᠲᠡᠰ ᠲᠡᠪᠰᠢᠬᠦᠯᠦᠨ ᠦᠬᠡᠷᠡᠴᠢᠯᠠᠵᠦ᠂ 100 ᠮᠠᠯᠴᠢᠨ ᠲᠠᠷᠢᠶᠠᠴᠢᠨ ᠡᠷᠦᠬᠡ ᠳᠤ ᠴᠠᠬᠢᠯᠭᠠᠨ ᠨᠡᠪᠳᠡᠷᠡᠬᠦᠯᠦᠨ᠎ᠡ︔ ᠬᠤᠳᠠ ᠎ ᠶᠢᠨ ᠵᠠᠮ᠂ ᠤᠰᠤ ᠬᠠᠩᠭᠠᠬᠤ᠂ ᠲᠤᠯᠠᠭᠠᠯᠭ᠎ᠠ ᠬᠠᠩᠭᠠᠬᠤ᠂ ᠨᠤᠭᠤᠭᠠᠷᠠᠭᠤᠯᠬᠤ ᠵᠡᠷᠭᠡ ᠠᠷᠠᠳ ᠤᠨ ᠠᠮᠢᠳᠤᠷᠠᠯ ᠳᠤ ᠠᠯᠤᠰ ᠭᠡᠳᠤ ᠶᠢᠨ ᠭᠡᠷᠡᠭᠴᠡᠭᠡ ᠪᠦᠬᠦᠢ ᠰᠠᠭᠤᠷᠢ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠳᠠ ᠶᠢᠨ ᠲᠦᠷᠦᠯ ᠵᠤᠶᠢᠯ ᠢ ᠲᠥᠪᠯᠡᠷᠡᠬᠦᠯᠦᠨ ᠬᠡᠷᠡᠭᠵᠢᠬᠦᠯᠦᠨ᠎ᠡ᠃ ᠡᠬᠦᠨ ᠤ ᠬᠠᠮᠲᠦ᠂ ᠮᠠᠯᠵᠢᠬᠤ ᠲᠠᠷᠢᠶᠠᠯᠠᠬᠤ ᠤᠷᠤᠨ ᠤ ᠤᠰᠤ ᠤᠮᠳᠠ ᠶᠢᠨ ᠠᠮᠤᠷ ᠲᠥᠪᠰᠢᠨ ᠢ ᠰᠠᠶᠢᠵᠢᠷᠠᠭᠤᠯᠬᠤ᠂ ᠴᠢᠮᠡᠭᠡ ᠬᠤᠯᠪᠤᠭᠠᠨ ᠤ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠪᠦᠬᠦ ᠲᠠᠯ᠎ᠠ ᠪᠠᠷ ᠰᠠᠶᠢᠳᠤᠷ ᠠᠳᠬᠤᠨ᠎ᠠ᠃ ᠠᠷᠠᠳ ᠎ ᠤᠨ ᠠᠮᠢᠳᠤᠷᠠᠯ ᠪᠤᠯᠤᠨ ᠠᠮᠢ ᠠᠬᠤᠢ ᠶᠢᠨ ᠪᠥᠲᠦᠭᠡᠨ ᠪᠠᠶᠢᠭᠤᠯᠤᠯᠳᠠ ᠶᠢᠨ ᠲᠠᠯ᠎ᠠ ᠪᠠᠷ᠂ ᠶᠠᠳᠠᠭᠤ ᠠᠴᠠ ᠠᠩᠬᠢᠵᠢᠷᠠᠭᠤᠯᠬᠤ᠂ ᠤᠶᠢᠯᠡᠰ ᠪᠤᠰᠬᠠᠯᠳᠠ ᠪᠠ ᠠᠵᠢᠯ ᠤᠯᠭᠤᠯᠳᠠ᠂ ᠰᠤᠷᠭᠠᠨ ᠬᠦᠮᠥᠵᠢᠯ ᠡᠮ ᠡᠮᠨᠡᠯᠬᠡ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ᠂ ᠨᠠᠰᠦᠵᠢᠯ ᠤᠨ ᠨᠡᠶᠢᠭᠡᠮ ᠤᠨ ᠠᠰᠠᠷᠠᠮᠵᠢ᠂ ᠠᠷᠠᠳ ᠤᠨ ᠤᠷᠤᠨ ᠰᠠᠭᠤᠴᠠ ᠶᠢ ᠲᠦᠪᠬᠢᠨᠡᠬᠦᠯᠬᠦ᠂ ᠠᠮᠢ ᠠᠬᠤᠢ ᠶᠢ ᠰᠡᠷᠭᠦᠭᠡᠬᠦ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠰᠠᠶᠢᠳᠤᠷ ᠠᠳᠬᠤᠬᠤ ᠬᠡᠷᠡᠭᠲᠠᠢ᠃     ᠬᠤᠶᠠᠷ ᠲᠤ ᠠᠵᠦ ᠠᠬᠤᠢ ᠶᠢᠨ ᠡᠷᠬᠢᠯᠳᠡ ᠶᠢᠨ ᠵᠤᠬᠢᠴᠠᠭᠤᠯᠤᠯᠳᠠ ᠶᠢ ᠴᠢᠩᠭᠠᠳᠬᠠᠨ᠎ᠠ᠃ ᠠᠵᠦ ᠠᠬᠤᠢ ᠶᠢᠨ ᠡᠷᠬᠢᠯᠳᠡ ᠶᠢᠨ ᠵᠠᠳᠠᠯᠤᠨ ᠮᠠᠭᠠᠳᠯᠠᠯ ᠪᠠ ᠬᠢᠨᠡᠨ ᠬᠡᠮᠵᠢᠯᠳᠠ ᠵᠤᠬᠢᠴᠠᠭᠤᠯᠤᠯᠳᠠ ᠪᠠᠨ ᠴᠢᠩᠭᠠᠳᠬᠠᠵᠦ᠂ ᠲᠠᠭᠡᠳᠤ ᠱᠠᠳᠤ ᠠᠴᠠ ᠲᠤᠭᠳᠠᠭᠠᠭᠰᠠᠨ ᠲᠤᠭᠳᠠᠭᠤᠨ ᠢᠶᠠᠷ ᠨᠡᠮᠡᠭᠳᠡᠬᠦᠯᠬᠦ ᠪᠠ ᠪᠤᠳᠠᠳᠤ ᠠᠵᠦ ᠠᠬᠤᠢ ᠶᠢᠨ ᠬᠦᠭᠵᠢᠯᠳᠡ ᠶᠢ ᠠᠬᠢᠭᠤᠯᠬᠤ ᠲᠤᠬᠠᠢ ᠲᠦᠷᠦ ᠶᠢᠨ ᠪᠤᠳᠤᠯᠭ᠎ᠠ ᠶᠢ ᠬᠦᠨᠵᠡᠬᠡᠢ ᠨᠠᠶᠢᠳᠠᠪᠤᠷᠢᠵᠢᠭᠤᠯᠵᠦ᠂ ︽ᠨᠢᠬᠡ ᠠᠵᠦ ᠠᠬᠤᠶᠢᠯᠠᠯ ᠳᠤ ᠨᠢᠬᠡ ᠪᠤᠳᠤᠯᠭ᠎ᠠ︾᠎ ᠶᠢᠨ ᠬᠠᠪᠰᠤᠷᠤᠨ ᠲᠡᠳᠬᠦᠬᠦ ᠠᠷᠭ᠎ᠠ ᠪᠡᠷᠢᠯ ᠢ ᠭᠡᠷᠡᠭᠵᠢᠬᠦᠯᠵᠦ᠂ ᠠᠵᠦ ᠠᠬᠤᠶᠢᠯᠠᠯ ᠤᠨ ᠮᠡᠷᠭᠡᠵᠢᠯ ᠢᠶᠠᠨ ᠰᠠᠶᠢᠵᠢᠷᠠᠭᠤᠯᠤᠨ ᠲᠡᠰ ᠲᠡᠪᠰᠢᠬᠦ ᠪᠠ ᠪᠤᠬᠢᠷᠳᠤᠯ ᠢ ᠪᠠᠭᠠᠰᠬᠠᠨ ᠡᠨᠧᠷᠬᠢ ᠠᠷᠪᠢᠯᠡᠨ ᠡᠵᠡᠩᠨᠡᠯᠳᠡ ᠬᠢᠬᠦ ᠎ ᠶᠢ ᠨᠢ ᠲᠡᠮᠵᠢᠵᠦ᠂ ᠠᠵᠦ ᠦᠢᠯᠡᠰ ᠤᠨ ᠬᠡᠯᠬᠢᠶ᠎ᠠ ᠶᠢ ᠤᠷᠳᠤᠳᠬᠠᠨ᠎ᠠ᠃ ᠡᠬᠦᠨ ᠤ ᠬᠠᠮᠳᠤ᠂ ᠮᠥᠩᠬᠦᠨ ᠭᠦᠢᠯᠭᠡᠭᠡᠨ ᠎ ᠤ ᠵᠤᠯᠭᠠᠭᠤᠯᠤᠯᠳᠠ᠂ ᠪᠥᠲᠦᠭᠡᠭᠳᠡᠬᠦᠨ ᠤ ᠪᠤᠷᠤᠯᠠᠭᠤᠯᠭ᠎ᠠ᠂ ᠴᠠᠬᠢᠯᠭᠠᠨ ᠬᠦᠴᠦᠨ ᠤ ᠤᠯᠠᠨ ᠲᠠᠯ᠎ᠠ ᠶᠢᠨ ᠰᠤᠯᠢᠯᠴᠠᠭ᠎ᠠ ᠵᠡᠷᠭᠡ ᠲᠠᠯ᠎ᠠ ᠪᠠᠷ ᠤᠶᠢᠯᠡᠴᠢᠯᠡᠭᠡ ᠪᠠ ᠪᠠᠳᠤᠯᠠᠭ᠎ᠠ ᠶᠢᠨ ᠠᠵᠢᠯ ᠢ ᠰᠠᠶᠢᠳᠤᠷ ᠬᠢᠵᠦ᠂ ᠠᠵᠦ ᠠᠬᠤᠶᠢᠯᠠᠯ ᠎ ᠤᠨ ᠬᠦᠴᠢᠷ ᠲᠥᠪᠡᠭᠲᠠᠢ ᠠᠰᠠᠭᠤᠳᠠᠯ ᠢ ᠢᠳᠡᠪᠬᠢᠲᠠᠢ ᠰᠢᠢᠳᠪᠤᠷᠢᠯᠡᠵᠦ᠂ ᠠᠵᠦ ᠠᠬᠤᠶᠢᠯᠠᠯ ᠤᠨ ᠲᠤᠭᠳᠠᠭᠤᠨ ᠤᠷᠴᠢᠯᠳᠠ ᠶᠢ ᠠᠬᠢᠭᠤᠯᠤᠨ᠎ᠠ᠃ ᠲᠡᠰ ᠲᠡᠪᠰᠢᠬᠦᠯᠬᠦ ᠠᠵᠦ ᠠᠬᠤᠶᠢᠯᠠᠯ ᠢ ᠤᠷᠢᠳᠴᠢᠯᠠᠨ ᠲᠦᠯᠦᠪᠯᠡᠨ ᠪᠤᠵᠠᠭᠠᠶᠢᠷᠠᠭᠤᠯᠵᠦ᠂ ᠲᠤᠰ ᠵᠢᠯ ᠳᠤ 10 ᠠᠵᠦ ᠠᠬᠤᠶᠢᠯᠠᠯ ᠢ ᠭᠡᠪᠴᠢᠶᠠᠵᠢᠯ ᠠᠴᠠ ᠲᠡᠭᠡᠭᠰᠢᠬᠢ ᠠᠵᠦ ᠠᠬᠤᠶᠢᠯᠠᠯ ᠎ ᠳᠤ ᠲᠡᠪᠰᠢᠬᠦᠯᠦᠨ᠎ᠡ᠃ ᠬᠡᠪᠴᠢᠶᠠᠵᠢᠯ ᠠᠴᠠ ᠲᠡᠭᠡᠭᠰᠢᠬᠢ ᠠᠵᠦ ᠤᠶᠢᠯᠡᠳᠪᠦᠷᠢ ᠶᠢᠨ ᠠᠵᠦ ᠠᠬᠤᠶᠢᠯᠠᠯ ᠤᠨ ᠦᠢᠯᠡᠳᠬᠦᠨ ᠤ ᠥᠷᠳᠡᠭ ᠢ 100 ᠳ᠋ᠦᠩᠰᠢᠭᠤᠷ ᠲᠥᠭᠦᠷᠢᠭ ᠠᠴᠠ ᠳᠠᠪᠠᠭᠤᠯᠵᠦ᠂ ᠲᠡᠤᠬᠡᠴᠢ ᠴᠢᠨᠠᠷ ᠲᠠᠢ ᠳᠠᠪᠠᠯᠳᠠ ᠎ ᠶᠢ ᠪᠡᠶᠡᠯᠡᠬᠦᠯᠦᠨ᠎ᠡ᠃     ᠭᠤᠷᠪᠡ ᠳᠤ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠬᠦᠴᠦᠯᠠᠴᠠ ᠪᠠᠨ ᠴᠢᠩᠭᠠᠳᠬᠠᠨ᠎ᠠ᠃ ᠠᠷᠠᠯᠵᠢᠶᠠᠴᠢᠨ ᠤᠷᠢᠵᠦ ᠪᠡᠯᠨ ᠤᠷᠤᠭᠤᠯᠬᠤ ᠪᠠᠷ ᠬᠦᠭᠵᠢᠯᠳᠡ ᠶᠢ ᠲᠦᠯᠬᠢᠨ ᠠᠬᠢᠭᠤᠯᠵᠦ᠂   ᠤᠨᠤᠴᠠ ᠲᠠᠢ ᠠᠷᠠᠯᠵᠢᠶᠠᠴᠢᠨ ᠤᠷᠢᠬᠤ᠂ ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠭᠤᠯᠬᠤ᠂ ᠠᠵᠦ ᠦᠢᠯᠡᠰ ᠤᠨ ᠬᠡᠯᠬᠢᠶ᠎ᠠ ᠪᠠᠷ ᠠᠷᠠᠯᠵᠢᠶᠠᠴᠢᠨ ᠤᠷᠢᠬᠤ ᠵᠡᠷᠭᠡ ᠠᠵᠢᠯ ᠢ ᠭᠤᠤᠯᠳᠠᠯᠭ᠎ᠠ ᠲᠠᠢ ᠪᠦᠭᠡᠳ ᠬᠠᠨᠳᠤᠯᠭ᠎ᠠ ᠦᠷᠨᠢᠬᠦᠯᠵᠦ᠂ ᠠᠷᠠᠯᠵᠢᠶᠠᠴᠢᠨ ᠤᠷᠢᠵᠦ ᠪᠠᠯᠨ ᠤᠷᠤᠭᠤᠯᠬᠤ ᠪᠤᠳᠠᠳᠤ ᠦᠷ᠎ᠡ ᠠᠰᠢᠭ ᠢ ᠲᠡᠭᠡᠭᠰᠢᠯᠡᠬᠦᠯᠤᠨ᠎ᠡ᠃ ᠠᠵᠦ ᠦᠢᠯᠡᠰ ᠢᠶᠠᠷ ᠠᠷᠠᠯᠵᠢᠶᠠᠴᠢᠨ ᠤᠷᠢᠬᠤ ᠶᠢ ᠴᠢᠩᠭᠠᠳᠬᠠᠨ᠎ᠠ᠃ ᠮᠡᠨ ᠤ ᠬᠤᠰᠢᠭᠤᠨ ᠤ ︽ᠵᠢᠷᠭᠤᠭᠠᠨ ᠶᠡᠭᠡ ᠰᠠᠭᠤᠷᠢᠨ ᠭᠠᠵᠡᠷ︾᠎ ᠤᠨ ᠠᠵᠦ ᠦᠢᠯᠡᠰ ᠤᠨ ᠬᠦᠭᠵᠢᠯᠳᠡ ᠶᠢᠨ ᠪᠠᠶᠢᠷᠢᠰᠢᠯᠠᠭᠤᠯᠤᠯᠳᠠ ᠳᠤ ᠬᠠᠨᠳᠤᠭᠤᠯᠤᠨ᠂ ᠠᠵᠢᠯ ᠲᠦᠷᠦᠯ ᠤᠨ ᠬᠦᠭᠵᠢᠯᠳᠡ ᠶᠢ ᠲᠠᠶᠢᠴᠢᠯᠠᠬᠤ᠂ ᠠᠵᠦ ᠦᠢᠯᠡᠰ ᠤᠨ ᠲᠠᠰ ᠲᠡᠪᠰᠢᠯᠳᠡ ᠶᠢ ᠬᠦᠳᠤᠯᠬᠦ᠂ ᠬᠦᠭᠵᠢᠯᠳᠡ ᠶᠢᠨ ᠲᠤᠳᠠᠭᠤᠳᠠᠯ ᠢ ᠨᠦᠬᠦᠪᠤᠷᠢᠯᠠᠬᠦ᠂ ᠪᠠᠳᠤᠯᠠᠭ᠎ᠠ ᠶᠢᠨ ᠴᠢᠳᠠᠪᠤᠷᠢ ᠶᠢ ᠨᠡᠮᠡᠭᠳᠡᠬᠦᠯᠵᠦ ᠴᠢᠳᠠᠬᠤ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠲᠠᠳᠠᠨ ᠤᠷᠤᠭᠤᠯᠤᠨ᠎ᠠ᠃ ᠲᠠᠯᠠᠢ ᠲᠠᠭᠠᠤ ᠭᠠᠵᠡᠷ ᠤᠷᠤᠨ ᠤ ᠲᠠᠷᠢᠬᠦᠨ ᠤ ᠠᠵᠦ ᠦᠢᠯᠡᠰ ᠤᠨ ᠦᠬᠡᠷᠡᠴᠢᠯᠠᠯᠳᠠ ᠲᠠᠢ ᠢᠳᠡᠪᠬᠢᠳᠡᠢ ᠵᠤᠯᠭᠠᠭᠤᠯᠵᠦ᠂ ᠲᠤᠮᠤ ᠲᠤᠭ᠎ᠠ ᠪᠡᠷᠢᠮᠳᠡ᠂ ᠲᠤᠨᠤᠭᠯᠠᠯ ᠦᠢᠯᠡᠳᠬᠦ᠂ ᠵᠤᠭᠠᠴᠠᠯ ᠪᠡ ᠨᠠᠰᠤᠵᠢᠯ ᠤᠨ ᠠᠰᠠᠷᠠᠮᠵᠢ᠂ ᠠᠷᠠᠯᠵᠢᠶ᠎ᠠ ᠬᠤᠳᠠᠯᠳᠤᠭ᠎ᠠ ᠪᠡ ᠪᠤᠳᠠᠰ ᠤᠨ ᠬᠦᠢᠯᠬᠡᠬᠡ ᠵᠡᠷᠭᠡ ᠬᠦᠷᠢᠶ᠎ᠠ ᠭᠡᠪᠴᠢᠶᠠᠨ ᠳᠤ ᠭᠤᠤᠯᠳᠠᠯᠭ᠎ᠠ ᠲᠠᠢ ᠠᠮᠵᠢᠯᠳᠠ ᠭᠠᠷᠭᠠᠨ᠎ᠠ᠃ ᠤᠯᠤᠰ ᠤᠨ ︽ᠨᠢᠬᠡ ᠪᠦᠰᠠ ᠨᠢᠬᠡ ᠵᠡᠮ︾᠂ ᠪᠡᠭᠡᠵᠢᠩ ᠲᠢᠶᠠᠨᠵᠢᠨ ᠡᠾᠧᠪᠸᠢ ᠶᠢᠨ ᠬᠠᠮᠳᠤᠷᠠᠯᠴᠠᠭᠰᠠᠨ ᠬᠦᠭᠵᠢᠯᠳᠡ ᠵᠡᠷᠭᠡ ᠴᠢᠬᠤᠯᠠ ᠶᠡᠭᠡ ᠠᠵᠠ ᠲᠤᠬᠢᠶᠠᠯ ᠢ ᠠᠳᠬᠤᠵᠦ᠂ ᠨᠤᠤᠰᠤᠨ ᠨᠡᠭᠡᠮᠡᠯ᠂ ᠰᠢᠯᠢᠳᠡᠭ ᠡᠬᠦᠯᠳᠡᠷ ᠤᠨ ᠢᠳᠡᠰᠢᠨ ᠤ ᠦᠬᠡᠷ ᠢ ᠲᠡᠵᠢᠬᠡᠨ ᠮᠠᠯᠵᠢᠵᠦ ᠠᠰᠢᠭ ᠰᠢᠮ᠎ᠡ ᠶᠢ ᠨᠢ ᠨᠠᠷᠢᠯᠢᠭ ᠪᠤᠯᠪᠠᠰᠤᠷᠠᠭᠤᠯᠬᠤ ᠪᠠ ᠤᠷᠤᠨ ᠲᠤᠭᠤᠷᠢᠭ ᠤᠨ ᠵᠢᠭᠤᠯᠴᠢᠯᠠᠯ ᠵᠡᠷᠭᠡ ᠲᠤᠰᠬᠠᠢ ᠲᠦᠷᠦᠯ ᠤᠨ ᠠᠷᠠᠯᠵᠢᠶᠠᠴᠢᠨ ᠤᠷᠢᠬᠤ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠵᠦ᠂ ᠤᠨᠴᠠᠯᠢᠭᠳᠤ ᠠᠵᠦ ᠦᠢᠯᠡᠰ ᠤᠨ ᠰᠢᠨ᠎ᠡ ᠲᠡᠪᠠᠭᠤᠯᠢᠭ ᠢ ᠢᠳᠡᠪᠬᠢᠳᠡᠢ ᠡᠬᠦᠳᠤᠨ᠎ᠡ᠃ ᠲᠦᠷᠦ ᠶᠢᠨ ᠪᠤᠳᠤᠯᠭ᠎ᠠ ᠪᠠᠷ ᠠᠷᠠᠯᠵᠢᠶᠠᠴᠢᠨ ᠤᠷᠢᠬᠤ ᠶᠢ ᠴᠢᠩᠭᠠᠳᠬᠠᠨ᠎ᠠ᠃ ᠨᠠᠶᠢᠳᠠ ᠎ ᠶᠢᠨ ᠪᠤᠰᠤ ᠦᠮᠴᠢᠯᠠᠯᠳᠤ ᠠᠵᠦ ᠠᠬᠤᠢ ᠶᠢᠨ ᠬᠦᠭᠵᠢᠯᠳᠡ ᠶᠢ ᠵᠤᠷᠢᠭᠵᠢᠭᠤᠯᠤᠨ ᠲᠡᠮᠵᠢᠬᠦ ᠲᠦᠷᠦ ᠶᠢᠨ ᠪᠤᠳᠤᠯᠭ᠎ᠠ ᠠᠷᠭ᠎ᠠ ᠪᠡᠷᠢᠯ ᠢ ᠢᠳᠡᠪᠬᠢᠳᠡᠢ ᠨᠠᠶᠢᠳᠠᠪᠤᠷᠢᠵᠢᠭᠤᠯᠤᠨ᠂ ᠵᠠᠬ᠎ᠠ ᠲᠡᠯᠬᠡᠬᠦᠷ ᠲᠤ ᠭᠠᠷᠬᠤ ᠵᠦᠪᠰᠢᠶᠡᠷᠠᠯ ᠤᠨ ᠨᠦᠬᠦᠴᠠᠯ ᠢ ᠴᠢᠯᠦᠬᠡᠳᠡᠢ ᠪᠠᠶᠢᠯᠭᠠᠵᠦ᠂ ᠨᠠᠶᠢᠳᠠ ᠶᠢᠨ ᠪᠤᠰᠤ ᠦᠮᠴᠢᠯᠠᠯᠳᠤ ᠠᠵᠦ ᠠᠬᠤᠢ ᠶᠢᠨ ᠬᠦᠭᠵᠢᠯᠳᠡ ᠶᠢ ᠲᠦᠷᠭᠡᠳᠭᠡᠵᠦ᠂ ᠬᠠᠷᠢᠴᠠᠯ ᠢ ᠨᠡᠮᠡᠭᠳᠡᠬᠦᠯᠵᠦ᠂ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠰᠦᠨᠢᠳ ᠬᠤᠳᠠᠯᠳᠤᠭᠠᠴᠢᠳ ᠤᠨ ᠡᠪᠯᠡᠯ᠂ ᠠᠵᠦ ᠠᠬᠤᠶᠢᠯᠠᠯᠳᠠᠨ ᠪᠠ ᠪᠤᠰᠤᠳ ᠬᠤᠳᠠᠯᠳᠤᠭᠠᠴᠢᠳ ᠤᠨ ᠡᠪᠯᠡᠯ ᠤᠨ ᠬᠦᠬᠦᠷᠭᠡ ᠬᠤᠯᠪᠤᠭᠠᠰᠤ ᠶᠢᠨ ᠦᠢᠯᠡᠳᠤᠯ ᠢ ᠬᠦᠢᠴᠠᠳ ᠪᠠᠳᠠᠷᠠᠭᠤᠯᠵᠦ᠂ ᠰᠦᠨᠢᠳ ᠪᠠᠷᠠᠭᠤᠨ ᠬᠤᠰᠢᠭᠤ ᠪᠠᠨ ᠪᠦᠬᠦ ᠲᠠᠯ᠎ᠠ ᠪᠠᠷ ᠤᠬᠠᠭᠤᠯᠤᠨ ᠲᠠᠨᠢᠯᠴᠠᠭᠤᠯᠵᠦ᠂ ᠠᠷᠠᠯᠵᠢᠶᠠᠴᠢᠨ ᠤᠷᠢᠬᠤ ᠪᠦᠳᠤᠮᠵᠢ ᠶᠢ ᠲᠡᠭᠡᠭᠰᠢᠯᠡᠬᠦᠯᠦᠨ᠎ᠡ᠃ ᠤᠯᠤᠰ ᠤᠨ ᠲᠦᠷᠦ ᠶᠢᠨ ᠪᠤᠳᠤᠯᠭ᠎ᠠ ᠶᠢᠨ ᠬᠠᠨᠳᠤᠰᠢ ᠎ ᠳᠤ ᠴᠢᠭᠯᠡᠬᠦᠯᠵᠦ᠂ ᠭᠤᠤᠯᠳᠠᠯᠭ᠎ᠠ ᠲᠠᠢ ᠲᠦᠷᠦᠯ ᠵᠦᠢᠯ ᠤᠨ ᠭᠤᠷᠪᠡᠨ ᠵᠢᠯ ᠤᠨ ᠦᠷᠬᠦᠯᠵᠢᠯᠡᠭᠰᠡᠨ ᠲᠦᠯᠦᠪᠯᠡᠭᠡ ᠶᠢ ᠨᠠᠶᠢᠷᠠᠭᠤᠯᠵᠦ᠂ ᠨᠡᠩ ᠤᠯᠠᠨ ᠲᠦᠷᠦᠯ ᠵᠦᠢᠯ ᠢ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠳᠤ ᠤᠷᠤᠭᠤᠯᠵᠦ᠂ ᠲᠦᠷᠦᠯ ᠵᠦᠢᠯ ᠤᠨ ᠡᠮᠤᠨ᠎ᠡ ᠬᠤᠶᠢᠨᠠᠬᠢ ᠠᠵᠢᠯ ᠢ ᠵᠤᠯᠭᠠᠭᠤᠯᠵᠦ᠂ ᠱᠠᠳᠤ ᠱᠠᠳᠤ ᠪᠠᠷ ᠠᠬᠢᠭᠤᠯᠤᠨ᠎ᠠ᠃ ᠤᠷᠴᠢᠨ ᠲᠤᠭᠤᠷᠢᠨ ᠢᠶᠠᠷ ᠠᠷᠠᠯᠵᠢᠶᠠᠴᠢᠨ ᠤᠷᠢᠬᠤ ᠶᠢ ᠴᠢᠩᠭᠠᠳᠬᠠᠨ᠎ᠠ᠃ ᠪᠡᠯᠡ ᠤᠷᠤᠭᠤᠯᠤᠯᠳᠠ ᠎ ᠶᠢᠨ ᠤᠷᠴᠢᠨ ᠲᠤᠭᠤᠷᠢᠨ᠂ ᠦᠢᠯᠡᠰ ᠪᠤᠰᠬᠠᠯᠳᠠ ᠶᠢᠨ ᠤᠷᠴᠢᠨ ᠲᠤᠭᠤᠷᠢᠨ᠂ ᠰᠢᠨ᠎ᠡ ᠶᠢ ᠡᠬᠦᠳᠬᠦ ᠤᠷᠴᠢᠨ ᠲᠤᠭᠤᠷᠢᠨ ᠢ ᠤᠯᠠᠮ ᠨᠢᠬᠡ ᠠᠯᠬᠤᠮ ᠰᠠᠶᠢᠵᠢᠷᠠᠭᠤᠯᠵᠦ᠂ ᠤᠬᠢ ᠰᠠᠶᠢᠨ ᠦᠢᠯᠡᠴᠢᠯᠡᠬᠡᠨ ᠤ ᠵᠤᠬᠢᠴᠠᠮᠵᠢ ᠶᠢ ᠪᠦᠷᠢᠨᠰᠢᠬᠦᠯᠵᠦ᠂ ︽ᠠᠷᠠᠯᠵᠢᠶᠠᠴᠢᠳ ᠢ ᠬᠦᠨᠳᠤᠳᠭᠡᠨ᠂ ᠲᠤᠳᠤᠨᠤ ᠨᠦᠬᠦᠷᠰᠡᠭ ᠢᠶᠠᠷ ᠬᠦᠯᠢᠶᠠᠨ ᠠᠪᠴᠦ᠂ ᠰᠡᠳᠬᠢᠯ ᠎ ᠢ ᠨᠢ ᠲᠡᠳᠡᠨ ᠲᠤᠭᠳᠠᠭᠠᠵᠦ᠂ ᠠᠷᠠᠯᠵᠢᠶ᠎ᠠ ᠨᠢ ᠤᠷᠤᠭᠰᠢᠳᠠᠢ ᠪᠤᠯᠵᠦ ᠪᠠᠶᠠᠵᠢᠬᠤ︾ ᠰᠢᠯᠢᠳᠡᠭ ᠰᠠᠶᠢᠨ ᠤᠷᠴᠢᠨ ᠢ ᠴᠢᠷᠮᠡᠶᠢᠨ ᠡᠬᠦᠳᠤᠨ᠎ᠡ᠃     ᠲᠦᠷᠪᠡ ᠳᠤ ᠪᠡᠯᠡ ᠤᠷᠤᠭᠤᠯᠬᠤ ᠪᠠ ᠪᠡᠯᠡ ᠨᠡᠶᠢᠯᠡᠬᠦᠯᠬᠦ ᠠᠷᠭ᠎ᠠ ᠬᠡᠯᠪᠡᠷᠢ ᠪᠠᠨ ᠰᠢᠨᠡᠳᠬᠡᠨ᠎ᠡ᠃ ᠠᠵᠦ ᠠᠬᠤᠶᠢᠯᠠᠯ ᠤᠨ ᠬᠦᠷᠦᠩᠭᠡ ᠶᠢᠨ ᠵᠠᠬ᠎ᠠ ᠲᠡᠯᠬᠡᠬᠦᠷ ᠲᠤ ᠤᠷᠤᠵᠦ ᠪᠡᠯᠡ ᠨᠡᠶᠢᠯᠡᠬᠦᠯᠬᠦ ᠶᠢ ᠨᠢ ᠵᠤᠷᠢᠭᠵᠢᠭᠤᠯᠤᠨ ᠲᠡᠮᠵᠢᠵᠦ᠂ ᠵᠠᠰᠠᠭ ᠤᠨ ᠤᠷᠳᠤᠨ ᠳᠤ ᠬᠠᠷᠢᠶᠠᠯᠠᠭᠳᠠᠬᠤ ᠪᠦᠬᠦᠶᠢᠯᠡ ᠤᠯᠤᠰ ᠤᠨ ᠦᠮᠴᠢᠯᠠᠯᠳᠤ ᠺᠤᠮᠫᠠᠨᠢ ᠪᠤᠯᠤᠨ ᠨᠡᠶᠢᠬᠡᠮ ᠤᠨ ᠬᠦᠷᠦᠩᠭᠡ ᠶᠢᠨ ᠬᠠᠮᠳᠤᠷᠠᠯᠴᠠᠭ᠎ᠠ ᠪᠠᠷ ᠲᠠᠮᠵᠢᠨ᠂ PPP ᠭᠡᠯᠪᠡᠷᠢ᠂ ᠬᠦᠷᠦᠩᠭᠡ ᠲᠦᠷᠢᠶᠡᠰᠦᠯᠡᠬᠦᠯᠬᠦ᠂ ᠠᠵᠦ ᠤᠶᠢᠯᠡᠰ ᠤᠨ ᠰᠠᠭᠤᠷᠢ ᠮᠥᠩᠬᠦ᠂ ᠬᠤᠳᠠ ᠶᠢᠨ ᠪᠦᠳᠤᠭᠡᠨ ᠪᠠᠶᠢᠭᠤᠯᠤᠯᠳᠠ ᠶᠢᠨ ᠪᠡᠯᠡ ᠮᠦᠩᠬᠦ ᠵᠡᠷᠭᠡ ᠠᠷᠭ᠎ᠠ ᠭᠡᠯᠪᠡᠷᠢ ᠪᠠᠷ᠂ ᠪᠡᠯᠡ ᠨᠡᠶᠢᠯᠡᠬᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠦᠷᠭᠡᠳᠭᠡᠨ᠎ᠡ᠃ ᠤᠯᠤᠰ ᠠᠴᠠ ᠭᠤᠤᠯᠳᠠᠯᠭ᠎ᠠ ᠲᠠᠢ ᠶᠠᠳᠠᠭᠤ ᠶᠢ ᠲᠡᠳᠬᠦᠨ ᠨᠡᠭᠡᠭᠡᠨ ᠬᠦᠭᠵᠢᠬᠦᠯᠬᠦ ᠭᠤᠤᠯ ᠪᠤᠯᠬᠤ ᠬᠤᠰᠢᠭᠤ ᠰᠢᠶᠠᠨ ᠤ IPO ᠠᠰᠢᠭᠳᠠᠢ ᠨᠥᠬᠦᠴᠡᠯ ᠢᠶᠠᠨ ᠭᠦᠢᠴᠡᠳ ᠠᠰᠢᠭᠯᠠᠵᠦ᠂ ᠨᠡᠩ ᠤᠯᠠᠨ ᠰᠲ᠋ᠤᠺ ᠤᠨ ᠵᠠᠬ᠎ᠠ ᠳᠤ ᠭᠠᠷᠬᠤ ᠪᠠᠷ ᠪᠠᠶᠢᠭ᠎ᠠ ᠠᠵᠦ ᠠᠬᠤᠶᠢᠯᠠᠯ ᠢ ᠲᠡᠳᠡᠵᠦ ᠮᠡᠨ ᠤ ᠬᠤᠰᠢᠭᠤᠨ ᠳᠤ ᠲᠠᠩᠰᠠᠯᠠᠭᠤᠯᠤᠯᠳᠠ ᠬᠢᠯᠬᠡᠵᠦ᠂ ᠵᠢᠯ ᠤᠨ ᠲᠤᠳᠤᠷ᠎ᠡ ᠼᠣᠣ ᠶᠤᠸᠠᠨ ᠮᠦ ᠳ᠋ᠦ᠋ ᠺᠤᠮᠫᠠᠨᠢ ᠶᠢᠨ ᠰᠲ᠋ᠤᠺ ᠤᠨ ᠵᠠᠬ᠎ᠠ ᠳᠤ ᠤᠷᠤᠬᠤ ᠠᠵᠢᠯ ᠢ ᠭᠤᠤᠯᠳᠠᠯᠭ᠎ᠠ ᠲᠠᠢ ᠠᠬᠢᠭᠤᠯᠵᠦ᠂ ᠲᠡᠬᠦᠨ ᠤ ᠬᠤᠪᠢᠶᠠᠷᠢ ᠺᠤᠮᠫᠠᠨᠢ ᠶᠢᠨ ᠬᠤᠪᠢᠴᠠᠭᠠᠨ ᠤ ᠡᠷᠬᠡ ᠶᠢ ᠮᠠᠨ ᠤ ᠬᠤᠰᠢᠭᠤᠨ ᠳᠠᠭᠠᠨ ᠦᠮᠴᠢᠯᠡᠨ᠎ᠡ᠃ ᠶᠠᠩ ᠶᠠᠩ ᠮᠠᠯᠵᠢᠬᠤ ᠦᠢᠯᠡᠰ ᠤᠨ ᠺᠤᠮᠫᠠᠨᠢ ᠶᠢᠨ ᠬᠤᠪᠢᠴᠠᠭᠠᠨ ᠤ ᠡᠷᠬᠡ ᠶᠢᠨ ᠰᠤᠯᠢᠯᠴᠠᠭ᠎ᠠ ᠨᠢ ᠲᠡᠭᠡᠲᠦ ᠬᠠᠭᠠᠰ ᠵᠢᠯ ᠳᠤ ᠠᠵᠢᠯ ᠢᠶᠠᠨ ᠡᠬᠢᠯᠡᠬᠦᠯᠬᠦ ᠶᠢ ᠪᠠᠳᠤᠯᠠᠨ᠎ᠠ᠃ ᠵᠢᠶᠠ ᠯᠢ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢᠨ ᠺᠤᠮᠫᠠᠨᠢ᠂ ᠶᠢᠨ ᠵᠣᠣ ᠢᠳᠡᠭᠡᠨ ᠤ ᠤᠶᠢᠯᠡᠰ ᠤᠨ ᠺᠤᠮᠫᠠᠨᠢ ᠶᠢᠨ ᠰᠲ᠋ᠤᠺ ᠤᠨ ᠰᠤᠯᠢᠯᠴᠠᠭᠠᠨ ᠳᠤ ᠤᠷᠤᠯᠴᠠᠬᠤ ᠦᠨᠳᠦᠰᠦᠨ ᠠᠵᠢᠯ ᠢ ᠢᠳᠡᠪᠬᠢᠲᠠᠢ ᠬᠢᠨ᠎ᠡ᠃ ᠮᠥᠩᠬᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠳᠤᠷᠠᠯᠴᠠᠬᠤ ᠪᠡ ᠠᠵᠢᠯ ᠵᠤᠯᠭᠠᠭᠤᠯᠬᠤ ᠬᠦᠴᠦᠯᠠᠴᠠ ᠪᠠᠨ ᠴᠢᠩᠭᠠᠳᠬᠠᠵᠦ᠂ ᠮᠠᠨ ᠤ ᠬᠤᠰᠢᠭᠤᠨ ᠤ ᠮᠥᠩᠬᠦᠨ ᠭᠦᠢᠯᠭᠡᠭᠡᠨ ᠤ ᠰᠠᠯᠠᠭ᠎ᠠ ᠮᠦᠴᠢᠷ ᠤᠨ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ ᠳᠤ ᠬᠢᠨᠠᠯᠳᠠ ᠲᠠᠯᠪᠢᠵᠦ᠂ ᠤᠷᠤᠨ ᠨᠤᠳᠤᠭ ᠤᠨ ᠠᠵᠦ ᠠᠬᠤᠢ ᠶᠢ ᠬᠦᠴᠦᠳᠡᠢ ᠲᠡᠮᠵᠢᠵᠦ᠂ ᠵᠢᠯ ᠤᠨ ᠲᠤᠳᠤᠷ᠎ᠡ 1 ᠬᠠᠮᠳᠤᠷᠠᠨ ᠠᠵᠢᠯᠯᠠᠬᠤ ᠪᠠᠩᠬᠢ ᠶᠢ ᠮᠡᠨ ᠤ ᠬᠤᠰᠢᠭᠤᠨ ᠳᠤ ᠤᠷᠤᠭᠤᠯᠬᠤ ᠪᠠᠷ ᠴᠢᠷᠮᠡᠶᠢᠵᠦ᠂ ᠤᠷᠤᠨ ᠨᠤᠳᠤᠭ ᠤᠨ ᠮᠦᠩᠬᠦᠨ ᠬᠦᠢᠯᠬᠡᠬᠡ ᠶᠢ ᠬᠦᠭᠵᠢᠬᠦᠯᠦᠨ ᠪᠤᠵᠠᠭᠠᠶᠢᠷᠠᠭᠤᠯᠤᠨ᠎ᠠ᠃ ᠹᠦ᠋ ᠡᠾᠦ᠋ᠢ ᠰᠦᠯᠵᠢᠶᠠᠨ ᠮᠦᠩᠬᠦᠨ ᠬᠦᠢᠯᠬᠡᠬᠡ ᠶᠢ ᠢᠳᠡᠪᠬᠢᠳᠡᠢ ᠰᠦᠪᠡᠭᠴᠢᠯᠠᠨ ᠬᠦᠭᠵᠢᠬᠦᠯᠵᠦ᠂ ᠵᠦᠩ ᠾᠧ ᠬᠦᠳᠡᠭᠡ ᠲᠤᠰᠬᠤᠨ ᠤ ᠢᠳᠡᠭᠡᠮᠵᠢ ᠶᠢᠨ ᠪᠠᠭ᠎ᠠ ᠲᠤᠭᠠᠨ ᠤ ᠵᠢᠬᠡᠯᠡᠯᠭᠡ ᠶᠢᠨ ᠺᠤᠮᠫᠠᠨᠢ ᠎ ᠶᠢᠨ ᠨᠠᠶᠢᠳᠠ ᠶᠢᠨ ᠠᠰᠠᠷᠠᠮᠵᠢ ᠶᠢᠨ ᠲᠦᠷᠦᠯ ᠵᠦᠢᠯ ᠢ ᠶᠡᠭᠡᠪᠡᠷ ᠲᠡᠮᠵᠢᠵᠦ᠂ ᠪᠠᠭ᠎ᠠ ᠵᠢᠵᠢᠭ ᠠᠵᠦ ᠠᠬᠤᠶᠢᠯᠠᠯ ᠤᠨ ᠵᠢᠬᠡᠯᠡᠯᠬᠡ ᠠᠪᠬᠤ ᠳᠤ ᠬᠦᠴᠢᠷ᠂ ᠮᠠᠯᠵᠢᠬᠤ ᠲᠠᠷᠢᠶᠠᠯᠠᠬᠤ ᠤᠷᠤᠨ ᠤ ᠦᠨᠳᠤᠷ ᠬᠦᠦ ᠲᠠᠢ ᠵᠢᠭᠡᠯᠡᠯᠬᠡ ᠵᠡᠷᠭᠡ ᠠᠰᠠᠭᠤᠳᠠᠯ ᠢ ᠴᠢᠷᠮᠡᠶᠢᠨ ᠰᠢᠢᠳᠪᠤᠷᠢᠯᠠᠨ᠎ᠡ᠃ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶᠠᠨ ᠤ ᠪᠠᠶᠢᠭᠤᠯᠤᠯ ᠎ ᠤᠨ ᠦᠬᠡᠷᠡᠴᠢᠯᠠᠯᠳᠠ ᠶᠢᠨ ᠠᠯᠬᠤᠴᠠ ᠶᠢ ᠲᠦᠷᠭᠡᠳᠭᠡᠵᠦ᠂ ᠤᠷᠤᠨ ᠨᠤᠳᠤᠭ ᠤᠨ ᠠᠵᠦ ᠠᠬᠤᠢ ᠳᠤ ᠦᠢᠯᠡᠴᠢᠯᠠᠬᠦ ᠬᠢᠷᠢ ᠲᠦᠪᠰᠢᠨ ᠪᠠ ᠴᠢᠳᠠᠪᠤᠷᠢ ᠶᠢ ᠤᠯᠠᠮ ᠨᠢᠬᠡ ᠠᠯᠬᠤᠮ ᠲᠡᠭᠡᠭᠰᠢᠯᠡᠬᠦᠯᠦᠨ᠎ᠡ᠃     ︵ᠬᠤᠶᠠᠷ︶ ᠪᠦᠳᠤᠴᠠ ᠶᠢ ᠲᠤᠬᠢᠷᠠᠭᠤᠯᠵᠦ᠂ ᠠᠷᠭ᠎ᠠ ᠬᠡᠯᠪᠡᠷᠢ ᠶᠢ ᠬᠤᠪᠢᠷᠠᠭᠤᠯᠤᠨ᠂ ᠮᠠᠯ ᠠᠵᠦ ᠠᠬᠤᠢ ᠶᠢᠨ ᠬᠠᠩᠭᠠᠯᠭ᠎ᠠ ᠶᠢᠨ ᠲᠠᠯ᠎ᠠ ᠳᠠᠬᠢ ᠪᠦᠳᠤᠴᠠ ᠶᠢᠨ ᠴᠢᠨᠡᠷᠳᠡᠢ ᠦᠬᠡᠷᠡᠴᠢᠯᠠᠯᠳᠠ ᠶᠢ ᠠᠬᠢᠭᠤᠯᠤᠨ᠎ᠠ᠃     ᠨᠢᠭᠡ ᠳᠤ ᠮᠠᠯ ᠠᠵᠦ ᠠᠬᠤᠢ ᠶᠢᠨ ᠪᠦᠳᠤᠴᠠ ᠶᠢ ᠢᠳᠡᠪᠬᠢᠳᠡᠢ ᠲᠤᠬᠢᠷᠠᠭᠤᠯᠤᠨ᠎ᠠ᠃ ︽ᠬᠤᠨᠢ ᠶᠢ ᠴᠦᠭᠡᠳᠬᠡᠨ ᠦᠬᠡᠷ ᠥᠰᠬᠡᠬᠦ︾ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠵᠦ᠂ ᠮᠠᠯᠴᠢᠨ ᠲᠠᠷᠢᠶᠠᠴᠢᠳ ᠎ ᠤᠨ ᠰᠢᠯᠢᠳᠡᠭ ᠡᠭᠦᠯᠳᠡᠷ ᠤᠨ ᠢᠳᠡᠰᠢᠨ ᠤ ᠦᠬᠡᠷ ᠮᠠᠯᠵᠢᠬᠤ ᠤᠶᠢᠯᠡᠰ ᠢ ᠬᠦᠭᠵᠢᠬᠦᠯᠬᠦ ᠶᠢ ᠵᠤᠷᠢᠭᠵᠢᠭᠤᠯᠤᠨ᠎ᠠ᠃ ︽ᠠᠵᠦ ᠠᠬᠤᠶᠢᠯᠠᠯ + ᠮᠠᠯᠵᠢᠬᠤ ᠲᠠᠷᠢᠶᠠᠯᠠᠬᠤ ᠡᠷᠦᠬᠡ︾ ᠪᠤᠯᠤᠨ ︽ᠬᠤᠷᠰᠢᠶᠠᠵᠢᠯ + ᠮᠠᠯᠵᠢᠬᠤ ᠲᠠᠷᠢᠶᠠᠯᠠᠬᠤ ᠡᠷᠦᠬᠡ︾᠎ ᠶᠢᠨ ᠭᠡᠯᠪᠡᠷᠢ ᠶᠢ ᠲᠦᠷᠭᠡᠨ ᠬᠦᠭᠵᠢᠬᠦᠯᠵᠦ᠂ ᠵᠢᠯ ᠤᠨ ᠳᠤᠳᠤᠷ᠎ᠠ 2000᠎ ᠠᠴᠠ ᠲᠡᠭᠡᠭᠰᠢ ᠢᠳᠡᠰᠢᠨ ᠤ ᠦᠬᠡᠷ ᠲᠡᠵᠢᠭᠡᠨ ᠮᠠᠯᠵᠢᠬᠤ ᠠᠵᠦ ᠠᠬᠤᠶᠢᠯᠠᠯ 1᠂ 300᠎ ᠠᠴᠠ ᠲᠡᠭᠡᠭᠰᠢ ᠰᠢᠯᠢᠳᠡᠭ ᠡᠭᠦᠯᠳᠡᠷ ᠤᠨ ᠢᠳᠡᠰᠢᠨ ᠤ ᠦᠬᠡᠷ ᠲᠡᠵᠢᠭᠡᠨ ᠮᠠᠯᠵᠢᠬᠤ ᠲᠤᠰᠬᠠᠢ ᠬᠤᠷᠰᠢᠶᠠᠵᠢᠯ 3᠂ 50᠎ ᠠᠴᠠ ᠲᠡᠭᠡᠭᠰᠢ ᠢᠳᠡᠰᠢᠨ ᠤ ᠦᠬᠡᠷ ᠲᠠᠵᠢᠬᠡᠨ ᠮᠠᠯᠵᠢᠬᠤ ᠭᠡᠷ ᠪᠥᠯᠢ ᠶᠢᠨ ᠮᠠᠯᠵᠢᠯ ᠤᠨ ᠲᠠᠯᠠᠪᠠᠢ 100᠎ ᠶᠢ ᠪᠠᠶᠢᠭᠤᠯᠵᠦ᠂ 8000᠎ ᠠᠴᠠ ᠲᠡᠭᠡᠭᠰᠢ ᠴᠡᠪᠡᠷ ᠡᠬᠦᠯᠳᠡᠷ ᠤᠨ ᠠᠩᠭᠧᠰ ᠦᠬᠡᠷ ᠪᠠ ᠰᠢᠮᠧᠨ᠋ᠲᠷ ᠦᠬᠡᠷ ᠤᠷᠤᠭᠤᠯᠵᠦ᠂ ᠮᠠᠯᠵᠢᠯ ᠤᠨ ᠤᠨ ᠤ ᠢᠳᠡᠰᠢᠨ ᠤ ᠦᠬᠡᠷ ᠎ ᠤᠨ ᠲᠤᠭ᠎ᠠ ᠶᠢ 6 ᠲᠦᠮᠡ ᠠᠴᠠ ᠲᠡᠭᠡᠭᠰᠢ ᠳᠤ ᠬᠦᠷᠭᠡᠨ᠎ᠡ᠃ ᠨᠦᠬᠦᠴᠠᠯ ᠰᠠᠶᠢᠳᠠᠢ ᠬᠤᠷᠰᠢᠶᠠᠵᠢᠯ᠂ ᠮᠠᠯᠵᠢᠯ ᠤᠨ ᠲᠤᠮᠤ ᠡᠷᠦᠬᠡ᠂ ᠲᠤᠰᠬᠠᠢ ᠡᠷᠦᠬᠡ᠂ ᠮᠠᠯᠵᠢᠬᠤ ᠳᠤ ᠬᠤᠯᠪᠤᠭᠳᠠᠭᠰᠠᠨ ᠠᠵᠦ ᠠᠬᠤᠶᠢᠯᠠᠯ ᠤᠳ ᠠᠳᠤᠭᠤ᠂ ᠲᠡᠮᠡᠭᠡ᠂ ᠡᠯᠵᠢᠬᠡᠨ ᠤ ᠦᠢᠯᠡᠰ ᠢ ᠶᠡᠭᠡᠪᠡᠷ ᠬᠦᠭᠵᠢᠬᠦᠯᠬᠦ ᠶᠢ ᠨᠢ ᠵᠤᠷᠢᠭᠵᠢᠭᠤᠯᠵᠦ᠂ ᠠᠵᠦ ᠦᠢᠯᠡᠰ ᠤᠨ ᠬᠡᠯᠬᠢᠶ᠎ᠠ ᠶᠢ ᠤᠷᠳᠤᠳᠬᠠᠨ᠂ ᠮᠠᠯᠵᠢᠯ ᠤᠨ ᠦᠷ᠎ᠡ ᠠᠰᠢᠭ ᠢ ᠲᠡᠭᠡᠭᠰᠢᠯᠡᠬᠦᠯᠵᠦ᠂ ᠮᠠᠯᠴᠢᠨ ᠲᠠᠷᠢᠶᠠᠴᠢᠳ ᠢ ᠲᠠᠶᠢᠴᠢᠯᠠᠨ ᠤᠷᠤᠯᠭ᠎ᠠ ᠎ ᠶᠢ ᠨᠢ ᠨᠡᠮᠡᠭᠳᠡᠬᠦᠯᠦᠨ᠎ᠡ᠃     ᠬᠤᠶᠠᠷ ᠲᠤ ᠦᠢᠯᠡᠳᠪᠤᠷᠢᠯᠠᠯ ᠡᠵᠡᠩᠨᠡᠯᠳᠡ ᠶᠢᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠤᠨ᠎ᠠ᠃ ᠰᠦᠨᠢᠳ ᠬᠤᠨᠢᠨ ᠤ ᠴᠡᠪᠡᠷ ᠡᠭᠦᠯᠳᠡᠷ ᠪᠤᠯᠤᠨ ᠶᠠᠰᠦ ᠴᠢᠨᠠᠷ ᠢ ᠲᠡᠭᠡᠭᠰᠢᠯᠡᠬᠦᠯᠬᠦ ᠶᠢ ᠦᠷᠬᠦᠯᠵᠢᠯᠡᠨ ᠰᠠᠶᠢᠳᠤᠷ ᠠᠳᠬᠤᠵᠦ᠂ ᠰᠦᠨᠢᠳ ᠬᠤᠨᠢᠨ ᠤ ᠠᠵᠦ ᠤᠶᠢᠯᠡᠰ ᠤᠨ ᠬᠦᠭᠵᠢᠯᠳᠡ ᠶᠢᠨ ᠲᠥᠯᠦᠪᠵᠢᠬᠦᠯᠭᠡ ᠶᠢ ᠲᠤᠭᠳᠠᠭᠠᠵᠦ᠂ ︽ᠰᠦᠨᠢᠳ ᠬᠤᠨᠢ︾ ᠮᠠᠯᠵᠢᠬᠤ ᠡᠵᠡᠩᠨᠡᠯᠳᠡ ᠶᠢᠨ ᠬᠢᠷᠢ ᠲᠥᠪᠰᠢᠨ ᠪᠤᠯᠤᠨ ᠠᠵᠦ ᠠᠬᠤᠢ ᠶᠢᠨ ᠦᠷ᠎ᠡ ᠠᠰᠢᠭ ᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠰᠦᠨᠢᠳ ᠬᠤᠨᠢᠨ ᠮᠢᠬᠠᠨ ᠤ ᠰᠢᠯᠢᠳᠡᠭ ᠶᠠᠰᠦ ᠴᠢᠨᠡᠷ ᠦᠨᠳᠤᠷ ᠦᠨ᠎ᠡ ᠬᠠᠩᠰᠢ ᠶᠢ ᠪᠠᠶᠠᠯᠡᠬᠦᠯᠦᠨ᠎ᠡ᠃ ᠰᠦᠨᠢᠳ ᠬᠤᠨᠢᠨ ᠤ ᠮᠥᠷᠳᠡᠯᠳᠡ ᠶᠢᠨ ᠰᠢᠰᠲ᠋ᠧᠮ ᠤᠨ ᠪᠠᠶᠢᠭᠤᠯᠤᠯᠳᠠ ᠶᠢᠨ ᠠᠵᠢᠯ ᠎ ᠢ ᠪᠦᠬᠦ ᠲᠠᠯ᠎ᠠ ᠪᠠᠷ ᠥᠷᠨᠢᠬᠦᠯᠵᠦ᠂ 10 ᠲᠦᠮᠡᠨ ᠰᠦᠨᠢᠳ ᠬᠤᠨᠢᠨ ᠳᠤ ᠮᠥᠷᠳᠡᠯᠳᠡ ᠶᠢᠨ ᠰᠢᠰᠲ᠋ᠧᠮ ᠤᠨ ᠲᠠᠩᠰᠠ ᠪᠠᠶᠢᠭᠤᠯᠬᠤ ᠡᠬᠦᠷᠭᠡ ᠶᠢ ᠪᠡᠶᠡᠯᠡᠬᠦᠯᠬᠦ ᠶᠢᠨ ᠬᠠᠮᠲᠦ᠂ ᠲᠤᠮᠤ ᠲᠤᠭ᠎ᠠ ᠪᠠᠷᠢᠮᠳᠠ ᠶᠢᠨ ᠠᠷᠭ᠎ᠠ ᠬᠡᠯᠪᠡᠷᠢ ᠪᠠᠷ ᠪᠦᠬᠦ ᠶᠠᠪᠤᠴᠠ ᠳᠤ ᠮᠥᠷᠳᠡᠯᠳᠡ ᠬᠢᠬᠦ ᠪᠤᠯᠤᠨ᠎ᠠ᠃ ᠡᠪᠤᠯ ᠤᠨ ᠬᠤᠷᠠᠭ᠎ᠠ ᠳᠤ ᠪᠤᠷᠳᠤᠭ᠎ᠠ ᠨᠥᠬᠦᠪᠦᠷᠢᠯᠡᠵᠦ ᠡᠷᠳᠡ ᠬᠤᠳᠠᠯᠳᠤᠬᠤ ᠠᠵᠢᠯ ᠢ ᠰᠠᠶᠢᠳᠤᠷ ᠬᠢᠵᠦ᠂ 10 ᠲᠦᠮᠡᠨ ᠡᠪᠤᠯ ᠤᠨ ᠬᠤᠷᠠᠭ᠎ᠠ ᠬᠤᠳᠠᠯᠳᠤᠨ᠎ᠠ᠃ ︽ᠢᠨᠲ᠋ᠧᠷᠨᠧᠲ ᠰᠦᠯᠵᠢᠶ᠎ᠠ +︾ ᠭᠡᠯᠪᠡᠷᠢ ᠶᠢ ᠠᠰᠢᠭᠯᠠᠵᠦ᠂ ᠪᠦᠬᠦ ᠤᠯᠤᠰ ᠤᠨ ᠡᠪᠡᠰᠤᠨ ᠤ ᠦᠢᠯᠡᠰ ᠤᠨ ᠠᠷᠠᠯᠵᠢᠶᠠᠨ ᠤ ᠲᠤᠮᠤ ᠲᠤᠭ᠎ᠠ ᠪᠡᠷᠢᠮᠳᠠ ᠶᠢᠨ ᠲᠠᠪᠴᠠᠩ ᠢ ᠢᠳᠡᠪᠬᠢᠳᠡᠢ ᠪᠠᠶᠢᠭᠤᠯᠵᠦ᠂ ᠡᠪᠡᠰᠤᠨ ᠤ ᠦᠢᠯᠡᠰ ᠤᠨ ᠬᠦᠭᠵᠢᠯᠳᠡ ᠶᠢ ᠲᠦᠷᠭᠡᠳᠭᠡᠵᠦ᠂ ᠦᠷᠭᠡᠨ ᠤᠯᠠᠨ ᠮᠠᠯᠴᠢᠨ ᠲᠠᠷᠢᠶᠠᠴᠢᠳ ᠪᠤᠯᠤᠨ ᠮᠠᠯᠵᠢᠯ ᠤᠨ ᠲᠠᠯᠠᠪᠠᠢ ᠳᠤ ᠨᠠᠩ ᠰᠠᠶᠢᠨ ᠦᠢᠯᠡᠴᠢᠯᠡᠭᠡ ᠬᠠᠩᠭᠠᠨ᠎ᠠ᠃     ᠭᠤᠷᠪᠡ ᠳᠤ ᠤᠯᠠᠨ ᠠᠷᠭ᠎ᠠ ᠵᠡᠮ ᠢᠶᠠᠷ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠦᠨ᠎ᠡ᠃ ᠮᠠᠯᠴᠢᠨ ᠲᠠᠷᠢᠶᠠᠴᠢᠳ ᠢ ᠬᠠᠷᠠᠭᠠᠯᠵᠠᠬᠤ ᠡᠯ᠎ᠡ ᠲᠦᠷᠦᠯ ᠤᠨ ᠨᠦᠬᠦᠪᠤᠷᠢ ᠶᠢᠨ ᠲᠦᠷᠦ ᠶᠢᠨ ᠪᠤᠳᠤᠯᠭ᠎ᠠ ᠶᠢ ᠲᠤᠤᠱᠳᠠᠢ ᠨᠠᠶᠢᠳᠠᠪᠤᠷᠢᠵᠢᠭᠤᠯᠵᠦ᠂ ᠮᠠᠯᠴᠢᠨ ᠲᠠᠷᠢᠶᠠᠴᠢᠳ ᠤᠨ ᠲᠦᠷᠦ ᠶᠢᠨ ᠪᠤᠳᠤᠯᠭ᠎ᠠ ᠶᠢᠨ ᠴᠢᠨᠡᠷᠳᠡᠢ ᠤᠷᠤᠯᠭ᠎ᠠ ᠶᠢ ᠨᠡᠮᠡᠭᠳᠡᠬᠦᠯᠦᠨ᠎ᠡ᠃ ᠠᠵᠢᠯ ᠮᠡᠷᠭᠡᠵᠢᠯ ᠤᠨ ᠪᠤᠯᠪᠠᠰᠤᠷᠠᠯ ᠢ ᠴᠢᠩᠭᠠᠳᠬᠠᠵᠦ᠂ ᠮᠠᠯᠴᠢᠨ ᠲᠠᠷᠢᠶᠠᠴᠢᠳ ᠲᠤ ᠠᠵᠢᠯ ᠤᠯᠭᠤᠵᠦ ᠤᠷᠤᠯᠭ᠎ᠠ ᠶᠢ ᠨᠢ ᠨᠡᠮᠡᠭᠳᠡᠬᠦᠯᠤᠨ᠎ᠡ᠃ ᠶᠠᠩ ᠶᠠᠩ ᠮᠠᠯᠵᠢᠬᠤ ᠦᠢᠯᠡᠰ᠂ ᠸᠧᠢ ᠰᠢᠨ ᠤᠯᠠᠭᠠᠨ ᠢᠳᠡᠭᠡᠨ ᠤ ᠦᠢᠯᠡᠰ ᠵᠡᠷᠭᠡ ᠲᠤᠯᠤᠭᠠᠶᠢᠯᠠᠭᠴᠢ ᠠᠵᠦ ᠠᠬᠤᠶᠢᠯᠠᠯ ᠤᠨ ᠵᠢᠱᠢᠶᠠᠴᠢ ᠲᠠᠭᠠᠭᠤᠯᠤᠭᠴᠢ ᠦᠢᠯᠡᠳᠤᠯ ᠢ ᠨᠢ ᠬᠦᠢᠴᠠᠳ ᠪᠠᠳᠠᠷᠠᠭᠤᠯᠵᠦ᠂ ᠮᠠᠯᠴᠢᠨ ᠲᠠᠷᠢᠶᠠᠴᠢᠳ ᠲᠠᠢ ᠨᠢᠭᠳᠠ ᠬᠤᠯᠪᠤᠭᠳᠠᠬᠤ ᠠᠰᠢᠭ ᠲᠤᠰᠠ ᠶᠢᠨ ᠬᠤᠯᠪᠤᠭᠠᠳᠤ ᠵᠤᠬᠢᠴᠠᠮᠵᠢ ᠎ ᠶᠢ ᠪᠠᠶᠢᠭᠤᠯᠤᠨ᠂ ᠠᠵᠦ ᠠᠬᠤᠶᠢᠯᠠᠯ ᠢ ᠬᠦᠭᠵᠢᠬᠦᠯᠬᠦ ᠪᠡ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠬᠤᠤᠰ ᠠᠮᠵᠢᠯᠳᠠ ᠶᠢ ᠪᠠᠶᠠᠯᠡᠬᠦᠯᠦᠨ᠎ᠡ᠃ ᠲᠤᠮᠳᠠ ᠵᠢᠵᠢᠭ ᠠᠵᠦ ᠠᠬᠤᠶᠢᠯᠠᠯ ᠤᠨ ᠦᠢᠯᠡᠴᠢᠯᠠᠬᠡᠨ ᠤ ᠲᠦᠪ᠂ ᠰᠦᠨᠢᠳ ᠨᠠᠷᠠᠳᠤ ᠰᠢᠯᠢᠳᠡᠭ ᠤᠨᠴᠠ ᠭᠠᠷᠤᠯᠳᠠ ᠶᠢᠨ ᠦᠵᠡᠬᠦᠯᠦᠯᠬᠡ ᠶᠢᠨ ᠲᠢᠩᠬᠢᠮ ᠪᠤᠯᠤᠨ ᠰᠦᠨᠢᠳ ᠲᠠᠬᠢ ᠵᠢᠩ ᠳ᠋ᠦᠩ ᠠᠷᠠᠯᠵᠢᠶ᠎ᠠ ᠶᠢᠨ ᠲᠠᠶᠢᠴᠢᠯᠠᠯᠳᠠ ᠶᠢᠨ ᠦᠢᠯᠡᠳᠤᠯ ᠢ ᠠᠰᠢᠭᠯᠠᠵᠦ᠂ ᠪᠦᠳᠤᠭᠡᠭᠳᠡᠬᠦᠨ ᠤ ᠪᠤᠷᠤᠯᠠᠭᠤᠯᠭ᠎ᠠ ᠶᠢᠨ ᠵᠡᠮ ᠢ ᠦᠷᠭᠡᠳᠭᠡᠨ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠢ ᠨᠡᠮᠡᠭᠳᠡᠬᠦᠯᠦᠨ᠎ᠡ᠃ ᠸᠧᠨᠵᠸᠤ᠂ ᠦᠪᠤᠷ ᠮᠤᠩᠭᠤᠯ ᠵᠡᠷᠭᠡ ᠬᠤᠳᠠᠯᠳᠤᠭᠠᠴᠢᠳ ᠤᠨ ᠡᠪᠯᠡᠯ ᠨᠢ ᠪᠦᠬᠦ ᠤᠯᠤᠰ ᠤᠨ ᠡᠯ᠎ᠡ ᠭᠠᠵᠡᠷ ᠲᠤ ᠰᠦᠨᠢᠳ ᠬᠤᠨᠢᠨ ᠮᠢᠬᠠᠨ ᠎ ᠤ ᠲᠠᠯᠬᠡᠬᠦᠷ ᠪᠠᠶᠢᠭᠤᠯᠬᠤ ᠶᠢ ᠲᠡᠮᠵᠢᠨ ᠵᠤᠷᠢᠭᠵᠢᠭᠤᠯᠵᠦ᠂ ᠭᠤᠸᠠᠩᠳᠦ᠋ᠩ ᠤᠨ ᠳ᠋ᠠ ᠯᠠᠩ᠂ ᠵᠧᠵᠢᠶᠠᠩ ᠤᠨ ᠫᠦ᠋ ᠶᠤᠸᠡᠨ ᠳᠠᠬᠢ ᠰᠦᠨᠢᠳ ᠨᠡᠷᠡᠳᠤ ᠰᠢᠯᠢᠳᠡᠭ ᠤᠨᠴᠠ ᠭᠠᠷᠤᠯᠳᠠ ᠶᠢᠨ ᠲᠠᠯᠬᠡᠬᠦᠷ ᠤᠨ ᠬᠦᠭᠵᠢᠯᠳᠡ ᠶᠢᠨ ᠦᠷ᠎ᠡ ᠪᠦᠳᠤᠭᠡᠯ ᠢ ᠪᠠᠬᠢᠵᠢᠬᠦᠯᠦᠨ ᠦᠷᠭᠡᠳᠭᠡᠵᠦ᠂ ᠭᠡᠷᠡᠭᠯᠡᠭᠴᠢᠳ ᠲᠤ ᠰᠢᠭᠤᠳ ᠪᠤᠷᠤᠯᠠᠭᠤᠯᠵᠦ᠂ ᠲᠡᠮ ᠤᠨ ᠶᠠᠪᠤᠴᠠ ᠶᠢ ᠴᠦᠬᠡᠳᠭᠡᠨ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠦᠨ᠎ᠡ᠃     ︵ᠭᠤᠷᠪᠡ︶ ᠲᠠᠪᠠᠭᠤᠯᠢᠭ ᠢᠶᠠᠨ ᠪᠠᠳᠠᠷᠠᠭᠤᠯᠤᠨ᠂ ᠠᠵᠦ ᠦᠢᠯᠡᠰ ᠢ ᠲᠦᠪᠯᠡᠷᠡᠬᠦᠯᠵᠦ᠂ ᠠᠵᠦ ᠦᠢᠯᠡᠳᠪᠤᠷᠢ ᠎ ᠶᠢᠨ ᠠᠵᠦ ᠠᠬᠤᠢ ᠶᠢᠨ ᠴᠢᠨᠡᠷ ᠴᠢᠨᠰᠠᠭ᠎ᠠ ᠪᠡ ᠦᠷ᠎ᠡ ᠠᠰᠢᠭ ᠢ ᠲᠡᠭᠡᠭᠰᠢᠯᠡᠬᠦᠯᠦᠨ᠎ᠡ᠃     ᠨᠢᠬᠡ ᠳᠤ ᠤᠯᠠᠮᠵᠢᠯᠠᠯᠳᠤ ᠲᠠᠪᠠᠭᠤᠯᠢᠭ ᠠᠵᠦ ᠦᠢᠯᠡᠰ ᠤᠨ ᠦᠬᠡᠷᠡᠴᠢᠯᠠᠯᠳᠠ ᠪᠡ ᠲᠠᠰ ᠲᠡᠪᠰᠢᠯᠳᠡ ᠶᠢ ᠰᠠᠶᠢᠳᠤᠷ ᠠᠳᠬᠤᠨ᠎ᠠ᠃ ᠲᠡᠮᠦᠷᠯᠢᠭ ᠪᠠ ᠲᠡᠮᠦᠷᠯᠢᠭ ᠪᠤᠰᠤ ᠶᠢ ᠰᠤᠩᠭᠤᠨ ᠬᠠᠶᠢᠯᠤᠭᠤᠯᠬᠤ᠂ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ ᠵᠡᠷᠭᠡ ᠭᠤᠤᠯᠳᠠᠯᠭ᠎ᠠ ᠲᠠᠢ ᠠᠵᠦ ᠤᠶᠢᠯᠠᠰ ᠤᠨ ᠦᠬᠡᠷᠡᠴᠢᠯᠠᠯᠳᠠ ᠪᠡ ᠲᠡᠰ ᠲᠡᠪᠰᠢᠯᠳᠡ ᠶᠢ ᠨᠠᠷᠢᠨ ᠬᠢᠨᠠᠮᠠᠭᠠᠢ ᠰᠠᠶᠢᠳᠤᠷ ᠠᠳᠬᠤᠵᠦ᠂ ᠠᠵᠦ ᠦᠢᠯᠡᠰ ᠤᠨ ᠬᠡᠯᠬᠢᠶ᠎ᠠ ᠶᠢ ᠤᠷᠳᠤᠳᠬᠠᠨ᠂ ᠬᠦᠭᠵᠢᠯᠳᠡ ᠶᠢᠨ ᠶᠠᠰᠤ ᠴᠢᠨᠡᠷ ᠪᠠ ᠦᠷ᠎ᠡ ᠠᠰᠢᠭ ᠢ ᠲᠡᠭᠡᠭᠰᠢᠯᠡᠬᠦᠯᠦᠨ᠎ᠡ᠃ ᠰᠢᠨ ᠮᠧᠩ ᠰᠢᠨ ᠮᠡᠲ᠋ᠧᠷᠢᠶᠠᠯ ᠤᠨ ᠺᠤᠮᠫᠠᠨᠢ ᠶᠢᠨ ᠭᠠᠳᠠᠭᠠᠳᠤ ᠤᠷᠤᠭᠤᠯᠤᠯᠳᠠ ᠭᠠᠷᠭᠠᠯᠳᠠ ᠶᠢᠨ ᠠᠭᠤᠷᠬᠠᠢ ᠶᠢᠨ ᠭᠠᠷᠤᠯᠳᠠ ᠶᠢ ᠪᠤᠯᠪᠠᠰᠤᠷᠠᠭᠤᠯᠬᠤ ᠠᠷᠠᠯᠵᠢᠶᠠᠨ ᠤ ᠲᠦᠷᠦᠯ ᠵᠦᠢᠯ ᠪᠤᠯᠤᠨ ᠬᠤᠸᠠ ᠰᠢᠩ ᠠᠵᠦ ᠦᠢᠯᠡᠰ ᠤᠨ ᠵᠢᠯ ᠳᠤ 10 ᠲᠦᠮᠡᠨ ᠲᠤᠨ ᠴᠠᠬᠢᠭᠤᠷ ᠮᠠᠩᠭᠠᠨ ᠤ ᠬᠠᠶᠢᠯᠤᠰᠢ ᠦᠢᠯᠡᠳᠪᠤᠷᠢᠯᠠᠬᠦ ᠲᠦᠷᠦᠯ ᠵᠦᠢᠯ ᠳᠤ ᠲᠦᠰᠢᠭᠯᠡᠨ᠂ ᠵᠢᠷᠦᠬᠡ ᠠᠵᠦ ᠦᠢᠯᠡᠳᠪᠤᠷᠢ ᠶᠢᠨ ᠲᠤᠭᠤᠷᠢᠭ ᠢ ᠪᠦᠬᠦ ᠠᠶᠢᠮᠠᠭ ᠤᠨ ᠭᠠᠳᠠᠭᠠᠳᠤ ᠤᠷᠤᠭᠤᠯᠤᠯᠳᠠ ᠭᠠᠷᠭᠠᠯᠳᠠ ᠶᠢᠨ ᠠᠭᠤᠷᠬᠠᠢ ᠶᠢᠨ ᠭᠠᠷᠤᠯᠳᠠ ᠶᠢ ᠪᠤᠯᠪᠠᠰᠤᠷᠠᠭᠤᠯᠬᠤ ᠠᠷᠠᠯᠵᠢᠶᠠᠨ ᠤ ᠡᠷᠬᠢᠯᠳᠡᠳᠤ ᠠᠵᠦ ᠠᠬᠤᠢ ᠶᠢᠨ ᠵᠢᠱᠢᠶ᠎ᠠ ᠦᠵᠡᠬᠦᠯᠬᠦ ᠲᠤᠭᠤᠷᠢᠭ ᠪᠤᠯᠭᠠᠨ ᠪᠠᠶᠢᠭᠤᠯᠬᠤ ᠪᠠᠷ ᠴᠢᠷᠮᠡᠶᠢᠨ᠎ᠡ᠃ ᠲᠢᠶᠠᠨ ᠪᠤᠤ ᠯᠢ ᠲᠡᠮᠤᠷ ᠤᠨ ᠠᠭᠤᠷᠬᠠᠢ ᠶᠢ ᠵᠢᠯ ᠤᠨ ᠲᠤᠳᠤᠷ᠎ᠡ ᠪᠦᠬᠦ ᠲᠠᠯ᠎ᠠ ᠪᠠᠷ ᠨᠢᠬᠡᠳᠭᠡᠵᠦ᠂ ᠶᠢᠨ ᠰᠢ ᠰᠢᠵᠢᠷ ᠠᠯᠳᠠᠨ ᠤ ᠺᠤᠮᠫᠠᠨᠢ ᠶᠢᠨ ᠦᠢᠯᠠᠳᠪᠤᠷᠢᠯᠠᠯ ᠢ ᠨᠢ ᠪᠠᠳᠤᠯᠠᠭᠰᠠᠨ ᠤᠷᠢᠳᠠᠯ ᠲᠤᠤᠷ᠎ᠡ᠂ ᠨᠦᠬᠡᠴᠠ ᠡᠬᠢ ᠪᠠᠶᠠᠯᠢᠭ ᠤᠨ ᠬᠠᠶᠢᠨ ᠰᠢᠨᠵᠢᠯᠳᠡ ᠶᠢ ᠴᠢᠩᠭᠠᠳᠬᠠᠵᠦ᠂ ᠠᠵᠦ ᠠᠬᠤᠶᠢᠯᠠᠯ ᠤᠨ ᠬᠦᠭᠵᠢᠯᠳᠡ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ 1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠨᠤᠤᠰᠤ ᠨᠤᠯᠤᠤᠷ ᠎ ᠤᠨ ᠨᠡᠭᠡᠮᠡᠯ ᠤᠨ ᠠᠵᠦ ᠦᠢᠯᠡᠰ ᠤᠨ ᠡᠷᠬᠢᠯᠳᠡᠳᠤ ᠠᠵᠦ ᠠᠬᠤᠢ ᠶᠢᠨ ᠲᠤᠭᠤᠷᠢᠭ ᠤᠨ ᠨᠤᠭᠤᠭᠠᠷᠠᠭᠤᠯᠤᠯᠳᠠ᠂ ᠭᠡᠷᠡᠯᠳᠤᠬᠦᠯᠬᠡ᠂ ᠭᠤᠶᠤᠵᠢᠭᠤᠯᠤᠯᠳᠠ᠂ ᠲᠤᠯᠠᠭᠠᠯᠭ᠎ᠠ ᠬᠠᠩᠭᠠᠬᠤ᠂ ᠰᠢᠳᠠᠭᠠᠯᠭ᠎ᠠ ᠬᠡᠢ ᠬᠠᠩᠭᠠᠬᠤ ᠵᠡᠷᠭᠡ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ᠲᠤᠭᠤᠷᠢᠭ ᠤᠨ ᠲᠡᠰ ᠲᠡᠪᠰᠢᠯᠳᠡ ᠶᠢ ᠪᠦᠬᠦ ᠬᠦᠴᠦ ᠪᠠᠷ ᠢᠶᠠᠨ ᠠᠬᠢᠭᠤᠯᠤᠨ᠎ᠠ᠃ ᠨᠤᠤᠰᠤ ᠨᠤᠯᠤᠤᠷ ᠢ ᠨᠠᠷᠢᠯᠢᠭ ᠡᠭᠡᠷᠡᠬᠦ᠂ ᠨᠡᠭᠡᠬᠦ ᠵᠡᠷᠭᠡ ᠲᠦᠷᠦᠯ ᠵᠤᠶᠢᠯ ᠢ ᠠᠵᠦ ᠠᠬᠤᠢ ᠶᠢᠨ ᠲᠤᠭᠤᠷᠢᠭ ᠲᠤ ᠤᠷᠤᠭᠤᠯᠵᠦ᠂ ᠬᠤᠷᠢᠶᠠᠬᠤ᠂ ᠤᠬᠢᠶᠠᠬᠤ᠂ ᠰᠠᠮᠨᠠᠬᠤ᠂ ᠡᠭᠡᠷᠡᠬᠦ᠂ ᠪᠤᠳᠤᠬᠤ᠂ ᠬᠤᠪᠴᠠᠰᠦ ᠬᠢᠬᠦ ᠰᠢᠷᠢᠰ ᠠᠵᠦ ᠤᠶᠢᠯᠡᠰ ᠤᠨ ᠬᠡᠯᠬᠢᠶ᠎ᠠ ᠶᠢ ᠳᠠᠷᠤᠢ ᠲᠦᠷᠭᠡᠨ ᠪᠦᠷᠢᠯᠳᠤᠬᠦᠯᠦᠨ᠎ᠡ᠃ ᠠᠵᠦ ᠠᠬᠤᠢ ᠶᠢᠨ ᠲᠤᠭᠤᠷᠢᠭ ᠤᠨ ᠪᠤᠬᠢᠷ ᠤᠰᠤ ᠰᠢᠢᠳᠪᠤᠷᠢᠯᠡᠬᠦ ᠤᠶᠢᠯᠡᠳᠪᠦᠷᠢ ᠶᠢᠨ ᠪᠥᠲᠦᠭᠡᠨ ᠪᠠᠶᠢᠭᠤᠯᠤᠯᠳᠠ ᠶᠢ ᠠᠬᠢᠭᠤᠯᠵᠦ᠂ ᠮᠤ᠋ ᠳ᠋ᠦ᠋ ᠨᠤᠤᠰᠤᠨ ᠨᠡᠭᠡᠮᠡᠯ ᠢ ᠠᠰᠢᠭᠯᠠᠯᠳᠠ ᠳᠤ ᠤᠷᠤᠭᠤᠯᠬᠤ ᠪᠤᠯᠤᠨ ᠪᠤᠳᠤᠭ ᠤᠷᠤᠭᠤᠯᠬᠤ ᠦᠢᠯᠡᠳᠪᠤᠷᠢ ᠶᠢᠨ ᠲᠠᠰᠤᠭ ᠢ ᠡᠷᠳᠡᠭᠡᠨ ᠠᠰᠢᠭᠯᠠᠯᠳᠠ ᠳᠤ ᠤᠷᠤᠭᠤᠯᠬᠤ ᠶᠢ ᠪᠠᠳᠤᠯᠠᠨ᠎ᠠ᠃ ᠲᠤᠰ ᠵᠢᠯ ᠳᠤ᠂ ᠠᠵᠦ ᠠᠬᠤᠢ ᠶᠢᠨ ᠲᠤᠭᠤᠷᠢᠭ ᠲᠤ 40 ᠨᠤᠤᠰᠤ ᠨᠤᠯᠤᠤᠷ ᠪᠤᠯᠪᠠᠰᠤᠷᠠᠭᠤᠯᠬᠤ ᠠᠵᠦ ᠠᠬᠤᠶᠢᠯᠠᠯ ᠎ ᠲᠠᠢ ᠪᠤᠯᠭᠠᠵᠦ᠂ 50 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠳᠡᠭ ᠢ ᠪᠡᠶᠡᠯᠡᠬᠦᠯᠦᠨ᠎ᠡ᠃     ᠬᠤᠶᠠᠷ ᠲᠤ ᠴᠡᠪᠡᠷ ᠡᠨᠧᠷᠬᠢ ᠶᠢᠨ ᠭᠠᠷᠭᠠᠯᠳᠠ ᠶᠢᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠶᠢ ᠲᠦᠷᠭᠡᠳᠭᠡᠨ᠎ᠡ᠃ ᠮᠡᠨ ᠤ ᠬᠤᠰᠢᠭᠤ ᠨᠢ ᠰᠢᠨ᠎ᠡ ᠡᠨᠧᠷᠬᠢ ᠶᠢᠨ ᠪᠢᠴᠢᠯ ᠴᠠᠬᠢᠯᠭᠠᠨ ᠲᠤᠤᠷ ᠤᠨ ᠵᠢᠱᠢᠶ᠎ᠠ ᠦᠵᠡᠬᠦᠯᠬᠦ ᠰᠠᠭᠤᠷᠢᠨ ᠭᠠᠵᠡᠷ ᠪᠤᠯᠤᠨ ᠡᠷᠢᠶᠠᠨ ᠬᠤᠳᠠ ᠶᠢᠨ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠬᠦ ᠲᠤᠷᠰᠢᠯᠳᠠ ᠶᠢᠨ ᠤᠷᠤᠨ ᠳᠤ ᠤᠷᠤᠭᠰᠠᠨ ᠠᠰᠢᠭᠳᠠᠢ ᠲᠤᠬᠢᠶᠠᠯ ᠢ ᠬᠦᠢᠴᠡᠳ ᠠᠰᠢᠭᠯᠠᠵᠦ᠂ ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠺᠤᠮᠫᠠᠨᠢ᠂ ᠲᠢᠶᠠᠨ ᠷᠦᠨ ᠴᠠᠬᠢᠯᠭᠠᠨ ᠲᠤᠤᠷ ᠤᠨ ᠪᠦᠯᠦᠭᠯᠡᠯ ᠤᠨ ᠪᠡᠷᠢᠯᠭ᠎ᠠ ᠡᠬᠢᠯᠡᠬᠦᠯᠬᠦ ᠠᠵᠢᠯ ᠢ ᠲᠦᠯᠬᠢᠨ ᠠᠬᠢᠭᠤᠯᠵᠦ᠂ ᠵᠢᠯ ᠤᠨ ᠪᠡᠯᠡ ᠤᠷᠤᠭᠤᠯᠤᠯᠳᠠ ᠶᠢᠨ ᠲᠦᠯᠦᠪᠯᠡᠭᠡ ᠶᠢ ᠪᠠᠶᠠᠯᠠᠬᠦᠯᠦᠨ᠎ᠡ᠃ ᠨᠢᠬᠡᠨᠳᠡ ᠬᠢᠨᠡᠨ ᠵᠦᠪᠰᠢᠶᠡᠷᠡᠬᠦᠯᠦᠭᠰᠡᠨ ᠪᠠ ᠲᠠᠩᠰᠠᠯᠠᠭᠤᠯᠬᠤ ᠭᠠᠷᠳᠠᠮ ᠢᠶᠠᠨ ᠬᠦᠢᠴᠡᠳᠭᠡᠭᠰᠡᠨ ᠰᠠᠯᠬᠢᠨ ᠬᠦᠴᠦᠨ ᠤ ᠴᠠᠬᠢᠯᠭᠠᠨ ᠪᠠ ᠨᠠᠷᠡᠨ ᠡᠨᠧᠷᠬᠢ ᠶᠢᠨ ᠴᠠᠬᠢᠯᠭᠠᠨ ᠤ ᠠᠵᠦ ᠠᠬᠤᠶᠢᠯᠠᠯ ᠳᠤ ᠵᠤᠬᠢᠴᠠᠭᠤᠯᠤᠯ ᠪᠠ ᠦᠢᠯᠡᠴᠢᠯᠡᠭᠡ ᠬᠠᠩᠭᠠᠨ᠂ ᠪᠦᠬᠦ ᠬᠤᠰᠢᠭᠤᠨ ᠤ ᠰᠠᠯᠬᠢᠨ ᠬᠦᠴᠦᠨ ᠤ ᠴᠠᠬᠢᠯᠭᠠᠨ ᠤ ᠵᠢᠯ ᠤᠨ ᠲᠤᠤᠷ ᠲᠤ ᠨᠠᠶᠢᠯᠡᠬᠦᠯᠦᠭᠰᠡᠨ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢ 71 ᠲᠦᠮᠡᠨ ᠺᠢᠯᠤᠸᠠᠲ᠂ ᠨᠡᠷᠡᠨ ᠡᠨᠧᠷᠬᠢ ᠶᠢᠨ ᠴᠠᠬᠢᠯᠭᠠᠨ ᠤ ᠲᠤᠤᠷ ᠲᠤ ᠨᠡᠶᠢᠯᠡᠬᠦᠯᠦᠭᠰᠡᠨ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢ 8 ᠲᠦᠮᠡᠨ ᠺᠢᠯᠤᠸᠡᠲ ᠲᠤ ᠬᠦᠷᠭᠡᠨ᠎ᠡ᠃     ᠭᠤᠷᠪᠡ ᠳᠤ ᠰᠢᠨ᠎ᠡ ᠪᠠᠷ ᠪᠤᠢ ᠪᠤᠯᠤᠭᠰᠠᠨ ᠠᠵᠦ ᠦᠢᠯᠡᠰ ᠢ ᠲᠦᠷᠭᠡᠨ ᠬᠦᠭᠵᠢᠬᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠲᠤᠷᠡᠳᠤᠭᠰᠠᠨ ︽ᠲᠤᠯᠤᠭᠠᠨ ᠦᠢᠯᠡᠰ︾᠎ ᠤᠨ ᠬᠦᠭᠵᠢᠬᠦᠯᠦᠯᠳᠡ ᠶᠢᠨ ᠬᠠᠷᠠᠯᠳᠠ ᠶᠢᠨ ᠪᠠᠶᠢᠷᠢᠰᠢᠯᠠᠭᠤᠯᠤᠯᠳᠠ ᠪᠠᠷ᠂ ᠰᠢᠨ᠎ᠡ ᠪᠠᠷ ᠪᠤᠢ ᠪᠤᠯᠤᠭᠰᠠᠨ ᠠᠵᠦ ᠦᠢᠯᠡᠰ ᠢ ᠶᠡᠬᠡᠪᠡᠷ ᠬᠦᠭᠵᠢᠬᠦᠯᠵᠦ᠂ ᠡᠳᠡᠭᠡᠷ ᠰᠢᠨ᠎ᠡ ᠠᠵᠦ ᠦᠢᠯᠡᠰ ᠢ ᠮᠡᠨ ᠤ ᠬᠤᠰᠢᠭᠤᠨ ᠤ ᠬᠡᠯᠪᠡᠷᠢ ᠶᠢ ᠬᠤᠪᠢᠷᠠᠭᠤᠯᠬᠤ ᠬᠦᠭᠵᠢᠯᠳᠡ ᠶᠢ ᠲᠤᠯᠭᠠᠭᠤᠷᠢᠯᠠᠬᠤ ᠰᠢᠨ᠎ᠡ ᠬᠢᠯᠡᠰ ᠴᠡᠭ ᠪᠤᠯᠭᠠᠨ᠎ᠠ᠃ ᠦᠪᠡᠷᠳᠡᠭᠡᠨ ᠵᠠᠰᠠᠬᠤ ᠤᠷᠤᠨ ᠨᠢ ︽ᠤᠯᠤᠰ ᠤᠨ ᠲᠠᠰ ᠤᠨ ᠲᠤᠮᠤ ᠲᠤᠭ᠎ᠠ ᠪᠡᠷᠢᠮᠳᠡ ᠶᠢᠨ ᠰᠠᠭᠤᠷᠢ ᠲᠦᠬᠦᠭᠡᠷᠤᠮᠵᠢ ᠶᠢ ᠨᠢᠬᠡᠳᠤᠯᠳᠡᠢ ᠲᠦᠯᠦᠪᠯᠡᠨ ᠬᠦᠭᠵᠢᠬᠦᠯᠬᠦ ᠶᠡᠷᠦᠩᠭᠡᠶᠢᠯᠡᠭᠰᠡᠨ ᠲᠤᠷᠰᠢᠯᠳᠠ ᠎ ᠶᠢᠨ ᠤᠷᠤᠨ︾ ᠪᠤᠯᠤᠭᠰᠠᠨ ᠠᠰᠢᠭᠳᠠᠢ ᠲᠤᠬᠢᠶᠠᠯ ᠪᠤᠯᠤᠨ ᠪᠦᠬᠦ ᠠᠶᠢᠮᠠᠭ ᠤᠨ ᠲᠤᠮᠤ ᠲᠤᠭ᠎ᠠ ᠪᠡᠷᠢᠮᠳᠡ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠳᠤ ᠲᠦᠰᠢᠭᠯᠡᠵᠦ᠂ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠡᠬᠢ ᠪᠡᠶᠠᠯᠢᠭ ᠢ ᠬᠠᠮᠳᠤᠪᠡᠷ ᠡᠳ᠋ᠯᠡᠬᠦ ᠲᠠᠪᠴᠠᠩ ᠪᠤᠯᠤᠨ ᠵᠠᠰᠠᠭ ᠤᠨ ᠶᠠᠪᠤᠳᠠᠯ ᠤᠨ ᠨᠠᠶᠢᠳᠠ ᠶᠢᠨ ᠦᠢᠯᠡᠴᠢᠯᠠᠬᠡᠨ ᠤ ᠲᠡᠪᠴᠡᠩ ᠤᠨ ᠪᠠᠶᠢᠭᠤᠯᠤᠯᠳᠠ ᠶᠢ ᠲᠦᠷᠭᠡᠳᠭᠡᠵᠦ᠂ ᠵᠢᠯ ᠤᠨ ᠲᠤᠳᠤᠷ᠎ᠡ ᠲᠤᠭ᠎ᠠ ᠪᠡᠷᠢᠮᠳᠠ ᠶᠢᠨ ᠰᠤᠷᠠᠭ ᠵᠠᠩᠬᠢ ᠶᠢᠨ ᠡᠬᠢ ᠪᠠᠶᠠᠯᠢᠭ ᠢ ᠨᠢᠬᠡᠳᠭᠡᠨ ᠬᠠᠮᠳᠤᠪᠡᠷ ᠡᠳ᠋ᠯᠡᠬᠦ ᠶᠢ ᠪᠠᠶᠠᠯᠠᠬᠦᠯᠦᠨ᠎ᠡ᠃ ᠵᠠᠰᠠᠭ ᠤᠨ ᠤᠷᠳᠤᠨ ᠤ ᠲᠦᠷᠦᠯ ᠵᠦᠢᠯ ᠎ ᠤᠨ ᠪᠡᠯᠡ ᠮᠦᠩᠬᠦ ᠶᠢ ᠭᠤᠶᠤᠴᠢᠯᠠᠬᠤ᠂ ᠠᠵᠦ ᠠᠬᠤᠶᠢᠯᠠᠯ ᠤᠨ ᠦᠪᠡᠷᠳᠡᠭᠡᠨ ᠪᠡᠯᠡ ᠮᠦᠩᠬᠦ ᠴᠤᠭᠯᠠᠭᠤᠯᠬᠤ ᠵᠡᠷᠭᠡ ᠠᠷᠭ᠎ᠠ ᠭᠡᠯᠪᠡᠷᠢ ᠪᠠᠷ᠂ ᠨᠠᠨ ᠰᠢᠶᠦ᠋ᠨ ᠪᠦᠯᠦᠭᠯᠡᠯ ᠤᠨ ᠰᠦᠨᠢᠳ ᠲᠤᠮᠤ ᠲᠤᠭ᠎ᠠ ᠪᠠᠷᠢᠮᠳᠠ ᠶᠢᠨ ᠠᠰᠢᠭᠯᠠᠯᠳᠠ ᠶᠢᠨ ᠲᠦᠪ ᠤᠨ ᠪᠠᠶᠢᠭᠤᠯᠤᠯᠳᠠ ᠶᠢᠨ ᠲᠦᠷᠦᠯ ᠵᠦᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠤᠶᠤᠨᠴᠢ ᠵᠠᠰᠠᠭ ᠎ ᠤᠨ ᠶᠠᠪᠤᠳᠠᠯ᠂ ᠤᠶᠤᠨᠴᠢ ᠡᠮ ᠡᠮᠨᠡᠯᠬᠡ᠂ ᠤᠶᠤᠨᠴᠢ ᠰᠤᠷᠭᠠᠨ ᠬᠦᠮᠦᠵᠢᠯ᠂ ᠤᠶᠤᠨᠴᠢ ᠠᠵᠦ ᠦᠢᠯᠡᠰ᠂ ᠮᠠᠯᠵᠢᠬᠤ ᠲᠠᠷᠢᠶᠠᠯᠠᠬᠤ ᠤᠷᠤᠨ ᠤ ᠰᠤᠷᠠᠭ ᠵᠠᠩᠬᠢᠵᠢᠯᠳᠡ ᠶᠢᠨ ᠪᠠᠶᠢᠭᠤᠯᠤᠯᠳᠠ ᠵᠡᠷᠭᠡ ᠭᠤᠤᠯᠳᠠᠯᠭ᠎ᠠ ᠲᠠᠢ ᠢᠨᠵᠧᠨᠧᠷᠢᠩ ᠤᠨ ᠪᠠᠶᠢᠭᠤᠯᠤᠯᠳᠠ ᠶᠢ ᠭᠡᠷᠡᠭᠵᠢᠬᠦᠯᠵᠦ᠂ ᠤᠶᠤᠨᠴᠢ ᠬᠤᠳᠠ ᠶᠢ ᠪᠠᠶᠢᠭᠤᠯᠬᠤ ᠪᠠᠷ ᠴᠢᠷᠮᠡᠶᠢᠨ᠎ᠡ᠃     ︵ᠲᠦᠷᠪᠡ︶ ᠰᠡᠳᠬᠢᠴᠠ ᠪᠠᠨ ᠲᠡᠯᠡᠵᠦ᠂ ᠬᠢᠷᠢ ᠲᠦᠪᠰᠢᠨ ᠢᠶᠠᠨ ᠲᠡᠭᠡᠭᠰᠢᠯᠡᠬᠦᠯᠵᠦ᠂ ᠠᠵᠦ ᠠᠬᠤᠢ ᠶᠢᠨ ᠨᠡᠮᠡᠭᠳᠡᠯ ᠤᠨ ᠰᠢᠨ᠎ᠡ ᠬᠦᠴᠦᠨ ᠢ ᠡᠬᠦᠳᠤᠨ᠎ᠡ᠃     ᠨᠢᠭᠡ ᠳᠤ ᠵᠢᠭᠤᠯᠴᠢᠯᠠᠯ ᠤᠨ ᠦᠢᠯᠡᠰ ᠢ ᠲᠦᠷᠬᠡᠨ ᠬᠦᠭᠵᠢᠬᠦᠯᠦᠨ᠎ᠡ᠃ ᠵᠢᠭᠤᠯᠴᠢᠯᠠᠯ ᠤᠨ ᠦᠢᠯᠡᠰ ᠪᠤᠯ ᠢᠷᠡᠭᠡᠳᠦᠢ ᠲᠠᠢ ᠠᠵᠦ ᠦᠢᠯᠡᠰ ᠪᠠᠶᠢᠵᠦ᠂ ᠤᠯᠠᠨ ᠠᠵᠦ ᠦᠢᠯᠡᠰ ᠢ ᠲᠠᠶᠢᠴᠢᠯᠠᠵᠦ ᠴᠢᠳᠠᠨ᠎ᠠ᠃ ᠣᠷᠣᠨ ᠲᠤᠭᠤᠷᠢᠭ ᠎ ᠤᠨ ᠵᠢᠭᠤᠯᠴᠢᠯᠠᠯ ᠤᠨ ᠬᠦᠭᠵᠢᠯᠳᠡ ᠶᠢᠨ ᠬᠡᠯᠪᠡᠷᠢ ᠶᠢ ᠢᠳᠡᠪᠬᠢᠳᠡᠢ ᠪᠦᠷᠢᠯᠳᠤᠬᠦᠯᠵᠦ᠂ ᠵᠢᠭᠤᠯᠴᠢᠯᠠᠯ ᠤᠨ ᠡᠬᠢ ᠪᠠᠶᠠᠯᠢᠭ ᠢ ᠨᠡᠶᠢᠯᠡᠬᠦᠯᠦᠨ ᠨᠡᠭᠡᠭᠡᠨ ᠬᠦᠭᠵᠢᠬᠦᠯᠬᠦ ᠶᠢ ᠰᠠᠶᠢᠳᠤᠷ ᠠᠳᠬᠤᠵᠦ᠂ ᠬᠠᠯᠠᠭᠤᠨ ᠷᠠᠰᠢᠶᠠᠨ ᠤ ᠵᠢᠭᠤᠯᠴᠢᠯᠠᠯ᠂ ᠰᠦᠨᠢᠳ ᠸᠠᠩ ᠤᠨ ᠤᠷᠳᠤᠨ ᠤ ᠮᠥᠽᠸᠢ᠂ ᠠᠨᠳᠠ ᠥᠷᠳᠡᠭᠡ ᠵᠡᠷᠭᠡ ᠴᠢᠬᠤᠯᠠ ᠪᠤᠯᠬᠤ ᠲᠦᠷᠦᠯ ᠵᠤᠶᠢᠯ ᠤᠨ ᠪᠥᠲᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠵᠦ᠂ ᠲᠠᠷᠬᠠᠢ ᠪᠤᠳᠠᠷᠬᠠᠢ ᠵᠢᠭᠤᠯᠴᠢᠯᠠᠯ ᠤᠨ ᠴᠡᠭ ᠪᠤᠯᠤᠨ ᠵᠢᠭᠤᠯᠴᠢᠯᠠᠯ ᠤᠨ ᠡᠬᠢ ᠪᠠᠶᠠᠯᠢᠭ ᠢ ᠲᠦᠪᠯᠡᠷᠡᠬᠦᠯᠵᠦ᠂ ᠤᠷᠤᠨ ᠲᠤᠭᠤᠷᠢᠭ ᠤᠨ ᠵᠢᠭᠤᠯᠴᠢᠯᠠᠯ ᠤᠨ ᠵᠤᠬᠢᠴᠠᠩᠭᠤᠢ ᠬᠦᠭᠵᠢᠯᠳᠡ᠂ ᠵᠦᠪ ᠬᠦᠭᠵᠢᠯᠳᠡ ᠪᠤᠯᠤᠨ ᠬᠠᠮᠳᠤᠷᠠᠯᠴᠠᠭᠰᠠᠨ ᠬᠦᠭᠵᠢᠯᠳᠡ ᠶᠢ ᠲᠦᠯᠬᠢᠨ ᠠᠬᠢᠭᠤᠯᠤᠨ᠎ᠠ᠃ ᠲᠤᠮᠳᠠᠳᠤ ᠤᠯᠤᠰ ᠤᠨ ᠠᠩᠬ᠎ᠠ ᠵᠡᠷᠭᠡ ᠶᠢᠨ ᠡᠷᠡᠬᠦᠯ ᠬᠠᠮᠠᠭᠠᠯᠠᠯ ᠡᠷᠡᠬᠦᠯᠵᠢᠯ ᠤᠨ ᠰᠠᠭᠤᠷᠢ ᠮᠦᠩᠬᠦᠨ ᠤ ᠨᠡᠶᠢᠬᠡᠮᠯᠢᠭ ᠤᠨ ᠠᠯᠪᠡᠨ ᠭᠡᠷ ᠲᠠᠢ ᠬᠠᠮᠳᠤᠷᠠᠯᠴᠠᠭ᠎ᠠ ᠪᠠᠨ ᠴᠢᠩᠭᠠᠳᠬᠠᠵᠦ᠂ ᠤᠷᠤᠨ ᠲᠤᠭᠤᠷᠢᠭ ᠤᠨ ᠵᠢᠭᠤᠯᠴᠢᠯᠠᠯ ᠤᠨ ᠲᠥᠯᠦᠪᠵᠢᠬᠦᠯᠭᠡ ᠶᠢ ᠦᠨᠳᠤᠷ ᠪᠡᠷᠢᠮᠵᠢᠶ᠎ᠠ ᠪᠠᠷ ᠨᠠᠶᠢᠷᠠᠭᠤᠯᠤᠨ ᠲᠥᠰᠦᠪᠯᠡᠵᠦ᠂ ᠨᠢᠭᠡ ᠪᠥᠯᠦᠭ ᠵᠢᠭᠤᠯᠴᠢᠯᠠᠯ ᠤᠨ ᠪᠥᠲᠦᠭᠡᠨ ᠪᠠᠶᠢᠭᠤᠯᠤᠯᠳᠠ ᠶᠢᠨ ᠲᠦᠷᠦᠯ ᠵᠤᠶᠢᠯ ᠢ ᠦᠨᠳᠤᠷ ᠪᠠᠷᠢᠮᠵᠢᠶ᠎ᠠ ᠪᠠᠷ ᠲᠦᠰᠦᠪᠯᠡᠨ᠎ᠡ᠃ ︽ᠲᠦᠷᠪᠡᠨ ᠶᠡᠭᠡ ᠪᠠᠶᠠᠷ ᠲᠤᠷᠠᠰᠬᠠᠯ︾᠎ ᠤᠨ ᠲᠦᠷᠦᠯ ᠲᠡᠮᠳᠡᠭ ᠤᠨ ᠠᠵᠢᠯᠯᠠᠭ᠎ᠠ ᠳᠤ ᠲᠦᠰᠢᠭᠯᠡᠨ᠂ ︽ᠵᠢᠭᠤᠯᠴᠢᠯᠠᠯ +︾ ᠪᠠᠶᠢᠯᠳᠤᠬᠤ ᠪᠤᠳᠤᠯᠭ᠎ᠠ ᠶᠢᠨ ᠬᠦᠭᠵᠢᠯᠳᠡ ᠶᠢᠨ ᠰᠢᠨ᠎ᠡ ᠤᠶᠢᠯᠡᠰ ᠢ ᠲᠦᠷᠭᠡᠨ ᠬᠦᠭᠵᠢᠬᠦᠯᠵᠦ᠂ ᠤᠨᠴᠠᠯᠢᠭᠳᠤ ᠰᠤᠶᠤᠯ ᠤᠨ ᠡᠬᠢ ᠪᠠᠶᠠᠯᠢᠭ ᠢ ᠬᠦᠨᠵᠡᠬᠡᠢ ᠠᠭᠤᠳᠠᠯᠯᠠᠨ᠂ ᠨᠢᠭᠡ ᠪᠥᠯᠦᠭ ᠰᠢᠯᠢᠳᠡᠭ ᠵᠢᠭᠤᠯᠴᠢᠯᠠᠯ ᠰᠤᠶᠤᠯ ᠤᠨ ᠲᠦᠷᠦᠯ ᠵᠤᠶᠢᠯ ᠪᠤᠯᠤᠨ ᠪᠥᠲᠦᠭᠡᠭᠳᠡᠬᠦᠨ ᠢ ᠢᠳᠡᠪᠬᠢᠲᠠᠢ ᠲᠦᠰᠦᠪᠯᠡᠨ ᠲᠠᠨᠢᠯᠴᠠᠭᠤᠯᠵᠦ᠂ ᠰᠦᠨᠢᠳ ᠤᠨ ᠲᠠᠯ᠎ᠠ ᠨᠤᠳᠤᠭ ᠤᠨ ᠰᠤᠶᠤᠯ᠂ ᠠᠷᠠᠳ ᠤᠨ ᠵᠠᠩ ᠦᠢᠯᠡ ᠶᠢ ᠪᠦᠬᠦ ᠲᠠᠯ᠎ᠠ ᠪᠠᠷ ᠰᠠᠶᠢᠳᠤᠷ ᠬᠠᠷᠠᠭᠤᠯᠵᠦ᠂ ᠰᠤᠶᠤᠯ ᠲᠠᠮᠢᠷ ᠵᠢᠭᠤᠯᠴᠢᠯᠠᠯ ᠤᠨ ᠬᠦᠨᠵᠡᠭᠡᠢ ᠠᠭᠤᠰᠤᠯᠴᠠᠯ ᠢ ᠠᠬᠢᠭᠤᠯᠤᠨ᠎ᠠ᠃ ︽ᠭᠠᠷᠠᠭ ᠤᠨ ᠰᠡᠭᠦᠯᠴᠢ ᠶᠢᠨ ᠰᠦᠨᠢᠳ︾ ᠮᠠᠯᠴᠢᠨ ᠠᠶᠢᠯ ᠤᠨ ᠠᠮᠢᠳᠤᠷᠠᠯ ᠤᠨ ᠬᠡᠯᠪᠡᠷᠢ ᠶᠢ ᠬᠦᠢᠴᠡᠳ ᠠᠰᠢᠭᠯᠠᠵᠦ᠂ ︽ᠮᠠᠯᠴᠢᠨ ᠠᠶᠢᠯ︾ ᠪᠤᠯᠤᠨ ︽ᠲᠠᠷᠢᠶᠠᠴᠢᠨ ᠠᠶᠢᠯ︾ ᠵᠡᠷᠭᠡ ᠬᠦᠳᠡᠭᠡ ᠲᠤᠰᠬᠤᠨ ᠤ ᠵᠢᠭᠤᠯᠴᠢᠯᠠᠯ ᠤᠨ ᠤᠶᠢᠯᠡᠰ ᠢ ᠲᠦᠷᠢᠮᠵᠢᠬᠦᠯᠦᠨ ᠬᠠᠮᠢᠶᠠᠷᠴᠦ᠂ ᠢᠳᠡᠭᠡᠨ ᠤᠮᠳᠠᠭᠠᠨ ᠪᠠᠭᠤᠳᠠᠯ ᠵᠡᠷᠭᠡ ᠵᠢᠭᠤᠯᠴᠢᠯᠠᠯ ᠤᠨ ᠦᠢᠯᠡᠴᠢᠯᠠᠬᠡᠨ ᠤ ᠠᠵᠢᠯ ᠲᠦᠷᠦᠯ ᠤᠨ ᠪᠠᠷᠢᠮᠵᠢᠶ᠎ᠠ ᠶᠢ ᠲᠤᠭᠳᠠᠭᠠᠨ᠂ ᠵᠢᠭᠤᠯᠴᠢᠯᠠᠯ ᠤᠨ ᠤᠶᠢᠯᠡᠴᠢᠯᠡᠭᠡᠨ ᠤ ᠬᠦᠯᠢᠶᠠᠨ ᠠᠪᠴᠦ ᠵᠤᠴᠢᠯᠠᠬᠤ ᠴᠢᠳᠠᠪᠬᠢ ᠶᠢ ᠲᠡᠭᠡᠭᠰᠢᠯᠡᠬᠦᠯᠦᠨ᠎ᠡ᠃ ᠵᠢᠱᠢᠯᠳᠠ ᠪᠠᠷ᠂ ᠵᠢᠯ ᠤᠨ ᠲᠤᠳᠤᠷ᠎ᠡ 25 ᠲᠦᠮᠡᠨ ᠬᠦᠮᠦᠨ ᠤᠳᠠᠭᠠᠨ ᠤ ᠵᠢᠭᠤᠯᠴᠢᠯᠠᠭᠰᠠᠳ ᠎ ᠢ ᠲᠠᠳᠠᠵᠦ᠂ ᠵᠢᠭᠤᠯᠴᠢᠯᠠᠯ ᠤᠨ ᠤᠷᠤᠯᠭ᠎ᠠ ᠶᠢ 8000 ᠲᠦᠮᠡᠨ ᠲᠦᠬᠦᠷᠢᠭ ᠪᠠᠶᠠᠯᠠᠬᠦᠯᠦᠨ᠎ᠡ᠃     ᠬᠤᠶᠠᠷ ᠲᠤ ᠦᠢᠯᠡᠴᠢᠯᠠᠬᠡᠨ ᠤ ᠦᠢᠯᠡᠰ ᠤᠨ ᠪᠦᠬᠦᠯᠢ ᠴᠤᠭᠴᠠ ᠶᠢᠨ ᠬᠢᠷᠢ ᠲᠦᠪᠰᠢᠨ ᠢ ᠴᠢᠷᠮᠠᠶᠢᠨ ᠲᠡᠭᠡᠭᠰᠢᠯᠡᠬᠦᠯᠦᠨ᠎ᠡ᠃ ᠢᠳᠡᠭᠡᠨ ᠤᠮᠳᠠᠭᠠᠨ᠂ ᠬᠤᠨᠤᠭ ᠪᠠᠶᠢᠷᠢ ᠵᠡᠷᠭᠡ ᠤᠯᠠᠮᠵᠢᠯᠠᠯᠳᠤ ᠦᠢᠯᠡᠴᠢᠯᠠᠬᠡᠨ ᠤ ᠦᠢᠯᠡᠰ ᠤᠨ ᠦᠬᠡᠷᠡᠴᠢᠯᠠᠯᠳᠠ ᠪᠡ ᠲᠡᠰ ᠲᠡᠪᠰᠢᠯᠳᠡ ᠶᠢ ᠪᠦᠬᠦ ᠲᠠᠯ᠎ᠠ ᠪᠠᠷ ᠰᠠᠶᠢᠳᠤᠷ ᠬᠢᠵᠦ᠂ ᠤᠯᠠᠮᠵᠢᠯᠠᠯᠳᠤ ᠦᠢᠯᠡᠴᠢᠯᠠᠬᠡᠨ ᠤ ᠦᠢᠯᠡᠰ ᠢ ᠨᠠᠷᠢᠯᠢᠭᠵᠢᠭᠤᠯᠤᠨ᠂ ᠴᠢᠨᠡᠷ ᠢ ᠲᠡᠭᠡᠭᠰᠢᠯᠡᠬᠦᠯᠵᠦ᠂ ᠢᠳᠡᠭᠡᠨ ᠤᠮᠳᠠᠭᠠᠨ ᠬᠤᠨᠤᠭ ᠪᠠᠶᠢᠷᠢ ᠶᠢᠨ ᠦᠢᠯᠡᠰ ᠎ ᠤᠨ ᠡᠷᠡᠬᠦᠯ ᠬᠦᠭᠵᠢᠯᠳᠡ ᠶᠢ ᠠᠬᠢᠭᠤᠯᠤᠨ᠎ᠠ᠃ ᠰᠢᠨ᠎ᠡ ᠭᠡᠯᠪᠡᠷᠢ ᠶᠢᠨ ᠤᠳᠤ ᠦᠶ᠎ᠠ ᠶᠢᠨ ᠦᠢᠯᠡᠴᠢᠯᠠᠬᠡᠨ ᠤ ᠦᠢᠯᠡᠰ ᠎ ᠢ ᠶᠡᠭᠡᠪᠡᠷ ᠬᠦᠭᠵᠢᠬᠦᠯᠵᠦ᠂ ᠭᠡᠷ ᠤᠨ ᠠᠵᠢᠯ ᠤᠨ ᠦᠢᠯᠡᠴᠢᠯᠠᠬᠡᠨ ᠤ ᠪᠠᠶᠢᠭᠤᠯᠤᠮᠵᠢ ᠶᠢ ᠡᠬᠦᠰᠬᠡᠨ ᠪᠠᠶᠢᠭᠤᠯᠵᠦ ᠡᠵᠡᠩᠨᠡᠬᠦ ᠶᠢ ᠵᠤᠷᠢᠭᠵᠢᠭᠤᠯᠤᠨ᠂ ᠲᠠᠪᠰᠢᠭᠰᠠᠨ ᠬᠠᠮᠢᠶᠠᠷᠤᠯᠳᠠ ᠲᠠᠢ᠂ ᠦᠢᠯᠡᠴᠢᠯᠡᠭᠡ ᠰᠠᠶᠢᠨ ᠭᠡᠷ ᠤᠨ ᠠᠵᠢᠯ ᠤᠨ ᠦᠢᠯᠡᠴᠢᠯᠠᠬᠡᠨ ᠤ ᠺᠤᠮᠫᠠᠨᠢ ᠶᠢ ᠢᠳᠡᠪᠬᠢᠳᠡᠢ ᠬᠦᠭᠵᠢᠬᠦᠯᠦᠨ᠎ᠡ᠃ ᠤᠷᠤᠨ ᠪᠠᠶᠢᠷᠢᠰᠢᠯ ᠪᠠ ᠵᠡᠮ ᠬᠠᠷᠢᠯᠴᠠᠭᠠᠨ ᠤ ᠲᠠᠪᠠᠭᠤᠯᠢᠭ ᠢ ᠬᠦᠢᠴᠡᠳ ᠪᠠᠳᠠᠷᠠᠭᠤᠯᠵᠦ᠂ ᠤᠳᠤ ᠦᠶ᠎ᠠ ᠶᠢᠨ ᠡᠳ᠋ ᠪᠠᠷᠠᠭᠠᠨ ᠤ ᠬᠦᠢᠯᠬᠡᠬᠡᠨ ᠤ ᠦᠢᠯᠡᠰ ᠤᠨ ᠬᠦᠭᠵᠢᠯᠳᠡ ᠶᠢ ᠠᠬᠢᠭᠤᠯᠵᠦ᠂ ᠲᠠᠯ᠎ᠠ ᠨᠤᠳᠤᠭ ᠤᠨ ᠤᠨᠴᠠᠯᠢᠭ ᠪᠠ ᠦᠨᠳᠤᠰᠤᠳᠠᠨ ᠤ ᠤᠨᠴᠠᠯᠢᠭ ᠲᠠᠢ ᠨᠠᠰᠤᠵᠢᠯ ᠎ ᠤᠨ ᠠᠰᠠᠷᠠᠮᠵᠢ᠂ ᠪᠠᠶ᠎ᠠ ᠲᠡᠮᠢᠷ᠂ ᠡᠮ ᠡᠮᠨᠡᠯᠬᠡ ᠡᠷᠡᠬᠦᠯᠵᠢᠯ ᠵᠡᠷᠭᠡ ᠰᠢᠨ᠎ᠡ ᠦᠢᠯᠡᠴᠢᠯᠠᠬᠡᠨ ᠤ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠤᠷᠤᠨ ᠤ ᠵᠢᠱᠢᠶ᠎ᠠ ᠦᠵᠡᠬᠦᠯᠬᠦ ᠲᠦᠷᠦᠯ ᠵᠦᠢᠯ ᠳᠤ ᠤᠷᠤᠭᠤᠯᠬᠤ ᠶᠢ ᠠᠬᠢᠭᠤᠯᠵᠦ᠂ ᠵᠡᠮᠳᠡᠭᠴᠤᠳ ᠢ ᠠᠰᠠᠷᠠᠨ ᠬᠠᠷᠠᠭᠠᠯᠵᠠᠬᠤ ᠦᠢᠯᠡᠴᠢᠯᠠᠬᠡᠨ ᠤ ᠲᠦᠪ ᠪᠤᠯᠤᠨ ᠮᠠᠯᠴᠢᠨ ᠠᠶᠢᠯ ᠤᠨ ᠨᠠᠰᠤᠳᠠᠨ ᠢ ᠠᠰᠠᠷᠠᠬᠤ ᠲᠦᠪ ᠤᠨ ᠠᠰᠢᠭᠯᠠᠯᠳᠠ ᠳᠤ ᠤᠷᠤᠬᠤ ᠶᠢ ᠪᠠᠳᠤᠯᠠᠨ᠎ᠠ᠃     ︵ᠲᠠᠪᠤ︶ ᠪᠤᠬᠢᠷᠳᠤᠯ ᠦᠭᠡᠢ ᠬᠦᠭᠵᠢᠯᠳᠡ ᠶᠢᠨ ᠦᠵᠡᠯᠳᠡ ᠶᠢ ᠪᠠᠳᠤ ᠪᠠᠬᠢ ᠪᠤᠢ ᠪᠤᠯᠭᠠᠵᠦ᠂ ᠠᠮᠢ ᠠᠬᠤᠢ ᠎ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠦᠨ᠎ᠡ᠃       ᠨᠢᠭᠡ ᠳᠤ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ ᠢᠮᠡᠭ᠌ᠳᠠ ᠪᠠᠷᠢᠮᠳᠠᠯᠠᠵᠦ᠂ ᠬᠠᠮᠤᠭ ᠴᠢᠩᠭ᠎ᠠ ᠬᠠᠮᠢᠶᠠᠷᠤᠯᠳᠠ ᠶᠢᠨ ᠲᠦᠷᠢᠮ ᠢ ᠬᠡᠷᠡᠭᠵᠢᠬᠦᠯᠵᠦ᠂ ᠨᠤᠳᠤᠭ ᠪᠡᠯᠴᠢᠭᠡᠷ ᠤᠨ ᠲᠠᠯᠠᠪᠠᠢ ᠶᠢᠨ ᠬᠤᠷᠤᠭᠳᠠᠯ᠂ ᠴᠢᠨᠠᠷ ᠤᠨ ᠮᠠᠭᠤᠳᠠᠯ ᠢ ᠬᠤᠷᠢᠭᠯᠠᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠪᠠᠨ ᠴᠢᠩᠭᠠᠳᠬᠠᠵᠦ᠂ ᠨᠤᠳᠤᠭ ᠪᠡᠯᠴᠢᠭᠡᠷ ᠲᠠᠳᠠᠪᠤᠷᠢᠯᠠᠨ ᠡᠵᠡᠯᠡᠬᠦ ᠶᠢ ᠬᠢᠨᠠᠨ ᠬᠠᠷᠭᠤᠭᠤᠯᠵᠦ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠬᠦᠯᠵᠦ᠂ ᠲᠠᠯ᠎ᠠ ᠨᠤᠳᠤᠭ ᠤᠨ ᠠᠮᠢ ᠠᠬᠤᠢ ᠶᠢᠨ ᠬᠢᠨᠠᠨ ᠬᠡᠮᠵᠢᠯᠳᠡ ᠪᠤᠯᠤᠨ ᠲᠤᠭᠳᠠᠭᠰᠠᠨ ᠬᠤᠭᠤᠴᠠᠭᠠᠨ ᠳᠤ ᠮᠡᠳᠡᠬᠦᠯᠬᠦ ᠲᠦᠷᠢᠮ ᠢ ᠪᠠᠶᠢᠭᠤᠯᠵᠦ᠂ ᠬᠠᠤᠯᠢ ᠪᠤᠰᠤ ᠪᠠᠷ ᠠᠳᠠᠷ ᠬᠠᠭᠠᠯᠪᠤᠷᠢᠯᠠᠬᠤ᠂ ᠲᠤᠷᠠᠪᠡᠷ ᠢᠶᠠᠨ ᠠᠭᠤᠷᠬᠠᠢ ᠮᠠᠯᠳᠠᠬᠤ ᠵᠡᠷᠭᠡ ᠲᠠᠯ᠎ᠠ ᠨᠤᠳᠤᠭ ᠤᠨ ᠠᠮᠢ ᠠᠬᠤᠢ ᠶᠢ ᠰᠦᠢᠳᠬᠡᠭᠰᠡᠨ ᠠᠵᠢᠯᠯᠠᠭ᠎ᠠ ᠳᠤ ᠡᠷᠡᠰ ᠴᠤᠬᠢᠯᠳᠠ ᠦᠭᠬᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠨᠠᠶᠢᠳᠠᠮ ᠪᠠᠶᠢᠴᠠᠭᠠᠯᠳᠠ ᠶᠢ ᠢᠳᠡᠪᠬᠢᠳᠡᠢ ᠦᠷᠨᠢᠬᠦᠯᠵᠦ᠂ ᠦᠨᠳᠤᠰᠤᠨ ᠪᠠᠶᠢᠳᠠᠯ ᠢ ᠨᠢ ᠦᠢᠯᠠᠭᠠᠨ᠂ ᠲᠤᠭ᠎ᠠ ᠪᠡᠷᠢᠮᠳᠡ ᠶᠢᠨ ᠬᠦᠮᠦᠷᠭᠡ ᠪᠠᠶᠢᠭᠤᠯᠤᠨ᠎ᠠ᠃ ᠭᠠᠵᠡᠷ ᠰᠢᠷᠦᠢ ᠨᠤᠳᠤᠭ ᠪᠡᠯᠴᠢᠬᠡᠷ ᠤᠨ ᠲᠠᠭᠠᠭᠠᠴᠢᠯᠠᠯᠳᠠ ᠶᠢᠨ ᠡᠷᠭᠡ ᠶᠢ ᠡᠷᠬᠢᠯᠳᠤᠬᠦᠯᠬᠦ ᠶᠠᠪᠤᠴᠠ ᠪᠡ ᠦᠢᠯᠨ ᠠᠵᠢᠯᠯᠠᠭ᠎ᠠ ᠶᠢ ᠬᠠᠤᠯᠢ ᠪᠠᠷ ᠵᠢᠷᠤᠮᠵᠢᠭᠤᠯᠵᠦ᠂ ᠭᠠᠵᠡᠷ ᠰᠢᠷᠦᠢ ᠶᠢᠨ ᠲᠠᠭᠠᠭᠠᠴᠢᠯᠠᠯᠳᠠ ᠶᠢᠨ ᠡᠷᠭᠡ ᠶᠢ ᠨᠤᠳᠠᠯᠠᠬᠤ ᠠᠵᠢᠯ ᠢ ᠡᠬᠢᠯᠡᠨ ᠭᠡᠷᠡᠭᠵᠢᠬᠦᠯᠵᠦ᠂ ᠨᠣᠳᠤᠭ ᠪᠡᠯᠴᠢᠭᠡᠷ ᠤᠨ ᠳᠠᠭᠠᠭᠠᠴᠢᠯᠠᠯᠳᠠ ᠶᠢᠨ ᠡᠷᠭᠡ ᠶᠢ ᠨᠣᠳᠠᠯᠠᠬᠤ ᠠᠵᠢᠯ ᠢ ᠦᠷᠭᠦᠯᠵᠢᠯᠡᠨ ᠦᠷᠨᠢᠭᠦᠯᠵᠦ᠂ ᠦᠮᠴᠢᠯᠡᠯ ᠤᠨ ᠡᠷᠭᠡ᠂ ᠳᠠᠭᠠᠭᠠᠴᠢᠯᠠᠯᠳᠠ ᠶᠢᠨ ᠡᠷᠭᠡ᠂ ᠡᠵᠡᠩᠨᠡᠯᠳᠡ ᠶᠢᠨ ᠡᠷᠭᠡ ︽ᠭᠤᠷᠪᠠᠨ ᠡᠷᠭᠡ ᠶᠢᠨ ᠬᠤᠪᠢᠶᠠᠷᠢᠯᠠᠯᠳᠠ︾᠎ ᠶᠢ ᠠᠬᠢᠭᠤᠯᠵᠣ᠂ ᠭᠠᠵᠠᠷ ᠰᠢᠷᠣᠢ ᠨᠣᠳᠤᠭ ᠪᠡᠯᠴᠢᠭᠡᠷ ᠤᠨ ᠡᠬᠢ ᠪᠠᠶᠠᠯᠢᠭ ᠤᠨ ᠠᠰᠢᠭᠯᠠᠯᠳᠠ ᠶᠢ ᠠᠬᠢᠭᠤᠯᠣᠨ᠎ᠠ᠃ ᠬᠡᠭᠡᠷ᠎ᠡ ᠶᠢᠨ ᠠᠮᠢᠳᠠᠨ ᠣᠷᠣᠰᠢᠨ ᠠᠮᠢᠳᠣᠷᠠᠵᠣ ᠪᠠᠶᠢᠭ᠎ᠠ ᠭᠠᠵᠠᠷ ︵ᠬᠠᠮᠠᠭᠠᠯᠠᠯᠳᠠ ᠶᠢᠨ ᠣᠷᠣᠨ︶᠎ ᠢ ᠰᠠᠶᠢᠳᠣᠷ ᠲᠦᠯᠦᠪᠯᠡᠨ ᠮᠡᠳᠡᠭᠦᠯᠵᠦ᠂ ᠲᠠᠯ᠎ᠠ ᠨᠣᠳᠤᠭ ᠤᠨ ᠠᠮᠢ ᠠᠬᠤᠢ ᠶᠢᠨ ᠰᠢᠰᠲ᠋ᠧᠮ ᠤᠨ ᠲᠡᠩᠴᠡᠭᠦᠷᠢ ᠶᠢ ᠠᠬᠢᠭᠤᠯᠣᠨ᠎ᠠ᠃ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠦᠭᠡᠷᠡᠴᠢᠯᠯᠡᠳᠡ ᠶᠢ ᠬᠦᠨᠵᠡᠭᠡᠢ ᠠᠬᠢᠭᠤᠯᠵᠣ᠂ ᠠᠮᠢ ᠠᠬᠤᠢ ᠶᠢᠨ ᠬᠠᠮᠠᠭᠠᠯᠠᠯᠳᠠ ᠶᠢᠨ ᠪᠦᠲᠦᠭᠡᠨ ᠪᠠᠶᠢᠭᠤᠯᠣᠯᠳᠠ ᠶᠢᠨ ᠠᠵᠢᠯ ᠤᠨ  ᠬᠠᠣᠯᠢᠵᠢᠯᠳᠠ ᠲᠦᠷᠢᠮᠵᠢᠯᠳᠠ ᠶᠢ ᠠᠬᠢᠭᠤᠯᠣᠨ᠎ᠠ᠃     ᠬᠤᠶᠠᠷ ᠲᠤ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠬᠦᠴᠦ ᠲᠠᠯᠪᠢᠨ ᠬᠡᠷᠡᠭᠵᠢᠭᠦᠯᠦᠨ᠎ᠡ᠃ ᠰᠢᠨ᠎ᠡ ᠡᠭᠡᠯᠵᠢ ᠶᠢᠨ ᠲᠠᠯ᠎ᠠ ᠨᠣᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠪᠡᠯᠴᠢᠭᠡᠷᠯᠡᠭᠦᠯᠬᠦ ᠶᠢ ᠵᠣᠭᠰᠣᠭᠠᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠮᠠᠯᠵᠢᠬᠤ ᠶᠢ ᠵᠣᠭᠰᠣᠭᠠᠬᠤ ᠣᠷᠣᠨ ᠳᠤ ᠨᠢᠭᠡᠴᠦ ᠮᠠᠯ ᠣᠷᠣᠭᠤᠯᠬᠤ ᠦᠭᠡᠢ᠂ ᠲᠡᠩᠴᠡᠭᠦᠷᠢ ᠶᠢᠨ ᠣᠷᠣᠨ ᠳᠤ ᠳᠠᠭᠠᠭᠠᠴᠠ ᠠᠴᠠ ᠭᠡᠳᠦᠷᠡᠭᠦᠯᠦᠨ ᠮᠠᠯᠵᠢᠬᠤ ᠦᠭᠡᠢ ᠪᠠᠶᠢᠵᠣ᠂ ᠳᠠᠭᠠᠭᠠᠴᠠ ᠠᠴᠠ ᠬᠡᠳᠦᠷᠡᠭᠦᠯᠪᠡᠯ ᠪᠦᠬᠦ ᠨᠦᠬᠦᠪᠦᠷᠢ ᠱᠠᠩᠨᠠᠯ ᠤᠨ ᠮᠦᠩᠭᠦ ᠶᠢ ᠨᠢ ᠣᠯᠭᠤᠬᠤ ᠦᠭᠡᠢ ᠮᠦᠷᠳᠡᠭᠡᠨ ᠬᠠᠣᠯᠢ ᠪᠠᠷ ᠰᠢᠳᠭᠡᠵᠦ᠂ ᠮᠠᠯᠵᠢᠯ ᠳᠤ ᠬᠤᠯᠪᠣᠭᠳᠠᠬᠤ ᠠᠯᠢᠪᠠ ᠲᠦᠷᠦᠯ ᠵᠦᠢᠯ ᠢ ᠣᠯᠭᠤᠬᠤ ᠦᠭᠡᠢ᠃ ᠲᠠᠯ᠎ᠠ ᠨᠣᠳᠤᠭ ᠤᠨ ᠬᠠᠣᠯᠢ ᠬᠡᠷᠡᠭᠵᠢᠭᠦᠯᠦᠨ ᠬᠢᠨᠠᠯᠳᠠ ᠲᠠᠯᠪᠢᠬᠤ ᠬᠦᠴᠦᠨ ᠢ ᠴᠢᠩᠭᠠᠳᠬᠠᠵᠣ᠂ ᠪᠡᠯᠴᠢᠭᠡᠷ ᠤᠨ ᠳᠠᠭᠠᠭᠠᠴᠠ ᠎ ᠠᠴᠠ ᠬᠡᠳᠦᠷᠡᠭᠰᠡᠨ ᠮᠠᠯ ᠢ ᠵᠢᠷᠭᠤᠭᠠᠨ ᠰᠠᠷ᠎ᠠ ᠠᠴᠠ ᠡᠮᠦᠨ᠎ᠡ ᠡᠷᠭᠡᠪᠰᠢ ᠴᠢᠷᠮᠠᠶᠢᠨ ᠰᠢᠢᠳᠪᠦᠷᠢᠯᠡᠬᠦ ᠬᠡᠷᠡᠭᠳᠠᠢ᠃ ᠪᠡᠭᠡᠵᠢᠩ ᠲᠢᠶᠠᠨᠵᠢᠨ ᠤ ᠡᠯᠡᠰᠦᠨ ᠤ ᠡᠭᠢ ᠶᠢ ᠵᠠᠰᠠᠬᠤ᠂ ᠭᠤᠣᠯᠳᠠᠯᠭ᠎ᠠ ᠲᠠᠢ ᠣᠷᠣᠨ ᠲᠣᠭᠤᠷᠢᠭ ᠢ ᠣᠶᠢᠵᠢᠭᠤᠯᠣᠨ ᠨᠣᠭᠤᠭᠠᠷᠠᠭᠤᠯᠬᠤ ᠵᠡᠷᠭᠡ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠰᠠᠶᠢᠳᠣᠷ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ︽ᠭᠤᠷᠪᠠᠨ ᠣᠷᠣᠨ ᠬᠤᠶᠠᠷ ᠱᠣᠭᠤᠮ︾᠎ ᠤᠨ ᠣᠷᠴᠢᠨ ᠲᠣᠭᠤᠷᠢᠨ ᠢ ᠵᠠᠰᠠᠬᠤ ᠪᠣᠯᠣᠨ ᠠᠭᠤᠷᠬᠠᠢ ᠎ ᠶᠢᠨ ᠣᠷᠴᠢᠨ ᠲᠣᠭᠤᠷᠢᠨ ᠢ ᠶᠡᠷᠦᠩᠭᠡᠶᠢᠯᠡᠨ ᠵᠠᠰᠠᠬᠤ ᠬᠦᠴᠦᠨ ᠢᠶᠠᠨ ᠴᠢᠩᠭᠠᠳᠬᠠᠵᠣ᠂ ᠠᠮᠢ ᠠᠬᠤᠢ ᠶᠢ ᠬᠠᠮᠠᠭᠠᠯᠠᠬᠤ ᠪᠦᠲᠦᠭᠡᠨ ᠪᠠᠶᠢᠭᠤᠯᠣᠯᠳᠠ ᠶᠢᠨ ᠦᠷ᠎ᠡ ᠪᠦᠲᠦᠮᠵᠢ ᠶᠢ ᠪᠠᠳᠣᠳᠬᠠᠬᠤ ᠬᠡᠷᠡᠭᠳᠠᠢ᠃ ᠦᠨᠦ ᠵᠢᠯ ᠳᠤ᠂ 2587 ᠲᠦᠮᠡᠨ ᠲᠦᠭᠦᠷᠢᠭ ᠤᠨ ᠪᠡᠯᠡ ᠣᠷᠣᠭᠤᠯᠵᠣ᠂ 2 ᠲᠦᠮᠡᠨ ᠮᠣ᠋ ᠭᠠᠵᠠᠷ ᠢ ᠨᠢᠰᠭᠡᠯ ᠢᠶᠠᠷ ᠣᠶᠢᠵᠢᠭᠤᠯᠣᠨ᠂ 15 ᠲᠦᠮᠡᠨ ᠮᠣ᠋ ᠭᠠᠵᠠᠷ ᠢ ᠬᠦᠷᠢᠶᠡᠯᠡᠨ ᠣᠶᠢᠵᠢᠭᠤᠯᠵᠣ᠂ 0.4 ᠲᠦᠮᠡᠨ ᠮᠣ᠋ ᠡᠯᠡᠰᠦ ᠶᠢ ᠲᠣᠭᠳᠠᠪᠣᠷᠢᠵᠢᠭᠤᠯᠣᠨ᠂ 0.05 ᠲᠦᠮᠡᠨ ᠮᠣ᠋ ᠭᠠᠵᠠᠷ ᠢ ᠬᠦᠮᠦᠨ ᠤ ᠬᠦᠴᠦ ᠪᠠᠷ ᠣᠶᠢᠵᠢᠭᠤᠯᠵᠣ᠂ 30 ᠭᠠᠵᠠᠷ ᠲᠤ ᠣᠰᠣ ᠠᠷᠪᠢᠯᠠᠨ ᠣᠰᠣᠯᠠᠯᠳᠠ ᠬᠢᠵᠦ᠂ 6 ᠳᠡᠭᠰᠢ ᠳᠦᠷᠪᠡᠯᠵᠢᠨ ᠺᠢᠯᠣᠮᠧᠲᠷ ᠤᠨ ᠵᠢᠵᠢᠭ ᠣᠷᠣᠰᠬᠠᠯ ᠢ ᠵᠠᠰᠠᠵᠣ᠂ 40 ᠣᠰᠣᠨ ᠤ ᠡᠬᠢ ᠰᠣᠷᠪᠣᠯᠵᠢ ᠶᠢᠨ ᠢᠨᠵᠧᠨᠧᠷᠢᠩ ᠢ ᠪᠠᠶᠢᠭᠤᠯᠵᠣ᠂ ᠠᠮᠢ ᠠᠬᠤᠢ ᠶᠢᠨ ᠣᠷᠴᠢᠨ ᠲᠣᠭᠤᠷᠢᠨ ᠤ ᠰᠠᠶᠢᠵᠢᠷᠠᠯᠳᠠ ᠶᠢ ᠨᠡᠩ ᠠᠬᠢᠭᠤᠯᠣᠨ᠎ᠠ᠃ ᠣᠯᠣᠰ ᠤᠨ ᠡᠵᠡᠩᠨᠡᠯᠲᠦ ᠣᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠳᠡ ᠶᠢ ᠪᠦᠬᠦ ᠲᠠᠯ᠎ᠠ ᠎ ᠪᠠᠷ ᠠᠬᠢᠭᠤᠯᠣᠨ᠎ᠠ᠃ ᠠᠵᠣ ᠦᠢᠯᠡᠰ ᠤᠨ ᠰᠠᠭᠤᠷᠢ ᠮᠦᠩᠭᠦ ᠶᠢ ᠢᠳᠡᠪᠬᠢᠳᠠᠢ ᠭᠤᠶᠣᠴᠢᠯᠠᠵᠣ᠂ ᠬᠠᠮᠠᠭᠠᠯᠠᠯᠳᠠ ᠶᠢᠨ ᠣᠢ ᠶᠢᠨ ᠢᠨᠵᠧᠨᠧᠷᠢᠩ ᠢ ᠪᠦᠲᠦᠭᠡᠨ ᠪᠠᠶᠢᠭᠤᠯᠵᠣ᠂ ᠣᠢ ᠰᠢᠭᠤᠢ ᠶᠢᠨ ᠠᠵᠣ ᠠᠬᠤᠢ ᠶᠢ ᠬᠦᠭᠵᠢᠭᠦᠯᠦᠨ᠎ᠡ᠃     ᠭᠤᠷᠪᠠ ᠳᠤ ᠣᠷᠴᠢᠨ ᠲᠣᠭᠤᠷᠢᠨ ᠤ ᠬᠠᠮᠠᠭᠠᠯᠠᠯᠳᠠ ᠶᠢᠨ ᠬᠦᠴᠦᠨ ᠢᠶᠠᠨ ᠴᠢᠩᠭᠠᠳᠬᠠᠨ᠎ᠠ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠣᠯ ᠦᠭᠡᠢ ᠬᠦᠭᠵᠢᠯᠳᠡ ᠶᠢᠨ ᠦᠵᠡᠯᠳᠡ ᠶᠢ ᠪᠣᠢ ᠪᠣᠯᠭᠠᠨ᠎ᠠ᠃ ᠣᠰᠣᠨ ᠤ ᠡᠬᠢ ᠪᠠᠶᠠᠯᠢᠭ ᠤᠨ ᠴᠢᠩᠭ᠎ᠠ ᠬᠠᠮᠢᠶᠠᠷᠣᠯᠳᠠ ᠶᠢᠨ ᠲᠦᠷᠢᠮ ᠢ ᠬᠡᠷᠡᠭᠵᠢᠭᠦᠯᠦᠨ᠎ᠡ᠃ ᠲᠦᠷᠦᠯ ᠵᠦᠢᠯ ᠢ ᠬᠢᠨᠠᠨ ᠵᠦᠪᠰᠢᠶᠡᠷᠡᠬᠦ ᠠᠵᠢᠯ ᠢ ᠣᠯᠠᠮ ᠴᠢᠩᠭᠠᠳᠬᠠᠵᠣ᠂ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢᠨ ᠪᠠᠶᠢᠳᠠᠯ ᠢ ᠢᠳᠡᠪᠬᠢᠳᠠᠢ ᠮᠦᠷᠳᠡᠵᠦ᠂ ᠲᠦᠷᠦ ᠶᠢᠨ ᠪᠣᠳᠣᠯᠭ᠎ᠠ ᠶᠢᠨ ᠯᠠᠪᠯᠠᠯᠳᠠ ᠪᠣᠯᠣᠨ ᠮᠡᠷᠭᠡᠵᠢᠯ ᠤᠨ ᠵᠢᠯᠣᠭᠤᠳᠣᠯᠭ᠎ᠠ ᠶᠢ ᠴᠢᠩᠭᠠᠳᠬᠠᠨ᠂ ᠪᠦᠲᠦᠭᠡᠨ ᠪᠠᠶᠢᠭᠤᠯᠬᠤ ᠪᠠᠶᠢᠭᠤᠯᠭ᠎ᠠ ᠨᠢᠭᠡᠴᠢ ᠶᠢᠨ ᠣᠷᠴᠢᠨ ᠲᠣᠭᠤᠷᠢᠨ ᠤ ᠦᠨᠡᠯᠡᠯᠳᠡ᠂ ᠰᠢᠯᠭᠠᠨ ᠬᠤᠷᠢᠶᠠᠵᠣ ᠬᠢᠨᠠᠨ ᠵᠦᠪᠰᠢᠶᠡᠷᠡᠬᠦ ᠭᠠᠷ ᠭᠦᠢᠴᠡᠳᠭᠡᠯ ᠢ ᠳᠣᠰᠠᠯᠠᠨ ᠭᠦᠢᠴᠡᠳᠭᠡᠨ᠎ᠡ᠃ ᠣᠷᠴᠢᠨ ᠲᠣᠭᠤᠷᠢᠨ ᠤ ᠨᠦᠯᠦᠭᠡ ᠶᠢᠨ ᠦᠨᠡᠯᠡᠯᠳᠡ᠂ ︽ᠭᠤᠷᠪᠠ ᠶᠢ ᠵᠡᠷᠭᠡᠪᠡᠷ ᠭᠦᠢᠴᠡᠳᠭᠡᠬᠦ︾ ᠳᠦᠷᠢᠮ ᠪᠣᠯᠣᠨ ᠪᠣᠬᠢᠷᠳᠣᠯ ᠭᠠᠳᠠᠭᠰᠢᠯᠠᠭᠤᠯᠬᠤ ᠠᠵᠣ ᠠᠬᠤᠶᠢᠯᠠᠯ ᠤᠨ ᠵᠦᠪᠰᠢᠶᠡᠷᠡᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠠᠪᠴᠠᠯ ᠪᠣᠯᠣᠨ ᠠᠭᠤᠷᠬᠠᠢ ᠶᠢᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠪᠠᠳᠣᠯᠠᠭ᠎ᠠ ᠶᠢᠨ ᠮᠦᠩᠭᠦ ᠶᠢᠨ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠪᠠ ᠠᠮᠢ ᠠᠬᠤᠢ ᠶᠢ ᠰᠡᠷᠭᠦᠭᠡᠬᠦ ᠠᠵᠢᠯ ᠢ ᠴᠢᠩᠭᠠᠳᠬᠠᠨ᠎ᠠ᠃ ᠣᠷᠴᠢᠨ ᠲᠣᠭᠤᠷᠢᠨ ᠤ ᠪᠣᠬᠢᠷᠳᠣᠯ ᠢ ᠵᠠᠰᠠᠨ ᠴᠡᠭᠴᠡᠯᠡᠬᠦ ᠠᠵᠢᠯ ᠎ ᠢ ᠬᠦᠨᠵᠡᠭᠡᠢ ᠠᠬᠢᠭᠤᠯᠵᠣ᠂ ᠪᠣᠬᠢᠷ ᠣᠰᠣ ᠶᠢ ᠰᠢᠢᠳᠪᠦᠷᠢᠡᠯᠬᠦ᠂ ᠨᠡᠭᠦᠷᠡᠰᠦ ᠰᠢᠳᠠᠭᠠᠬᠤ ᠪᠠᠭ᠎ᠠ ᠵᠣᠤᠬ᠎ᠠ ᠶᠢ ᠲᠠᠶᠠᠭᠳᠠᠬᠤ ᠬᠦᠴᠦᠨ ᠢᠶᠠᠨ ᠴᠢᠩᠭᠠᠳᠬᠠᠨ᠎ᠠ᠃ ᠣᠷᠴᠢᠨ ᠲᠣᠭᠤᠷᠢᠨ ᠤ ᠬᠠᠣᠯᠢ ᠬᠡᠷᠡᠭᠵᠢᠭᠦᠯᠦᠨ ᠬᠢᠨᠠᠨ ᠪᠠᠶᠢᠴᠠᠭᠠᠬᠤ ᠬᠦᠴᠦᠨ ᠢ ᠴᠢᠩᠭᠠᠳᠬᠠᠵᠣ᠂ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠣᠰᠬᠠᠢ ᠲᠦᠷᠦᠯ ᠢᠶᠠᠷ ᠵᠠᠰᠠᠨ ᠴᠡᠭᠴᠡᠯᠡᠬᠦ ᠠᠵᠢᠯ ᠢ ᠵᠣᠬᠢᠶᠠᠨ ᠪᠠᠶᠢᠭᠤᠯᠣᠨ ᠦᠷᠨᠢᠭᠦᠯᠵᠦ᠂ ᠬᠠᠣᠯᠢ ᠪᠣᠰᠣ ᠪᠠᠷ ᠨᠡᠭᠡᠭᠡᠨ ᠠᠰᠢᠭᠯᠠᠬᠤ᠂ ᠪᠠᠷᠢᠮᠵᠢᠶᠠᠨ ᠠᠴᠠ ᠭᠡᠳᠦᠷᠡᠭᠦᠯᠦᠨ ᠭᠠᠳᠠᠭᠰᠢᠯᠠᠭᠤᠯᠬᠤ ᠵᠡᠷᠭᠡ ᠣᠷᠴᠢᠨ ᠲᠣᠭᠤᠷᠢᠨ ᠤ ᠬᠠᠣᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠭᠦᠨ᠎ᠡ᠃     ︵ᠵᠢᠷᠭᠤᠭ᠎ᠠ︶ ᠲᠣᠳᠠᠭᠤᠳᠠᠯ ᠢᠶᠠᠨ ᠨᠦᠬᠦᠪᠦᠷᠢᠯᠡᠨ ᠵᠦᠷᠢᠶ᠎ᠡ ᠪᠠᠨ ᠪᠠᠭᠠᠰᠬᠠᠵᠣ᠂ ᠬᠤᠳᠠ ᠬᠦᠳᠡᠭᠡ ᠶᠢᠨ ᠵᠣᠬᠢᠴᠠᠩᠭᠤᠢ ᠬᠦᠭᠵᠢᠯᠳᠡ ᠶᠢ ᠠᠬᠢᠭᠤᠯᠣᠨ᠎ᠠ᠃     ᠨᠢᠭᠡ ᠳᠤ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢ ᠲᠣᠭᠳᠠᠭᠤᠨ ᠢᠶᠠᠷ ᠠᠬᠢᠭᠤᠯᠣᠨ᠎ᠠ᠃ ︽ᠣᠷᠣᠨ ᠎ ᠤ ᠳᠡᠰ ᠤᠨ ᠪᠣᠯᠪᠠᠰᠣᠨ ᠬᠤᠳᠠ ᠪᠠ ᠣᠯᠣᠰ ᠤᠨ ᠳᠡᠰ ᠤᠨ ᠠᠷᠢᠭᠤᠨ ᠴᠡᠪᠡᠷ ᠬᠤᠳᠠ ᠪᠠᠯᠭᠠᠰᠣ ᠶᠢ ᠡᠭᠦᠳᠦᠨ ᠪᠠᠶᠢᠭᠤᠯᠬᠤ︾᠎ ᠪᠠᠷ ᠭᠤᠣᠯᠳᠠᠯᠭ᠎ᠠ ᠪᠣᠯᠭᠠᠵᠣ᠂ ᠪᠦᠲᠦᠭᠡᠨ ᠪᠠᠶᠢᠭᠤᠯᠣᠯᠳᠠ ᠪᠣᠯᠣᠨ ᠬᠠᠮᠢᠶᠠᠷᠣᠯᠳᠠ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠣ᠂ ᠬᠤᠳᠠ ᠪᠠᠯᠭᠠᠰᠣᠵᠢᠯᠳᠠ ᠶᠢᠨ ᠪᠦᠲᠦᠭᠡᠨ ᠪᠠᠶᠢᠭᠤᠯᠣᠯᠳᠠ ᠶᠢᠨ ᠬᠢᠷᠢ ᠲᠦᠪᠰᠢᠨ ᠪᠠ ᠶᠠᠰᠣ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠠᠭᠤᠷᠢᠰᠢᠬᠤ ᠣᠷᠴᠢᠨ ᠲᠣᠭᠤᠷᠢᠨ ᠢ ᠲᠠᠰᠣᠷᠠᠯᠳᠠ ᠦᠭᠡᠢ ᠰᠠᠶᠢᠵᠢᠷᠠᠭᠤᠯᠣᠨ᠎ᠠ᠃ ᠬᠤᠳᠠ ᠪᠠᠯᠭᠠᠰᠣᠨ ᠤ ᠲᠦᠯᠦᠪᠵᠢᠭᠦᠯᠭᠡ ᠶᠢᠨ ᠪᠦᠲᠦᠭᠡᠨ ᠪᠠᠶᠢᠭᠤᠯᠣᠯᠳᠠ ᠪᠠ ᠬᠠᠮᠢᠶᠠᠷᠣᠯᠳᠠ ᠶᠢ ᠳᠡᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ 5 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠬᠤ ᠪᠠᠷ ᠲᠦᠯᠦᠪᠯᠡᠵᠦ᠂ ᠰᠠᠶᠢᠬᠠᠨᠳᠠᠯ᠎ᠠ ᠪᠠᠯᠭᠠᠰᠣᠨ ᠳᠣᠳᠣᠷᠠᠬᠢ ᠰᠠᠭᠤᠭᠠᠯᠢ ᠠᠷᠠᠳ ᠎ ᠤᠨ ᠲᠣᠭᠤᠷᠢᠭ ᠢ ᠳᠡᠰ ᠳᠡᠪᠰᠢᠭᠦᠯᠦᠨ ᠦᠭᠡᠷᠡᠴᠢᠯᠡᠬᠦ ᠪᠣᠯᠣᠨ ᠵᠠᠮ ᠤᠨ ᠭᠠᠳᠠᠷᠭᠤ ᠳᠡᠪᠢᠰᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠣ᠂ ᠨᠣᠮᠣᠭᠠᠨ ᠵᠡᠭᠡᠯᠢ᠂ ᠪᠣᠯᠠᠭ ᠵᠡᠭᠡᠯᠢ ᠶᠢ ᠴᠢᠮᠡᠭᠯᠡᠬᠦ ᠪᠣᠯᠣᠨ ᠬᠠᠩᠭᠠᠢ ᠵᠠᠮ᠂ ᠡᠷᠢᠶᠡᠡᠨᠠᠭᠤᠷ ᠵᠡᠭᠡᠯᠢ ᠶᠢᠨ ᠶᠠᠪᠠᠭᠠᠨ ᠵᠠᠮ ᠢ ᠭᠠᠨᠳᠢᠭ ᠴᠢᠯᠠᠭᠤ ᠪᠠᠷ ᠳᠡᠪᠢᠰᠬᠦ ᠢᠨᠵᠧᠨᠧᠷᠢᠩ ᠢ ᠬᠡᠷᠡᠭᠵᠢᠭᠦᠯᠦᠨ᠎ᠡ᠃ 30 ᠲᠦᠮᠡᠨ ᠳᠡᠭᠰᠢ ᠳᠦᠷᠪᠡᠯᠵᠢᠨ ᠮᠧᠲᠷ ᠭᠠᠵᠠᠷ ᠢ ᠨᠣᠭᠤᠭᠠᠷᠠᠭᠤᠯᠵᠣ᠂ 2 ᠣᠯᠠᠨ ᠨᠡᠶᠢᠳᠡ ᠶᠢᠨ ᠰᠡᠯᠡᠭᠦᠴᠡᠯ ᠤᠨ ᠠᠭᠤᠳᠠᠮ ᠲᠠᠯᠠᠪᠠᠢ ᠶᠢ ᠰᠢᠨ᠎ᠡ ᠪᠠᠷ  ᠪᠠᠶᠢᠭᠤᠯᠵᠣ᠂ 4 ᠲᠣᠯᠠᠭᠠᠯᠭ᠎ᠠ ᠶᠢᠨ ᠣᠰᠣ ᠰᠣᠯᠢᠯᠴᠠᠬᠤ ᠦᠷᠳᠡᠭᠡ ᠶᠢ ᠰᠢᠨ᠎ᠡ ᠎ ᠪᠠᠷ ᠪᠠᠶᠢᠭᠤᠯᠣᠨ᠎ᠠ᠃ 8 ᠺᠢᠯᠣᠮᠧᠲᠷ ᠳᠣᠯᠠᠭᠠᠯᠭ᠎ᠠ ᠶᠢᠨ ᠬᠤᠭᠤᠯᠠᠢ ᠳᠡᠪᠢᠰᠴᠦ᠂ 4.1 ᠺᠢᠯᠣᠮᠧᠲᠷ ᠭᠠᠵᠠᠷ ᠲᠣᠣᠷᠠᠬᠢ ᠬᠤᠭᠤᠯᠠᠢ ᠶᠢ ᠵᠠᠰᠠᠨ ᠦᠭᠡᠷᠡᠴᠢᠯᠡᠵᠦ᠂ 7 ᠺᠢᠯᠣᠮᠧᠲᠷ ᠰᠢᠳᠠᠮᠠᠬᠠᠢ ᠭᠡᠢ ᠶᠢᠨ ᠬᠤᠭᠤᠯᠠᠢ ᠶᠢ ᠳᠡᠪᠢᠰᠦᠨ᠎ᠡ ᠃ ᠭᠡᠷ ᠬᠦᠷᠦᠩᠭᠡ ᠶᠢᠨ ᠨᠦᠭᠡᠴᠡ ᠶᠢ ᠪᠠᠭᠠᠰᠬᠠᠬᠤ ᠪᠠ ᠪᠣᠷᠣ ᠭᠡᠷ ᠤᠨ ᠲᠣᠭᠤᠷᠢᠭ ᠢ ᠦᠭᠡᠷᠡᠴᠢᠯᠡᠬᠦ ᠠᠵᠢᠯ ᠢ ᠨᠢᠭᠡᠳᠦᠯᠳᠠᠢ ᠲᠦᠯᠦᠪᠯᠡᠨ᠂ 1000 ᠡᠷᠦᠬᠡ ᠶᠢᠨ ᠪᠣᠷᠣ ᠭᠡᠷ ᠢ ᠦᠭᠡᠷᠡᠴᠢᠯᠡᠬᠦ ᠡᠭᠦᠷᠭᠡ ᠶᠢ ᠴᠢᠷᠮᠠᠶᠢᠨ ᠪᠡᠶᠡᠯᠡᠭᠦᠯᠵᠦ ᠂ ᠪᠣᠷᠣ ᠭᠡᠷ ᠤᠨ ᠲᠣᠭᠤᠷᠢᠭ ᠤᠨ ᠬᠤᠪᠢ ᠡᠷᠦᠭᠡ ᠳᠤᠨᠢ ᠮᠦᠩᠭᠦ ᠦᠭᠴᠦ ᠨᠡᠭᠦᠯᠭᠡᠨ ᠰᠢᠯᠵᠢᠭᠦᠯᠬᠦ ᠬᠠᠷᠢᠴᠠᠯ ᠢ 70%᠎ ᠠᠴᠠ ᠳᠡᠭᠡᠭᠰᠢ ᠳᠤ ᠬᠦᠷᠭᠡᠨ᠎ᠡ᠃ ᠵᠢᠷᠦᠭᠡ ᠪᠠᠯᠭᠠᠰᠣ᠂ ᠦᠷᠭᠡᠨᠳᠡᠯ᠎ᠡ ᠪᠠᠯᠭᠠᠰᠣᠨ ᠤ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ᠂ ᠪᠣᠬᠢᠷ ᠣᠰᠣ ᠰᠢᠢᠳᠪᠦᠷᠢᠯᠡᠬᠦ ᠲᠠᠯᠠᠪᠠᠢ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠳᠠ ᠶᠢ ᠲᠦᠷᠭᠡᠨ ᠠᠬᠢᠭᠤᠯᠣᠨ᠎ᠠ᠃ ᠬᠤᠳᠠ ᠪᠠᠯᠭᠠᠰᠣᠨ ᠤ ᠲᠣᠣᠷᠴᠢᠯᠠᠭᠰᠠᠨ᠂ ᠨᠠᠷᠢᠯᠢᠭᠵᠢᠭᠰᠠᠨ ᠬᠠᠮᠢᠶᠠᠷᠣᠯᠳᠠ ᠶᠢ ᠴᠢᠩᠭᠠᠳᠬᠠᠵᠣ᠂ ᠬᠤᠳᠠ ᠶᠢᠨ ᠲᠦᠷᠢ ᠲᠦᠷᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠶᠢ ᠶᠡᠷᠦᠩᠭᠡᠶᠢᠯᠡᠨ ᠵᠠᠰᠠᠬᠤ ᠬᠦᠴᠦᠨ ᠢ ᠴᠢᠩᠭᠠᠳᠬᠠᠨ᠎ᠠ᠃ ᠰᠠᠭᠤᠭᠠᠯᠢ ᠠᠷᠠᠳ ᠤᠨ ᠲᠣᠭᠤᠷᠢᠭ ᠤᠨ ᠭᠡᠷ ᠠᠬᠤᠢ ᠶᠢᠨ ᠬᠠᠮᠢᠶᠠᠷᠣᠯᠳᠠ ᠶᠢᠨ ᠺᠣᠮᠫᠠᠨᠢ ᠶᠢᠨ ᠬᠠᠮᠢᠶᠠᠷᠣᠯᠳᠠ ᠶᠢ ᠴᠢᠩᠭᠠᠳᠬᠠᠨ ᠳᠡᠭᠡᠭᠰᠢᠯᠡᠭᠦᠯᠦᠨ᠎ᠡ᠃ ᠬᠤᠳᠠ ᠪᠠᠯᠭᠠᠰᠣᠨ ᠤ ᠬᠠᠮᠢᠶᠠᠷᠣᠯᠳᠠ ᠶᠢᠨ ᠲᠦᠷᠢᠮ ᠲᠣᠭᠳᠠᠭᠠᠯ ᠪᠣᠯᠣᠨ ᠬᠤᠳᠠ ᠶᠢᠨ ᠠᠷᠠᠳ ᠤᠨ ᠪᠣᠯᠪᠠᠰᠣᠨ ᠤ ᠭᠡᠷ᠎ᠡ ᠶᠢ ᠲᠠᠰᠣᠷᠠᠯᠳᠠ ᠦᠭᠡᠢ ᠲᠡᠭᠦᠯᠳᠡᠷᠵᠢᠭᠦᠯᠵᠦ᠂ ᠣᠯᠠᠨ ᠲᠦᠮᠡᠨ ᠤ ᠬᠤᠳᠠ ᠪᠠᠯᠭᠠᠰᠣᠨ ᠤ ᠬᠠᠮᠢᠶᠠᠷᠣᠯᠳᠠ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠴᠡᠪᠡᠷ ᠳᠡᠭᠰᠢ᠂ ᠡᠮᠬᠢ ᠳᠠᠷᠠᠭᠠᠯᠠᠯ ᠲᠠᠢ᠂ ᠭᠤᠶᠢᠳᠠ ᠰᠠᠶᠢᠬᠠᠨ᠂ ᠪᠣᠯᠪᠠᠰᠣᠨ ᠰᠠᠭᠤᠷᠢᠰᠢᠬᠤ ᠣᠷᠴᠢᠨ ᠲᠣᠭᠤᠷᠢᠨ ᠢ ᠴᠢᠷᠮᠠᠶᠢᠨ ᠪᠦᠷᠢᠯᠳᠦᠭᠦᠯᠦᠨ᠎ᠡ᠃     ᠬᠤᠶᠠᠷ ᠲᠤ ᠰᠢᠨ᠎ᠡ ᠬᠦᠳᠡᠭᠡ ᠲᠣᠰᠬᠤᠨ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠣᠯᠳᠠ ᠶᠢ ᠲᠦᠷᠬᠡᠨ ᠠᠬᠢᠭᠤᠯᠣᠨ᠎ᠠ᠃ ︽ᠬᠦᠳᠡᠭᠡ ᠶᠢᠨ ᠠᠷᠠᠳ ᠨᠢ ᠪᠣᠯᠪᠠᠰᠣᠨ ᠰᠣᠷᠳᠠᠯ ᠲᠠᠢ᠂ ᠰᠠᠭᠤᠷᠢᠰᠢᠬᠤ ᠣᠷᠴᠢᠨ ᠲᠣᠭᠤᠷᠢᠨ ᠠᠷᠢᠭᠤᠨ ᠴᠡᠪᠡᠷ᠂ ᠰᠣᠶᠣᠯ ᠤᠨ ᠠᠮᠢᠳᠣᠷᠠᠯ ᠪᠠᠶᠠᠯᠢᠭ︾ ᠪᠠᠶᠢᠬᠤ ᠬᠠᠷᠠᠯᠳᠠ ᠶᠢ ᠪᠡᠶᠡᠯᠡᠭᠦᠯᠬᠦ ᠪᠠᠷ ᠦᠵᠡᠰᠭᠦᠯᠡᠩᠲᠦ ᠰᠠᠶᠢᠬᠠᠨ ᠬᠦᠳᠡᠭᠡ ᠲᠣᠰᠬᠤᠨ ᠤ ᠪᠦᠲᠦᠭᠡᠨ ᠪᠠᠶᠢᠭᠤᠯᠣᠯᠳᠠ ᠠᠴᠠ ᠭᠠᠷᠳᠠᠵᠣ᠂ ᠬᠦᠳᠡᠭᠡ ᠲᠣᠰᠬᠤᠨ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠳᠠ ᠪᠣᠯᠣᠨ ᠰᠠᠭᠤᠷᠢᠰᠢᠬᠤ ᠣᠷᠴᠢᠨ ᠲᠣᠭᠤᠷᠢᠨ ᠢ ᠵᠠᠰᠠᠨ ᠴᠡᠭᠴᠡᠯᠡᠭᠰᠡᠨ ᠦᠷ᠎ᠡ ᠪᠦᠲᠦᠮᠵᠢ ᠪᠠᠨ ᠰᠠᠶᠢᠳᠣᠷ ᠪᠠᠳᠣᠳᠬᠠᠵᠣ᠂ ᠣᠷᠳᠣ ᠬᠤᠭᠤᠴᠠᠭᠠᠨ ᠤ ᠪᠦᠲᠦᠮᠵᠢᠳᠠᠢ ᠬᠠᠮᠢᠶᠠᠷᠣᠯᠳᠠ ᠬᠠᠮᠠᠭᠠᠯᠠᠯᠳᠠ ᠶᠢᠨ ᠲᠦᠷᠢᠮ ᠢ ᠰᠠᠶᠢᠳᠣᠷ ᠨᠠᠶᠢᠳᠠᠪᠣᠷᠢᠵᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠣᠨ᠎ᠠ᠃ ᠬᠦᠳᠡᠭᠡ ᠶᠢᠨ ᠪᠣᠯᠪᠠᠰᠣᠨ ᠰᠣᠷᠳᠠᠯ ᠤᠨ ᠲᠣᠮᠣ ᠬᠡᠮᠵᠢᠶᠡᠨ ᠤ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠨᠡᠶᠢᠭᠡᠮ ᠤᠨ ᠶᠣᠰᠣ ᠰᠣᠷᠳᠠᠬᠤᠨ᠂ ᠭᠡᠷ ᠪᠦᠯᠢ ᠶᠢᠨ ᠪᠣᠯᠪᠠᠰᠣᠨ ᠰᠣᠷᠳᠠᠯ ᠤᠨ ᠬᠦᠮᠦᠵᠢᠯ ᠢ ᠴᠢᠩᠭᠠᠳᠬᠠᠵᠣ᠂ ᠭᠡᠪ ᠵᠠᠩᠰᠢᠯ ᠤᠨ ᠦᠭᠡᠷᠡᠴᠢᠯᠡᠯᠳᠡ ᠶᠢ ᠴᠢᠩᠭᠠᠳᠬᠠᠵᠣ᠂ ᠰᠠᠶᠢᠨ ᠰᠠᠶᠢᠬᠠᠨ ᠭᠡᠷ ᠤᠨ ᠰᠣᠷᠳᠠᠯ ᠢ ᠪᠦᠷᠢᠯᠳᠦᠭᠦᠯᠵᠦ᠂ ᠮᠠᠯᠴᠢᠨ ᠲᠠᠷᠢᠶᠠᠴᠢᠨ ᠣᠯᠠᠨ ᠲᠦᠮᠡᠨ ᠤ ᠪᠣᠯᠪᠠᠰᠣᠨ ᠤ ᠬᠡᠮᠵᠢᠶ᠎ᠡ ᠶᠢ ᠲᠠᠰᠣᠷᠠᠯᠳᠠ ᠦᠭᠡᠢ ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠢᠶᠠᠨ ᠬᠦᠭᠵᠢᠭᠦᠯᠬᠦ᠂ ᠭᠡᠷ ᠪᠦᠯᠢ ᠪᠠᠨ ᠡᠵᠡᠩᠨᠡᠬᠦ ᠂ ᠡᠷᠡᠭᠦᠯ ᠴᠢᠬᠢᠷᠠᠭ ᠢᠶᠠᠷ ᠠᠮᠢᠳᠣᠷᠠᠬᠤ ᠶᠢ ᠨᠢ ᠢᠳᠡᠪᠬᠢᠳᠠᠢ ᠵᠢᠯᠣᠭᠤᠳᠴᠣ᠂ ᠳᠠᠩᠰᠠ ᠪᠣᠳᠣᠨ ᠡᠳ᠋ ᠬᠦᠷᠦᠩᠭᠡ ᠪᠠᠨ ᠳᠣᠳᠣᠮᠳᠠᠬᠤ᠂ ᠵᠠᠷᠣᠳᠠᠯ ᠢᠶᠠᠨ ᠪᠠᠭᠠᠰᠬᠠᠵᠣ᠂ ᠰᠣᠬᠤᠷ ᠪᠠᠯᠠᠢ ᠪᠠᠷ ᠬᠤᠳᠠᠯᠳᠣᠨ ᠠᠪᠬᠤ ᠪᠠ ᠬᠡᠳᠦᠷᠡᠳᠡᠯ᠎ᠡ ᠬᠤᠳᠠᠯᠳᠣᠨ ᠠᠪᠬᠤ ᠶᠢ ᠲᠡᠪᠴᠢᠵᠦ᠂ ᠮᠠᠭᠤ ᠰᠣᠷᠳᠠᠯ ᠢ ᠳᠠᠶᠠᠭᠳᠠᠵᠣ᠂ ᠦᠪᠡᠷ ᠢ ᠪᠠᠨ ᠠᠪᠴᠣ ᠶᠠᠪᠣᠬᠤ ᠣᠬᠠᠭᠠᠨ ᠴᠢᠳᠠᠪᠣᠷᠢ ᠶᠢ ᠨᠢ ᠳᠡᠭᠡᠭᠰᠢᠯᠡᠭᠦᠯᠦᠨ᠎ᠡ᠃ ᠠᠷᠢᠭᠤᠨ ᠴᠡᠪᠡᠷ ᠰᠣᠮᠣ ᠪᠠᠯᠭᠠᠰᠣ᠂ ᠭᠠᠴᠠᠭ᠎ᠠ ᠲᠣᠰᠬᠤᠨ ᠢ ᠡᠭᠦᠳᠦᠨ ᠪᠠᠶᠢᠭᠤᠯᠬᠤ ᠠᠵᠢᠯ ᠢ ᠬᠦᠨᠵᠡᠭᠡᠢ ᠦᠷᠨᠢᠭᠦᠯᠵᠦ᠂ ᠨᠦᠭᠦᠴᠡᠯ ᠳᠤ ᠨᠡᠶᠢᠴᠡᠬᠦ ᠰᠣᠮᠣ ᠪᠠᠯᠭᠠᠰᠣ ᠪᠣᠯᠣᠨ ᠭᠠᠴᠠᠭ᠎ᠠ ᠲᠣᠰᠬᠤᠨ ᠢ ᠦᠪᠡᠷᠳᠡᠭᠡᠨ ᠵᠠᠰᠠᠬᠤ ᠣᠷᠣᠨ ᠤ ᠠᠷᠢᠭᠤᠨ ᠴᠡᠪᠡᠷ ᠤᠨ ᠡᠩᠨᠡᠭᠡᠨ ᠳᠤ ᠣᠷᠣᠭᠤᠯᠬᠤ ᠶᠢ ᠠᠬᠢᠭᠤᠯᠵᠣ᠂ ᠪᠦᠬᠦ ᠣᠷᠣᠨ ᠤ ᠰᠢᠨ᠎ᠡ ᠬᠦᠳᠡᠭᠡ ᠲᠣᠰᠬᠤᠨ ᠰᠢᠨ᠎ᠡ ᠮᠠᠯᠵᠢᠬᠤ ᠣᠷᠣᠨ ᠤ ᠵᠢᠱᠢᠶ᠎ᠡ ᠦᠵᠡᠭᠦᠯᠬᠦ ᠴᠡᠭ ᠢ ᠢᠳᠡᠪᠬᠢᠳᠠᠢ ᠡᠭᠦᠳᠦᠨ᠎ᠡ᠃     ︵ᠳᠣᠯᠤᠭ᠎ᠠ︶ ᠦᠭᠡᠷᠡᠴᠢᠯᠡᠯᠳᠡ ᠶᠢ ᠠᠳᠬᠤᠨ ᠨᠡᠭᠡᠭᠡᠯᠳᠡ ᠶᠢ ᠠᠬᠢᠭᠤᠯᠵᠣ᠂ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠡ᠃     ᠨᠢᠭᠡ ᠳᠤ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠦᠭᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠣᠨ᠎ᠠ᠃ ᠬᠤᠰᠢᠭᠤ ᠨᠠᠮ ᠤᠨ ᠬᠤᠷᠢᠶᠠᠨ ᠠᠴᠠ ᠪᠠᠶᠢᠷᠢᠯᠠᠭᠤᠯᠣᠭᠰᠠᠨ ᠡᠯ᠎ᠡ ᠲᠦᠷᠦᠯ ᠤᠨ ᠦᠭᠡᠷᠡᠴᠢᠯᠡᠯᠳᠡ ᠶᠢᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠰᠢᠰᠲ᠋ᠧᠮ᠂ ᠨᠡᠶᠢᠭᠡᠮ ᠤᠨ ᠪᠠᠳᠣᠯᠠᠭ᠎ᠠ᠂ ᠰᠣᠷᠭᠠᠨ ᠬᠦᠮᠦᠵᠢᠯ ᠤᠨ ᠰᠢᠰᠲ᠋ᠧᠮ᠂ ᠡᠮ ᠡᠮᠨᠡᠯᠭᠡ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠢᠰᠲ᠋ᠧᠮ᠂ ᠠᠮᠢ ᠠᠬᠤᠢ ᠶᠢᠨ ᠪᠣᠯᠪᠠᠰᠣᠨ ᠤ ᠰᠢᠰᠲ᠋ᠧᠮ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠣᠯ ᠦᠭᠡᠢ ᠂ ᠨᠡᠭᠡᠭᠡᠯᠳᠡ ᠲᠠᠢ᠂ ᠬᠠᠮᠳᠣᠪᠡᠷ ᠡᠳ᠋ᠯᠡᠬᠦ ᠬᠦᠭᠵᠢᠯᠳᠡ ᠶᠢᠨ ᠰᠢᠰᠲ᠋ᠧᠮ ᠤᠨ  ᠲᠣᠭᠳᠠᠯᠴᠠᠭᠠᠨ ᠤ ᠪᠦᠷᠢᠯᠳᠦᠯ ᠢ ᠠᠬᠢᠭᠤᠯᠣᠨ᠎ᠠ᠃ ᠳᠡᠭᠡᠲᠦ ᠱᠠᠳᠣᠨ ᠤ ᠲᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠵᠦᠢᠯ ᠢ ᠢᠳᠡᠪᠬᠢᠳᠠᠢ ᠭᠠᠷᠳᠠᠨ ᠠᠪᠴᠣ᠂ ᠠᠵᠢᠯ ᠤᠨ ᠶᠠᠪᠣᠴᠠ ᠪᠠᠨ ᠲᠦᠭᠦᠮᠴᠢᠯᠡᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠢᠰᠲ᠋ᠧᠮ ᠤᠨ ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ᠵᠠᠰᠠᠭ ᠢ ᠴᠣᠮᠬᠠᠳᠬᠠᠨ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠣᠶᠠᠯᠳᠣᠭᠤᠯᠬᠤ᠂ ᠦᠢᠯᠡᠴᠢᠯᠡᠭᠡ ᠪᠠᠨ ᠰᠢᠯᠢᠳᠡᠭᠵᠢᠭᠦᠯᠬᠦ ᠶᠢ ᠲᠦᠷᠭᠡᠨ ᠠᠬᠢᠭᠤᠯᠣᠨ᠎ᠠ᠃  ᠦᠭᠡᠷᠡᠴᠢᠯᠡᠯᠳᠡ ᠶᠢᠨ ᠲᠣᠷᠰᠢᠯᠳᠠ ᠶᠢᠨ ᠴᠡᠭ ᠤᠨ ᠠᠵᠢᠯ ᠢ ᠨᠢᠭᠡᠳᠦᠯᠳᠠᠢ ᠠᠬᠢᠭᠤᠯᠵᠣ᠂ ᠲᠣᠷᠰᠢᠯᠭ᠎ᠠ ᠪᠠᠨ ᠴᠠᠭ ᠲᠣᠬᠠᠢ ᠳᠤᠨᠢ ᠳ᠋ᠦᠩᠨᠡᠨ᠂ ᠲᠣᠷᠰᠢᠯᠳᠠ ᠶᠢᠨ ᠴᠡᠭ ᠤᠨ ᠦᠢᠯᠡᠳᠦᠯ ᠢᠶᠠᠨ ᠪᠠᠳᠠᠷᠠᠭᠤᠯᠣᠨ᠎ᠠ᠃     ᠬᠤᠶᠠᠷ ᠲᠤ ᠨᠡᠭᠡᠭᠡᠯᠳᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠨᠢᠭᠡ ᠪᠦᠰᠡ ᠨᠢᠭᠡ ᠵᠠᠮ︾᠂ ᠳᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠬᠤᠩᠭᠢᠯ᠂ ᠵᠡᠭᠦᠨ ᠬᠤᠶᠢᠳᠣ ᠶᠢ ᠬᠦᠭᠵᠢᠭᠦᠯᠬᠦ ᠪᠣᠯᠣᠨ ᠪᠠᠷᠠᠭᠤᠨ ᠣᠷᠣᠨ ᠢ ᠨᠡᠭᠡᠭᠡᠨ ᠬᠦᠭᠵᠢᠭᠦᠯᠬᠦ ᠵᠡᠷᠭᠡ ᠣᠯᠣᠰ ᠤᠨ ᠪᠠᠶᠢᠯᠳᠣᠬᠤ ᠪᠣᠳᠣᠯᠭ᠎ᠠ ᠳᠤ ᠢᠳᠡᠪᠬᠢᠳᠠᠢ ᠣᠷᠣᠯᠴᠠᠵᠣ᠂ ᠪᠦᠬᠦ ᠲᠠᠯ᠎ᠠ ᠪᠠᠷ ᠨᠡᠭᠡᠭᠡᠨ ᠬᠦᠭᠵᠢᠭᠦᠯᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠡᠷᠢᠶᠡᠨ ᠪᠣᠭᠤᠮᠳᠠ ᠶᠢᠨ ᠳᠠᠪᠠᠭᠤᠯᠢᠭ ᠢ ᠠᠰᠢᠭᠯᠠᠨ᠂ ᠨᠣᠣᠰᠣᠨ ᠨᠡᠭᠡᠮᠡᠯ ᠤᠨ ᠠᠵᠣ ᠦᠢᠯᠡᠰ ᠤᠨ ᠡᠷᠬᠢᠯᠳᠡᠲᠦ ᠠᠵᠣ ᠠᠬᠤᠢ ᠶᠢᠨ ᠲᠣᠭᠤᠷᠢᠭ ᠢ ᠡᠷᠢᠶᠡᠨ ᠬᠤᠳᠠ ᠶᠢᠨ ᠨᠡᠭᠡᠭᠡᠨ ᠬᠦᠭᠵᠢᠭᠦᠯᠬᠦ ᠲᠣᠷᠰᠢᠯᠳᠠ ᠶᠢᠨ ᠣᠷᠣᠨ ᠤ ᠢᠵᠢ ᠪᠦᠷᠢᠨᠰᠢᠯ ᠲᠣᠭᠤᠷᠢᠭ ᠪᠣᠯᠭᠠᠨ ᠡᠭᠦᠳᠴᠦ᠂ ᠮᠣᠩᠭᠤᠯ ᠣᠯᠣᠰ ᠲᠠᠢ ᠬᠠᠷᠢᠯᠴᠠᠭ᠎ᠠ ᠬᠠᠮᠳᠣᠷᠠᠯᠴᠠᠭ᠎ᠠ ᠪᠠᠨ ᠣᠯᠠᠮ ᠬᠦᠨᠵᠡᠭᠡᠶᠢᠷᠡᠭᠦᠯᠵᠦ᠂ ᠮᠣᠩᠭᠤᠯ ᠣᠯᠣᠰ ᠲᠠᠬᠢ ᠡᠬᠢ ᠪᠠᠶᠠᠯᠢᠭ ᠤᠨ ᠠᠰᠢᠭᠯᠠᠯᠳᠠ ᠶᠢᠨ ᠬᠢᠷᠢ ᠲᠦᠪᠰᠢᠨ ᠢ ᠲᠠᠰᠣᠷᠠᠯᠳᠠ ᠦᠭᠡᠢ ᠳᠡᠭᠡᠭᠰᠢᠯᠡᠭᠦᠯᠦᠨ᠎ᠡ᠃ ᠡᠷᠢᠶᠡᠨ ᠭᠠᠶᠢᠯᠢ ᠶᠢᠨ ᠪᠣᠭᠤᠮᠳᠠ ᠲᠠᠢ ᠬᠠᠷᠢᠯᠴᠠᠭ᠎ᠠ ᠪᠠᠨ ᠴᠢᠩᠭᠠᠳᠬᠠᠵᠣ ᠂ ᠨᠣᠣᠰᠣᠨ ᠨᠡᠭᠡᠮᠡᠯ ᠤᠨ ᠠᠵᠣ ᠦᠢᠯᠡᠰ ᠤᠨ ᠡᠷᠬᠢᠯᠳᠡᠲᠦ ᠠᠵᠣ ᠠᠬᠤᠢ ᠶᠢᠨ ᠲᠣᠭᠤᠷᠢᠭ ᠲᠤ ᠭᠠᠶᠢᠯᠢ ᠦᠭᠡᠢ ᠬᠦᠮᠦᠷᠭᠡ ᠶᠢ ᠰᠢᠨ᠎ᠡ ᠪᠠᠷ ᠪᠠᠶᠢᠭᠤᠯᠵᠣ᠂ ᠭᠤᠣᠯᠳᠠᠯᠭ᠎ᠠ ᠲᠠᠢ ᠨᠣᠣᠰᠣ ᠨᠣᠯᠣᠣᠷ ᠤᠨ ᠠᠵᠣ ᠠᠬᠤᠶᠢᠯᠠᠯ ᠤᠨ ᠪᠣᠭᠤᠮᠳᠠ ᠪᠠᠷ ᠣᠷᠣᠭᠤᠯᠵᠣ ᠭᠠᠷᠭᠠᠬᠤ ᠠᠷᠠᠯᠵᠢᠶᠠᠨ ᠤ ᠡᠷᠭᠡ ᠣᠯᠬᠤ ᠳᠤᠨᠢ ᠬᠠᠮᠵᠢᠯᠴᠠᠵᠣ᠂ ᠭᠠᠳᠠᠭᠠᠳᠣ ᠠᠷᠠᠯᠵᠢᠶᠠᠨ ᠤ ᠬᠦᠭᠵᠢᠯᠳᠡ ᠶᠢ ᠲᠦᠷᠭᠡᠳᠭᠡᠨ᠎ᠡ᠃     ︵ᠨᠠᠢᠮᠠ︶ ᠠᠷᠠᠳ ᠤᠨ ᠠᠮᠢᠳᠣᠷᠠᠯ ᠳᠤ ᠬᠠᠷᠠᠭᠠᠯᠵᠠᠯ ᠬᠦᠷᠳᠡᠭᠡᠨ ᠬᠠᠮᠳᠣᠪᠡᠷ ᠡᠳ᠋ᠯᠡᠬᠦ ᠶᠢ ᠠᠬᠢᠭᠤᠯᠵᠣ᠂ ᠠᠷᠠᠳ ᠲᠦᠮᠡᠨ ᠳᠤ ᠨᠡᠩ ᠶᠡᠭᠡ ᠵᠣᠯ ᠵᠢᠷᠭᠠᠯ ᠡᠳ᠋ᠯᠡᠭᠦᠯᠦᠨ᠎ᠡ᠃     ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠢ ᠯᠠᠪᠳᠠᠭᠤᠨ ᠪᠠᠳᠣᠳᠠᠢ ᠦᠷᠨᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠪᠣᠯ ᠮᠠᠨ ᠤ ᠬᠤᠰᠢᠭᠤᠨ ᠤ ᠲᠡᠷᠢᠭᠦᠨ ᠴᠢᠬᠤᠯᠠ ᠠᠷᠠᠳ ᠤᠨ ᠠᠮᠢᠳᠣᠷᠠᠯ ᠤᠨ ᠢᠨᠵᠧᠨᠧᠷᠢᠩ᠂ ᠬᠦᠨᠳᠦ ᠭᠡᠴᠡᠭᠦᠦ ᠬᠠᠷᠢᠭᠤᠴᠠᠯᠭ᠎ᠠ ᠶᠣᠮ᠃ ᠣᠨᠣᠴᠠ ᠲᠠᠢ ᠠᠬᠢᠭᠤᠯᠬᠤ ᠳᠡᠭᠡᠷ᠎ᠡ ᠬᠦᠴᠦ ᠪᠠᠨ ᠲᠠᠯᠪᠢᠨ᠎ᠠ᠃ ᠳᠠᠩᠰᠠ ᠪᠠᠶᠢᠭᠤᠯᠬᠤ ᠠᠵᠢᠯ ᠢ ᠬᠦᠳᠡᠯᠦᠩᠭᠦᠢ ᠪᠠᠷ ᠠᠬᠢᠭᠤᠯᠵᠣ᠂ ᠶᠠᠳᠠᠭᠤ ᠬᠦᠴᠢᠷᠳᠡᠯᠳᠠᠢ ᠡᠷᠦᠬᠡ ᠶᠢᠨ ᠶᠠᠳᠠᠭᠤᠷᠠᠯ ᠤᠨ ᠬᠡᠮᠵᠢᠶ᠎ᠡ᠂ ᠶᠠᠳᠠᠭᠤᠷᠠᠭᠰᠠᠨ ᠰᠢᠯᠳᠠᠭᠠᠨ᠂ ᠳᠡᠳᠭᠦᠯᠳᠡ ᠶᠢᠨ ᠱᠠᠭᠠᠷᠳᠠᠯᠭ᠎ᠠ ᠶᠢ ᠣᠨᠣᠪᠴᠢᠳᠠᠢ ᠡᠵᠡᠮᠳᠡᠵᠦ᠂ ᠬᠦᠮᠦᠨ ᠪᠠ ᠡᠷᠦᠭᠡ ᠳᠤᠨᠢ ᠲᠣᠬᠢᠷᠠᠭᠤᠯᠣᠨ ᠳᠡᠮᠵᠢᠨ ᠳᠡᠳᠭᠦᠬᠦ ᠲᠦᠯᠦᠪᠯᠡᠭᠡ ᠶᠢ ᠲᠣᠭᠳᠠᠵᠣ᠂ ᠡᠷᠦᠭᠡ ᠪᠣᠯᠭᠠᠨ ᠬᠦᠮᠦᠨ ᠪᠦᠷᠢ ᠳᠤ ᠳᠡᠳᠭᠦᠬᠦ ᠠᠷᠭ᠎ᠠ ᠬᠡᠮᠵᠢᠶ᠎ᠡ ᠪᠠᠨ ᠨᠠᠶᠢᠳᠠᠪᠣᠷᠢᠵᠢᠭᠤᠯᠵᠣ᠂ ᠶᠠᠳᠠᠭᠤ ᠶᠢ ᠳᠡᠳᠭᠦᠬᠦ ᠲᠦᠷᠦᠯ ᠵᠦᠢᠯ᠂ ᠪᠡᠯᠡ ᠮᠦᠩᠭᠦ᠂ ᠬᠦᠴᠦᠨ ᠴᠢᠳᠠᠯ ᠢ ᠨᠠᠷᠢᠯᠢᠭ ᠣᠨᠣᠪᠴᠢᠳᠠᠢ ᠪᠠᠷ ᠶᠠᠳᠠᠭᠤ ᠬᠦᠴᠢᠷᠳᠡᠯᠳᠠᠢ ᠬᠦᠮᠦᠨ ᠪᠦᠷᠢ ᠳᠤ ᠨᠠᠶᠢᠳᠠᠪᠣᠷᠢᠵᠢᠭᠤᠯᠬᠤ ᠶᠢ ᠪᠠᠳᠣᠯᠠᠵᠣ᠂ ᠣᠨᠢᠨ ᠳᠡᠭᠡᠷ᠎ᠡ ᠨᠢ ᠳᠡᠳᠭᠦᠬᠦ ᠶᠢ ᠪᠠᠳᠣᠯᠠᠨ᠎ᠠ᠃ ᠲᠦᠷᠦ ᠶᠢᠨ ᠪᠣᠳᠣᠯᠭ᠎ᠠ ᠶᠢ ᠣᠨᠣᠴᠠ ᠲᠠᠢ ᠬᠡᠷᠡᠭᠵᠢᠭᠦᠯᠬᠦ ᠳᠡᠭᠡᠷ᠎ᠡ ᠪᠣᠳᠠᠳᠣ ᠠᠷᠭ᠎ᠠ ᠬᠡᠮᠵᠢᠶ᠎ᠡ ᠠᠪᠣᠨ᠎ᠠ᠃ ᠠᠵᠣ ᠦᠢᠯᠡᠰ ᠢᠶᠠᠷ ᠶᠠᠳᠠᠭᠤ ᠶᠢ ᠳᠡᠳᠭᠦᠬᠦ ᠲᠠᠯ᠎ᠠ ᠳᠤ᠂ ᠣᠳᠣᠬᠢᠴᠢᠯᠠᠭᠰᠠᠨ ᠮᠠᠯᠵᠢᠯ ᠤᠨ ᠦᠢᠯᠡᠰ ᠢ ᠬᠦᠭᠵᠢᠭᠦᠯᠬᠦ ᠶᠢ ᠶᠠᠳᠠᠭᠤ ᠠᠴᠠ ᠠᠩᠭᠢᠵᠢᠷᠠᠭᠤᠯᠬᠤ ᠭᠤᠣᠯ ᠠᠷᠭ᠎ᠠ ᠪᠣᠯᠭᠠᠬᠤ ᠶᠢ ᠪᠠᠷᠢᠮᠳᠠᠯᠠᠵᠣ᠂ ᠶᠠᠳᠠᠭᠤ ᠶᠢ ᠳᠡᠳᠭᠦᠬᠦ ᠲᠣᠯᠣᠭᠠᠶᠢᠯᠠᠭᠴᠢ ᠠᠵᠣ ᠠᠬᠤᠶᠢᠯᠠᠯ ᠤᠨ ᠬᠦᠭᠵᠢᠯᠳᠡ ᠶᠢ ᠳᠡᠮᠵᠢᠵᠦ᠂ ᠡᠳ᠋ ᠬᠦᠷᠦᠩᠭᠡ ᠶᠢᠨ ᠠᠰᠢᠭ ᠣᠷᠣᠯᠭ᠎ᠠ ᠪᠠᠷ ᠶᠠᠳᠠᠭᠤ ᠶᠢ ᠳᠡᠳᠭᠦᠬᠦ ᠶᠢ ᠢᠳᠡᠪᠬᠢᠳᠠᠢ ᠬᠠᠶᠢᠨ ᠰᠦᠪᠡᠭᠴᠢᠯᠡᠵᠦ᠂ ᠭᠠᠵᠠᠷ ᠰᠢᠷᠣᠢ  ᠡᠵᠡᠩᠨᠡᠨ ᠡᠷᠬᠢᠯᠳᠦᠭᠦᠯᠬᠦ᠂ ᠣᠷᠣᠯᠠᠨ ᠮᠠᠯᠵᠢᠬᠤ᠂ ᠡᠪᠡᠰᠦ ᠪᠡᠯᠴᠢᠭᠡᠷ ᠢᠶᠠᠷ ᠬᠤᠪᠢ ᠣᠷᠣᠭᠤᠯᠬᠤ᠂ ᠶᠠᠳᠠᠭᠤ ᠎ ᠶᠢ ᠳᠡᠳᠭᠦᠬᠦ ᠪᠡᠯᠡ ᠮᠦᠩᠭᠦ ᠶᠢ ᠬᠤᠪᠢ ᠣᠷᠣᠭᠤᠯᠣᠯᠳᠠ ᠪᠠᠷ ᠨᠣᠭᠤᠯᠣᠨ ᠣᠷᠣᠭᠤᠯᠬᠤ ᠵᠡᠷᠭᠡ ᠣᠯᠠᠨ ᠠᠷᠭ᠎ᠠ ᠵᠠᠮ ᠎ ᠢᠶᠠᠷ ᠣᠷᠣᠯᠭ᠎ᠠ ᠶᠢ ᠨᠡᠮᠡᠭᠳᠡᠭᠦᠯᠵᠦ᠂ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠢᠳᠡᠪᠬᠢᠳᠠᠢ ᠪᠠᠷ ᠦᠪᠡᠷ ᠢ ᠪᠠᠨ ᠬᠦᠭᠵᠢᠭᠦᠯᠬᠦ ᠵᠠᠮ ᠳᠤ ᠣᠷᠣᠬᠤ ᠶᠢ ᠠᠬᠢᠭᠤᠯᠣᠨ᠎ᠠ᠃ ︽ᠭᠤᠷᠪᠠ ᠶᠢ ᠬᠦᠳᠡᠭᠡ ᠲᠣᠰᠬᠤᠨ ᠳᠤ ᠪᠠᠭᠤᠯᠭᠠᠵᠣ ᠭᠤᠷᠪᠠ ᠶᠢ ᠡᠷᠦᠬᠡ ᠳᠤ ᠨᠠᠶᠢᠳᠠᠪᠣᠷᠢᠵᠢᠭᠤᠯᠬᠤ︾ ᠵᠡᠷᠭᠡ ᠮᠠᠯᠵᠢᠬᠤ ᠲᠠᠷᠢᠶᠠᠯᠠᠬᠤ ᠳᠤ ᠬᠤᠯᠪᠣᠭᠳᠠᠬᠤ ᠪᠡᠯᠡ ᠮᠦᠩᠭᠦ ᠎ ᠶᠢ ᠨᠢᠭᠡᠳᠦᠯᠳᠠᠢ ᠲᠦᠯᠦᠪᠯᠡᠨ ᠨᠡᠶᠢᠯᠡᠭᠦᠯᠵᠦ᠂ ᠶᠠᠳᠠᠭᠤ ᠬᠦᠴᠢᠷᠳᠡᠯᠳᠠᠢ ᠡᠷᠦᠬᠡ ᠶᠢᠨ ᠰᠢᠨ᠎ᠡ ᠶᠢ ᠡᠭᠦᠳᠬᠦ ᠬᠡᠯᠪᠡᠷᠢ ᠎ ᠶᠢᠨ ᠬᠦᠭᠵᠢᠯᠳᠡ ᠶᠢᠨ ᠠᠵᠣ ᠦᠢᠯᠡᠰ ᠢ ᠳᠡᠮᠵᠢᠵᠦ᠂ ᠣᠷᠳᠣ ᠬᠤᠭᠤᠴᠠᠭ᠎ᠠ ᠪᠠᠷ ᠠᠰᠢᠭ ᠬᠦᠷᠳᠡᠬᠦ᠂ ᠴᠢᠨᠠᠭᠰᠢᠳᠠ ᠦᠭᠡᠳᠡᠯᠡᠨ ᠳᠡᠭᠵᠢᠷᠡᠬᠦ ᠶᠢ ᠨᠢ ᠪᠠᠳᠣᠯᠠᠨ᠎ᠠ᠃ ︽ᠶᠠᠳᠠᠭᠤ ᠶᠢ ᠳᠡᠳᠭᠦᠬᠦ +︾ ᠬᠡᠯᠪᠡᠷᠢ ᠮᠠᠶ᠋ᠢᠭ ᠢ ᠲᠦᠭᠡᠮᠡᠯᠵᠢᠭᠦᠯᠵᠦ᠂ ᠶᠠᠳᠠᠭᠤ ᠶᠢ ᠳᠡᠳᠭᠦᠬᠦ ᠶᠢ ᠡᠯᠧᠺᠲᠷᠣᠨ ᠬᠤᠳᠠᠯᠳᠤᠭ᠎ᠠ᠂ ᠵᠢᠭᠤᠯᠴᠢᠯᠠᠯ᠂ ᠨᠠᠷᠠᠨ ᠤ ᠡᠨᠧᠷᠬᠢ ᠎ ᠢᠶᠠᠷ ᠴᠠᠬᠢᠯᠭᠠᠨ ᠭᠠᠷᠭᠠᠬᠤ ᠵᠡᠷᠭᠡ ᠠᠵᠣ ᠦᠢᠯᠡᠰ ᠲᠠᠢ ᠣᠷᠭᠠᠨᠢᠭ ᠢᠶᠠᠷ ᠣᠶᠠᠯᠳᠣᠭᠤᠯᠵᠣ᠂ ᠶᠠᠳᠠᠭᠤ ᠬᠦᠴᠢᠷᠳᠠᠯᠳᠠᠢ ᠡᠷᠦᠭᠡ ᠶᠢ ᠲᠣᠬᠠᠢ ᠶᠢᠨ ᠭᠠᠵᠠᠷ ᠲᠤᠨᠢ ᠲᠣᠬᠢᠷᠠᠭᠤᠯᠣᠨ ᠳᠡᠳᠭᠦᠵᠦ᠂ ᠬᠦᠮᠦᠨ ᠳᠤᠨᠢ ᠲᠣᠬᠢᠷᠠᠭᠤᠯᠣᠨ ᠪᠣᠳᠣᠯᠭ᠎ᠠ ᠠᠪᠴᠣ᠂ ᠶᠠᠳᠠᠭᠤ ᠬᠦᠴᠢᠷᠳᠡᠯᠳᠠᠢ ᠡᠷᠦᠭᠡ ᠶᠢᠨ ᠴᠢᠳᠠᠪᠣᠷᠢ ᠪᠣᠯᠣᠨ ᠰᠠᠨᠠᠯ ᠢ ᠨᠢ ᠦᠨᠳᠦᠰᠦᠯᠡᠨ᠂ ᠦᠭᠡᠳᠡᠯᠡᠨ ᠲᠡᠭᠵᠢᠷᠡᠬᠦ ᠳᠤᠨᠢ ᠲᠣᠬᠢᠷᠠᠬᠤ ᠣᠨᠴᠠᠯᠢᠭᠳᠣ ᠠᠵᠣ ᠦᠢᠯᠡᠰ ᠢ ᠰᠣᠩᠭᠤᠨ᠎ᠠ᠃ ᠣᠨᠳᠣᠣ ᠭᠠᠵᠠᠷ ᠲᠤ ᠨᠡᠭᠦᠯᠭᠡᠨ ᠰᠢᠯᠵᠢᠭᠦᠯᠬᠦ ᠠᠵᠢᠯ ᠢ ᠠᠬᠢᠭᠤᠯᠵᠣ᠂ ᠳᠠᠩᠰᠠᠯᠠᠭᠰᠠᠨ 66 ᠶᠠᠳᠠᠭᠤ ᠬᠦᠴᠢᠷᠳᠡᠯᠳᠠᠢ ᠡᠷᠦᠬᠡ ᠶᠢᠨ 200 ᠬᠦᠮᠦᠨ ᠢ ᠣᠨᠳᠣᠣ ᠭᠠᠵᠠᠷ ᠲᠤ ᠨᠡᠭᠦᠯᠭᠡᠨ ᠰᠢᠯᠵᠢᠭᠦᠯᠦᠨ᠎ᠡ᠃ ᠡᠮ ᠡᠮᠨᠡᠯᠭᠡ ᠪᠠᠷ ᠶᠠᠳᠠᠭᠤ ᠶᠢ ᠳᠡᠳᠭᠦᠬᠦ ᠠᠵᠢᠯ ᠢ ᠦᠷᠨᠢᠭᠦᠯᠵᠦ ᠂ ᠬᠤᠳᠠᠯᠳᠣᠭᠠᠨ ᠤ ᠳᠠᠭᠠᠣᠬᠠᠯ ᠳᠤ ᠣᠷᠣᠭᠤᠯᠬᠤ ᠪᠠᠷ ᠳᠠᠮᠵᠢᠨ᠂ ᠡᠮ ᠡᠮᠨᠡᠯᠭᠡ ᠶᠢᠨ ᠰᠦᠢᠳᠭᠡᠯ ᠢ ᠨᠢ ᠴᠠᠶᠢᠷᠠᠭᠤᠯᠵᠣ ᠦᠭᠬᠦ ᠬᠠᠷᠢᠴᠠᠯ ᠢ ᠳᠡᠭᠡᠭᠰᠢᠯᠡᠭᠦᠯᠵᠦ᠂ ᠭᠡᠷ ᠲᠡᠭᠡᠨ ᠡᠮᠨᠡᠭᠦᠯᠬᠦ ᠲᠣᠷᠰᠢᠯᠳᠠ ᠶᠢᠨ ᠴᠡᠭ ᠤᠨ ᠠᠵᠢᠯ ᠢ ᠬᠡᠷᠡᠭᠵᠢᠭᠦᠯᠵᠦ᠂ ᠶᠠᠳᠠᠭᠤ ᠬᠦᠴᠢᠷᠳᠠᠯᠳᠠᠢ ᠡᠷᠦᠭᠡ ᠶᠢᠨ ᠡᠮ ᠡᠮᠨᠡᠯᠭᠡ ᠶᠢᠨ ᠳᠠᠷᠣᠭᠠᠰᠣ ᠶᠢ ᠨᠢ ᠬᠦᠩᠭᠡᠯᠡᠨ᠎ᠡ᠃ ᠠᠵᠢᠯ ᠣᠯᠭᠤᠯᠳᠠ ᠦᠢᠯᠡᠰ ᠪᠣᠰᠬᠠᠬᠤ ᠪᠠᠷ ᠶᠠᠳᠠᠭᠤ ᠶᠢ ᠳᠡᠳᠭᠦᠬᠦ ᠶᠢ ᠠᠬᠢᠭᠤᠯᠵᠣ᠂ ᠶᠠᠳᠠᠭᠤ ᠬᠦᠴᠢᠷᠳᠡᠯᠳᠠᠢ ᠡᠷᠦᠭᠡ ᠶᠢᠨ ᠠᠵᠢᠯ ᠣᠯᠬᠤ ᠬᠦᠰᠡᠯ ᠪᠣᠯᠣᠨ ᠵᠠᠬ᠎ᠠ ᠳᠡᠯᠭᠡᠭᠦᠷ ᠤᠨ ᠬᠡᠷᠡᠭᠴᠡᠭᠡ ᠳᠤ ᠬᠠᠨᠳᠣᠭᠤᠯᠵᠣ᠂ ᠪᠣᠳᠠᠳᠣ ᠬᠡᠷᠡᠭᠴᠡᠭᠡᠨ ᠤ ᠮᠡᠷᠭᠡᠵᠢᠯ ᠤᠨ ᠪᠣᠯᠪᠠᠰᠣᠷᠠᠯ ᠢ ᠶᠡᠬᠡᠪᠡᠷ ᠦᠷᠨᠢᠭᠦᠯᠵᠦ᠂ ᠶᠠᠳᠠᠭᠤ ᠬᠦᠴᠢᠷᠳᠡᠯᠳᠠᠢ ᠭᠡᠷ ᠪᠦᠯᠢ ᠶᠢᠨ ᠬᠦᠳᠡᠯᠮᠦᠷᠢ ᠬᠦᠴᠦᠨ ᠤ ᠠᠳᠠᠭ ᠲᠠᠭᠠᠨ ᠨᠢᠭᠡ ᠲᠦᠷᠦᠯ ᠤᠨ ᠮᠡᠷᠭᠡᠵᠢᠯ ᠢ ᠡᠵᠡᠮᠰᠢᠬᠦ ᠶᠢ ᠪᠠᠳᠣᠯᠠᠨ᠎ᠠ᠃ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢ ᠴᠢᠩᠭᠠᠳᠬᠠᠵᠣ᠂ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠪᠣᠯᠣᠨ ᠶᠠᠳᠠᠭᠤ ᠶᠢ ᠳᠡᠳᠭᠦᠬᠦ ᠶᠢ ᠪᠦᠲᠦᠮᠵᠢᠳᠠᠢ ᠣᠶᠠᠯᠳᠣᠭᠤᠯᠵᠣ᠂ ᠨᠦᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠳᠠᠢ ᠡᠷᠦᠬᠡ ᠶᠢ ᠴᠠᠭ ᠲᠣᠬᠠᠢ ᠳᠤᠨᠢ ᠳᠡᠳᠭᠦᠮᠵᠢ ᠳᠤ ᠣᠷᠣᠭᠤᠯᠵᠣ᠂ ᠨᠦᠬᠦᠪᠦᠷᠢ ᠶᠢᠨ ᠪᠡᠯᠡ ᠮᠦᠩᠭᠦ ᠶᠢ ᠴᠠᠭ ᠲᠣᠬᠠᠢ ᠳᠤᠨᠢ ᠭᠦᠢᠴᠡᠳ ᠣᠯᠭᠤᠵᠣ᠂ ᠪᠠᠳᠣᠯᠠᠬᠤ ᠵᠣᠬᠢᠰᠳᠠᠢ ᠶᠢ ᠴᠦᠮ ᠪᠠᠳᠣᠯᠠᠨ᠎ᠠ᠃ ᠲᠣᠰᠬᠠᠢ ᠲᠦᠷᠦᠯ ᠎ ᠢᠶᠠᠷ ᠶᠠᠳᠠᠭᠤ ᠶᠢ ᠳᠡᠳᠭᠦᠬᠦ᠂ ᠠᠵᠢᠯ ᠲᠦᠷᠦᠯ ᠢᠶᠠᠷ ᠶᠠᠳᠠᠭᠤ ᠶᠢ ᠳᠡᠳᠭᠦᠬᠦ᠂ ᠨᠡᠶᠢᠭᠡᠮ ᠠᠴᠠ ᠶᠠᠳᠠᠭᠤ ᠶᠢ ᠳᠡᠳᠭᠦᠬᠦ ᠠᠵᠢᠯ ᠢ ᠨᠢᠭᠡᠳᠦᠯᠳᠠᠢ ᠲᠦᠯᠦᠪᠯᠡᠨ ᠰᠠᠶᠢᠳᠣᠷ ᠠᠳᠬᠤᠵᠣ᠂ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠴᠢᠯᠠᠯᠳᠠ᠂ ᠮᠠᠯᠵᠢᠬᠤ ᠲᠠᠷᠢᠶᠠᠯᠠᠬᠤ ᠣᠷᠣᠨ ᠤ ᠣᠣᠭᠤᠬᠤ ᠣᠰᠣᠨ ᠤ ᠠᠮᠣᠷ ᠲᠦᠪᠰᠢᠨ ᠪᠣᠯᠣᠨ ︽ᠪᠣᠶᠠᠨᠰᠠᠭ ᠦᠢᠯᠡ︾ ᠶᠠᠳᠠᠭᠤ ᠬᠦᠴᠢᠷᠳᠡᠯᠳᠠᠢ ᠡᠷᠦᠭᠡ ᠶᠢᠨ ᠮᠠᠯ ᠢ ᠬᠤᠳᠠᠯᠳᠣᠵᠣ ᠦᠭᠬᠦ ᠲᠦᠷᠦᠯ ᠵᠦᠢᠯ ᠢ ᠰᠠᠶᠢᠳᠣᠷ ᠬᠡᠷᠡᠭᠵᠢᠭᠦᠯᠵᠦ᠂ ᠳᠣᠮᠳᠠᠳᠣ ᠣᠯᠣᠰ ᠤᠨ ᠠᠭᠠᠷ ᠠᠶᠠᠯᠠᠯ ᠤᠨ ᠺᠣᠮᠫᠠᠨᠢ ᠶᠢᠨ ᠨᠡᠷᠡᠲᠦ ᠰᠢᠯᠢᠳᠡᠭ ᠣᠨᠴᠠᠯᠢᠭᠳᠣ ᠪᠦᠲᠦᠭᠡᠭᠳᠡᠭᠦᠨ ᠢ ᠣᠬᠠᠭᠤᠯᠣᠨ ᠲᠦᠭᠡᠮᠡᠯᠵᠢᠭᠦᠯᠬᠦ ᠶᠢ ᠴᠢᠩᠭᠠᠳᠬᠠᠬᠤ ᠵᠡᠷᠭᠡ ᠲᠠᠯ᠎ᠠ ᠳᠤ ᠰᠢᠨ᠎ᠡ ᠠᠬᠢᠯᠳᠠ ᠲᠠᠢ ᠪᠣᠯᠭᠠᠨ᠎ᠠ᠃ ᠨᠠᠷᠢᠯᠢᠭ ᠣᠨᠣᠪᠴᠢᠳᠠᠢ ᠳᠡᠮᠵᠢᠨ ᠳᠡᠳᠭᠦᠬᠦ ᠳᠡᠭᠡᠷ᠎ᠡ ᠪᠣᠳᠠᠳᠣ ᠦᠷ᠎ᠡ ᠪᠦᠲᠦᠮᠵᠢ ᠭᠠᠷᠭᠠᠨ᠎ᠠ᠃ ᠡᠯ᠎ᠡ ᠱᠠᠳᠣᠨ ᠤ ᠳᠡᠮᠵᠢᠨ ᠳᠡᠳᠭᠦᠬᠦ ᠺᠠᠳ᠋ᠷ ᠤᠨ ︽ᠲᠠᠪᠣᠨ ᠨᠢᠭᠡ ᠪᠦᠯᠦᠭ︾᠂ ︽ᠵᠢᠷᠭᠤᠭᠠᠨ ᠨᠠᠷᠢᠯᠢᠭ ᠣᠨᠣᠪᠴᠢᠳᠠᠢ︾ ᠶᠠᠳᠠᠭᠤ ᠶᠢ ᠳᠡᠳᠭᠦᠭᠦ ᠲᠦᠷᠦ ᠶᠢᠨ ᠪᠣᠳᠣᠯᠭ᠎ᠠ ᠶᠢᠨ ᠠᠷᠭ᠎ᠠ ᠠᠪᠴᠠᠯ ᠤᠨ ᠪᠣᠯᠪᠠᠰᠣᠷᠠᠯ ᠢ ᠦᠷᠭᠦᠯᠵᠢᠯᠡᠨ ᠴᠢᠩᠭᠠᠳᠬᠠᠵᠣ᠂ ᠰᠠᠶᠢᠳᠣᠷ ᠡᠵᠡᠮᠳᠡᠵᠦ᠂ ᠣᠯᠠᠨ ᠲᠦᠮᠡᠨ ᠳᠤ ᠲᠣᠳᠣᠷᠬᠠᠢ ᠣᠶᠢᠯᠠᠭᠠᠭᠤᠯᠵᠣ᠂ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠠᠷᠭ᠎ᠠ ᠠᠪᠴᠠᠯ ᠢ ᠰᠠᠶᠢᠳᠣᠷ ᠨᠠᠶᠢᠳᠠᠪᠣᠷᠢᠵᠢᠭᠤᠯᠬᠤ ᠶᠢ ᠪᠠᠳᠣᠯᠠᠨ᠎ᠠ᠃ ᠡᠭᠦᠨ ᠤ ᠬᠠᠮᠳᠣ᠂ ᠶᠠᠳᠠᠭᠤ ᠬᠦᠴᠢᠷᠳᠡᠯᠳᠠᠢ ᠣᠯᠠᠨ ᠲᠦᠮᠡᠨ ᠤ ᠳᠠᠯᠳᠠ ᠬᠦᠴᠦᠨ ᠢ ᠬᠦᠭᠵᠢᠭᠡᠵᠦ᠂ ᠶᠠᠳᠠᠭᠤ ᠬᠦᠴᠢᠷᠳᠡᠯᠳᠠᠢ ᠡᠷᠦᠭᠡ ᠶᠢ ᠵᠢᠯᠣᠭᠤᠳᠣᠨ ︽ᠬᠦᠯᠢᠶᠡᠬᠦ᠂ ᠲᠦᠰᠢᠬᠦ᠂ ᠠᠪᠬᠤ︾ ᠦᠵᠡᠯᠳᠡ ᠶᠢ ᠳᠡᠪᠴᠢᠵᠣ᠂ ᠦᠪᠡᠷ ᠤᠨ ᠬᠦᠴᠦ ᠪᠠᠷ ᠢᠶᠠᠨ ᠶᠠᠳᠠᠭᠤ ᠠᠴᠠ ᠠᠩᠭᠢᠵᠢᠷᠠᠬᠤ ᠣᠬᠠᠮᠰᠠᠷ ᠢ ᠨᠢ ᠳᠡᠭᠡᠭᠰᠢᠯᠡᠭᠦᠯᠦᠨ᠎ᠡ᠃ ᠨᠠᠷᠢᠯᠢᠭ ᠣᠨᠣᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠳᠡᠭᠡᠷ᠎ᠡ ᠦᠷ᠎ᠡ ᠪᠦᠲᠦᠮᠵᠢ ᠭᠠᠷᠭᠠᠨ᠎ᠠ᠃ ᠶᠠᠳᠠᠭᠤ ᠠᠴᠠ ᠠᠩᠭᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠶᠠᠳᠠᠭᠤ ᠠᠴᠠ ᠠᠩᠭᠢᠵᠢᠷᠠᠭᠤᠯᠬᠤ ᠬᠦᠳᠡᠯᠦᠩᠭᠦᠢ ᠬᠠᠮᠢᠶᠠᠷᠣᠯᠳᠠ ᠶᠢ ᠴᠢᠩᠭᠠᠳᠬᠠᠵᠣ᠂ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠬᠠᠮᠢᠶᠠᠷᠣᠯᠳᠠ ᠶᠢᠨ ᠠᠵᠢᠯ ᠢ ᠰᠠᠶᠢᠳᠣᠷ ᠬᠢᠵᠦ᠂ ︽ᠵᠣᠯ ᠵᠢᠷᠭᠠᠯ ᠤᠨ ᠳᠠᠩᠰᠠ︾᠎ ᠶᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠳᠠᠢ ᠡᠷᠦᠭᠡ ᠶᠢᠨ ᠨᠠᠷᠢᠯᠢᠭ ᠣᠨᠣᠪᠴᠢᠳᠠᠢ ᠪᠠᠷ ᠶᠠᠳᠠᠭᠤ ᠠᠴᠠ ᠠᠩᠭᠢᠵᠢᠷᠠᠬᠤ ᠪᠠ ᠬᠦᠨᠳᠡᠯᠡᠨ ᠠᠴᠠ ᠰᠢᠯᠭᠠᠨ ᠦᠨᠡᠯᠡᠯᠳᠡ ᠬᠢᠬᠦ ᠳᠤ ᠰᠠᠭᠤᠷᠢ ᠲᠠᠯᠪᠢᠨ᠎ᠠ᠃ ᠶᠠᠳᠠᠭᠤ ᠶᠢ ᠳᠡᠳᠭᠦᠬᠦ ᠪᠡᠯᠡ ᠮᠦᠩᠭᠦᠨ ᠤ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠣ᠂ ᠶᠠᠳᠠᠭᠤ ᠶᠢ ᠳᠡᠳᠭᠦᠬᠦ ᠪᠡᠯᠡ ᠮᠦᠩᠭᠦ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠵᠣ ᠪᠣᠳᠠᠳᠠᠢ ᠳᠤ ᠨᠠᠶᠢᠳᠠᠪᠣᠷᠢᠵᠢᠭᠤᠯᠬᠤ ᠶᠢ ᠪᠠᠳᠣᠯᠠᠨ᠎ᠠ᠃ ᠵᠢᠯ ᠤᠨ ᠲᠣᠳᠣᠷ᠎ᠠ 413 ᠡᠷᠦᠭᠡ᠂ 1022 ᠬᠦᠮᠦᠨ ᠢ ᠲᠣᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠣᠨ᠎ᠠ᠃     ᠬᠤᠶᠠᠷ ᠲᠤ ᠦᠢᠯᠡᠰ ᠪᠣᠰᠬᠠᠬᠤ ᠠᠵᠢᠯ ᠣᠯᠭᠤᠬᠤ ᠢᠨᠵᠧᠨᠧᠷᠢᠩ ᠢ ᠯᠠᠪᠳᠠᠭᠤᠨ ᠪᠠᠳᠣᠳᠠᠢ ᠠᠬᠢᠭᠤᠯᠣᠨ᠎ᠠ᠃ ᠦᠢᠯᠡᠰ ᠪᠣᠰᠬᠠᠬᠤ ᠠᠵᠢᠯ ᠣᠯᠭᠤᠬᠤ ᠶᠢ ᠦᠷᠭᠡᠳᠭᠡᠬᠦ ᠠᠵᠢᠯ ᠢ ᠲᠣᠪᠣᠶᠢᠮ᠎ᠠ ᠪᠠᠶᠢᠷᠢᠨ ᠳᠤ ᠲᠠᠯᠪᠢᠵᠣ᠂ ᠨᠡᠶᠢᠭᠡᠮ ᠨᠡᠶᠢᠳᠡ ᠪᠠᠷ ᠢᠶᠠᠨ ᠦᠢᠯᠡᠰ ᠪᠣᠰᠬᠠᠵᠣ ᠰᠢᠨ᠎ᠡ ᠶᠢ ᠡᠭᠦᠳᠬᠦ ᠶᠢ ᠠᠬᠢᠭᠤᠯᠣᠨ᠎ᠠ᠃ ᠬᠦᠳᠡᠯᠮᠦᠷᠢ ᠬᠦᠴᠦ ᠲᠦᠪᠯᠡᠷᠡᠭᠰᠡᠨ ᠠᠵᠣ ᠦᠢᠯᠡᠰ᠂ ᠦᠢᠯᠡᠴᠢᠯᠡᠭᠡᠨ ᠤ ᠦᠢᠯᠡᠰ ᠪᠣᠯᠣᠨ ᠳᠣᠮᠳᠠ ᠪᠠᠭ᠎ᠠ ᠵᠢᠵᠢᠭ ᠠᠵᠣ ᠠᠬᠤᠶᠢᠯᠠᠯ ᠤᠨ ᠬᠦᠭᠵᠢᠯᠳᠡ ᠶᠢ ᠬᠦᠴᠦᠳᠠᠢ ᠳᠡᠮᠵᠢᠵᠦ᠂ ᠠᠵᠣ ᠠᠬᠤᠶᠢᠯᠠᠯ ᠤᠨ ᠠᠵᠢᠯ ᠤᠨ ᠪᠠᠶᠢᠷᠢ ᠶᠢ ᠨᠡᠮᠡᠭᠳᠡᠭᠦᠯᠦᠨ᠎ᠡ᠃ ᠵᠠᠬᠢᠶᠠᠯᠠᠭ᠎ᠠ ᠲᠠᠢ᠂  ᠲᠣᠬᠠᠶᠢᠯᠠᠭᠰᠠᠨ ᠠᠵᠢᠯ ᠤᠨ ᠲᠣᠭᠳᠠᠭᠰᠠᠨ ᠠᠵᠢᠯ ᠤᠨ ᠪᠠᠶᠢᠷᠢ ᠲᠠᠢ ᠮᠡᠷᠭᠡᠵᠢᠯ ᠤᠨ ᠪᠣᠯᠪᠠᠰᠣᠷᠠᠯ ᠢ ᠶᠡᠬᠡᠪᠡᠷ ᠦᠷᠨᠢᠭᠦᠯᠵᠦ᠂ ᠬᠦᠳᠡᠯᠮᠦᠷᠢᠴᠢᠳ ᠤᠨ ᠠᠵᠢᠯ ᠣᠯᠬᠤ ᠴᠢᠳᠠᠪᠣᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠡᠭᠡᠲᠦ ᠰᠣᠷᠭᠠᠭᠤᠯᠢ ᠲᠡᠭᠦᠰᠦᠭᠰᠡᠨ ᠣᠶᠣᠳᠠᠨ᠂ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ᠂ ᠬᠤᠳᠠ ᠬᠦᠳᠡᠭᠡ ᠶᠢᠨ ᠠᠵᠢᠯ ᠣᠯᠬᠤ ᠳᠤ ᠬᠦᠴᠢᠷᠳᠠᠢ ᠬᠦᠮᠦᠰ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠠᠯᠳᠠᠢ ᠬᠦᠮᠦᠨ ᠠᠮᠠ᠂ ᠨᠢᠭᠡ ᠨᠢ ᠴᠦ ᠠᠵᠢᠯ ᠣᠯᠣᠭᠠᠳᠣᠢ ᠭᠡᠷ ᠪᠦᠯᠢ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠳᠠ ᠶᠢ ᠰᠠᠶᠢᠳᠣᠷ ᠰᠢᠢᠳᠪᠦᠷᠢᠯᠡᠨ᠎ᠡ᠃ ᠦᠢᠯᠡᠰ ᠪᠣᠰᠬᠠᠬᠤ ᠶᠢ ᠬᠦᠴᠦᠳᠠᠢ ᠳᠡᠮᠵᠢᠵᠦ᠂ ᠠᠵᠢᠯ ᠣᠯᠬᠤ ᠴᠢᠳᠠᠪᠣᠷᠢ ᠶᠢ ᠪᠣᠳᠠᠳᠠᠢ ᠪᠣᠯᠪᠠᠰᠣᠷᠠᠭᠤᠯᠬᠤ ᠰᠠᠭᠤᠷᠢᠨ ᠭᠠᠵᠠᠷ ᠢ ᠪᠠᠶᠢᠭᠤᠯᠵᠣ᠂ ᠭᠠᠵᠠᠷ ᠣᠷᠣᠨ ᠤ ᠣᠨᠴᠠᠯᠢᠭ ᠲᠠᠢ ᠦᠢᠯᠡᠰ ᠪᠣᠰᠬᠠᠬᠤ ᠵᠡᠭᠡᠯᠢ ᠶᠢ ᠪᠠᠶᠢᠭᠤᠯᠵᠣ᠂ ᠦᠢᠯᠡᠰ ᠪᠣᠰᠬᠠᠨ ᠰᠢᠨ᠎ᠡ ᠶᠢ ᠡᠭᠦᠳᠬᠦ ᠶᠢ ᠵᠢᠯᠣᠭᠤᠳᠣᠨ ᠦᠢᠯᠡᠴᠢᠯᠡᠬᠦ ᠲᠦᠪ ᠤᠨ ᠦᠢᠯᠡᠳᠦᠯ ᠢ ᠭᠦᠢᠴᠡᠳ ᠪᠠᠳᠠᠷᠠᠭᠤᠯᠵᠣ᠂ ᠦᠢᠯᠡᠰ ᠪᠣᠰᠬᠠᠬᠤ ᠬᠦᠰᠡᠯ ᠲᠠᠢ᠂ ᠦᠢᠯᠡᠰ ᠪᠣᠰᠬᠠᠬᠤ ᠴᠢᠳᠠᠪᠣᠷᠢ ᠲᠠᠢ ᠬᠦᠮᠦᠰ ᠤᠨ ᠦᠪᠡᠷᠳᠡᠭᠡᠨ ᠦᠢᠯᠡᠰ ᠪᠣᠰᠬᠠᠬᠤ ᠶᠢ ᠨᠢ ᠳᠡᠮᠵᠢᠨ᠎ᠡ᠃ ᠦᠨᠦ ᠵᠢᠯ ᠳᠤ 7000 ᠠᠵᠢᠯ ᠤᠨ ᠪᠠᠶᠢᠷᠢ ᠴᠣᠭᠯᠠᠭᠤᠯᠵᠣ᠂ 1500 ᠬᠦᠮᠦᠨ ᠳᠤ ᠠᠵᠢᠯ ᠮᠡᠷᠭᠡᠵᠢᠯ ᠤᠨ ᠪᠣᠯᠪᠠᠰᠣᠷᠠᠯ ᠬᠦᠷᠳᠡᠬᠡᠨ᠂ 200 ᠬᠦᠮᠦᠨ ᠳᠤ ᠦᠢᠯᠡᠰ ᠪᠣᠰᠬᠠᠬᠤ ᠪᠣᠯᠪᠠᠰᠣᠷᠠᠯ ᠬᠦᠷᠳᠡᠭᠡᠵᠦ᠂ 1500 ᠲᠦᠮᠡᠨ ᠲᠦᠭᠦᠷᠢᠭ ᠎ ᠤᠨ ᠪᠠᠭ᠎ᠠ ᠲᠣᠭᠠᠨ ᠤ ᠪᠠᠳᠣᠯᠠᠭᠠᠳᠣ ᠵᠢᠭᠡᠯᠡᠯᠭᠡ ᠲᠠᠷᠬᠠᠭᠠᠨ᠎ᠠ᠃     ᠭᠤᠷᠪᠠ ᠳᠤ ᠨᠡᠶᠢᠭᠡᠮ ᠤᠨ ᠠᠵᠢᠯ ᠦᠢᠯᠡᠰ ᠤᠨ ᠡᠷᠡᠭᠦᠯ ᠬᠦᠭᠵᠢᠯᠳᠡ ᠶᠢ ᠲᠦᠷᠭᠡᠳᠭᠡᠨ᠎ᠡ᠃ ᠰᠣᠷᠭᠠᠨ ᠬᠦᠮᠦᠵᠢᠯ ᠰᠢᠨᠵᠢᠯᠡᠭᠡ ᠮᠡᠷᠭᠡᠵᠢᠯ ᠤᠨ ᠶᠠᠰᠣ ᠴᠢᠨᠠᠷ ᠢ ᠶᠡᠬᠡᠪᠡᠷ ᠳᠡᠭᠡᠭᠰᠢᠯᠡᠭᠦᠯᠦᠨ᠎ᠡ᠃ ᠰᠣᠷᠭᠠᠨ ᠬᠦᠮᠦᠵᠢᠯ ᠤᠨ ᠶᠠᠰᠣ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠦᠷᠭᠦᠯᠵᠢᠯᠡᠨ ᠠᠬᠢᠭᠤᠯᠵᠣ᠂ ᠮᠣᠩᠭᠤᠯ ᠦᠨᠳᠦᠰᠦᠳᠡᠨ ᠤ ᠳᠣᠮᠳᠠᠳᠣ ᠰᠣᠷᠭᠠᠭᠤᠯᠢ ᠶᠢᠨ ᠪᠠᠷᠢᠯᠭ᠎ᠠ ᠶᠢ ᠠᠰᠢᠭᠯᠠᠯᠳᠠ ᠳᠤ ᠣᠷᠣᠭᠤᠯᠬᠤ ᠶᠢ ᠪᠠᠳᠣᠯᠠᠵᠣ᠂ ᠬᠤᠶᠠᠳᠣᠭᠠᠷ ᠮᠣᠩᠭᠤᠯ ᠦᠨᠳᠦᠰᠦᠳᠡᠨ ᠤ ᠴᠡᠴᠡᠷᠯᠢᠭ ᠤᠨ ᠪᠦᠲᠦᠭᠡᠨ ᠪᠠᠶᠢᠭᠤᠯᠣᠯᠳᠠ ᠶᠢ ᠠᠵᠢᠯ ᠡᠬᠢᠯᠡᠭᠦᠯᠦᠨ᠎ᠡ᠃ ᠬᠢᠴᠢᠶᠡᠯ ᠤᠨ ᠭᠡᠷ ᠤᠨ ᠵᠢᠭᠠᠨ ᠰᠣᠷᠭᠠᠯᠳᠠ ᠶᠢᠨ ᠬᠡᠯᠪᠡᠷᠢ ᠶᠢᠨ ᠦᠭᠡᠷᠡᠴᠢᠯᠡᠯᠳᠡ ᠶᠢ ᠴᠢᠷᠮᠠᠶᠢᠨ ᠠᠬᠢᠭᠤᠯᠵᠣ᠂ ᠰᠣᠷᠭᠠᠭᠤᠯᠢ ᠶᠢᠨ ᠲᠠᠷᠤᠭ᠎ᠠ᠂ ᠪᠠᠭᠰᠢ᠂ ᠵᠢᠭᠠᠬᠤ ᠶᠢ ᠰᠣᠳᠣᠯᠬᠤ ︽ᠭᠤᠷᠪᠠᠨ︾ ᠡᠩᠨᠡᠭᠡᠨ ᠤ ᠪᠠᠶᠢᠭᠤᠯᠣᠯᠳᠠ ᠶᠢ ᠰᠠᠶᠢᠳᠣᠷ ᠠᠳᠬᠤᠵᠣ᠂ ᠶᠡᠭᠡ ᠳᠡᠭᠡᠲᠦ ᠰᠣᠷᠭᠠᠭᠤᠯᠢ ᠲᠠᠢ ᠰᠢᠨᠵᠢᠯᠡᠭᠡ ᠮᠡᠷᠭᠡᠵᠢᠯ ᠤᠨ ᠬᠠᠮᠳᠣᠷᠠᠯᠴᠠᠭ᠎ᠠ ᠪᠠᠨ ᠴᠢᠩᠭᠠᠳᠬᠠᠵᠣ᠂ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠪᠣᠯᠣᠨ ᠰᠢᠨᠵᠢᠯᠡᠬᠦ ᠣᠬᠠᠭᠠᠨ ᠤ ᠲᠦᠭᠡᠮᠡᠯᠵᠢᠯ ᠢ ᠵᠢᠯᠣᠭᠤᠳᠣᠨ᠎ᠠ᠃ ᠡᠷᠡᠭᠦᠯ ᠴᠢᠬᠢᠷᠠᠭ ᠤᠨ ᠪᠦᠲᠦᠭᠡᠨ ᠪᠠᠶᠢᠭᠤᠯᠣᠯᠳᠠ ᠶᠢ ᠲᠦᠷᠭᠡᠨ ᠠᠬᠢᠭᠤᠯᠣᠨ᠎ᠠ᠃ ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠪᠣᠯᠣᠨ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠳᠣᠷ ᠬᠢᠵᠦ᠂ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠬᠠᠮᠢᠶᠠᠷᠣᠯᠳᠠ ᠶᠢ ᠲᠡᠭᠦᠯᠳᠡᠷᠵᠢᠭᠦᠯᠵᠦ᠂ ᠬᠦᠮᠦᠨ ᠠᠮᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠠᠯᠪᠠᠨ ᠤ ᠡᠮᠨᠡᠯᠭᠡ ᠶᠢᠨ ᠦᠭᠡᠷᠡᠴᠢᠯᠡᠯᠳᠡ ᠶᠢ ᠯᠠᠪᠳᠠᠭᠤᠨ ᠪᠠᠳᠣᠳᠠᠢ ᠠᠬᠢᠭᠤᠯᠵᠣ᠂ ᠡᠮᠨᠡᠯᠭᠡ ᠎ ᠶᠢᠨ ᠳᠠᠭᠠᠳᠬᠠᠯ ᠤᠨ ᠮᠦᠩᠭᠦ ᠲᠣᠭᠠᠴᠠᠭᠠᠯᠠᠬᠤ ᠬᠡᠯᠪᠡᠷᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠦᠪᠦᠷ ᠮᠣᠩᠭᠤᠯ ᠤᠨ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠴᠣᠣ ᠶᠠᠩ ᠡᠮᠨᠡᠯᠭᠡ ᠶᠢᠨ ᠬᠤᠷᠢᠶ᠎ᠠ᠂ ᠣᠯᠠᠨ ᠣᠯᠣᠰ ᠤᠨ ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ ᠡᠮᠨᠡᠯᠭᠡ ᠶᠢᠨ ᠬᠤᠷᠢᠶ᠎ᠠ ᠲᠠᠢ ᠬᠠᠮᠳᠣᠷᠠᠯᠴᠠᠭ᠎ᠠ ᠰᠣᠯᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠣ᠂ ᠴᠢᠳᠠᠪᠣᠷᠢᠳᠠᠨ ᠬᠦᠮᠦᠵᠢᠭᠦᠯᠬᠦ᠂ ᠰᠠᠯᠠᠭ᠎ᠠ ᠲᠠᠰᠤᠭ ᠪᠠᠶᠢᠭᠤᠯᠬᠤ᠂ ᠮᠡᠷᠭᠡᠵᠢᠯ ᠢ ᠳᠡᠭᠡᠭᠰᠢᠯᠡᠭᠦᠯᠬᠦ ᠵᠡᠷᠭᠡ ᠲᠠᠯ᠎ᠠ ᠳᠤ ᠦᠷ᠎ᠡ ᠪᠦᠲᠦᠮᠵᠢ ᠭᠠᠷᠭᠠᠨ᠎ᠠ᠃ ᠭᠠᠴᠠᠭ᠎ᠠ ᠲᠣᠰᠬᠤᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ ᠤᠨ ᠲᠦᠷᠢᠮᠵᠢᠭᠰᠡᠨ ᠬᠠᠮᠢᠶᠠᠷᠣᠯᠳᠠ ᠶᠢ ᠴᠢᠩᠭ᠎ᠠ ᠠᠳᠬᠤᠵᠣ᠂ ᠮᠣᠩᠭᠤᠯ ᠡᠮᠨᠡᠯᠭᠡ ᠎ ᠶᠢᠨ ᠲᠣᠰᠬᠠᠢ ᠰᠠᠯᠠᠭᠠᠨ ᠤ ᠪᠠᠶᠢᠭᠤᠯᠣᠯᠳᠠ ᠶᠢ ᠴᠢᠩᠭᠠᠳᠬᠠᠵᠣ᠂ ᠡᠮᠨᠡᠯᠭᠡ ᠶᠢᠨ ᠪᠠᠶᠢᠭᠤᠯᠣᠮᠵᠢ ᠶᠢᠨ ᠬᠠᠮᠢᠶᠠᠷᠣᠯᠳᠠ ᠎ ᠶᠢᠨ ᠴᠢᠳᠠᠪᠣᠷᠢ ᠪᠣᠯᠣᠨ ᠡᠮᠴᠢ ᠠᠵᠢᠯᠳᠠᠨ ᠤ ᠲᠣᠬᠠᠶᠢᠯᠠᠭᠰᠠᠨ ᠠᠵᠢᠯ ᠤᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠮᠠᠨ ᠤᠨ ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠮᠴᠢᠯᠡᠬᠦ ᠨᠣᠷᠮ᠎ᠠ ᠶᠢ ᠣᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠰᠣᠶᠣᠯ ᠤᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠣᠨ᠎ᠠ᠃ ᠰᠣᠶᠣᠯ ᠲᠠᠮᠢᠷ ᠤᠨ ᠠᠷᠠᠳ ᠲᠤ ᠬᠠᠷᠠᠭᠠᠯᠵᠠᠯ ᠬᠦᠷᠳᠡᠭᠡᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠠᠷᠠᠳ ᠎ ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠪᠣᠯᠣᠨ ᠣᠯᠠᠨ ᠲᠦᠮᠡᠨᠴᠢ ᠴᠢᠨᠠᠷᠳᠠᠢ ᠰᠣᠶᠣᠯ ᠤᠨ ᠠᠵᠢᠯᠯᠠᠭ᠎ᠠ ᠶᠢ ᠢᠳᠡᠪᠬᠢᠳᠠᠢ ᠦᠷᠨᠢᠭᠦᠯᠦᠨ᠎ᠡ᠃ ᠦᠨᠳᠦᠰᠦᠳᠡᠨ ᠤ ᠰᠣᠶᠣᠯ ᠤᠨ ᠠᠭᠤᠯᠬᠤᠨ ᠢ ᠠᠭᠤᠳᠠᠯᠯᠠᠵᠣ᠂ ᠰᠢᠯᠢᠳᠡᠭ ᠦᠨᠳᠦᠰᠦᠳᠡᠨ ᠤ ᠰᠣᠶᠣᠯ ᠢ ᠬᠠᠮᠠᠭᠠᠯᠠᠨ ᠣᠯᠠᠮᠵᠢᠯᠠᠵᠣ᠂ ᠮᠣᠩᠭᠤᠯ ᠶᠠᠳᠤᠭ᠎ᠠ᠂ ᠰᠦᠨᠢᠳ ᠣᠷᠳᠣ ᠶᠢᠨ ᠳᠠᠭᠤᠣ᠂ ᠰᠦᠨᠢᠳ ᠢᠷᠦᠭᠡᠯ ᠮᠠᠭᠳᠠᠭᠠᠯ ᠵᠡᠷᠭᠡ ᠨᠢᠭᠡ ᠪᠦᠯᠦᠭ ᠦᠪᠡᠷᠳᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠣᠰᠣ ᠰᠣᠶᠣᠯ ᠤᠨ ᠦᠪ ᠢ ᠲᠠᠰᠣᠷᠠᠯᠳᠠ ᠦᠭᠡᠢ ᠬᠦᠭᠵᠢᠭᠦᠯᠦᠨ ᠰᠣᠶᠣᠯ ᠤᠨ ᠠᠵᠣ ᠦᠢᠯᠡᠰ ᠪᠣᠯᠭᠠᠬᠤ ᠶᠢ ᠠᠬᠢᠭᠤᠯᠣᠨ᠎ᠠ ᠃ ᠭᠤᠷᠪᠠᠳᠣᠭᠠᠷ ᠬᠤᠭᠤᠴᠠᠭᠠᠨ ᠤ ᠳᠣᠮᠳᠠᠳᠣ ᠣᠯᠣᠰ᠂ ᠰᠦᠨᠢᠳ ᠣᠯᠠᠨ ᠣᠯᠣᠰ ᠤᠨ ᠨᠣᠣᠰᠣ ᠨᠣᠯᠣᠣᠷ ᠤᠨ ᠴᠣᠭᠯᠠᠭᠠᠨ ᠢ ᠰᠠᠶᠢᠳᠣᠷ ᠡᠷᠬᠢᠯᠡᠨ᠎ᠡ᠃ ᠣᠯᠠᠭᠠᠠᠮᠦ᠋ᠴᠢᠷ ᠤᠨ 60 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠢ ᠰᠠᠶᠢᠳᠣᠷ ᠦᠷᠨᠢᠭᠦᠯᠵᠦ᠂ ︽ᠣᠯᠠᠭᠠᠠᠮᠦ᠋ᠴᠢᠷ︾᠎ ᠢ ᠣᠷᠣᠨ ᠨᠣᠳᠤᠭ ᠤᠨ ᠦᠨᠳᠦᠰᠦᠳᠡᠨ ᠤ ᠣᠨᠴᠠᠯᠢᠭ ᠲᠠᠢ ᠮᠦᠷᠳᠡᠭᠡᠨ ᠴᠠᠭ ᠦᠶ᠎ᠡ ᠶᠢᠨ ᠵᠣᠷᠢᠭ ᠰᠠᠨᠠᠭ᠎ᠠ ᠲᠠᠢ ᠰᠣᠶᠣᠯ ᠤᠨ ᠲᠦᠷᠦᠯ ᠳᠡᠮᠳᠡᠭ ᠪᠣᠯᠭᠠᠨ ᠡᠭᠦᠳᠦᠨ᠎ᠡ᠃ ︽ᠣᠯᠠᠭᠠᠠᠮᠦ᠋ᠴᠢᠷ︾ ᠮᠦᠽᠸᠢ ᠪᠣᠯᠣᠨ ︽ᠰᠣᠶᠣᠯ ᠲᠠᠮᠢᠷ ᠤᠨ ᠬᠦᠷᠢᠶᠡᠯᠡᠩ︾᠎ ᠤᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢ ᠡᠬᠢᠯᠡᠨ ᠬᠡᠷᠡᠭᠵᠢᠭᠦᠯᠵᠦ᠂ ᠵᠢᠯ ᠤᠨ ᠲᠣᠳᠣᠷ᠎ᠠ ᠰᠦᠨᠢᠳ ᠸᠠᠩ ᠤᠨ ᠣᠷᠳᠣᠨ ᠤ ᠮᠦᠽᠸᠢ ᠳᠤ ᠨᠡᠭᠡᠭᠡᠯᠳᠡ ᠬᠢᠨ᠎ᠡ᠃     ᠳᠦᠷᠪᠡ ᠳᠤ ᠨᠡᠶᠢᠭᠡᠮ ᠤᠨ ᠪᠠᠳᠣᠯᠠᠭ᠎ᠠ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ᠦᠨᠳᠦᠰᠦᠨ ᠨᠠᠰᠣᠵᠢᠯ ᠤᠨ ᠳᠠᠭᠠᠳᠬᠠᠯ᠂ ᠦᠨᠳᠦᠰᠦᠨ ᠡᠮᠨᠡᠯᠭᠡ ᠵᠡᠷᠭᠡ ᠨᠡᠶᠢᠭᠡᠮ ᠤᠨ ᠪᠠᠳᠣᠯᠠᠭ᠎ᠠ ᠶᠢᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠣᠵᠢᠯ ᠤᠨ ᠳᠠᠭᠠᠳᠬᠠᠯ ᠤᠨ ᠲᠦᠷᠢᠮ ᠤᠨ ᠦᠭᠡᠷᠡᠴᠢᠯᠡᠯᠳᠡ ᠪᠣᠯᠣᠨ ᠬᠤᠳᠠ ᠬᠦᠳᠡᠭᠡ ᠶᠢᠨ ᠰᠠᠭᠤᠭᠠᠯᠢ ᠠᠷᠠᠳ ᠎ ᠤᠨ ᠡᠮᠨᠡᠯᠭᠡ ᠶᠢᠨ ᠳᠠᠭᠠᠳᠬᠠᠯ ᠤᠨ ᠲᠦᠷᠢᠮ ᠢ ᠨᠡᠶᠢᠯᠡᠭᠦᠯᠬᠦ ᠶᠢ ᠲᠦᠷᠭᠡᠳᠭᠡᠵᠦ᠂ ᠨᠡᠶᠢᠭᠡᠮ ᠤᠨ ᠳᠠᠭᠠᠳᠬᠠᠯ ᠤᠨ ᠡᠯ᠎ᠡ ᠲᠦᠷᠦᠯ ᠤᠨ ᠲᠣᠬᠠᠶᠢᠯᠠᠭᠰᠠᠨ ᠠᠵᠢᠯ ᠤᠨ ᠦᠷᠭᠡᠳᠭᠡᠨ ᠬᠤᠷᠢᠶᠠᠵᠣ ᠲᠣᠰᠢᠶᠠᠬᠤ ᠶᠢ ᠠᠬᠢᠭᠤᠯᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠣᠵᠢᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠦᠷᠭᠦᠯᠵᠢᠯᠡᠨ ᠦᠷᠭᠡᠳᠭᠡᠨ᠎ᠡ᠃ ᠬᠤᠳᠠ ᠬᠦᠳᠡᠭᠡ ᠶᠢᠨ ᠨᠡᠶᠢᠭᠡᠮ ᠤᠨ ᠳᠡᠳᠭᠦᠨ ᠲᠣᠰᠠᠯᠠᠬᠤ᠂ ᠬᠠᠣᠯᠢ ᠴᠠᠭᠠᠵᠠ ᠶᠢᠨ ᠳᠡᠮᠵᠢᠨ ᠲᠣᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠨᠠᠰᠣᠳᠠᠨ ᠢ  ᠳᠡᠳᠭᠦᠬᠦ᠂ ᠵᠡᠮᠳᠡᠭ ᠢ ᠲᠣᠰᠠᠯᠠᠬᠤ᠂ ᠦᠨᠦᠴᠢᠨ ᠢ ᠳᠡᠳᠭᠦᠨ ᠲᠣᠰᠠᠯᠠᠬᠤ᠂ ᠣᠨᠴᠠᠯᠠᠨ ᠬᠠᠷᠠᠭᠠᠯᠵᠠᠬᠤ ᠵᠡᠷᠭᠡ ᠠᠰᠠᠷᠠᠮᠵᠢ ᠶᠢᠨ ᠠᠵᠢᠯ ᠦᠢᠯᠡᠰ ᠤᠨ ᠬᠦᠭᠵᠢᠯᠳᠡ ᠶᠢ ᠨᠢᠭᠡᠳᠦᠯᠳᠠᠢ ᠲᠦᠯᠦᠪᠯᠡᠨ ᠠᠬᠢᠭᠤᠯᠵᠣ᠂ ᠮᠣᠬᠤᠷᠳᠠᠯ ᠳᠤ ᠣᠴᠠᠷᠠᠭᠰᠠᠨ ᠭᠡᠣᠭᠡᠳ ᠤᠨ ᠠᠮᠢᠳᠣᠷᠠᠯ ᠢ ᠪᠠᠳᠣᠯᠠᠨ ᠬᠠᠯᠠᠮᠵᠢᠯᠠᠬᠤ ᠦᠢᠯᠡᠴᠢᠯᠡᠭᠡᠨ ᠤ ᠠᠵᠢᠯ ᠢ ᠰᠠᠶᠢᠳᠣᠷ ᠬᠢᠵᠦ᠂ ᠬᠦᠴᠢᠷᠳᠡᠯᠳᠠᠢ ᠣᠯᠠᠨ ᠲᠦᠮᠡᠨ ᠤ ᠦᠨᠳᠦᠰᠦᠨ ᠠᠮᠢᠳᠣᠷᠠᠯ ᠢ ᠪᠠᠳᠣᠯᠠᠭ᠎ᠠ ᠲᠠᠢ ᠪᠣᠯᠭᠠᠨ᠎ᠠ᠃ ᠨᠡᠶᠢᠭᠡᠮ ᠤᠨ ᠳᠠᠭᠠᠳᠬᠠᠯ ᠢᠶᠠᠷ ᠭᠤᠣᠯ ᠪᠣᠯᠭᠠᠵᠣ᠂ ᠨᠡᠶᠢᠭᠡᠮ ᠤᠨ ᠳᠡᠳᠭᠦᠨ ᠲᠣᠰᠠᠯᠠᠯᠳᠠ ᠪᠠᠷ ᠰᠠᠭᠤᠷᠢ ᠪᠣᠯᠭᠠᠭᠰᠠᠨ᠂ ᠨᠡᠶᠢᠭᠡᠮ ᠤᠨ ᠠᠰᠠᠷᠠᠮᠵᠢ ᠪᠠᠷ ᠨᠦᠬᠦᠪᠦᠷᠢ ᠪᠣᠯᠭᠠᠭᠰᠠᠨ ᠣᠯᠠᠨ ᠳᠡᠰ ᠳᠠᠪᠬᠤᠷᠭ᠎ᠠ ᠶᠢᠨ ᠪᠠᠳᠣᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠮᠨᠡᠯᠭᠡ ᠶᠢᠨ ᠳᠠᠭᠠᠳᠬᠠᠯ ᠪᠣᠯᠣᠨ ᠬᠤᠳᠠᠯᠳᠣᠭᠠᠨ ᠤ ᠡᠷᠡᠭᠦᠯ ᠴᠢᠬᠢᠷᠠᠭ ᠤᠨ ᠳᠠᠭᠠᠳᠬᠠᠯ ᠢ ᠵᠣᠷᠢᠭᠵᠢᠭᠤᠯᠣᠨ ᠬᠦᠭᠵᠢᠭᠦᠯᠵᠦ᠂ ᠠᠷᠠᠳ ᠤᠨ ᠠᠮᠢᠳᠣᠷᠠᠯ ᠎ ᠤᠨ ᠪᠠᠳᠣᠯᠠᠭ᠎ᠠ ᠶᠢ ᠲᠦᠭᠡᠮᠡᠯᠵᠢᠭᠦᠯᠦᠨ᠎ᠡ᠃     ᠲᠠᠪᠤ ᠳᠤ ᠨᠡᠶᠢᠭᠡᠮ ᠤᠨ ᠡᠶ᠎ᠡ ᠵᠣᠬᠢᠴᠠᠯᠳᠣ ᠲᠣᠭᠳᠠᠭᠤᠨ ᠪᠠᠶᠢᠳᠠᠯ ᠢ ᠪᠦᠬᠦ ᠬᠦᠴᠦ ᠪᠠᠷ ᠢᠶᠠᠨ ᠬᠠᠮᠠᠭᠠᠯᠠᠨ᠎ᠠ᠃ ︽ᠠᠮᠣᠭᠤᠯᠠᠩᠳᠣ ᠪᠠᠷᠠᠭᠤᠨ ᠰᠦᠨᠢᠳ᠂ ᠬᠠᠣᠯᠢᠳᠣ ᠪᠠᠷᠠᠭᠤᠨ ᠰᠦᠨᠢᠳ︾᠎ ᠤᠨ ᠪᠦᠲᠦᠭᠡᠨ ᠪᠠᠶᠢᠭᠤᠯᠣᠯᠳᠠ ᠶᠢ ᠬᠦᠨᠵᠡᠭᠡᠢ ᠠᠬᠢᠭᠤᠯᠣᠨ᠎ᠠ᠃ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠨᠡᠶᠢᠭᠡᠮ ᠤᠨ ᠵᠦᠷᠢᠴᠡᠯ ᠮᠦᠷᠭᠦᠯᠳᠦᠭᠡᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠦᠨᠵᠡᠭᠡᠢ ᠦᠷᠨᠢᠭᠦᠯᠵᠦ᠂ ᠣᠯᠠᠨ ᠲᠦᠮᠡᠨ ᠤ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠨ᠎ᠠ᠃ ᠡᠯ᠎ᠡ ᠲᠦᠷᠦᠯ ᠤᠨ ᠨᠡᠶᠢᠭᠡᠮ ᠤᠨ ᠠᠮᠣᠷ ᠢ ᠬᠠᠮᠠᠭᠠᠯᠠᠨ ᠵᠠᠰᠠᠨ ᠴᠡᠭᠴᠡᠯᠡᠬᠦ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠨᠡᠶᠢᠭᠡᠮ ᠤᠨ ᠬᠠᠮᠢᠶᠠᠷᠣᠨ ᠡᠵᠡᠮᠳᠡᠬᠦ ᠬᠦᠴᠦᠨ ᠢ ᠣᠯᠠᠮ ᠴᠢᠩᠭᠠᠳᠬᠠᠵᠣ᠂ ᠴᠠᠭᠳᠠᠭ᠎ᠠ ᠶᠢᠨ ᠲᠣᠭᠤᠷᠢᠨ ᠪᠠᠶᠢᠴᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠬᠠᠣᠯᠢ ᠵᠦᠷᠢᠴᠡᠭᠰᠡᠨ ᠶᠠᠯᠠᠳᠣ ᠠᠵᠢᠯᠯᠠᠭ᠎ᠠ ᠪᠣᠯᠣᠨ ᠮᠠᠯᠵᠢᠬᠤ ᠲᠠᠷᠢᠶᠠᠯᠠᠬᠤ ᠣᠷᠣᠨ ᠤ ᠦᠨᠳᠦᠷ ᠭᠦᠦ ᠲᠠᠢ ᠵᠢᠭᠡᠯᠡᠯᠭᠡ ᠶᠢᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠨᠡᠶᠢᠭᠡᠮ ᠤᠨ ᠠᠮᠣᠷ ᠢ ᠬᠠᠮᠠᠭᠠᠯᠠᠬᠤ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠦᠨ᠎ᠡ᠃ ᠠᠶᠣᠯᠭᠦᠢ ᠦᠢᠯᠡᠳᠪᠦᠷᠢᠯᠡᠯ ᠤᠨ ᠰᠡᠷᠡᠮᠵᠢ ᠶᠢᠨ ᠣᠬᠠᠮᠰᠠᠷ ᠢ ᠪᠣᠢ ᠪᠣᠯᠭᠠᠵᠣ᠂ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠳᠠᠯᠳᠠ ᠭᠡᠮ ᠢ ᠪᠠᠶᠢᠴᠠᠭᠠᠬᠤ ᠪᠠ ᠲᠣᠰᠬᠠᠢ ᠲᠦᠷᠦᠯ ᠢᠶᠠᠷ ᠵᠠᠰᠠᠨ ᠴᠡᠭᠴᠡᠯᠡᠬᠦ ᠶᠢ ᠴᠢᠩᠭᠠᠳᠬᠠᠵᠣ᠂ ᠬᠦᠮᠦᠨ ᠣᠯᠠᠨ ᠲᠦᠪᠯᠡᠷᠡᠭᠰᠡᠨ ᠲᠠᠯᠠᠪᠣᠷ ᠪᠣᠯᠣᠨ ᠭᠤᠣᠯᠳᠠᠯᠭ᠎ᠠ ᠲᠠᠢ ᠰᠡᠷᠭᠡᠶᠢᠯᠡᠬᠦ ᠬᠦᠷᠢᠶ᠎ᠡ ᠬᠡᠪᠴᠢᠶᠡᠨ ᠤ ᠭᠠᠯ ᠤᠨ ᠠᠶᠣᠯ ᠢ ᠨᠢᠭᠳᠠ ᠠᠩᠬᠠᠷᠴᠣ᠂ ᠠᠶᠠᠨᠴᠢᠨ ᠤ ᠳᠡᠭᠡᠭᠡᠪᠦᠷᠢ᠂ ᠪᠠᠷᠠᠭᠠᠨ ᠤ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠪᠣᠯᠣᠨ ᠢᠳᠡᠭᠡᠨ ᠪᠠ ᠡᠮ ᠤᠨ ᠵᠦᠢᠯ ᠤᠨ ᠠᠵᠢᠯ ᠲᠦᠷᠦᠯ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠣ᠂ ᠡᠯ᠎ᠡ ᠲᠦᠷᠦᠯ ᠤᠨ ᠠᠳᠡᠯ ᠢ ᠴᠢᠩᠭ᠎ᠠ ᠰᠡᠷᠭᠡᠶᠢᠯᠡᠨ᠎ᠡ᠃ ᠬᠠᠣᠯᠢ ᠪᠠᠷ ᠵᠠᠰᠠᠬᠤ ᠣᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠶᠡᠭᠡᠪᠡᠷ ᠦᠷᠨᠢᠭᠦᠯᠵᠦ᠂ ᠣᠯᠠᠨ ᠲᠦᠮᠡᠨ ᠢ ᠵᠢᠯᠣᠭᠤᠳᠣᠨ ᠬᠠᠣᠯᠢ ᠴᠠᠭᠠᠵᠠ ᠶᠢᠨ ᠣᠬᠠᠮᠰᠠᠷ ᠢ ᠨᠢ ᠳᠡᠭᠡᠭᠰᠢᠯᠡᠭᠦᠯᠦᠨ᠂ ᠵᠣᠬᠢᠬᠤ ᠬᠠᠣᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠡᠵᠡᠮᠰᠢᠭᠦᠯᠦᠨ᠎ᠡ᠃     ᠵᠢᠷᠭᠤᠭ᠎ᠠ ᠳᠤ ᠣᠶᠣᠨ ᠤ ᠪᠣᠯᠪᠠᠰᠣᠨ ᠤ ᠪᠠᠶᠢᠭᠤᠯᠣᠯᠳᠠ ᠶᠢ ᠴᠢᠩᠭᠠᠳᠬᠠᠨ᠎ᠠ᠃ ᠨᠡᠶᠢᠭᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ᠂ ︽ᠲᠣᠮᠳᠠᠳᠣ ᠶᠢᠨ ᠬᠦᠰᠡᠯᠡᠩ︾ ᠪᠣᠯᠣᠨ ᠲᠣᠮᠳᠠᠳᠣ ᠶᠢᠨ ᠣᠯᠠᠮᠵᠢᠯᠠᠯᠳᠣ ᠰᠠᠶᠢᠬᠠᠨ ᠰᠣᠷᠳᠠᠯ ᠤᠨ ᠣᠬᠠᠭᠤᠯᠭ᠎ᠠ ᠬᠦᠮᠦᠵᠢᠯ ᠢ ᠬᠦᠨᠵᠡᠭᠡᠢ ᠦᠷᠨᠢᠭᠦᠯᠵᠦ᠂ ︽ᠪᠣᠯᠪᠠᠰᠣᠨ ᠢ ᠡᠷᠬᠢᠮᠯᠡᠨ᠂ ᠰᠠᠶᠢᠬᠠᠨ ᠰᠣᠷᠳᠠᠯ ᠢ ᠪᠣᠢ ᠪᠣᠯᠭᠠᠬᠤ︾᠂ ᠭᠡᠷ ᠪᠦᠯᠢ ᠶᠢᠨ ᠪᠣᠯᠪᠠᠰᠣᠨ ᠰᠣᠷᠳᠠᠯ ᠵᠡᠷᠭᠡ ᠠᠵᠢᠯᠯᠠᠭ᠎ᠠ ᠶᠢ ᠢᠳᠡᠪᠬᠢᠳᠠᠢ ᠠᠬᠢᠭᠤᠯᠵᠣ᠂ ᠲᠡᠷᠭᠡᠳᠡᠬᠢ ᠰᠠᠶᠢᠨ ᠬᠦᠮᠦᠨ᠂ ᠶᠣᠰᠣ ᠰᠣᠷᠳᠠᠬᠤᠨ ᠤ ᠵᠢᠱᠢᠶᠡᠴᠢ ᠵᠡᠷᠭᠡ ᠶᠢ ᠰᠣᠩᠭᠤᠨ ᠬᠦᠬᠢᠭᠦᠯᠬᠦ ᠠᠵᠢᠯᠯᠠᠭ᠎ᠠ ᠶᠢ ᠦᠷᠨᠢᠭᠦᠯᠵᠦ᠂ ᠣᠯᠠᠨ ᠲᠦᠮᠡᠨ ᠳᠤ ᠠᠶᠠᠨᠳᠠᠭᠠᠨ ᠤ ᠬᠦᠮᠦᠵᠢᠯ ᠪᠣᠯᠣᠨ ᠨᠦᠯᠦᠭᠡ ᠶᠢ ᠬᠦᠷᠳᠡᠭᠡᠨ᠎ᠡ᠃ ᠦᠪᠡᠷᠳᠡᠭᠡᠨ ᠵᠠᠰᠠᠬᠤ ᠣᠷᠣᠨ ᠤ ᠦᠨᠳᠦᠰᠦᠳᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠨᠠᠮ ᠤᠨ ᠦᠨᠳᠦᠰᠦᠳᠡᠨ ᠱᠠᠰᠢᠨ ᠰᠣᠷᠳᠠᠬᠤᠨ ᠤ ᠲᠦᠷᠦ ᠎ ᠶᠢᠨ ᠪᠣᠳᠣᠯᠭ᠎ᠠ ᠴᠢᠭᠯᠡᠯ ᠢ ᠨᠠᠷᠢᠨ ᠬᠢᠨᠠᠮᠠᠭᠠᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠦᠨᠳᠦᠰᠦᠳᠡᠨ ᠨᠦᠭᠦᠳ ᠤᠨ ᠺᠠᠳ᠋ᠷ ᠣᠯᠠᠨ ᠲᠦᠮᠡᠨ ᠤ ᠪᠦᠯᠬᠦᠮᠳᠡᠯ ᠢ ᠳᠠᠶᠢᠴᠢᠯᠠᠨ᠎ᠠ᠃ ᠨᠠᠰᠣᠳᠠᠶᠢᠴᠣᠳ ᠤᠨ ᠠᠵᠢᠯ ᠦᠢᠯᠡᠰ ᠪᠣᠯᠣᠨ ᠠᠬᠠᠮᠠᠳ ᠺᠠᠳ᠋ᠷᠴᠣᠳ ᠤᠨ ᠠᠵᠢᠯ ᠢ ᠦᠷᠭᠦᠯᠵᠢᠯᠡᠨ ᠬᠠᠯᠠᠮᠵᠢᠯᠠᠨ ᠳᠡᠮᠵᠢᠨ᠎ᠡ᠃ ᠠᠵᠢᠯᠳᠠᠨ ᠤ ᠡᠪᠯᠡᠯ᠂ ᠵᠠᠯᠠᠭᠤᠴᠣᠳ ᠤᠨ ᠡᠪᠯᠡᠯ᠂ ᠡᠮᠡᠭᠳᠡᠶᠢᠴᠣᠳ ᠤᠨ ᠬᠤᠯᠪᠣᠭᠠᠳᠣ ᠬᠤᠷᠠᠯ ᠵᠡᠷᠭᠡ ᠠᠷᠠᠳ ᠤᠨ ᠪᠦᠯᠬᠦᠮ ᠤᠨ ᠬᠦᠭᠦᠷᠭᠡ ᠬᠤᠯᠪᠣᠭᠠᠰᠣ ᠶᠢᠨ ᠦᠢᠯᠡᠳᠦᠯ ᠢ ᠭᠦᠢᠴᠡᠳ ᠪᠠᠳᠠᠷᠠᠭᠤᠯᠵᠣ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠰᠠᠶᠢᠳᠣᠷ ᠲᠣᠰᠬᠠᠨ᠂ ᠣᠯᠠᠨ ᠲᠦᠮᠡᠨ ᠤ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠨ᠎ᠠ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠪᠠᠶᠢᠭᠤᠯᠣᠯᠳᠠ ᠶᠢ ᠢᠳᠡᠪᠬᠢᠳᠠᠢ ᠳᠡᠮᠵᠢᠵᠦ᠂ ᠣᠯᠣᠰ ᠤᠨ ᠳᠡᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢᠨ ᠡᠭᠦᠳᠦᠨ ᠪᠠᠶᠢᠭᠤᠯᠣᠯᠳᠠ ᠶᠢ ᠭᠤᠶᠣᠴᠢᠯᠠᠨ ᠮᠡᠳᠡᠭᠦᠯᠬᠦ ᠠᠵᠢᠯ ᠢ ᠲᠦᠷᠭᠡᠳᠭᠡᠵᠦ᠂ ᠬᠤᠶᠠᠷ ᠢ ᠬᠦᠷᠢᠶᠡᠯᠡᠬᠦ ᠶᠢ ᠬᠠᠮᠳᠣᠪᠡᠷ ᠪᠠᠶᠢᠭᠤᠯᠣᠭᠰᠠᠨ ᠦᠷ᠎ᠡ ᠪᠦᠲᠦᠮᠵᠢ ᠪᠠᠨ ᠪᠠᠳᠣᠳᠬᠠᠨ᠎ᠠ᠃     ︵ᠶᠢᠰᠦ︶ ᠠᠵᠢᠯ ᠤᠨ ᠰᠣᠷᠳᠠᠯ ᠢᠶᠠᠨ ᠬᠤᠪᠢᠷᠠᠭᠤᠯᠣᠨ ᠠᠵᠢᠯ ᠤᠨ ᠴᠢᠳᠠᠪᠬᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠳᠠ ᠶᠢ ᠴᠢᠩᠭᠠᠳᠬᠠᠨ᠎ᠠ᠃     ᠨᠢᠭᠡ ᠳᠤ ᠬᠠᠣᠯᠢ ᠪᠠᠷ ᠵᠠᠰᠠᠭ ᠶᠠᠪᠣᠭᠤᠯᠬᠤ ᠶᠢ ᠪᠠᠷᠢᠮᠳᠠᠯᠠᠨ᠎ᠠ᠃ ᠬᠠᠣᠯᠢ ᠳᠤ ᠲᠣᠭᠳᠠᠭᠠᠭᠰᠠᠨ ᠡᠷᠭᠡ ᠶᠢᠨ ᠬᠢᠵᠠᠭᠠᠷ᠂ ᠶᠠᠪᠣᠴᠠ ᠪᠣᠯᠣᠨ ᠡᠷᠭᠡ ᠬᠠᠷᠢᠭᠤᠴᠠᠯᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ︽ᠬᠤᠶᠠᠷ ᠰᠣᠭᠤᠴᠢᠯᠳᠠ ᠨᠢᠭᠡ ᠵᠠᠷᠯᠠᠯ︾᠎ ᠤᠨ ᠠᠵᠢᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯ ᠢ ᠴᠦᠮ ᠬᠠᠣᠯᠢ ᠶᠣᠰᠣᠭᠠᠷ ᠦᠷᠨᠢᠭᠦᠯᠵᠦ᠂ ᠠᠵᠢᠯ ᠢᠶᠠᠨ ᠪᠠᠷᠢᠮᠳᠠ ᠲᠠᠢ᠂ ᠢᠯᠡ ᠲᠣᠳᠣᠷᠬᠠᠢ᠂ ᠦᠨᠳᠦᠷ ᠦᠷ᠎ᠡ ᠠᠰᠢᠭᠳᠠᠢ ᠬᠢᠬᠦ ᠶᠢ ᠪᠡᠶᠡᠯᠡᠭᠦᠯᠦᠨ᠎ᠡ᠃ ︽ᠭᠤᠷᠪᠠᠨ ᠭᠤᠣᠯᠳᠠᠯᠭ᠎ᠠ ᠨᠢᠭᠡ ᠶᠡᠭᠡ︾ ᠵᠦᠢᠯ ᠢ ᠬᠠᠮᠳᠣᠪᠡᠷ ᠰᠢᠢᠳᠪᠦᠷᠢ ᠲᠣᠭᠳᠠᠭᠠᠬᠤ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠶᠠᠪᠣᠴᠠ ᠶᠢ ᠣᠯᠠᠮ ᠨᠢᠭᠡ ᠠᠯᠬᠤᠮ ᠲᠦᠷᠢᠮᠵᠢᠭᠦᠯᠵᠦ᠂ ᠰᠢᠢᠳᠪᠦᠷᠢᠲᠦ ᠪᠣᠳᠣᠯᠭ᠎ᠠ ᠎ ᠶᠢᠨ ᠰᠢᠨᠵᠢᠯᠡᠬᠦ ᠣᠬᠠᠭᠠᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠷᠠᠳ ᠤᠨ ᠪᠠᠶᠢᠩᠭᠤ ᠶᠢᠨ ᠬᠤᠷᠢᠶᠠᠨ ᠤ ᠬᠠᠣᠯᠢ ᠴᠠᠭᠠᠵᠠ ᠶᠢᠨ ᠬᠢᠨᠠᠯᠳᠠ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠪᠣᠯᠣᠨ ᠨᠡᠶᠢᠭᠡᠮ ᠎ ᠤᠨ ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠦ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ ᠨᠠᠮ ᠤᠨ ᠭᠠᠳᠠᠨᠠᠬᠢ ᠬᠦᠮᠦᠰ ᠪᠣᠯᠣᠨ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠣᠨ᠎ᠠ᠃ ︽ᠳᠣᠯᠣᠳᠣᠭᠠᠷ ᠲᠠᠪᠣᠨ ᠵᠢᠯ︾᠎ ᠤᠨ ᠬᠠᠣᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠳᠣᠳᠠᠢ ᠠᠬᠢᠭᠤᠯᠵᠣ᠂ ᠪᠦᠬᠦ ᠠᠷᠠᠳ ᠤᠨ ᠬᠠᠣᠯᠢ ᠪᠠᠷ ᠵᠠᠰᠠᠬᠤ ᠦᠵᠡᠯᠳᠡ ᠶᠢ ᠳᠡᠭᠡᠭᠰᠢᠯᠡᠭᠦᠯᠵᠦ᠂ ︽ᠬᠠᠣᠯᠢ ᠬᠡᠷᠡᠭᠵᠢᠭᠦᠯᠦᠯᠳᠡ᠂ ᠬᠠᠣᠯᠢ ᠲᠦᠭᠡᠮᠡᠯᠵᠢᠭᠦᠯᠦᠯᠳᠡ︾᠎ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠣᠷᠢᠵᠢᠭᠤᠯᠵᠣ᠂ ᠪᠦᠬᠦ ᠬᠤᠰᠢᠭᠤᠨ ᠤ ᠬᠠᠣᠯᠢ ᠪᠠᠷ ᠵᠠᠰᠠᠨ ᠴᠡᠭᠴᠡᠯᠡᠬᠦ ᠪᠣᠯᠣᠨ ᠠᠷᠠᠳᠴᠢᠯᠠᠯ ᠬᠠᠣᠯᠢ ᠪᠠᠷ ᠵᠠᠰᠠᠬᠤ ᠶᠠᠪᠣᠴᠠ ᠶᠢ ᠠᠬᠢᠭᠤᠯᠣᠨ᠎ᠠ᠃     ᠬᠤᠶᠠᠷ ᠲᠤ ᠵᠠᠰᠠᠭ ᠵᠠᠬᠢᠷᠭᠠᠨ ᠤ ᠡᠭᠦᠷᠭᠡ ᠴᠢᠳᠠᠪᠬᠢ ᠶᠢ ᠳᠡᠭᠡᠭᠰᠢᠯᠡᠭᠦᠯᠦᠨ᠎ᠡ᠃ ᠨᠠᠮ ᠤᠨ ᠣᠯᠣᠰ ᠲᠦᠷᠦ ᠎ ᠶᠢᠨ ᠰᠠᠬᠢᠯᠭ᠎ᠠ ᠪᠠᠳᠣ ᠪᠣᠯᠣᠨ ᠣᠯᠣᠰ ᠲᠦᠷᠦ ᠶᠢᠨ ᠲᠦᠷᠢᠮ ᠵᠢᠷᠣᠮ ᠢ ᠴᠢᠩᠭ᠎ᠠ ᠵᠢᠷᠣᠮᠯᠠᠵᠣ᠂ ︽ᠳᠦᠷᠪᠡᠨ ᠣᠬᠠᠮᠰᠠᠷ︾ ᠣᠨᠴᠠᠭᠠᠶᠢᠯᠠᠨ ᠭᠤᠣᠯ ᠴᠦᠮ᠎ᠡ ᠶᠢᠨ ᠣᠬᠠᠮᠰᠠᠷ᠂ ᠨᠢᠭᠡᠳᠭᠡᠬᠦ ᠣᠬᠠᠮᠰᠠᠷ ᠢ ᠦᠨᠡᠨᠬᠦ ᠳᠡᠭᠡᠭᠰᠢᠯᠡᠭᠦᠯᠵᠦ᠂ ᠳᠡᠭᠡᠲᠦ ᠱᠠᠳᠣ ᠪᠣᠯᠣᠨ ᠬᠤᠰᠢᠭᠤ ᠨᠠᠮ ᠤᠨ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠰᠠᠶᠢᠳᠣᠷ ᠨᠠᠶᠢᠳᠠᠪᠣᠷᠢᠵᠢᠭᠤᠯᠬᠤ ᠶᠢ ᠪᠠᠳᠣᠯᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠴᠢᠳᠠᠪᠬᠢ ᠶᠢ ᠪᠠᠶᠢᠴᠠᠭᠠᠨ ᠦᠨᠡᠯᠡᠬᠦ ᠠᠷᠭ᠎ᠠ ᠶᠢ ᠴᠢᠩᠭ᠎ᠠ ᠬᠡᠷᠡᠭᠵᠢᠭᠦᠯᠵᠦ᠂ ᠱᠠᠭᠠᠷᠳᠠᠨ ᠪᠠᠶᠢᠴᠠᠭᠠᠬᠤ ᠪᠣᠯᠣᠨ ᠵᠠᠰᠠᠭ ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ ᠬᠦᠴᠦᠨ ᠢ ᠴᠢᠩᠭᠠᠳᠬᠠᠵᠣ᠂ ᠡᠯ᠎ᠡ ᠲᠦᠷᠦᠯ ᠤᠨ ᠠᠵᠢᠯ ᠢ ᠰᠠᠶᠢᠳᠣᠷ ᠨᠠᠶᠢᠳᠠᠪᠣᠷᠢᠵᠢᠭᠤᠯᠣᠨ᠂ ᠪᠣᠳᠠᠳᠣ ᠦᠷ᠎ᠡ ᠪᠦᠲᠦᠮᠵᠢ ᠣᠯᠬᠤ ᠶᠢ ᠪᠠᠳᠣᠯᠠᠨ᠎ᠠ ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠵᠣ᠂ ᠰᠣᠨᠢᠨ ᠮᠡᠳᠡᠭᠡ ᠨᠡᠶᠢᠳᠡᠯᠡᠬᠦ ᠲᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠶᠠᠪᠣᠳᠠᠯ ᠤᠨ ᠮᠡᠳᠡᠭᠡ ᠵᠠᠩᠭᠢ ᠶᠢ ᠴᠠᠭ ᠲᠣᠬᠠᠢ ᠳᠤᠨᠢ ᠮᠡᠳᠡᠭᠡᠯᠡᠵᠦ᠂ ᠨᠡᠶᠢᠭᠡᠮ ᠤᠨ ᠠᠩᠬᠠᠷᠣᠯ ᠢ ᠲᠠᠳᠠᠭᠰᠠᠨ ᠠᠰᠠᠭᠤᠳᠠᠯ ᠳᠤ ᠬᠠᠷᠢᠭᠤᠯᠳᠠ ᠦᠭᠴᠦ᠂ ᠵᠠᠰᠠᠭ ᠤᠨ ᠣᠷᠳᠣᠨ ᠤ ᠠᠵᠢᠯ ᠎ ᠤᠨ ᠢᠯᠡ ᠪᠠᠶᠢᠬᠤ ᠪᠠ ᠢᠳᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠵᠣᠷᠢᠭᠳᠠᠢ ᠡᠭᠦᠷᠭᠡᠯᠡᠨ᠂ ᠢᠳᠡᠪᠬᠢᠳᠠᠢ ᠠᠵᠢᠯᠯᠠᠵᠣ᠂ ᠨᠡᠩ ᠴᠢᠩᠭ᠎ᠠ ᠱᠠᠭᠠᠷᠳᠠᠯᠭ᠎ᠠ᠂ ᠨᠡᠩ ᠦᠨᠳᠦᠷ ᠪᠠᠷᠢᠮᠵᠢᠶ᠎ᠠ ᠪᠠᠷ ᠠᠵᠢᠯ ᠢᠶᠠᠨ ᠠᠬᠢᠭᠤᠯᠣᠨ᠎ᠠ᠃ ︽ᠳᠠᠷᠣᠶᠢᠬᠠᠨ ᠬᠢᠵᠦ ᠭᠦᠢᠴᠡᠳᠭᠡᠬᠦ︾ ᠵᠣᠷᠢᠭ ᠰᠠᠨᠠᠭ᠎ᠠ᠂ ᠬᠠᠳᠠᠭᠠᠰᠣᠨ ᠤ ᠵᠣᠷᠢᠭ ᠰᠠᠨᠠᠭ᠎ᠠ ᠪᠠ ︽ᠮᠣᠩᠭᠤᠯ ᠮᠣᠷᠢᠨ ᠤ ᠵᠣᠷᠢᠭ ᠰᠠᠨᠠᠭ᠎ᠠ︾᠎ ᠶᠢ ᠶᠡᠬᠡᠪᠡᠷ ᠪᠠᠳᠠᠷᠠᠭᠤᠯᠵᠣ᠂ ᠵᠠᠰᠠᠭ ᠤᠨ ᠣᠷᠳᠣᠨ ᠤ ᠭᠦᠢᠴᠡᠳᠭᠡᠬᠦ ᠴᠢᠳᠠᠪᠣᠷᠢ ᠪᠣᠯᠣᠨ ᠵᠠᠰᠠᠭ ᠵᠠᠬᠢᠷᠭᠠᠨ ᠤ ᠠᠵᠢᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃     ᠭᠤᠷᠪᠠ ᠳᠤ ᠴᠢᠭᠡᠴᠢ ᠵᠠᠰᠠᠭ ᠤᠨ ᠪᠠᠶᠢᠭᠤᠯᠣᠯᠳᠠ ᠶᠢ ᠴᠢᠩᠭᠠᠳᠬᠠᠨ᠎ᠠ᠃ ᠨᠠᠮ ᠢ ᠴᠢᠩᠭ᠎ᠠ ᠵᠠᠰᠠᠬᠤ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠎ ᠶᠢᠨ ᠬᠠᠷᠢᠭᠤᠴᠠᠯᠭ᠎ᠠ ᠶᠢᠨ ᠲᠦᠷᠢᠮ ᠪᠣᠯᠣᠨ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾᠎ ᠶᠢᠨ ᠲᠦᠷᠢᠮ ᠢ ᠬᠦᠨᠵᠡᠭᠡᠢ ᠨᠠᠶᠢᠳᠠᠪᠣᠷᠢᠵᠢᠭᠤᠯᠣᠨ᠎ᠠ᠃ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ᠂ ᠴᠢᠬᠤᠯᠠ ᠠᠵᠢᠯ ᠤᠨ ᠪᠠᠶᠢᠷᠢ ᠶᠢᠨ ᠵᠠᠰᠠᠭ ᠵᠠᠬᠢᠷᠭᠠᠨ ᠤ ᠬᠢᠨᠠᠯᠳᠠ ᠪᠣᠯᠣᠨ ᠬᠢᠨᠠᠨ ᠪᠣᠳᠣᠬᠤ ᠶᠢ ᠴᠢᠩᠭᠠᠳᠬᠠᠵᠣ᠂ ᠰᠠᠬᠢᠯᠭ᠎ᠠ ᠬᠠᠣᠯᠢ ᠶᠢ ᠵᠦᠷᠢᠴᠡᠭᠰᠡᠨ ᠬᠡᠷᠡᠭ ᠪᠣᠯᠣᠨ ᠣᠯᠠᠨ ᠲᠦᠮᠡᠨ ᠤ ᠳᠡᠷᠭᠡᠳᠡ ᠡᠭᠦᠰᠦᠭᠰᠡᠨ ᠢᠯᠵᠢᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠳᠭᠡᠨ᠎ᠡ᠃ ᠰᠣᠷᠳᠠᠯ ᠤᠨ ᠪᠠᠶᠢᠭᠤᠯᠣᠯᠳᠠ ᠶᠢ ᠴᠢᠩᠭᠠᠳᠬᠠᠵᠣ᠂ ︽ᠭᠤᠷᠪᠠᠨ ᠠᠯᠪᠠᠨ︾᠎ ᠤ ᠵᠠᠷᠣᠳᠠᠯ ᠎ ᠢ ᠴᠢᠩᠭ᠎ᠠ ᠡᠵᠡᠮᠳᠡᠵᠦ᠂ ᠵᠠᠰᠠᠭ ᠵᠠᠬᠢᠷᠭᠠᠨ ᠤ ᠵᠠᠷᠣᠬᠤ ᠴᠢᠬᠤᠯᠠ ᠦᠭᠡᠢ ᠵᠠᠷᠣᠳᠠᠯ ᠢ ᠪᠠᠭᠠᠰᠬᠠᠨ᠎ᠠ᠃ ᠴᠢᠭᠡᠴᠢ ᠵᠠᠰᠠᠭ ᠎ ᠤᠨ ᠬᠦᠮᠦᠵᠢᠯ ᠪᠣᠯᠣᠨ ᠰᠠᠬᠢᠯᠭ᠎ᠠ ᠪᠠᠳᠣ ᠶᠢᠨ ᠬᠦᠮᠦᠵᠢᠯ ᠢ ᠴᠢᠩᠭᠠᠳᠬᠠᠵᠣ᠂ ᠠᠷᠢᠭᠤᠨ ᠴᠢᠭᠡᠴᠢ ᠪᠠᠷ ᠦᠪᠡᠷ ᠢ ᠎ ᠪᠠᠨ ᠰᠠᠬᠢᠯᠭᠠᠵᠢᠭᠤᠯᠬᠤ ᠣᠬᠠᠮᠰᠠᠷ ᠢ ᠳᠡᠭᠡᠭᠰᠢᠯᠡᠭᠦᠯᠵᠦ᠂ ᠢᠯᠵᠢᠷᠠᠯ ᠢ ᠡᠰᠡᠷᠭᠦᠴᠡᠬᠦ ᠴᠢᠳᠠᠪᠣᠷᠢ ᠪᠠᠨ ᠳᠡᠭᠡᠭᠰᠢᠯᠡᠭᠦᠯᠦᠨ᠂ ᠠᠷᠢᠭᠤᠨ ᠴᠢᠭᠡᠴᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃     ᠲᠦᠯᠦᠭᠡᠯᠡᠭᠴᠢᠳ ᠡ᠂ ᠰᠢᠨ᠎ᠡ ᠠᠶᠠᠨ ᠤ ᠵᠠᠮ ᠬᠤᠯᠠ ᠡᠭᠦᠷᠭᠡ ᠬᠦᠨᠳᠦ ᠪᠠᠶᠢᠨ᠎ᠠ᠃ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ ᠪᠢᠳᠡ ᠮᠡᠷᠡᠶᠢᠨ ᠣᠷᠣᠭᠰᠢᠯᠠᠬᠤ ᠬᠡᠷᠡᠭᠳᠠᠢ᠃ ᠪᠢᠳᠡ  ᠬᠤᠰᠢᠭᠤ ᠨᠠᠮ ᠤᠨ ᠬᠤᠷᠢᠶᠠᠨ ᠎ ᠤ ᠡᠷᠡᠰ ᠪᠠᠳᠣ ᠣᠳᠣᠷᠢᠳᠣᠯᠭ᠎ᠠ ᠲᠣᠣᠷ᠎ᠠ᠂ ᠬᠤᠰᠢᠭᠤ ᠠᠷᠠᠳ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠪᠣᠯᠣᠨ ᠳᠡᠮᠵᠢᠯᠭᠡ ᠪᠠᠷ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠣ᠂ ᠨᠢᠭᠡ ᠰᠡᠳᠬᠢᠯ ᠨᠡᠶᠢᠳᠡ ᠶᠢᠨ ᠵᠣᠷᠢᠭ ᠢᠶᠠᠷ ᠬᠦᠭᠵᠢᠯᠳᠡ ᠶᠢ ᠡᠷᠢᠯᠬᠢᠯᠡᠵᠦ᠂ ᠰᠢᠷᠭᠠᠭᠤ ᠬᠠᠳᠠᠭᠤᠵᠢᠯᠳᠠᠢ ᠠᠵᠢᠯᠯᠠᠨ᠂ ᠦᠷᠭᠦᠯᠵᠢᠯᠡᠨ ᠴᠢᠷᠮᠠᠶᠢᠵᠣ᠂ ᠰᠦᠨᠢᠳ ᠪᠠᠷᠠᠭᠤᠨ ᠬᠤᠰᠢᠭᠤᠨ ᠤ ᠦᠰᠦᠷᠦᠩᠭᠦᠢ ᠬᠦᠭᠵᠢᠯᠳᠡ ᠶᠢᠨ ᠰᠢᠨ᠎ᠡ ᠬᠠᠭᠤᠳᠠᠰᠣ ᠶᠢ ᠪᠢᠴᠢᠭᠯᠡᠰᠦᠭᠡᠢ᠃ ᠨᠡᠷᠡᠰ ᠤᠨ ᠳᠠᠶᠢᠯᠪᠣᠷᠢ᠄1. ︽ᠲᠠᠪᠣᠨ ᠨᠢᠭᠡ ᠴᠣᠭᠴᠠᠵᠢᠭᠤᠯᠣᠯᠳᠠ︾᠄ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠤᠨ ᠢᠯᠡᠳᠭᠡᠯ ᠳᠤ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠢ ᠪᠠᠶᠢᠭᠤᠯᠬᠤ ᠶᠡᠷᠦᠩᠭᠡᠢ ᠪᠠᠶᠢᠷᠢᠯᠠᠭᠤᠯᠣᠯᠳᠠ ᠪᠣᠯ ᠠᠵᠣ ᠠᠬᠤᠢ ᠶᠢᠨ ᠪᠠᠶᠢᠭᠤᠯᠣᠯᠳᠠ᠂ ᠣᠯᠣᠰ ᠲᠦᠷᠦ ᠶᠢᠨ ᠪᠠᠶᠢᠭᠤᠯᠣᠯᠳᠠ᠂ ᠰᠣᠶᠣᠯ ᠤᠨ ᠪᠠᠶᠢᠭᠤᠯᠣᠯᠳᠠ᠂ ᠨᠡᠶᠢᠭᠡᠮ ᠤᠨ ᠪᠠᠶᠢᠭᠤᠯᠣᠯᠳᠠ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠲᠠᠪᠤ ᠶᠢ ᠨᠢᠭᠡ ᠴᠣᠭᠴᠠᠵᠢᠭᠤᠯᠬᠤ ᠭᠡᠵᠦ ᠵᠢᠭᠠᠵᠣ ᠭᠠᠷᠭᠠᠪᠠ᠃2. ︽ᠳᠦᠷᠪᠡᠨ ᠪᠦᠬᠦ ᠲᠠᠯ᠎ᠠ︾᠄ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠣᠯᠣᠰ ᠢᠶᠠᠨ ᠬᠠᠣᠯᠢ ᠪᠠᠷ ᠵᠠᠰᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠃3. ︽ᠲᠠᠪᠣᠨ ᠶᠡᠭᠡ ᠬᠦᠭᠵᠢᠯᠳᠡ ᠶᠢᠨ ᠦᠵᠡᠯᠳᠡ︾᠄ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠣᠯ ᠦᠭᠡᠢ᠂ ᠨᠡᠭᠡᠭᠡᠯᠳᠡ ᠲᠠᠢ᠂ ᠬᠠᠮᠳᠣᠪᠡᠷ ᠡᠳ᠋ᠯᠡᠬᠦ ᠬᠦᠭᠵᠢᠯᠳᠡ ᠶᠢᠨ ᠦᠵᠡᠯᠳᠡ᠃4. ᠲᠠᠪᠤ ᠶᠢ ᠵᠣᠬᠢᠴᠠᠭᠤᠯᠬᠤ᠄ ᠰᠢᠨ᠎ᠡ ᠭᠡᠯᠪᠡᠷᠢ ᠶᠢᠨ ᠠᠵᠣ ᠦᠢᠯᠡᠳᠪᠦᠷᠢᠵᠢᠯᠳᠡ᠂ ᠮᠡᠳᠡᠭᠡ ᠵᠠᠩᠭᠢᠴᠢᠯᠠᠯᠳᠠ᠂ ᠬᠤᠳᠠ ᠪᠠᠯᠭᠠᠰᠣᠵᠢᠯᠳᠠ᠂ ᠲᠠᠷᠢᠶᠠᠯᠠᠩ ᠮᠠᠯ ᠠᠵᠣ ᠠᠬᠤᠢ ᠶᠢᠨ ᠣᠳᠣᠬᠢᠴᠢᠯᠠᠯᠳᠠ ᠪᠣᠯᠣᠨ ᠪᠣᠬᠢᠷᠳᠣᠯ ᠦᠭᠡᠢ ᠶᠢ ᠬᠦᠨᠵᠡᠭᠡᠢ ᠠᠭᠤᠰᠣᠯᠴᠠᠭᠤᠯᠵᠣ᠂ ᠬᠦᠨᠵᠡᠭᠡᠢ ᠰᠣᠯᠢᠯᠴᠠᠭᠤᠯᠵᠣ᠂ ᠵᠣᠬᠢᠴᠠᠭᠤᠯᠣᠨ ᠬᠦᠭᠵᠢᠭᠦᠯᠦᠨ᠎ᠡ᠃5. ︽ᠭᠤᠷᠪᠠ ᠶᠢ ᠲᠠᠶᠠᠭᠳᠠᠵᠣ᠂ ᠨᠢᠭᠡ ᠶᠢ ᠪᠠᠭᠤᠷᠠᠭᠤᠯᠣᠨ᠂ ᠨᠢᠭᠡ ᠶᠢ ᠨᠦᠬᠦᠪᠦᠷᠢᠯᠡᠬᠦ︾᠄ ᠭᠡᠲᠦ ᠦᠢᠯᠡᠳᠪᠦᠷᠢᠯᠡᠯ ᠢ ᠲᠡᠪᠴᠢᠨ᠂ ᠭᠡᠲᠦ ᠬᠦᠮᠦᠷᠭᠡᠯᠡᠬᠦ ᠶᠢ ᠪᠠᠭᠠᠰᠬᠠᠨ᠂ ᠬᠦᠰᠢᠭᠦᠷᠭᠡ ᠶᠢ ᠲᠠᠶᠠᠭᠳᠠᠵᠣ᠂ ᠦᠪᠡᠷ ᠤᠨ ᠦᠷᠳᠡᠭ ᠢ ᠪᠠᠭᠠᠰᠬᠠᠵᠣ᠂ ᠲᠣᠳᠠᠭᠤᠳᠠᠯ ᠢ ᠨᠦᠬᠦᠪᠦᠷᠢᠯᠡᠬᠦ᠃6. ︽ᠵᠢᠷᠭᠤᠭᠠᠨ ᠨᠠᠷᠢᠯᠢᠭ ᠣᠨᠣᠪᠴᠢᠳᠠᠢ︾᠄ ᠳᠡᠳᠭᠦᠪᠦᠷᠢ ᠬᠦᠷᠳᠡᠭᠰᠡᠨ ᠡᠳᠡᠭᠡᠳ ᠨᠢ ᠨᠠᠷᠢᠯᠢᠭ ᠣᠨᠣᠪᠴᠢᠳᠠᠢ᠂ ᠲᠡᠳᠭᠦᠭᠰᠡᠨ ᠠᠷᠭ᠎ᠠ ᠬᠡᠮᠵᠢᠶ᠎ᠡ ᠨᠢ ᠨᠠᠷᠢᠯᠢᠭ ᠣᠨᠣᠪᠴᠢᠳᠠᠢ᠂ ᠲᠦᠷᠦᠯ ᠵᠦᠢᠯ ᠤᠨ ᠲᠣᠬᠢᠷᠠᠭᠤᠯᠣᠯᠳᠠ ᠨᠠᠷᠢᠯᠢᠭ ᠣᠨᠣᠪᠴᠢᠳᠠᠢ᠂ ᠪᠡᠯᠡ ᠮᠦᠩᠭᠦ ᠶᠢᠨ ᠠᠰᠢᠭᠯᠠᠯᠳᠠ ᠨᠠᠷᠢᠯᠢᠭ ᠣᠨᠣᠪᠴᠢᠳᠠᠢ᠂ ᠭᠠᠴᠠᠭ᠎ᠠ ᠲᠣᠰᠬᠤᠨ ᠳᠤ ᠲᠣᠮᠢᠯᠠᠬᠤ ᠬᠦᠮᠦᠨ ᠨᠢ ᠣᠨᠣᠪᠴᠢᠳᠠᠢ᠂ ᠶᠠᠳᠠᠭᠤ ᠠᠴᠠ ᠠᠩᠭᠢᠵᠢᠷᠠᠭᠤᠯᠣᠭᠰᠠᠨ ᠦᠷ᠎ᠡ ᠪᠦᠲᠦᠮᠵᠢ ᠨᠢ ᠨᠠᠷᠢᠯᠢᠭ ᠣᠨᠣᠪᠴᠢᠳᠠᠢ᠃7. ︽ᠲᠠᠪᠣᠨ ᠨᠢᠭᠡ ᠪᠦᠯᠦᠭ︾᠄ ᠦᠢᠯᠡᠳᠪᠦᠷᠢᠯᠡᠯ ᠢ ᠬᠦᠭᠵᠢᠭᠦᠯᠦᠨ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ ᠣᠨᠳᠣᠣ ᠭᠠᠵᠠᠷ ᠲᠤ ᠨᠡᠭᠦᠯᠭᠡᠵᠦ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ ᠠᠮᠢ ᠠᠬᠤᠢ ᠶᠢᠨ ᠨᠦᠬᠦᠪᠦᠷᠢ ᠦᠭᠴᠦ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ ᠰᠣᠷᠭᠠᠨ ᠬᠦᠮᠦᠵᠢᠯ ᠢ ᠬᠦᠭᠵᠢᠭᠦᠯᠦᠨ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ ᠨᠡᠶᠢᠭᠡᠮ ᠤᠨ ᠪᠠᠳᠣᠯᠠᠭ᠎ᠠ ᠪᠠᠷ ᠳᠠᠮᠵᠢᠨ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠣᠨ᠎ᠠ᠃8. ︽ᠭᠤᠷᠪᠠ ᠶᠢ ᠨᠡᠪᠳᠡᠷᠡᠭᠦᠯᠬᠦ ᠬᠤᠶᠠᠷ ᠲᠠᠪᠴᠠᠩ ᠢ ᠪᠠᠶᠢᠭᠤᠯᠬᠤ︾᠄ ︽ᠲᠣᠣᠷ ᠰᠦᠯᠵᠢᠶ᠎ᠡ ᠶᠢ ᠰᠣᠷᠭᠠᠭᠤᠯᠢ᠂ ᠠᠩᠭᠢ ᠪᠣᠯᠭᠠᠨ ᠳᠤ ᠨᠡᠪᠳᠡᠷᠡᠭᠦᠯᠬᠦ᠂ ᠰᠣᠷᠣᠭᠴᠢ ᠪᠦᠬᠦᠨ ᠲᠣᠣᠷ ᠰᠦᠯᠵᠢᠶ᠎ᠡ ᠶᠢ ᠠᠰᠢᠭᠯᠠᠨ ᠰᠣᠷᠣᠯᠴᠠᠬᠤ︾᠂ ᠰᠣᠷᠭᠠᠨ ᠬᠦᠮᠦᠵᠢᠯ ᠤᠨ ᠡᠬᠢ ᠪᠠᠶᠠᠯᠢᠭ ᠤᠨ ᠨᠡᠶᠢᠳᠡ ᠶᠢᠨ ᠦᠢᠯᠡᠴᠢᠯᠡᠭᠡᠨ ᠤ ᠲᠠᠪᠴᠠᠩ ᠪᠣᠯᠣᠨ ᠰᠣᠷᠭᠠᠨ ᠬᠦᠮᠦᠵᠢᠯ ᠤᠨ ᠬᠠᠮᠢᠶᠠᠷᠣᠯᠳᠠ ᠶᠢᠨ ᠨᠡᠶᠢᠳᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ᠃9. ︽ᠲᠠᠪᠣᠨ ᠦᠨᠡᠮᠯᠡᠯ ᠢ ᠨᠡᠶᠢᠯᠡᠭᠦᠯᠦᠨ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾᠄ ᠦᠢᠯᠡᠳᠪᠦᠷᠢ ᠬᠤᠳᠠᠯᠳᠣᠭᠠᠨ ᠤ ᠡᠵᠡᠩᠨᠡᠯᠳᠡ ᠶᠢᠨ ᠦᠨᠡᠮᠯᠡᠯ᠂ ᠪᠠᠶᠢᠭᠤᠯᠣᠮᠵᠢ ᠶᠢᠨ ᠲᠦᠯᠦᠭᠡᠨ ᠤ ᠦᠨᠡᠮᠯᠡᠯ᠂ ᠭᠠᠶᠢᠯᠢ ᠶᠢᠨ ᠶᠠᠪᠣᠳᠠᠯ ᠢ ᠲᠠᠩᠰᠠᠯᠠᠬᠤ ᠦᠨᠡᠮᠯᠡᠯ᠂ ᠨᠡᠶᠢᠭᠡᠮ ᠤᠨ ᠳᠠᠭᠠᠳᠬᠠᠯ ᠢ ᠳᠠᠩᠰᠠᠯᠠᠬᠤ ᠦᠨᠡᠮᠯᠡᠯ ᠪᠣᠯᠣᠨ ᠪᠦᠷᠢᠳᠭᠡᠯ ᠢ ᠳᠠᠩᠰᠠᠯᠠᠬᠤ ᠦᠨᠡᠮᠯᠡᠯ ᠵᠡᠷᠭᠡ ᠲᠠᠪᠣᠨ ᠦᠨᠡᠮᠯᠡᠯ ᠢ ᠨᠢᠭᠡᠳᠭᠡᠨ ᠨᠢᠭᠡᠯᠡ ᠦᠨᠡᠮᠯᠡᠯ ᠪᠣᠯᠭᠠᠨ ᠳᠠᠩᠰᠠᠯᠠᠬᠤ ᠲᠦᠷᠢᠮ᠂ ᠲᠦᠭᠦᠮᠴᠢᠯᠡᠭᠡᠳ ︽ᠲᠠᠪᠣᠨ ᠦᠨᠡᠮᠯᠡᠯ ᠢ ᠨᠡᠶᠢᠯᠡᠭᠦᠯᠬᠦ︾︔ ︽ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ ︾ ᠭᠡᠳᠡᠭ ᠨᠢ ︽ᠨᠢᠭᠡᠯᠡ ᠳᠡᠭᠡᠷ᠎ᠡ ᠬᠦᠯᠢᠶᠡᠨ ᠠᠪᠴᠣ᠂ ᠨᠡᠶᠢᠯᠡᠭᠦᠯᠦᠨ ᠬᠢᠨᠠᠨ ᠵᠦᠪᠰᠢᠶᠡᠷᠡᠵᠦ᠂ ᠮᠡᠳᠡᠭᠡ ᠵᠠᠩᠭᠢ ᠶᠢ ᠬᠠᠮᠳᠣᠪᠡᠷ ᠡᠳ᠋ᠯᠡᠨ᠂ ᠦᠷ᠎ᠡ ᠳ᠋ᠦᠩ ᠢ ᠬᠠᠷᠢᠯᠴᠠᠨ ᠬᠦᠯᠢᠶᠡᠨ ᠵᠦᠪᠰᠢᠶᠡᠷᠡᠬᠦ︾᠎ ᠪᠠᠷ ᠳᠠᠮᠵᠢᠨ᠂ ᠭᠤᠷᠪᠠᠨ ᠰᠠᠯᠠᠭ᠎ᠠ ᠮᠦᠴᠢᠷ ︵ᠦᠢᠯᠡᠳᠪᠦᠷᠢ ᠬᠤᠳᠠᠯᠳᠤᠭ᠎ᠠ᠂ ᠶᠠᠰᠣ ᠴᠢᠨᠠᠷ ᠢ ᠬᠢᠨᠠᠨ ᠪᠠᠶᠢᠴᠠᠭᠠᠬᠤ᠂ ᠭᠠᠶᠢᠯᠢ ᠶᠢᠨ ᠶᠠᠪᠣᠳᠠᠯ︶᠎ ᠠᠴᠠ ᠲᠣᠰᠪᠦᠷᠢ ᠬᠠᠷᠭᠤᠭᠤᠯᠣᠨ ᠠᠳᠠᠯᠢ ᠪᠣᠰᠣ ᠦᠨᠡᠮᠯᠡᠯ ᠣᠯᠭᠤᠵᠣ ᠪᠠᠶᠢᠭᠰᠠᠨ ᠢ ᠨᠢᠭᠡᠯᠡ ᠰᠠᠯᠠᠭ᠎ᠠ ᠮᠦᠴᠢᠷ ᠠᠴᠠ ᠬᠠᠣᠯᠢ ᠶᠢᠨ ᠡᠳᠡᠭᠡᠳ ᠪᠣᠯᠣᠨ ᠪᠣᠰᠣᠳ ᠵᠣᠬᠢᠶᠠᠨ ᠪᠠᠶᠢᠭᠤᠯᠣᠯᠳᠠ ᠨᠢᠭᠡᠳᠦᠯᠳᠠᠢ ᠨᠡᠶᠢᠭᠡᠮ ᠤᠨ ᠢᠳᠡᠭᠡᠮᠵᠢ ᠶᠢᠨ ᠲᠦᠯᠦᠭᠡᠨ ᠤ ᠨᠣᠮᠧᠷ ᠢ ᠣᠷᠣᠭᠤᠯᠣᠭᠰᠠᠨ ᠡᠵᠡᠩᠨᠡᠯᠳᠡ ᠶᠢᠨ ᠦᠨᠡᠮᠯᠡᠯ ᠪᠣᠯᠭᠠᠨ ᠬᠠᠷᠭᠤᠭᠤᠯᠣᠨ ᠣᠯᠭᠤᠬᠤ ᠶᠢ ᠬᠡᠯᠡᠨ᠎ᠡ᠃10. ︽ᠬᠤᠶᠠᠷ ᠰᠣᠭᠤᠴᠢᠯᠳᠠ ᠨᠢᠭᠡ ᠵᠠᠷᠯᠠᠯ︾᠄ ᠪᠠᠶᠢᠴᠠᠭᠠᠭᠳᠠᠬᠤ ᠡᠳᠡᠭᠡᠳ ᠢ ᠰᠣᠭᠤᠴᠢᠨ ᠲᠣᠭᠳᠠᠭᠠᠵᠣ᠂ ᠬᠠᠣᠯᠢ ᠬᠡᠷᠡᠭᠵᠢᠭᠦᠯᠬᠦ ᠠᠵᠢᠯᠳᠠᠨ ᠢ ᠰᠣᠭᠤᠴᠢᠨ ᠲᠣᠮᠢᠯᠠᠬᠤ᠂ ᠪᠠᠶᠢᠴᠠᠭᠠᠨ ᠰᠢᠳᠭᠡᠭᠰᠡᠨ ᠦᠷ᠎ᠡ ᠳ᠋ᠦᠩ ᠢ ᠴᠠᠭ ᠲᠣᠬᠠᠢ ᠳᠤᠨᠢ ᠨᠡᠶᠢᠳᠡᠯᠡᠬᠦ᠃11. ᠳᠣᠯᠣᠭᠠᠨ ᠲᠣᠣᠷ᠄ ᠲᠡᠮᠦᠷ ᠵᠠᠮ ᠤᠨ ᠲᠣᠣᠷ᠂ ᠵᠠᠰᠠᠮᠠᠯ ᠵᠠᠮ ᠤᠨ ᠲᠣᠣᠷ᠂ ᠠᠭᠠᠷ ᠠᠶᠠᠯᠠᠯ ᠤᠨ ᠲᠣᠣᠷ᠂ ᠣᠰᠣᠨ ᠠᠰᠢᠭᠯᠠᠯᠳᠠ ᠶᠢᠨ ᠲᠣᠣᠷ᠂ ᠬᠤᠳᠠ ᠶᠢᠨ ᠶᠠᠪᠣᠳᠠᠯ ᠤᠨ ᠲᠣᠣᠷ᠂ ᠡᠨᠧᠷᠬᠢ ᠶᠢᠨ ᠲᠣᠣᠷ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠲᠣᠣᠷ ᠲᠣᠯᠣᠭᠠᠨ ᠲᠣᠣᠷ ᠰᠦᠯᠵᠢᠶᠡᠨ ᠤ ᠰᠢᠰᠲ᠋ᠧᠮ ᠢ ᠲᠦᠷᠭᠡᠨ ᠪᠠᠶᠢᠭᠤᠯᠣᠨ᠎ᠠ᠃12. ︽ᠨᠢᠭᠡ ᠪᠦᠰᠡ ᠨᠢᠭᠡ ᠵᠠᠮ︾᠄ ︽ᠲᠣᠷᠭᠠᠨ ᠵᠠᠮ ᠤᠨ ᠠᠵᠣ ᠠᠬᠤᠢ ᠶᠢᠨ ᠪᠦᠰᠡ︾ ᠪᠣᠯᠣᠨ ︽21 ᠳ᠋ᠣᠭᠡᠷ ᠵᠠᠭᠤᠨ ᠤ ᠳᠠᠯᠠᠢ ᠳᠡᠭᠡᠷᠡᠬᠢ ᠲᠣᠷᠭᠠᠨ ᠵᠠᠮ︾᠃13. ︽ᠵᠢᠷᠭᠤᠭᠠᠨ ᠶᠡᠭᠡ ᠰᠠᠭᠤᠷᠢᠨ ᠭᠠᠵᠠᠷ︾᠄ ᠨᠣᠣᠰᠣᠨ ᠨᠡᠭᠡᠮᠡᠯ ᠤᠨ ᠠᠵᠣ ᠦᠢᠯᠡᠰ ᠤᠨ ᠡᠷᠭᠢᠯᠳᠡᠲᠦ ᠠᠵᠣ ᠠᠬᠤᠢ ᠶᠢᠨ ᠲᠣᠭᠤᠷᠢᠭ᠂ ᠠᠭᠤᠷᠬᠠᠢ ᠶᠢᠨ ᠭᠠᠷᠣᠯᠳᠠ ᠶᠢᠨ ᠭᠠᠳᠠᠭᠠᠳᠣ  ᠣᠷᠣᠭᠤᠯᠣᠯᠳᠠ ᠭᠠᠷᠭᠠᠯᠳᠠ ᠶᠢᠨ ᠪᠣᠯᠪᠠᠰᠣᠷᠠᠭᠤᠯᠣᠨ ᠡᠳ᠋ᠰᠢᠭᠦᠯᠬᠦ ᠠᠷᠠᠯᠵᠢᠶᠠᠨ ᠤ ᠡᠷᠬᠢᠯᠳᠡᠲᠦ ᠵᠢᠱᠢᠶ᠎ᠡ ᠦᠵᠡᠭᠦᠯᠬᠦ ᠲᠣᠭᠤᠷᠢᠭ᠂ ᠴᠡᠪᠡᠷ ᠡᠨᠧᠷᠬᠢ ᠶᠢᠨ ᠰᠠᠭᠤᠷᠢᠨ ᠭᠠᠵᠠᠷ᠂ ᠪᠣᠬᠢᠷᠳᠣᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠨᠠᠷᠢᠯᠢᠭ ᠪᠣᠯᠪᠠᠰᠣᠷᠠᠭᠤᠯᠬᠤ ᠰᠠᠭᠤᠷᠢᠨ ᠭᠠᠵᠠᠷ᠂ ᠲᠠᠯ᠎ᠠ ᠨᠣᠳᠤᠭ ᠤᠨ ᠰᠣᠶᠣᠯ ᠵᠢᠭᠤᠯᠴᠢᠯᠠᠯ ᠤᠨ ᠣᠷᠣᠨ ᠪᠣᠯᠣᠨ ᠰᠢᠨ᠎ᠡ ᠭᠡᠯᠪᠡᠷᠢ ᠶᠢᠨ ᠬᠢᠮᠢ ᠶᠢᠨ ᠠᠵᠣ ᠦᠢᠯᠡᠳᠪᠦᠷᠢ ᠶᠢᠨ ᠰᠠᠭᠤᠷᠢᠨ ᠭᠠᠵᠠᠷ᠃14. ︽PPP ᠬᠡᠯᠪᠡᠷᠢ︾᠄ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠶᠢᠨ ᠬᠠᠮᠳᠣᠷᠠᠯᠴᠠᠬᠤ ᠬᠡᠯᠪᠡᠷᠢ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠨᠢ ᠨᠡᠶᠢᠭᠡᠮ ᠤᠨ ᠬᠦᠷᠦᠩᠭᠡ ᠲᠠᠢ ᠬᠠᠮᠳᠣᠷᠠᠯᠴᠠᠬᠤ ᠬᠠᠷᠢᠴᠠᠭ᠎ᠠ ᠪᠠᠶᠢᠭᠤᠯᠵᠣ᠂ ᠣᠯᠠᠨ ᠨᠡᠶᠢᠳᠡ ᠶᠢᠨ ᠪᠦᠲᠦᠭᠡᠭᠳᠡᠭᠦᠨ ᠪᠣᠶᠣ ᠦᠢᠯᠡᠴᠢᠯᠡᠭᠡ ᠬᠠᠩᠭᠠᠬᠤ ᠨᠢᠭᠡ ᠵᠦᠢᠯ ᠤᠨ ᠠᠷᠭ᠎ᠠ ᠬᠡᠯᠪᠡᠷᠢ᠃15. ︽IPO ᠰᠠᠭᠠᠳ ᠦᠭᠡᠢ ᠵᠠᠮ︾᠄ IPO ᠲᠠᠷᠣᠢ ᠠᠩᠬ᠎ᠠ ᠣᠳᠠᠭ᠎ᠠ ᠢᠯᠡ ᠪᠠᠷ ᠲᠠᠷᠬᠠᠭᠠᠭᠰᠠᠨ ᠰᠲ᠋ᠣᠺ᠃ IPO ᠰᠠᠭᠠᠳ ᠦᠭᠡᠢ ᠵᠠᠮ ᠨᠢ ᠲᠠᠷᠣᠢ ᠬᠦᠷᠦᠩᠭᠡ ᠶᠢᠨ ᠵᠠᠬ᠎ᠠ ᠳᠡᠯᠭᠡᠭᠦᠷ ᠠᠴᠠ ᠶᠠᠳᠠᠭᠤ ᠬᠦᠴᠢᠷᠳᠡᠯᠳᠠᠢ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠠᠵᠢᠯ ᠢ ᠶᠡᠬᠡᠪᠡᠷ ᠳᠡᠮᠵᠢᠵᠦ᠂ ᠪᠦᠬᠦ ᠣᠯᠣᠰ ᠤᠨ ᠶᠠᠳᠠᠭᠤ ᠬᠦᠴᠢᠷᠳᠡᠯᠳᠠᠢ ᠭᠠᠵᠠᠷ ᠣᠷᠣᠨ ᠤ ᠠᠵᠣ ᠠᠬᠤᠶᠢᠯᠠᠯ ᠤᠨ IPO᠎ ᠳᠤ ︽ᠮᠡᠳᠡᠭᠦᠯᠦᠮᠡᠭᠴᠡ ᠬᠢᠨᠠᠬᠤ᠂ ᠬᠢᠨᠠᠯᠳᠠ ᠳᠤ ᠲᠡᠩᠴᠡᠮᠡᠭᠴᠡ ᠲᠠᠷᠬᠠᠭᠠᠬᠤ︾ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠵᠢᠭᠠᠨ᠎ᠠ᠃16.  ︽ᠲᠣᠣᠷ ᠰᠦᠯᠵᠢᠶ᠎ᠡ  +︾᠄ ︽ᠲᠣᠣᠷ ᠰᠦᠯᠵᠢᠶ᠎ᠡ + ᠡᠯ᠎ᠡ ᠣᠯᠠᠮᠵᠢᠯᠠᠯᠳᠣ ᠠᠵᠢᠯ ᠲᠦᠷᠦᠯ︾᠂ ᠮᠡᠳᠡᠭᠡ ᠵᠠᠩᠭᠢ ᠴᠢᠮᠡᠭᠡ ᠬᠤᠯᠪᠣᠭᠠᠨ ᠤ ᠮᠡᠷᠭᠡᠵᠢᠯ ᠵᠢᠴᠢ ᠲᠣᠣᠷ ᠰᠦᠯᠵᠢᠶᠡᠨ ᠤ ᠲᠠᠪᠴᠠᠩ᠂ ᠲᠣᠣᠷ ᠰᠦᠯᠵᠢᠶ᠎ᠡ ᠪᠣᠯᠣᠨ ᠣᠯᠠᠮᠵᠢᠯᠠᠯᠳᠣ ᠠᠵᠢᠯ ᠲᠦᠷᠦᠯ ᠢ ᠬᠦᠨᠵᠡᠭᠡᠢ ᠠᠪᠴᠠᠯᠳᠣᠭᠤᠯᠵᠣ᠂ ᠰᠢᠨ᠎ᠡ ᠬᠦᠭᠵᠢᠯᠳᠡ ᠶᠢᠨ ᠬᠡᠯᠪᠡᠷᠢ ᠶᠢ ᠡᠭᠦᠳᠬᠦ᠃17. ︽ᠳᠣᠯᠣᠭᠠᠨ ᠠᠵᠢᠯ ᠲᠦᠷᠦᠯ︾᠄ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠡᠨᠧᠷᠬᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠲᠦ ᠵᠡᠷᠭᠡ ᠶᠢᠨ ᠲᠣᠨᠣᠭᠯᠠᠯ᠂ ᠶᠡᠭᠡ ᠲᠤᠭ᠎ᠠ ᠪᠠᠷᠢᠮᠳᠠ ᠶᠢᠨ ᠡᠭᠦᠯᠡᠨ ᠪᠣᠳᠣᠭᠤᠷ᠂ ᠠᠮᠢᠳᠣ ᠪᠣᠳᠠᠰ ᠤᠨ ᠰᠢᠨᠵᠢᠯᠡᠭᠡ ᠮᠡᠷᠭᠡᠵᠢᠯ᠂ ᠮᠣᠩᠭᠤᠯ ᠬᠢᠳᠠᠳ ᠡᠮ ᠡᠮᠨᠡᠯᠭᠡ ᠵᠡᠷᠭᠡ ᠳᠣᠯᠣᠭᠠᠨ ᠶᠡᠭᠡ ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠰᠢᠨ᠎ᠡ ᠪᠠᠷ ᠬᠦᠭᠵᠢᠵᠦ ᠪᠠᠶᠢᠭ᠎ᠠ ᠠᠵᠣ ᠦᠢᠯᠡᠰ ᠢ ᠲᠦᠷᠭᠡᠨ ᠡᠭᠦᠳᠦᠨ᠎ᠡ᠃18. ︽ᠬᠠᠮ ᠵᠢᠭᠤᠯᠴᠢᠯᠠᠯ︾᠄ ᠵᠣᠬᠢᠬᠤ ᠵᠠᠰᠠᠭ ᠵᠠᠬᠢᠷᠭᠠᠨ ᠤ ᠬᠦᠷᠢᠶ᠎ᠡ ᠬᠡᠪᠴᠢᠶᠡᠨ ᠳᠤ ᠵᠢᠭᠤᠯᠴᠢᠯᠠᠯ ᠤᠨ ᠦᠢᠯᠡᠰ ᠢᠶᠠᠷ ᠳᠠᠪᠠᠭᠤᠯᠢᠭ ᠭᠤᠣᠯᠯᠠᠭᠴᠢ ᠠᠵᠣ ᠦᠢᠯᠡᠰ ᠪᠣᠯᠭᠠᠵᠣ᠂ ᠣᠷᠣᠨ ᠲᠣᠭᠤᠷᠢᠭ ᠤᠨ ᠡᠬᠢ ᠪᠠᠶᠠᠯᠢᠭ ᠢ ᠣᠷᠭᠠᠨᠢᠭ ᠢᠶᠠᠷ ᠨᠡᠶᠢᠯᠡᠭᠦᠯᠬᠦ᠂ ᠠᠵᠣ ᠦᠢᠯᠡᠰ ᠢ ᠬᠦᠨᠵᠡᠭᠡᠢ ᠠᠪᠴᠠᠯᠳᠣᠭᠤᠯᠣᠨ ᠬᠦᠭᠵᠢᠭᠦᠯᠬᠦ ᠪᠠ ᠨᠡᠶᠢᠭᠡᠮ ᠢᠶᠠᠷ ᠎ ᠢᠶᠠᠨ ᠣᠷᠣᠯᠴᠠᠬᠤ ᠶᠢ ᠪᠡᠶᠡᠯᠡᠭᠦᠯᠵᠦ᠂ ᠵᠢᠭᠤᠯᠴᠢᠯᠠᠯ ᠤᠨ ᠦᠢᠯᠡᠰ ᠢᠶᠠᠷ ᠳᠠᠶᠢᠴᠢᠯᠠᠬᠤ ᠨᠡᠩ ᠴᠢᠨᠠᠭᠰᠢᠯᠠᠪᠠᠯ ᠠᠵᠣ ᠠᠬᠤᠢ ᠨᠡᠶᠢᠭᠡᠮ ᠤᠨ ᠪᠦᠬᠦ ᠲᠠᠯ᠎ᠠ ᠶᠢᠨ ᠬᠦᠭᠵᠢᠯᠳᠡ ᠶᠢ ᠨᠢᠭᠡᠳᠭᠡᠨ ᠳᠠᠶᠢᠴᠢᠯᠠᠬᠤ ᠨᠢᠭᠡ ᠲᠦᠷᠦᠯ ᠤᠨ ᠣᠷᠣᠨ ᠲᠣᠭᠤᠷᠢᠭ ᠤᠨ ᠵᠢᠭᠤᠯᠴᠢᠯᠠᠯ ᠢ ᠬᠦᠭᠵᠢᠭᠦᠯᠬᠦ ᠰᠢᠨ᠎ᠡ ᠣᠬᠠᠭᠳᠠᠬᠤᠨ ᠪᠣᠯᠣᠨ ᠬᠡᠯᠪᠡᠷᠢ ᠪᠣᠯᠣᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号