— — 2017 ᠤᠨ ᠤ 2 ᠳ᠋ᠤᠭᠠᠷ ᠰᠠᠷ᠎ᠠ ᠶᠢᠨ 27 ᠤ ᠡᠳᠦᠷ ᠰᠦᠨᠢᠳ ᠪᠠᠷᠠᠭᠤᠨ | ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠬᠤᠷᠠᠯᠳᠤᠭᠠᠨ ᠲᠡᠭᠡᠷ᠎ᠡ | ᠬᠤᠰᠢᠭᠤ ᠳᠠᠷᠤᠭ᠎ᠠ ᠪᠦᠷᠢᠨᠵᠢᠨ | ᠲᠦᠯᠦᠭᠡᠯᠡᠭᠴᠢᠳ ᠡ᠄ | ᠤᠳᠤ᠂ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ ᠲᠡᠷᠡᠴᠢᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠬᠦᠳ ᠪᠤᠯᠤᠨ | ᠬᠤᠷᠠᠯ ᠳᠤ ᠰᠤᠯᠠ ᠤᠷᠤᠯᠴᠠᠭᠰᠠᠨ ᠨᠥᠬᠦᠳ ᠴᠦ ᠰᠠᠨᠠᠯ ᠢᠶᠠᠨ ᠲᠡᠪᠰᠢᠬᠦᠯᠬᠦ ᠪᠤᠯᠪᠠᠤ᠃ | ᠨᠢᠭᠡ᠂ 2016 ᠤᠨ ᠤ ᠠᠵᠢᠯ ᠤᠨ ᠡᠷᠬᠢᠴᠡᠬᠦᠯᠦᠯ | ᠦᠩᠭᠡᠷᠡᠭᠰᠡᠨ ᠨᠢᠭᠡ ᠵᠢᠯ ᠪᠤᠯ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠠᠵᠠ | ᠲᠤᠬᠢᠶᠠᠯ ᠪᠠ ᠥᠷᠢᠰᠦᠯᠳᠦᠭᠡᠨ ᠤ ᠨᠢᠭᠡ ᠵᠢᠯ ᠮᠥᠷᠳᠡᠭᠡᠨ ᠲᠤᠪᠤᠶᠢᠮ᠎ᠠ ᠦᠷ᠎ᠡ ᠪᠥᠲᠦᠮᠵᠢ ᠤᠯᠤᠭᠰᠠᠨ ᠨᠢᠭᠡ ᠵᠢᠯ | ᠪᠤᠯᠤᠨ᠎ᠠ᠃ ᠠᠵᠦ ᠠᠬᠤᠢ ᠦᠷᠬᠦᠯᠵᠢᠯᠡᠨ ᠮᠠᠭᠤᠳᠠᠭᠰᠠᠨ ᠪᠠ ᠦᠭᠡᠷᠡᠴᠢᠯᠡᠯᠳᠡ ᠬᠦᠭᠵᠢᠯᠳᠡ ᠲᠤᠭᠳᠠᠭᠤᠨ ᠤ ᠡᠭᠦᠷᠭᠡ | ᠶᠢᠨ ᠪᠡᠷᠬᠡ ᠬᠠᠳᠠᠭᠤᠵᠢᠯᠲᠠᠢ ᠪᠠᠶᠢᠳᠠᠯ ᠲᠤᠤᠷ᠎ᠠ᠂ ᠬᠤᠰᠢᠭᠤ ᠠᠷᠠᠳ ᠤᠨ ᠵᠠᠰᠠᠭ ᠤᠨ ᠤᠷᠳᠤᠨ ᠪᠦᠬᠦ ᠬᠤᠰᠢᠭᠤᠨ ᠤ | ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠥᠯᠬᠦᠮᠳᠡᠬᠦᠯᠦᠨ ᠲᠠᠶᠢᠴᠢᠯᠠᠵᠦ᠂ ᠠᠶᠢᠮᠠᠭ ᠤᠨ ᠨᠠᠮ ᠤᠨ ᠬᠤᠷᠢᠶ᠎ᠠ | ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠪᠠ ᠬᠤᠰᠢᠭᠤ ᠠᠷᠠᠳ ᠤᠨ | ᠪᠠᠶᠢᠩᠭᠤ ᠶᠢᠨ ᠬᠤᠷᠢᠶ᠎ᠠ ᠪᠤᠯᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠳᠠ ᠲᠡᠮᠵᠢᠯᠭᠡ ᠲᠤᠤᠷ᠎ᠠ᠂ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ | ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ | ᠨᠤᠭᠤᠳ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ | ᠪᠠᠶᠢᠷᠢᠯᠠᠭᠤᠯᠤᠯᠳᠠ ᠶᠢ ᠨᠢᠭᠡᠳᠦᠯᠲᠠᠢ ᠲᠥᠯᠦᠪᠯᠡᠨ ᠨᠠᠶᠢᠳᠠᠪᠤᠷᠢᠵᠢᠭᠤᠯᠵᠦ᠂ ︽ᠲᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢ ᠵᠤᠬᠢᠴᠠᠭᠤᠯᠤᠨ ᠠᠬᠢᠭᠤᠯᠵᠦ᠂ ︽ᠲᠠᠪᠤᠨ ᠶᠡᠭᠡ ᠬᠦᠭᠵᠢᠯᠳᠡ ᠶᠢᠨ ᠰᠡᠳᠬᠢᠴᠡ︾ ᠶᠢ | ᠪᠠᠷᠢᠮᠳᠠᠯᠠᠨ᠂ ︽ᠲᠠᠪᠤᠵᠢᠭᠤᠯᠤᠯᠳᠠ︾ ᠶᠢ ᠵᠡᠷᠭᠡᠪᠡᠷ ᠠᠬᠢᠭᠤᠯᠤᠨ ᠬᠦᠭᠵᠢᠬᠦᠯᠵᠦ᠂ ︽ᠭᠤᠷᠪᠠ ᠶᠢ ᠪᠠᠭᠠᠰᠬᠠᠵᠦ | ᠨᠢᠭᠡ ᠶᠢ ᠪᠠᠭᠤᠷᠠᠭᠤᠯᠤᠨ ᠨᠢᠭᠡ ᠶᠢ ᠨᠥᠬᠦᠪᠦᠷᠢᠯᠡᠬᠦ︾ ᠲᠠᠪᠤᠨ ᠶᠡᠭᠡ ᠡᠭᠦᠷᠭᠡ ᠶᠢ ᠢᠳᠡᠪᠬᠢᠲᠠᠢ ᠨᠠᠶᠢᠳᠠᠪᠤᠷᠢᠵᠢᠭᠤᠯᠵᠦ | ᠂ ᠪᠠᠳᠤ ᠴᠢᠩᠭ᠎ᠠ ᠢᠳᠡᠭᠡᠯ ᠵᠤᠷᠢᠭ ᠢᠶᠠᠷ ᠬᠦᠴᠢᠷ ᠢ ᠰᠦᠷᠦᠨ ᠰᠢᠨ᠎ᠡ ᠶᠢ ᠡᠭᠦᠳᠴᠦ ᠵᠤᠷᠢᠭᠲᠠᠢ ᠤᠷᠤᠭᠰᠢᠯᠠᠵᠦ᠂ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠳᠡ ᠶᠢ ᠪᠡᠶᠡᠯᠡᠬᠦᠯᠪᠡ᠃ | ᠨᠢᠭᠡ ᠵᠢᠯ ᠤᠨ ᠲᠤᠷᠰᠢᠬᠢ ᠠᠵᠢᠯ ᠢᠶᠠᠨ ᠡᠷᠬᠢᠴᠡᠬᠦᠯᠪᠡᠯ᠂ ᠭᠤᠤᠯᠳᠠᠭᠤ ᠲᠤᠤᠷᠠᠬᠢ ᠨᠠᠢᠮᠠᠨ ᠲᠠᠯ᠎ᠠ ᠪᠠᠷ | ᠠᠳᠬᠤᠭᠰᠠᠨ ᠪᠠᠶᠢᠨ᠎ᠠ᠄ | ︵ᠨᠢᠭᠡ︶ ᠠᠵᠦ ᠠᠬᠤᠢ ᠶᠢᠨ ᠨᠡᠮᠡᠭᠳᠡᠯ ᠢ ᠪᠦᠬᠦ ᠬᠦᠴᠤᠨ ᠢᠶᠠᠷ ᠢᠶᠠᠨ ᠲᠤᠭᠳᠠᠭᠤᠨ ᠪᠠᠶᠢᠯᠭᠠᠭᠰᠠᠨ ᠠᠴᠠ | ᠶᠡᠷᠦᠩᠬᠡᠶᠢᠯᠡᠭᠰᠡᠨ ᠪᠤᠳᠠᠲᠦ ᠬᠦᠴᠦᠨ ᠳᠠᠰᠤᠷᠠᠯᠳᠠ ᠦᠭᠡᠢ ᠴᠢᠩᠭᠠᠷᠠᠪᠠ᠃ ᠵᠠᠬ᠎ᠠ ᠲᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠲᠤᠤᠷ᠎ᠠ᠂ ᠠᠵᠦ ᠠᠬᠤᠢ ᠮᠠᠭᠤᠳᠠᠭᠰᠠᠨ ᠵᠡᠷᠭᠡ ᠠᠰᠢᠭ ᠦᠭᠡᠢ ᠨᠥᠬᠦᠴᠡᠯ ᠤᠨ ᠨᠥᠯᠦᠭᠡᠯᠡᠯ ᠢ | ᠠᠷᠭᠠᠴᠠᠭᠠᠭᠰᠠᠨ ᠠᠴᠠ ᠠᠵᠦ ᠠᠬᠤᠢ ᠶᠢᠨ ᠵᠤᠬᠢᠰᠲᠠᠢ ᠨᠡᠮᠡᠭᠳᠡᠯ ᠢ ᠪᠠᠳᠤᠯᠠᠵᠦ᠂ ᠭᠤᠤᠯ ᠵᠢᠭᠠᠯᠳᠠ ᠲᠤᠭᠠᠨ ᠤ | ᠨᠡᠮᠡᠭᠳᠡᠯ ᠴᠦᠮ ᠪᠦᠬᠦ ᠠᠶᠢᠮᠠᠭ ᠤᠨ ᠡᠮᠤᠨᠡᠭᠦᠷ ᠤᠷᠤᠭᠰᠠᠨ ᠪᠠᠶᠢᠨ᠎ᠠ᠃ ᠪᠦᠬᠦ ᠬᠤᠰᠢᠭᠤᠨ ᠤ ᠤᠷᠤᠨ ᠨᠤᠳᠤᠭ ᠤᠨ | ᠤᠶᠢᠯᠡᠳᠪᠦᠷᠢᠯᠡᠯ ᠤᠨ ᠶᠡᠷᠦᠩᠬᠡᠢ ᠥᠷᠳᠡᠭ ᠢ 65 ᠳ᠋ᠦᠩᠰᠢᠭᠤᠷ ᠲᠥᠭᠦᠷᠢᠭ ᠪᠡᠶᠡᠯᠡᠬᠦᠯᠵᠦ᠂ 11% ᠪᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠠᠶᠢᠮᠠᠭ ᠤᠨ 1 ᠳ᠋ᠤᠭᠡᠷ ᠪᠠᠶᠢᠷᠢᠨ ᠳᠤ ᠤᠷᠤᠪᠠ︔100 ᠲᠦᠮᠡᠨ | ᠲᠥᠭᠦᠷᠢᠭ ᠠᠴᠠ ᠲᠡᠭᠡᠭᠰᠢᠬᠢ ᠪᠡᠯᠡ ᠤᠷᠤᠭᠤᠯᠤᠯᠳᠠ ᠲᠠᠢ 69 ᠭᠤᠤᠯᠳᠠᠯᠭ᠎ᠠ ᠲᠠᠢ ᠲᠦᠷᠦᠯ ᠵᠤᠶᠢᠯ ᠢ | ᠬᠡᠷᠡᠭᠵᠢᠬᠦᠯᠵᠦ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 37.7 ᠳ᠋ᠦᠩᠰᠢᠭᠤᠷ ᠲᠥᠭᠦᠷᠢᠭ | ᠪᠡᠶᠡᠯᠡᠬᠦᠯᠵᠦ᠂ 23% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠠᠶᠢᠮᠠᠭ ᠤᠨ 2 ᠳ᠋ᠤᠭᠠᠷ ᠲᠤ | ᠵᠢᠭᠰᠠᠭᠠᠭᠳᠠᠪᠠ︔ ᠨᠡᠶᠢᠳᠡ ᠶᠢᠨ ᠡᠳ᠋ ᠤᠨ ᠵᠠᠰᠠᠭ ᠤᠨ ᠲᠥᠰᠦᠪ ᠤᠨ ᠤᠷᠤᠯᠭ᠎ᠠ 3.34 ᠳ᠋ᠦᠩᠰᠢᠭᠤᠷ ᠲᠥᠭᠦᠷᠢᠭ | ᠪᠡᠶᠡᠯᠡᠬᠦᠯᠵᠦ᠂ 13% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠠᠶᠢᠮᠠᠭ ᠤᠨ 3 ᠳ᠋ᠤᠭᠠᠷ ᠲᠤ | ᠵᠢᠭᠰᠠᠭᠠᠭᠳᠠᠪᠠ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠥᠨ ᠲᠤᠮᠳᠠᠴᠢ ᠶᠢᠨ ᠲᠤᠬᠢᠷᠠᠭᠤᠯᠵᠦ | ᠪᠤᠯᠬᠤᠶᠢᠴᠠ ᠤᠷᠤᠯᠭ᠎ᠠ 31943 ᠲᠥᠭᠦᠷᠢᠭ ᠪᠠ 9069 ᠲᠥᠭᠦᠷᠢᠭ ᠪᠠᠶᠢᠵᠦ᠂ ᠲᠤᠰᠪᠤᠷᠢ 8.6% ᠪᠠ 7. | 9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠲᠤᠰᠪᠤᠷᠢ ᠪᠦᠬᠦ ᠠᠶᠢᠮᠠᠭ ᠤᠨ 2 ᠪᠠ 7 ᠳ᠋ᠤᠭᠠᠷ ᠲᠤ | ᠵᠢᠭᠰᠠᠭᠠᠭᠳᠠᠪᠠ︔ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠭ᠎ᠠ ᠶᠢᠨ ᠶᠡᠷᠦᠩᠬᠡᠢ ᠥᠷᠳᠡᠭ | 17.2 ᠳ᠋ᠦᠩᠰᠢᠭᠤᠷ ᠲᠥᠭᠦᠷᠢᠭ ᠪᠡᠶᠡᠯᠡᠬᠦᠯᠵᠦ᠂ 9.1% ᠪᠠᠷ ᠨᠡᠮᠡᠭᠳᠡᠪᠡ᠃ | ︵ᠬᠤᠶᠠᠷ︶ ᠠᠵᠦ ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠠᠪᠰᠢᠬᠤ ᠶᠢ ᠠᠬᠢᠭᠤᠯᠵᠦ᠂ | ᠪᠦᠲᠦᠴᠡ ᠶᠢᠨ ᠲᠤᠬᠢᠷᠠᠭᠤᠯᠤᠯᠳᠠ ᠶᠢ ᠳᠠᠰᠤᠷᠠᠯᠳᠠ ᠦᠭᠡᠢ ᠲᠦᠷᠬᠡᠳᠬᠡᠪᠡ᠃ ᠭᠤᠷᠪᠠᠨ ᠠᠵᠦ ᠤᠶᠢᠯᠡᠰ ᠤᠨ | ᠪᠦᠲᠦᠴᠡ ᠶᠢᠨ ᠬᠠᠷᠢᠴᠠᠯ 8.6᠄ 66.9᠄ 24.5 ᠪᠠᠶᠢᠭᠰᠠᠨ ᠠᠴᠠ 8.7᠄ 66᠄ 25.3 ᠪᠤᠯᠪᠠ᠃ ᠦᠨᠳᠦᠷ | ᠦᠷ᠎ᠡ ᠠᠰᠢᠭᠲᠦ ᠠᠮᠢ ᠠᠬᠤᠢ ᠶᠢᠨ ᠭᠠᠮᠰᠢᠭ ᠠᠴᠠ ᠵᠠᠶᠢᠯᠠᠬᠤ ᠬᠡᠯᠪᠡᠷᠢ ᠶᠢᠨ ᠮᠠᠯ ᠠᠵᠦ ᠠᠬᠤᠢ ᠶᠢ ᠯᠠᠪᠳᠠᠭᠤᠨ | ᠠᠬᠢᠭᠤᠯᠪᠠ᠃ ︽ᠬᠤᠨᠢ ᠶᠢ ᠴᠦᠭᠡᠳᠬᠡᠨ ᠦᠭᠡᠷ ᠥᠰᠬᠡᠬᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠰᠢᠯᠢᠳᠡᠭ ᠡᠭᠦᠯᠳᠡᠷ ᠤᠨ ᠢᠳᠡᠰᠢᠨ ᠦᠬᠡᠷ ᠤᠨ | ᠤᠶᠢᠯᠡᠰ ᠤᠨ ᠬᠦᠭᠵᠢᠯᠳᠡ ᠶᠢᠨ ᠲᠥᠯᠦᠪᠯᠡᠭᠡ ᠶᠢ ᠨᠠᠶᠢᠷᠠᠭᠤᠯᠵᠦ᠂ ᠪᠦᠬᠦ ᠵᠢᠯ ᠳᠡᠭᠡᠨ 1531 ᠦᠬᠡᠷ ᠤᠷᠤᠭᠤᠯᠪᠠ | ᠃ ᠰᠦᠨᠢᠳ ᠡᠭᠦᠯᠳᠡᠷ ᠤᠨ ᠦᠷ᠎ᠡ ᠶᠢᠨ ᠮᠠᠯ ᠤᠨ ᠲᠥᠪᠯᠡᠷᠡᠬᠦᠯᠦᠨ ᠬᠠᠮᠢᠶᠠᠷᠤᠯᠳᠠ 100% ᠳᠤ ᠬᠦᠷᠴᠦ᠂ | ᠡᠭᠦᠯᠳᠡᠷ ᠰᠠᠶᠢᠵᠢᠷᠠᠭᠤᠯᠤᠯᠳᠠ ᠶᠢᠨ ᠬᠠᠷᠢᠴᠠᠯ 99% ᠳᠤ ᠬᠦᠷᠪᠡ᠃ ᠮᠠᠯ ᠤᠨ ᠠᠰᠢᠭ ᠰᠢᠮ᠎ᠡ ᠶᠢᠨ | ᠪᠥᠲᠦᠭᠡᠭᠳᠡᠬᠦᠨ ᠤ ᠦᠨ᠎ᠡ ᠦᠷᠬᠦᠯᠵᠢᠯᠡᠨ ᠪᠠᠭᠤᠷᠠᠬᠤ ᠨᠥᠯᠦᠭᠡᠯᠡᠯ ᠢ ᠢᠳᠡᠪᠬᠢᠲᠠᠢ ᠠᠷᠭᠠᠴᠠᠭᠠᠵᠦ᠂ 10 ᠲᠦᠮᠡᠨ | ᠡᠪᠤᠯ ᠤᠨ ᠬᠤᠷᠠᠭ᠎ᠠ ᠶᠢ ᠤᠷᠢᠳᠴᠢᠯᠠᠨ ᠬᠤᠳᠠᠯᠳᠤᠵᠦ᠂ 302 ᠲᠦᠮᠡᠨ ᠲᠥᠭᠦᠷᠢᠭ ᠡᠳ᠋ ᠤᠨ ᠵᠠᠰᠠᠭ ᠤᠨ | ᠨᠥᠬᠦᠪᠦᠷᠢ ᠪᠠᠭᠤᠯᠭᠠᠪᠠ᠃ 10 ᠲᠦᠮᠡᠨ ᠰᠦᠨᠢᠳ ᠬᠤᠨᠢᠨ ᠳᠤ ᠠᠵᠦ ᠤᠶᠢᠯᠡᠰ ᠤᠨ ᠭᠡᠯᠬᠢᠶᠠᠵᠢᠯ ᠤᠨ ᠮᠦᠷᠳᠡᠯᠳᠡ | ᠶᠢᠨ ᠰᠢᠰᠲ᠋ᠧᠮ ᠤᠨ ᠮᠡᠷᠭᠡᠵᠢᠯ ᠬᠡᠷᠡᠭᠯᠡᠪᠡ᠃ ᠰᠢᠨ᠎ᠡ ᠬᠡᠯᠪᠡᠷᠢ ᠶᠢᠨ ᠮᠠᠯ ᠠᠵᠦ ᠠᠬᠤᠢ ᠶᠢᠨ ᠡᠵᠡᠩᠨᠡᠯᠳᠡ ᠶᠢᠨ | ᠰᠢᠰᠲ᠋ᠧᠮ ᠢ ᠪᠠᠶᠢᠭᠤᠯᠵᠦ᠂ ᠭᠡᠷ ᠪᠥᠯᠢ ᠶᠢᠨ ᠮᠠᠯᠵᠢᠯ ᠤᠨ ᠲᠠᠯᠠᠪᠤᠷ ᠲᠠᠢ ᠡᠷᠦᠬᠡ 94 ᠳᠤ ᠬᠦᠷᠪᠡ᠃ ᠮᠠᠯ ᠠᠵᠦ | ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠦ᠂ | 2100 ᠢᠯᠡᠬᠦᠤ ᠲᠦᠮᠡᠨ ᠲᠥᠭᠦᠷᠢᠭ ᠤᠨ ᠪᠡᠯᠡ ᠤᠷᠤᠭᠤᠯᠵᠦ᠂ ᠨᠡᠶᠢᠳᠡ 4.3 ᠲᠦᠮᠡᠨ ᠲᠡᠭᠰᠢ ᠲᠦᠷᠪᠡᠯᠵᠢᠨ | ᠮᠧᠲᠷ ᠲᠠᠯᠠᠪᠠᠢ ᠪᠦᠬᠦᠢ 220 ᠲᠤᠯᠠᠭᠠᠨ ᠫᠧᠩ ᠪᠠ ᠨᠠᠶᠢᠳᠠ 0.65 ᠲᠦᠮᠡᠨ ᠲᠡᠭᠰᠢ ᠲᠦᠷᠪᠡᠯᠵᠢᠨ ᠮᠧᠲᠷ | ᠲᠠᠯᠠᠪᠠᠢ ᠪᠦᠬᠦᠢ 130 ᠡᠪᠡᠰᠦ ᠬᠠᠳᠠᠭᠠᠯᠠᠬᠤ ᠬᠤᠷᠤᠭ᠎ᠠ ᠰᠢᠨ᠎ᠡ ᠪᠠᠷ ᠪᠠᠶᠢᠭᠤᠯᠪᠠ᠃ ᠰᠢᠨ᠎ᠡ ᠡᠭᠡᠯᠵᠢ ᠶᠢᠨ ᠨᠤᠳᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠥᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ | ᠬᠡᠷᠡᠭᠵᠢᠬᠦᠯᠵᠦ᠂ ︽ᠰᠦᠨᠢᠳ ᠪᠠᠷᠠᠭᠤᠨ ᠬᠤᠰᠢᠭᠤᠨ ᠤ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ | ᠶᠢᠨ ᠨᠥᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠲᠦᠰᠦᠪ ︵2016 — 2020 | ᠤᠨ︶︾ ᠢ ᠳᠤᠭᠳᠠᠭᠠᠪᠠ᠂ ᠪᠦᠬᠦ ᠬᠤᠰᠢᠭᠤᠨ ᠳᠤ ᠰᠢᠨ᠎ᠡ ᠡᠭᠡᠯᠵᠢ ᠶᠢᠨ ᠨᠥᠬᠦᠪᠦᠷᠢ ᠪᠠ ᠱᠠᠩᠨᠠᠯ ᠤᠨ ᠮᠥᠩᠬᠦ | ᠤᠯᠭᠤᠬᠤ ᠨᠤᠳᠤᠭ ᠪᠡᠯᠴᠢᠭᠡᠷ ᠤᠨ ᠲᠠᠯᠠᠪᠠᠢ 3288 ᠲᠦᠮᠡᠨ ᠮᠤ᠋ ᠪᠠᠶᠢᠵᠦ᠂ ᠨᠤᠳᠤᠭ ᠪᠡᠯᠴᠢᠭᠡᠷ ᠤᠨ ᠠᠮᠢ ᠠᠬᠤᠢ | ᠶᠢᠨ ᠬᠠᠮᠠᠭᠠᠯᠠᠯᠳᠠ ᠶᠢᠨ ᠨᠥᠬᠦᠪᠦᠷᠢ ᠪᠠ ᠱᠠᠩᠨᠠᠯ ᠤᠨ ᠮᠥᠩᠬᠦ 9200 ᠲᠦᠮᠡᠨ ᠲᠥᠭᠦᠷᠢᠭ ᠲᠠᠷᠬᠠᠭᠠᠪᠠ᠃ ᠠᠵᠦ | ᠤᠶᠢᠯᠡᠳᠪᠦᠷᠢ ᠬᠡᠯᠪᠡᠷᠢ ᠪᠠᠨ ᠬᠤᠪᠢᠷᠠᠭᠤᠯᠤᠨ ᠲᠡᠰ ᠳᠠᠪᠰᠢᠯᠳᠠ ᠪᠠᠨ ᠲᠦᠷᠭᠡᠳᠬᠡᠪᠡ᠃ ᠭᠤᠸᠠᠩ ᠶᠤᠸᠠᠨ᠂ ᠬᠤᠤ | ᠰᠢᠶᠠᠩ ᠵᠡᠷᠭᠡ ᠨᠤᠤᠰᠤ ᠨᠤᠯᠤᠤᠷ ᠤᠨ ᠺᠤᠮᠫᠠᠨᠢ ᠶᠢᠨ ᠨᠤᠤᠰᠤ ᠨᠤᠯᠤᠤᠷ ᠡᠳ᠋ᠰᠢᠬᠦᠯᠬᠦ ᠲᠦᠷᠦᠯ ᠵᠤᠶᠢᠯ ᠨᠢ | ᠠᠰᠢᠭᠯᠠᠯᠳᠠ ᠳᠤ ᠤᠷᠤᠪᠠ᠃ ᠼᠣᠣ ᠶᠤᠸᠠᠨ ᠮᠤ᠋ ᠳ᠋ᠦ᠋ ᠶᠢᠨ ᠬᠤᠶᠠᠳᠠᠬᠢ ᠬᠤᠭᠤᠴᠠᠭᠠᠨ ᠤ ᠪᠠᠶᠢᠭᠤᠯᠤᠯᠳᠠ᠂ ᠶᠠᠩ | ᠶᠠᠩ ᠮᠠᠯ ᠠᠵᠦ ᠠᠬᠤᠢ ᠶᠢᠨ ᠦᠬᠡᠷ ᠬᠤᠨᠢᠨ ᠮᠢᠬ᠎ᠠ ᠪᠤᠯᠪᠠᠰᠤᠷᠠᠭᠤᠯᠬᠤ ᠵᠡᠷᠭᠡ ᠨᠢᠭᠡ ᠪᠥᠯᠦᠭ ᠮᠠᠯ ᠤᠨ ᠠᠰᠢᠭ | ᠰᠢᠮ᠎ᠡ ᠶᠢᠨ ᠪᠥᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠲᠦᠷᠦᠯ ᠵᠤᠶᠢᠯ ᠡᠷᠴᠢᠮᠲᠠᠢ ᠠᠬᠢᠪᠠ᠃ ᠰᠢᠨ ᠮᠧᠩ | ᠰᠢᠨ ᠮᠠᠲ᠋ᠧᠷᠢᠶᠠᠯ ᠤᠨ ᠬᠤᠶᠠᠳᠠᠬᠢ ᠬᠤᠭᠤᠴᠠᠭᠠᠨ ᠤ ᠢᠨᠵᠧᠨᠧᠷᠢᠩ᠂ ᠶᠢᠨ ᠰᠢ ᠰᠢᠵᠢᠷ ᠠᠯᠳᠠᠨ ᠤ ᠺᠤᠮᠫᠠᠨᠢ ᠶᠢᠨ | ᠮᠡᠷᠭᠡᠵᠢᠯ ᠤᠨ ᠦᠭᠡᠷᠡᠴᠢᠯᠡᠯᠳᠡ ᠵᠡᠷᠭᠡ ᠨᠢᠭᠡ ᠪᠥᠯᠦᠭ ᠲᠡᠮᠦᠷᠯᠢᠭ ᠪᠤᠯᠪᠠᠰᠤᠷᠠᠭᠤᠯᠬᠤ ᠲᠦᠷᠦᠯ ᠵᠤᠶᠢᠯ ᠤᠨ ᠠᠬᠢᠴᠠ | ᠠᠮᠵᠢᠯᠲᠠᠲᠠᠢ ᠪᠠᠶᠢᠪᠠ᠃ ᠭᠥᠸᠧ ᠬᠤᠸᠠ᠂ ᠶᠢᠨ ᠰᠢ ᠺᠤᠮᠫᠠᠨᠢ ᠶᠢᠨ 1 ᠲᠦᠮᠡᠨ ᠺᠢᠯᠤᠸᠠᠲ ᠭᠡᠷᠡᠯ ᠤᠨ ᠡᠨᠧᠷᠬᠢ ᠪᠠᠷ | ᠴᠠᠬᠢᠯᠭᠠᠨ ᠭᠠᠷᠭᠠᠬᠤ ᠲᠦᠷᠦᠯ ᠵᠤᠶᠢᠯ ᠨᠢ ᠲᠤᠤᠷ ᠲᠤ ᠨᠡᠶᠢᠯᠡᠬᠦᠯᠦᠨ ᠴᠠᠬᠢᠯᠭᠠᠨ ᠭᠠᠷᠭᠠᠬᠤ ᠶᠢ ᠪᠡᠶᠡᠯᠡᠬᠦᠯᠪᠡ᠃ 7 | ᠨᠤᠤᠰᠤ ᠨᠤᠯᠤᠤᠷ ᠪᠠ ᠤᠯᠠᠭᠠᠨ ᠢᠳᠡᠭᠡᠨ ᠪᠤᠯᠪᠠᠰᠤᠷᠠᠭᠤᠯᠬᠤ ᠠᠵᠦ ᠠᠬᠤᠶᠢᠯᠠᠯ ᠨᠢ ᠬᠡᠪᠴᠢᠶᠠᠵᠢᠯ ᠠᠴᠠ ᠲᠡᠭᠡᠭᠰᠢᠬᠢ | ᠠᠵᠦ ᠠᠬᠤᠶᠢᠯᠠᠯ ᠪᠤᠯᠪᠠ᠃ ᠪᠦᠬᠦ ᠬᠤᠰᠢᠭᠤᠨ ᠤ 51 ᠡᠷᠦᠬᠡ ᠬᠡᠪᠴᠢᠶᠠᠵᠢᠯ ᠠᠴᠠ ᠲᠡᠭᠡᠭᠰᠢᠬᠢ ᠠᠵᠦ | ᠤᠶᠢᠯᠡᠳᠪᠦᠷᠢ ᠶᠢᠨ ᠠᠵᠦ ᠠᠬᠤᠶᠢᠯᠠᠯ ᠨᠢ 93 ᠳ᠋ᠦᠩᠰᠢᠭᠤᠷ ᠲᠥᠭᠦᠷᠢᠭ ᠤᠨ ᠤᠶᠢᠯᠡᠳᠬᠦᠨ ᠤ ᠥᠷᠳᠡᠭ ᠢ | ᠪᠡᠶᠡᠯᠡᠬᠦᠯᠵᠦ᠂ 16% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠠᠶᠢᠮᠠᠭ ᠤᠨ 1 ᠳ᠋ᠤᠭᠡᠷ ᠲᠤ | ᠵᠢᠭᠰᠠᠭᠠᠭᠳᠠᠪᠠ᠃ ᠭᠤᠷᠪᠠᠳᠤᠭᠠᠷ ᠠᠵᠦ ᠤᠶᠢᠯᠡᠰ ᠤᠨ ᠬᠡᠪᠴᠢᠶᠠᠵᠢᠯ ᠪᠠ ᠶᠡᠷᠦᠩᠬᠡᠢ ᠬᠡᠮᠵᠢᠶ᠎ᠠ ᠳᠠᠰᠤᠷᠠᠯᠳᠠ ᠦᠭᠡᠢ | ᠨᠡᠮᠡᠭᠳᠡᠪᠡ᠃ ᠪᠦᠬᠦ ᠬᠤᠰᠢᠭᠤᠨ ᠤ ᠮᠥᠩᠬᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠲᠦᠷᠦᠯ ᠤᠨ ᠬᠠᠳᠠᠭᠠᠯᠠᠮᠵᠢ | ᠶᠢᠨ ᠦᠯᠡᠳᠡᠪᠦᠷᠢ 37.6 ᠳ᠋ᠦᠩᠰᠢᠭᠤᠷ ᠲᠥᠭᠦᠷᠢᠭ ᠪᠠᠶᠢᠵᠦ᠂ 30.5% ᠪᠠᠷ ᠨᠡᠮᠡᠭᠳᠡᠪᠡ︔ ᠡᠯ᠎ᠡ ᠲᠦᠷᠦᠯ ᠤᠨ | ᠵᠢᠭᠡᠯᠡᠯᠭᠡ ᠶᠢᠨ ᠦᠯᠡᠳᠡᠪᠦᠷᠢ 21 ᠳ᠋ᠦᠩᠰᠢᠭᠤᠷ ᠲᠥᠭᠦᠷᠢᠭ ᠪᠠᠶᠢᠵᠦ᠂ 1.2% ᠢᠶᠠᠷ ᠨᠡᠮᠡᠭᠳᠡᠪᠡ︔ ᠵᠠᠰᠠᠮᠠᠯ ᠵᠠᠮ | ᠤᠨ ᠠᠶᠠᠨᠴᠢᠳ ᠪᠠ ᠲᠡᠭᠡᠭᠡᠪᠦᠷᠢ ᠶᠢᠨ ᠵᠥᠭᠡᠭᠡᠪᠦᠷᠢᠯᠡᠯᠳᠡ ᠲᠤᠰᠪᠤᠷᠢ 4411 ᠲᠦᠮᠡᠨ ᠬᠦᠮᠥᠨ ᠺᠢᠯᠤᠮᠧᠲᠷ ᠪᠠ 8. | 7 ᠳ᠋ᠦᠩᠰᠢᠭᠤᠷ ᠲᠤᠨ ᠺᠢᠯᠤᠮᠧᠲᠷ ᠲᠤ ᠬᠦᠷᠪᠡ᠃ ︽ᠲᠦᠷᠪᠡᠨ ᠶᠡᠭᠡ ᠪᠠᠶᠠᠷ ᠳᠤᠷᠠᠰᠬᠠᠯ︾ ᠤᠨ ᠨᠡᠷᠡᠲᠦ ᠲᠡᠮᠳᠡᠭ | ᠤᠨ ᠠᠵᠢᠯᠯᠠᠭ᠎ᠠ ᠪᠠᠷ ᠭᠤᠤᠯ ᠪᠤᠯᠭᠠᠭᠰᠠᠨ ᠲᠠᠯ᠎ᠠ ᠨᠤᠳᠤᠭ ᠤᠨ ᠤᠨᠴᠠᠯᠢᠭᠲᠦ ᠵᠢᠭᠤᠯᠴᠢᠯᠠᠯ ᠤᠨ ᠤᠶᠢᠯᠡᠰ ᠢ | ᠲᠦᠷᠭᠡᠨ ᠬᠦᠭᠵᠢᠬᠦᠯᠵᠦ᠂ ᠪᠦᠬᠦ ᠵᠢᠯ ᠳᠤ 20.8 ᠲᠦᠮᠡᠨ ᠬᠦᠮᠥᠨ ᠤᠳᠠᠭ᠎ᠠ ᠵᠢᠭᠤᠯᠴᠢᠳ ᠢ ᠬᠦᠯᠢᠶᠠᠨ ᠠᠪᠴᠦ᠂ | 5300 ᠲᠦᠮᠡᠨ ᠲᠥᠭᠦᠷᠢᠭ ᠤᠨ ᠵᠢᠭᠤᠯᠴᠢᠯᠠᠯ ᠤᠨ ᠤᠷᠤᠯᠭ᠎ᠠ ᠶᠢ ᠡᠭᠦᠳᠪᠡ᠃ ᠰᠦᠨᠢᠳ ᠪᠠᠷᠠᠭᠤᠨ ᠬᠤᠰᠢᠭᠤᠨ | ᠳᠠᠬᠢ ᠵᠢᠩ ᠳ᠋ᠦᠩ ᠠᠷᠠᠯᠵᠢᠶ᠎ᠠ ᠪᠤᠯᠤᠨ ᠵᠢᠩ ᠳ᠋ᠦᠩ ᠤᠨ ᠰᠢᠶᠠᠨ ᠤ ᠲᠡᠰ ᠤᠨ ᠤᠶᠢᠯᠡᠴᠢᠯᠡᠭᠡᠨ ᠤ ᠲᠥᠪ ᠢ | ᠠᠰᠢᠭᠯᠠᠯᠳᠠ ᠳᠤ ᠤᠷᠤᠭᠤᠯᠪᠠ᠃ 6 ᠭᠠᠵᠠᠷ ᠲᠤ ᠥᠪᠡᠷᠮᠢᠴᠡ ᠤᠨᠴᠠᠯᠢᠭᠲᠦ ︽ᠭᠠᠷᠠᠭ ᠤᠨ ᠰᠡᠭᠦᠯᠴᠢ ᠶᠢᠨ | ᠰᠦᠨᠢᠳ︾ ᠭᠡᠰᠡᠨ ᠮᠠᠯᠴᠢᠨ ᠠᠶᠢᠯ ᠵᠢᠭᠤᠯᠴᠢᠯᠠᠯ ᠤᠨ ᠭᠠᠵᠠᠷ ᠢ ᠪᠠᠶᠢᠭᠤᠯᠪᠠ᠃ ᠵᠧᠩ ᠳ᠋ᠠ ᠬᠠᠯᠠᠭᠤᠨ ᠲᠤᠭᠤᠭ᠎ᠠ᠂ | ᠶᠦᠨ ᠹᠧᠢ ᠤᠶᠢᠯᠡᠳᠪᠦᠷᠢ ᠠᠷᠠᠯᠵᠢᠶ᠎ᠠ ᠵᠡᠷᠭᠡ 2 ᠬᠤᠪᠢ ᠶᠢᠨ ᠡᠵᠡᠩᠨᠡᠯᠳᠡ ᠶᠢᠨ ᠡᠷᠦᠬᠡ ᠨᠢ ᠠᠵᠦ ᠠᠬᠤᠶᠢᠯᠠᠯ | ᠪᠤᠯᠤᠨ ᠳᠠᠪᠰᠢᠭᠰᠠᠨ ᠪᠠᠶᠢᠨ᠎ᠠ᠃ | ︵ᠭᠤᠷᠪᠠ︶ ᠰᠠᠭᠤᠷᠢ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ | ᠠᠬᠢᠭᠤᠯᠵᠦ᠂ ᠬᠦᠭᠵᠢᠯᠳᠡ ᠶᠢᠨ ᠤᠷᠴᠢᠨ ᠢ ᠳᠠᠰᠤᠷᠠᠯᠳᠠ ᠦᠭᠡᠢ ᠰᠠᠶᠢᠵᠢᠷᠠᠭᠤᠯᠪᠠ᠃ 1.65 ᠳ᠋ᠦᠩᠰᠢᠭᠤᠷ | ᠲᠥᠭᠦᠷᠢᠭ ᠤᠨ ᠪᠡᠯᠡ ᠤᠷᠤᠭᠤᠯᠵᠦ᠂ ᠰᠠᠶᠢᠬᠠᠨᠳᠠᠯ᠎ᠠ ᠪᠠᠯᠭᠠᠰᠤᠨ ᠤ ᠵᠠᠮ ᠢ ᠬᠠᠳᠠᠭᠤᠷᠠᠭᠤᠯᠬᠤ᠂ ᠨᠤᠭᠤᠭᠠᠷᠠᠭᠤᠯᠬᠤ᠂ | ᠭᠤᠸᠠᠯᠢᠭᠵᠢᠭᠤᠯᠬᠤ᠂ ᠭᠡᠷᠡᠯᠳᠦᠬᠦᠯᠬᠦ᠂ ᠲᠤᠯᠠᠭᠠᠯᠭ᠎ᠠ ᠶᠢᠨ ᠲᠤᠤᠷ ᠬᠤᠭᠤᠯᠠᠢ ᠶᠢᠨ ᠪᠥᠲᠦᠭᠡᠨ ᠪᠠᠶᠢᠭᠤᠯᠤᠯᠳᠠ ᠵᠢᠴᠢ | ᠪᠤᠬᠢᠷ ᠤᠰᠤ ᠶᠢ ᠲᠠᠬᠢᠨ ᠠᠰᠢᠭᠯᠠᠬᠤ᠂ ᠡᠯᠡᠰᠦ ᠮᠠᠯᠳᠠᠭᠰᠠᠨ ᠨᠦᠬᠡ ᠶᠢ ᠦᠭᠡᠷᠡᠴᠢᠯᠡᠬᠦ ᠵᠡᠷᠭᠡ ᠬᠤᠳᠠ ᠪᠠᠯᠭᠠᠰᠤᠨ ᠤ | ᠪᠥᠲᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠬᠦᠯᠪᠡ᠃ 6007 ᠲᠦᠮᠡᠨ | ᠲᠥᠭᠦᠷᠢᠭ ᠤᠨ ᠪᠡᠯᠡ ᠤᠷᠤᠭᠤᠯᠵᠦ᠂ ᠰᠠᠶᠢᠬᠠᠨᠳᠠᠯ᠎ᠠ ᠨᠤᠤᠰᠤ ᠨᠤᠯᠤᠤᠷ ᠤᠨ ᠨᠡᠬᠡᠮᠡᠯ ᠤᠨ ᠤᠶᠢᠯᠡᠰ ᠤᠨ ᠡᠷᠬᠢᠯᠳᠡᠲᠦ | ᠠᠵᠦ ᠠᠬᠤᠢ ᠶᠢᠨ ᠲᠤᠭᠤᠷᠢᠭ ᠤᠨ ᠭᠠᠵᠠᠷ ᠲᠤᠤᠷᠠᠬᠢ ᠶᠡᠷᠦᠩᠬᠡᠶᠢᠯᠡᠭᠰᠡᠨ ᠲᠤᠤᠷ ᠬᠤᠭᠤᠯᠠᠢ ᠶᠢ ᠦᠭᠡᠷᠡᠴᠢᠯᠡᠬᠦ | ᠢᠨᠵᠧᠨᠧᠷᠢᠩ ᠢ ᠪᠡᠶᠡᠯᠡᠬᠦᠯᠪᠡ᠃ ᠬᠦᠳᠡᠭᠡ ᠲᠤᠰᠬᠤᠨ ᠤ ᠰᠠᠭᠤᠷᠢ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠳᠠ | ᠶᠢ ᠪᠦᠬᠦ ᠲᠠᠯ᠎ᠠ ᠪᠠᠷ ᠴᠢᠩᠭᠠᠳᠬᠠᠵᠦ᠂ ᠭᠠᠴᠠᠭ᠎ᠠ ᠲᠤᠰᠬᠤᠨ ᠳᠤ 388 ᠺᠢᠯᠤᠮᠧᠲᠷ ᠬᠠᠷ᠎ᠠ ᠲᠤᠰᠤᠨ ᠵᠠᠮ | ᠲᠡᠪᠢᠰᠪᠠ᠃ 105 ᠬᠤᠳᠳᠤᠭ ᠮᠠᠯᠳᠠᠵᠦ᠂ 670 ᠢᠵᠢ ᠤᠰᠤ ᠰᠠᠶᠢᠵᠢᠷᠠᠭᠤᠯᠬᠤ ᠲᠥᠬᠦᠭᠡᠷᠦᠮᠵᠢ ᠲᠠᠷᠬᠠᠭᠠᠵᠦ᠂ | 25 ᠭᠠᠵᠠᠷ ᠲᠤ ᠲᠥᠪᠯᠡᠷᠡᠬᠦᠯᠦᠨ ᠤᠰᠤ ᠬᠠᠩᠭᠠᠵᠦ᠂ 1 ᠲᠦᠮᠡᠨ ᠮᠤ᠋ ᠭᠠᠵᠠᠷ ᠲᠤ ᠤᠰᠤ ᠠᠷᠪᠢᠯᠠᠬᠤ ᠤᠰᠤᠯᠠᠯᠳᠠ | ᠶᠢᠨ ᠲᠦᠷᠦᠯ ᠵᠤᠶᠢᠯ ᠢ ᠬᠡᠷᠡᠭᠵᠢᠬᠦᠯᠪᠡ᠃ 595 ᠺᠢᠯᠤᠮᠧᠲᠷ ᠴᠠᠬᠢᠯᠭᠠᠨ ᠤᠳᠠᠰᠤ ᠶᠢ ᠰᠢᠨ᠎ᠡ ᠪᠠᠷ ᠳᠠᠳᠠᠵᠦ᠂ | 1304 ᠮᠠᠯᠴᠢᠨ ᠲᠠᠷᠢᠶᠠᠴᠢᠨ ᠡᠷᠦᠬᠡ ᠳᠤ ᠴᠠᠬᠢᠯᠭᠠᠨ ᠤᠷᠤᠭᠤᠯᠪᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ | ᠤ ᠡᠬᠢ ᠶᠢ ᠵᠠᠰᠠᠬᠤ ᠪᠠ ᠭᠤᠤᠯᠳᠠᠯᠭ᠎ᠠ ᠲᠠᠢ ᠤᠷᠤᠨ ᠲᠤᠭᠤᠷᠢᠭ ᠢ ᠨᠤᠭᠤᠭᠠᠷᠠᠭᠤᠯᠬᠤ ᠵᠡᠷᠭᠡ ᠭᠤᠤᠯᠳᠠᠯᠭ᠎ᠠ ᠲᠠᠢ | ᠠᠮᠢ ᠠᠬᠤᠢ ᠶᠢᠨ ᠪᠥᠲᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠬᠦᠯᠵᠦ᠂ 66.5 ᠲᠦᠮᠡᠨ ᠮᠤ᠋ ᠨᠤᠳᠤᠭ | ᠪᠡᠯᠴᠢᠭᠡᠷ ᠤᠨ ᠠᠮᠢ ᠠᠬᠤᠢ ᠶᠢᠨ ᠪᠥᠲᠦᠭᠡᠨ ᠪᠠᠶᠢᠭᠤᠯᠤᠯᠳᠠ ᠶᠢ ᠪᠡᠶᠡᠯᠡᠬᠦᠯᠵᠦ᠂ 4 ᠲᠦᠮᠡᠨ ᠮᠤ᠋ ᠪᠡᠯᠴᠢᠭᠡᠷ ᠢ | ᠨᠢᠰᠬᠡᠯ ᠢᠶᠠᠷ ᠤᠶᠢᠵᠢᠭᠤᠯᠤᠨ᠂ 0.4 ᠲᠦᠮᠡᠨ ᠮᠤ᠋ ᠪᠡᠯᠴᠢᠭᠡᠷ ᠤᠨ ᠡᠯᠡᠰᠦ ᠶᠢ ᠲᠤᠭᠳᠠᠪᠤᠷᠢᠵᠢᠭᠤᠯᠵᠦ᠂ 1500 | ᠮᠤ᠋ ᠭᠤᠤᠯᠳᠠᠯᠭ᠎ᠠ ᠲᠠᠢ ᠤᠷᠤᠨ ᠲᠤᠭᠤᠷᠢᠭ ᠢ ᠨᠤᠭᠤᠭᠠᠷᠠᠭᠤᠯᠵᠦ᠂ 9 ᠲᠡᠭᠰᠢ ᠲᠦᠷᠪᠡᠯᠵᠢᠨ ᠺᠢᠯᠤᠮᠧᠲᠷ ᠵᠢᠵᠢᠭ | ᠤᠷᠤᠰᠬᠠᠯ ᠢ ᠵᠠᠰᠠᠪᠠ᠃ ︽ᠤᠯᠤᠰ ᠤᠨ ᠲᠡᠰ ᠤᠨ ᠠᠷᠢᠭᠤᠨ ᠴᠡᠪᠡᠷ ᠬᠤᠳᠠ ᠪᠠᠯᠭᠠᠰᠤ ᠪᠠ ᠥᠪᠡᠷᠳᠡᠭᠡᠨ ᠵᠠᠰᠠᠬᠤ | ᠤᠷᠤᠨ ᠤ ᠲᠡᠰ ᠤᠨ ᠪᠤᠯᠪᠠᠰᠤᠨ ᠬᠤᠰᠢᠭᠤ︾ ᠶᠢ ᠪᠥᠲᠦᠭᠡᠨ ᠪᠠᠶᠢᠭᠤᠯᠬᠤ ᠠᠵᠢᠯ ᠢ ᠡᠷᠴᠢᠮᠲᠠᠢ ᠶᠠᠪᠤᠭᠤᠯᠵᠦ᠂ | ᠤᠯᠤᠰ ᠤᠨ ᠲᠡᠰ ᠤᠨ ᠠᠷᠢᠭᠤᠨ ᠴᠡᠪᠡᠷ ᠬᠤᠳᠠ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠨᠢ ᠰᠢᠯᠭᠠᠨ | ᠬᠤᠷᠢᠶᠠᠯᠳᠠ ᠪᠠᠷ ᠪᠠᠳᠤᠯᠠᠭᠳᠠᠵᠦ᠂ ᠥᠪᠡᠷᠳᠡᠭᠡᠨ ᠵᠠᠰᠠᠬᠤ ᠤᠷᠤᠨ ᠤ ᠲᠡᠰ ᠤᠨ ᠪᠤᠯᠪᠠᠰᠤᠨ ᠬᠤᠰᠢᠭᠤ ᠪᠠᠷ ᠨᠡᠷ᠎ᠡ | ᠳᠡᠪᠰᠢᠭᠳᠡᠨ ᠲᠠᠨᠢᠯᠴᠠᠭᠤᠯᠤᠭᠳᠠᠵᠦ᠂ 3 ᠰᠤᠮᠤ ᠪᠠᠯᠭᠠᠰᠤ ᠪᠠ 11 ᠭᠠᠴᠠᠭ᠎ᠠ ᠨᠢ ᠲᠤᠰᠪᠤᠷᠢ ᠥᠪᠡᠷᠳᠡᠭᠡᠨ ᠵᠠᠰᠠᠬᠤ | ᠤᠷᠤᠨ ᠤ ᠲᠡᠰ ᠤᠨ ᠠᠷᠢᠭᠤᠨ ᠴᠡᠪᠡᠷ ᠰᠤᠮᠤ ᠪᠠᠯᠭᠠᠰᠤ ᠪᠠ ᠭᠠᠴᠠᠭ᠎ᠠ ᠲᠤᠰᠬᠤᠨ ᠢᠶᠠᠷ ᠦᠨᠡᠯᠡᠭᠳᠡᠪᠡ᠃ | ︵ᠲᠦᠷᠪᠡ︶ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠠᠨ ᠤ ᠪᠥᠲᠦᠭᠡᠨ ᠪᠠᠶᠢᠭᠤᠯᠤᠯᠳᠠ ᠶᠢ ᠰᠠᠶᠢᠳᠤᠷ | ᠬᠢᠵᠦ᠂ ᠨᠡᠶᠢᠭᠡᠮ ᠤᠨ ᠪᠠᠳᠤᠯᠠᠭ᠎ᠠ ᠶᠢᠨ ᠴᠢᠳᠠᠪᠬᠢ ᠳᠠᠰᠤᠷᠠᠯᠳᠠ ᠦᠭᠡᠢ ᠲᠡᠭᠡᠭᠰᠢᠯᠡᠪᠡ᠃ ᠪᠦᠬᠦ ᠵᠢᠯ ᠳᠤ ᠤᠷᠤᠨ | ᠨᠤᠳᠤᠭ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠠᠬᠢ ᠪᠡᠯᠡ ᠤᠷᠤᠭᠤᠯᠤᠯᠳᠠ 11.2 ᠳ᠋ᠦᠩᠰᠢᠭᠤᠷ | ᠲᠥᠭᠦᠷᠢᠭ ᠪᠠᠶᠢᠵᠦ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 78% ᠶᠢ ᠡᠵᠡᠯᠡᠪᠡ᠃ | 4.38 ᠳ᠋ᠦᠩᠰᠢᠭᠤᠷ ᠲᠥᠭᠦᠷᠢᠭ ᠪᠡᠯᠡ ᠤᠷᠤᠭᠤᠯᠵᠦ᠂ ︽ᠦᠵᠡᠰᠬᠦᠯᠡᠩᠲᠦ ᠬᠦᠳᠡᠭᠡ ᠲᠤᠰᠬᠤᠨ︾ ᠤ ᠪᠥᠲᠦᠭᠡᠨ | ᠪᠠᠶᠢᠭᠤᠯᠤᠯᠳᠠ ᠶᠢ ᠠᠬᠢᠭᠤᠯᠵᠦ᠂ ᠬᠦᠳᠡᠭᠡ ᠲᠤᠰᠬᠤᠨ ᠤ ᠰᠠᠭᠤᠷᠢ ᠲᠥᠬᠦᠭᠡᠷᠦᠮᠵᠢ ᠶᠢᠨ ᠨᠥᠬᠦᠴᠡᠯ ᠪᠠ ᠨᠡᠶᠢᠳᠡ | ᠶᠢᠨ ᠤᠶᠢᠯᠡᠴᠢᠯᠡᠭᠡᠨ ᠤ ᠲᠥᠪᠰᠢᠨ ᠢ ᠪᠥᠲᠦᠮᠵᠢᠲᠠᠢ ᠰᠠᠶᠢᠵᠢᠷᠠᠭᠤᠯᠪᠠ᠃ ᠶᠠᠳᠠᠭᠤ ᠶᠢ ᠲᠡᠳᠬᠦᠬᠦ ᠰᠢᠪᠳᠤᠯᠤᠯᠳᠠ | ᠶᠢᠨ ᠠᠵᠢᠯ ᠢ ᠪᠦᠬᠦ ᠲᠠᠯ᠎ᠠ ᠪᠠᠷ ᠡᠬᠢᠯᠡᠬᠦᠯᠵᠦ᠂ ︽ᠵᠢᠷᠭᠤᠭᠠᠨ ᠨᠠᠷᠢᠯᠢᠭ ᠤᠨᠤᠪᠴᠢᠲᠠᠢ︾ ᠪᠠ ︽ᠲᠠᠪᠤᠨ ᠨᠢᠭᠡ | ᠪᠥᠯᠦᠭ︾ ᠢ ᠬᠦᠨᠵᠡᠭᠡᠢ ᠨᠠᠶᠢᠳᠠᠪᠤᠷᠢᠵᠢᠭᠤᠯᠵᠦ᠂ 1740 ᠡᠷᠦᠬᠡ ᠶᠢᠨ 4292 ᠬᠦᠮᠥᠨ ᠢ ᠶᠠᠳᠠᠭᠤ | ᠬᠦᠴᠢᠷᠳᠡᠯᠲᠠᠢ ᠬᠦᠮᠥᠨ ᠠᠮᠠ ᠪᠠᠷ ᠢᠯᠭᠠᠨ ᠲᠤᠭᠳᠠᠭᠠᠪᠠ᠃ 6800 ᠢᠯᠡᠬᠦᠤ ᠲᠦᠮᠡᠨ ᠲᠥᠭᠦᠷᠢᠭ ᠪᠡᠯᠡ | ᠤᠷᠤᠭᠤᠯᠵᠦ᠂ ᠠᠵᠦ ᠤᠶᠢᠯᠡᠰ ᠢᠶᠠᠷ ᠶᠠᠳᠠᠭᠤ ᠶᠢ ᠲᠡᠳᠬᠦᠬᠦ᠂ ᠨᠡᠭᠦᠯᠭᠡᠨ ᠰᠢᠯᠵᠢᠬᠦᠯᠬᠦ᠂ ᠠᠮᠢ ᠠᠬᠤᠢ ᠶᠢᠨ | ᠨᠥᠬᠦᠪᠦᠷᠢ᠂ ᠨᠡᠶᠢᠭᠡᠮ ᠤᠨ ᠪᠠᠳᠤᠯᠠᠭ᠎ᠠ ᠵᠡᠷᠭᠡ ᠶᠠᠳᠠᠭᠤ ᠶᠢ ᠲᠡᠳᠬᠦᠬᠦ ᠠᠷᠭ᠎ᠠ ᠪᠠᠷᠢᠯ ᠢᠶᠠᠷ ᠲᠠᠮᠵᠢᠵᠦ᠂ 1330 | ᠬᠦᠮᠥᠨ ᠢ ᠶᠠᠳᠠᠭᠤ ᠠᠴᠠ ᠠᠩᠬᠢᠵᠢᠷᠠᠭᠤᠯᠪᠠ᠃ ᠪᠦᠬᠦ ᠵᠢᠯ ᠳᠤ 7523 ᠠᠵᠢᠯ ᠤᠨ ᠪᠠᠶᠢᠷᠢ ᠴᠤᠭᠯᠠᠭᠤᠯᠵᠦ᠂ | ᠬᠤᠳᠠ ᠪᠠᠯᠭᠠᠰᠤ ᠶᠢᠨ 1563 ᠬᠦᠮᠥᠨ ᠳᠤ ᠠᠵᠢᠯ ᠤᠯᠭᠤᠵᠦ᠂ 221 ᠬᠤᠪᠢ ᠶᠢᠨ ᠤᠶᠢᠯᠡᠳᠪᠦᠷᠢ | ᠬᠤᠳᠠᠯᠳᠤᠭᠠᠨ ᠤ ᠡᠷᠦᠬᠡ ᠳᠤ 1565 ᠲᠦᠮᠡᠨ ᠲᠥᠭᠦᠷᠢᠭ ᠤᠨ ᠤᠶᠢᠯᠡᠰ ᠪᠤᠰᠬᠠᠬᠤ ᠵᠢᠭᠡᠯᠡᠯᠭᠡ ᠤᠯᠭᠤᠵᠦ᠂ | ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ 2.73% ᠳᠤ ᠬᠦᠷᠪᠡ᠃ ᠰᠢᠨ᠎ᠡ | ᠶᠢ ᠡᠭᠦᠳᠦᠨ ᠤᠶᠢᠯᠡᠰ ᠪᠤᠰᠬᠠᠬᠤ ᠶᠢ ᠵᠢᠯᠤᠭᠤᠳᠬᠤ ᠤᠶᠢᠯᠡᠴᠢᠯᠡᠭᠡᠨ ᠤ ᠲᠥᠪ ᠢ ᠪᠠᠶᠢᠭᠤᠯᠤᠨ ᠠᠰᠢᠭᠯᠠᠯᠳᠠ ᠳᠤ | ᠤᠷᠤᠭᠤᠯᠵᠦ᠂ ᠠᠵᠦ ᠠᠬᠤᠶᠢᠯᠠᠯ ᠪᠠ ᠬᠤᠪᠢ ᠬᠦᠮᠥᠨ ᠳᠤ ᠤᠶᠢᠯᠡᠰ ᠪᠤᠰᠬᠠᠬᠤ 10 ᠠᠯᠪᠠᠯᠠᠬᠤ ᠭᠠᠵᠠᠷ ᠪᠠ 24 | ᠰᠠᠭᠤᠷᠢ ᠺᠤᠮᠫᠢᠦ᠋ᠲ᠋ᠧᠷ ᠢᠶᠠᠷ ᠠᠵᠢᠯᠯᠠᠬᠤ ᠨᠥᠬᠦᠴᠡᠯ ᠢ ᠬᠠᠩᠭᠠᠭᠰᠠᠨ ᠪᠠᠶᠢᠨ᠎ᠠ᠃ ᠠᠷᠠᠳ ᠤᠨ ᠤᠷᠤᠨ ᠰᠠᠭᠤᠴᠠ | ᠶᠢᠨ ᠢᠨᠵᠧᠨᠧᠷᠢᠩ ᠢ ᠬᠦᠨᠵᠡᠭᠡᠢ ᠠᠬᠢᠭᠤᠯᠵᠦ᠂ ᠪᠤᠷᠤ ᠭᠡᠷ ᠤᠨ ᠲᠤᠭᠤᠷᠢᠭ ᠢ ᠦᠭᠡᠷᠡᠴᠢᠯᠡᠨ ᠵᠠᠰᠠᠬᠤ ᠢᠨᠵᠧᠨᠧᠷᠢᠩ | ᠢ ᠠᠮᠵᠢᠯᠲᠠᠲᠠᠢ ᠪᠡᠶᠡᠯᠡᠬᠦᠯᠵᠦ ᠠᠰᠢᠭᠯᠠᠯᠳᠠ ᠳᠤ ᠤᠷᠤᠭᠤᠯᠪᠠ᠂ ᠪᠠᠷᠢᠯᠭ᠎ᠠ ᠶᠢᠨ ᠲᠠᠯᠠᠪᠠᠢ ᠨᠢ 15.6 ᠲᠦᠮᠡᠨ | ᠲᠡᠭᠰᠢ ᠲᠦᠷᠪᠡᠯᠵᠢᠨ ᠮᠧᠲᠷ ᠪᠤᠯᠬᠤ 33 ᠰᠠᠭᠤᠷᠢ ᠠᠰᠠᠷ ᠢ ᠰᠢᠨ᠎ᠡ ᠪᠠᠷ ᠪᠠᠷᠢᠵᠦ᠂ 1041 ᠡᠷᠦᠭᠡ | ᠰᠠᠭᠤᠷᠢᠰᠢᠭᠤᠯᠪᠠ᠃ ᠤᠷᠤᠨ ᠰᠠᠭᠤᠴᠠ ᠶᠢᠨ ᠨᠥᠭᠡᠴᠡ ᠪᠠᠨ ᠠᠰᠢᠭᠯᠠᠨ᠂ ᠪᠤᠷᠤ ᠭᠡᠷ ᠤᠨ ᠲᠤᠭᠤᠷᠢᠭ ᠲᠠᠬᠢ | 600 ᠡᠷᠦᠬᠡ ᠶᠢᠨ ᠤᠷᠤᠨ ᠰᠠᠭᠤᠴᠠ ᠶᠢ ᠰᠢᠨᠡᠴᠢᠯᠡᠪᠡ᠃ ᠨᠡᠶᠢᠭᠡᠮ ᠤᠨ ᠪᠠᠳᠤᠯᠠᠭ᠎ᠠ ᠶᠢᠨ ᠲᠥᠪᠰᠢᠨ ᠤᠯᠠᠮ ᠨᠢᠭᠡ | ᠠᠯᠬᠤᠮ ᠲᠡᠭᠡᠭᠰᠢᠯᠡᠵᠦ᠂ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠨᠤᠷᠮ᠎ᠠ 97% ᠳᠤ | ᠬᠦᠷᠴᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ | ᠠᠵᠢᠯ ᠠᠴᠠ ᠪᠠᠨ ᠠᠮᠠᠷᠠᠭᠰᠠᠳ ᠪᠤᠯᠤᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠮᠥᠩᠬᠦ | ᠶᠢᠨ ᠪᠠᠷᠢᠮᠵᠢᠶ᠎ᠠ ᠲᠤᠰᠪᠤᠷᠢ 4%᠂ 17%᠂ 7.3% ᠪᠠ 8.6% ᠪᠠᠷ ᠲᠡᠭᠡᠭᠰᠢᠯᠡᠪᠡ᠃ ᠬᠤᠳᠠ ᠬᠦᠳᠡᠭᠡ ᠶᠢᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠥᠩᠬᠦ᠂ ᠠᠵᠢᠯ ᠤᠯᠬᠤ ᠳᠤ ᠬᠦᠴᠢᠷᠳᠡᠢ ᠬᠦᠮᠥᠰ ᠤᠨ | ᠨᠡᠶᠢᠭᠡᠮ ᠤᠨ ᠳᠠᠭᠠᠳᠬᠠᠯ ᠤᠨ ᠨᠥᠬᠦᠪᠦᠷᠢ ᠵᠡᠷᠭᠡ ᠡᠯ᠎ᠡ ᠲᠦᠷᠦᠯ ᠤᠨ ᠨᠡᠶᠢᠭᠡᠮ ᠤᠨ ᠠᠰᠠᠷᠠᠮᠵᠢ ᠶᠢᠨ ᠮᠥᠩᠬᠦ | 3975 ᠲᠦᠮᠡᠨ ᠲᠥᠭᠦᠷᠢᠭ ᠲᠠᠷᠬᠠᠭᠠᠪᠠ᠃ ᠵᠡᠮᠳᠡᠭᠴᠤᠳ ᠢ ᠨᠠᠶᠢᠳᠠᠨ ᠠᠰᠠᠷᠠᠬᠤ ᠤᠶᠢᠯᠡᠴᠢᠯᠡᠭᠡᠨ ᠤ ᠲᠥᠪ ᠪᠠ | ᠮᠠᠯᠴᠢᠳ ᠤᠨ ᠨᠠᠰᠤᠳᠠᠨ ᠢ ᠠᠰᠠᠷᠠᠬᠤ ᠬᠦᠷᠢᠶᠡᠯᠡᠩ ᠵᠡᠷᠭᠡ ᠢᠨᠵᠧᠨᠧᠷᠢᠩ ᠢ ᠡᠷᠴᠢᠮᠲᠠᠢ ᠠᠬᠢᠭᠤᠯᠪᠠ᠃ ᠵᠠᠰᠠᠭ ᠤᠨ | ᠶᠠᠪᠤᠳᠠᠯ ᠤᠨ ᠤᠶᠢᠯᠡᠴᠢᠯᠡᠭᠡᠨ ᠤ ᠲᠥᠪ ᠨᠢ ᠠᠰᠢᠭᠯᠠᠯᠳᠠ ᠳᠤ ᠤᠷᠤᠬᠤ ᠪᠠᠷ ᠪᠠᠶᠢᠨ᠎ᠠ᠃ | ︵ᠲᠠᠪᠤ︶ ᠨᠡᠶᠢᠭᠡᠮ ᠤᠨ ᠠᠵᠢᠯ ᠤᠶᠢᠯᠡᠰ ᠤᠨ ᠬᠦᠭᠵᠢᠯᠳᠡ ᠶᠢ ᠪᠦᠬᠦ ᠬᠦᠴᠦᠨ ᠢᠶᠠᠷ ᠢᠶᠠᠨ ᠠᠬᠢᠭᠤᠯᠵᠦ᠂ | ᠠᠷᠠᠳ ᠲᠦᠮᠡᠨ ᠳᠤ ᠨᠡᠩ ᠢᠯᠡᠬᠦᠤ ᠵᠤᠯ ᠵᠢᠷᠭᠠᠯ ᠡᠳ᠋ᠯᠡᠬᠦᠯᠪᠡ᠃ ᠪᠦᠬᠦ ᠠᠶᠢᠮᠠᠭ ᠤᠨ ᠰᠤᠷᠭᠠᠨ ᠬᠦᠮᠥᠵᠢᠯ ᠤᠨ | ᠶᠠᠰᠦ ᠴᠢᠨᠠᠷ ᠢ ᠲᠡᠭᠡᠭᠰᠢᠯᠡᠬᠦᠯᠬᠦ ᠭᠤᠷᠪᠠᠨ ᠵᠢᠯ ᠤᠨ ᠲᠥᠯᠦᠪᠵᠢᠬᠦᠯᠭᠡ ᠶᠢᠨ ᠵᠢᠩᠬᠢᠨᠢ ᠠᠩᠬᠢ ᠳᠤ ᠤᠷᠤᠬᠤ ᠨᠤᠷᠮ᠎ᠠ | ᠶᠢᠨ ᠨᠡᠮᠡᠭᠳᠡᠯ ᠢ ᠳᠠᠪᠠᠭᠤᠯᠤᠨ ᠪᠡᠶᠡᠯᠡᠬᠦᠯᠵᠦ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠤᠷᠤᠬᠤ ᠨᠤᠷᠮ᠎ᠠ 51. | 8% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 6.1 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ | ᠲᠡᠭᠡᠲᠦ ᠲᠤᠮᠳᠠᠲᠦ ᠳᠤ ᠲᠠᠪᠰᠢᠬᠤ ᠰᠢᠯᠭᠠᠯᠳᠠ ᠶᠢᠨ ᠶᠡᠷᠦᠩᠬᠡᠢ ᠬᠢᠷᠢ ᠪᠥᠲᠦᠮᠵᠢ ᠪᠦᠬᠦ ᠠᠶᠢᠮᠠᠭ ᠤᠨ ᠡᠮᠤᠨᠡᠬᠦᠷ | ᠤᠷᠤᠪᠠ᠃ ᠮᠤᠩᠭᠤᠯ ᠦᠨᠳᠦᠰᠦᠳᠡᠨ ᠤ ᠬᠤᠶᠠᠳᠤᠭᠠᠷ ᠬᠡᠤᠬᠡᠳ ᠤᠨ ᠴᠡᠴᠡᠷᠯᠢᠭ ᠢ ᠪᠠᠶᠢᠭᠤᠯᠬᠤ ᠲᠦᠷᠦᠯ ᠵᠤᠶᠢᠯ ᠢ | ᠬᠡᠷᠡᠭᠵᠢᠬᠦᠯᠪᠡ᠃ ᠮᠤᠩᠭᠤᠯ ᠦᠨᠳᠦᠰᠦᠳᠡᠨ ᠤ ᠲᠤᠮᠳᠠᠲᠦ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠲᠦᠷᠦᠯ ᠵᠤᠶᠢᠯ | ᠪᠠ ᠠᠵᠢᠯ ᠮᠡᠷᠭᠡᠵᠢᠯ ᠤᠨ ᠰᠤᠷᠭᠠᠨ ᠬᠦᠮᠥᠵᠢᠯ ᠤᠨ ᠶᠡᠷᠦᠩᠬᠡᠶᠢᠯᠡᠭᠰᠡᠨ ᠳᠤᠷᠰᠢᠯᠳᠠ ᠶᠢᠨ ᠠᠰᠠᠷ ᠤᠨ ᠲᠦᠷᠦᠯ ᠵᠤᠶᠢᠯ | ᠢ ᠠᠬᠢᠭᠤᠯᠪᠠ᠃ ᠨᠡᠶᠢᠳᠡ 4880 ᠲᠦᠮᠡᠨ ᠲᠥᠭᠦᠷᠢᠭ ᠤᠨ ᠪᠡᠯᠡ ᠤᠷᠤᠭᠤᠯᠤᠯᠳᠠ ᠲᠠᠢ ᠰᠤᠷᠭᠠᠨ ᠬᠦᠮᠥᠵᠢᠯ ᠤᠨ | ᠰᠤᠷᠠᠭ ᠵᠠᠩᠬᠢᠵᠢᠯᠠᠭᠰᠠᠨ ᠲᠦᠷᠦᠯ ᠵᠤᠶᠢᠯ ︽ᠭᠤᠷᠪᠠ ᠨᠡᠪᠳᠡᠷᠡᠬᠦ ᠬᠤᠶᠠᠷ ᠳᠠᠪᠴᠠᠩ︾ ᠨᠢ ᠵᠢᠩᠬᠢᠨᠢ ᠪᠠᠷ | ᠠᠰᠢᠭᠯᠠᠯᠳᠠ ᠳᠤ ᠤᠷᠤᠪᠠ᠃ ᠮᠤᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠢ ᠰᠢᠨ᠎ᠡ ᠪᠠᠷ | ᠪᠠᠶᠢᠭᠤᠯᠵᠦ᠂ ᠬᠠᠯᠠᠭᠤᠨ ᠷᠠᠰᠢᠶᠠᠨ ᠳᠠᠬᠢ ᠮᠤᠩᠭᠤᠯ ᠡᠮᠨᠡᠯᠭᠡ ᠶᠢᠨ ᠵᠠᠰᠠᠯᠭ᠎ᠠ ᠰᠤᠪᠢᠯᠠᠯᠳᠠ ᠶᠢᠨ ᠲᠥᠪ ᠨᠢ | ᠠᠰᠢᠭᠯᠠᠯᠳᠠ ᠳᠤ ᠤᠷᠤᠪᠠ᠃ ᠬᠤᠰᠢᠭᠤ ᠡᠮᠨᠡᠯᠭᠡ ᠶᠢᠨ ᠬᠤᠷᠢᠶ᠎ᠠ᠂ ᠮᠤᠩᠭᠤᠯ ᠡᠮᠨᠡᠯᠭᠡ ᠶᠢᠨ ᠬᠤᠷᠢᠶ᠎ᠠ ᠨᠢ ᠠᠯᠤᠰ | ᠡᠵᠡᠮᠰᠢᠯ ᠢᠶᠠᠷ ᠤᠨᠤᠰᠢᠯᠠᠬᠤ ᠪᠤᠯᠪᠠ᠃ ᠲᠥᠯᠦᠪᠯᠡᠭᠡᠲᠦ ᠦᠷᠡᠵᠢᠯ ᠤᠨ ᠤᠶᠢᠯᠡᠴᠢᠯᠡᠭᠡᠨ ᠤ ᠬᠠᠮᠢᠶᠠᠷᠤᠯᠳᠠ ᠶᠢ ᠤᠯᠠᠮ | ᠨᠢᠭᠡ ᠠᠯᠬᠤᠮ ᠲᠡᠭᠦᠯᠳᠡᠷᠵᠢᠬᠦᠯᠵᠦ᠂ ᠬᠤᠶᠠᠷ ᠬᠡᠤᠬᠡᠳ ᠠᠪᠬᠤ ᠲᠦᠷᠦ ᠶᠢᠨ ᠪᠤᠳᠤᠯᠬ᠎ᠠ ᠶᠢ ᠪᠦᠬᠦ ᠲᠠᠯ᠎ᠠ ᠪᠠᠷ | ᠬᠡᠷᠡᠭᠵᠢᠬᠦᠯᠪᠡ᠃ 35 ᠨᠠᠰᠤᠨ ᠠᠴᠠ ᠲᠡᠭᠡᠭᠰᠢᠬᠢ 3456 ᠮᠠᠯᠴᠢᠨ ᠲᠠᠷᠢᠶᠠᠴᠢᠨ ᠳᠤ ᠲᠦᠯᠦᠪᠦᠷᠢ ᠦᠭᠡᠢ ᠪᠡᠶ᠎ᠡ | ᠶᠢᠨ ᠪᠠᠶᠢᠴᠠᠭᠠᠯᠳᠠ ᠬᠢᠵᠦ᠂ 2900 ᠵᠢᠵᠢᠭ ᠡᠮ ᠤᠨ ᠬᠠᠶᠢᠷᠴᠠᠭ ᠲᠠᠷᠬᠠᠭᠠᠪᠠ᠃ ᠮᠠᠨ ᠤ ᠤᠯᠤᠰ ᠤᠨ ᠪᠠᠷᠠᠭᠤᠨ | ᠤᠷᠤᠨ ᠢ ᠨᠡᠭᠡᠭᠡᠨ ᠬᠦᠭᠵᠢᠬᠦᠯᠬᠦ ᠵᠥᠪᠯᠡᠯ ᠤᠨ ᠨᠢᠭᠡᠳᠦᠭᠡᠷ ᠪᠥᠯᠦᠭ 1320 ᠲᠦᠮᠡᠨ ᠲᠥᠭᠦᠷᠢᠭ ᠪᠦᠬᠦᠢ ᠥᠷᠳᠡᠭ | ᠲᠠᠢ ᠡᠮ ᠡᠮᠴᠢᠯᠡᠭᠡᠨ ᠤ ᠲᠥᠬᠦᠭᠡᠷᠦᠮᠵᠢ ᠶᠢ ᠪᠦᠬᠦᠨ ᠢ ᠨᠠᠶᠢᠳᠠᠪᠤᠷᠢᠵᠢᠭᠤᠯᠵᠦ᠂ ᠡᠮᠴᠢᠯᠡᠭᠡ ᠡᠷᠡᠬᠦᠯ ᠬᠠᠮᠠᠭᠠᠯᠠᠯ ᠤᠨ | ᠨᠥᠬᠦᠴᠡᠯ ᠢᠯᠡᠳᠳᠡ ᠰᠠᠶᠢᠵᠢᠷᠠᠪᠠ᠃ ᠨᠠᠢᠮᠠᠨ ᠮᠤᠵᠢ ᠤᠷᠤᠨ ᠤ ᠭᠤᠷᠪᠠᠳᠤᠭᠠᠷ ᠬᠤᠭᠤᠴᠠᠭᠠᠨ ᠤ ᠮᠤᠩᠭᠤᠯ | ᠦᠨᠳᠦᠰᠦᠳᠡᠨ ᠤ ᠤᠯᠠᠮᠵᠢᠯᠠᠯᠲᠦ ᠭᠡᠷ ᠤᠨ ᠬᠦᠮᠥᠵᠢᠯ ᠤᠨ ᠤᠷᠤᠯᠳᠤᠭᠠᠨ ᠢ ᠠᠮᠵᠢᠯᠲᠠᠲᠠᠢ ᠡᠷᠬᠢᠯᠡᠨ ᠶᠠᠪᠤᠭᠤᠯᠵᠦ᠂ | ᠲᠤᠮᠳᠠᠲᠦ ᠤᠯᠤᠰ ᠤᠨ ᠠᠳᠤᠭᠤᠨ ᠤᠶᠢᠯᠡᠰ ᠤᠨ ᠨᠡᠶᠢᠭᠡᠮᠯᠢᠭ ᠠᠴᠠ ᠮᠠᠨ ᠤ ᠬᠤᠰᠢᠭᠤ ᠶᠢ ︽ᠲᠤᠮᠳᠠᠲᠦ ᠤᠯᠤᠰ | ᠤᠨ ᠲᠠᠯ᠎ᠠ ᠨᠤᠳᠤᠭ ᠤᠨ ᠬᠤᠷᠳᠤᠨ ᠬᠥᠯᠦᠭ ᠤᠨ ᠥᠯᠦᠭᠡᠢ︾ ᠭᠡᠵᠦ ᠨᠡᠷᠡᠶᠢᠳᠤᠪᠡ᠃ ᠨᠠᠰᠤᠳᠠᠶᠢᠴᠤᠳ ᠤᠨ | ᠠᠵᠢᠯᠯᠠᠭᠠᠨ ᠤ ᠲᠥᠪ᠂ ᠪᠡᠶ᠎ᠡ ᠲᠠᠮᠢᠷ ᠤᠨ ᠬᠥᠳᠡᠯᠭᠡᠭᠡᠨ ᠤ ᠲᠥᠪ᠂ ᠵᠠᠯᠠᠭᠤ ᠪᠠᠭᠠᠴᠤᠳ ᠤᠨ ᠠᠵᠢᠯᠯᠠᠭᠠᠨ ᠤ ᠲᠥᠪ | ᠢ ᠨᠡᠶᠢᠭᠡᠮ ᠨᠡᠶᠢᠳᠡ ᠳᠤ ᠠᠰᠢᠭᠯᠠᠭᠤᠯᠵᠦ᠂ ᠨᠢᠭᠡ ᠵᠢᠯ ᠤᠨ ᠳᠤᠷᠰᠢ 30 ᠢᠯᠡᠬᠦᠤ ᠤᠳᠠᠭ᠎ᠠ ᠡᠯ᠎ᠡ ᠲᠦᠷᠦᠯ ᠤᠨ | ᠪᠡᠶ᠎ᠡ ᠲᠠᠮᠢᠷ ᠤᠨ ᠤᠷᠤᠯᠳᠤᠭᠠᠨ ᠶᠠᠪᠤᠭᠤᠯᠵᠦ᠂ ᠨᠡᠶᠢᠳᠡ 4 ᠲᠦᠮᠡ ᠢᠯᠡᠬᠦᠤ ᠬᠦᠮᠥᠨ ᠤᠳᠠᠭ᠎ᠠ ᠤᠷᠤᠯᠴᠠᠵᠦ᠂ | ᠪᠦᠬᠦ ᠠᠷᠠᠳ ᠢᠶᠠᠷ ᠢᠶᠠᠨ ᠪᠡᠶ᠎ᠡ ᠪᠤᠯᠪᠠᠰᠤᠷᠠᠭᠤᠯᠬᠤ ᠠᠵᠢᠯᠯᠠᠭᠠᠨ ᠤ ᠬᠦᠭᠵᠢᠯᠳᠡ ᠶᠢ ᠠᠬᠢᠭᠤᠯᠪᠠ᠃ | ︵ᠵᠢᠷᠭᠤᠭ᠎ᠠ︶ ᠦᠭᠡᠷᠡᠴᠢᠯᠡᠯᠳᠡ ᠬᠦᠭᠵᠢᠯᠳᠡ ᠶᠢ ᠬᠦᠴᠦᠲᠠᠢ ᠠᠬᠢᠭᠤᠯᠵᠦ᠂ ᠬᠦᠭᠵᠢᠯᠳᠡ ᠶᠢᠨ ᠬᠥᠳᠡᠯᠭᠡᠬᠦ | ᠬᠦᠴᠦᠨ ᠪᠠ ᠠᠮᠢᠯᠠᠯ ᠤᠨ ᠬᠦᠴᠦᠨ ᠢ ᠪᠠᠳᠠᠷᠠᠭᠤᠯᠪᠠ᠃ ᠠᠵᠦ ᠠᠬᠤᠢ᠂ ᠨᠡᠶᠢᠭᠡᠮ᠂ ᠰᠤᠶᠤᠯ ᠪᠠ ᠠᠮᠢ ᠠᠬᠤᠢ ᠶᠢᠨ | ᠬᠦᠷᠢᠶ᠎ᠡ ᠬᠡᠪᠴᠢᠶᠠᠨ ᠳᠤ 63 ᠦᠭᠡᠷᠡᠴᠢᠯᠡᠯᠳᠡ ᠶᠢᠨ ᠦᠷ᠎ᠡ ᠪᠥᠲᠦᠭᠡᠯ ᠲᠠᠢ ᠪᠤᠯᠪᠠ᠃ ︽ᠪᠠᠭᠤᠯᠭᠠᠬᠤ ᠬᠠᠮᠢᠶᠠᠷᠬᠤ | ᠤᠶᠢᠯᠡᠴᠢᠯᠡᠬᠦ︾ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠦ᠂ ᠵᠠᠰᠠᠭ ᠤᠨ ᠤᠷᠳᠤᠨ ᠤ ᠡᠷᠬᠡ ᠪᠠ ᠬᠠᠷᠢᠭᠤᠴᠠᠯᠭ᠎ᠠ | ᠶᠢ ᠳᠤᠳᠤᠷᠬᠠᠶᠢᠯᠠᠨ ᠨᠡᠶᠢᠳᠡᠯᠡᠪᠡ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ | ᠬᠦᠨᠵᠡᠭᠡᠶᠢᠷᠡᠬᠦᠯᠵᠦ᠂ ︽ᠲᠠᠪᠤᠨ ᠦᠨᠡᠮᠯᠡᠯ ᠢ ᠨᠡᠶᠢᠯᠡᠬᠦᠯᠦᠨ ᠨᠢᠭᠡ ᠪᠤᠯᠭᠠᠬᠤ᠂ ᠨᠢᠭᠡ ᠦᠨᠡᠮᠯᠡᠯ ᠳᠤ ᠨᠢᠭᠡ ᠨᠤᠮᠧᠷ | ᠲᠠᠢ ᠪᠠᠶᠢᠯᠭᠠᠬᠤ︾ ᠦᠭᠡᠷᠡᠴᠢᠯᠡᠯᠳᠡ ᠪᠤᠯᠤᠨ ︽ᠬᠤᠶᠠᠷ ᠰᠤᠭᠤᠴᠢᠯᠳᠠ ᠨᠢᠭᠡ ᠵᠠᠷᠯᠠᠯ︾ ᠤᠨ ᠬᠢᠨᠠᠯᠳᠠ | ᠬᠠᠮᠢᠶᠠᠷᠤᠯᠳᠠ ᠶᠢ ᠪᠦᠬᠦ ᠲᠠᠯ᠎ᠠ ᠪᠠᠷ ᠬᠡᠷᠡᠭᠵᠢᠬᠦᠯᠪᠡ᠃ ︽ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠥᠷᠳᠡᠭ ᠤᠨ | ᠭᠠᠶᠢᠯᠢ ᠪᠤᠯᠭᠠᠨ ᠦᠭᠡᠷᠡᠴᠢᠯᠡᠬᠦ︾ ᠶᠢ ᠪᠦᠬᠦ ᠲᠠᠯ᠎ᠠ ᠪᠠᠷ ᠠᠬᠢᠭᠤᠯᠤᠭᠰᠠᠨ ᠠᠴᠠ ᠨᠡᠶᠢᠳᠡ 5300 ᠲᠦᠮᠡᠨ | ᠲᠥᠭᠦᠷᠢᠭ ᠤᠨ ᠭᠠᠶᠢᠯᠢ ᠬᠠᠰᠤᠭᠳᠠᠪᠠ᠃ ᠴᠡᠴᠡᠷᠯᠢᠭᠵᠢᠬᠦᠯᠦᠯᠳᠡ᠂ ᠨᠤᠭᠤᠭᠠᠷᠠᠭᠤᠯᠤᠯᠳᠠ᠂ ᠤᠷᠴᠢᠨ ᠲᠤᠭᠤᠷᠢᠨ ᠤ | ᠠᠷᠢᠭᠤᠨ ᠴᠡᠪᠡᠷ ᠤᠨ ᠵᠠᠬ᠎ᠠ ᠲᠡᠯᠭᠡᠭᠦᠷᠴᠢᠯᠡᠭᠰᠡᠨ ᠡᠷᠬᠢᠯᠳᠡ ᠪᠤᠯᠤᠨ ᠰᠤᠮᠤᠨ ᠤ ᠴᠡᠴᠡᠷᠯᠢᠭ ᠤᠨ ︽ᠬᠠᠷᠢᠶ᠎ᠠ | ᠴᠡᠴᠡᠷᠯᠢᠭ︾ ᠤᠨ ᠬᠠᠮᠢᠶᠠᠷᠤᠯᠳᠠ᠂ ︽ᠪᠠᠴᠢᠮ ᠪᠡᠷᠬᠡᠰᠢᠶᠠᠯ ᠲᠠᠢ ᠪᠠᠶᠢᠳᠠᠯ ᠳᠤ ᠳᠤᠰᠠᠯᠠᠬᠤ︾ ᠵᠡᠷᠭᠡ ᠲᠠᠯ᠎ᠠ ᠪᠠᠷ | ᠤᠷᠢᠳᠴᠢᠯᠠᠨ ᠳᠤᠷᠰᠢᠵᠦ᠂ ᠪᠦᠬᠦ ᠠᠶᠢᠮᠠᠭ ᠤᠨ ᠤᠷᠢᠳᠠᠭᠤᠷ ᠤᠷᠤᠭᠰᠠᠨ ᠪᠠᠶᠢᠨ᠎ᠠ᠃ ᠳᠤᠭᠳᠠᠮᠠᠯ ᠬᠦᠷᠦᠩᠭᠡ ᠶᠢ | ᠨᠢᠭᠡᠳᠦᠯᠲᠠᠢ ᠳᠠᠩᠰᠠᠯᠠᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠦ᠂ ᠨᠤᠳᠤᠭ ᠪᠡᠯᠴᠢᠭᠡᠷ ᠤᠨ ᠲᠠᠭᠠᠭᠠᠴᠢᠯᠠᠯᠳᠠ | ᠶᠢᠨ ᠡᠷᠬᠡ ᠶᠢ ᠨᠤᠳᠠᠯᠠᠬᠤ ᠠᠵᠢᠯ ᠠᠮᠵᠢᠯᠲᠠᠲᠠᠢ ᠶᠠᠪᠤᠭᠳᠠᠪᠠ᠃ ᠭᠠᠳᠠᠭᠠᠲᠦ ᠯᠤᠭ᠎ᠠ ᠶᠢᠨ ᠬᠠᠮᠳᠤᠷᠠᠯᠴᠠᠭ᠎ᠠ | ᠰᠤᠯᠢᠯᠴᠠᠭ᠎ᠠ ᠪᠠᠨ ᠦᠷᠬᠦᠯᠵᠢᠯᠡᠨ ᠬᠦᠨᠵᠡᠭᠡᠶᠢᠷᠡᠬᠦᠯᠵᠦ᠂ ᠬᠤᠶᠠᠳᠤᠭᠠᠷ ᠬᠤᠭᠤᠴᠠᠭᠠᠨ ᠤ ᠲᠤᠮᠳᠠᠲᠦ ᠤᠯᠤᠰ ᠤᠨ | ᠰᠦᠨᠢᠳ ᠤᠯᠠᠨ ᠤᠯᠤᠰ ᠤᠨ ᠨᠤᠤᠰᠤ ᠨᠤᠯᠤᠤᠷ ᠤᠨ ᠴᠤᠭᠯᠠᠭᠠᠨ ᠢ ᠠᠮᠵᠢᠯᠳᠠᠲᠠᠢ ᠶᠠᠪᠤᠭᠤᠯᠵᠦ᠂ ᠮᠤᠩᠭᠤᠯ ᠤᠯᠤᠰ | ᠤᠨ ᠨᠤᠤᠰᠤ ᠨᠤᠯᠤᠤᠷ ᠤᠨ ᠨᠡᠶᠢᠭᠡᠮᠯᠢᠭ ᠯᠦᠭᠡ ᠶᠢᠨ ᠬᠠᠮᠳᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠪᠠ᠃ | ᠰᠢᠯᠢ ᠶᠢᠨ ᠭᠤᠤᠯ ᠠᠶᠢᠮᠠᠭ ᠤᠨ ᠰᠢᠨ᠎ᠡ ᠲᠤᠷᠭᠠᠨ ᠵᠠᠮ ᠤᠨ ᠲᠡᠯᠭᠡᠨ ᠦᠵᠡᠬᠦᠯᠦᠯᠭᠡ ᠶᠢᠨ ᠴᠤᠯᠠᠭᠠᠨ᠂ ᠵᠧᠵᠢᠶᠠᠩ | ᠥᠪᠤᠷ ᠮᠤᠩᠭᠤᠯ ᠤᠨ ᠬᠤᠳᠠᠯᠳᠤᠭᠠᠴᠢᠳ ᠤᠨ ᠨᠡᠶᠢᠭᠡᠮᠯᠢᠭ ᠪᠠᠶᠢᠭᠤᠯᠤᠭᠳᠠᠬᠤ ᠬᠤᠷᠠᠯ ᠵᠢᠴᠢ ︽ᠨᠢᠭᠡ ᠪᠦᠰᠡ ᠨᠢᠭᠡ | ᠵᠠᠮ︾ ᠤᠨ ᠲᠦᠷᠦᠯ ᠵᠤᠶᠢᠯ ᠤᠨ ᠪᠡᠯᠡ ᠮᠥᠩᠬᠦ ᠶᠢ ᠵᠤᠯᠭᠠᠭᠤᠯᠬᠤ ᠵᠡᠷᠭᠡ ᠬᠤᠷᠠᠯ ᠤᠳ ᠲᠤ ᠤᠷᠤᠯᠴᠠᠵᠦ᠂ | ᠨᠥᠬᠦᠷᠰᠡᠭ ᠭᠠᠵᠠᠷ ᠤᠷᠤᠨ ᠪᠠ ᠪᠡᠯᠡ ᠤᠷᠤᠭᠤᠯᠬᠤ ᠬᠦᠰᠡᠯ ᠡᠷᠡᠮᠡᠯᠵᠡᠯ ᠲᠠᠢ ᠠᠵᠦ ᠠᠬᠤᠶᠢᠯᠠᠯ ᠲᠠᠢ 15 ᠬᠤᠪᠢ | ᠬᠠᠮᠳᠤᠷᠠᠯᠴᠠᠭᠠᠨ ᠤ ᠵᠥᠪᠳᠡᠯᠴᠡᠭᠡᠷ ᠲᠤᠭᠳᠠᠵᠦ᠂ ᠬᠠᠮᠳᠤᠷᠠᠯᠴᠠᠭᠠᠨ ᠤ ᠪᠡᠯᠡ ᠮᠥᠩᠬᠦ 50 ᠳ᠋ᠦᠩᠰᠢᠭᠤᠷ ᠲᠥᠭᠦᠷᠢᠭ | ᠲᠤ ᠬᠦᠷᠪᠡ᠃ ᠪᠡᠭᠡᠵᠢᠩ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠢᠩᠬᠢᠮ ᠳᠤ ︽ᠰᠦᠨᠢᠳ | ᠬᠤᠨᠢᠨ ᠮᠢᠬᠠᠨ ᠤ ᠪᠥᠲᠦᠭᠡᠭᠳᠡᠬᠦᠨ ᠤ ᠰᠤᠨᠢᠨ ᠮᠡᠳᠡᠭᠡ ᠨᠡᠶᠢᠳᠡᠯᠡᠬᠦ ᠬᠤᠷᠠᠯ︾ ᠢ ᠠᠮᠵᠢᠯᠲᠠᠲᠠᠢ ᠶᠠᠪᠤᠭᠤᠯᠵᠦ᠂ ᠶᠠᠩ | ᠶᠠᠩ ᠮᠠᠯ ᠠᠵᠦ ᠠᠬᠤᠢ ᠶᠢ ᠬᠠᠪᠰᠤᠷᠤᠨ 14 ᠠᠵᠦ ᠠᠬᠤᠶᠢᠯᠠᠯ ᠯᠤᠭ᠎ᠠ 8000 ᠲᠦᠮᠡᠨ ᠲᠥᠭᠦᠷᠢᠭ ᠤᠨ | ᠪᠤᠷᠤᠯᠠᠭᠤᠯᠭ᠎ᠠ ᠶᠢᠨ ᠭᠡᠷ᠎ᠡ ᠳᠤᠭᠳᠠᠪᠠ᠃ ᠨᠡᠶᠢᠳᠡ ᠶᠢᠨ ᠪᠤᠰᠤ ᠥᠮᠴᠢᠯᠡᠯᠲᠦ ᠠᠵᠦ ᠠᠬᠤᠢ ᠶᠢᠨ ᠬᠦᠭᠵᠢᠯᠳᠡ ᠶᠢ | ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠪᠠᠷᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ 16 ᠲᠤᠮᠳᠠ | ᠪᠠᠭ᠎ᠠ ᠠᠵᠦ ᠠᠬᠤᠶᠢᠯᠠᠯ ᠢ ᠬᠠᠪᠰᠤᠷᠤᠨ 1.7 ᠳ᠋ᠦᠩᠰᠢᠭᠤᠷ ᠲᠥᠭᠦᠷᠢᠭ ᠪᠡᠯᠡ ᠨᠡᠶᠢᠯᠡᠬᠦᠯᠵᠦ᠂ ᠰᠦᠨᠢᠳ | ᠬᠤᠳᠠᠯᠳᠤᠭᠠᠴᠢᠳ ᠤᠨ ᠨᠡᠶᠢᠭᠡᠮᠯᠢᠭ ᠪᠠ ᠨᠤᠤᠰᠤ ᠨᠤᠯᠤᠤᠷ ᠤᠨ ᠨᠡᠶᠢᠭᠡᠮᠯᠢᠭ ᠪᠠᠶᠢᠭᠤᠯᠵᠦ᠂ ᠨᠡᠶᠢᠳᠡ ᠶᠢᠨ ᠪᠤᠰᠤ | ᠥᠮᠴᠢᠯᠡᠯᠲᠦ ᠠᠵᠦ ᠠᠬᠤᠢ ᠨᠢ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠴᠢᠬᠤᠯᠠ | ᠬᠦᠴᠦᠨ ᠵᠤᠶᠢᠯ ᠪᠤᠯᠵᠦ ᠪᠠᠶᠢᠨ᠎ᠠ᠃ | ︵ᠲᠤᠯᠤᠭ᠎ᠠ︶ ᠠᠮᠤᠷ ᠲᠤᠭᠳᠠᠭᠤᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠶᠢᠭᠤᠯᠵᠦ᠂ ᠡᠶ᠎ᠡ | ᠵᠤᠬᠢᠴᠠᠩᠭᠤᠢ ᠲᠤᠭᠳᠠᠭᠤᠨ ᠪᠠᠶᠢᠳᠠᠯ ᠳᠠᠰᠤᠷᠠᠯᠳᠠ ᠦᠭᠡᠢ ᠪᠠᠳᠤᠵᠢᠪᠠ᠃ ︽ᠠᠮᠤᠭᠤᠯᠠᠩᠲᠦ ᠪᠠᠷᠠᠭᠤᠨ ᠰᠦᠨᠢᠳ︾ | ᠤᠨ ᠪᠠᠶᠢᠭᠤᠯᠤᠯᠳᠠ ᠶᠢ ᠬᠦᠨᠵᠡᠭᠡᠢ ᠠᠬᠢᠭᠤᠯᠵᠦ᠂ ᠨᠡᠶᠢᠭᠡᠮ ᠤᠨ ᠠᠮᠤᠷ ᠲᠤᠭᠳᠠᠭᠤᠨ ᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠵᠦ᠂ ᠬᠠᠤᠯᠢ ᠵᠥᠷᠢᠴᠡᠭᠰᠡᠨ ᠶᠠᠯᠠᠲᠦ ᠠᠵᠢᠯᠯᠠᠭ᠎ᠠ ᠳᠤ ᠴᠢᠩᠭ᠎ᠠ ᠴᠤᠬᠢᠯᠳᠠ ᠥᠭᠴᠦ᠂ ᠠᠮᠤᠷ | ᠳᠤᠭᠳᠠᠭᠤᠨ ᠢ ᠡᠪᠳᠡᠭᠰᠡᠨ ᠬᠡᠷᠡᠭ ᠪᠠ ᠡᠷᠡᠬᠦᠤ ᠶᠢᠨ ᠬᠡᠷᠡᠭ ᠭᠠᠷᠬᠤ ᠨᠤᠷᠮ᠎ᠠ 28% ᠪᠠ 41% ᠪᠠᠷ ᠪᠠᠭᠤᠷᠠᠵᠦ᠂ | ᠠᠷᠠᠳ ᠲᠦᠮᠡᠨ ᠳᠤ ᠨᠡᠩ ᠢᠯᠡᠬᠦᠤ ᠠᠮᠤᠷ ᠲᠥᠪᠰᠢᠨ ᠤᠷᠴᠢᠨ ᠬᠠᠩᠭᠠᠪᠠ᠃ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠤᠳᠤᠷᠢᠳᠤᠯᠭ᠎ᠠ ᠲᠠᠭᠠᠭᠠᠴᠢᠯᠠᠬᠤ ᠲᠦᠷᠢᠮ ᠪᠤᠯᠤᠨ ︽1328︾ ᠵᠠᠬᠢᠳᠠᠯ ᠰᠤᠷᠪᠤᠯᠵᠢᠯᠠᠭ᠎ᠠ ᠶᠢᠨ | ᠠᠵᠢᠯᠯᠠᠬᠤ ᠡᠳᠦᠷ ᠤᠨ ᠲᠦᠷᠢᠮ ᠢ ᠴᠢᠩᠭ᠎ᠠ ᠬᠡᠷᠡᠭᠵᠢᠬᠦᠯᠵᠦ᠂ ᠵᠥᠷᠢᠴᠡᠯ ᠮᠥᠷᠬᠦᠯᠳᠦᠭᠡᠨ ᠢ ᠪᠠᠶᠢᠴᠠᠭᠠᠨ ᠨᠠᠮᠳᠠᠭᠠᠵᠦ | ᠂ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠪᠠᠨ 32% ᠢᠶᠠᠷ | ᠪᠠᠭᠤᠷᠠᠪᠠ᠃ ᠲᠤᠤᠷ ᠰᠦᠯᠵᠢᠶ᠎ᠠ᠂ ᠸᠢᠴᠠᠲ ᠤᠨ ᠴᠠᠭᠳᠠᠨ ᠪᠠᠶᠢᠴᠠᠭᠠᠯᠳᠠ ᠶᠢᠨ ᠠᠵᠢᠯ ᠢ ᠢᠳᠡᠪᠬᠢᠲᠠᠢ ᠥᠷᠨᠢᠬᠦᠯᠵᠦ | ᠂ ᠪᠦᠬᠦ ᠬᠤᠰᠢᠭᠤᠨ ᠤ ᠲᠤᠤᠷ ᠰᠦᠯᠵᠢᠶᠠᠨ ᠤ ᠤᠷᠴᠢᠨ ᠠᠬᠤᠢ ᠶᠢ ᠪᠥᠲᠦᠮᠵᠢᠲᠠᠢ ᠴᠡᠪᠡᠷᠯᠡᠪᠠ᠃ ᠢᠳᠡᠭᠡᠨ ᠡᠮ | ᠤᠨ ᠵᠤᠶᠢᠯᠡᠰ ᠤᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢ ᠬᠦᠨᠵᠡᠭᠡᠢ ᠠᠬᠢᠭᠤᠯᠤᠭᠰᠠᠨ ᠠᠴᠠ ᠤᠯᠠᠨ | ᠲᠦᠮᠡᠨ ᠤ ᠠᠮᠤᠷ ᠲᠥᠪᠰᠢᠨ ᠢ ᠪᠥᠲᠦᠮᠵᠢᠲᠠᠢ ᠪᠠᠳᠤᠯᠠᠪᠠ᠃ ᠠᠶᠤᠯᠭᠦᠢ ᠤᠶᠢᠯᠡᠳᠪᠦᠷᠢᠯᠡᠯ ᠤᠨ ︽ᠰᠡᠷᠡᠮᠵᠢ ᠶᠢᠨ | ᠱᠤᠭᠤᠮ︾ ᠤᠨ ᠤᠬᠠᠮᠰᠠᠷ ᠪᠠ ᠨᠠᠭᠠᠳᠦ ᠵᠠᠬ᠎ᠠ ᠶᠢᠨ ᠰᠡᠳᠬᠢᠴᠡ ᠶᠢ ᠪᠠᠳᠤ ᠪᠤᠢ ᠪᠤᠯᠭᠠᠵᠦ᠂ ᠠᠶᠤᠯᠬᠦᠢ | ᠤᠶᠢᠯᠡᠳᠪᠦᠷᠢᠯᠡᠯ ᠤᠨ ᠡᠯ᠎ᠡ ᠲᠦᠷᠦᠯ ᠤᠨ ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠶᠢ ᠬᠦᠨᠵᠡᠭᠡᠢ ᠥᠷᠨᠢᠬᠦᠯᠦᠭᠰᠡᠨ | ᠠᠴᠠ ᠠᠶᠤᠯᠬᠦᠢ ᠤᠶᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠤᠭᠳᠠᠭᠤᠨ ᠢᠶᠠᠨ ᠪᠠᠳᠤᠯᠠᠪᠠ᠃ | ︵ᠨᠠᠢᠮᠠ︶ ᠠᠵᠢᠯ ᠤᠨ ᠴᠢᠳᠠᠪᠬᠢ ᠶᠢᠨ ᠬᠤᠪᠢᠷᠠᠭᠤᠯᠤᠯᠳᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ | ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠳᠠᠰᠤᠷᠠᠯᠳᠠ ᠦᠭᠡᠢ ᠴᠢᠩᠭᠠᠳᠬᠠᠪᠠ᠃ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠦ᠂ ︽ᠬᠤᠶᠠᠷ ᠢ ᠰᠤᠷᠤᠯᠴᠠᠵᠦ | ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠥᠵᠢᠯ ᠤᠨ ᠠᠵᠢᠯᠯᠠᠭ᠎ᠠ ᠶᠢ ᠬᠦᠨᠵᠡᠭᠡᠢ | ᠥᠷᠨᠢᠬᠦᠯᠵᠦ᠂ ᠠᠵᠢᠯ ᠤᠨ ᠬᠡᠪ ᠰᠤᠷᠳᠠᠯ ᠤᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠪᠠ᠃ ᠵᠠᠰᠠᠭ ᠵᠠᠬᠢᠷᠭᠠᠨ | ᠤ ᠬᠢᠨᠠᠨ ᠪᠠᠶᠢᠴᠠᠭᠠᠯᠳᠠ ᠪᠠ ᠬᠢᠨᠠᠨ ᠪᠤᠳᠤᠵᠦ ᠬᠢᠨᠠᠯᠳᠠ ᠲᠠᠯᠪᠢᠬᠤ ᠪᠠᠨ ᠴᠢᠩᠭᠠᠳᠬᠠᠨ᠂ ᠵᠠᠰᠠᠭ ᠵᠠᠬᠢᠷᠭᠠᠨ ᠤ ᠡᠷᠬᠡ | ᠶᠢ ᠲᠦᠷᠢᠮᠵᠢᠬᠦᠯᠪᠡ᠃ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ ᠳᠤ ᠬᠠᠤᠯᠢᠴᠢ ᠴᠢᠨᠠᠷ ᠤᠨ ᠬᠢᠨᠠᠨ | ᠪᠠᠶᠢᠴᠠᠭᠠᠯᠳᠠ ᠶᠢᠨ ᠲᠦᠷᠢᠮ ᠢ ᠪᠠᠶᠢᠭᠤᠯᠵᠦ᠂ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠶᠡᠬᠡᠪᠡᠷ ᠠᠬᠢᠭᠤᠯᠵᠦ᠂ | ᠡᠯᠧᠺᠲᠷᠤᠨ ᠵᠠᠰᠠᠭ ᠤᠨ ᠶᠠᠪᠤᠳᠠᠯ ᠪᠤᠯᠤᠨ ᠰᠦᠯᠵᠢᠶᠠᠨ ᠲᠡᠭᠡᠷ᠎ᠡ ᠵᠠᠰᠠᠭ ᠤᠨ ᠶᠠᠪᠤᠳᠠᠯ ᠭᠦᠢᠴᠡᠳᠬᠡᠬᠦ ᠶᠢ ᠦᠷᠭᠡᠨ | ᠢᠶᠠᠷ ᠳᠡᠯᠭᠡᠷᠡᠬᠦᠯᠦᠭᠰᠡᠨ ᠠᠴᠠ ᠵᠠᠰᠠᠭ ᠵᠠᠬᠢᠷᠭᠠᠨ ᠤ ᠴᠢᠳᠠᠪᠬᠢ ᠤᠯᠠᠮ ᠨᠢᠭᠡ ᠠᠯᠬᠤᠮ ᠲᠡᠭᠡᠭᠰᠢᠯᠡᠪᠡ᠃ ᠪᠦᠬᠦ ᠵᠢᠯ | ᠳᠤ 9319 ᠶᠠᠪᠤᠳᠠᠯ ᠢ ᠬᠢᠨᠠᠨ ᠵᠥᠪᠰᠢᠶᠡᠷᠡᠨ ᠭᠦᠢᠴᠡᠳᠬᠡᠵᠦ᠂ ᠭᠦᠢᠴᠡᠳᠬᠡᠭᠰᠡᠨ ᠨᠤᠷᠮ᠎ᠠ 100% ᠳᠤ ᠬᠦᠷᠪᠡ | ᠃ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠤᠷᠢ᠂ ᠲᠤᠭᠳᠠᠭᠠᠯ | ᠢ ᠨᠠᠷᠢᠨ ᠬᠢᠨᠠᠮᠠᠭᠠᠢ ᠭᠦᠢᠴᠡᠳᠬᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠳᠠ ᠢ ᠤᠬᠠᠮᠰᠠᠷ | ᠠᠴᠠ ᠪᠠᠨ ᠬᠦᠯᠢᠶᠠᠨ ᠠᠪᠴᠦ᠂ ᠤᠶᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠠ ᠨᠠᠮ ᠪᠥᠯᠦᠭ ᠤᠨ ᠪᠤᠰᠤ ᠬᠦᠮᠥᠰ | ᠤᠨ ᠰᠠᠨᠠᠯ ᠢ ᠰᠤᠨᠤᠰᠴᠦ᠂ ᠠᠷᠠᠳ ᠤᠨ ᠲᠦᠯᠦᠭᠡᠯᠡᠭᠴᠢ ᠶᠢᠨ ᠵᠥᠪᠯᠡᠯᠭᠡ᠂ ᠰᠠᠨᠠᠭᠤᠯᠭ᠎ᠠ ᠪᠤᠯᠤᠨ ᠤᠯᠤᠰ ᠲᠦᠷᠦ | ᠶᠢᠨ ᠵᠥᠪᠯᠡᠯᠭᠡᠨ ᠤ ᠭᠡᠰᠢᠬᠦᠳ ᠤᠨ ᠰᠠᠨᠠᠯ ᠳᠤᠷᠠᠳᠤᠯᠭ᠎ᠠ ᠶᠢ ᠴᠠᠭ ᠲᠤᠬᠠᠢ ᠳᠤᠨᠢ ᠭᠦᠢᠴᠡᠳᠬᠡᠪᠡ᠃ ᠡᠬᠦᠨ ᠤ | ᠬᠠᠮᠲᠦ᠂ ᠦᠨᠳᠦᠰᠦᠳᠡᠨ ᠱᠠᠰᠢᠨ ᠰᠤᠷᠳᠠᠬᠤᠨ᠂ ᠠᠷᠠᠳ ᠤᠨ ᠵᠡᠪᠰᠡᠭᠲᠦ ᠬᠦᠴᠦᠨ᠂ ᠲᠠᠩᠰᠠ ᠡᠪᠬᠡᠮᠡᠯ ᠲᠡᠤᠬᠡ | ᠴᠠᠳᠢᠭ᠂ ᠰᠢᠨᠵᠢᠯᠡᠭᠡ ᠮᠡᠷᠭᠡᠵᠢᠯ ᠲᠤᠭ᠎ᠠ ᠪᠥᠷᠢᠳᠬᠡᠯ᠂ ᠭᠠᠳᠠᠭᠠᠲᠦ ᠶᠠᠪᠤᠳᠠᠯ ᠬᠠᠷᠢᠶᠠᠲᠦ ᠶᠢᠨ ᠶᠠᠪᠤᠳᠠᠯ᠂ ᠴᠠᠭ | ᠠᠭᠤᠷ ᠭᠠᠵᠠᠷ ᠬᠥᠳᠡᠯᠦᠯᠳᠡ ᠶᠢᠨ ᠰᠡᠷᠭᠡᠶᠢᠯᠡᠯᠳᠡ᠂ ᠠᠷᠠᠳ ᠤᠨ ᠠᠭᠠᠷ ᠤᠨ ᠰᠡᠷᠭᠡᠶᠢᠯᠡᠯᠳᠡ ᠲᠤᠶᠢᠮᠡᠷ ᠤᠨ | ᠰᠡᠷᠭᠡᠶᠢᠯᠡᠯᠳᠡ ᠵᠡᠷᠭᠡ ᠠᠵᠢᠯ ᠡᠷᠴᠢᠮᠲᠠᠢ ᠶᠠᠪᠤᠭᠳᠠᠵᠦ᠂ ᠡᠮᠡᠭᠳᠠᠶᠢᠴᠤᠳ ᠬᠡᠤᠬᠡᠳ᠂ ᠨᠠᠰᠤᠳᠠᠶᠢᠴᠤᠳ᠂ ᠵᠡᠮᠳᠡᠭᠴᠤᠳ | ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠳᠠᠨ ᠤ ᠠᠵᠢᠯ ᠵᠡᠷᠭᠡ ᠴᠦᠮ ᠰᠢᠨ᠎ᠡ ᠠᠬᠢᠯᠳᠠ ᠲᠠᠢ ᠪᠠᠶᠢᠪᠠ᠃ | ᠲᠥᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ᠂ ᠪᠢᠳᠠ ᠡᠭᠦᠷᠭᠡ ᠬᠠᠷᠢᠭᠤᠴᠠᠯᠭ᠎ᠠ ᠪᠠᠨ ᠮᠠᠷᠳᠠᠯ ᠦᠭᠡᠢ | ᠂ ᠵᠤᠷᠢᠭᠲᠠᠢ ᠤᠷᠤᠭᠰᠢᠯᠠᠵᠦ᠂ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠢ ᠢᠯᠠᠨ ᠳᠠᠪᠠᠵᠦ᠂ ᠬᠦᠮᠥᠰ ᠤᠨ ᠤᠷᠮ᠎ᠠ | ᠶᠢ ᠬᠥᠭᠵᠢᠭᠡᠮᠡ ᠦᠷ᠎ᠡ ᠪᠥᠲᠦᠮᠵᠢ ᠤᠯᠪᠠ᠃ ᠨᠢᠭᠡ ᠵᠢᠯ ᠤᠨ ᠲᠤᠷᠰᠢ᠂ ᠪᠢᠳᠠ ᠬᠦᠭᠵᠢᠯᠳᠡ ᠶᠢ ᠲᠡᠷᠢᠬᠦᠨ | ᠴᠢᠬᠤᠯᠠ ᠡᠭᠦᠷᠭᠡ ᠪᠠᠨ ᠪᠤᠯᠭᠠᠵᠦ᠂ ᠶᠠᠳᠠᠭᠤ ᠶᠢ ᠲᠡᠳᠬᠦᠬᠦ ᠠᠵᠢᠯ ᠢ ᠡᠷᠡᠰ ᠴᠢᠩᠭ᠎ᠠ ᠠᠬᠢᠭᠤᠯᠵᠦ᠂ ᠬᠠᠩᠭᠠᠯᠭ᠎ᠠ | ᠶᠢᠨ ᠲᠠᠯ᠎ᠠ ᠪᠠᠷ ᠬᠢ ᠪᠦᠲᠦᠴᠡ ᠶᠢᠨ ᠴᠢᠨᠠᠷᠲᠠᠢ ᠦᠭᠡᠷᠡᠴᠢᠯᠡᠯᠳᠡ ᠪᠠᠷ ᠭᠤᠤᠯ ᠪᠤᠯᠭᠠᠵᠦ᠂ ᠲᠤᠭᠳᠠᠭᠤᠨ ᠨᠡᠮᠡᠭᠳᠡᠯ᠂ | ᠦᠭᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠲᠤ ᠬᠠᠷᠠᠭᠠᠯᠵᠠᠯ ᠦᠵᠡᠬᠦᠯᠬᠦ᠂ | ᠲᠦᠭᠰᠢᠭᠦᠷᠢ ᠠᠴᠠ ᠰᠡᠷᠭᠡᠶᠢᠯᠡᠬᠦ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠦ᠂ ᠠᠵᠦ ᠠᠬᠤᠢ | ᠨᠡᠶᠢᠭᠡᠮ ᠤᠨ ᠡᠷᠡᠬᠦᠯ ᠬᠦᠭᠵᠢᠯᠳᠡ ᠪᠠ ᠨᠡᠶᠢᠭᠡᠮ ᠤᠨ ᠡᠶ᠎ᠡ ᠵᠤᠬᠢᠴᠠᠯᠲᠦ ᠲᠤᠭᠳᠠᠭᠤᠨ ᠢ ᠠᠬᠢᠭᠤᠯᠪᠠ᠃ ᠡᠳᠡᠭᠡᠷ | ᠠᠮᠵᠢᠯᠳᠠ ᠨᠢ ᠲᠡᠭᠡᠲᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ | ᠬᠤᠷᠢᠶᠠᠨ ᠤ ᠵᠥᠪ ᠤᠨᠤᠪᠴᠢᠲᠠᠢ ᠤᠳᠤᠷᠢᠳᠤᠯᠭ᠎ᠠ ᠪᠤᠯᠤᠨ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ | ᠤᠯᠠᠨ ᠲᠦᠮᠡᠨ ᠤ ᠬᠠᠮᠲᠦ ᠶᠢᠨ ᠴᠢᠷᠮᠠᠶᠢᠯᠭ᠎ᠠ ᠵᠢᠴᠢ ᠬᠤᠰᠢᠭᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ | ᠤᠯᠤᠰ ᠲᠦᠷᠦ ᠶᠢᠨ ᠵᠥᠪᠯᠡᠯᠭᠡᠨ ᠤ ᠪᠥᠲᠦᠮᠵᠢᠲᠠᠢ ᠬᠢᠨᠠᠯᠳᠠ ᠪᠠ ᠲᠡᠮᠵᠢᠯᠭᠡ ᠶᠢᠨ ᠳ᠋ᠦᠩ᠂ ᠮᠦᠨᠴᠦ ᠪᠦᠬᠦ | ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠬᠠᠮᠲᠦ ᠶᠢᠨ ᠪᠥᠯᠬᠦᠮᠳᠡᠯ ᠲᠡᠮᠡᠴᠡᠯ ᠤᠨ ᠪᠥᠲᠦᠭᠡᠯ | ᠪᠤᠯᠤᠨ᠎ᠠ᠃ ᠠᠳᠡ᠂ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠥᠯᠦᠭᠡᠯᠡᠵᠦ᠂ ᠲᠥᠯᠦᠭᠡᠯᠡᠭᠴᠢᠳ᠂ | ᠭᠡᠰᠢᠬᠦᠳ᠂ ᠡᠯ᠎ᠡ ᠡᠳᠡᠭᠡᠳ ᠤᠨ ᠨᠠᠶᠢᠵᠠ᠂ ᠡᠯ᠎ᠡ ᠠᠵᠢᠯ ᠤᠨ ᠹᠷᠤᠨᠲ ᠲᠡᠭᠡᠷ᠎ᠡ ᠭᠠᠪᠰᠢᠭᠠᠶᠢᠯᠠᠨ ᠠᠵᠢᠯᠯᠠᠵᠦ ᠪᠠᠶᠢᠭ᠎ᠠ | ᠦᠷᠬᠡᠨ ᠺᠠᠳ᠋ᠷ ᠤᠯᠠᠨ ᠲᠦᠮᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠵᠦ ᠪᠠᠶᠢᠨ᠎ᠠ︕ | ᠦᠷ᠎ᠡ ᠪᠥᠲᠦᠮᠵᠢ ᠪᠠᠨ ᠳ᠋ᠦᠩᠨᠡᠬᠦ ᠶᠢᠨ ᠬᠠᠮᠲᠦ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠤᠨ | ᠬᠦᠭᠵᠢᠯᠳᠡ ᠲᠤᠮᠳᠠ ᠤᠷᠤᠰᠢᠵᠦ ᠪᠠᠶᠢᠭ᠎ᠠ ᠮᠠᠰᠢ ᠤᠯᠠᠨ ᠬᠦᠴᠢᠷ ᠲᠦᠪᠡᠭᠲᠠᠢ ᠠᠰᠠᠭᠤᠳᠠᠯ ᠤᠳ ᠢ ᠰᠡᠷᠭᠡᠭ ᠢᠶᠠᠷ | ᠤᠯᠵᠦ ᠲᠠᠨᠢᠬᠤ ᠬᠡᠷᠡᠭᠲᠠᠢ︔ ᠠᠵᠦ ᠠᠬᠤᠢ ᠶᠢᠨ ᠶᠡᠷᠦᠩᠬᠡᠢ ᠬᠡᠮᠵᠢᠶ᠎ᠠ ᠪᠠᠭ᠎ᠠ᠂ ᠪᠦᠲᠦᠴᠡ ᠨᠢ ᠲᠤᠬᠢᠷᠠᠮᠵᠢ ᠦᠭᠡᠢ︔ | ᠠᠵᠦ ᠤᠶᠢᠯᠡᠰ ᠤᠨ ᠬᠡᠯᠪᠡᠷᠢ ᠶᠢᠨ ᠬᠤᠪᠢᠷᠠᠭᠤᠯᠤᠯᠳᠠ ᠶᠢᠨ ᠡᠭᠦᠷᠭᠡ ᠬᠠᠳᠠᠭᠤᠵᠢᠯᠲᠠᠢ᠂ ᠤᠳᠤᠬᠢᠴᠢᠯᠠᠭᠰᠠᠨ | ᠤᠶᠢᠯᠡᠴᠢᠯᠡᠭᠡᠨ ᠤ ᠤᠶᠢᠯᠡᠰ ᠪᠤᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠦ | ᠤᠶᠢᠯᠡᠰ ᠤᠨ ᠬᠦᠭᠵᠢᠯᠳᠡ ᠬᠦᠷᠦᠯᠴᠡᠬᠦ ᠦᠭᠡᠢ︔ ᠬᠤᠳᠠ ᠬᠦᠳᠡᠭᠡ ᠶᠢᠨ ᠬᠦᠭᠵᠢᠯᠳᠡ ᠲᠡᠩᠴᠡᠭᠦᠷᠢ ᠦᠭᠡᠢ᠂ | ᠰᠠᠭᠤᠷᠢ ᠲᠥᠬᠦᠭᠡᠷᠦᠮᠵᠢ ᠠᠨᠠᠢ︔ ᠠᠵᠦ ᠠᠬᠤᠶᠢᠯᠠᠯ ᠪᠡᠯᠡ ᠨᠡᠶᠢᠯᠡᠬᠦᠯᠬᠦ ᠳᠤ ᠬᠦᠴᠢᠷᠲᠠᠢ᠂ ᠠᠷᠠᠯᠵᠢᠶᠠᠴᠢᠨ ᠤᠷᠢᠵᠦ | ᠪᠡᠯᠡ ᠤᠷᠤᠭᠤᠯᠬᠤ ᠲᠠᠯ᠎ᠠ ᠪᠠᠷ ᠠᠨᠠᠢ︔ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠤᠳᠠᠭᠠᠰᠢᠷᠠᠵᠦ᠂ | ᠶᠠᠳᠠᠭᠤ ᠶᠢ ᠲᠡᠳᠬᠦᠬᠦ ᠠᠵᠢᠯ ᠬᠠᠳᠠᠭᠤᠵᠢᠯᠲᠠᠢ ᠪᠠᠶᠢᠵᠦ᠂ ᠠᠮᠢ ᠠᠬᠤᠢ ᠶᠢᠨ ᠤᠷᠴᠢᠨ ᠲᠤᠭᠤᠷᠢᠨ ᠮᠥᠨᠬᠦ ᠬᠡᠪᠡᠷᠡᠭ | ᠪᠠᠶᠢᠭᠰᠠᠭᠠᠷ᠃ ᠵᠠᠰᠠᠭ ᠤᠨ ᠤᠷᠳᠤᠨ ᠤ ᠠᠵᠢᠯ ᠪᠠᠰᠠ ᠬᠦᠷᠦᠯᠴᠡᠬᠦ ᠦᠭᠡᠢ ᠪᠠᠶᠢᠵᠦ᠂ ᠵᠠᠷᠢᠮ ᠰᠠᠯᠠᠭ᠎ᠠ ᠮᠦᠴᠢᠷ | ᠰᠢᠨ᠎ᠡ ᠪᠠᠶᠢᠳᠠᠯ ᠰᠢᠨ᠎ᠡ ᠡᠭᠦᠷᠭᠡ ᠳᠠᠬᠢ ᠰᠤᠳᠤᠯᠤᠯᠳᠠ ᠬᠦᠷᠦᠯᠴᠡᠬᠦ ᠦᠭᠡᠢ᠂ ᠬᠦᠨᠵᠡᠭᠡᠢ ᠤᠶᠢᠯᠠᠭᠠᠯᠳᠠ ᠦᠭᠡᠢ᠂ | ᠲᠦᠷᠦ ᠶᠢᠨ ᠪᠤᠳᠤᠯᠭ᠎ᠠ ᠶᠢ ᠡᠵᠡᠮᠳᠡᠨ ᠠᠰᠢᠭᠯᠠᠬᠤ ᠲᠠᠯ᠎ᠠ ᠪᠠᠷ ᠠᠨᠠᠢ᠃ ᠡᠶᠢᠮᠤᠷᠬᠦ ᠪᠠᠶᠢᠳᠠᠯ ᠳᠤ᠂ ᠪᠢᠳᠠ | ᠲᠦᠭᠰᠢᠬᠦᠷᠢᠲᠦ ᠤᠬᠠᠮᠰᠠᠷ ᠪᠠ ᠬᠠᠷᠢᠭᠤᠴᠠᠯᠭᠠᠲᠦ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠦ᠂ | ᠠᠰᠠᠭᠤᠳᠠᠯ ᠳᠤ ᠵᠤᠷᠢᠭᠲᠠᠢ ᠬᠠᠨᠳᠤᠵᠦ ᠤᠶᠤᠨ ᠤᠬᠠᠭᠠᠨ ᠬᠦᠴᠦᠨ ᠴᠢᠳᠠᠯ ᠢᠶᠠᠨ ᠰᠢᠪᠬᠠᠵᠦ ᠵᠠᠰᠠᠭ ᠤᠨ ᠤᠷᠳᠤᠨ | ᠤ ᠠᠵᠢᠯ ᠢ ᠰᠠᠶᠢᠳᠤᠷ ᠬᠢᠬᠦ ᠬᠡᠷᠡᠭᠲᠠᠢ᠃ | ᠬᠤᠶᠠᠷ᠂ 2017 ᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠠ ᠬᠠᠷᠠᠯᠳᠠᠲᠦ ᠡᠭᠦᠷᠭᠡ | 2017 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠬᠦᠯᠭᠡ ᠶᠢ ᠬᠡᠷᠡᠭᠵᠢᠬᠦᠯᠬᠦ | ᠵᠠᠯᠭᠠᠮᠵᠢ ᠪᠠ ᠦᠷᠭᠦᠯᠵᠢᠬᠦᠯᠦᠯ ᠤᠨ ᠴᠢᠬᠤᠯᠠ ᠨᠢᠭᠡ ᠵᠢᠯ᠂ ᠮᠦᠨᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠬᠦᠯᠬᠦ ᠳᠤ ᠪᠠᠳᠤ ᠰᠠᠭᠤᠷᠢ ᠲᠠᠯᠪᠢᠬᠤ ᠰᠢᠪᠳᠤᠯᠤᠯᠳᠠ ᠶᠢᠨ ᠵᠢᠯ ᠪᠤᠯᠤᠨ᠎ᠠ᠂ ᠪᠦᠬᠦ ᠵᠢᠯ ᠤᠨ ᠠᠵᠢᠯ ᠤᠨ ᠠᠴᠢ | ᠬᠤᠯᠪᠤᠭᠳᠠᠯ ᠯᠤᠳᠤ ᠶᠡᠭᠡ ᠶᠤᠮ᠃ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ | ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ | ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠵᠦ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠤᠭᠤᠳ ᠪᠠ ᠲᠦᠷᠦ ᠵᠠᠰᠠᠵᠦ ᠵᠠᠰᠠᠭ | ᠪᠠᠷᠢᠬᠤ ᠰᠢᠨ᠎ᠡ ᠰᠡᠳᠬᠢᠴᠡ ᠰᠢᠨ᠎ᠡ ᠪᠠᠶᠢᠯᠳᠤᠬᠤ ᠪᠤᠳᠤᠯᠭ᠎ᠠ ᠶᠢ ᠬᠦᠨᠵᠡᠭᠡᠢ ᠲᠤᠤᠱᠯᠠᠭᠤᠯᠵᠦ᠂ ᠥᠪᠡᠷᠳᠡᠭᠡᠨ ᠵᠠᠰᠠᠬᠤ | ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ᠂ ᠠᠷᠪᠠᠳᠤᠭᠠᠷ ᠬᠤᠭᠤᠴᠠᠭᠠᠨ | ᠤ ᠬᠤᠶᠠᠳᠤᠭᠠᠷ ᠤᠳᠠᠭᠠᠨ ᠤ ᠪᠦᠬᠦ ᠭᠡᠰᠢᠬᠦᠳ ᠤᠨ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2017 ᠤᠨ | ᠤ 1 ᠳ᠋ᠤᠭᠡᠷ ᠤᠳᠠᠭᠠᠨ ᠤ ︵ᠦᠷᠭᠡᠳᠬᠡᠭᠰᠡᠨ︶ ᠬᠤᠷᠠᠯ ᠪᠤᠯᠤᠨ ᠬᠤᠰᠢᠭᠤ ᠨᠠᠮ ᠤᠨ ᠬᠤᠷᠢᠶᠠᠨ ᠤ ᠠᠷᠪᠠᠨ | ᠬᠤᠶᠠᠳᠤᠭᠠᠷ ᠬᠤᠭᠤᠴᠠᠭᠠᠨ ᠤ ᠲᠦᠷᠪᠡᠳᠦᠭᠡᠷ ᠤᠳᠠᠭᠠᠨ ᠤ ᠪᠦᠬᠦ ᠭᠡᠰᠢᠬᠦᠳ ᠤᠨ ︵ᠦᠷᠭᠡᠳᠬᠡᠭᠰᠡᠨ︶ ᠬᠤᠷᠠᠯ ᠤᠨ | ᠵᠤᠷᠢᠭ ᠰᠠᠨᠠᠭ᠎ᠠ ᠶᠢᠨ ᠲᠤᠭᠤᠷᠢᠨ ᠳᠤ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠰᠡᠳᠬᠢᠴᠡ | ᠶᠢ ᠪᠠᠷᠢᠮᠳᠠᠯᠠᠵᠦ᠂ ᠰᠢᠨ᠎ᠡ ᠬᠦᠭᠵᠢᠯᠳᠡ ᠶᠢᠨ ᠦᠵᠡᠯᠳᠡ ᠶᠢ ᠪᠠᠬᠢᠵᠢᠬᠦᠯᠦᠨ ᠲᠤᠤᠱᠯᠠᠭᠤᠯᠤᠨ ᠨᠠᠶᠢᠳᠠᠪᠤᠷᠢᠵᠢᠭᠤᠯᠵᠦ᠂ | ᠠᠵᠦ ᠠᠬᠤᠢ ᠶᠢᠨ ᠭᠦᠭᠵᠢᠯᠳᠠ ᠶᠢᠨ ᠰᠢᠨ᠎ᠡ ᠭᠡᠪ ᠪᠠᠶᠢᠳᠠᠯ ᠳᠤ ᠵᠤᠬᠢᠴᠠᠨ ᠬᠦᠳᠤᠯᠤᠨ ᠲᠠᠭᠠᠭᠤᠯᠵᠦ᠂ ᠬᠦᠭᠵᠢᠯᠳᠡ | ᠶᠢᠨ ᠴᠢᠨᠡᠷ ᠴᠢᠨᠰᠠᠭ᠎ᠠ ᠪᠠ ᠦᠷ᠎ᠡ ᠠᠰᠢᠭ ᠢ ᠲᠡᠭᠡᠭᠰᠢᠯᠡᠬᠦᠯᠬᠦ ᠪᠠᠷ ᠭᠤᠤᠯ ᠪᠤᠯᠭᠠᠵᠦ᠂ ᠬᠠᠩᠭᠠᠯᠭ᠎ᠠ ᠶᠢᠨ ᠲᠠᠯ᠎ᠠ ᠳᠠᠬᠢ | ᠪᠦᠳᠤᠴᠡ ᠶᠢᠨ ᠴᠢᠨᠡᠷᠳᠡᠢ ᠦᠬᠡᠷᠡᠴᠢᠯᠠᠯᠳᠠ ᠪᠠᠷ ᠭᠤᠤᠯᠳᠠᠭᠤᠯᠵᠦ᠂ ᠰᠢᠨ᠎ᠡ ᠭᠡᠯᠪᠡᠷᠢ ᠶᠢᠨ ᠠᠵᠦ | ᠦᠢᠯᠡᠳᠪᠤᠷᠢᠵᠢᠯᠳᠡ᠂ ᠰᠤᠷᠠᠭ ᠵᠠᠩᠬᠢᠵᠢᠯᠳᠠ᠂ ᠬᠤᠳᠠ ᠪᠠᠯᠭᠠᠰᠤᠵᠢᠯᠳᠡ᠂ ᠲᠠᠷᠢᠶᠠᠯᠠᠩ ᠮᠠᠯ ᠠᠵᠦ ᠠᠬᠤᠢ ᠶᠢᠨ | ᠤᠳᠤᠬᠢᠴᠢᠯᠠᠯᠳᠠ᠂ ᠪᠤᠬᠢᠷᠳᠤᠯ ᠦᠬᠡᠢ ᠵᠡᠷᠭᠡ ︽ᠲᠠᠪᠤᠵᠢᠭᠤᠯᠤᠯᠳᠠ ᠶᠢ ᠵᠡᠷᠭᠡᠪᠡᠷ ᠬᠦᠭᠵᠢᠬᠦᠯᠬᠦ︾ ᠶᠢ ᠪᠦᠬᠦ ᠬᠦᠴᠦ | ᠪᠠᠷ ᠢᠶᠠᠨ ᠠᠬᠢᠭᠤᠯᠵᠦ᠂ ᠬᠦᠭᠵᠢᠯᠳᠡ᠂ ᠠᠮᠢ ᠠᠬᠤᠢ᠂ ᠠᠷᠠᠳ ᠤᠨ ᠠᠮᠢᠳᠤᠷᠠᠯ ᠵᠡᠷᠭᠡ ᠭᠤᠷᠪᠡᠨ ᠦᠨᠳᠤᠰᠤᠨ | ᠵᠦᠢᠯ ᠢ ᠴᠢᠩᠭ᠎ᠠ ᠠᠳᠬᠤᠵᠦ᠂ ︽ᠵᠢᠷᠭᠤᠭᠠᠨ ᠶᠡᠭᠡ ᠰᠠᠭᠤᠷᠢᠨ ᠭᠠᠵᠡᠷ︾ ᠤᠨ ᠪᠦᠳᠤᠭᠡᠨ ᠪᠠᠶᠢᠭᠤᠯᠤᠯᠳᠠ ᠶᠢ | ᠲᠦᠷᠭᠡᠨ ᠠᠬᠢᠭᠤᠯᠵᠦ᠂ ᠡᠭᠡ ᠤᠯᠤᠰ ᠤᠨ ᠤᠮᠠᠷᠠᠳᠤ ᠬᠢᠯᠢ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ | ᠢ ᠴᠢᠷᠮᠡᠶᠢᠨ ᠡᠬᠦᠳᠴᠦ᠂ ᠰᠢᠯᠢᠳᠡᠭ ᠦᠷ᠎ᠡ ᠪᠦᠲᠦᠮᠵᠢ ᠪᠠᠷ ᠢᠶᠠᠨ ᠦᠪᠡᠷᠳᠡᠭᠡᠨ ᠵᠠᠰᠠᠬᠤ ᠣᠷᠣᠨ ᠤ 70 ᠵᠢᠯ ᠤᠨ | ᠣᠢ ᠶᠢ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠶᠢ ᠣᠭᠳᠣᠬᠤ ᠶᠠᠪᠣᠳᠠᠯ ᠶᠣᠮ᠃ | ᠥᠨᠤ ᠵᠢᠯ ᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠵᠢᠱᠢᠭᠰᠡᠨ ᠬᠠᠷᠠᠯᠳᠠ ᠪᠤᠯ᠄ ᠤᠷᠤᠨ | ᠨᠤᠳᠤᠭ ᠤᠨ ᠤᠶᠢᠯᠡᠳᠪᠦᠷᠢᠯᠡᠯ ᠤᠨ ᠶᠡᠷᠦᠩᠬᠡᠢ ᠥᠷᠳᠡᠭ ᠢ 70.9 ᠳ᠋ᠦᠩᠰᠢᠭᠤᠷ ᠲᠥᠭᠦᠷᠢᠭ ᠪᠡᠶᠡᠯᠡᠬᠦᠯᠵᠦ᠂ 8. | 3% ᠪᠠᠷ ᠨᠡᠮᠡᠭᠳᠡᠬᠦᠯᠦᠨ᠎ᠡ᠂ ᠡᠬᠦᠨ ᠳᠤ ᠨᠢᠭᠡ᠂ ᠬᠤᠶᠠᠷ᠂ ᠭᠤᠷᠪᠠᠳᠤᠭᠠᠷ ᠠᠵᠦ ᠤᠶᠢᠯᠡᠰ ᠤᠨ ᠨᠡᠮᠡᠭᠳᠡᠯ ᠥᠷᠳᠡᠭ | ᠢ ᠲᠤᠰᠪᠤᠷᠢ 5.9 ᠳ᠋ᠦᠩᠰᠢᠭᠤᠷ ᠲᠥᠭᠦᠷᠢᠭ᠂ 46.6 ᠳ᠋ᠦᠩᠰᠢᠭᠤᠷ ᠲᠥᠭᠦᠷᠢᠭ ᠪᠤᠯᠤᠨ 18.4 ᠳ᠋ᠦᠩᠰᠢᠭᠤᠷ | ᠲᠥᠭᠦᠷᠢᠭ ᠪᠡᠶᠡᠯᠡᠬᠦᠯᠵᠦ᠂ ᠲᠤᠰᠪᠤᠷᠢ 3.2%᠂ 8.5% ᠪᠤᠯᠤᠨ 10.2% ᠢᠶᠠᠷ ᠨᠡᠮᠡᠭᠳᠡᠬᠦᠯᠤᠨ᠎ᠠ︔ ᠪᠦᠬᠦ | ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 44 ᠳ᠋ᠦᠩᠰᠢᠭᠤᠷ ᠲᠥᠭᠦᠷᠢᠭ ᠪᠡᠶᠡᠯᠡᠬᠦᠯᠵᠦ᠂ | 16.8% ᠪᠠᠷ ᠨᠡᠮᠡᠭᠳᠡᠬᠦᠯᠦᠨ᠎ᠡ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠥᠨ ᠲᠤᠮᠳᠠᠴᠢ ᠶᠢᠨ | ᠲᠤᠬᠢᠷᠠᠭᠤᠯᠵᠦ ᠪᠤᠯᠬᠤᠶᠢᠴᠠ ᠤᠷᠤᠯᠭ᠎ᠠ ᠶᠢ 35650 ᠲᠥᠭᠦᠷᠢᠭ ᠪᠠ 10500 ᠲᠥᠭᠦᠷᠢᠭ ᠲᠤ ᠬᠦᠷᠭᠡᠵᠦ᠂ | ᠲᠤᠰᠪᠤᠷᠢ 11.6% ᠪᠠ 15.8% ᠪᠠᠷ ᠨᠡᠮᠡᠭᠳᠡᠬᠦᠯᠤᠨ᠎ᠡ︔ ᠨᠡᠶᠢᠳᠡ ᠶᠢᠨ ᠡᠳ᠋ ᠤᠨ ᠵᠠᠰᠠᠭ ᠤᠨ ᠲᠥᠰᠦᠪ ᠤᠨ | ᠤᠷᠤᠯᠭ᠎ᠠ ᠶᠢ 3.53 ᠳ᠋ᠦᠩᠰᠢᠭᠤᠷ ᠲᠥᠭᠦᠷᠢᠭ ᠪᠡᠶᠡᠯᠡᠬᠦᠯᠵᠦ᠂ 5.5% ᠪᠠᠷ ᠨᠡᠮᠡᠭᠳᠡᠬᠦᠯᠦᠨ᠎ᠡ︔ ᠨᠡᠶᠢᠭᠡᠮ ᠤᠨ | ᠬᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠭ᠎ᠠ ᠶᠢᠨ ᠶᠡᠷᠦᠩᠬᠡᠢ ᠲᠤᠭ᠎ᠠ ᠶᠢ 19.1 ᠳ᠋ᠦᠩᠰᠢᠭᠤᠷ ᠲᠥᠭᠦᠷᠢᠭ | ᠪᠡᠶᠡᠯᠡᠬᠦᠯᠵᠦ᠂ 11% ᠪᠠᠷ ᠨᠡᠮᠡᠭᠳᠡᠬᠦᠯᠦᠨ᠎ᠡ᠃ ᠡᠳᠡᠭᠡᠷ ᠬᠠᠷᠠᠯᠳᠠ ᠶᠢ ᠲᠤᠭᠳᠠᠭᠠᠬᠤ ᠳᠠᠭᠠᠨ᠂ ᠮᠡᠨ ᠤ ᠬᠤᠰᠢᠭᠤᠨ | ᠳᠤ ᠲᠤᠯᠭᠠᠷᠠᠵᠦ ᠪᠠᠶᠢᠭ᠎ᠠ ᠴᠠᠭ ᠤᠨ ᠪᠠᠶᠢᠳᠠᠯ ᠤᠨ ᠡᠬᠦᠷᠭᠡ ᠪᠤᠯᠤᠨ ᠦᠨᠳᠤᠰᠤᠨ ᠨᠦᠬᠦᠴᠠᠯ ᠢ ᠬᠦᠢᠴᠡᠳ | ᠪᠤᠳᠤᠯᠬᠢᠯᠠᠭᠰᠠᠨ ᠤ ᠬᠠᠮᠳᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ ᠪᠤᠯᠤᠨ ︽ᠠᠷᠪᠡᠨ | ᠭᠤᠷᠪᠡᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠠᠷᠠᠯᠳᠠ ᠯᠤᠭ᠎ᠠ ᠬᠠᠷᠠᠭᠠᠯᠵᠠᠭᠤᠯᠵᠦ᠂ ᠦᠪᠡᠷᠳᠡᠭᠡᠨ | ᠵᠠᠰᠠᠬᠤ ᠤᠷᠤᠨ ᠪᠠ ᠠᠶᠢᠮᠠᠭ ᠬᠤᠶᠠᠷ ᠱᠠᠳᠤᠨ ᠠᠴᠠ ᠪᠠᠭᠤᠯᠭᠠᠭᠰᠠᠨ ᠡᠬᠦᠷᠭᠡ ᠬᠠᠷᠠᠯᠳᠠ ᠲᠠᠢ ᠨᠢᠭᠳᠠ | ᠬᠤᠯᠪᠤᠭᠳᠠᠭᠤᠯᠤᠨ᠂ ᠪᠤᠳᠠᠳᠤ ᠪᠠᠶᠢᠳᠠᠯ ᠳᠠᠭᠠᠨ ᠰᠠᠭᠤᠷᠢᠯᠠᠨ᠂ ᠪᠦᠬᠦ ᠲᠠᠯ᠎ᠠ ᠪᠠᠷ ᠪᠤᠳᠤᠯᠬᠢᠯᠠᠭᠰᠠᠨ ᠶᠤᠮ᠃ | ᠲᠡᠬᠦᠨᠴᠢᠯᠠᠨ ᠭᠤᠤᠯ ᠬᠠᠷᠠᠯᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠤᠨ ᠲᠡᠭᠰᠢᠳᠭᠡᠭᠰᠡᠨ | ᠬᠦᠢᠴᠡᠳᠭᠡᠬᠦ ᠲᠤᠭ᠎ᠠ ᠠᠴᠠ ᠴᠦᠮ ᠦᠨᠳᠤᠷ ᠪᠤᠯᠬᠤᠷ ᠵᠤᠷᠢᠭᠳᠠᠢ ᠴᠢᠷᠮᠡᠶᠢᠪᠡᠯ ᠰᠠᠶ᠋ᠢ ᠵᠤᠷᠢᠭᠰᠠᠨ ᠳᠠᠭᠠᠨ ᠬᠦᠷᠴᠦ | ᠲᠠᠶᠢᠯᠤᠨ᠎ᠠ᠃ | ᠲᠡᠭᠡᠷ᠎ᠡ ᠲᠤᠷᠠᠳᠤᠭᠰᠠᠨ ᠬᠠᠷᠠᠯᠳᠠ ᠶᠢ ᠪᠠᠶᠠᠯᠠᠬᠦᠯᠬᠦ ᠳᠤ᠂ ᠪᠢᠳᠠ ᠲᠤᠤᠷᠠᠬᠢ ᠶᠢᠰᠦᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠰᠠᠶᠢᠳᠤᠷ ᠠᠳᠬᠤᠨ᠎ᠠ᠄ | ︵ᠨᠢᠭᠡ︶ ᠲᠦᠷᠦᠯ ᠵᠦᠢᠯ ᠢ ᠠᠳᠬᠤᠵᠦ᠂ ᠪᠡᠯᠡ ᠤᠷᠤᠭᠤᠯᠤᠯᠳᠠ ᠶᠢ ᠠᠬᠢᠭᠤᠯᠤᠨ᠂ ᠠᠵᠦ ᠠᠬᠤᠢ ᠶᠢᠨ | ᠡᠷᠡᠬᠦᠯ ᠬᠦᠭᠵᠢᠯᠳᠡ ᠶᠢ ᠪᠠᠳᠤᠯᠠᠨ᠎ᠠ᠃ | ᠨᠢᠭᠡ ᠳᠤ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠪᠦᠬᠦ ᠬᠦᠴᠦ ᠪᠠᠷ ᠢᠶᠠᠨ ᠠᠬᠢᠭᠤᠯᠤᠨ᠎ᠠ᠃ | ᠴᠢᠬᠤᠯᠠ ᠶᠡᠭᠡ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠪᠠᠷ ᠪᠦᠬᠦ ᠬᠤᠰᠢᠭᠤᠨ ᠤ ᠠᠵᠦ ᠠᠬᠤᠢ ᠨᠡᠶᠢᠬᠡᠮ | ᠤᠨ ᠬᠦᠭᠵᠢᠯᠳᠡ ᠶᠢ ᠠᠬᠢᠭᠤᠯᠬᠤ ᠶᠢ ᠵᠤᠷᠢᠵᠦ᠂ ᠲᠦᠷᠦᠯ ᠵᠦᠢᠯ ᠤᠨ ᠲᠦᠯᠦᠪᠯᠡᠭᠡ᠂ ᠰᠤᠩᠭᠤᠯᠳᠠ᠂ ᠭᠤᠶᠤᠴᠢᠯᠠᠯ | ᠂ ᠨᠦᠬᠡᠴᠡᠯᠳᠡ ᠵᠡᠷᠭᠡ ᠡᠮᠤᠨᠠᠬᠢ ᠬᠤᠭᠤᠴᠠᠭᠠᠨ ᠤ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠦ᠂ ᠲᠤᠭᠳᠠᠭᠰᠠᠨ | ᠴᠠᠭ ᠲᠠᠭᠠᠨ ᠠᠵᠢᠯ ᠡᠬᠢᠯᠡᠬᠦᠯᠬᠦ ᠶᠢ ᠪᠠᠳᠤᠯᠠᠨ᠎ᠠ᠃ ᠥᠨᠤ ᠵᠢᠯ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠠᠴᠠ 109 ᠬᠤᠰᠢᠭᠤ ᠲᠡᠰ ᠤᠨ ᠭᠤᠤᠯᠳᠠᠯᠭ᠎ᠠ ᠲᠠᠢ ᠲᠦᠷᠦᠯ ᠵᠤᠶᠢᠯ ᠢ ᠲᠤᠭᠳᠠᠭᠠᠵᠦ᠂ 45 | ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠦ ᠪᠠᠶᠢᠨ᠎ᠠ᠃ ᠠᠵᠦ ᠤᠶᠢᠯᠡᠰ ᠤᠨ ᠲᠠᠯ᠎ᠠ ᠪᠠᠷ᠂ | ᠡᠷᠢᠶᠡᠨ ᠤ ᠪᠢᠴᠢᠯ ᠴᠠᠬᠢᠯᠭᠠᠨ ᠲᠤᠤᠷ ᠤᠨ ᠪᠠᠷᠠᠭᠤᠨ ᠰᠦᠨᠢᠳ ᠲᠠᠬᠢ ᠲᠦᠷᠦᠯ ᠵᠤᠶᠢᠯ᠂ ᠤᠯᠤᠰ ᠤᠨ ᠴᠠᠬᠢᠯᠭᠠᠨ | ᠬᠦᠴᠦᠨ ᠤ ᠺᠤᠮᠫᠠᠨᠢ ᠶᠢᠨ ᠦᠯᠡᠬᠦᠦ ᠴᠠᠬᠢᠯᠭᠠᠨ ᠤ ᠲᠠᠭᠠᠯᠳᠠ ᠦᠢᠯᠡᠳᠪᠤᠷᠢᠯᠠᠯ ᠤᠨ ᠲᠦᠷᠦᠯ ᠵᠤᠶᠢᠯ ᠵᠡᠷᠭᠡ ᠨᠢᠬᠡ | ᠪᠦᠯᠦᠭ ᠡᠨᠧᠷᠬᠢ ᠶᠢᠨ ᠠᠵᠦ ᠤᠶᠢᠯᠡᠰ ᠤᠨ ᠲᠦᠷᠦᠯ ᠵᠤᠶᠢᠯ︔ ᠵᠢᠷᠦᠬᠡ ᠵᠡᠰ ᠤᠨ ᠠᠭᠤᠷᠬᠠᠢ ᠶᠢᠨ ᠬᠠᠷ᠎ᠠ | ᠲᠤᠭᠤᠯᠭ᠎ᠠ ᠪᠠ ᠴᠠᠶᠢᠷ ᠢ ᠢᠯᠭᠠᠷᠠᠭᠤᠯᠬᠤ ᠲᠦᠷᠦᠯ ᠵᠤᠶᠢᠯ᠂ ᠮᠧᠩ ᠰᠢᠨ ᠲᠠᠮᠤᠷ ᠤᠨ ᠬᠦᠳᠡᠷ ᠰᠤᠩᠭᠤᠬᠤ ᠲᠦᠷᠦᠯ | ᠵᠦᠢᠯ ᠵᠡᠷᠭᠡ ᠨᠢᠬᠡ ᠪᠦᠯᠦᠭ ᠬᠦᠳᠡᠷ ᠰᠤᠩᠭᠤᠨ ᠪᠤᠯᠪᠠᠰᠤᠷᠠᠭᠤᠯᠬᠤ ᠲᠦᠷᠦᠯ ᠵᠤᠶᠢᠯ︔ ᠨᠢᠩ ᠪᠥᠸᠧ ᠬᠤᠸᠠ | ᠱᠦᠨ 500 ᠰᠠᠶ᠎ᠠ ᠸᠠᠲ ᠤᠨ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠦᠢᠯᠡᠳᠬᠦ ᠲᠦᠷᠦᠯ | ᠵᠤᠶᠢᠯ︔ ᠶᠠᠩ ᠶᠠᠩ ᠮᠠᠯᠵᠢᠬᠤ ᠤᠶᠢᠯᠡᠰ ᠤᠨ ᠪᠤᠯᠭᠤᠭᠰᠠᠨ ᠢᠳᠡᠭᠡᠨ ᠪᠤᠯᠪᠠᠰᠤᠷᠠᠭᠤᠯᠬᠤ ᠲᠦᠷᠦᠯ ᠵᠤᠶᠢᠯ᠂ ᠱᠧᠨ | ᠯᠦᠩ ᠦᠨᠳᠦᠷ ᠤᠭᠤᠷᠠᠭᠲᠦ ᠤᠷᠭᠠᠨᠢᠭ ᠪᠤᠷᠳᠤᠭ᠎ᠠ ᠤᠶᠢᠯᠡᠳᠪᠦᠷᠢᠯᠡᠬᠦ ᠲᠦᠷᠦᠯ ᠵᠤᠶᠢᠯ ᠵᠡᠷᠭᠡ ᠨᠢᠬᠡ ᠪᠦᠯᠦᠭ ᠮᠠᠯ | ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ ᠠᠵᠦ ᠤᠶᠢᠯᠡᠰ ᠤᠨ ᠲᠦᠷᠦᠯ ᠵᠤᠶᠢᠯ︔ ᠰᠦᠨᠢᠳ ᠸᠠᠩ ᠤᠨ | ᠤᠷᠳᠤᠨ ᠤ ᠮᠦᠽᠸᠢ᠂ ᠲᠤᠮᠤ ᠲᠤᠭ᠎ᠠ ᠪᠠᠷᠢᠮᠳᠠ ᠶᠢᠨ ᠡᠵᠡᠩᠨᠡᠯᠳᠡ ᠶᠢᠨ ᠲᠥᠪ ᠵᠡᠷᠭᠡ ᠨᠢᠭᠡ ᠪᠥᠯᠦᠭ ᠵᠢᠭᠤᠯᠴᠢᠯᠠᠯ | ᠪᠠ ᠰᠢᠨ᠎ᠡ ᠪᠠᠷ ᠬᠦᠭᠵᠢᠵᠦ ᠪᠠᠶᠢᠭ᠎ᠠ ᠠᠵᠦ ᠤᠶᠢᠯᠡᠰ ᠤᠨ ᠲᠦᠷᠦᠯ ᠵᠤᠶᠢᠯ ᠢ ᠭᠤᠤᠯᠳᠠᠯᠭ᠎ᠠ ᠲᠠᠢ ᠠᠬᠢᠭᠤᠯᠤᠨ᠎ᠠ᠃ | ᠰᠠᠭᠤᠷᠢ ᠲᠥᠬᠦᠭᠡᠷᠦᠮᠵᠢ ᠶᠢᠨ ᠲᠠᠯ᠎ᠠ ᠪᠠᠷ᠂ ᠥᠪᠡᠷᠳᠡᠭᠡᠨ ᠵᠠᠰᠠᠬᠤ ᠤᠷᠤᠨ ᠤ ︽7 ᠶᠡᠭᠡ ᠲᠤᠤᠷ ᠤᠨ ᠰᠢᠰᠲ᠋ᠧᠮ︾ | ᠤᠨ ᠪᠠᠶᠢᠭᠤᠯᠤᠯᠳᠠ ᠶᠢᠨ ᠰᠢᠨ᠎ᠡ ᠲᠤᠬᠢᠶᠠᠯ ᠢ ᠠᠳᠬᠤᠵᠦ᠂ ᠵᠢᠨᠢᠩ ᠡᠷᠢᠶᠡᠨ ᠤ ᠲᠡᠮᠤᠷ ᠵᠠᠮ ᠢ ᠲᠡᠰ ᠲᠡᠪᠰᠢᠬᠦᠯᠦᠨ | ᠰᠢᠨᠡᠳᠬᠡᠬᠦ᠂ ᠡᠷᠢᠶᠡᠨ ᠭᠤᠸᠠᠩᠵᠸᠦ ᠶᠢᠨ ᠲᠦᠷᠭᠡᠨ ᠵᠠᠮ ᠤᠨ ᠰᠠᠶᠢᠬᠠᠨᠳᠠᠯ᠎ᠠ ᠶᠢᠨ ᠬᠤᠶᠢᠲᠦ ᠵᠠᠬ᠎ᠠ ᠠᠴᠠ ᠡᠷᠢᠶᠡᠨ | ᠬᠤᠳᠠ ᠬᠦᠷᠬᠦ ᠲᠦᠷᠬᠡᠨ ᠵᠠᠮ ︵ᠨᠢᠬᠡᠳᠤᠭᠡᠷ ᠲᠡᠰ ᠤᠨ ᠲᠦᠷᠭᠡᠨ ᠵᠡᠮ ᠪᠤᠯᠭᠠᠨ ᠦᠬᠡᠷᠡᠴᠢᠯᠠᠬᠦ︶᠂ ᠡᠷᠢᠶᠡᠨ | ᠭᠤᠸᠠᠩᠵᠸᠤ ᠶᠢᠨ ᠲᠦᠷᠭᠡᠨ ᠵᠡᠮ ᠤᠨ ᠰᠦᠨᠢᠳ ᠪᠠᠷᠠᠭᠤᠨ ᠬᠤᠰᠢᠭᠤᠨ ᠠᠴᠠ ᠬᠤᠸᠠ ᠳ᠋ᠧ ᠬᠦᠷᠬᠦ ᠭᠡᠰᠡᠭ ᠤᠨ | ᠲᠦᠷᠭᠡᠨ ᠵᠡᠮ ᠵᠡᠷᠭᠡ ᠲᠦᠷᠦᠯ ᠵᠤᠶᠢᠯ ᠢ ᠡᠷᠳᠡᠬᠡᠨ ᠠᠵᠢᠯ ᠡᠬᠢᠯᠡᠬᠦᠯᠦᠨ᠎ᠡ︔ ᠦᠨᠳᠤᠷ ᠤᠨ 220 ᠺᠢᠯᠦᠸᠤᠯᠲ ᠤᠨ | ᠭᠤᠤᠯ ᠬᠦᠴᠦᠳᠡᠯ ᠦᠬᠡᠷᠡᠴᠢᠯᠠᠬᠦ ᠮᠠᠰᠢᠨ ᠢ ᠦᠷᠭᠡᠳᠬᠡᠨ ᠪᠠᠶᠢᠭᠤᠯᠬᠤ ᠵᠢᠴᠢⅡᠪᠤᠴᠠᠯᠳᠠ ᠶᠢᠨ ᠱᠤᠭᠤᠮ ᠤᠨ | ᠢᠨᠵᠧᠨᠧᠷᠢᠩ ᠪᠤᠯᠤᠨ ᠬᠦᠪᠡᠭᠡᠳᠤ ᠰᠢᠷ᠎ᠡ ᠬᠤᠰᠢᠭᠤᠨ ᠤ 220 ᠺᠢᠯᠤᠸᠤᠯᠲ ᠤᠨ ᠬᠦᠴᠦᠳᠡᠯ ᠦᠭᠡᠷᠡᠴᠢᠯᠡᠬᠦ | ᠢᠨᠵᠧᠨᠧᠷᠢᠩ ᠢ ᠭᠤᠤᠯᠳᠠᠯᠭ᠎ᠠ ᠲᠠᠢ ᠠᠬᠢᠭᠤᠯᠵᠦ᠂ 167 ᠺᠢᠯᠦᠮᠧᠲᠷ ᠤᠨ ᠴᠠᠬᠢᠯᠭᠠᠨ ᠱᠤᠭᠤᠮ ᠲᠠᠳᠠᠵᠦ᠂ 600 | ᠢᠵᠢ ᠰᠠᠯᠬᠢᠨ ᠨᠡᠷᠡᠨ ᠡᠨᠧᠷᠬᠢ ᠬᠠᠷᠢᠯᠴᠠᠨ ᠨᠦᠬᠦᠪᠤᠷᠢᠯᠠᠨ ᠴᠠᠬᠢᠯᠭᠠᠨ ᠬᠠᠩᠭᠠᠬᠤ ᠲᠦᠬᠦᠭᠡᠷᠤᠮᠵᠢ ᠶᠢ ᠲᠡᠰ | ᠲᠡᠪᠰᠢᠬᠦᠯᠦᠨ ᠦᠬᠡᠷᠡᠴᠢᠯᠠᠵᠦ᠂ 100 ᠮᠠᠯᠴᠢᠨ ᠲᠠᠷᠢᠶᠠᠴᠢᠨ ᠡᠷᠦᠬᠡ ᠳᠤ ᠴᠠᠬᠢᠯᠭᠠᠨ ᠨᠡᠪᠳᠡᠷᠡᠬᠦᠯᠦᠨ᠎ᠡ︔ ᠬᠤᠳᠠ | ᠶᠢᠨ ᠵᠠᠮ᠂ ᠤᠰᠤ ᠬᠠᠩᠭᠠᠬᠤ᠂ ᠲᠤᠯᠠᠭᠠᠯᠭ᠎ᠠ ᠬᠠᠩᠭᠠᠬᠤ᠂ ᠨᠤᠭᠤᠭᠠᠷᠠᠭᠤᠯᠬᠤ ᠵᠡᠷᠭᠡ ᠠᠷᠠᠳ ᠤᠨ ᠠᠮᠢᠳᠤᠷᠠᠯ ᠳᠤ | ᠠᠯᠤᠰ ᠭᠡᠳᠤ ᠶᠢᠨ ᠭᠡᠷᠡᠭᠴᠡᠭᠡ ᠪᠦᠬᠦᠢ ᠰᠠᠭᠤᠷᠢ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠳᠠ ᠶᠢᠨ ᠲᠦᠷᠦᠯ | ᠵᠤᠶᠢᠯ ᠢ ᠲᠥᠪᠯᠡᠷᠡᠬᠦᠯᠦᠨ ᠬᠡᠷᠡᠭᠵᠢᠬᠦᠯᠦᠨ᠎ᠡ᠃ ᠡᠬᠦᠨ ᠤ ᠬᠠᠮᠲᠦ᠂ ᠮᠠᠯᠵᠢᠬᠤ ᠲᠠᠷᠢᠶᠠᠯᠠᠬᠤ ᠤᠷᠤᠨ ᠤ ᠤᠰᠤ | ᠤᠮᠳᠠ ᠶᠢᠨ ᠠᠮᠤᠷ ᠲᠥᠪᠰᠢᠨ ᠢ ᠰᠠᠶᠢᠵᠢᠷᠠᠭᠤᠯᠬᠤ᠂ ᠴᠢᠮᠡᠭᠡ ᠬᠤᠯᠪᠤᠭᠠᠨ ᠤ ᠰᠠᠭᠤᠷᠢ ᠲᠥᠬᠦᠭᠡᠷᠦᠮᠵᠢ ᠶᠢ | ᠰᠠᠶᠢᠵᠢᠷᠠᠭᠤᠯᠬᠤ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠪᠦᠬᠦ ᠲᠠᠯ᠎ᠠ ᠪᠠᠷ ᠰᠠᠶᠢᠳᠤᠷ ᠠᠳᠬᠤᠨ᠎ᠠ᠃ ᠠᠷᠠᠳ | ᠤᠨ ᠠᠮᠢᠳᠤᠷᠠᠯ ᠪᠤᠯᠤᠨ ᠠᠮᠢ ᠠᠬᠤᠢ ᠶᠢᠨ ᠪᠥᠲᠦᠭᠡᠨ ᠪᠠᠶᠢᠭᠤᠯᠤᠯᠳᠠ ᠶᠢᠨ ᠲᠠᠯ᠎ᠠ ᠪᠠᠷ᠂ ᠶᠠᠳᠠᠭᠤ ᠠᠴᠠ | ᠠᠩᠬᠢᠵᠢᠷᠠᠭᠤᠯᠬᠤ᠂ ᠤᠶᠢᠯᠡᠰ ᠪᠤᠰᠬᠠᠯᠳᠠ ᠪᠠ ᠠᠵᠢᠯ ᠤᠯᠭᠤᠯᠳᠠ᠂ ᠰᠤᠷᠭᠠᠨ ᠬᠦᠮᠥᠵᠢᠯ ᠡᠮ ᠡᠮᠨᠡᠯᠬᠡ ᠶᠢᠨ ᠴᠢᠨᠠᠷ | ᠴᠢᠨᠰᠠᠭ᠎ᠠ ᠶᠢ ᠲᠡᠭᠡᠭᠰᠢᠯᠡᠬᠦᠯᠬᠦ᠂ ᠨᠠᠰᠦᠵᠢᠯ ᠤᠨ ᠨᠡᠶᠢᠭᠡᠮ ᠤᠨ ᠠᠰᠠᠷᠠᠮᠵᠢ᠂ ᠠᠷᠠᠳ ᠤᠨ ᠤᠷᠤᠨ ᠰᠠᠭᠤᠴᠠ ᠶᠢ | ᠲᠦᠪᠬᠢᠨᠡᠬᠦᠯᠬᠦ᠂ ᠠᠮᠢ ᠠᠬᠤᠢ ᠶᠢ ᠰᠡᠷᠭᠦᠭᠡᠬᠦ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠰᠠᠶᠢᠳᠤᠷ ᠠᠳᠬᠤᠬᠤ | ᠬᠡᠷᠡᠭᠲᠠᠢ᠃ | ᠬᠤᠶᠠᠷ ᠲᠤ ᠠᠵᠦ ᠠᠬᠤᠢ ᠶᠢᠨ ᠡᠷᠬᠢᠯᠳᠡ ᠶᠢᠨ ᠵᠤᠬᠢᠴᠠᠭᠤᠯᠤᠯᠳᠠ ᠶᠢ ᠴᠢᠩᠭᠠᠳᠬᠠᠨ᠎ᠠ᠃ ᠠᠵᠦ ᠠᠬᠤᠢ ᠶᠢᠨ | ᠡᠷᠬᠢᠯᠳᠡ ᠶᠢᠨ ᠵᠠᠳᠠᠯᠤᠨ ᠮᠠᠭᠠᠳᠯᠠᠯ ᠪᠠ ᠬᠢᠨᠡᠨ ᠬᠡᠮᠵᠢᠯᠳᠠ ᠵᠤᠬᠢᠴᠠᠭᠤᠯᠤᠯᠳᠠ ᠪᠠᠨ ᠴᠢᠩᠭᠠᠳᠬᠠᠵᠦ᠂ ᠲᠠᠭᠡᠳᠤ | ᠱᠠᠳᠤ ᠠᠴᠠ ᠲᠤᠭᠳᠠᠭᠠᠭᠰᠠᠨ ᠲᠤᠭᠳᠠᠭᠤᠨ ᠢᠶᠠᠷ ᠨᠡᠮᠡᠭᠳᠡᠬᠦᠯᠬᠦ ᠪᠠ ᠪᠤᠳᠠᠳᠤ ᠠᠵᠦ ᠠᠬᠤᠢ ᠶᠢᠨ ᠬᠦᠭᠵᠢᠯᠳᠡ ᠶᠢ | ᠠᠬᠢᠭᠤᠯᠬᠤ ᠲᠤᠬᠠᠢ ᠲᠦᠷᠦ ᠶᠢᠨ ᠪᠤᠳᠤᠯᠭ᠎ᠠ ᠶᠢ ᠬᠦᠨᠵᠡᠬᠡᠢ ᠨᠠᠶᠢᠳᠠᠪᠤᠷᠢᠵᠢᠭᠤᠯᠵᠦ᠂ ︽ᠨᠢᠬᠡ ᠠᠵᠦ ᠠᠬᠤᠶᠢᠯᠠᠯ ᠳᠤ | ᠨᠢᠬᠡ ᠪᠤᠳᠤᠯᠭ᠎ᠠ︾ ᠶᠢᠨ ᠬᠠᠪᠰᠤᠷᠤᠨ ᠲᠡᠳᠬᠦᠬᠦ ᠠᠷᠭ᠎ᠠ ᠪᠡᠷᠢᠯ ᠢ ᠭᠡᠷᠡᠭᠵᠢᠬᠦᠯᠵᠦ᠂ ᠠᠵᠦ ᠠᠬᠤᠶᠢᠯᠠᠯ ᠤᠨ | ᠮᠡᠷᠭᠡᠵᠢᠯ ᠢᠶᠠᠨ ᠰᠠᠶᠢᠵᠢᠷᠠᠭᠤᠯᠤᠨ ᠲᠡᠰ ᠲᠡᠪᠰᠢᠬᠦ ᠪᠠ ᠪᠤᠬᠢᠷᠳᠤᠯ ᠢ ᠪᠠᠭᠠᠰᠬᠠᠨ ᠡᠨᠧᠷᠬᠢ ᠠᠷᠪᠢᠯᠡᠨ ᠡᠵᠡᠩᠨᠡᠯᠳᠡ ᠬᠢᠬᠦ | ᠶᠢ ᠨᠢ ᠲᠡᠮᠵᠢᠵᠦ᠂ ᠠᠵᠦ ᠦᠢᠯᠡᠰ ᠤᠨ ᠬᠡᠯᠬᠢᠶ᠎ᠠ ᠶᠢ ᠤᠷᠳᠤᠳᠬᠠᠨ᠎ᠠ᠃ ᠡᠬᠦᠨ ᠤ ᠬᠠᠮᠳᠤ᠂ ᠮᠥᠩᠬᠦᠨ ᠭᠦᠢᠯᠭᠡᠭᠡᠨ | ᠤ ᠵᠤᠯᠭᠠᠭᠤᠯᠤᠯᠳᠠ᠂ ᠪᠥᠲᠦᠭᠡᠭᠳᠡᠬᠦᠨ ᠤ ᠪᠤᠷᠤᠯᠠᠭᠤᠯᠭ᠎ᠠ᠂ ᠴᠠᠬᠢᠯᠭᠠᠨ ᠬᠦᠴᠦᠨ ᠤ ᠤᠯᠠᠨ ᠲᠠᠯ᠎ᠠ ᠶᠢᠨ | ᠰᠤᠯᠢᠯᠴᠠᠭ᠎ᠠ ᠵᠡᠷᠭᠡ ᠲᠠᠯ᠎ᠠ ᠪᠠᠷ ᠤᠶᠢᠯᠡᠴᠢᠯᠡᠭᠡ ᠪᠠ ᠪᠠᠳᠤᠯᠠᠭ᠎ᠠ ᠶᠢᠨ ᠠᠵᠢᠯ ᠢ ᠰᠠᠶᠢᠳᠤᠷ ᠬᠢᠵᠦ᠂ ᠠᠵᠦ ᠠᠬᠤᠶᠢᠯᠠᠯ | ᠤᠨ ᠬᠦᠴᠢᠷ ᠲᠥᠪᠡᠭᠲᠠᠢ ᠠᠰᠠᠭᠤᠳᠠᠯ ᠢ ᠢᠳᠡᠪᠬᠢᠲᠠᠢ ᠰᠢᠢᠳᠪᠤᠷᠢᠯᠡᠵᠦ᠂ ᠠᠵᠦ ᠠᠬᠤᠶᠢᠯᠠᠯ ᠤᠨ ᠲᠤᠭᠳᠠᠭᠤᠨ | ᠤᠷᠴᠢᠯᠳᠠ ᠶᠢ ᠠᠬᠢᠭᠤᠯᠤᠨ᠎ᠠ᠃ ᠲᠡᠰ ᠲᠡᠪᠰᠢᠬᠦᠯᠬᠦ ᠠᠵᠦ ᠠᠬᠤᠶᠢᠯᠠᠯ ᠢ ᠤᠷᠢᠳᠴᠢᠯᠠᠨ ᠲᠦᠯᠦᠪᠯᠡᠨ | ᠪᠤᠵᠠᠭᠠᠶᠢᠷᠠᠭᠤᠯᠵᠦ᠂ ᠲᠤᠰ ᠵᠢᠯ ᠳᠤ 10 ᠠᠵᠦ ᠠᠬᠤᠶᠢᠯᠠᠯ ᠢ ᠭᠡᠪᠴᠢᠶᠠᠵᠢᠯ ᠠᠴᠠ ᠲᠡᠭᠡᠭᠰᠢᠬᠢ ᠠᠵᠦ ᠠᠬᠤᠶᠢᠯᠠᠯ | ᠳᠤ ᠲᠡᠪᠰᠢᠬᠦᠯᠦᠨ᠎ᠡ᠃ ᠬᠡᠪᠴᠢᠶᠠᠵᠢᠯ ᠠᠴᠠ ᠲᠡᠭᠡᠭᠰᠢᠬᠢ ᠠᠵᠦ ᠤᠶᠢᠯᠡᠳᠪᠦᠷᠢ ᠶᠢᠨ ᠠᠵᠦ ᠠᠬᠤᠶᠢᠯᠠᠯ ᠤᠨ | ᠦᠢᠯᠡᠳᠬᠦᠨ ᠤ ᠥᠷᠳᠡᠭ ᠢ 100 ᠳ᠋ᠦᠩᠰᠢᠭᠤᠷ ᠲᠥᠭᠦᠷᠢᠭ ᠠᠴᠠ ᠳᠠᠪᠠᠭᠤᠯᠵᠦ᠂ ᠲᠡᠤᠬᠡᠴᠢ ᠴᠢᠨᠠᠷ ᠲᠠᠢ ᠳᠠᠪᠠᠯᠳᠠ | ᠶᠢ ᠪᠡᠶᠡᠯᠡᠬᠦᠯᠦᠨ᠎ᠡ᠃ | ᠭᠤᠷᠪᠡ ᠳᠤ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠬᠦᠴᠦᠯᠠᠴᠠ ᠪᠠᠨ ᠴᠢᠩᠭᠠᠳᠬᠠᠨ᠎ᠠ᠃ | ᠠᠷᠠᠯᠵᠢᠶᠠᠴᠢᠨ ᠤᠷᠢᠵᠦ ᠪᠡᠯᠨ ᠤᠷᠤᠭᠤᠯᠬᠤ ᠪᠠᠷ ᠬᠦᠭᠵᠢᠯᠳᠡ ᠶᠢ ᠲᠦᠯᠬᠢᠨ ᠠᠬᠢᠭᠤᠯᠵᠦ᠂ ᠤᠨᠤᠴᠠ ᠲᠠᠢ | ᠠᠷᠠᠯᠵᠢᠶᠠᠴᠢᠨ ᠤᠷᠢᠬᠤ᠂ ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ | ᠤᠷᠢᠭᠤᠯᠬᠤ᠂ ᠠᠵᠦ ᠦᠢᠯᠡᠰ ᠤᠨ ᠬᠡᠯᠬᠢᠶ᠎ᠠ ᠪᠠᠷ ᠠᠷᠠᠯᠵᠢᠶᠠᠴᠢᠨ ᠤᠷᠢᠬᠤ ᠵᠡᠷᠭᠡ ᠠᠵᠢᠯ ᠢ ᠭᠤᠤᠯᠳᠠᠯᠭ᠎ᠠ ᠲᠠᠢ | ᠪᠦᠭᠡᠳ ᠬᠠᠨᠳᠤᠯᠭ᠎ᠠ ᠦᠷᠨᠢᠬᠦᠯᠵᠦ᠂ ᠠᠷᠠᠯᠵᠢᠶᠠᠴᠢᠨ ᠤᠷᠢᠵᠦ ᠪᠠᠯᠨ ᠤᠷᠤᠭᠤᠯᠬᠤ ᠪᠤᠳᠠᠳᠤ ᠦᠷ᠎ᠡ ᠠᠰᠢᠭ ᠢ | ᠲᠡᠭᠡᠭᠰᠢᠯᠡᠬᠦᠯᠤᠨ᠎ᠡ᠃ ᠠᠵᠦ ᠦᠢᠯᠡᠰ ᠢᠶᠠᠷ ᠠᠷᠠᠯᠵᠢᠶᠠᠴᠢᠨ ᠤᠷᠢᠬᠤ ᠶᠢ ᠴᠢᠩᠭᠠᠳᠬᠠᠨ᠎ᠠ᠃ ᠮᠡᠨ ᠤ ᠬᠤᠰᠢᠭᠤᠨ ᠤ | ︽ᠵᠢᠷᠭᠤᠭᠠᠨ ᠶᠡᠭᠡ ᠰᠠᠭᠤᠷᠢᠨ ᠭᠠᠵᠡᠷ︾ ᠤᠨ ᠠᠵᠦ ᠦᠢᠯᠡᠰ ᠤᠨ ᠬᠦᠭᠵᠢᠯᠳᠡ ᠶᠢᠨ ᠪᠠᠶᠢᠷᠢᠰᠢᠯᠠᠭᠤᠯᠤᠯᠳᠠ ᠳᠤ | ᠬᠠᠨᠳᠤᠭᠤᠯᠤᠨ᠂ ᠠᠵᠢᠯ ᠲᠦᠷᠦᠯ ᠤᠨ ᠬᠦᠭᠵᠢᠯᠳᠡ ᠶᠢ ᠲᠠᠶᠢᠴᠢᠯᠠᠬᠤ᠂ ᠠᠵᠦ ᠦᠢᠯᠡᠰ ᠤᠨ ᠲᠠᠰ ᠲᠡᠪᠰᠢᠯᠳᠡ ᠶᠢ | ᠬᠦᠳᠤᠯᠬᠦ᠂ ᠬᠦᠭᠵᠢᠯᠳᠡ ᠶᠢᠨ ᠲᠤᠳᠠᠭᠤᠳᠠᠯ ᠢ ᠨᠦᠬᠦᠪᠤᠷᠢᠯᠠᠬᠦ᠂ ᠪᠠᠳᠤᠯᠠᠭ᠎ᠠ ᠶᠢᠨ ᠴᠢᠳᠠᠪᠤᠷᠢ ᠶᠢ ᠨᠡᠮᠡᠭᠳᠡᠬᠦᠯᠵᠦ | ᠴᠢᠳᠠᠬᠤ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠲᠠᠳᠠᠨ ᠤᠷᠤᠭᠤᠯᠤᠨ᠎ᠠ᠃ ᠲᠠᠯᠠᠢ | ᠲᠠᠭᠠᠤ ᠭᠠᠵᠡᠷ ᠤᠷᠤᠨ ᠤ ᠲᠠᠷᠢᠬᠦᠨ ᠤ ᠠᠵᠦ ᠦᠢᠯᠡᠰ ᠤᠨ ᠦᠬᠡᠷᠡᠴᠢᠯᠠᠯᠳᠠ ᠲᠠᠢ ᠢᠳᠡᠪᠬᠢᠳᠡᠢ ᠵᠤᠯᠭᠠᠭᠤᠯᠵᠦ᠂ | ᠲᠤᠮᠤ ᠲᠤᠭ᠎ᠠ ᠪᠡᠷᠢᠮᠳᠡ᠂ ᠲᠤᠨᠤᠭᠯᠠᠯ ᠦᠢᠯᠡᠳᠬᠦ᠂ ᠵᠤᠭᠠᠴᠠᠯ ᠪᠡ ᠨᠠᠰᠤᠵᠢᠯ ᠤᠨ ᠠᠰᠠᠷᠠᠮᠵᠢ᠂ ᠠᠷᠠᠯᠵᠢᠶ᠎ᠠ | ᠬᠤᠳᠠᠯᠳᠤᠭ᠎ᠠ ᠪᠡ ᠪᠤᠳᠠᠰ ᠤᠨ ᠬᠦᠢᠯᠬᠡᠬᠡ ᠵᠡᠷᠭᠡ ᠬᠦᠷᠢᠶ᠎ᠠ ᠭᠡᠪᠴᠢᠶᠠᠨ ᠳᠤ ᠭᠤᠤᠯᠳᠠᠯᠭ᠎ᠠ ᠲᠠᠢ ᠠᠮᠵᠢᠯᠳᠠ | ᠭᠠᠷᠭᠠᠨ᠎ᠠ᠃ ᠤᠯᠤᠰ ᠤᠨ ︽ᠨᠢᠬᠡ ᠪᠦᠰᠠ ᠨᠢᠬᠡ ᠵᠡᠮ︾᠂ ᠪᠡᠭᠡᠵᠢᠩ ᠲᠢᠶᠠᠨᠵᠢᠨ ᠡᠾᠧᠪᠸᠢ ᠶᠢᠨ | ᠬᠠᠮᠳᠤᠷᠠᠯᠴᠠᠭᠰᠠᠨ ᠬᠦᠭᠵᠢᠯᠳᠡ ᠵᠡᠷᠭᠡ ᠴᠢᠬᠤᠯᠠ ᠶᠡᠭᠡ ᠠᠵᠠ ᠲᠤᠬᠢᠶᠠᠯ ᠢ ᠠᠳᠬᠤᠵᠦ᠂ ᠨᠤᠤᠰᠤᠨ ᠨᠡᠭᠡᠮᠡᠯ᠂ | ᠰᠢᠯᠢᠳᠡᠭ ᠡᠬᠦᠯᠳᠡᠷ ᠤᠨ ᠢᠳᠡᠰᠢᠨ ᠤ ᠦᠬᠡᠷ ᠢ ᠲᠡᠵᠢᠬᠡᠨ ᠮᠠᠯᠵᠢᠵᠦ ᠠᠰᠢᠭ ᠰᠢᠮ᠎ᠡ ᠶᠢ ᠨᠢ ᠨᠠᠷᠢᠯᠢᠭ | ᠪᠤᠯᠪᠠᠰᠤᠷᠠᠭᠤᠯᠬᠤ ᠪᠠ ᠤᠷᠤᠨ ᠲᠤᠭᠤᠷᠢᠭ ᠤᠨ ᠵᠢᠭᠤᠯᠴᠢᠯᠠᠯ ᠵᠡᠷᠭᠡ ᠲᠤᠰᠬᠠᠢ ᠲᠦᠷᠦᠯ ᠤᠨ ᠠᠷᠠᠯᠵᠢᠶᠠᠴᠢᠨ | ᠤᠷᠢᠬᠤ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠵᠦ᠂ ᠤᠨᠴᠠᠯᠢᠭᠳᠤ ᠠᠵᠦ ᠦᠢᠯᠡᠰ ᠤᠨ ᠰᠢᠨ᠎ᠡ ᠲᠡᠪᠠᠭᠤᠯᠢᠭ ᠢ | ᠢᠳᠡᠪᠬᠢᠳᠡᠢ ᠡᠬᠦᠳᠤᠨ᠎ᠡ᠃ ᠲᠦᠷᠦ ᠶᠢᠨ ᠪᠤᠳᠤᠯᠭ᠎ᠠ ᠪᠠᠷ ᠠᠷᠠᠯᠵᠢᠶᠠᠴᠢᠨ ᠤᠷᠢᠬᠤ ᠶᠢ ᠴᠢᠩᠭᠠᠳᠬᠠᠨ᠎ᠠ᠃ ᠨᠠᠶᠢᠳᠠ | ᠶᠢᠨ ᠪᠤᠰᠤ ᠦᠮᠴᠢᠯᠠᠯᠳᠤ ᠠᠵᠦ ᠠᠬᠤᠢ ᠶᠢᠨ ᠬᠦᠭᠵᠢᠯᠳᠡ ᠶᠢ ᠵᠤᠷᠢᠭᠵᠢᠭᠤᠯᠤᠨ ᠲᠡᠮᠵᠢᠬᠦ ᠲᠦᠷᠦ ᠶᠢᠨ ᠪᠤᠳᠤᠯᠭ᠎ᠠ | ᠠᠷᠭ᠎ᠠ ᠪᠡᠷᠢᠯ ᠢ ᠢᠳᠡᠪᠬᠢᠳᠡᠢ ᠨᠠᠶᠢᠳᠠᠪᠤᠷᠢᠵᠢᠭᠤᠯᠤᠨ᠂ ᠵᠠᠬ᠎ᠠ ᠲᠡᠯᠬᠡᠬᠦᠷ ᠲᠤ ᠭᠠᠷᠬᠤ ᠵᠦᠪᠰᠢᠶᠡᠷᠠᠯ ᠤᠨ ᠨᠦᠬᠦᠴᠠᠯ ᠢ | ᠴᠢᠯᠦᠬᠡᠳᠡᠢ ᠪᠠᠶᠢᠯᠭᠠᠵᠦ᠂ ᠨᠠᠶᠢᠳᠠ ᠶᠢᠨ ᠪᠤᠰᠤ ᠦᠮᠴᠢᠯᠠᠯᠳᠤ ᠠᠵᠦ ᠠᠬᠤᠢ ᠶᠢᠨ ᠬᠦᠭᠵᠢᠯᠳᠡ ᠶᠢ ᠲᠦᠷᠭᠡᠳᠭᠡᠵᠦ᠂ | ᠬᠠᠷᠢᠴᠠᠯ ᠢ ᠨᠡᠮᠡᠭᠳᠡᠬᠦᠯᠵᠦ᠂ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠰᠦᠨᠢᠳ ᠬᠤᠳᠠᠯᠳᠤᠭᠠᠴᠢᠳ ᠤᠨ ᠡᠪᠯᠡᠯ᠂ | ᠠᠵᠦ ᠠᠬᠤᠶᠢᠯᠠᠯᠳᠠᠨ ᠪᠠ ᠪᠤᠰᠤᠳ ᠬᠤᠳᠠᠯᠳᠤᠭᠠᠴᠢᠳ ᠤᠨ ᠡᠪᠯᠡᠯ ᠤᠨ ᠬᠦᠬᠦᠷᠭᠡ ᠬᠤᠯᠪᠤᠭᠠᠰᠤ ᠶᠢᠨ ᠦᠢᠯᠡᠳᠤᠯ ᠢ | ᠬᠦᠢᠴᠠᠳ ᠪᠠᠳᠠᠷᠠᠭᠤᠯᠵᠦ᠂ ᠰᠦᠨᠢᠳ ᠪᠠᠷᠠᠭᠤᠨ ᠬᠤᠰᠢᠭᠤ ᠪᠠᠨ ᠪᠦᠬᠦ ᠲᠠᠯ᠎ᠠ ᠪᠠᠷ ᠤᠬᠠᠭᠤᠯᠤᠨ ᠲᠠᠨᠢᠯᠴᠠᠭᠤᠯᠵᠦ᠂ | ᠠᠷᠠᠯᠵᠢᠶᠠᠴᠢᠨ ᠤᠷᠢᠬᠤ ᠪᠦᠳᠤᠮᠵᠢ ᠶᠢ ᠲᠡᠭᠡᠭᠰᠢᠯᠡᠬᠦᠯᠦᠨ᠎ᠡ᠃ ᠤᠯᠤᠰ ᠤᠨ ᠲᠦᠷᠦ ᠶᠢᠨ ᠪᠤᠳᠤᠯᠭ᠎ᠠ ᠶᠢᠨ ᠬᠠᠨᠳᠤᠰᠢ | ᠳᠤ ᠴᠢᠭᠯᠡᠬᠦᠯᠵᠦ᠂ ᠭᠤᠤᠯᠳᠠᠯᠭ᠎ᠠ ᠲᠠᠢ ᠲᠦᠷᠦᠯ ᠵᠦᠢᠯ ᠤᠨ ᠭᠤᠷᠪᠡᠨ ᠵᠢᠯ ᠤᠨ ᠦᠷᠬᠦᠯᠵᠢᠯᠡᠭᠰᠡᠨ ᠲᠦᠯᠦᠪᠯᠡᠭᠡ ᠶᠢ | ᠨᠠᠶᠢᠷᠠᠭᠤᠯᠵᠦ᠂ ᠨᠡᠩ ᠤᠯᠠᠨ ᠲᠦᠷᠦᠯ ᠵᠦᠢᠯ ᠢ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠳᠤ | ᠤᠷᠤᠭᠤᠯᠵᠦ᠂ ᠲᠦᠷᠦᠯ ᠵᠦᠢᠯ ᠤᠨ ᠡᠮᠤᠨ᠎ᠡ ᠬᠤᠶᠢᠨᠠᠬᠢ ᠠᠵᠢᠯ ᠢ ᠵᠤᠯᠭᠠᠭᠤᠯᠵᠦ᠂ ᠱᠠᠳᠤ ᠱᠠᠳᠤ ᠪᠠᠷ | ᠠᠬᠢᠭᠤᠯᠤᠨ᠎ᠠ᠃ ᠤᠷᠴᠢᠨ ᠲᠤᠭᠤᠷᠢᠨ ᠢᠶᠠᠷ ᠠᠷᠠᠯᠵᠢᠶᠠᠴᠢᠨ ᠤᠷᠢᠬᠤ ᠶᠢ ᠴᠢᠩᠭᠠᠳᠬᠠᠨ᠎ᠠ᠃ ᠪᠡᠯᠡ ᠤᠷᠤᠭᠤᠯᠤᠯᠳᠠ | ᠶᠢᠨ ᠤᠷᠴᠢᠨ ᠲᠤᠭᠤᠷᠢᠨ᠂ ᠦᠢᠯᠡᠰ ᠪᠤᠰᠬᠠᠯᠳᠠ ᠶᠢᠨ ᠤᠷᠴᠢᠨ ᠲᠤᠭᠤᠷᠢᠨ᠂ ᠰᠢᠨ᠎ᠡ ᠶᠢ ᠡᠬᠦᠳᠬᠦ ᠤᠷᠴᠢᠨ | ᠲᠤᠭᠤᠷᠢᠨ ᠢ ᠤᠯᠠᠮ ᠨᠢᠬᠡ ᠠᠯᠬᠤᠮ ᠰᠠᠶᠢᠵᠢᠷᠠᠭᠤᠯᠵᠦ᠂ ᠤᠬᠢ ᠰᠠᠶᠢᠨ ᠦᠢᠯᠡᠴᠢᠯᠡᠬᠡᠨ ᠤ ᠵᠤᠬᠢᠴᠠᠮᠵᠢ ᠶᠢ | ᠪᠦᠷᠢᠨᠰᠢᠬᠦᠯᠵᠦ᠂ ︽ᠠᠷᠠᠯᠵᠢᠶᠠᠴᠢᠳ ᠢ ᠬᠦᠨᠳᠤᠳᠭᠡᠨ᠂ ᠲᠤᠳᠤᠨᠤ ᠨᠦᠬᠦᠷᠰᠡᠭ ᠢᠶᠠᠷ ᠬᠦᠯᠢᠶᠠᠨ ᠠᠪᠴᠦ᠂ ᠰᠡᠳᠬᠢᠯ | ᠢ ᠨᠢ ᠲᠡᠳᠡᠨ ᠲᠤᠭᠳᠠᠭᠠᠵᠦ᠂ ᠠᠷᠠᠯᠵᠢᠶ᠎ᠠ ᠨᠢ ᠤᠷᠤᠭᠰᠢᠳᠠᠢ ᠪᠤᠯᠵᠦ ᠪᠠᠶᠠᠵᠢᠬᠤ︾ ᠰᠢᠯᠢᠳᠡᠭ ᠰᠠᠶᠢᠨ ᠤᠷᠴᠢᠨ ᠢ | ᠴᠢᠷᠮᠡᠶᠢᠨ ᠡᠬᠦᠳᠤᠨ᠎ᠡ᠃ | ᠲᠦᠷᠪᠡ ᠳᠤ ᠪᠡᠯᠡ ᠤᠷᠤᠭᠤᠯᠬᠤ ᠪᠠ ᠪᠡᠯᠡ ᠨᠡᠶᠢᠯᠡᠬᠦᠯᠬᠦ ᠠᠷᠭ᠎ᠠ ᠬᠡᠯᠪᠡᠷᠢ ᠪᠠᠨ ᠰᠢᠨᠡᠳᠬᠡᠨ᠎ᠡ᠃ ᠠᠵᠦ | ᠠᠬᠤᠶᠢᠯᠠᠯ ᠤᠨ ᠬᠦᠷᠦᠩᠭᠡ ᠶᠢᠨ ᠵᠠᠬ᠎ᠠ ᠲᠡᠯᠬᠡᠬᠦᠷ ᠲᠤ ᠤᠷᠤᠵᠦ ᠪᠡᠯᠡ ᠨᠡᠶᠢᠯᠡᠬᠦᠯᠬᠦ ᠶᠢ ᠨᠢ ᠵᠤᠷᠢᠭᠵᠢᠭᠤᠯᠤᠨ | ᠲᠡᠮᠵᠢᠵᠦ᠂ ᠵᠠᠰᠠᠭ ᠤᠨ ᠤᠷᠳᠤᠨ ᠳᠤ ᠬᠠᠷᠢᠶᠠᠯᠠᠭᠳᠠᠬᠤ ᠪᠦᠬᠦᠶᠢᠯᠡ ᠤᠯᠤᠰ ᠤᠨ ᠦᠮᠴᠢᠯᠠᠯᠳᠤ ᠺᠤᠮᠫᠠᠨᠢ ᠪᠤᠯᠤᠨ | ᠨᠡᠶᠢᠬᠡᠮ ᠤᠨ ᠬᠦᠷᠦᠩᠭᠡ ᠶᠢᠨ ᠬᠠᠮᠳᠤᠷᠠᠯᠴᠠᠭ᠎ᠠ ᠪᠠᠷ ᠲᠠᠮᠵᠢᠨ᠂ PPP ᠭᠡᠯᠪᠡᠷᠢ᠂ ᠬᠦᠷᠦᠩᠭᠡ ᠲᠦᠷᠢᠶᠡᠰᠦᠯᠡᠬᠦᠯᠬᠦ᠂ | ᠠᠵᠦ ᠤᠶᠢᠯᠡᠰ ᠤᠨ ᠰᠠᠭᠤᠷᠢ ᠮᠥᠩᠬᠦ᠂ ᠬᠤᠳᠠ ᠶᠢᠨ ᠪᠦᠳᠤᠭᠡᠨ ᠪᠠᠶᠢᠭᠤᠯᠤᠯᠳᠠ ᠶᠢᠨ ᠪᠡᠯᠡ ᠮᠦᠩᠬᠦ ᠵᠡᠷᠭᠡ | ᠠᠷᠭ᠎ᠠ ᠭᠡᠯᠪᠡᠷᠢ ᠪᠠᠷ᠂ ᠪᠡᠯᠡ ᠨᠡᠶᠢᠯᠡᠬᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠦᠷᠭᠡᠳᠭᠡᠨ᠎ᠡ᠃ ᠤᠯᠤᠰ ᠠᠴᠠ | ᠭᠤᠤᠯᠳᠠᠯᠭ᠎ᠠ ᠲᠠᠢ ᠶᠠᠳᠠᠭᠤ ᠶᠢ ᠲᠡᠳᠬᠦᠨ ᠨᠡᠭᠡᠭᠡᠨ ᠬᠦᠭᠵᠢᠬᠦᠯᠬᠦ ᠭᠤᠤᠯ ᠪᠤᠯᠬᠤ ᠬᠤᠰᠢᠭᠤ ᠰᠢᠶᠠᠨ ᠤ IPO | ᠠᠰᠢᠭᠳᠠᠢ ᠨᠥᠬᠦᠴᠡᠯ ᠢᠶᠠᠨ ᠭᠦᠢᠴᠡᠳ ᠠᠰᠢᠭᠯᠠᠵᠦ᠂ ᠨᠡᠩ ᠤᠯᠠᠨ ᠰᠲ᠋ᠤᠺ ᠤᠨ ᠵᠠᠬ᠎ᠠ ᠳᠤ ᠭᠠᠷᠬᠤ ᠪᠠᠷ ᠪᠠᠶᠢᠭ᠎ᠠ | ᠠᠵᠦ ᠠᠬᠤᠶᠢᠯᠠᠯ ᠢ ᠲᠡᠳᠡᠵᠦ ᠮᠡᠨ ᠤ ᠬᠤᠰᠢᠭᠤᠨ ᠳᠤ ᠲᠠᠩᠰᠠᠯᠠᠭᠤᠯᠤᠯᠳᠠ ᠬᠢᠯᠬᠡᠵᠦ᠂ ᠵᠢᠯ ᠤᠨ ᠲᠤᠳᠤᠷ᠎ᠡ ᠼᠣᠣ | ᠶᠤᠸᠠᠨ ᠮᠦ ᠳ᠋ᠦ᠋ ᠺᠤᠮᠫᠠᠨᠢ ᠶᠢᠨ ᠰᠲ᠋ᠤᠺ ᠤᠨ ᠵᠠᠬ᠎ᠠ ᠳᠤ ᠤᠷᠤᠬᠤ ᠠᠵᠢᠯ ᠢ ᠭᠤᠤᠯᠳᠠᠯᠭ᠎ᠠ ᠲᠠᠢ ᠠᠬᠢᠭᠤᠯᠵᠦ᠂ | ᠲᠡᠬᠦᠨ ᠤ ᠬᠤᠪᠢᠶᠠᠷᠢ ᠺᠤᠮᠫᠠᠨᠢ ᠶᠢᠨ ᠬᠤᠪᠢᠴᠠᠭᠠᠨ ᠤ ᠡᠷᠬᠡ ᠶᠢ ᠮᠠᠨ ᠤ ᠬᠤᠰᠢᠭᠤᠨ ᠳᠠᠭᠠᠨ ᠦᠮᠴᠢᠯᠡᠨᠡ᠃ ᠶᠠᠩ | ᠶᠠᠩ ᠮᠠᠯᠵᠢᠬᠤ ᠦᠢᠯᠡᠰ ᠤᠨ ᠺᠤᠮᠫᠠᠨᠢ ᠶᠢᠨ ᠬᠤᠪᠢᠴᠠᠭᠠᠨ ᠤ ᠡᠷᠬᠡ ᠶᠢᠨ ᠰᠤᠯᠢᠯᠴᠠᠭ᠎ᠠ ᠨᠢ ᠲᠡᠭᠡᠲᠦ ᠬᠠᠭᠠᠰ ᠵᠢᠯ ᠳᠤ | ᠠᠵᠢᠯ ᠢᠶᠠᠨ ᠡᠬᠢᠯᠡᠬᠦᠯᠬᠦ ᠶᠢ ᠪᠠᠳᠤᠯᠠᠨ᠎ᠠ᠃ ᠵᠢᠶᠠ ᠯᠢ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢᠨ ᠺᠤᠮᠫᠠᠨᠢ᠂ ᠶᠢᠨ | ᠵᠣᠣ ᠢᠳᠡᠭᠡᠨ ᠤ ᠤᠶᠢᠯᠡᠰ ᠤᠨ ᠺᠤᠮᠫᠠᠨᠢ ᠶᠢᠨ ᠰᠲ᠋ᠤᠺ ᠤᠨ ᠰᠤᠯᠢᠯᠴᠠᠭᠠᠨ ᠳᠤ ᠤᠷᠤᠯᠴᠠᠬᠤ ᠦᠨᠳᠦᠰᠦᠨ ᠠᠵᠢᠯ ᠢ | ᠢᠳᠡᠪᠬᠢᠲᠠᠢ ᠬᠢᠨ᠎ᠡ᠃ ᠮᠥᠩᠬᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠳᠤᠷᠠᠯᠴᠠᠬᠤ ᠪᠡ ᠠᠵᠢᠯ ᠵᠤᠯᠭᠠᠭᠤᠯᠬᠤ | ᠬᠦᠴᠦᠯᠠᠴᠠ ᠪᠠᠨ ᠴᠢᠩᠭᠠᠳᠬᠠᠵᠦ᠂ ᠮᠠᠨ ᠤ ᠬᠤᠰᠢᠭᠤᠨ ᠤ ᠮᠥᠩᠬᠦᠨ ᠭᠦᠢᠯᠭᠡᠭᠡᠨ ᠤ ᠰᠠᠯᠠᠭ᠎ᠠ ᠮᠦᠴᠢᠷ ᠤᠨ | ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ ᠳᠤ ᠬᠢᠨᠠᠯᠳᠠ ᠲᠠᠯᠪᠢᠵᠦ᠂ ᠤᠷᠤᠨ ᠨᠤᠳᠤᠭ ᠤᠨ ᠠᠵᠦ ᠠᠬᠤᠢ ᠶᠢ | ᠬᠦᠴᠦᠳᠡᠢ ᠲᠡᠮᠵᠢᠵᠦ᠂ ᠵᠢᠯ ᠤᠨ ᠲᠤᠳᠤᠷ᠎ᠡ 1 ᠬᠠᠮᠳᠤᠷᠠᠨ ᠠᠵᠢᠯᠯᠠᠬᠤ ᠪᠠᠩᠬᠢ ᠶᠢ ᠮᠡᠨ ᠤ ᠬᠤᠰᠢᠭᠤᠨ ᠳᠤ | ᠤᠷᠤᠭᠤᠯᠬᠤ ᠪᠠᠷ ᠴᠢᠷᠮᠡᠶᠢᠵᠦ᠂ ᠤᠷᠤᠨ ᠨᠤᠳᠤᠭ ᠤᠨ ᠮᠦᠩᠬᠦᠨ ᠬᠦᠢᠯᠬᠡᠬᠡ ᠶᠢ ᠬᠦᠭᠵᠢᠬᠦᠯᠦᠨ | ᠪᠤᠵᠠᠭᠠᠶᠢᠷᠠᠭᠤᠯᠤᠨ᠎ᠠ᠃ ᠹᠦ᠋ ᠡᠾᠦ᠋ᠢ ᠰᠦᠯᠵᠢᠶᠠᠨ ᠮᠦᠩᠬᠦᠨ ᠬᠦᠢᠯᠬᠡᠬᠡ ᠶᠢ ᠢᠳᠡᠪᠬᠢᠳᠡᠢ ᠰᠦᠪᠡᠭᠴᠢᠯᠠᠨ | ᠬᠦᠭᠵᠢᠬᠦᠯᠵᠦ᠂ ᠵᠦᠩ ᠾᠧ ᠬᠦᠳᠡᠭᠡ ᠲᠤᠰᠬᠤᠨ ᠤ ᠢᠳᠡᠭᠡᠮᠵᠢ ᠶᠢᠨ ᠪᠠᠭ᠎ᠠ ᠲᠤᠭᠠᠨ ᠤ ᠵᠢᠬᠡᠯᠡᠯᠭᠡ ᠶᠢᠨ ᠺᠤᠮᠫᠠᠨᠢ | ᠶᠢᠨ ᠨᠠᠶᠢᠳᠠ ᠶᠢᠨ ᠠᠰᠠᠷᠠᠮᠵᠢ ᠶᠢᠨ ᠲᠦᠷᠦᠯ ᠵᠦᠢᠯ ᠢ ᠶᠡᠭᠡᠪᠡᠷ ᠲᠡᠮᠵᠢᠵᠦ᠂ ᠪᠠᠭ᠎ᠠ ᠵᠢᠵᠢᠭ ᠠᠵᠦ ᠠᠬᠤᠶᠢᠯᠠᠯ ᠤᠨ | ᠵᠢᠬᠡᠯᠡᠯᠬᠡ ᠠᠪᠬᠤ ᠳᠤ ᠬᠦᠴᠢᠷ᠂ ᠮᠠᠯᠵᠢᠬᠤ ᠲᠠᠷᠢᠶᠠᠯᠠᠬᠤ ᠤᠷᠤᠨ ᠤ ᠦᠨᠳᠤᠷ ᠬᠦᠦ ᠲᠠᠢ ᠵᠢᠭᠡᠯᠡᠯᠬᠡ ᠵᠡᠷᠭᠡ | ᠠᠰᠠᠭᠤᠳᠠᠯ ᠢ ᠴᠢᠷᠮᠡᠶᠢᠨ ᠰᠢᠢᠳᠪᠤᠷᠢᠯᠠᠨᠡ᠃ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶᠠᠨ ᠤ ᠪᠠᠶᠢᠭᠤᠯᠤᠯ | ᠤᠨ ᠦᠬᠡᠷᠡᠴᠢᠯᠠᠯᠳᠠ ᠶᠢᠨ ᠠᠯᠬᠤᠴᠠ ᠶᠢ ᠲᠦᠷᠭᠡᠳᠭᠡᠵᠦ᠂ ᠤᠷᠤᠨ ᠨᠤᠳᠤᠭ ᠤᠨ ᠠᠵᠦ ᠠᠬᠤᠢ ᠳᠤ ᠦᠢᠯᠡᠴᠢᠯᠠᠬᠦ | ᠬᠢᠷᠢ ᠲᠦᠪᠰᠢᠨ ᠪᠠ ᠴᠢᠳᠠᠪᠤᠷᠢ ᠶᠢ ᠤᠯᠠᠮ ᠨᠢᠬᠡ ᠠᠯᠬᠤᠮ ᠲᠡᠭᠡᠭᠰᠢᠯᠡᠬᠦᠯᠦᠨ᠎ᠡ᠃ | ︵ᠬᠤᠶᠠᠷ︶ ᠪᠦᠳᠤᠴᠠ ᠶᠢ ᠲᠤᠬᠢᠷᠠᠭᠤᠯᠵᠦ᠂ ᠠᠷᠭ᠎ᠠ ᠬᠡᠯᠪᠡᠷᠢ ᠶᠢ ᠬᠤᠪᠢᠷᠠᠭᠤᠯᠤᠨ᠂ ᠮᠠᠯ ᠠᠵᠦ ᠠᠬᠤᠢ ᠶᠢᠨ | ᠬᠠᠩᠭᠠᠯᠭ᠎ᠠ ᠶᠢᠨ ᠲᠠᠯ᠎ᠠ ᠳᠠᠬᠢ ᠪᠦᠳᠤᠴᠠ ᠶᠢᠨ ᠴᠢᠨᠡᠷᠳᠡᠢ ᠦᠬᠡᠷᠡᠴᠢᠯᠠᠯᠳᠠ ᠶᠢ ᠠᠬᠢᠭᠤᠯᠤᠨ᠎ᠠ᠃ | ᠨᠢᠭᠡ ᠳᠤ ᠮᠠᠯ ᠠᠵᠦ ᠠᠬᠤᠢ ᠶᠢᠨ ᠪᠦᠳᠤᠴᠠ ᠶᠢ ᠢᠳᠡᠪᠬᠢᠳᠡᠢ ᠲᠤᠬᠢᠷᠠᠭᠤᠯᠤᠨ᠎ᠠ᠃ ︽ᠬᠤᠨᠢ ᠶᠢ | ᠴᠦᠭᠡᠳᠬᠡᠨ ᠦᠬᠡᠷ ᠥᠰᠬᠡᠬᠦ︾ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠵᠦ᠂ ᠮᠠᠯᠴᠢᠨ ᠲᠠᠷᠢᠶᠠᠴᠢᠳ | ᠤᠨ ᠰᠢᠯᠢᠳᠡᠭ ᠡᠭᠦᠯᠳᠡᠷ ᠤᠨ ᠢᠳᠡᠰᠢᠨ ᠤ ᠦᠬᠡᠷ ᠮᠠᠯᠵᠢᠬᠤ ᠤᠶᠢᠯᠡᠰ ᠢ ᠬᠦᠭᠵᠢᠬᠦᠯᠬᠦ ᠶᠢ ᠵᠤᠷᠢᠭᠵᠢᠭᠤᠯᠤᠨ᠎ᠠ᠃ ︽ | ᠠᠵᠦ ᠠᠬᠤᠶᠢᠯᠠᠯ + ᠮᠠᠯᠵᠢᠬᠤ ᠲᠠᠷᠢᠶᠠᠯᠠᠬᠤ ᠡᠷᠦᠬᠡ︾ ᠪᠤᠯᠤᠨ ︽ᠬᠤᠷᠰᠢᠶᠠᠵᠢᠯ + ᠮᠠᠯᠵᠢᠬᠤ ᠲᠠᠷᠢᠶᠠᠯᠠᠬᠤ | ᠡᠷᠦᠬᠡ︾ ᠶᠢᠨ ᠭᠡᠯᠪᠡᠷᠢ ᠶᠢ ᠲᠦᠷᠭᠡᠨ ᠬᠦᠭᠵᠢᠬᠦᠯᠵᠦ᠂ ᠵᠢᠯ ᠤᠨ ᠳᠤᠳᠤᠷ᠎ᠠ 2000 ᠠᠴᠠ ᠲᠡᠭᠡᠭᠰᠢ ᠢᠳᠡᠰᠢᠨ ᠤ | ᠦᠬᠡᠷ ᠲᠡᠵᠢᠭᠡᠨ ᠮᠠᠯᠵᠢᠬᠤ ᠠᠵᠦ ᠠᠬᠤᠶᠢᠯᠠᠯ 1᠂ 300 ᠠᠴᠠ ᠲᠡᠭᠡᠭᠰᠢ ᠰᠢᠯᠢᠳᠡᠭ ᠡᠭᠦᠯᠳᠡᠷ ᠤᠨ ᠢᠳᠡᠰᠢᠨ ᠤ | ᠦᠬᠡᠷ ᠲᠡᠵᠢᠭᠡᠨ ᠮᠠᠯᠵᠢᠬᠤ ᠲᠤᠰᠬᠠᠢ ᠬᠤᠷᠰᠢᠶᠠᠵᠢᠯ 3᠂ 50 ᠠᠴᠠ ᠲᠡᠭᠡᠭᠰᠢ ᠢᠳᠡᠰᠢᠨ ᠤ ᠦᠬᠡᠷ ᠲᠠᠵᠢᠬᠡᠨ | ᠮᠠᠯᠵᠢᠬᠤ ᠭᠡᠷ ᠪᠥᠯᠢ ᠶᠢᠨ ᠮᠠᠯᠵᠢᠯ ᠤᠨ ᠲᠠᠯᠠᠪᠠᠢ 100 ᠶᠢ ᠪᠠᠶᠢᠭᠤᠯᠵᠦ᠂ 8000 ᠠᠴᠠ ᠲᠡᠭᠡᠭᠰᠢ ᠴᠡᠪᠡᠷ | ᠡᠬᠦᠯᠳᠡᠷ ᠤᠨ ᠠᠩᠭᠧᠰ ᠦᠬᠡᠷ ᠪᠠ ᠰᠢᠮᠧᠨ᠋ᠲᠷ ᠦᠬᠡᠷ ᠤᠷᠤᠭᠤᠯᠵᠦ᠂ ᠮᠠᠯᠵᠢᠯ ᠤᠨ ᠤᠨ ᠤ ᠢᠳᠡᠰᠢᠨ ᠤ ᠦᠬᠡᠷ | ᠤᠨ ᠲᠤᠭ᠎ᠠ ᠶᠢ 6 ᠲᠦᠮᠡ ᠠᠴᠠ ᠲᠡᠭᠡᠭᠰᠢ ᠳᠤ ᠬᠦᠷᠭᠡᠨ᠎ᠡ᠃ ᠨᠦᠬᠦᠴᠠᠯ ᠰᠠᠶᠢᠳᠠᠢ ᠬᠤᠷᠰᠢᠶᠠᠵᠢᠯ᠂ ᠮᠠᠯᠵᠢᠯ ᠤᠨ | ᠲᠤᠮᠤ ᠡᠷᠦᠬᠡ᠂ ᠲᠤᠰᠬᠠᠢ ᠡᠷᠦᠬᠡ᠂ ᠮᠠᠯᠵᠢᠬᠤ ᠳᠤ ᠬᠤᠯᠪᠤᠭᠳᠠᠭᠰᠠᠨ ᠠᠵᠦ ᠠᠬᠤᠶᠢᠯᠠᠯ ᠤᠳ ᠠᠳᠤᠭᠤ᠂ ᠲᠡᠮᠡᠭᠡ᠂ | ᠡᠯᠵᠢᠬᠡᠨ ᠤ ᠦᠢᠯᠡᠰ ᠢ ᠶᠡᠭᠡᠪᠡᠷ ᠬᠦᠭᠵᠢᠬᠦᠯᠬᠦ ᠶᠢ ᠨᠢ ᠵᠤᠷᠢᠭᠵᠢᠭᠤᠯᠵᠦ᠂ ᠠᠵᠦ ᠦᠢᠯᠡᠰ ᠤᠨ ᠬᠡᠯᠬᠢᠶ᠎ᠠ ᠶᠢ | ᠤᠷᠳᠤᠳᠬᠠᠨ᠂ ᠮᠠᠯᠵᠢᠯ ᠤᠨ ᠦᠷ᠎ᠡ ᠠᠰᠢᠭ ᠢ ᠲᠡᠭᠡᠭᠰᠢᠯᠡᠬᠦᠯᠵᠦ᠂ ᠮᠠᠯᠴᠢᠨ ᠲᠠᠷᠢᠶᠠᠴᠢᠳ ᠢ ᠲᠠᠶᠢᠴᠢᠯᠠᠨ ᠤᠷᠤᠯᠭ᠎ᠠ | ᠶᠢ ᠨᠢ ᠨᠡᠮᠡᠭᠳᠡᠬᠦᠯᠦᠨ᠎ᠡ᠃ | ᠬᠤᠶᠠᠷ ᠲᠤ ᠦᠢᠯᠡᠳᠪᠤᠷᠢᠯᠠᠯ ᠡᠵᠡᠩᠨᠡᠯᠳᠡ ᠶᠢᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠤᠨ᠎ᠠ᠃ | ᠰᠦᠨᠢᠳ ᠬᠤᠨᠢᠨ ᠤ ᠴᠡᠪᠡᠷ ᠡᠭᠦᠯᠳᠡᠷ ᠪᠤᠯᠤᠨ ᠶᠠᠰᠦ ᠴᠢᠨᠠᠷ ᠢ ᠲᠡᠭᠡᠭᠰᠢᠯᠡᠬᠦᠯᠬᠦ ᠶᠢ ᠦᠷᠬᠦᠯᠵᠢᠯᠡᠨ ᠰᠠᠶᠢᠳᠤᠷ | ᠠᠳᠬᠤᠵᠦ᠂ ᠰᠦᠨᠢᠳ ᠬᠤᠨᠢᠨ ᠤ ᠠᠵᠦ ᠤᠶᠢᠯᠡᠰ ᠤᠨ ᠬᠦᠭᠵᠢᠯᠳᠡ ᠶᠢᠨ ᠲᠥᠯᠦᠪᠵᠢᠬᠦᠯᠭᠡ ᠶᠢ ᠲᠤᠭᠳᠠᠭᠠᠵᠦ᠂ ︽ | ᠰᠦᠨᠢᠳ ᠬᠤᠨᠢ︾ ᠮᠠᠯᠵᠢᠬᠤ ᠡᠵᠡᠩᠨᠡᠯᠳᠡ ᠶᠢᠨ ᠬᠢᠷᠢ ᠲᠥᠪᠰᠢᠨ ᠪᠤᠯᠤᠨ ᠠᠵᠦ ᠠᠬᠤᠢ ᠶᠢᠨ ᠦᠷ᠎ᠡ ᠠᠰᠢᠭ ᠢ | ᠲᠠᠰᠤᠷᠠᠯᠳᠠ ᠦᠬᠡᠢ ᠲᠡᠭᠡᠭᠰᠢᠯᠡᠬᠦᠯᠵᠦ᠂ ᠰᠦᠨᠢᠳ ᠬᠤᠨᠢᠨ ᠮᠢᠬᠠᠨ ᠤ ᠰᠢᠯᠢᠳᠡᠭ ᠶᠠᠰᠦ ᠴᠢᠨᠡᠷ ᠦᠨᠳᠤᠷ ᠦᠨ᠎ᠡ | ᠬᠠᠩᠰᠢ ᠶᠢ ᠪᠠᠶᠠᠯᠡᠬᠦᠯᠦᠨ᠎ᠡ᠃ ᠰᠦᠨᠢᠳ ᠬᠤᠨᠢᠨ ᠤ ᠮᠥᠷᠳᠡᠯᠳᠡ ᠶᠢᠨ ᠰᠢᠰᠲ᠋ᠧᠮ ᠤᠨ ᠪᠠᠶᠢᠭᠤᠯᠤᠯᠳᠠ ᠶᠢᠨ ᠠᠵᠢᠯ | ᠢ ᠪᠦᠬᠦ ᠲᠠᠯ᠎ᠠ ᠪᠠᠷ ᠥᠷᠨᠢᠬᠦᠯᠵᠦ᠂ 10 ᠲᠦᠮᠡᠨ ᠰᠦᠨᠢᠳ ᠬᠤᠨᠢᠨ ᠳᠤ ᠮᠥᠷᠳᠡᠯᠳᠡ ᠶᠢᠨ ᠰᠢᠰᠲ᠋ᠧᠮ ᠤᠨ ᠲᠠᠩᠰᠠ | ᠪᠠᠶᠢᠭᠤᠯᠬᠤ ᠡᠬᠦᠷᠭᠡ ᠶᠢ ᠪᠡᠶᠡᠯᠡᠬᠦᠯᠬᠦ ᠶᠢᠨ ᠬᠠᠮᠲᠦ᠂ ᠲᠤᠮᠤ ᠲᠤᠭ᠎ᠠ ᠪᠠᠷᠢᠮᠳᠠ ᠶᠢᠨ ᠠᠷᠭ᠎ᠠ ᠬᠡᠯᠪᠡᠷᠢ ᠪᠠᠷ ᠪᠦᠬᠦ | ᠶᠠᠪᠤᠴᠠ ᠳᠤ ᠮᠥᠷᠳᠡᠯᠳᠡ ᠬᠢᠬᠦ ᠪᠤᠯᠤᠨ᠎ᠠ᠃ ᠡᠪᠤᠯ ᠤᠨ ᠬᠤᠷᠠᠭ᠎ᠠ ᠳᠤ ᠪᠤᠷᠳᠤᠭ᠎ᠠ ᠨᠥᠬᠦᠪᠦᠷᠢᠯᠡᠵᠦ ᠡᠷᠳᠡ | ᠬᠤᠳᠠᠯᠳᠤᠬᠤ ᠠᠵᠢᠯ ᠢ ᠰᠠᠶᠢᠳᠤᠷ ᠬᠢᠵᠦ᠂ 10 ᠲᠦᠮᠡᠨ ᠡᠪᠤᠯ ᠤᠨ ᠬᠤᠷᠠᠭ᠎ᠠ ᠬᠤᠳᠠᠯᠳᠤᠨ᠎ᠠ᠃ ︽ᠢᠨᠲ᠋ᠧᠷᠨᠧᠲ | ᠰᠦᠯᠵᠢᠶ᠎ᠠ +︾ ᠭᠡᠯᠪᠡᠷᠢ ᠶᠢ ᠠᠰᠢᠭᠯᠠᠵᠦ᠂ ᠪᠦᠬᠦ ᠤᠯᠤᠰ ᠤᠨ ᠡᠪᠡᠰᠤᠨ ᠤ ᠦᠢᠯᠡᠰ ᠤᠨ ᠠᠷᠠᠯᠵᠢᠶᠠᠨ ᠤ ᠲᠤᠮᠤ | ᠲᠤᠭ᠎ᠠ ᠪᠡᠷᠢᠮᠳᠠ ᠶᠢᠨ ᠲᠠᠪᠴᠠᠩ ᠢ ᠢᠳᠡᠪᠬᠢᠳᠡᠢ ᠪᠠᠶᠢᠭᠤᠯᠵᠦ᠂ ᠡᠪᠡᠰᠤᠨ ᠤ ᠦᠢᠯᠡᠰ ᠤᠨ ᠬᠦᠭᠵᠢᠯᠳᠡ ᠶᠢ | ᠲᠦᠷᠭᠡᠳᠭᠡᠵᠦ᠂ ᠦᠷᠭᠡᠨ ᠤᠯᠠᠨ ᠮᠠᠯᠴᠢᠨ ᠲᠠᠷᠢᠶᠠᠴᠢᠳ ᠪᠤᠯᠤᠨ ᠮᠠᠯᠵᠢᠯ ᠤᠨ ᠲᠠᠯᠠᠪᠠᠢ ᠳᠤ ᠨᠠᠩ ᠰᠠᠶᠢᠨ | ᠦᠢᠯᠡᠴᠢᠯᠡᠭᠡ ᠬᠠᠩᠭᠠᠨ᠎ᠠ᠃ | ᠭᠤᠷᠪᠡ ᠳᠤ ᠤᠯᠠᠨ ᠠᠷᠭ᠎ᠠ ᠵᠡᠮ ᠢᠶᠠᠷ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠦᠨ᠎ᠡ᠃ ᠮᠠᠯᠴᠢᠨ | ᠲᠠᠷᠢᠶᠠᠴᠢᠳ ᠢ ᠬᠠᠷᠠᠭᠠᠯᠵᠠᠬᠤ ᠡᠯ᠎ᠡ ᠲᠦᠷᠦᠯ ᠤᠨ ᠨᠦᠬᠦᠪᠤᠷᠢ ᠶᠢᠨ ᠲᠦᠷᠦ ᠶᠢᠨ ᠪᠤᠳᠤᠯᠭ᠎ᠠ ᠶᠢ ᠲᠤᠤᠱᠳᠠᠢ | ᠨᠠᠶᠢᠳᠠᠪᠤᠷᠢᠵᠢᠭᠤᠯᠵᠦ᠂ ᠮᠠᠯᠴᠢᠨ ᠲᠠᠷᠢᠶᠠᠴᠢᠳ ᠤᠨ ᠲᠦᠷᠦ ᠶᠢᠨ ᠪᠤᠳᠤᠯᠭ᠎ᠠ ᠶᠢᠨ ᠴᠢᠨᠡᠷᠳᠡᠢ ᠤᠷᠤᠯᠭ᠎ᠠ ᠶᠢ | ᠨᠡᠮᠡᠭᠳᠡᠬᠦᠯᠦᠨ᠎ᠡ᠃ ᠠᠵᠢᠯ ᠮᠡᠷᠭᠡᠵᠢᠯ ᠤᠨ ᠪᠤᠯᠪᠠᠰᠤᠷᠠᠯ ᠢ ᠴᠢᠩᠭᠠᠳᠬᠠᠵᠦ᠂ ᠮᠠᠯᠴᠢᠨ ᠲᠠᠷᠢᠶᠠᠴᠢᠳ ᠲᠤ ᠠᠵᠢᠯ | ᠤᠯᠭᠤᠵᠦ ᠤᠷᠤᠯᠭ᠎ᠠ ᠶᠢ ᠨᠢ ᠨᠡᠮᠡᠭᠳᠡᠬᠦᠯᠤᠨ᠎ᠡ᠃ ᠶᠠᠩ ᠶᠠᠩ ᠮᠠᠯᠵᠢᠬᠤ ᠦᠢᠯᠡᠰ᠂ ᠸᠧᠢ ᠰᠢᠨ ᠤᠯᠠᠭᠠᠨ ᠢᠳᠡᠭᠡᠨ ᠤ | ᠦᠢᠯᠡᠰ ᠵᠡᠷᠭᠡ ᠲᠤᠯᠤᠭᠠᠶᠢᠯᠠᠭᠴᠢ ᠠᠵᠦ ᠠᠬᠤᠶᠢᠯᠠᠯ ᠤᠨ ᠵᠢᠱᠢᠶᠠᠴᠢ ᠲᠠᠭᠠᠭᠤᠯᠤᠭᠴᠢ ᠦᠢᠯᠡᠳᠤᠯ ᠢ ᠨᠢ ᠬᠦᠢᠴᠠᠳ | ᠪᠠᠳᠠᠷᠠᠭᠤᠯᠵᠦ᠂ ᠮᠠᠯᠴᠢᠨ ᠲᠠᠷᠢᠶᠠᠴᠢᠳ ᠲᠠᠢ ᠨᠢᠭᠳᠠ ᠬᠤᠯᠪᠤᠭᠳᠠᠬᠤ ᠠᠰᠢᠭ ᠲᠤᠰᠠ ᠶᠢᠨ ᠬᠤᠯᠪᠤᠭᠠᠳᠤ ᠵᠤᠬᠢᠴᠠᠮᠵᠢ | ᠶᠢ ᠪᠠᠶᠢᠭᠤᠯᠤᠨ᠂ ᠠᠵᠦ ᠠᠬᠤᠶᠢᠯᠠᠯ ᠢ ᠬᠦᠭᠵᠢᠬᠦᠯᠬᠦ ᠪᠡ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ | ᠬᠤᠤᠰ ᠠᠮᠵᠢᠯᠳᠠ ᠶᠢ ᠪᠠᠶᠠᠯᠡᠬᠦᠯᠦᠨ᠎ᠡ᠃ ᠲᠤᠮᠳᠠ ᠵᠢᠵᠢᠭ ᠠᠵᠦ ᠠᠬᠤᠶᠢᠯᠠᠯ ᠤᠨ ᠦᠢᠯᠡᠴᠢᠯᠠᠬᠡᠨ ᠤ ᠲᠦᠪ᠂ | ᠰᠦᠨᠢᠳ ᠨᠠᠷᠠᠳᠤ ᠰᠢᠯᠢᠳᠡᠭ ᠤᠨᠴᠠ ᠭᠠᠷᠤᠯᠳᠠ ᠶᠢᠨ ᠦᠵᠡᠬᠦᠯᠦᠯᠬᠡ ᠶᠢᠨ ᠲᠢᠩᠬᠢᠮ ᠪᠤᠯᠤᠨ ᠰᠦᠨᠢᠳ ᠲᠠᠬᠢ ᠵᠢᠩ | ᠳ᠋ᠦᠩ ᠠᠷᠠᠯᠵᠢᠶ᠎ᠠ ᠶᠢᠨ ᠲᠠᠶᠢᠴᠢᠯᠠᠯᠳᠠ ᠶᠢᠨ ᠦᠢᠯᠡᠳᠤᠯ ᠢ ᠠᠰᠢᠭᠯᠠᠵᠦ᠂ ᠪᠦᠳᠤᠭᠡᠭᠳᠡᠬᠦᠨ ᠤ ᠪᠤᠷᠤᠯᠠᠭᠤᠯᠭ᠎ᠠ ᠶᠢᠨ | ᠵᠡᠮ ᠢ ᠦᠷᠭᠡᠳᠭᠡᠨ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠢ ᠨᠡᠮᠡᠭᠳᠡᠬᠦᠯᠦᠨ᠎ᠡ᠃ ᠸᠧᠨᠵᠸᠤ᠂ ᠦᠪᠤᠷ | ᠮᠤᠩᠭᠤᠯ ᠵᠡᠷᠭᠡ ᠬᠤᠳᠠᠯᠳᠤᠭᠠᠴᠢᠳ ᠤᠨ ᠡᠪᠯᠡᠯ ᠨᠢ ᠪᠦᠬᠦ ᠤᠯᠤᠰ ᠤᠨ ᠡᠯ᠎ᠡ ᠭᠠᠵᠡᠷ ᠲᠤ ᠰᠦᠨᠢᠳ ᠬᠤᠨᠢᠨ ᠮᠢᠬᠠᠨ | ᠤ ᠲᠠᠯᠬᠡᠬᠦᠷ ᠪᠠᠶᠢᠭᠤᠯᠬᠤ ᠶᠢ ᠲᠡᠮᠵᠢᠨ ᠵᠤᠷᠢᠭᠵᠢᠭᠤᠯᠵᠦ᠂ ᠭᠤᠸᠠᠩᠳᠦ᠋ᠩ ᠤᠨ ᠳ᠋ᠠ ᠯᠠᠩ᠂ ᠵᠧᠵᠢᠶᠠᠩ ᠤᠨ ᠫᠦ᠋ | ᠶᠤᠸᠡᠨ ᠳᠠᠬᠢ ᠰᠦᠨᠢᠳ ᠨᠡᠷᠡᠳᠤ ᠰᠢᠯᠢᠳᠡᠭ ᠤᠨᠴᠠ ᠭᠠᠷᠤᠯᠳᠠ ᠶᠢᠨ ᠲᠠᠯᠬᠡᠬᠦᠷ ᠤᠨ ᠬᠦᠭᠵᠢᠯᠳᠡ ᠶᠢᠨ ᠦᠷ᠎ᠡ | ᠪᠦᠳᠤᠭᠡᠯ ᠢ ᠪᠠᠬᠢᠵᠢᠬᠦᠯᠦᠨ ᠦᠷᠭᠡᠳᠭᠡᠵᠦ᠂ ᠭᠡᠷᠡᠭᠯᠡᠭᠴᠢᠳ ᠲᠤ ᠰᠢᠭᠤᠳ ᠪᠤᠷᠤᠯᠠᠭᠤᠯᠵᠦ᠂ ᠲᠡᠮ ᠤᠨ ᠶᠠᠪᠤᠴᠠ ᠶᠢ | ᠴᠦᠬᠡᠳᠭᠡᠨ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠦᠨ᠎ᠡ᠃ | ︵ᠭᠤᠷᠪᠡ︶ ᠲᠠᠪᠠᠭᠤᠯᠢᠭ ᠢᠶᠠᠨ ᠪᠠᠳᠠᠷᠠᠭᠤᠯᠤᠨ᠂ ᠠᠵᠦ ᠦᠢᠯᠡᠰ ᠢ ᠲᠦᠪᠯᠡᠷᠡᠬᠦᠯᠵᠦ᠂ ᠠᠵᠦ ᠦᠢᠯᠡᠳᠪᠤᠷᠢ | ᠶᠢᠨ ᠠᠵᠦ ᠠᠬᠤᠢ ᠶᠢᠨ ᠴᠢᠨᠡᠷ ᠴᠢᠨᠰᠠᠭ᠎ᠠ ᠪᠡ ᠦᠷ᠎ᠡ ᠠᠰᠢᠭ ᠢ ᠲᠡᠭᠡᠭᠰᠢᠯᠡᠬᠦᠯᠦᠨ᠎ᠡ᠃ | ᠨᠢᠬᠡ ᠳᠤ ᠤᠯᠠᠮᠵᠢᠯᠠᠯᠳᠤ ᠲᠠᠪᠠᠭᠤᠯᠢᠭ ᠠᠵᠦ ᠦᠢᠯᠡᠰ ᠤᠨ ᠦᠬᠡᠷᠡᠴᠢᠯᠠᠯᠳᠠ ᠪᠡ ᠲᠠᠰ ᠲᠡᠪᠰᠢᠯᠳᠡ ᠶᠢ | ᠰᠠᠶᠢᠳᠤᠷ ᠠᠳᠬᠤᠨ᠎ᠠ᠃ ᠲᠡᠮᠦᠷᠯᠢᠭ ᠪᠠ ᠲᠡᠮᠦᠷᠯᠢᠭ ᠪᠤᠰᠤ ᠶᠢ ᠰᠤᠩᠭᠤᠨ ᠬᠠᠶᠢᠯᠤᠭᠤᠯᠬᠤ᠂ ᠮᠠᠯ ᠤᠨ ᠠᠰᠢᠭ | ᠰᠢᠮ᠎ᠡ ᠶᠢ ᠪᠤᠯᠪᠠᠰᠤᠷᠠᠭᠤᠯᠬᠤ ᠵᠡᠷᠭᠡ ᠭᠤᠤᠯᠳᠠᠯᠭ᠎ᠠ ᠲᠠᠢ ᠠᠵᠦ ᠤᠶᠢᠯᠠᠰ ᠤᠨ ᠦᠬᠡᠷᠡᠴᠢᠯᠠᠯᠳᠠ ᠪᠡ ᠲᠡᠰ | ᠲᠡᠪᠰᠢᠯᠳᠡ ᠶᠢ ᠨᠠᠷᠢᠨ ᠬᠢᠨᠠᠮᠠᠭᠠᠢ ᠰᠠᠶᠢᠳᠤᠷ ᠠᠳᠬᠤᠵᠦ᠂ ᠠᠵᠦ ᠦᠢᠯᠡᠰ ᠤᠨ ᠬᠡᠯᠬᠢᠶ᠎ᠠ ᠶᠢ ᠤᠷᠳᠤᠳᠬᠠᠨ᠂ | ᠬᠦᠭᠵᠢᠯᠳᠡ ᠶᠢᠨ ᠶᠠᠰᠤ ᠴᠢᠨᠡᠷ ᠪᠠ ᠦᠷ᠎ᠡ ᠠᠰᠢᠭ ᠢ ᠲᠡᠭᠡᠭᠰᠢᠯᠡᠬᠦᠯᠦᠨ᠎ᠡ᠃ ᠰᠢᠨ ᠮᠧᠩ ᠰᠢᠨ ᠮᠡᠲ᠋ᠧᠷᠢᠶᠠᠯ ᠤᠨ | ᠺᠤᠮᠫᠠᠨᠢ ᠶᠢᠨ ᠭᠠᠳᠠᠭᠠᠳᠤ ᠤᠷᠤᠭᠤᠯᠤᠯᠳᠠ ᠭᠠᠷᠭᠠᠯᠳᠠ ᠶᠢᠨ ᠠᠭᠤᠷᠬᠠᠢ ᠶᠢᠨ ᠭᠠᠷᠤᠯᠳᠠ ᠶᠢ ᠪᠤᠯᠪᠠᠰᠤᠷᠠᠭᠤᠯᠬᠤ | ᠠᠷᠠᠯᠵᠢᠶᠠᠨ ᠤ ᠲᠦᠷᠦᠯ ᠵᠦᠢᠯ ᠪᠤᠯᠤᠨ ᠬᠤᠸᠠ ᠰᠢᠩ ᠠᠵᠦ ᠦᠢᠯᠡᠰ ᠤᠨ ᠵᠢᠯ ᠳᠤ 10 ᠲᠦᠮᠡᠨ ᠲᠤᠨ ᠴᠠᠬᠢᠭᠤᠷ | ᠮᠠᠩᠭᠠᠨ ᠤ ᠬᠠᠶᠢᠯᠤᠰᠢ ᠦᠢᠯᠡᠳᠪᠤᠷᠢᠯᠠᠬᠦ ᠲᠦᠷᠦᠯ ᠵᠦᠢᠯ ᠳᠤ ᠲᠦᠰᠢᠭᠯᠡᠨ᠂ ᠵᠢᠷᠦᠬᠡ ᠠᠵᠦ ᠦᠢᠯᠡᠳᠪᠤᠷᠢ ᠶᠢᠨ | ᠲᠤᠭᠤᠷᠢᠭ ᠢ ᠪᠦᠬᠦ ᠠᠶᠢᠮᠠᠭ ᠤᠨ ᠭᠠᠳᠠᠭᠠᠳᠤ ᠤᠷᠤᠭᠤᠯᠤᠯᠳᠠ ᠭᠠᠷᠭᠠᠯᠳᠠ ᠶᠢᠨ ᠠᠭᠤᠷᠬᠠᠢ ᠶᠢᠨ ᠭᠠᠷᠤᠯᠳᠠ ᠶᠢ | ᠪᠤᠯᠪᠠᠰᠤᠷᠠᠭᠤᠯᠬᠤ ᠠᠷᠠᠯᠵᠢᠶᠠᠨ ᠤ ᠡᠷᠬᠢᠯᠳᠡᠳᠤ ᠠᠵᠦ ᠠᠬᠤᠢ ᠶᠢᠨ ᠵᠢᠱᠢᠶ᠎ᠠ ᠦᠵᠡᠬᠦᠯᠬᠦ ᠲᠤᠭᠤᠷᠢᠭ ᠪᠤᠯᠭᠠᠨ | ᠪᠠᠶᠢᠭᠤᠯᠬᠤ ᠪᠠᠷ ᠴᠢᠷᠮᠡᠶᠢᠨ᠎ᠡ᠃ ᠲᠢᠶᠠᠨ ᠪᠤᠤ ᠯᠢ ᠲᠡᠮᠤᠷ ᠤᠨ ᠠᠭᠤᠷᠬᠠᠢ ᠶᠢ ᠵᠢᠯ ᠤᠨ ᠲᠤᠳᠤᠷ᠎ᠡ ᠪᠦᠬᠦ ᠲᠠᠯ᠎ᠠ ᠪᠠᠷ | ᠨᠢᠬᠡᠳᠭᠡᠵᠦ᠂ ᠶᠢᠨ ᠰᠢ ᠰᠢᠵᠢᠷ ᠠᠯᠳᠠᠨ ᠤ ᠺᠤᠮᠫᠠᠨᠢ ᠶᠢᠨ ᠦᠢᠯᠠᠳᠪᠤᠷᠢᠯᠠᠯ ᠢ ᠨᠢ ᠪᠠᠳᠤᠯᠠᠭᠰᠠᠨ ᠤᠷᠢᠳᠠᠯ ᠲᠤᠤᠷ᠎ᠡ᠂ | ᠨᠦᠬᠡᠴᠠ ᠡᠬᠢ ᠪᠠᠶᠠᠯᠢᠭ ᠤᠨ ᠬᠠᠶᠢᠨ ᠰᠢᠨᠵᠢᠯᠳᠡ ᠶᠢ ᠴᠢᠩᠭᠠᠳᠬᠠᠵᠦ᠂ ᠠᠵᠦ ᠠᠬᠤᠶᠢᠯᠠᠯ ᠤᠨ ᠬᠦᠭᠵᠢᠯᠳᠡ ᠶᠢᠨ | ᠬᠢᠷᠢ ᠲᠦᠪᠰᠢᠨ ᠢ ᠲᠡᠭᠡᠭᠰᠢᠯᠡᠬᠦᠯᠦᠨ᠎ᠡ᠃ 1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠨᠤᠤᠰᠤ ᠨᠤᠯᠤᠤᠷ | ᠤᠨ ᠨᠡᠭᠡᠮᠡᠯ ᠤᠨ ᠠᠵᠦ ᠦᠢᠯᠡᠰ ᠤᠨ ᠡᠷᠬᠢᠯᠳᠡᠳᠤ ᠠᠵᠦ ᠠᠬᠤᠢ ᠶᠢᠨ ᠲᠤᠭᠤᠷᠢᠭ ᠤᠨ ᠨᠤᠭᠤᠭᠠᠷᠠᠭᠤᠯᠤᠯᠳᠠ᠂ | ᠭᠡᠷᠡᠯᠳᠤᠬᠦᠯᠬᠡ᠂ ᠭᠤᠶᠤᠵᠢᠭᠤᠯᠤᠯᠳᠠ᠂ ᠲᠤᠯᠠᠭᠠᠯᠭ᠎ᠠ ᠬᠠᠩᠭᠠᠬᠤ᠂ ᠰᠢᠳᠠᠭᠠᠯᠭ᠎ᠠ ᠬᠡᠢ ᠬᠠᠩᠭᠠᠬᠤ ᠵᠡᠷᠭᠡ ᠰᠠᠭᠤᠷᠢ | ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ᠲᠤᠭᠤᠷᠢᠭ ᠤᠨ | ᠲᠡᠰ ᠲᠡᠪᠰᠢᠯᠳᠡ ᠶᠢ ᠪᠦᠬᠦ ᠬᠦᠴᠦ ᠪᠠᠷ ᠢᠶᠠᠨ ᠠᠬᠢᠭᠤᠯᠤᠨ᠎ᠠ᠃ ᠨᠤᠤᠰᠤ ᠨᠤᠯᠤᠤᠷ ᠢ ᠨᠠᠷᠢᠯᠢᠭ ᠡᠭᠡᠷᠡᠬᠦ᠂ ᠨᠡᠭᠡᠬᠦ | ᠵᠡᠷᠭᠡ ᠲᠦᠷᠦᠯ ᠵᠤᠶᠢᠯ ᠢ ᠠᠵᠦ ᠠᠬᠤᠢ ᠶᠢᠨ ᠲᠤᠭᠤᠷᠢᠭ ᠲᠤ ᠤᠷᠤᠭᠤᠯᠵᠦ᠂ ᠬᠤᠷᠢᠶᠠᠬᠤ᠂ ᠤᠬᠢᠶᠠᠬᠤ᠂ ᠰᠠᠮᠨᠠᠬᠤ᠂ | ᠡᠭᠡᠷᠡᠬᠦ᠂ ᠪᠤᠳᠤᠬᠤ᠂ ᠬᠤᠪᠴᠠᠰᠦ ᠬᠢᠬᠦ ᠰᠢᠷᠢᠰ ᠠᠵᠦ ᠤᠶᠢᠯᠡᠰ ᠤᠨ ᠬᠡᠯᠬᠢᠶ᠎ᠠ ᠶᠢ ᠳᠠᠷᠤᠢ ᠲᠦᠷᠭᠡᠨ | ᠪᠦᠷᠢᠯᠳᠤᠬᠦᠯᠦᠨ᠎ᠡ᠃ ᠠᠵᠦ ᠠᠬᠤᠢ ᠶᠢᠨ ᠲᠤᠭᠤᠷᠢᠭ ᠤᠨ ᠪᠤᠬᠢᠷ ᠤᠰᠤ ᠰᠢᠢᠳᠪᠤᠷᠢᠯᠡᠬᠦ ᠤᠶᠢᠯᠡᠳᠪᠦᠷᠢ ᠶᠢᠨ | ᠪᠥᠲᠦᠭᠡᠨ ᠪᠠᠶᠢᠭᠤᠯᠤᠯᠳᠠ ᠶᠢ ᠠᠬᠢᠭᠤᠯᠵᠦ᠂ ᠮᠤ᠋ ᠳ᠋ᠦ᠋ ᠨᠤᠤᠰᠤᠨ ᠨᠡᠭᠡᠮᠡᠯ ᠢ ᠠᠰᠢᠭᠯᠠᠯᠳᠠ ᠳᠤ ᠤᠷᠤᠭᠤᠯᠬᠤ ᠪᠤᠯᠤᠨ | ᠪᠤᠳᠤᠭ ᠤᠷᠤᠭᠤᠯᠬᠤ ᠦᠢᠯᠡᠳᠪᠤᠷᠢ ᠶᠢᠨ ᠲᠠᠰᠤᠭ ᠢ ᠡᠷᠳᠡᠭᠡᠨ ᠠᠰᠢᠭᠯᠠᠯᠳᠠ ᠳᠤ ᠤᠷᠤᠭᠤᠯᠬᠤ ᠶᠢ ᠪᠠᠳᠤᠯᠠᠨ᠎ᠠ᠃ | ᠲᠤᠰ ᠵᠢᠯ ᠳᠤ᠂ ᠠᠵᠦ ᠠᠬᠤᠢ ᠶᠢᠨ ᠲᠤᠭᠤᠷᠢᠭ ᠲᠤ 40 ᠨᠤᠤᠰᠤ ᠨᠤᠯᠤᠤᠷ ᠪᠤᠯᠪᠠᠰᠤᠷᠠᠭᠤᠯᠬᠤ ᠠᠵᠦ ᠠᠬᠤᠶᠢᠯᠠᠯ | ᠲᠠᠢ ᠪᠤᠯᠭᠠᠵᠦ᠂ 50 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠳᠡᠭ ᠢ ᠪᠡᠶᠡᠯᠡᠬᠦᠯᠦᠨ᠎ᠡ᠃ | ᠬᠤᠶᠠᠷ ᠲᠤ ᠴᠡᠪᠡᠷ ᠡᠨᠧᠷᠬᠢ ᠶᠢᠨ ᠭᠠᠷᠭᠠᠯᠳᠠ ᠶᠢᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠶᠢ | ᠲᠦᠷᠭᠡᠳᠭᠡᠨ᠎ᠡ᠃ ᠮᠡᠨ ᠤ ᠬᠤᠰᠢᠭᠤ ᠨᠢ ᠰᠢᠨ᠎ᠡ ᠡᠨᠧᠷᠬᠢ ᠶᠢᠨ ᠪᠢᠴᠢᠯ ᠴᠠᠬᠢᠯᠭᠠᠨ ᠲᠤᠤᠷ ᠤᠨ ᠵᠢᠱᠢᠶ᠎ᠠ ᠦᠵᠡᠬᠦᠯᠬᠦ | ᠰᠠᠭᠤᠷᠢᠨ ᠭᠠᠵᠡᠷ ᠪᠤᠯᠤᠨ ᠡᠷᠢᠶᠠᠨ ᠬᠤᠳᠠ ᠶᠢᠨ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠬᠦ ᠲᠤᠷᠰᠢᠯᠳᠠ ᠶᠢᠨ | ᠤᠷᠤᠨ ᠳᠤ ᠤᠷᠤᠭᠰᠠᠨ ᠠᠰᠢᠭᠳᠠᠢ ᠲᠤᠬᠢᠶᠠᠯ ᠢ ᠬᠦᠢᠴᠡᠳ ᠠᠰᠢᠭᠯᠠᠵᠦ᠂ ᠤᠯᠤᠰ ᠤᠨ ᠴᠠᠬᠢᠯᠭᠠᠨ ᠬᠦᠴᠦᠨ ᠤ | ᠪᠡᠯᠡ ᠤᠷᠤᠭᠤᠯᠤᠯᠳᠠ ᠶᠢᠨ ᠺᠤᠮᠫᠠᠨᠢ᠂ ᠲᠢᠶᠠᠨ ᠷᠦᠨ ᠴᠠᠬᠢᠯᠭᠠᠨ ᠲᠤᠤᠷ ᠤᠨ ᠪᠦᠯᠦᠭᠯᠡᠯ ᠤᠨ ᠪᠡᠷᠢᠯᠭ᠎ᠠ ᠡᠬᠢᠯᠡᠬᠦᠯᠬᠦ | ᠠᠵᠢᠯ ᠢ ᠲᠦᠯᠬᠢᠨ ᠠᠬᠢᠭᠤᠯᠵᠦ᠂ ᠵᠢᠯ ᠤᠨ ᠪᠡᠯᠡ ᠤᠷᠤᠭᠤᠯᠤᠯᠳᠠ ᠶᠢᠨ ᠲᠦᠯᠦᠪᠯᠡᠭᠡ ᠶᠢ ᠪᠠᠶᠠᠯᠠᠬᠦᠯᠦᠨ᠎ᠡ᠃ | ᠨᠢᠬᠡᠨᠳᠡ ᠬᠢᠨᠡᠨ ᠵᠦᠪᠰᠢᠶᠡᠷᠡᠬᠦᠯᠦᠭᠰᠡᠨ ᠪᠠ ᠲᠠᠩᠰᠠᠯᠠᠭᠤᠯᠬᠤ ᠭᠠᠷᠳᠠᠮ ᠢᠶᠠᠨ ᠬᠦᠢᠴᠡᠳᠭᠡᠭᠰᠡᠨ ᠰᠠᠯᠬᠢᠨ ᠬᠦᠴᠦᠨ ᠤ | ᠴᠠᠬᠢᠯᠭᠠᠨ ᠪᠠ ᠨᠠᠷᠡᠨ ᠡᠨᠧᠷᠬᠢ ᠶᠢᠨ ᠴᠠᠬᠢᠯᠭᠠᠨ ᠤ ᠠᠵᠦ ᠠᠬᠤᠶᠢᠯᠠᠯ ᠳᠤ ᠵᠤᠬᠢᠴᠠᠭᠤᠯᠤᠯ ᠪᠠ ᠦᠢᠯᠡᠴᠢᠯᠡᠭᠡ | ᠬᠠᠩᠭᠠᠨ᠂ ᠪᠦᠬᠦ ᠬᠤᠰᠢᠭᠤᠨ ᠤ ᠰᠠᠯᠬᠢᠨ ᠬᠦᠴᠦᠨ ᠤ ᠴᠠᠬᠢᠯᠭᠠᠨ ᠤ ᠵᠢᠯ ᠤᠨ ᠲᠤᠤᠷ ᠲᠤ ᠨᠠᠶᠢᠯᠡᠬᠦᠯᠦᠭᠰᠡᠨ ᠮᠠᠰᠢᠨ | ᠴᠤᠭᠴᠠᠯᠠᠪᠤᠷᠢ ᠶᠢᠨ ᠪᠠᠭᠳᠠᠭᠠᠮᠵᠢ ᠶᠢ 71 ᠲᠦᠮᠡᠨ ᠺᠢᠯᠤᠸᠠᠲ᠂ ᠨᠡᠷᠡᠨ ᠡᠨᠧᠷᠬᠢ ᠶᠢᠨ ᠴᠠᠬᠢᠯᠭᠠᠨ ᠤ ᠲᠤᠤᠷ ᠲᠤ | ᠨᠡᠶᠢᠯᠡᠬᠦᠯᠦᠭᠰᠡᠨ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢ 8 ᠲᠦᠮᠡᠨ ᠺᠢᠯᠤᠸᠡᠲ ᠲᠤ ᠬᠦᠷᠭᠡᠨ᠎ᠡ᠃ | ᠭᠤᠷᠪᠡ ᠳᠤ ᠰᠢᠨ᠎ᠡ ᠪᠠᠷ ᠪᠤᠢ ᠪᠤᠯᠤᠭᠰᠠᠨ ᠠᠵᠦ ᠦᠢᠯᠡᠰ ᠢ ᠲᠦᠷᠭᠡᠨ ᠬᠦᠭᠵᠢᠬᠦᠯᠦᠨ᠎ᠡ᠃ ᠦᠪᠡᠷᠳᠡᠭᠡᠨ | ᠵᠠᠰᠠᠬᠤ ᠤᠷᠤᠨ ᠤ ᠲᠤᠷᠡᠳᠤᠭᠰᠠᠨ ︽ᠲᠤᠯᠤᠭᠠᠨ ᠦᠢᠯᠡᠰ︾ ᠤᠨ ᠬᠦᠭᠵᠢᠬᠦᠯᠦᠯᠳᠡ ᠶᠢᠨ ᠬᠠᠷᠠᠯᠳᠠ ᠶᠢᠨ | ᠪᠠᠶᠢᠷᠢᠰᠢᠯᠠᠭᠤᠯᠤᠯᠳᠠ ᠪᠠᠷ᠂ ᠰᠢᠨ᠎ᠡ ᠪᠠᠷ ᠪᠤᠢ ᠪᠤᠯᠤᠭᠰᠠᠨ ᠠᠵᠦ ᠦᠢᠯᠡᠰ ᠢ ᠶᠡᠬᠡᠪᠡᠷ ᠬᠦᠭᠵᠢᠬᠦᠯᠵᠦ᠂ ᠡᠳᠡᠭᠡᠷ | ᠰᠢᠨ᠎ᠡ ᠠᠵᠦ ᠦᠢᠯᠡᠰ ᠢ ᠮᠡᠨ ᠤ ᠬᠤᠰᠢᠭᠤᠨ ᠤ ᠬᠡᠯᠪᠡᠷᠢ ᠶᠢ ᠬᠤᠪᠢᠷᠠᠭᠤᠯᠬᠤ ᠬᠦᠭᠵᠢᠯᠳᠡ ᠶᠢ ᠲᠤᠯᠭᠠᠭᠤᠷᠢᠯᠠᠬᠤ | ᠰᠢᠨ᠎ᠡ ᠬᠢᠯᠡᠰ ᠴᠡᠭ ᠪᠤᠯᠭᠠᠨ᠎ᠠ᠃ ᠦᠪᠡᠷᠳᠡᠭᠡᠨ ᠵᠠᠰᠠᠬᠤ ᠤᠷᠤᠨ ᠨᠢ ︽ᠤᠯᠤᠰ ᠤᠨ ᠲᠠᠰ ᠤᠨ ᠲᠤᠮᠤ ᠲᠤᠭ᠎ᠠ | ᠪᠡᠷᠢᠮᠳᠡ ᠶᠢᠨ ᠰᠠᠭᠤᠷᠢ ᠲᠦᠬᠦᠭᠡᠷᠤᠮᠵᠢ ᠶᠢ ᠨᠢᠬᠡᠳᠤᠯᠳᠡᠢ ᠲᠦᠯᠦᠪᠯᠡᠨ ᠬᠦᠭᠵᠢᠬᠦᠯᠬᠦ ᠶᠡᠷᠦᠩᠭᠡᠶᠢᠯᠡᠭᠰᠡᠨ ᠲᠤᠷᠰᠢᠯᠳᠠ | ᠶᠢᠨ ᠤᠷᠤᠨ︾ ᠪᠤᠯᠤᠭᠰᠠᠨ ᠠᠰᠢᠭᠳᠠᠢ ᠲᠤᠬᠢᠶᠠᠯ ᠪᠤᠯᠤᠨ ᠪᠦᠬᠦ ᠠᠶᠢᠮᠠᠭ ᠤᠨ ᠲᠤᠮᠤ ᠲᠤᠭ᠎ᠠ ᠪᠡᠷᠢᠮᠳᠡ ᠶᠢᠨ | ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠳᠤ ᠲᠦᠰᠢᠭᠯᠡᠵᠦ᠂ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠡᠬᠢ | ᠪᠡᠶᠠᠯᠢᠭ ᠢ ᠬᠠᠮᠳᠤᠪᠡᠷ ᠡᠳ᠋ᠯᠡᠬᠦ ᠲᠠᠪᠴᠠᠩ ᠪᠤᠯᠤᠨ ᠵᠠᠰᠠᠭ ᠤᠨ ᠶᠠᠪᠤᠳᠠᠯ ᠤᠨ ᠨᠠᠶᠢᠳᠠ ᠶᠢᠨ ᠦᠢᠯᠡᠴᠢᠯᠠᠬᠡᠨ ᠤ | ᠲᠡᠪᠴᠡᠩ ᠤᠨ ᠪᠠᠶᠢᠭᠤᠯᠤᠯᠳᠠ ᠶᠢ ᠲᠦᠷᠭᠡᠳᠭᠡᠵᠦ᠂ ᠵᠢᠯ ᠤᠨ ᠲᠤᠳᠤᠷ᠎ᠡ ᠲᠤᠭ᠎ᠠ ᠪᠡᠷᠢᠮᠳᠠ ᠶᠢᠨ ᠰᠤᠷᠠᠭ ᠵᠠᠩᠬᠢ ᠶᠢᠨ | ᠡᠬᠢ ᠪᠠᠶᠠᠯᠢᠭ ᠢ ᠨᠢᠬᠡᠳᠭᠡᠨ ᠬᠠᠮᠳᠤᠪᠡᠷ ᠡᠳ᠋ᠯᠡᠬᠦ ᠶᠢ ᠪᠠᠶᠠᠯᠠᠬᠦᠯᠦᠨ᠎ᠡ᠃ ᠵᠠᠰᠠᠭ ᠤᠨ ᠤᠷᠳᠤᠨ ᠤ ᠲᠦᠷᠦᠯ ᠵᠦᠢᠯ | ᠤᠨ ᠪᠡᠯᠡ ᠮᠦᠩᠬᠦ ᠶᠢ ᠭᠤᠶᠤᠴᠢᠯᠠᠬᠤ᠂ ᠠᠵᠦ ᠠᠬᠤᠶᠢᠯᠠᠯ ᠤᠨ ᠦᠪᠡᠷᠳᠡᠭᠡᠨ ᠪᠡᠯᠡ ᠮᠦᠩᠬᠦ ᠴᠤᠭᠯᠠᠭᠤᠯᠬᠤ ᠵᠡᠷᠭᠡ | ᠠᠷᠭ᠎ᠠ ᠭᠡᠯᠪᠡᠷᠢ ᠪᠠᠷ᠂ ᠨᠠᠨ ᠰᠢᠶᠦ᠋ᠨ ᠪᠦᠯᠦᠭᠯᠡᠯ ᠤᠨ ᠰᠦᠨᠢᠳ ᠲᠤᠮᠤ ᠲᠤᠭ᠎ᠠ ᠪᠠᠷᠢᠮᠳᠠ ᠶᠢᠨ ᠠᠰᠢᠭᠯᠠᠯᠳᠠ ᠶᠢᠨ | ᠲᠦᠪ ᠤᠨ ᠪᠠᠶᠢᠭᠤᠯᠤᠯᠳᠠ ᠶᠢᠨ ᠲᠦᠷᠦᠯ ᠵᠦᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠤᠶᠤᠨᠴᠢ ᠵᠠᠰᠠᠭ | ᠤᠨ ᠶᠠᠪᠤᠳᠠᠯ᠂ ᠤᠶᠤᠨᠴᠢ ᠡᠮ ᠡᠮᠨᠡᠯᠬᠡ᠂ ᠤᠶᠤᠨᠴᠢ ᠰᠤᠷᠭᠠᠨ ᠬᠦᠮᠦᠵᠢᠯ᠂ ᠤᠶᠤᠨᠴᠢ ᠠᠵᠦ ᠦᠢᠯᠡᠰ᠂ ᠮᠠᠯᠵᠢᠬᠤ | ᠲᠠᠷᠢᠶᠠᠯᠠᠬᠤ ᠤᠷᠤᠨ ᠤ ᠰᠤᠷᠠᠭ ᠵᠠᠩᠬᠢᠵᠢᠯᠳᠡ ᠶᠢᠨ ᠪᠠᠶᠢᠭᠤᠯᠤᠯᠳᠠ ᠵᠡᠷᠭᠡ ᠭᠤᠤᠯᠳᠠᠯᠭ᠎ᠠ ᠲᠠᠢ ᠢᠨᠵᠧᠨᠧᠷᠢᠩ ᠤᠨ | ᠪᠠᠶᠢᠭᠤᠯᠤᠯᠳᠠ ᠶᠢ ᠭᠡᠷᠡᠭᠵᠢᠬᠦᠯᠵᠦ᠂ ᠤᠶᠤᠨᠴᠢ ᠬᠤᠳᠠ ᠶᠢ ᠪᠠᠶᠢᠭᠤᠯᠬᠤ ᠪᠠᠷ ᠴᠢᠷᠮᠡᠶᠢᠨ᠎ᠡ᠃ | ︵ᠲᠦᠷᠪᠡ︶ ᠰᠡᠳᠬᠢᠴᠠ ᠪᠠᠨ ᠲᠡᠯᠡᠵᠦ᠂ ᠬᠢᠷᠢ ᠲᠦᠪᠰᠢᠨ ᠢᠶᠠᠨ ᠲᠡᠭᠡᠭᠰᠢᠯᠡᠬᠦᠯᠵᠦ᠂ ᠠᠵᠦ ᠠᠬᠤᠢ ᠶᠢᠨ | ᠨᠡᠮᠡᠭᠳᠡᠯ ᠤᠨ ᠰᠢᠨ᠎ᠡ ᠬᠦᠴᠦᠨ ᠢ ᠡᠬᠦᠳᠤᠨ᠎ᠡ᠃ | ᠨᠢᠭᠡ ᠳᠤ ᠵᠢᠭᠤᠯᠴᠢᠯᠠᠯ ᠤᠨ ᠦᠢᠯᠡᠰ ᠢ ᠲᠦᠷᠬᠡᠨ ᠬᠦᠭᠵᠢᠬᠦᠯᠦᠨ᠎ᠡ᠃ ᠵᠢᠭᠤᠯᠴᠢᠯᠠᠯ ᠤᠨ ᠦᠢᠯᠡᠰ ᠪᠤᠯ | ᠢᠷᠡᠭᠡᠳᠦᠢ ᠲᠠᠢ ᠠᠵᠦ ᠦᠢᠯᠡᠰ ᠪᠠᠶᠢᠵᠦ᠂ ᠤᠯᠠᠨ ᠠᠵᠦ ᠦᠢᠯᠡᠰ ᠢ ᠲᠠᠶᠢᠴᠢᠯᠠᠵᠦ ᠴᠢᠳᠠᠨ᠎ᠠ᠃ ᠣᠷᠣᠨ ᠲᠤᠭᠤᠷᠢᠭ | ᠤᠨ ᠵᠢᠭᠤᠯᠴᠢᠯᠠᠯ ᠤᠨ ᠬᠦᠭᠵᠢᠯᠳᠡ ᠶᠢᠨ ᠬᠡᠯᠪᠡᠷᠢ ᠶᠢ ᠢᠳᠡᠪᠬᠢᠳᠡᠢ ᠪᠦᠷᠢᠯᠳᠤᠬᠦᠯᠵᠦ᠂ ᠵᠢᠭᠤᠯᠴᠢᠯᠠᠯ ᠤᠨ ᠡᠬᠢ | ᠪᠠᠶᠠᠯᠢᠭ ᠢ ᠨᠡᠶᠢᠯᠡᠬᠦᠯᠦᠨ ᠨᠡᠭᠡᠭᠡᠨ ᠬᠦᠭᠵᠢᠬᠦᠯᠬᠦ ᠶᠢ ᠰᠠᠶᠢᠳᠤᠷ ᠠᠳᠬᠤᠵᠦ᠂ ᠬᠠᠯᠠᠭᠤᠨ ᠷᠠᠰᠢᠶᠠᠨ ᠤ ᠵᠢᠭᠤᠯᠴᠢᠯᠠᠯ᠂ | ᠰᠦᠨᠢᠳ ᠸᠠᠩ ᠤᠨ ᠤᠷᠳᠤᠨ ᠤ ᠮᠥᠽᠸᠢ᠂ ᠠᠨᠳᠠ ᠥᠷᠳᠡᠭᠡ ᠵᠡᠷᠭᠡ ᠴᠢᠬᠤᠯᠠ ᠪᠤᠯᠬᠤ ᠲᠦᠷᠦᠯ ᠵᠤᠶᠢᠯ ᠤᠨ | ᠪᠥᠲᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠵᠦ᠂ ᠲᠠᠷᠬᠠᠢ ᠪᠤᠳᠠᠷᠬᠠᠢ ᠵᠢᠭᠤᠯᠴᠢᠯᠠᠯ ᠤᠨ | ᠴᠡᠭ ᠪᠤᠯᠤᠨ ᠵᠢᠭᠤᠯᠴᠢᠯᠠᠯ ᠤᠨ ᠡᠬᠢ ᠪᠠᠶᠠᠯᠢᠭ ᠢ ᠲᠦᠪᠯᠡᠷᠡᠬᠦᠯᠵᠦ᠂ ᠤᠷᠤᠨ ᠲᠤᠭᠤᠷᠢᠭ ᠤᠨ ᠵᠢᠭᠤᠯᠴᠢᠯᠠᠯ ᠤᠨ | ᠵᠤᠬᠢᠴᠠᠩᠭᠤᠢ ᠬᠦᠭᠵᠢᠯᠳᠡ᠂ ᠵᠦᠪ ᠬᠦᠭᠵᠢᠯᠳᠡ ᠪᠤᠯᠤᠨ ᠬᠠᠮᠳᠤᠷᠠᠯᠴᠠᠭᠰᠠᠨ ᠬᠦᠭᠵᠢᠯᠳᠡ ᠶᠢ ᠲᠦᠯᠬᠢᠨ | ᠠᠬᠢᠭᠤᠯᠤᠨ᠎ᠠ᠃ ᠲᠤᠮᠳᠠᠳᠤ ᠤᠯᠤᠰ ᠤᠨ ᠠᠩᠬ᠎ᠠ ᠵᠡᠷᠭᠡ ᠶᠢᠨ ᠡᠷᠡᠬᠦᠯ ᠬᠠᠮᠠᠭᠠᠯᠠᠯ ᠡᠷᠡᠬᠦᠯᠵᠢᠯ ᠤᠨ ᠰᠠᠭᠤᠷᠢ | ᠮᠦᠩᠬᠦᠨ ᠤ ᠨᠡᠶᠢᠬᠡᠮᠯᠢᠭ ᠤᠨ ᠠᠯᠪᠡᠨ ᠭᠡᠷ ᠲᠠᠢ ᠬᠠᠮᠳᠤᠷᠠᠯᠴᠠᠭ᠎ᠠ ᠪᠠᠨ ᠴᠢᠩᠭᠠᠳᠬᠠᠵᠦ᠂ ᠤᠷᠤᠨ ᠲᠤᠭᠤᠷᠢᠭ ᠤᠨ | ᠵᠢᠭᠤᠯᠴᠢᠯᠠᠯ ᠤᠨ ᠲᠥᠯᠦᠪᠵᠢᠬᠦᠯᠭᠡ ᠶᠢ ᠦᠨᠳᠤᠷ ᠪᠡᠷᠢᠮᠵᠢᠶ᠎ᠠ ᠪᠠᠷ ᠨᠠᠶᠢᠷᠠᠭᠤᠯᠤᠨ ᠲᠥᠰᠦᠪᠯᠡᠵᠦ᠂ ᠨᠢᠭᠡ ᠪᠥᠯᠦᠭ | ᠵᠢᠭᠤᠯᠴᠢᠯᠠᠯ ᠤᠨ ᠪᠥᠲᠦᠭᠡᠨ ᠪᠠᠶᠢᠭᠤᠯᠤᠯᠳᠠ ᠶᠢᠨ ᠲᠦᠷᠦᠯ ᠵᠤᠶᠢᠯ ᠢ ᠦᠨᠳᠤᠷ ᠪᠠᠷᠢᠮᠵᠢᠶ᠎ᠠ ᠪᠠᠷ ᠲᠦᠰᠦᠪᠯᠡᠨ᠎ᠡ᠃ ︽ | ᠲᠦᠷᠪᠡᠨ ᠶᠡᠭᠡ ᠪᠠᠶᠠᠷ ᠲᠤᠷᠠᠰᠬᠠᠯ︾ ᠤᠨ ᠲᠦᠷᠦᠯ ᠲᠡᠮᠳᠡᠭ ᠤᠨ ᠠᠵᠢᠯᠯᠠᠭ᠎ᠠ ᠳᠤ ᠲᠦᠰᠢᠭᠯᠡᠨ᠂ ︽ᠵᠢᠭᠤᠯᠴᠢᠯᠠᠯ | +︾ ᠪᠠᠶᠢᠯᠳᠤᠬᠤ ᠪᠤᠳᠤᠯᠭ᠎ᠠ ᠶᠢᠨ ᠬᠦᠭᠵᠢᠯᠳᠡ ᠶᠢᠨ ᠰᠢᠨ᠎ᠡ ᠤᠶᠢᠯᠡᠰ ᠢ ᠲᠦᠷᠭᠡᠨ ᠬᠦᠭᠵᠢᠬᠦᠯᠵᠦ᠂ ᠤᠨᠴᠠᠯᠢᠭᠳᠤ | ᠰᠤᠶᠤᠯ ᠤᠨ ᠡᠬᠢ ᠪᠠᠶᠠᠯᠢᠭ ᠢ ᠬᠦᠨᠵᠡᠬᠡᠢ ᠠᠭᠤᠳᠠᠯᠯᠠᠨ᠂ ᠨᠢᠭᠡ ᠪᠥᠯᠦᠭ ᠰᠢᠯᠢᠳᠡᠭ ᠵᠢᠭᠤᠯᠴᠢᠯᠠᠯ ᠰᠤᠶᠤᠯ ᠤᠨ | ᠲᠦᠷᠦᠯ ᠵᠤᠶᠢᠯ ᠪᠤᠯᠤᠨ ᠪᠥᠲᠦᠭᠡᠭᠳᠡᠬᠦᠨ ᠢ ᠢᠳᠡᠪᠬᠢᠲᠠᠢ ᠲᠦᠰᠦᠪᠯᠡᠨ ᠲᠠᠨᠢᠯᠴᠠᠭᠤᠯᠵᠦ᠂ ᠰᠦᠨᠢᠳ ᠤᠨ ᠲᠠᠯ᠎ᠠ | ᠨᠤᠳᠤᠭ ᠤᠨ ᠰᠤᠶᠤᠯ᠂ ᠠᠷᠠᠳ ᠤᠨ ᠵᠠᠩ ᠦᠢᠯᠡ ᠶᠢ ᠪᠦᠬᠦ ᠲᠠᠯ᠎ᠠ ᠪᠠᠷ ᠰᠠᠶᠢᠳᠤᠷ ᠬᠠᠷᠠᠭᠤᠯᠵᠦ᠂ ᠰᠤᠶᠤᠯ ᠲᠠᠮᠢᠷ | ᠵᠢᠭᠤᠯᠴᠢᠯᠠᠯ ᠤᠨ ᠬᠦᠨᠵᠡᠭᠡᠢ ᠠᠭᠤᠰᠤᠯᠴᠠᠯ ᠢ ᠠᠬᠢᠭᠤᠯᠤᠨ᠎ᠠ᠃ ︽ᠭᠠᠷᠠᠭ ᠤᠨ ᠰᠡᠭᠦᠯᠴᠢ ᠶᠢᠨ ᠰᠦᠨᠢᠳ︾ | ᠮᠠᠯᠴᠢᠨ ᠠᠶᠢᠯ ᠤᠨ ᠠᠮᠢᠳᠤᠷᠠᠯ ᠤᠨ ᠬᠡᠯᠪᠡᠷᠢ ᠶᠢ ᠬᠦᠢᠴᠡᠳ ᠠᠰᠢᠭᠯᠠᠵᠦ᠂ ︽ᠮᠠᠯᠴᠢᠨ ᠠᠶᠢᠯ︾ ᠪᠤᠯᠤᠨ ︽ | ᠲᠠᠷᠢᠶᠠᠴᠢᠨ ᠠᠶᠢᠯ︾ ᠵᠡᠷᠭᠡ ᠬᠦᠳᠡᠭᠡ ᠲᠤᠰᠬᠤᠨ ᠤ ᠵᠢᠭᠤᠯᠴᠢᠯᠠᠯ ᠤᠨ ᠤᠶᠢᠯᠡᠰ ᠢ ᠲᠦᠷᠢᠮᠵᠢᠬᠦᠯᠦᠨ ᠬᠠᠮᠢᠶᠠᠷᠴᠦ᠂ | ᠢᠳᠡᠭᠡᠨ ᠤᠮᠳᠠᠭᠠᠨ ᠪᠠᠭᠤᠳᠠᠯ ᠵᠡᠷᠭᠡ ᠵᠢᠭᠤᠯᠴᠢᠯᠠᠯ ᠤᠨ ᠦᠢᠯᠡᠴᠢᠯᠠᠬᠡᠨ ᠤ ᠠᠵᠢᠯ ᠲᠦᠷᠦᠯ ᠤᠨ ᠪᠠᠷᠢᠮᠵᠢᠶ᠎ᠠ ᠶᠢ | ᠲᠤᠭᠳᠠᠭᠠᠨ᠂ ᠵᠢᠭᠤᠯᠴᠢᠯᠠᠯ ᠤᠨ ᠤᠶᠢᠯᠡᠴᠢᠯᠡᠭᠡᠨ ᠤ ᠬᠦᠯᠢᠶᠠᠨ ᠠᠪᠴᠦ ᠵᠤᠴᠢᠯᠠᠬᠤ ᠴᠢᠳᠠᠪᠬᠢ ᠶᠢ | ᠲᠡᠭᠡᠭᠰᠢᠯᠡᠬᠦᠯᠦᠨ᠎ᠡ᠃ ᠵᠢᠱᠢᠯᠳᠠ ᠪᠠᠷ᠂ ᠵᠢᠯ ᠤᠨ ᠲᠤᠳᠤᠷ᠎ᠡ 25 ᠲᠦᠮᠡᠨ ᠬᠦᠮᠦᠨ ᠤᠳᠠᠭᠠᠨ ᠤ ᠵᠢᠭᠤᠯᠴᠢᠯᠠᠭᠰᠠᠳ | ᠢ ᠲᠠᠳᠠᠵᠦ᠂ ᠵᠢᠭᠤᠯᠴᠢᠯᠠᠯ ᠤᠨ ᠤᠷᠤᠯᠭ᠎ᠠ ᠶᠢ 8000 ᠲᠦᠮᠡᠨ ᠲᠦᠬᠦᠷᠢᠭ ᠪᠠᠶᠠᠯᠠᠬᠦᠯᠦᠨ᠎ᠡ᠃ | ᠬᠤᠶᠠᠷ ᠲᠤ ᠦᠢᠯᠡᠴᠢᠯᠠᠬᠡᠨ ᠤ ᠦᠢᠯᠡᠰ ᠤᠨ ᠪᠦᠬᠦᠯᠢ ᠴᠤᠭᠴᠠ ᠶᠢᠨ ᠬᠢᠷᠢ ᠲᠦᠪᠰᠢᠨ ᠢ ᠴᠢᠷᠮᠠᠶᠢᠨ | ᠲᠡᠭᠡᠭᠰᠢᠯᠡᠬᠦᠯᠦᠨ᠎ᠡ᠃ ᠢᠳᠡᠭᠡᠨ ᠤᠮᠳᠠᠭᠠᠨ᠂ ᠬᠤᠨᠤᠭ ᠪᠠᠶᠢᠷᠢ ᠵᠡᠷᠭᠡ ᠤᠯᠠᠮᠵᠢᠯᠠᠯᠳᠤ ᠦᠢᠯᠡᠴᠢᠯᠠᠬᠡᠨ ᠤ ᠦᠢᠯᠡᠰ ᠤᠨ | ᠦᠬᠡᠷᠡᠴᠢᠯᠠᠯᠳᠠ ᠪᠡ ᠲᠡᠰ ᠲᠡᠪᠰᠢᠯᠳᠡ ᠶᠢ ᠪᠦᠬᠦ ᠲᠠᠯ᠎ᠠ ᠪᠠᠷ ᠰᠠᠶᠢᠳᠤᠷ ᠬᠢᠵᠦ᠂ ᠤᠯᠠᠮᠵᠢᠯᠠᠯᠳᠤ ᠦᠢᠯᠡᠴᠢᠯᠠᠬᠡᠨ ᠤ | ᠦᠢᠯᠡᠰ ᠢ ᠨᠠᠷᠢᠯᠢᠭᠵᠢᠭᠤᠯᠤᠨ᠂ ᠴᠢᠨᠡᠷ ᠢ ᠲᠡᠭᠡᠭᠰᠢᠯᠡᠬᠦᠯᠵᠦ᠂ ᠢᠳᠡᠭᠡᠨ ᠤᠮᠳᠠᠭᠠᠨ ᠬᠤᠨᠤᠭ ᠪᠠᠶᠢᠷᠢ ᠶᠢᠨ ᠦᠢᠯᠡᠰ | ᠤᠨ ᠡᠷᠡᠬᠦᠯ ᠬᠦᠭᠵᠢᠯᠳᠡ ᠶᠢ ᠠᠬᠢᠭᠤᠯᠤᠨ᠎ᠠ᠃ ᠰᠢᠨ᠎ᠡ ᠭᠡᠯᠪᠡᠷᠢ ᠶᠢᠨ ᠤᠳᠤ ᠦᠶ᠎ᠠ ᠶᠢᠨ ᠦᠢᠯᠡᠴᠢᠯᠠᠬᠡᠨ ᠤ ᠦᠢᠯᠡᠰ | ᠢ ᠶᠡᠭᠡᠪᠡᠷ ᠬᠦᠭᠵᠢᠬᠦᠯᠵᠦ᠂ ᠭᠡᠷ ᠤᠨ ᠠᠵᠢᠯ ᠤᠨ ᠦᠢᠯᠡᠴᠢᠯᠠᠬᠡᠨ ᠤ ᠪᠠᠶᠢᠭᠤᠯᠤᠮᠵᠢ ᠶᠢ ᠡᠬᠦᠰᠬᠡᠨ ᠪᠠᠶᠢᠭᠤᠯᠵᠦ | ᠡᠵᠡᠩᠨᠡᠬᠦ ᠶᠢ ᠵᠤᠷᠢᠭᠵᠢᠭᠤᠯᠤᠨ᠂ ᠲᠠᠪᠰᠢᠭᠰᠠᠨ ᠬᠠᠮᠢᠶᠠᠷᠤᠯᠳᠠ ᠲᠠᠢ᠂ ᠦᠢᠯᠡᠴᠢᠯᠡᠭᠡ ᠰᠠᠶᠢᠨ ᠭᠡᠷ ᠤᠨ ᠠᠵᠢᠯ ᠤᠨ | ᠦᠢᠯᠡᠴᠢᠯᠠᠬᠡᠨ ᠤ ᠺᠤᠮᠫᠠᠨᠢ ᠶᠢ ᠢᠳᠡᠪᠬᠢᠳᠡᠢ ᠬᠦᠭᠵᠢᠬᠦᠯᠦᠨ᠎ᠡ᠃ ᠤᠷᠤᠨ ᠪᠠᠶᠢᠷᠢᠰᠢᠯ ᠪᠠ ᠵᠡᠮ ᠬᠠᠷᠢᠯᠴᠠᠭᠠᠨ ᠤ | ᠲᠠᠪᠠᠭᠤᠯᠢᠭ ᠢ ᠬᠦᠢᠴᠡᠳ ᠪᠠᠳᠠᠷᠠᠭᠤᠯᠵᠦ᠂ ᠤᠳᠤ ᠦᠶ᠎ᠠ ᠶᠢᠨ ᠡᠳ᠋ ᠪᠠᠷᠠᠭᠠᠨ ᠤ ᠬᠦᠢᠯᠬᠡᠬᠡᠨ ᠤ ᠦᠢᠯᠡᠰ ᠤᠨ | ᠬᠦᠭᠵᠢᠯᠳᠡ ᠶᠢ ᠠᠬᠢᠭᠤᠯᠵᠦ᠂ ᠲᠠᠯ᠎ᠠ ᠨᠤᠳᠤᠭ ᠤᠨ ᠤᠨᠴᠠᠯᠢᠭ ᠪᠠ ᠦᠨᠳᠤᠰᠤᠳᠠᠨ ᠤ ᠤᠨᠴᠠᠯᠢᠭ ᠲᠠᠢ ᠨᠠᠰᠤᠵᠢᠯ | ᠤᠨ ᠠᠰᠠᠷᠠᠮᠵᠢ᠂ ᠪᠠᠶ᠎ᠠ ᠲᠡᠮᠢᠷ᠂ ᠡᠮ ᠡᠮᠨᠡᠯᠬᠡ ᠡᠷᠡᠬᠦᠯᠵᠢᠯ ᠵᠡᠷᠭᠡ ᠰᠢᠨ᠎ᠡ ᠦᠢᠯᠡᠴᠢᠯᠠᠬᠡᠨ ᠤ ᠦᠢᠯᠡᠰ ᠤᠨ | ᠬᠦᠭᠵᠢᠯᠳᠡ ᠶᠢ ᠠᠬᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠤᠷᠤᠨ ᠤ | ᠵᠢᠱᠢᠶ᠎ᠠ ᠦᠵᠡᠬᠦᠯᠬᠦ ᠲᠦᠷᠦᠯ ᠵᠦᠢᠯ ᠳᠤ ᠤᠷᠤᠭᠤᠯᠬᠤ ᠶᠢ ᠠᠬᠢᠭᠤᠯᠵᠦ᠂ ᠵᠡᠮᠳᠡᠭᠴᠤᠳ ᠢ ᠠᠰᠠᠷᠠᠨ ᠬᠠᠷᠠᠭᠠᠯᠵᠠᠬᠤ | ᠦᠢᠯᠡᠴᠢᠯᠠᠬᠡᠨ ᠤ ᠲᠦᠪ ᠪᠤᠯᠤᠨ ᠮᠠᠯᠴᠢᠨ ᠠᠶᠢᠯ ᠤᠨ ᠨᠠᠰᠤᠳᠠᠨ ᠢ ᠠᠰᠠᠷᠠᠬᠤ ᠲᠦᠪ ᠤᠨ ᠠᠰᠢᠭᠯᠠᠯᠳᠠ ᠳᠤ | ᠤᠷᠤᠬᠤ ᠶᠢ ᠪᠠᠳᠤᠯᠠᠨ᠎ᠠ᠃ | ︵ᠲᠠᠪᠤ︶ ᠪᠤᠬᠢᠷᠳᠤᠯ ᠦᠭᠡᠢ ᠬᠦᠭᠵᠢᠯᠳᠡ ᠶᠢᠨ ᠦᠵᠡᠯᠳᠡ ᠶᠢ ᠪᠠᠳᠤ ᠪᠠᠬᠢ ᠪᠤᠢ ᠪᠤᠯᠭᠠᠵᠦ᠂ ᠠᠮᠢ ᠠᠬᠤᠢ | ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠦᠨ᠎ᠡ᠃ | ᠨᠢᠭᠡ ᠳᠤ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠲᠠᠯ᠎ᠠ | ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ ᠢᠮᠡᠭ᠌ᠳᠠ ᠪᠠᠷᠢᠮᠳᠠᠯᠠᠵᠦ᠂ ᠬᠠᠮᠤᠭ ᠴᠢᠩᠭ᠎ᠠ ᠬᠠᠮᠢᠶᠠᠷᠤᠯᠳᠠ ᠶᠢᠨ | ᠲᠦᠷᠢᠮ ᠢ ᠬᠡᠷᠡᠭᠵᠢᠬᠦᠯᠵᠦ᠂ ᠨᠤᠳᠤᠭ ᠪᠡᠯᠴᠢᠭᠡᠷ ᠤᠨ ᠲᠠᠯᠠᠪᠠᠢ ᠶᠢᠨ ᠬᠤᠷᠤᠭᠳᠠᠯ᠂ ᠴᠢᠨᠠᠷ ᠤᠨ ᠮᠠᠭᠤᠳᠠᠯ ᠢ | ᠬᠤᠷᠢᠭᠯᠠᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠪᠠᠨ ᠴᠢᠩᠭᠠᠳᠬᠠᠵᠦ᠂ ᠨᠤᠳᠤᠭ ᠪᠡᠯᠴᠢᠭᠡᠷ | ᠲᠠᠳᠠᠪᠤᠷᠢᠯᠠᠨ ᠡᠵᠡᠯᠡᠬᠦ ᠶᠢ ᠬᠢᠨᠠᠨ ᠬᠠᠷᠭᠤᠭᠤᠯᠵᠦ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠬᠦᠯᠵᠦ᠂ ᠲᠠᠯ᠎ᠠ | ᠨᠤᠳᠤᠭ ᠤᠨ ᠠᠮᠢ ᠠᠬᠤᠢ ᠶᠢᠨ ᠬᠢᠨᠠᠨ ᠬᠡᠮᠵᠢᠯᠳᠡ ᠪᠤᠯᠤᠨ ᠲᠤᠭᠳᠠᠭᠰᠠᠨ ᠬᠤᠭᠤᠴᠠᠭᠠᠨ ᠳᠤ ᠮᠡᠳᠡᠬᠦᠯᠬᠦ ᠲᠦᠷᠢᠮ ᠢ | ᠪᠠᠶᠢᠭᠤᠯᠵᠦ᠂ ᠬᠠᠤᠯᠢ ᠪᠤᠰᠤ ᠪᠠᠷ ᠠᠳᠠᠷ ᠬᠠᠭᠠᠯᠪᠤᠷᠢᠯᠠᠬᠤ᠂ ᠲᠤᠷᠠᠪᠡᠷ ᠢᠶᠠᠨ ᠠᠭᠤᠷᠬᠠᠢ ᠮᠠᠯᠳᠠᠬᠤ ᠵᠡᠷᠭᠡ ᠲᠠᠯ᠎ᠠ | ᠨᠤᠳᠤᠭ ᠤᠨ ᠠᠮᠢ ᠠᠬᠤᠢ ᠶᠢ ᠰᠦᠢᠳᠬᠡᠭᠰᠡᠨ ᠠᠵᠢᠯᠯᠠᠭ᠎ᠠ ᠳᠤ ᠡᠷᠡᠰ ᠴᠤᠬᠢᠯᠳᠠ ᠦᠭᠬᠦᠨ᠎ᠡ᠃ ᠪᠠᠶᠢᠭᠠᠯᠢ ᠶᠢᠨ ᠡᠬᠢ | ᠪᠠᠶᠠᠯᠢᠭ ᠤᠨ ᠨᠠᠶᠢᠳᠠᠮ ᠪᠠᠶᠢᠴᠠᠭᠠᠯᠳᠠ ᠶᠢ ᠢᠳᠡᠪᠬᠢᠳᠡᠢ ᠦᠷᠨᠢᠬᠦᠯᠵᠦ᠂ ᠦᠨᠳᠤᠰᠤᠨ ᠪᠠᠶᠢᠳᠠᠯ ᠢ ᠨᠢ ᠦᠢᠯᠠᠭᠠᠨ᠂ | ᠲᠤᠭ᠎ᠠ ᠪᠡᠷᠢᠮᠳᠡ ᠶᠢᠨ ᠬᠦᠮᠦᠷᠭᠡ ᠪᠠᠶᠢᠭᠤᠯᠤᠨ᠎ᠠ᠃ ᠭᠠᠵᠡᠷ ᠰᠢᠷᠦᠢ ᠨᠤᠳᠤᠭ ᠪᠡᠯᠴᠢᠬᠡᠷ ᠤᠨ ᠲᠠᠭᠠᠭᠠᠴᠢᠯᠠᠯᠳᠠ ᠶᠢᠨ | ᠡᠷᠭᠡ ᠶᠢ ᠡᠷᠬᠢᠯᠳᠤᠬᠦᠯᠬᠦ ᠶᠠᠪᠤᠴᠠ ᠪᠡ ᠦᠢᠯᠨ ᠠᠵᠢᠯᠯᠠᠭ᠎ᠠ ᠶᠢ ᠬᠠᠤᠯᠢ ᠪᠠᠷ ᠵᠢᠷᠤᠮᠵᠢᠭᠤᠯᠵᠦ᠂ ᠭᠠᠵᠡᠷ ᠰᠢᠷᠦᠢ ᠶᠢᠨ | ᠲᠠᠭᠠᠭᠠᠴᠢᠯᠠᠯᠳᠠ ᠶᠢᠨ ᠡᠷᠭᠡ ᠶᠢ ᠨᠤᠳᠠᠯᠠᠬᠤ ᠠᠵᠢᠯ ᠢ ᠡᠬᠢᠯᠡᠨ ᠭᠡᠷᠡᠭᠵᠢᠬᠦᠯᠵᠦ᠂ ᠨᠣᠳᠤᠭ ᠪᠡᠯᠴᠢᠭᠡᠷ ᠤᠨ | ᠳᠠᠭᠠᠭᠠᠴᠢᠯᠠᠯᠳᠠ ᠶᠢᠨ ᠡᠷᠭᠡ ᠶᠢ ᠨᠣᠳᠠᠯᠠᠬᠤ ᠠᠵᠢᠯ ᠢ ᠦᠷᠭᠦᠯᠵᠢᠯᠡᠨ ᠦᠷᠨᠢᠭᠦᠯᠵᠦ᠂ ᠦᠮᠴᠢᠯᠡᠯ ᠤᠨ ᠡᠷᠭᠡ᠂ | ᠳᠠᠭᠠᠭᠠᠴᠢᠯᠠᠯᠳᠠ ᠶᠢᠨ ᠡᠷᠭᠡ᠂ ᠡᠵᠡᠩᠨᠡᠯᠳᠡ ᠶᠢᠨ ᠡᠷᠭᠡ ︽ᠭᠤᠷᠪᠠᠨ ᠡᠷᠭᠡ ᠶᠢᠨ ᠬᠤᠪᠢᠶᠠᠷᠢᠯᠠᠯᠳᠠ︾ ᠶᠢ | ᠠᠬᠢᠭᠤᠯᠵᠣ᠂ ᠭᠠᠵᠠᠷ ᠰᠢᠷᠣᠢ ᠨᠣᠳᠤᠭ ᠪᠡᠯᠴᠢᠭᠡᠷ ᠤᠨ ᠡᠬᠢ ᠪᠠᠶᠠᠯᠢᠭ ᠤᠨ ᠠᠰᠢᠭᠯᠠᠯᠳᠠ ᠶᠢ ᠠᠬᠢᠭᠤᠯᠣᠨ᠎ᠠ᠃ | ᠬᠡᠭᠡᠷ᠎ᠡ ᠶᠢᠨ ᠠᠮᠢᠳᠠᠨ ᠣᠷᠣᠰᠢᠨ ᠠᠮᠢᠳᠣᠷᠠᠵᠣ ᠪᠠᠶᠢᠭ᠎ᠠ ᠭᠠᠵᠠᠷ ︵ᠬᠠᠮᠠᠭᠠᠯᠠᠯᠳᠠ ᠶᠢᠨ ᠣᠷᠣᠨ︶ ᠢ ᠰᠠᠶᠢᠳᠣᠷ | ᠲᠦᠯᠦᠪᠯᠡᠨ ᠮᠡᠳᠡᠭᠦᠯᠵᠦ᠂ ᠲᠠᠯ᠎ᠠ ᠨᠣᠳᠤᠭ ᠤᠨ ᠠᠮᠢ ᠠᠬᠤᠢ ᠶᠢᠨ ᠰᠢᠰᠲ᠋ᠧᠮ ᠤᠨ ᠲᠡᠩᠴᠡᠭᠦᠷᠢ ᠶᠢ ᠠᠬᠢᠭᠤᠯᠣᠨ᠎ᠠ᠃ | ᠠᠮᠢ ᠠᠬᠤᠢ ᠶᠢᠨ ᠪᠣᠯᠪᠠᠰᠣᠨ ᠤ ᠲᠦᠷᠢᠮ ᠤᠨ ᠦᠭᠡᠷᠡᠴᠢᠯᠯᠡᠳᠡ ᠶᠢ ᠬᠦᠨᠵᠡᠭᠡᠢ ᠠᠬᠢᠭᠤᠯᠵᠣ᠂ ᠠᠮᠢ ᠠᠬᠤᠢ ᠶᠢᠨ | ᠬᠠᠮᠠᠭᠠᠯᠠᠯᠳᠠ ᠶᠢᠨ ᠪᠦᠲᠦᠭᠡᠨ ᠪᠠᠶᠢᠭᠤᠯᠣᠯᠳᠠ ᠶᠢᠨ ᠠᠵᠢᠯ ᠤᠨ ᠬᠠᠣᠯᠢᠵᠢᠯᠳᠠ ᠲᠦᠷᠢᠮᠵᠢᠯᠳᠠ ᠶᠢ ᠠᠬᠢᠭᠤᠯᠣᠨ᠎ᠠ᠃ | ᠬᠤᠶᠠᠷ ᠲᠤ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠬᠦᠴᠦ ᠲᠠᠯᠪᠢᠨ ᠬᠡᠷᠡᠭᠵᠢᠭᠦᠯᠦᠨ᠎ᠡ᠃ ᠰᠢᠨ᠎ᠡ | ᠡᠭᠡᠯᠵᠢ ᠶᠢᠨ ᠲᠠᠯ᠎ᠠ ᠨᠣᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠨᠠᠷᠢᠨ | ᠬᠢᠨᠠᠮᠠᠭᠠᠢ ᠨᠠᠶᠢᠳᠠᠪᠣᠷᠢᠵᠢᠭᠤᠯᠵᠣ᠂ ᠪᠡᠯᠴᠢᠭᠡᠷᠯᠡᠭᠦᠯᠬᠦ ᠶᠢ ᠵᠣᠭᠰᠣᠭᠠᠬᠤ᠂ ᠮᠠᠯ ᠪᠡᠯᠴᠢᠭᠡᠷ ᠤᠨ ᠲᠡᠩᠴᠡᠭᠦᠷᠢ ᠶᠢ | ᠪᠠᠳᠣᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠮᠠᠯᠵᠢᠬᠤ ᠶᠢ ᠵᠣᠭᠰᠣᠭᠠᠬᠤ ᠣᠷᠣᠨ ᠳᠤ ᠨᠢᠭᠡᠴᠦ ᠮᠠᠯ | ᠣᠷᠣᠭᠤᠯᠬᠤ ᠦᠭᠡᠢ᠂ ᠲᠡᠩᠴᠡᠭᠦᠷᠢ ᠶᠢᠨ ᠣᠷᠣᠨ ᠳᠤ ᠳᠠᠭᠠᠭᠠᠴᠠ ᠠᠴᠠ ᠭᠡᠳᠦᠷᠡᠭᠦᠯᠦᠨ ᠮᠠᠯᠵᠢᠬᠤ ᠦᠭᠡᠢ ᠪᠠᠶᠢᠵᠣ᠂ | ᠳᠠᠭᠠᠭᠠᠴᠠ ᠠᠴᠠ ᠬᠡᠳᠦᠷᠡᠭᠦᠯᠪᠡᠯ ᠪᠦᠬᠦ ᠨᠦᠬᠦᠪᠦᠷᠢ ᠱᠠᠩᠨᠠᠯ ᠤᠨ ᠮᠦᠩᠭᠦ ᠶᠢ ᠨᠢ ᠣᠯᠭᠤᠬᠤ ᠦᠭᠡᠢ ᠮᠦᠷᠳᠡᠭᠡᠨ | ᠬᠠᠣᠯᠢ ᠪᠠᠷ ᠰᠢᠳᠭᠡᠵᠦ᠂ ᠮᠠᠯᠵᠢᠯ ᠳᠤ ᠬᠤᠯᠪᠣᠭᠳᠠᠬᠤ ᠠᠯᠢᠪᠠ ᠲᠦᠷᠦᠯ ᠵᠦᠢᠯ ᠢ ᠣᠯᠭᠤᠬᠤ ᠦᠭᠡᠢ᠃ ᠲᠠᠯ᠎ᠠ | ᠨᠣᠳᠤᠭ ᠤᠨ ᠬᠠᠣᠯᠢ ᠬᠡᠷᠡᠭᠵᠢᠭᠦᠯᠦᠨ ᠬᠢᠨᠠᠯᠳᠠ ᠲᠠᠯᠪᠢᠬᠤ ᠬᠦᠴᠦᠨ ᠢ ᠴᠢᠩᠭᠠᠳᠬᠠᠵᠣ᠂ ᠪᠡᠯᠴᠢᠭᠡᠷ ᠤᠨ ᠳᠠᠭᠠᠭᠠᠴᠠ | ᠠᠴᠠ ᠬᠡᠳᠦᠷᠡᠭᠰᠡᠨ ᠮᠠᠯ ᠢ ᠵᠢᠷᠭᠤᠭᠠᠨ ᠰᠠᠷ᠎ᠠ ᠠᠴᠠ ᠡᠮᠦᠨ᠎ᠡ ᠡᠷᠭᠡᠪᠰᠢ ᠴᠢᠷᠮᠠᠶᠢᠨ ᠰᠢᠢᠳᠪᠦᠷᠢᠯᠡᠬᠦ ᠬᠡᠷᠡᠭᠳᠠᠢ᠃ | ᠪᠡᠭᠡᠵᠢᠩ ᠲᠢᠶᠠᠨᠵᠢᠨ ᠤ ᠡᠯᠡᠰᠦᠨ ᠤ ᠡᠭᠢ ᠶᠢ ᠵᠠᠰᠠᠬᠤ᠂ ᠭᠤᠣᠯᠳᠠᠯᠭ᠎ᠠ ᠲᠠᠢ ᠣᠷᠣᠨ ᠲᠣᠭᠤᠷᠢᠭ ᠢ ᠣᠶᠢᠵᠢᠭᠤᠯᠣᠨ | ᠨᠣᠭᠤᠭᠠᠷᠠᠭᠤᠯᠬᠤ ᠵᠡᠷᠭᠡ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠰᠠᠶᠢᠳᠣᠷ ᠵᠣᠬᠢᠶᠠᠨ ᠪᠠᠶᠢᠭᠤᠯᠣᠨ | ᠬᠡᠷᠡᠭᠵᠢᠭᠦᠯᠵᠦ᠂ ︽ᠭᠤᠷᠪᠠᠨ ᠣᠷᠣᠨ ᠬᠤᠶᠠᠷ ᠱᠣᠭᠤᠮ︾ ᠤᠨ ᠣᠷᠴᠢᠨ ᠲᠣᠭᠤᠷᠢᠨ ᠢ ᠵᠠᠰᠠᠬᠤ ᠪᠣᠯᠣᠨ ᠠᠭᠤᠷᠬᠠᠢ | ᠶᠢᠨ ᠣᠷᠴᠢᠨ ᠲᠣᠭᠤᠷᠢᠨ ᠢ ᠶᠡᠷᠦᠩᠭᠡᠶᠢᠯᠡᠨ ᠵᠠᠰᠠᠬᠤ ᠬᠦᠴᠦᠨ ᠢᠶᠠᠨ ᠴᠢᠩᠭᠠᠳᠬᠠᠵᠣ᠂ ᠠᠮᠢ ᠠᠬᠤᠢ ᠶᠢ ᠬᠠᠮᠠᠭᠠᠯᠠᠬᠤ | ᠪᠦᠲᠦᠭᠡᠨ ᠪᠠᠶᠢᠭᠤᠯᠣᠯᠳᠠ ᠶᠢᠨ ᠦᠷ᠎ᠡ ᠪᠦᠲᠦᠮᠵᠢ ᠶᠢ ᠪᠠᠳᠣᠳᠬᠠᠬᠤ ᠬᠡᠷᠡᠭᠳᠠᠢ᠃ ᠦᠨᠦ ᠵᠢᠯ ᠳᠤ᠂ 2587 | ᠲᠦᠮᠡᠨ ᠲᠦᠭᠦᠷᠢᠭ ᠤᠨ ᠪᠡᠯᠡ ᠣᠷᠣᠭᠤᠯᠵᠣ᠂ 2 ᠲᠦᠮᠡᠨ ᠮᠣ᠋ ᠭᠠᠵᠠᠷ ᠢ ᠨᠢᠰᠭᠡᠯ ᠢᠶᠠᠷ ᠣᠶᠢᠵᠢᠭᠤᠯᠣᠨ᠂ 15 | ᠲᠦᠮᠡᠨ ᠮᠣ᠋ ᠭᠠᠵᠠᠷ ᠢ ᠬᠦᠷᠢᠶᠡᠯᠡᠨ ᠣᠶᠢᠵᠢᠭᠤᠯᠵᠣ᠂ 0.4 ᠲᠦᠮᠡᠨ ᠮᠣ᠋ ᠡᠯᠡᠰᠦ ᠶᠢ ᠲᠣᠭᠳᠠᠪᠣᠷᠢᠵᠢᠭᠤᠯᠣᠨ᠂ 0. | 05 ᠲᠦᠮᠡᠨ ᠮᠣ᠋ ᠭᠠᠵᠠᠷ ᠢ ᠬᠦᠮᠦᠨ ᠤ ᠬᠦᠴᠦ ᠪᠠᠷ ᠣᠶᠢᠵᠢᠭᠤᠯᠵᠣ᠂ 30 ᠭᠠᠵᠠᠷ ᠲᠤ ᠣᠰᠣ ᠠᠷᠪᠢᠯᠠᠨ | ᠣᠰᠣᠯᠠᠯᠳᠠ ᠬᠢᠵᠦ᠂ 6 ᠳᠡᠭᠰᠢ ᠳᠦᠷᠪᠡᠯᠵᠢᠨ ᠺᠢᠯᠣᠮᠧᠲᠷ ᠤᠨ ᠵᠢᠵᠢᠭ ᠣᠷᠣᠰᠬᠠᠯ ᠢ ᠵᠠᠰᠠᠵᠣ᠂ 40 ᠣᠰᠣᠨ ᠤ | ᠡᠬᠢ ᠰᠣᠷᠪᠣᠯᠵᠢ ᠶᠢᠨ ᠢᠨᠵᠧᠨᠧᠷᠢᠩ ᠢ ᠪᠠᠶᠢᠭᠤᠯᠵᠣ᠂ ᠠᠮᠢ ᠠᠬᠤᠢ ᠶᠢᠨ ᠣᠷᠴᠢᠨ ᠲᠣᠭᠤᠷᠢᠨ ᠤ ᠰᠠᠶᠢᠵᠢᠷᠠᠯᠳᠠ ᠶᠢ | ᠨᠡᠩ ᠠᠬᠢᠭᠤᠯᠣᠨ᠎ᠠ᠃ ᠣᠯᠣᠰ ᠤᠨ ᠡᠵᠡᠩᠨᠡᠯᠲᠦ ᠣᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠳᠡ ᠶᠢ ᠪᠦᠬᠦ ᠲᠠᠯ᠎ᠠ | ᠪᠠᠷ ᠠᠬᠢᠭᠤᠯᠣᠨ᠎ᠠ᠃ ᠠᠵᠣ ᠦᠢᠯᠡᠰ ᠤᠨ ᠰᠠᠭᠤᠷᠢ ᠮᠦᠩᠭᠦ ᠶᠢ ᠢᠳᠡᠪᠬᠢᠳᠠᠢ ᠭᠤᠶᠣᠴᠢᠯᠠᠵᠣ᠂ ᠬᠠᠮᠠᠭᠠᠯᠠᠯᠳᠠ ᠶᠢᠨ | ᠣᠢ ᠶᠢᠨ ᠢᠨᠵᠧᠨᠧᠷᠢᠩ ᠢ ᠪᠦᠲᠦᠭᠡᠨ ᠪᠠᠶᠢᠭᠤᠯᠵᠣ᠂ ᠣᠢ ᠰᠢᠭᠤᠢ ᠶᠢᠨ ᠠᠵᠣ ᠠᠬᠤᠢ ᠶᠢ ᠬᠦᠭᠵᠢᠭᠦᠯᠦᠨ᠎ᠡ᠃ | ᠭᠤᠷᠪᠠ ᠳᠤ ᠣᠷᠴᠢᠨ ᠲᠣᠭᠤᠷᠢᠨ ᠤ ᠬᠠᠮᠠᠭᠠᠯᠠᠯᠳᠠ ᠶᠢᠨ ᠬᠦᠴᠦᠨ ᠢᠶᠠᠨ ᠴᠢᠩᠭᠠᠳᠬᠠᠨ᠎ᠠ᠃ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠳᠣᠯ ᠦᠭᠡᠢ ᠬᠦᠭᠵᠢᠯᠳᠡ ᠶᠢᠨ ᠦᠵᠡᠯᠳᠡ ᠶᠢ ᠪᠣᠢ ᠪᠣᠯᠭᠠᠨ᠎ᠠ᠃ ᠣᠰᠣᠨ ᠤ ᠡᠬᠢ | ᠪᠠᠶᠠᠯᠢᠭ ᠤᠨ ᠴᠢᠩᠭ᠎ᠠ ᠬᠠᠮᠢᠶᠠᠷᠣᠯᠳᠠ ᠶᠢᠨ ᠲᠦᠷᠢᠮ ᠢ ᠬᠡᠷᠡᠭᠵᠢᠭᠦᠯᠦᠨ᠎ᠡ᠃ ᠲᠦᠷᠦᠯ ᠵᠦᠢᠯ ᠢ ᠬᠢᠨᠠᠨ ᠵᠦᠪᠰᠢᠶᠡᠷᠡᠬᠦ | ᠠᠵᠢᠯ ᠢ ᠣᠯᠠᠮ ᠴᠢᠩᠭᠠᠳᠬᠠᠵᠣ᠂ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢᠨ ᠪᠠᠶᠢᠳᠠᠯ ᠢ ᠢᠳᠡᠪᠬᠢᠳᠠᠢ | ᠮᠦᠷᠳᠡᠵᠦ᠂ ᠲᠦᠷᠦ ᠶᠢᠨ ᠪᠣᠳᠣᠯᠭ᠎ᠠ ᠶᠢᠨ ᠯᠠᠪᠯᠠᠯᠳᠠ ᠪᠣᠯᠣᠨ ᠮᠡᠷᠭᠡᠵᠢᠯ ᠤᠨ ᠵᠢᠯᠣᠭᠤᠳᠣᠯᠭ᠎ᠠ ᠶᠢ ᠴᠢᠩᠭᠠᠳᠬᠠᠨ᠂ | ᠪᠦᠲᠦᠭᠡᠨ ᠪᠠᠶᠢᠭᠤᠯᠬᠤ ᠪᠠᠶᠢᠭᠤᠯᠭ᠎ᠠ ᠨᠢᠭᠡᠴᠢ ᠶᠢᠨ ᠣᠷᠴᠢᠨ ᠲᠣᠭᠤᠷᠢᠨ ᠤ ᠦᠨᠡᠯᠡᠯᠳᠡ᠂ ᠰᠢᠯᠭᠠᠨ ᠬᠤᠷᠢᠶᠠᠵᠣ | ᠬᠢᠨᠠᠨ ᠵᠦᠪᠰᠢᠶᠡᠷᠡᠬᠦ ᠭᠠᠷ ᠭᠦᠢᠴᠡᠳᠭᠡᠯ ᠢ ᠳᠣᠰᠠᠯᠠᠨ ᠭᠦᠢᠴᠡᠳᠭᠡᠨ᠎ᠡ᠃ ᠣᠷᠴᠢᠨ ᠲᠣᠭᠤᠷᠢᠨ ᠤ ᠨᠦᠯᠦᠭᠡ ᠶᠢᠨ | ᠦᠨᠡᠯᠡᠯᠳᠡ᠂ ︽ᠭᠤᠷᠪᠠ ᠶᠢ ᠵᠡᠷᠭᠡᠪᠡᠷ ᠭᠦᠢᠴᠡᠳᠭᠡᠬᠦ︾ ᠳᠦᠷᠢᠮ ᠪᠣᠯᠣᠨ ᠪᠣᠬᠢᠷᠳᠣᠯ ᠭᠠᠳᠠᠭᠰᠢᠯᠠᠭᠤᠯᠬᠤ ᠠᠵᠣ | ᠠᠬᠤᠶᠢᠯᠠᠯ ᠤᠨ ᠵᠦᠪᠰᠢᠶᠡᠷᠡᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ | ᠠᠷᠭ᠎ᠠ ᠠᠪᠴᠠᠯ ᠪᠣᠯᠣᠨ ᠠᠭᠤᠷᠬᠠᠢ ᠶᠢᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠪᠠᠳᠣᠯᠠᠭ᠎ᠠ ᠶᠢᠨ ᠮᠦᠩᠭᠦ ᠶᠢᠨ | ᠳᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠪᠠ ᠠᠮᠢ | ᠠᠬᠤᠢ ᠶᠢ ᠰᠡᠷᠭᠦᠭᠡᠬᠦ ᠠᠵᠢᠯ ᠢ ᠴᠢᠩᠭᠠᠳᠬᠠᠨ᠎ᠠ᠃ ᠣᠷᠴᠢᠨ ᠲᠣᠭᠤᠷᠢᠨ ᠤ ᠪᠣᠬᠢᠷᠳᠣᠯ ᠢ ᠵᠠᠰᠠᠨ ᠴᠡᠭᠴᠡᠯᠡᠬᠦ ᠠᠵᠢᠯ | ᠢ ᠬᠦᠨᠵᠡᠭᠡᠢ ᠠᠬᠢᠭᠤᠯᠵᠣ᠂ ᠪᠣᠬᠢᠷ ᠣᠰᠣ ᠶᠢ ᠰᠢᠢᠳᠪᠦᠷᠢᠡᠯᠬᠦ᠂ ᠨᠡᠭᠦᠷᠡᠰᠦ ᠰᠢᠳᠠᠭᠠᠬᠤ ᠪᠠᠭ᠎ᠠ ᠵᠣᠤᠬ᠎ᠠ ᠶᠢ | ᠲᠠᠶᠠᠭᠳᠠᠬᠤ ᠬᠦᠴᠦᠨ ᠢᠶᠠᠨ ᠴᠢᠩᠭᠠᠳᠬᠠᠨ᠎ᠠ᠃ ᠣᠷᠴᠢᠨ ᠲᠣᠭᠤᠷᠢᠨ ᠤ ᠬᠠᠣᠯᠢ ᠬᠡᠷᠡᠭᠵᠢᠭᠦᠯᠦᠨ ᠬᠢᠨᠠᠨ | ᠪᠠᠶᠢᠴᠠᠭᠠᠬᠤ ᠬᠦᠴᠦᠨ ᠢ ᠴᠢᠩᠭᠠᠳᠬᠠᠵᠣ᠂ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠣᠰᠬᠠᠢ ᠲᠦᠷᠦᠯ ᠢᠶᠠᠷ | ᠵᠠᠰᠠᠨ ᠴᠡᠭᠴᠡᠯᠡᠬᠦ ᠠᠵᠢᠯ ᠢ ᠵᠣᠬᠢᠶᠠᠨ ᠪᠠᠶᠢᠭᠤᠯᠣᠨ ᠦᠷᠨᠢᠭᠦᠯᠵᠦ᠂ ᠬᠠᠣᠯᠢ ᠪᠣᠰᠣ ᠪᠠᠷ ᠨᠡᠭᠡᠭᠡᠨ ᠠᠰᠢᠭᠯᠠᠬᠤ᠂ | ᠪᠠᠷᠢᠮᠵᠢᠶᠠᠨ ᠠᠴᠠ ᠭᠡᠳᠦᠷᠡᠭᠦᠯᠦᠨ ᠭᠠᠳᠠᠭᠰᠢᠯᠠᠭᠤᠯᠬᠤ ᠵᠡᠷᠭᠡ ᠣᠷᠴᠢᠨ ᠲᠣᠭᠤᠷᠢᠨ ᠤ ᠬᠠᠣᠯᠢ ᠠᠴᠠ ᠵᠦᠷᠢᠴᠡᠭᠰᠡᠨ | ᠠᠵᠢᠯᠯᠠᠭ᠎ᠠ ᠳᠤ ᠴᠢᠩᠭ᠎ᠠ ᠴᠣᠬᠢᠯᠳᠠ ᠦᠭᠭᠦᠨ᠎ᠡ᠃ | ︵ᠵᠢᠷᠭᠤᠭ᠎ᠠ︶ ᠲᠣᠳᠠᠭᠤᠳᠠᠯ ᠢᠶᠠᠨ ᠨᠦᠬᠦᠪᠦᠷᠢᠯᠡᠨ ᠵᠦᠷᠢᠶ᠎ᠡ ᠪᠠᠨ ᠪᠠᠭᠠᠰᠬᠠᠵᠣ᠂ ᠬᠤᠳᠠ ᠬᠦᠳᠡᠭᠡ ᠶᠢᠨ | ᠵᠣᠬᠢᠴᠠᠩᠭᠤᠢ ᠬᠦᠭᠵᠢᠯᠳᠡ ᠶᠢ ᠠᠬᠢᠭᠤᠯᠣᠨ᠎ᠠ᠃ | ᠨᠢᠭᠡ ᠳᠤ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢ ᠲᠣᠭᠳᠠᠭᠤᠨ ᠢᠶᠠᠷ ᠠᠬᠢᠭᠤᠯᠣᠨ᠎ᠠ᠃ ︽ᠣᠷᠣᠨ | ᠤ ᠳᠡᠰ ᠤᠨ ᠪᠣᠯᠪᠠᠰᠣᠨ ᠬᠤᠳᠠ ᠪᠠ ᠣᠯᠣᠰ ᠤᠨ ᠳᠡᠰ ᠤᠨ ᠠᠷᠢᠭᠤᠨ ᠴᠡᠪᠡᠷ ᠬᠤᠳᠠ ᠪᠠᠯᠭᠠᠰᠣ ᠶᠢ ᠡᠭᠦᠳᠦᠨ | ᠪᠠᠶᠢᠭᠤᠯᠬᠤ︾ ᠪᠠᠷ ᠭᠤᠣᠯᠳᠠᠯᠭ᠎ᠠ ᠪᠣᠯᠭᠠᠵᠣ᠂ ᠪᠦᠲᠦᠭᠡᠨ ᠪᠠᠶᠢᠭᠤᠯᠣᠯᠳᠠ ᠪᠣᠯᠣᠨ ᠬᠠᠮᠢᠶᠠᠷᠣᠯᠳᠠ ᠶᠢ ᠵᠡᠷᠭᠡᠪᠡᠷ | ᠴᠢᠬᠤᠯᠠᠴᠢᠯᠠᠬᠤ ᠶᠢ ᠪᠠᠷᠢᠮᠳᠠᠯᠠᠵᠣ᠂ ᠬᠤᠳᠠ ᠪᠠᠯᠭᠠᠰᠣᠵᠢᠯᠳᠠ ᠶᠢᠨ ᠪᠦᠲᠦᠭᠡᠨ ᠪᠠᠶᠢᠭᠤᠯᠣᠯᠳᠠ ᠶᠢᠨ ᠬᠢᠷᠢ ᠲᠦᠪᠰᠢᠨ | ᠪᠠ ᠶᠠᠰᠣ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠠᠭᠤᠷᠢᠰᠢᠬᠤ ᠣᠷᠴᠢᠨ ᠲᠣᠭᠤᠷᠢᠨ ᠢ ᠲᠠᠰᠣᠷᠠᠯᠳᠠ | ᠦᠭᠡᠢ ᠰᠠᠶᠢᠵᠢᠷᠠᠭᠤᠯᠣᠨ᠎ᠠ᠃ ᠬᠤᠳᠠ ᠪᠠᠯᠭᠠᠰᠣᠨ ᠤ ᠲᠦᠯᠦᠪᠵᠢᠭᠦᠯᠭᠡ ᠶᠢᠨ ᠪᠦᠲᠦᠭᠡᠨ ᠪᠠᠶᠢᠭᠤᠯᠣᠯᠳᠠ ᠪᠠ | ᠬᠠᠮᠢᠶᠠᠷᠣᠯᠳᠠ ᠶᠢ ᠳᠡᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ 5 ᠳ᠋ᠦᠩᠰᠢᠭᠤᠷ | ᠲᠦᠭᠦᠷᠢᠭ ᠤᠨ ᠪᠡᠯᠡ ᠣᠷᠣᠭᠤᠯᠬᠤ ᠪᠠᠷ ᠲᠦᠯᠦᠪᠯᠡᠵᠦ᠂ ᠰᠠᠶᠢᠬᠠᠨᠳᠠᠯ᠎ᠠ ᠪᠠᠯᠭᠠᠰᠣᠨ ᠳᠣᠳᠣᠷᠠᠬᠢ ᠰᠠᠭᠤᠭᠠᠯᠢ ᠠᠷᠠᠳ | ᠤᠨ ᠲᠣᠭᠤᠷᠢᠭ ᠢ ᠳᠡᠰ ᠳᠡᠪᠰᠢᠭᠦᠯᠦᠨ ᠦᠭᠡᠷᠡᠴᠢᠯᠡᠬᠦ ᠪᠣᠯᠣᠨ ᠵᠠᠮ ᠤᠨ ᠭᠠᠳᠠᠷᠭᠤ ᠳᠡᠪᠢᠰᠬᠦ ᠢᠨᠵᠧᠨᠧᠷᠢᠩ ᠢ | ᠦᠷᠭᠦᠯᠵᠢᠯᠡᠨ ᠠᠬᠢᠭᠤᠯᠵᠣ᠂ ᠨᠣᠮᠣᠭᠠᠨ ᠵᠡᠭᠡᠯᠢ᠂ ᠪᠣᠯᠠᠭ ᠵᠡᠭᠡᠯᠢ ᠶᠢ ᠴᠢᠮᠡᠭᠯᠡᠬᠦ ᠪᠣᠯᠣᠨ ᠬᠠᠩᠭᠠᠢ ᠵᠠᠮ᠂ | ᠡᠷᠢᠶᠡᠡᠨᠠᠭᠤᠷ ᠵᠡᠭᠡᠯᠢ ᠶᠢᠨ ᠶᠠᠪᠠᠭᠠᠨ ᠵᠠᠮ ᠢ ᠭᠠᠨᠳᠢᠭ ᠴᠢᠯᠠᠭᠤ ᠪᠠᠷ ᠳᠡᠪᠢᠰᠬᠦ ᠢᠨᠵᠧᠨᠧᠷᠢᠩ ᠢ ᠬᠡᠷᠡᠭᠵᠢᠭᠦᠯᠦᠨ᠎ᠡ᠃ | 30 ᠲᠦᠮᠡᠨ ᠳᠡᠭᠰᠢ ᠳᠦᠷᠪᠡᠯᠵᠢᠨ ᠮᠧᠲᠷ ᠭᠠᠵᠠᠷ ᠢ ᠨᠣᠭᠤᠭᠠᠷᠠᠭᠤᠯᠵᠣ᠂ 2 ᠣᠯᠠᠨ ᠨᠡᠶᠢᠳᠡ ᠶᠢᠨ ᠰᠡᠯᠡᠭᠦᠴᠡᠯ ᠤᠨ | ᠠᠭᠤᠳᠠᠮ ᠲᠠᠯᠠᠪᠠᠢ ᠶᠢ ᠰᠢᠨ᠎ᠡ ᠪᠠᠷ ᠪᠠᠶᠢᠭᠤᠯᠵᠣ᠂ 4 ᠲᠣᠯᠠᠭᠠᠯᠭ᠎ᠠ ᠶᠢᠨ ᠣᠰᠣ ᠰᠣᠯᠢᠯᠴᠠᠬᠤ ᠦᠷᠳᠡᠭᠡ ᠶᠢ ᠰᠢᠨ᠎ᠡ | ᠪᠠᠷ ᠪᠠᠶᠢᠭᠤᠯᠣᠨ᠎ᠠ᠃ 8 ᠺᠢᠯᠣᠮᠧᠲᠷ ᠳᠣᠯᠠᠭᠠᠯᠭ᠎ᠠ ᠶᠢᠨ ᠬᠤᠭᠤᠯᠠᠢ ᠳᠡᠪᠢᠰᠴᠦ᠂ 4.1 ᠺᠢᠯᠣᠮᠧᠲᠷ ᠭᠠᠵᠠᠷ | ᠲᠣᠣᠷᠠᠬᠢ ᠬᠤᠭᠤᠯᠠᠢ ᠶᠢ ᠵᠠᠰᠠᠨ ᠦᠭᠡᠷᠡᠴᠢᠯᠡᠵᠦ᠂ 7 ᠺᠢᠯᠣᠮᠧᠲᠷ ᠰᠢᠳᠠᠮᠠᠬᠠᠢ ᠭᠡᠢ ᠶᠢᠨ ᠬᠤᠭᠤᠯᠠᠢ ᠶᠢ ᠳᠡᠪᠢᠰᠦᠨ᠎ᠡ | ᠃ ᠭᠡᠷ ᠬᠦᠷᠦᠩᠭᠡ ᠶᠢᠨ ᠨᠦᠭᠡᠴᠡ ᠶᠢ ᠪᠠᠭᠠᠰᠬᠠᠬᠤ ᠪᠠ ᠪᠣᠷᠣ ᠭᠡᠷ ᠤᠨ ᠲᠣᠭᠤᠷᠢᠭ ᠢ ᠦᠭᠡᠷᠡᠴᠢᠯᠡᠬᠦ ᠠᠵᠢᠯ ᠢ | ᠨᠢᠭᠡᠳᠦᠯᠳᠠᠢ ᠲᠦᠯᠦᠪᠯᠡᠨ᠂ 1000 ᠡᠷᠦᠬᠡ ᠶᠢᠨ ᠪᠣᠷᠣ ᠭᠡᠷ ᠢ ᠦᠭᠡᠷᠡᠴᠢᠯᠡᠬᠦ ᠡᠭᠦᠷᠭᠡ ᠶᠢ ᠴᠢᠷᠮᠠᠶᠢᠨ ᠪᠡᠶᠡᠯᠡᠭᠦᠯᠵᠦ | ᠂ ᠪᠣᠷᠣ ᠭᠡᠷ ᠤᠨ ᠲᠣᠭᠤᠷᠢᠭ ᠤᠨ ᠬᠤᠪᠢ ᠡᠷᠦᠭᠡ ᠳᠤᠨᠢ ᠮᠦᠩᠭᠦ ᠦᠭᠴᠦ ᠨᠡᠭᠦᠯᠭᠡᠨ ᠰᠢᠯᠵᠢᠭᠦᠯᠬᠦ ᠬᠠᠷᠢᠴᠠᠯ ᠢ | 70% ᠠᠴᠠ ᠳᠡᠭᠡᠭᠰᠢ ᠳᠤ ᠬᠦᠷᠭᠡᠨ᠎ᠡ᠃ ᠵᠢᠷᠦᠭᠡ ᠪᠠᠯᠭᠠᠰᠣ᠂ ᠦᠷᠭᠡᠨᠳᠡᠯ᠎ᠡ ᠪᠠᠯᠭᠠᠰᠣᠨ ᠤ ᠬᠤᠭ ᠨᠣᠪᠰᠢ ᠶᠢ | ᠰᠢᠢᠳᠪᠦᠷᠢᠯᠡᠬᠦ ᠲᠠᠯᠠᠪᠠᠢ᠂ ᠪᠣᠬᠢᠷ ᠣᠰᠣ ᠰᠢᠢᠳᠪᠦᠷᠢᠯᠡᠬᠦ ᠲᠠᠯᠠᠪᠠᠢ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ | ᠪᠠᠶᠢᠭᠤᠯᠣᠯᠳᠠ ᠶᠢ ᠲᠦᠷᠭᠡᠨ ᠠᠬᠢᠭᠤᠯᠣᠨ᠎ᠠ᠃ ᠬᠤᠳᠠ ᠪᠠᠯᠭᠠᠰᠣᠨ ᠤ ᠲᠣᠣᠷᠴᠢᠯᠠᠭᠰᠠᠨ᠂ ᠨᠠᠷᠢᠯᠢᠭᠵᠢᠭᠰᠠᠨ | ᠬᠠᠮᠢᠶᠠᠷᠣᠯᠳᠠ ᠶᠢ ᠴᠢᠩᠭᠠᠳᠬᠠᠵᠣ᠂ ᠬᠤᠳᠠ ᠶᠢᠨ ᠲᠦᠷᠢ ᠲᠦᠷᠬᠦ᠂ ᠣᠷᠴᠢᠨ ᠲᠣᠭᠤᠷᠢᠨ ᠤ ᠠᠷᠢᠭᠤᠨ ᠴᠡᠪᠡᠷ | ᠵᠡᠷᠭᠡ ᠶᠢ ᠶᠡᠷᠦᠩᠭᠡᠶᠢᠯᠡᠨ ᠵᠠᠰᠠᠬᠤ ᠬᠦᠴᠦᠨ ᠢ ᠴᠢᠩᠭᠠᠳᠬᠠᠨ᠎ᠠ᠃ ᠰᠠᠭᠤᠭᠠᠯᠢ ᠠᠷᠠᠳ ᠤᠨ ᠲᠣᠭᠤᠷᠢᠭ ᠤᠨ ᠭᠡᠷ | ᠠᠬᠤᠢ ᠶᠢᠨ ᠬᠠᠮᠢᠶᠠᠷᠣᠯᠳᠠ ᠶᠢᠨ ᠺᠣᠮᠫᠠᠨᠢ ᠶᠢᠨ ᠬᠠᠮᠢᠶᠠᠷᠣᠯᠳᠠ ᠶᠢ ᠴᠢᠩᠭᠠᠳᠬᠠᠨ ᠳᠡᠭᠡᠭᠰᠢᠯᠡᠭᠦᠯᠦᠨ᠎ᠡ᠃ ᠬᠤᠳᠠ | ᠪᠠᠯᠭᠠᠰᠣᠨ ᠤ ᠬᠠᠮᠢᠶᠠᠷᠣᠯᠳᠠ ᠶᠢᠨ ᠲᠦᠷᠢᠮ ᠲᠣᠭᠳᠠᠭᠠᠯ ᠪᠣᠯᠣᠨ ᠬᠤᠳᠠ ᠶᠢᠨ ᠠᠷᠠᠳ ᠤᠨ ᠪᠣᠯᠪᠠᠰᠣᠨ ᠤ ᠭᠡᠷ᠎ᠡ ᠶᠢ | ᠲᠠᠰᠣᠷᠠᠯᠳᠠ ᠦᠭᠡᠢ ᠲᠡᠭᠦᠯᠳᠡᠷᠵᠢᠭᠦᠯᠵᠦ᠂ ᠣᠯᠠᠨ ᠲᠦᠮᠡᠨ ᠤ ᠬᠤᠳᠠ ᠪᠠᠯᠭᠠᠰᠣᠨ ᠤ ᠬᠠᠮᠢᠶᠠᠷᠣᠯᠳᠠ ᠳᠤ | ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠴᠡᠪᠡᠷ ᠳᠡᠭᠰᠢ᠂ ᠡᠮᠬᠢ ᠳᠠᠷᠠᠭᠠᠯᠠᠯ ᠲᠠᠢ᠂ ᠭᠤᠶᠢᠳᠠ ᠰᠠᠶᠢᠬᠠᠨ᠂ | ᠪᠣᠯᠪᠠᠰᠣᠨ ᠰᠠᠭᠤᠷᠢᠰᠢᠬᠤ ᠣᠷᠴᠢᠨ ᠲᠣᠭᠤᠷᠢᠨ ᠢ ᠴᠢᠷᠮᠠᠶᠢᠨ ᠪᠦᠷᠢᠯᠳᠦᠭᠦᠯᠦᠨ᠎ᠡ᠃ | ᠬᠤᠶᠠᠷ ᠲᠤ ᠰᠢᠨ᠎ᠡ ᠬᠦᠳᠡᠭᠡ ᠲᠣᠰᠬᠤᠨ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠣᠯᠳᠠ ᠶᠢ | ᠲᠦᠷᠬᠡᠨ ᠠᠬᠢᠭᠤᠯᠣᠨ᠎ᠠ᠃ ︽ᠬᠦᠳᠡᠭᠡ ᠶᠢᠨ ᠠᠷᠠᠳ ᠨᠢ ᠪᠣᠯᠪᠠᠰᠣᠨ ᠰᠣᠷᠳᠠᠯ ᠲᠠᠢ᠂ ᠰᠠᠭᠤᠷᠢᠰᠢᠬᠤ ᠣᠷᠴᠢᠨ | ᠲᠣᠭᠤᠷᠢᠨ ᠠᠷᠢᠭᠤᠨ ᠴᠡᠪᠡᠷ᠂ ᠰᠣᠶᠣᠯ ᠤᠨ ᠠᠮᠢᠳᠣᠷᠠᠯ ᠪᠠᠶᠠᠯᠢᠭ︾ ᠪᠠᠶᠢᠬᠤ ᠬᠠᠷᠠᠯᠳᠠ ᠶᠢ ᠪᠡᠶᠡᠯᠡᠭᠦᠯᠬᠦ ᠪᠠᠷ | ᠦᠵᠡᠰᠭᠦᠯᠡᠩᠲᠦ ᠰᠠᠶᠢᠬᠠᠨ ᠬᠦᠳᠡᠭᠡ ᠲᠣᠰᠬᠤᠨ ᠤ ᠪᠦᠲᠦᠭᠡᠨ ᠪᠠᠶᠢᠭᠤᠯᠣᠯᠳᠠ ᠠᠴᠠ ᠭᠠᠷᠳᠠᠵᠣ᠂ ᠬᠦᠳᠡᠭᠡ | ᠲᠣᠰᠬᠤᠨ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠳᠠ ᠪᠣᠯᠣᠨ ᠰᠠᠭᠤᠷᠢᠰᠢᠬᠤ | ᠣᠷᠴᠢᠨ ᠲᠣᠭᠤᠷᠢᠨ ᠢ ᠵᠠᠰᠠᠨ ᠴᠡᠭᠴᠡᠯᠡᠭᠰᠡᠨ ᠦᠷ᠎ᠡ ᠪᠦᠲᠦᠮᠵᠢ ᠪᠠᠨ ᠰᠠᠶᠢᠳᠣᠷ ᠪᠠᠳᠣᠳᠬᠠᠵᠣ᠂ ᠣᠷᠳᠣ | ᠬᠤᠭᠤᠴᠠᠭᠠᠨ ᠤ ᠪᠦᠲᠦᠮᠵᠢᠳᠠᠢ ᠬᠠᠮᠢᠶᠠᠷᠣᠯᠳᠠ ᠬᠠᠮᠠᠭᠠᠯᠠᠯᠳᠠ ᠶᠢᠨ ᠲᠦᠷᠢᠮ ᠢ ᠰᠠᠶᠢᠳᠣᠷ ᠨᠠᠶᠢᠳᠠᠪᠣᠷᠢᠵᠢᠭᠤᠯᠵᠣ᠂ | ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠦᠷᠭᠦᠯᠵᠢᠯᠡᠨ ᠰᠠᠶᠢᠵᠢᠷᠠᠭᠤᠯᠬᠤ ᠶᠢ | ᠠᠬᠢᠭᠤᠯᠣᠨ᠎ᠠ᠃ ᠬᠦᠳᠡᠭᠡ ᠶᠢᠨ ᠪᠣᠯᠪᠠᠰᠣᠨ ᠰᠣᠷᠳᠠᠯ ᠤᠨ ᠲᠣᠮᠣ ᠬᠡᠮᠵᠢᠶᠡᠨ ᠤ ᠠᠵᠢᠯᠯᠠᠭ᠎ᠠ ᠶᠢ ᠬᠦᠨᠵᠡᠭᠡᠢ | ᠦᠷᠨᠢᠭᠦᠯᠵᠦ᠂ ᠨᠡᠶᠢᠭᠡᠮ ᠤᠨ ᠶᠣᠰᠣ ᠰᠣᠷᠳᠠᠬᠤᠨ᠂ ᠭᠡᠷ ᠪᠦᠯᠢ ᠶᠢᠨ ᠪᠣᠯᠪᠠᠰᠣᠨ ᠰᠣᠷᠳᠠᠯ ᠤᠨ ᠬᠦᠮᠦᠵᠢᠯ ᠢ | ᠴᠢᠩᠭᠠᠳᠬᠠᠵᠣ᠂ ᠭᠡᠪ ᠵᠠᠩᠰᠢᠯ ᠤᠨ ᠦᠭᠡᠷᠡᠴᠢᠯᠡᠯᠳᠡ ᠶᠢ ᠴᠢᠩᠭᠠᠳᠬᠠᠵᠣ᠂ ᠰᠠᠶᠢᠨ ᠰᠠᠶᠢᠬᠠᠨ ᠭᠡᠷ ᠤᠨ ᠰᠣᠷᠳᠠᠯ ᠢ | ᠪᠦᠷᠢᠯᠳᠦᠭᠦᠯᠵᠦ᠂ ᠮᠠᠯᠴᠢᠨ ᠲᠠᠷᠢᠶᠠᠴᠢᠨ ᠣᠯᠠᠨ ᠲᠦᠮᠡᠨ ᠤ ᠪᠣᠯᠪᠠᠰᠣᠨ ᠤ ᠬᠡᠮᠵᠢᠶ᠎ᠡ ᠶᠢ ᠲᠠᠰᠣᠷᠠᠯᠳᠠ ᠦᠭᠡᠢ | ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠢᠶᠠᠨ ᠬᠦᠭᠵᠢᠭᠦᠯᠬᠦ᠂ ᠭᠡᠷ ᠪᠦᠯᠢ ᠪᠠᠨ ᠡᠵᠡᠩᠨᠡᠬᠦ | ᠂ ᠡᠷᠡᠭᠦᠯ ᠴᠢᠬᠢᠷᠠᠭ ᠢᠶᠠᠷ ᠠᠮᠢᠳᠣᠷᠠᠬᠤ ᠶᠢ ᠨᠢ ᠢᠳᠡᠪᠬᠢᠳᠠᠢ ᠵᠢᠯᠣᠭᠤᠳᠴᠣ᠂ ᠳᠠᠩᠰᠠ ᠪᠣᠳᠣᠨ ᠡᠳ᠋ ᠬᠦᠷᠦᠩᠭᠡ ᠪᠠᠨ | ᠳᠣᠳᠣᠮᠳᠠᠬᠤ᠂ ᠵᠠᠷᠣᠳᠠᠯ ᠢᠶᠠᠨ ᠪᠠᠭᠠᠰᠬᠠᠵᠣ᠂ ᠰᠣᠬᠤᠷ ᠪᠠᠯᠠᠢ ᠪᠠᠷ ᠬᠤᠳᠠᠯᠳᠣᠨ ᠠᠪᠬᠤ ᠪᠠ ᠬᠡᠳᠦᠷᠡᠳᠡᠯ᠎ᠡ | ᠬᠤᠳᠠᠯᠳᠣᠨ ᠠᠪᠬᠤ ᠶᠢ ᠲᠡᠪᠴᠢᠵᠦ᠂ ᠮᠠᠭᠤ ᠰᠣᠷᠳᠠᠯ ᠢ ᠳᠠᠶᠠᠭᠳᠠᠵᠣ᠂ ᠦᠪᠡᠷ ᠢ ᠪᠠᠨ ᠠᠪᠴᠣ ᠶᠠᠪᠣᠬᠤ ᠣᠬᠠᠭᠠᠨ | ᠴᠢᠳᠠᠪᠣᠷᠢ ᠶᠢ ᠨᠢ ᠳᠡᠭᠡᠭᠰᠢᠯᠡᠭᠦᠯᠦᠨ᠎ᠡ᠃ ᠠᠷᠢᠭᠤᠨ ᠴᠡᠪᠡᠷ ᠰᠣᠮᠣ ᠪᠠᠯᠭᠠᠰᠣ᠂ ᠭᠠᠴᠠᠭ᠎ᠠ ᠲᠣᠰᠬᠤᠨ ᠢ ᠡᠭᠦᠳᠦᠨ | ᠪᠠᠶᠢᠭᠤᠯᠬᠤ ᠠᠵᠢᠯ ᠢ ᠬᠦᠨᠵᠡᠭᠡᠢ ᠦᠷᠨᠢᠭᠦᠯᠵᠦ᠂ ᠨᠦᠭᠦᠴᠡᠯ ᠳᠤ ᠨᠡᠶᠢᠴᠡᠬᠦ ᠰᠣᠮᠣ ᠪᠠᠯᠭᠠᠰᠣ ᠪᠣᠯᠣᠨ ᠭᠠᠴᠠᠭ᠎ᠠ | ᠲᠣᠰᠬᠤᠨ ᠢ ᠦᠪᠡᠷᠳᠡᠭᠡᠨ ᠵᠠᠰᠠᠬᠤ ᠣᠷᠣᠨ ᠤ ᠠᠷᠢᠭᠤᠨ ᠴᠡᠪᠡᠷ ᠤᠨ ᠡᠩᠨᠡᠭᠡᠨ ᠳᠤ ᠣᠷᠣᠭᠤᠯᠬᠤ ᠶᠢ ᠠᠬᠢᠭᠤᠯᠵᠣ᠂ | ᠪᠦᠬᠦ ᠣᠷᠣᠨ ᠤ ᠰᠢᠨ᠎ᠡ ᠬᠦᠳᠡᠭᠡ ᠲᠣᠰᠬᠤᠨ ᠰᠢᠨ᠎ᠡ ᠮᠠᠯᠵᠢᠬᠤ ᠣᠷᠣᠨ ᠤ ᠵᠢᠱᠢᠶ᠎ᠡ ᠦᠵᠡᠭᠦᠯᠬᠦ ᠴᠡᠭ ᠢ ᠢᠳᠡᠪᠬᠢᠳᠠᠢ | ᠡᠭᠦᠳᠦᠨ᠎ᠡ᠃ | ︵ᠳᠣᠯᠤᠭ᠎ᠠ︶ ᠦᠭᠡᠷᠡᠴᠢᠯᠡᠯᠳᠡ ᠶᠢ ᠠᠳᠬᠤᠨ ᠨᠡᠭᠡᠭᠡᠯᠳᠡ ᠶᠢ ᠠᠬᠢᠭᠤᠯᠵᠣ᠂ ᠠᠵᠣ ᠠᠬᠤᠢ ᠨᠡᠶᠢᠭᠡᠮ ᠤᠨ | ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠡ᠃ | ᠨᠢᠭᠡ ᠳᠤ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠦᠭᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠣᠨ᠎ᠠ᠃ | ᠬᠤᠰᠢᠭᠤ ᠨᠠᠮ ᠤᠨ ᠬᠤᠷᠢᠶᠠᠨ ᠠᠴᠠ ᠪᠠᠶᠢᠷᠢᠯᠠᠭᠤᠯᠣᠭᠰᠠᠨ ᠡᠯ᠎ᠡ ᠲᠦᠷᠦᠯ ᠤᠨ ᠦᠭᠡᠷᠡᠴᠢᠯᠡᠯᠳᠡ ᠶᠢᠨ ᠡᠭᠦᠷᠭᠡ ᠶᠢ | ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠰᠢᠰᠲ᠋ᠧᠮ᠂ ᠨᠡᠶᠢᠭᠡᠮ ᠤᠨ | ᠪᠠᠳᠣᠯᠠᠭ᠎ᠠ᠂ ᠰᠣᠷᠭᠠᠨ ᠬᠦᠮᠦᠵᠢᠯ ᠤᠨ ᠰᠢᠰᠲ᠋ᠧᠮ᠂ ᠡᠮ ᠡᠮᠨᠡᠯᠭᠡ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠰᠢᠰᠲ᠋ᠧᠮ᠂ ᠠᠮᠢ ᠠᠬᠤᠢ ᠶᠢᠨ ᠪᠣᠯᠪᠠᠰᠣᠨ ᠤ ᠰᠢᠰᠲ᠋ᠧᠮ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ | ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠣᠯ ᠦᠭᠡᠢ | ᠂ ᠨᠡᠭᠡᠭᠡᠯᠳᠡ ᠲᠠᠢ᠂ ᠬᠠᠮᠳᠣᠪᠡᠷ ᠡᠳ᠋ᠯᠡᠬᠦ ᠬᠦᠭᠵᠢᠯᠳᠡ ᠶᠢᠨ ᠰᠢᠰᠲ᠋ᠧᠮ ᠤᠨ ᠲᠣᠭᠳᠠᠯᠴᠠᠭᠠᠨ ᠤ ᠪᠦᠷᠢᠯᠳᠦᠯ ᠢ | ᠠᠬᠢᠭᠤᠯᠣᠨ᠎ᠠ᠃ ᠳᠡᠭᠡᠲᠦ ᠱᠠᠳᠣᠨ ᠤ ᠲᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ | ᠵᠦᠢᠯ ᠢ ᠢᠳᠡᠪᠬᠢᠳᠠᠢ ᠭᠠᠷᠳᠠᠨ ᠠᠪᠴᠣ᠂ ᠠᠵᠢᠯ ᠤᠨ ᠶᠠᠪᠣᠴᠠ ᠪᠠᠨ ᠲᠦᠭᠦᠮᠴᠢᠯᠡᠨ᠂ ᠠᠵᠢᠯ ᠤᠨ ᠦᠷ᠎ᠡ | ᠪᠦᠲᠦᠮᠵᠢ ᠪᠠᠨ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠢᠰᠲ᠋ᠧᠮ ᠤᠨ ᠦᠭᠡᠷᠡᠴᠢᠯᠡᠯᠳᠡ ᠶᠢ | ᠦᠷᠭᠦᠯᠵᠢᠯᠡᠨ ᠬᠦᠨᠵᠡᠭᠡᠶᠢᠷᠡᠭᠦᠯᠵᠦ᠂ ᠵᠠᠰᠠᠭ ᠢ ᠴᠣᠮᠬᠠᠳᠬᠠᠨ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ | ᠣᠶᠠᠯᠳᠣᠭᠤᠯᠬᠤ᠂ ᠦᠢᠯᠡᠴᠢᠯᠡᠭᠡ ᠪᠠᠨ ᠰᠢᠯᠢᠳᠡᠭᠵᠢᠭᠦᠯᠬᠦ ᠶᠢ ᠲᠦᠷᠭᠡᠨ ᠠᠬᠢᠭᠤᠯᠣᠨ᠎ᠠ᠃ ᠦᠭᠡᠷᠡᠴᠢᠯᠡᠯᠳᠡ ᠶᠢᠨ | ᠲᠣᠷᠰᠢᠯᠳᠠ ᠶᠢᠨ ᠴᠡᠭ ᠤᠨ ᠠᠵᠢᠯ ᠢ ᠨᠢᠭᠡᠳᠦᠯᠳᠠᠢ ᠠᠬᠢᠭᠤᠯᠵᠣ᠂ ᠲᠣᠷᠰᠢᠯᠭ᠎ᠠ ᠪᠠᠨ ᠴᠠᠭ ᠲᠣᠬᠠᠢ ᠳᠤᠨᠢ ᠳ᠋ᠦᠩᠨᠡᠨ᠂ | ᠲᠣᠷᠰᠢᠯᠳᠠ ᠶᠢᠨ ᠴᠡᠭ ᠤᠨ ᠦᠢᠯᠡᠳᠦᠯ ᠢᠶᠠᠨ ᠪᠠᠳᠠᠷᠠᠭᠤᠯᠣᠨ᠎ᠠ᠃ | ᠬᠤᠶᠠᠷ ᠲᠤ ᠨᠡᠭᠡᠭᠡᠯᠳᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠨᠢᠭᠡ ᠪᠦᠰᠡ | ᠨᠢᠭᠡ ᠵᠠᠮ︾᠂ ᠳᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠬᠤᠩᠭᠢᠯ᠂ ᠵᠡᠭᠦᠨ ᠬᠤᠶᠢᠳᠣ ᠶᠢ | ᠬᠦᠭᠵᠢᠭᠦᠯᠬᠦ ᠪᠣᠯᠣᠨ ᠪᠠᠷᠠᠭᠤᠨ ᠣᠷᠣᠨ ᠢ ᠨᠡᠭᠡᠭᠡᠨ ᠬᠦᠭᠵᠢᠭᠦᠯᠬᠦ ᠵᠡᠷᠭᠡ ᠣᠯᠣᠰ ᠤᠨ ᠪᠠᠶᠢᠯᠳᠣᠬᠤ ᠪᠣᠳᠣᠯᠭ᠎ᠠ ᠳᠤ | ᠢᠳᠡᠪᠬᠢᠳᠠᠢ ᠣᠷᠣᠯᠴᠠᠵᠣ᠂ ᠪᠦᠬᠦ ᠲᠠᠯ᠎ᠠ ᠪᠠᠷ ᠨᠡᠭᠡᠭᠡᠨ ᠬᠦᠭᠵᠢᠭᠦᠯᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ | ᠡᠷᠢᠶᠡᠨ ᠪᠣᠭᠤᠮᠳᠠ ᠶᠢᠨ ᠳᠠᠪᠠᠭᠤᠯᠢᠭ ᠢ ᠠᠰᠢᠭᠯᠠᠨ᠂ ᠨᠣᠣᠰᠣᠨ ᠨᠡᠭᠡᠮᠡᠯ ᠤᠨ ᠠᠵᠣ ᠦᠢᠯᠡᠰ ᠤᠨ ᠡᠷᠬᠢᠯᠳᠡᠲᠦ ᠠᠵᠣ | ᠠᠬᠤᠢ ᠶᠢᠨ ᠲᠣᠭᠤᠷᠢᠭ ᠢ ᠡᠷᠢᠶᠡᠨ ᠬᠤᠳᠠ ᠶᠢᠨ ᠨᠡᠭᠡᠭᠡᠨ ᠬᠦᠭᠵᠢᠭᠦᠯᠬᠦ ᠲᠣᠷᠰᠢᠯᠳᠠ ᠶᠢᠨ ᠣᠷᠣᠨ ᠤ ᠢᠵᠢ | ᠪᠦᠷᠢᠨᠰᠢᠯ ᠲᠣᠭᠤᠷᠢᠭ ᠪᠣᠯᠭᠠᠨ ᠡᠭᠦᠳᠴᠦ᠂ ᠮᠣᠩᠭᠤᠯ ᠣᠯᠣᠰ ᠲᠠᠢ ᠬᠠᠷᠢᠯᠴᠠᠭ᠎ᠠ ᠬᠠᠮᠳᠣᠷᠠᠯᠴᠠᠭ᠎ᠠ ᠪᠠᠨ ᠣᠯᠠᠮ | ᠬᠦᠨᠵᠡᠭᠡᠶᠢᠷᠡᠭᠦᠯᠵᠦ᠂ ᠮᠣᠩᠭᠤᠯ ᠣᠯᠣᠰ ᠲᠠᠬᠢ ᠡᠬᠢ ᠪᠠᠶᠠᠯᠢᠭ ᠤᠨ ᠠᠰᠢᠭᠯᠠᠯᠳᠠ ᠶᠢᠨ ᠬᠢᠷᠢ ᠲᠦᠪᠰᠢᠨ ᠢ | ᠲᠠᠰᠣᠷᠠᠯᠳᠠ ᠦᠭᠡᠢ ᠳᠡᠭᠡᠭᠰᠢᠯᠡᠭᠦᠯᠦᠨ᠎ᠡ᠃ ᠡᠷᠢᠶᠡᠨ ᠭᠠᠶᠢᠯᠢ ᠶᠢᠨ ᠪᠣᠭᠤᠮᠳᠠ ᠲᠠᠢ ᠬᠠᠷᠢᠯᠴᠠᠭ᠎ᠠ ᠪᠠᠨ ᠴᠢᠩᠭᠠᠳᠬᠠᠵᠣ | ᠂ ᠨᠣᠣᠰᠣᠨ ᠨᠡᠭᠡᠮᠡᠯ ᠤᠨ ᠠᠵᠣ ᠦᠢᠯᠡᠰ ᠤᠨ ᠡᠷᠬᠢᠯᠳᠡᠲᠦ ᠠᠵᠣ ᠠᠬᠤᠢ ᠶᠢᠨ ᠲᠣᠭᠤᠷᠢᠭ ᠲᠤ ᠭᠠᠶᠢᠯᠢ ᠦᠭᠡᠢ | ᠬᠦᠮᠦᠷᠭᠡ ᠶᠢ ᠰᠢᠨ᠎ᠡ ᠪᠠᠷ ᠪᠠᠶᠢᠭᠤᠯᠵᠣ᠂ ᠭᠤᠣᠯᠳᠠᠯᠭ᠎ᠠ ᠲᠠᠢ ᠨᠣᠣᠰᠣ ᠨᠣᠯᠣᠣᠷ ᠤᠨ ᠠᠵᠣ ᠠᠬᠤᠶᠢᠯᠠᠯ ᠤᠨ | ᠪᠣᠭᠤᠮᠳᠠ ᠪᠠᠷ ᠣᠷᠣᠭᠤᠯᠵᠣ ᠭᠠᠷᠭᠠᠬᠤ ᠠᠷᠠᠯᠵᠢᠶᠠᠨ ᠤ ᠡᠷᠭᠡ ᠣᠯᠬᠤ ᠳᠤᠨᠢ ᠬᠠᠮᠵᠢᠯᠴᠠᠵᠣ᠂ ᠭᠠᠳᠠᠭᠠᠳᠣ | ᠠᠷᠠᠯᠵᠢᠶᠠᠨ ᠤ ᠬᠦᠭᠵᠢᠯᠳᠡ ᠶᠢ ᠲᠦᠷᠭᠡᠳᠭᠡᠨ᠎ᠡ᠃ | ︵ᠨᠠᠢᠮᠠ︶ ᠠᠷᠠᠳ ᠤᠨ ᠠᠮᠢᠳᠣᠷᠠᠯ ᠳᠤ ᠬᠠᠷᠠᠭᠠᠯᠵᠠᠯ ᠬᠦᠷᠳᠡᠭᠡᠨ ᠬᠠᠮᠳᠣᠪᠡᠷ ᠡᠳ᠋ᠯᠡᠬᠦ ᠶᠢ ᠠᠬᠢᠭᠤᠯᠵᠣ᠂ | ᠠᠷᠠᠳ ᠲᠦᠮᠡᠨ ᠳᠤ ᠨᠡᠩ ᠶᠡᠭᠡ ᠵᠣᠯ ᠵᠢᠷᠭᠠᠯ ᠡᠳ᠋ᠯᠡᠭᠦᠯᠦᠨ᠎ᠡ᠃ | ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠢ ᠯᠠᠪᠳᠠᠭᠤᠨ ᠪᠠᠳᠣᠳᠠᠢ | ᠦᠷᠨᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠪᠣᠯ ᠮᠠᠨ ᠤ ᠬᠤᠰᠢᠭᠤᠨ ᠤ ᠲᠡᠷᠢᠭᠦᠨ | ᠴᠢᠬᠤᠯᠠ ᠠᠷᠠᠳ ᠤᠨ ᠠᠮᠢᠳᠣᠷᠠᠯ ᠤᠨ ᠢᠨᠵᠧᠨᠧᠷᠢᠩ᠂ ᠬᠦᠨᠳᠦ ᠭᠡᠴᠡᠭᠦᠦ ᠬᠠᠷᠢᠭᠤᠴᠠᠯᠭ᠎ᠠ ᠶᠣᠮ᠃ ᠣᠨᠣᠴᠠ ᠲᠠᠢ | ᠠᠬᠢᠭᠤᠯᠬᠤ ᠳᠡᠭᠡᠷ᠎ᠡ ᠬᠦᠴᠦ ᠪᠠᠨ ᠲᠠᠯᠪᠢᠨ᠎ᠠ᠃ ᠳᠠᠩᠰᠠ ᠪᠠᠶᠢᠭᠤᠯᠬᠤ ᠠᠵᠢᠯ ᠢ ᠬᠦᠳᠡᠯᠦᠩᠭᠦᠢ ᠪᠠᠷ ᠠᠬᠢᠭᠤᠯᠵᠣ᠂ | ᠶᠠᠳᠠᠭᠤ ᠬᠦᠴᠢᠷᠳᠡᠯᠳᠠᠢ ᠡᠷᠦᠬᠡ ᠶᠢᠨ ᠶᠠᠳᠠᠭᠤᠷᠠᠯ ᠤᠨ ᠬᠡᠮᠵᠢᠶ᠎ᠡ᠂ ᠶᠠᠳᠠᠭᠤᠷᠠᠭᠰᠠᠨ ᠰᠢᠯᠳᠠᠭᠠᠨ᠂ ᠳᠡᠳᠭᠦᠯᠳᠡ ᠶᠢᠨ | ᠱᠠᠭᠠᠷᠳᠠᠯᠭ᠎ᠠ ᠶᠢ ᠣᠨᠣᠪᠴᠢᠳᠠᠢ ᠡᠵᠡᠮᠳᠡᠵᠦ᠂ ᠬᠦᠮᠦᠨ ᠪᠠ ᠡᠷᠦᠭᠡ ᠳᠤᠨᠢ ᠲᠣᠬᠢᠷᠠᠭᠤᠯᠣᠨ ᠳᠡᠮᠵᠢᠨ ᠳᠡᠳᠭᠦᠬᠦ | ᠲᠦᠯᠦᠪᠯᠡᠭᠡ ᠶᠢ ᠲᠣᠭᠳᠠᠵᠣ᠂ ᠡᠷᠦᠭᠡ ᠪᠣᠯᠭᠠᠨ ᠬᠦᠮᠦᠨ ᠪᠦᠷᠢ ᠳᠤ ᠳᠡᠳᠭᠦᠬᠦ ᠠᠷᠭ᠎ᠠ ᠬᠡᠮᠵᠢᠶ᠎ᠡ ᠪᠠᠨ | ᠨᠠᠶᠢᠳᠠᠪᠣᠷᠢᠵᠢᠭᠤᠯᠵᠣ᠂ ᠶᠠᠳᠠᠭᠤ ᠶᠢ ᠳᠡᠳᠭᠦᠬᠦ ᠲᠦᠷᠦᠯ ᠵᠦᠢᠯ᠂ ᠪᠡᠯᠡ ᠮᠦᠩᠭᠦ᠂ ᠬᠦᠴᠦᠨ ᠴᠢᠳᠠᠯ ᠢ ᠨᠠᠷᠢᠯᠢᠭ | ᠣᠨᠣᠪᠴᠢᠳᠠᠢ ᠪᠠᠷ ᠶᠠᠳᠠᠭᠤ ᠬᠦᠴᠢᠷᠳᠡᠯᠳᠠᠢ ᠬᠦᠮᠦᠨ ᠪᠦᠷᠢ ᠳᠤ ᠨᠠᠶᠢᠳᠠᠪᠣᠷᠢᠵᠢᠭᠤᠯᠬᠤ ᠶᠢ ᠪᠠᠳᠣᠯᠠᠵᠣ᠂ ᠣᠨᠢᠨ | ᠳᠡᠭᠡᠷ᠎ᠡ ᠨᠢ ᠳᠡᠳᠭᠦᠬᠦ ᠶᠢ ᠪᠠᠳᠣᠯᠠᠨ᠎ᠠ᠃ ᠲᠦᠷᠦ ᠶᠢᠨ ᠪᠣᠳᠣᠯᠭ᠎ᠠ ᠶᠢ ᠣᠨᠣᠴᠠ ᠲᠠᠢ ᠬᠡᠷᠡᠭᠵᠢᠭᠦᠯᠬᠦ ᠳᠡᠭᠡᠷ᠎ᠡ | ᠪᠣᠳᠠᠳᠣ ᠠᠷᠭ᠎ᠠ ᠬᠡᠮᠵᠢᠶ᠎ᠡ ᠠᠪᠣᠨ᠎ᠠ᠃ ᠠᠵᠣ ᠦᠢᠯᠡᠰ ᠢᠶᠠᠷ ᠶᠠᠳᠠᠭᠤ ᠶᠢ ᠳᠡᠳᠭᠦᠬᠦ ᠲᠠᠯ᠎ᠠ ᠳᠤ᠂ ᠣᠳᠣᠬᠢᠴᠢᠯᠠᠭᠰᠠᠨ | ᠮᠠᠯᠵᠢᠯ ᠤᠨ ᠦᠢᠯᠡᠰ ᠢ ᠬᠦᠭᠵᠢᠭᠦᠯᠬᠦ ᠶᠢ ᠶᠠᠳᠠᠭᠤ ᠠᠴᠠ ᠠᠩᠭᠢᠵᠢᠷᠠᠭᠤᠯᠬᠤ ᠭᠤᠣᠯ ᠠᠷᠭ᠎ᠠ ᠪᠣᠯᠭᠠᠬᠤ ᠶᠢ | ᠪᠠᠷᠢᠮᠳᠠᠯᠠᠵᠣ᠂ ᠶᠠᠳᠠᠭᠤ ᠶᠢ ᠳᠡᠳᠭᠦᠬᠦ ᠲᠣᠯᠣᠭᠠᠶᠢᠯᠠᠭᠴᠢ ᠠᠵᠣ ᠠᠬᠤᠶᠢᠯᠠᠯ ᠤᠨ ᠬᠦᠭᠵᠢᠯᠳᠡ ᠶᠢ ᠳᠡᠮᠵᠢᠵᠦ᠂ ᠡᠳ᠋ | ᠬᠦᠷᠦᠩᠭᠡ ᠶᠢᠨ ᠠᠰᠢᠭ ᠣᠷᠣᠯᠭ᠎ᠠ ᠪᠠᠷ ᠶᠠᠳᠠᠭᠤ ᠶᠢ ᠳᠡᠳᠭᠦᠬᠦ ᠶᠢ ᠢᠳᠡᠪᠬᠢᠳᠠᠢ ᠬᠠᠶᠢᠨ ᠰᠦᠪᠡᠭᠴᠢᠯᠡᠵᠦ᠂ ᠭᠠᠵᠠᠷ | ᠰᠢᠷᠣᠢ ᠡᠵᠡᠩᠨᠡᠨ ᠡᠷᠬᠢᠯᠳᠦᠭᠦᠯᠬᠦ᠂ ᠣᠷᠣᠯᠠᠨ ᠮᠠᠯᠵᠢᠬᠤ᠂ ᠡᠪᠡᠰᠦ ᠪᠡᠯᠴᠢᠭᠡᠷ ᠢᠶᠠᠷ ᠬᠤᠪᠢ ᠣᠷᠣᠭᠤᠯᠬᠤ᠂ ᠶᠠᠳᠠᠭᠤ | ᠶᠢ ᠳᠡᠳᠭᠦᠬᠦ ᠪᠡᠯᠡ ᠮᠦᠩᠭᠦ ᠶᠢ ᠬᠤᠪᠢ ᠣᠷᠣᠭᠤᠯᠣᠯᠳᠠ ᠪᠠᠷ ᠨᠣᠭᠤᠯᠣᠨ ᠣᠷᠣᠭᠤᠯᠬᠤ ᠵᠡᠷᠭᠡ ᠣᠯᠠᠨ ᠠᠷᠭ᠎ᠠ ᠵᠠᠮ | ᠢᠶᠠᠷ ᠣᠷᠣᠯᠭ᠎ᠠ ᠶᠢ ᠨᠡᠮᠡᠭᠳᠡᠭᠦᠯᠵᠦ᠂ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠢᠳᠡᠪᠬᠢᠳᠠᠢ ᠪᠠᠷ ᠦᠪᠡᠷ ᠢ ᠪᠠᠨ | ᠬᠦᠭᠵᠢᠭᠦᠯᠬᠦ ᠵᠠᠮ ᠳᠤ ᠣᠷᠣᠬᠤ ᠶᠢ ᠠᠬᠢᠭᠤᠯᠣᠨ᠎ᠠ᠃ ︽ᠭᠤᠷᠪᠠ ᠶᠢ ᠬᠦᠳᠡᠭᠡ ᠲᠣᠰᠬᠤᠨ ᠳᠤ ᠪᠠᠭᠤᠯᠭᠠᠵᠣ | ᠭᠤᠷᠪᠠ ᠶᠢ ᠡᠷᠦᠬᠡ ᠳᠤ ᠨᠠᠶᠢᠳᠠᠪᠣᠷᠢᠵᠢᠭᠤᠯᠬᠤ︾ ᠵᠡᠷᠭᠡ ᠮᠠᠯᠵᠢᠬᠤ ᠲᠠᠷᠢᠶᠠᠯᠠᠬᠤ ᠳᠤ ᠬᠤᠯᠪᠣᠭᠳᠠᠬᠤ ᠪᠡᠯᠡ ᠮᠦᠩᠭᠦ | ᠶᠢ ᠨᠢᠭᠡᠳᠦᠯᠳᠠᠢ ᠲᠦᠯᠦᠪᠯᠡᠨ ᠨᠡᠶᠢᠯᠡᠭᠦᠯᠵᠦ᠂ ᠶᠠᠳᠠᠭᠤ ᠬᠦᠴᠢᠷᠳᠡᠯᠳᠠᠢ ᠡᠷᠦᠬᠡ ᠶᠢᠨ ᠰᠢᠨ᠎ᠡ ᠶᠢ ᠡᠭᠦᠳᠬᠦ ᠬᠡᠯᠪᠡᠷᠢ | ᠶᠢᠨ ᠬᠦᠭᠵᠢᠯᠳᠡ ᠶᠢᠨ ᠠᠵᠣ ᠦᠢᠯᠡᠰ ᠢ ᠳᠡᠮᠵᠢᠵᠦ᠂ ᠣᠷᠳᠣ ᠬᠤᠭᠤᠴᠠᠭ᠎ᠠ ᠪᠠᠷ ᠠᠰᠢᠭ ᠬᠦᠷᠳᠡᠬᠦ᠂ ᠴᠢᠨᠠᠭᠰᠢᠳᠠ | ᠦᠭᠡᠳᠡᠯᠡᠨ ᠳᠡᠭᠵᠢᠷᠡᠬᠦ ᠶᠢ ᠨᠢ ᠪᠠᠳᠣᠯᠠᠨ᠎ᠠ᠃ ︽ᠶᠠᠳᠠᠭᠤ ᠶᠢ ᠳᠡᠳᠭᠦᠬᠦ +︾ ᠬᠡᠯᠪᠡᠷᠢ ᠮᠠᠶ᠋ᠢᠭ ᠢ | ᠲᠦᠭᠡᠮᠡᠯᠵᠢᠭᠦᠯᠵᠦ᠂ ᠶᠠᠳᠠᠭᠤ ᠶᠢ ᠳᠡᠳᠭᠦᠬᠦ ᠶᠢ ᠡᠯᠧᠺᠲᠷᠣᠨ ᠬᠤᠳᠠᠯᠳᠤᠭ᠎ᠠ᠂ ᠵᠢᠭᠤᠯᠴᠢᠯᠠᠯ᠂ ᠨᠠᠷᠠᠨ ᠤ ᠡᠨᠧᠷᠬᠢ | ᠢᠶᠠᠷ ᠴᠠᠬᠢᠯᠭᠠᠨ ᠭᠠᠷᠭᠠᠬᠤ ᠵᠡᠷᠭᠡ ᠠᠵᠣ ᠦᠢᠯᠡᠰ ᠲᠠᠢ ᠣᠷᠭᠠᠨᠢᠭ ᠢᠶᠠᠷ ᠣᠶᠠᠯᠳᠣᠭᠤᠯᠵᠣ᠂ ᠶᠠᠳᠠᠭᠤ ᠬᠦᠴᠢᠷᠳᠠᠯᠳᠠᠢ | ᠡᠷᠦᠭᠡ ᠶᠢ ᠲᠣᠬᠠᠢ ᠶᠢᠨ ᠭᠠᠵᠠᠷ ᠲᠤᠨᠢ ᠲᠣᠬᠢᠷᠠᠭᠤᠯᠣᠨ ᠳᠡᠳᠭᠦᠵᠦ᠂ ᠬᠦᠮᠦᠨ ᠳᠤᠨᠢ ᠲᠣᠬᠢᠷᠠᠭᠤᠯᠣᠨ ᠪᠣᠳᠣᠯᠭ᠎ᠠ | ᠠᠪᠴᠣ᠂ ᠶᠠᠳᠠᠭᠤ ᠬᠦᠴᠢᠷᠳᠡᠯᠳᠠᠢ ᠡᠷᠦᠭᠡ ᠶᠢᠨ ᠴᠢᠳᠠᠪᠣᠷᠢ ᠪᠣᠯᠣᠨ ᠰᠠᠨᠠᠯ ᠢ ᠨᠢ ᠦᠨᠳᠦᠰᠦᠯᠡᠨ᠂ ᠦᠭᠡᠳᠡᠯᠡᠨ | ᠲᠡᠭᠵᠢᠷᠡᠬᠦ ᠳᠤᠨᠢ ᠲᠣᠬᠢᠷᠠᠬᠤ ᠣᠨᠴᠠᠯᠢᠭᠳᠣ ᠠᠵᠣ ᠦᠢᠯᠡᠰ ᠢ ᠰᠣᠩᠭᠤᠨ᠎ᠠ᠃ ᠣᠨᠳᠣᠣ ᠭᠠᠵᠠᠷ ᠲᠤ ᠨᠡᠭᠦᠯᠭᠡᠨ | ᠰᠢᠯᠵᠢᠭᠦᠯᠬᠦ ᠠᠵᠢᠯ ᠢ ᠠᠬᠢᠭᠤᠯᠵᠣ᠂ ᠳᠠᠩᠰᠠᠯᠠᠭᠰᠠᠨ 66 ᠶᠠᠳᠠᠭᠤ ᠬᠦᠴᠢᠷᠳᠡᠯᠳᠠᠢ ᠡᠷᠦᠬᠡ ᠶᠢᠨ 200 ᠬᠦᠮᠦᠨ ᠢ | ᠣᠨᠳᠣᠣ ᠭᠠᠵᠠᠷ ᠲᠤ ᠨᠡᠭᠦᠯᠭᠡᠨ ᠰᠢᠯᠵᠢᠭᠦᠯᠦᠨ᠎ᠡ᠃ ᠡᠮ ᠡᠮᠨᠡᠯᠭᠡ ᠪᠠᠷ ᠶᠠᠳᠠᠭᠤ ᠶᠢ ᠳᠡᠳᠭᠦᠬᠦ ᠠᠵᠢᠯ ᠢ ᠦᠷᠨᠢᠭᠦᠯᠵᠦ | ᠂ ᠬᠤᠳᠠᠯᠳᠣᠭᠠᠨ ᠤ ᠳᠠᠭᠠᠣᠬᠠᠯ ᠳᠤ ᠣᠷᠣᠭᠤᠯᠬᠤ ᠪᠠᠷ ᠳᠠᠮᠵᠢᠨ᠂ ᠡᠮ ᠡᠮᠨᠡᠯᠭᠡ ᠶᠢᠨ ᠰᠦᠢᠳᠭᠡᠯ ᠢ ᠨᠢ | ᠴᠠᠶᠢᠷᠠᠭᠤᠯᠵᠣ ᠦᠭᠬᠦ ᠬᠠᠷᠢᠴᠠᠯ ᠢ ᠳᠡᠭᠡᠭᠰᠢᠯᠡᠭᠦᠯᠵᠦ᠂ ᠭᠡᠷ ᠲᠡᠭᠡᠨ ᠡᠮᠨᠡᠭᠦᠯᠬᠦ ᠲᠣᠷᠰᠢᠯᠳᠠ ᠶᠢᠨ ᠴᠡᠭ ᠤᠨ ᠠᠵᠢᠯ ᠢ | ᠬᠡᠷᠡᠭᠵᠢᠭᠦᠯᠵᠦ᠂ ᠶᠠᠳᠠᠭᠤ ᠬᠦᠴᠢᠷᠳᠠᠯᠳᠠᠢ ᠡᠷᠦᠭᠡ ᠶᠢᠨ ᠡᠮ ᠡᠮᠨᠡᠯᠭᠡ ᠶᠢᠨ ᠳᠠᠷᠣᠭᠠᠰᠣ ᠶᠢ ᠨᠢ ᠬᠦᠩᠭᠡᠯᠡᠨ᠎ᠡ᠃ | ᠠᠵᠢᠯ ᠣᠯᠭᠤᠯᠳᠠ ᠦᠢᠯᠡᠰ ᠪᠣᠰᠬᠠᠬᠤ ᠪᠠᠷ ᠶᠠᠳᠠᠭᠤ ᠶᠢ ᠳᠡᠳᠭᠦᠬᠦ ᠶᠢ ᠠᠬᠢᠭᠤᠯᠵᠣ᠂ ᠶᠠᠳᠠᠭᠤ ᠬᠦᠴᠢᠷᠳᠡᠯᠳᠠᠢ | ᠡᠷᠦᠭᠡ ᠶᠢᠨ ᠠᠵᠢᠯ ᠣᠯᠬᠤ ᠬᠦᠰᠡᠯ ᠪᠣᠯᠣᠨ ᠵᠠᠬ᠎ᠠ ᠳᠡᠯᠭᠡᠭᠦᠷ ᠤᠨ ᠬᠡᠷᠡᠭᠴᠡᠭᠡ ᠳᠤ ᠬᠠᠨᠳᠣᠭᠤᠯᠵᠣ᠂ ᠪᠣᠳᠠᠳᠣ | ᠬᠡᠷᠡᠭᠴᠡᠭᠡᠨ ᠤ ᠮᠡᠷᠭᠡᠵᠢᠯ ᠤᠨ ᠪᠣᠯᠪᠠᠰᠣᠷᠠᠯ ᠢ ᠶᠡᠬᠡᠪᠡᠷ ᠦᠷᠨᠢᠭᠦᠯᠵᠦ᠂ ᠶᠠᠳᠠᠭᠤ ᠬᠦᠴᠢᠷᠳᠡᠯᠳᠠᠢ ᠭᠡᠷ ᠪᠦᠯᠢ ᠶᠢᠨ | ᠬᠦᠳᠡᠯᠮᠦᠷᠢ ᠬᠦᠴᠦᠨ ᠤ ᠠᠳᠠᠭ ᠲᠠᠭᠠᠨ ᠨᠢᠭᠡ ᠲᠦᠷᠦᠯ ᠤᠨ ᠮᠡᠷᠭᠡᠵᠢᠯ ᠢ ᠡᠵᠡᠮᠰᠢᠬᠦ ᠶᠢ ᠪᠠᠳᠣᠯᠠᠨ᠎ᠠ᠃ ᠨᠠᠭᠠᠳᠣ | ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢ ᠴᠢᠩᠭᠠᠳᠬᠠᠵᠣ᠂ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ | ᠪᠣᠯᠣᠨ ᠶᠠᠳᠠᠭᠤ ᠶᠢ ᠳᠡᠳᠭᠦᠬᠦ ᠶᠢ ᠪᠦᠲᠦᠮᠵᠢᠳᠠᠢ ᠣᠶᠠᠯᠳᠣᠭᠤᠯᠵᠣ᠂ ᠨᠦᠬᠦᠴᠡᠯ ᠳᠤ ᠨᠡᠶᠢᠴᠡᠬᠦ ᠶᠠᠳᠠᠭᠤ | ᠬᠦᠴᠢᠷᠳᠡᠯᠳᠠᠢ ᠡᠷᠦᠬᠡ ᠶᠢ ᠴᠠᠭ ᠲᠣᠬᠠᠢ ᠳᠤᠨᠢ ᠳᠡᠳᠭᠦᠮᠵᠢ ᠳᠤ ᠣᠷᠣᠭᠤᠯᠵᠣ᠂ ᠨᠦᠬᠦᠪᠦᠷᠢ ᠶᠢᠨ ᠪᠡᠯᠡ ᠮᠦᠩᠭᠦ ᠶᠢ | ᠴᠠᠭ ᠲᠣᠬᠠᠢ ᠳᠤᠨᠢ ᠭᠦᠢᠴᠡᠳ ᠣᠯᠭᠤᠵᠣ᠂ ᠪᠠᠳᠣᠯᠠᠬᠤ ᠵᠣᠬᠢᠰᠳᠠᠢ ᠶᠢ ᠴᠦᠮ ᠪᠠᠳᠣᠯᠠᠨ᠎ᠠ᠃ ᠲᠣᠰᠬᠠᠢ ᠲᠦᠷᠦᠯ | ᠢᠶᠠᠷ ᠶᠠᠳᠠᠭᠤ ᠶᠢ ᠳᠡᠳᠭᠦᠬᠦ᠂ ᠠᠵᠢᠯ ᠲᠦᠷᠦᠯ ᠢᠶᠠᠷ ᠶᠠᠳᠠᠭᠤ ᠶᠢ ᠳᠡᠳᠭᠦᠬᠦ᠂ ᠨᠡᠶᠢᠭᠡᠮ ᠠᠴᠠ ᠶᠠᠳᠠᠭᠤ ᠶᠢ ᠳᠡᠳᠭᠦᠬᠦ | ᠠᠵᠢᠯ ᠢ ᠨᠢᠭᠡᠳᠦᠯᠳᠠᠢ ᠲᠦᠯᠦᠪᠯᠡᠨ ᠰᠠᠶᠢᠳᠣᠷ ᠠᠳᠬᠤᠵᠣ᠂ ᠮᠠᠯᠵᠢᠬᠤ ᠲᠠᠷᠢᠶᠠᠯᠠᠬᠤ ᠣᠷᠣᠨ ᠤ ᠮᠡᠳᠡᠭᠡ | ᠵᠠᠩᠭᠢᠴᠢᠯᠠᠯᠳᠠ᠂ ᠮᠠᠯᠵᠢᠬᠤ ᠲᠠᠷᠢᠶᠠᠯᠠᠬᠤ ᠣᠷᠣᠨ ᠤ ᠣᠣᠭᠤᠬᠤ ᠣᠰᠣᠨ ᠤ ᠠᠮᠣᠷ ᠲᠦᠪᠰᠢᠨ ᠪᠣᠯᠣᠨ ︽ᠪᠣᠶᠠᠨᠰᠠᠭ | ᠦᠢᠯᠡ︾ ᠶᠠᠳᠠᠭᠤ ᠬᠦᠴᠢᠷᠳᠡᠯᠳᠠᠢ ᠡᠷᠦᠭᠡ ᠶᠢᠨ ᠮᠠᠯ ᠢ ᠬᠤᠳᠠᠯᠳᠣᠵᠣ ᠦᠭᠬᠦ ᠲᠦᠷᠦᠯ ᠵᠦᠢᠯ ᠢ ᠰᠠᠶᠢᠳᠣᠷ | ᠬᠡᠷᠡᠭᠵᠢᠭᠦᠯᠵᠦ᠂ ᠳᠣᠮᠳᠠᠳᠣ ᠣᠯᠣᠰ ᠤᠨ ᠠᠭᠠᠷ ᠠᠶᠠᠯᠠᠯ ᠤᠨ ᠺᠣᠮᠫᠠᠨᠢ ᠶᠢᠨ ᠨᠡᠷᠡᠲᠦ ᠰᠢᠯᠢᠳᠡᠭ ᠣᠨᠴᠠᠯᠢᠭᠳᠣ | ᠪᠦᠲᠦᠭᠡᠭᠳᠡᠭᠦᠨ ᠢ ᠣᠬᠠᠭᠤᠯᠣᠨ ᠲᠦᠭᠡᠮᠡᠯᠵᠢᠭᠦᠯᠬᠦ ᠶᠢ ᠴᠢᠩᠭᠠᠳᠬᠠᠬᠤ ᠵᠡᠷᠭᠡ ᠲᠠᠯ᠎ᠠ ᠳᠤ ᠰᠢᠨ᠎ᠡ ᠠᠬᠢᠯᠳᠠ ᠲᠠᠢ | ᠪᠣᠯᠭᠠᠨ᠎ᠠ᠃ ᠨᠠᠷᠢᠯᠢᠭ ᠣᠨᠣᠪᠴᠢᠳᠠᠢ ᠳᠡᠮᠵᠢᠨ ᠳᠡᠳᠭᠦᠬᠦ ᠳᠡᠭᠡᠷ᠎ᠡ ᠪᠣᠳᠠᠳᠣ ᠦᠷ᠎ᠡ ᠪᠦᠲᠦᠮᠵᠢ ᠭᠠᠷᠭᠠᠨ᠎ᠠ᠃ ᠡᠯ᠎ᠡ | ᠱᠠᠳᠣᠨ ᠤ ᠳᠡᠮᠵᠢᠨ ᠳᠡᠳᠭᠦᠬᠦ ᠺᠠᠳ᠋ᠷ ᠤᠨ ︽ᠲᠠᠪᠣᠨ ᠨᠢᠭᠡ ᠪᠦᠯᠦᠭ︾᠂ ︽ᠵᠢᠷᠭᠤᠭᠠᠨ ᠨᠠᠷᠢᠯᠢᠭ ᠣᠨᠣᠪᠴᠢᠳᠠᠢ︾ | ᠶᠠᠳᠠᠭᠤ ᠶᠢ ᠳᠡᠳᠭᠦᠭᠦ ᠲᠦᠷᠦ ᠶᠢᠨ ᠪᠣᠳᠣᠯᠭ᠎ᠠ ᠶᠢᠨ ᠠᠷᠭ᠎ᠠ ᠠᠪᠴᠠᠯ ᠤᠨ ᠪᠣᠯᠪᠠᠰᠣᠷᠠᠯ ᠢ ᠦᠷᠭᠦᠯᠵᠢᠯᠡᠨ | ᠴᠢᠩᠭᠠᠳᠬᠠᠵᠣ᠂ ᠰᠠᠶᠢᠳᠣᠷ ᠡᠵᠡᠮᠳᠡᠵᠦ᠂ ᠣᠯᠠᠨ ᠲᠦᠮᠡᠨ ᠳᠤ ᠲᠣᠳᠣᠷᠬᠠᠢ ᠣᠶᠢᠯᠠᠭᠠᠭᠤᠯᠵᠣ᠂ ᠡᠯ᠎ᠡ ᠲᠦᠷᠦᠯ ᠤᠨ | ᠲᠦᠷᠦ ᠶᠢᠨ ᠪᠣᠳᠣᠯᠭ᠎ᠠ ᠠᠷᠭ᠎ᠠ ᠠᠪᠴᠠᠯ ᠢ ᠰᠠᠶᠢᠳᠣᠷ ᠨᠠᠶᠢᠳᠠᠪᠣᠷᠢᠵᠢᠭᠤᠯᠬᠤ ᠶᠢ ᠪᠠᠳᠣᠯᠠᠨ᠎ᠠ᠃ ᠡᠭᠦᠨ ᠤ ᠬᠠᠮᠳᠣ᠂ | ᠶᠠᠳᠠᠭᠤ ᠬᠦᠴᠢᠷᠳᠡᠯᠳᠠᠢ ᠣᠯᠠᠨ ᠲᠦᠮᠡᠨ ᠤ ᠳᠠᠯᠳᠠ ᠬᠦᠴᠦᠨ ᠢ ᠬᠦᠭᠵᠢᠭᠡᠵᠦ᠂ ᠶᠠᠳᠠᠭᠤ ᠬᠦᠴᠢᠷᠳᠡᠯᠳᠠᠢ ᠡᠷᠦᠭᠡ ᠶᠢ | ᠵᠢᠯᠣᠭᠤᠳᠣᠨ ︽ᠬᠦᠯᠢᠶᠡᠬᠦ᠂ ᠲᠦᠰᠢᠬᠦ᠂ ᠠᠪᠬᠤ︾ ᠦᠵᠡᠯᠳᠡ ᠶᠢ ᠳᠡᠪᠴᠢᠵᠣ᠂ ᠦᠪᠡᠷ ᠤᠨ ᠬᠦᠴᠦ ᠪᠠᠷ ᠢᠶᠠᠨ | ᠶᠠᠳᠠᠭᠤ ᠠᠴᠠ ᠠᠩᠭᠢᠵᠢᠷᠠᠬᠤ ᠣᠬᠠᠮᠰᠠᠷ ᠢ ᠨᠢ ᠳᠡᠭᠡᠭᠰᠢᠯᠡᠭᠦᠯᠦᠨ᠎ᠡ᠃ ᠨᠠᠷᠢᠯᠢᠭ ᠣᠨᠣᠪᠴᠢᠳᠠᠢ ᠪᠠᠷ ᠶᠠᠳᠠᠭᠤ ᠠᠴᠠ | ᠠᠩᠭᠢᠵᠢᠷᠠᠭᠤᠯᠬᠤ ᠳᠡᠭᠡᠷ᠎ᠡ ᠦᠷ᠎ᠡ ᠪᠦᠲᠦᠮᠵᠢ ᠭᠠᠷᠭᠠᠨ᠎ᠠ᠃ ᠶᠠᠳᠠᠭᠤ ᠠᠴᠠ ᠠᠩᠭᠢᠵᠢᠷᠠᠭᠤᠯᠬᠤ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠣᠷᠢᠵᠢᠭᠤᠯᠵᠣ᠂ ᠶᠠᠳᠠᠭᠤ ᠠᠴᠠ ᠠᠩᠭᠢᠵᠢᠷᠠᠭᠤᠯᠬᠤ ᠬᠦᠳᠡᠯᠦᠩᠭᠦᠢ ᠬᠠᠮᠢᠶᠠᠷᠣᠯᠳᠠ ᠶᠢ | ᠴᠢᠩᠭᠠᠳᠬᠠᠵᠣ᠂ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠬᠠᠮᠢᠶᠠᠷᠣᠯᠳᠠ ᠶᠢᠨ ᠠᠵᠢᠯ ᠢ ᠰᠠᠶᠢᠳᠣᠷ ᠬᠢᠵᠦ᠂ ︽ | ᠵᠣᠯ ᠵᠢᠷᠭᠠᠯ ᠤᠨ ᠳᠠᠩᠰᠠ︾ ᠶᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠳᠠᠢ ᠡᠷᠦᠭᠡ ᠶᠢᠨ ᠨᠠᠷᠢᠯᠢᠭ | ᠣᠨᠣᠪᠴᠢᠳᠠᠢ ᠪᠠᠷ ᠶᠠᠳᠠᠭᠤ ᠠᠴᠠ ᠠᠩᠭᠢᠵᠢᠷᠠᠬᠤ ᠪᠠ ᠬᠦᠨᠳᠡᠯᠡᠨ ᠠᠴᠠ ᠰᠢᠯᠭᠠᠨ ᠦᠨᠡᠯᠡᠯᠳᠡ ᠬᠢᠬᠦ ᠳᠤ ᠰᠠᠭᠤᠷᠢ | ᠲᠠᠯᠪᠢᠨ᠎ᠠ᠃ ᠶᠠᠳᠠᠭᠤ ᠶᠢ ᠳᠡᠳᠭᠦᠬᠦ ᠪᠡᠯᠡ ᠮᠦᠩᠭᠦᠨ ᠤ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠣ᠂ ᠶᠠᠳᠠᠭᠤ ᠶᠢ | ᠳᠡᠳᠭᠦᠬᠦ ᠪᠡᠯᠡ ᠮᠦᠩᠭᠦ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠵᠣ ᠪᠣᠳᠠᠳᠠᠢ ᠳᠤ ᠨᠠᠶᠢᠳᠠᠪᠣᠷᠢᠵᠢᠭᠤᠯᠬᠤ ᠶᠢ | ᠪᠠᠳᠣᠯᠠᠨ᠎ᠠ᠃ ᠵᠢᠯ ᠤᠨ ᠲᠣᠳᠣᠷ᠎ᠠ 413 ᠡᠷᠦᠭᠡ᠂ 1022 ᠬᠦᠮᠦᠨ ᠢ ᠲᠣᠭᠳᠠᠭᠤᠨ ᠢᠶᠠᠷ ᠶᠠᠳᠠᠭᠤ ᠠᠴᠠ | ᠠᠩᠭᠢᠵᠢᠷᠠᠭᠤᠯᠣᠨ᠎ᠠ᠃ | ᠬᠤᠶᠠᠷ ᠲᠤ ᠦᠢᠯᠡᠰ ᠪᠣᠰᠬᠠᠬᠤ ᠠᠵᠢᠯ ᠣᠯᠭᠤᠬᠤ ᠢᠨᠵᠧᠨᠧᠷᠢᠩ ᠢ ᠯᠠᠪᠳᠠᠭᠤᠨ ᠪᠠᠳᠣᠳᠠᠢ ᠠᠬᠢᠭᠤᠯᠣᠨ᠎ᠠ᠃ | ᠦᠢᠯᠡᠰ ᠪᠣᠰᠬᠠᠬᠤ ᠠᠵᠢᠯ ᠣᠯᠭᠤᠬᠤ ᠶᠢ ᠦᠷᠭᠡᠳᠭᠡᠬᠦ ᠠᠵᠢᠯ ᠢ ᠲᠣᠪᠣᠶᠢᠮ᠎ᠠ ᠪᠠᠶᠢᠷᠢᠨ ᠳᠤ ᠲᠠᠯᠪᠢᠵᠣ᠂ ᠨᠡᠶᠢᠭᠡᠮ | ᠨᠡᠶᠢᠳᠡ ᠪᠠᠷ ᠢᠶᠠᠨ ᠦᠢᠯᠡᠰ ᠪᠣᠰᠬᠠᠵᠣ ᠰᠢᠨ᠎ᠡ ᠶᠢ ᠡᠭᠦᠳᠬᠦ ᠶᠢ ᠠᠬᠢᠭᠤᠯᠣᠨ᠎ᠠ᠃ ᠬᠦᠳᠡᠯᠮᠦᠷᠢ ᠬᠦᠴᠦ | ᠲᠦᠪᠯᠡᠷᠡᠭᠰᠡᠨ ᠠᠵᠣ ᠦᠢᠯᠡᠰ᠂ ᠦᠢᠯᠡᠴᠢᠯᠡᠭᠡᠨ ᠤ ᠦᠢᠯᠡᠰ ᠪᠣᠯᠣᠨ ᠳᠣᠮᠳᠠ ᠪᠠᠭ᠎ᠠ ᠵᠢᠵᠢᠭ ᠠᠵᠣ ᠠᠬᠤᠶᠢᠯᠠᠯ ᠤᠨ | ᠬᠦᠭᠵᠢᠯᠳᠡ ᠶᠢ ᠬᠦᠴᠦᠳᠠᠢ ᠳᠡᠮᠵᠢᠵᠦ᠂ ᠠᠵᠣ ᠠᠬᠤᠶᠢᠯᠠᠯ ᠤᠨ ᠠᠵᠢᠯ ᠤᠨ ᠪᠠᠶᠢᠷᠢ ᠶᠢ ᠨᠡᠮᠡᠭᠳᠡᠭᠦᠯᠦᠨ᠎ᠡ᠃ | ᠵᠠᠬᠢᠶᠠᠯᠠᠭ᠎ᠠ ᠲᠠᠢ᠂ ᠲᠣᠬᠠᠶᠢᠯᠠᠭᠰᠠᠨ ᠠᠵᠢᠯ ᠤᠨ ᠲᠣᠭᠳᠠᠭᠰᠠᠨ ᠠᠵᠢᠯ ᠤᠨ ᠪᠠᠶᠢᠷᠢ ᠲᠠᠢ ᠮᠡᠷᠭᠡᠵᠢᠯ ᠤᠨ | ᠪᠣᠯᠪᠠᠰᠣᠷᠠᠯ ᠢ ᠶᠡᠬᠡᠪᠡᠷ ᠦᠷᠨᠢᠭᠦᠯᠵᠦ᠂ ᠬᠦᠳᠡᠯᠮᠦᠷᠢᠴᠢᠳ ᠤᠨ ᠠᠵᠢᠯ ᠣᠯᠬᠤ ᠴᠢᠳᠠᠪᠣᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠳᠡᠭᠡᠲᠦ ᠰᠣᠷᠭᠠᠭᠤᠯᠢ ᠲᠡᠭᠦᠰᠦᠭᠰᠡᠨ ᠣᠶᠣᠳᠠᠨ᠂ ᠨᠡᠭᠦᠯᠭᠡᠨ ᠰᠢᠯᠵᠢᠭᠦᠯᠦᠭᠰᠡᠨ ᠮᠠᠯᠴᠢᠨ | ᠲᠠᠷᠢᠶᠠᠴᠢᠨ᠂ ᠬᠤᠳᠠ ᠬᠦᠳᠡᠭᠡ ᠶᠢᠨ ᠠᠵᠢᠯ ᠣᠯᠬᠤ ᠳᠤ ᠬᠦᠴᠢᠷᠳᠠᠢ ᠬᠦᠮᠦᠰ᠂ ᠮᠠᠯᠵᠢᠬᠤ ᠲᠠᠷᠢᠶᠠᠯᠠᠬᠤ ᠣᠷᠣᠨ ᠤ | ᠶᠠᠳᠠᠭᠤ ᠬᠦᠴᠢᠷᠳᠠᠯᠳᠠᠢ ᠬᠦᠮᠦᠨ ᠠᠮᠠ᠂ ᠨᠢᠭᠡ ᠨᠢ ᠴᠦ ᠠᠵᠢᠯ ᠣᠯᠣᠭᠠᠳᠣᠢ ᠭᠡᠷ ᠪᠦᠯᠢ ᠵᠡᠷᠭᠡ ᠭᠤᠣᠯᠳᠠᠯᠭ᠎ᠠ ᠲᠠᠢ | ᠬᠦᠮᠦᠰ ᠤᠨ ᠠᠵᠢᠯ ᠣᠯᠭᠤᠯᠳᠠ ᠶᠢ ᠰᠠᠶᠢᠳᠣᠷ ᠰᠢᠢᠳᠪᠦᠷᠢᠯᠡᠨ᠎ᠡ᠃ ᠦᠢᠯᠡᠰ ᠪᠣᠰᠬᠠᠬᠤ ᠶᠢ ᠬᠦᠴᠦᠳᠠᠢ ᠳᠡᠮᠵᠢᠵᠦ᠂ | ᠠᠵᠢᠯ ᠣᠯᠬᠤ ᠴᠢᠳᠠᠪᠣᠷᠢ ᠶᠢ ᠪᠣᠳᠠᠳᠠᠢ ᠪᠣᠯᠪᠠᠰᠣᠷᠠᠭᠤᠯᠬᠤ ᠰᠠᠭᠤᠷᠢᠨ ᠭᠠᠵᠠᠷ ᠢ ᠪᠠᠶᠢᠭᠤᠯᠵᠣ᠂ ᠭᠠᠵᠠᠷ ᠣᠷᠣᠨ ᠤ | ᠣᠨᠴᠠᠯᠢᠭ ᠲᠠᠢ ᠦᠢᠯᠡᠰ ᠪᠣᠰᠬᠠᠬᠤ ᠵᠡᠭᠡᠯᠢ ᠶᠢ ᠪᠠᠶᠢᠭᠤᠯᠵᠣ᠂ ᠦᠢᠯᠡᠰ ᠪᠣᠰᠬᠠᠨ ᠰᠢᠨ᠎ᠡ ᠶᠢ ᠡᠭᠦᠳᠬᠦ ᠶᠢ | ᠵᠢᠯᠣᠭᠤᠳᠣᠨ ᠦᠢᠯᠡᠴᠢᠯᠡᠬᠦ ᠲᠦᠪ ᠤᠨ ᠦᠢᠯᠡᠳᠦᠯ ᠢ ᠭᠦᠢᠴᠡᠳ ᠪᠠᠳᠠᠷᠠᠭᠤᠯᠵᠣ᠂ ᠦᠢᠯᠡᠰ ᠪᠣᠰᠬᠠᠬᠤ ᠬᠦᠰᠡᠯ ᠲᠠᠢ᠂ | ᠦᠢᠯᠡᠰ ᠪᠣᠰᠬᠠᠬᠤ ᠴᠢᠳᠠᠪᠣᠷᠢ ᠲᠠᠢ ᠬᠦᠮᠦᠰ ᠤᠨ ᠦᠪᠡᠷᠳᠡᠭᠡᠨ ᠦᠢᠯᠡᠰ ᠪᠣᠰᠬᠠᠬᠤ ᠶᠢ ᠨᠢ ᠳᠡᠮᠵᠢᠨ᠎ᠡ᠃ ᠦᠨᠦ | ᠵᠢᠯ ᠳᠤ 7000 ᠠᠵᠢᠯ ᠤᠨ ᠪᠠᠶᠢᠷᠢ ᠴᠣᠭᠯᠠᠭᠤᠯᠵᠣ᠂ 1500 ᠬᠦᠮᠦᠨ ᠳᠤ ᠠᠵᠢᠯ ᠮᠡᠷᠭᠡᠵᠢᠯ ᠤᠨ ᠪᠣᠯᠪᠠᠰᠣᠷᠠᠯ | ᠬᠦᠷᠳᠡᠬᠡᠨ᠂ 200 ᠬᠦᠮᠦᠨ ᠳᠤ ᠦᠢᠯᠡᠰ ᠪᠣᠰᠬᠠᠬᠤ ᠪᠣᠯᠪᠠᠰᠣᠷᠠᠯ ᠬᠦᠷᠳᠡᠭᠡᠵᠦ᠂ 1500 ᠲᠦᠮᠡᠨ ᠲᠦᠭᠦᠷᠢᠭ | ᠤᠨ ᠪᠠᠭ᠎ᠠ ᠲᠣᠭᠠᠨ ᠤ ᠪᠠᠳᠣᠯᠠᠭᠠᠳᠣ ᠵᠢᠭᠡᠯᠡᠯᠭᠡ ᠲᠠᠷᠬᠠᠭᠠᠨ᠎ᠠ᠃ | ᠭᠤᠷᠪᠠ ᠳᠤ ᠨᠡᠶᠢᠭᠡᠮ ᠤᠨ ᠠᠵᠢᠯ ᠦᠢᠯᠡᠰ ᠤᠨ ᠡᠷᠡᠭᠦᠯ ᠬᠦᠭᠵᠢᠯᠳᠡ ᠶᠢ ᠲᠦᠷᠭᠡᠳᠭᠡᠨ᠎ᠡ᠃ ᠰᠣᠷᠭᠠᠨ | ᠬᠦᠮᠦᠵᠢᠯ ᠰᠢᠨᠵᠢᠯᠡᠭᠡ ᠮᠡᠷᠭᠡᠵᠢᠯ ᠤᠨ ᠶᠠᠰᠣ ᠴᠢᠨᠠᠷ ᠢ ᠶᠡᠬᠡᠪᠡᠷ ᠳᠡᠭᠡᠭᠰᠢᠯᠡᠭᠦᠯᠦᠨ᠎ᠡ᠃ ᠰᠣᠷᠭᠠᠨ ᠬᠦᠮᠦᠵᠢᠯ ᠤᠨ | ᠶᠠᠰᠣ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠦᠷᠭᠦᠯᠵᠢᠯᠡᠨ ᠠᠬᠢᠭᠤᠯᠵᠣ᠂ | ᠮᠣᠩᠭᠤᠯ ᠦᠨᠳᠦᠰᠦᠳᠡᠨ ᠤ ᠳᠣᠮᠳᠠᠳᠣ ᠰᠣᠷᠭᠠᠭᠤᠯᠢ ᠶᠢᠨ ᠪᠠᠷᠢᠯᠭ᠎ᠠ ᠶᠢ ᠠᠰᠢᠭᠯᠠᠯᠳᠠ ᠳᠤ ᠣᠷᠣᠭᠤᠯᠬᠤ ᠶᠢ | ᠪᠠᠳᠣᠯᠠᠵᠣ᠂ ᠬᠤᠶᠠᠳᠣᠭᠠᠷ ᠮᠣᠩᠭᠤᠯ ᠦᠨᠳᠦᠰᠦᠳᠡᠨ ᠤ ᠴᠡᠴᠡᠷᠯᠢᠭ ᠤᠨ ᠪᠦᠲᠦᠭᠡᠨ ᠪᠠᠶᠢᠭᠤᠯᠣᠯᠳᠠ ᠶᠢ ᠠᠵᠢᠯ | ᠡᠬᠢᠯᠡᠭᠦᠯᠦᠨ᠎ᠡ᠃ ᠬᠢᠴᠢᠶᠡᠯ ᠤᠨ ᠭᠡᠷ ᠤᠨ ᠵᠢᠭᠠᠨ ᠰᠣᠷᠭᠠᠯᠳᠠ ᠶᠢᠨ ᠬᠡᠯᠪᠡᠷᠢ ᠶᠢᠨ ᠦᠭᠡᠷᠡᠴᠢᠯᠡᠯᠳᠡ ᠶᠢ ᠴᠢᠷᠮᠠᠶᠢᠨ | ᠠᠬᠢᠭᠤᠯᠵᠣ᠂ ᠰᠣᠷᠭᠠᠭᠤᠯᠢ ᠶᠢᠨ ᠲᠠᠷᠤᠭ᠎ᠠ᠂ ᠪᠠᠭᠰᠢ᠂ ᠵᠢᠭᠠᠬᠤ ᠶᠢ ᠰᠣᠳᠣᠯᠬᠤ ︽ᠭᠤᠷᠪᠠᠨ︾ ᠡᠩᠨᠡᠭᠡᠨ ᠤ | ᠪᠠᠶᠢᠭᠤᠯᠣᠯᠳᠠ ᠶᠢ ᠰᠠᠶᠢᠳᠣᠷ ᠠᠳᠬᠤᠵᠣ᠂ ᠶᠡᠭᠡ ᠳᠡᠭᠡᠲᠦ ᠰᠣᠷᠭᠠᠭᠤᠯᠢ ᠲᠠᠢ ᠰᠢᠨᠵᠢᠯᠡᠭᠡ ᠮᠡᠷᠭᠡᠵᠢᠯ ᠤᠨ | ᠬᠠᠮᠳᠣᠷᠠᠯᠴᠠᠭ᠎ᠠ ᠪᠠᠨ ᠴᠢᠩᠭᠠᠳᠬᠠᠵᠣ᠂ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠭᠡ ᠮᠡᠷᠭᠡᠵᠢᠯ ᠤᠨ ᠵᠢᠱᠢᠶ᠎ᠡ | ᠦᠵᠡᠭᠦᠯᠬᠦ ᠪᠣᠯᠣᠨ ᠰᠢᠨᠵᠢᠯᠡᠬᠦ ᠣᠬᠠᠭᠠᠨ ᠤ ᠲᠦᠭᠡᠮᠡᠯᠵᠢᠯ ᠢ ᠵᠢᠯᠣᠭᠤᠳᠣᠨ᠎ᠠ᠃ ᠡᠷᠡᠭᠦᠯ ᠴᠢᠬᠢᠷᠠᠭ ᠤᠨ ᠪᠦᠲᠦᠭᠡᠨ | ᠪᠠᠶᠢᠭᠤᠯᠣᠯᠳᠠ ᠶᠢ ᠲᠦᠷᠭᠡᠨ ᠠᠬᠢᠭᠤᠯᠣᠨ᠎ᠠ᠃ ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠪᠣᠯᠣᠨ ᠬᠦᠨᠳᠦ ᠶᠡᠭᠡ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠳᠣᠷ ᠬᠢᠵᠦ᠂ ᠲᠦᠯᠦᠪᠯᠡᠭᠡᠲᠦ ᠦᠷᠡᠵᠢᠯ ᠤᠨ | ᠦᠢᠯᠡᠴᠢᠯᠡᠭᠡᠨ ᠤ ᠬᠠᠮᠢᠶᠠᠷᠣᠯᠳᠠ ᠶᠢ ᠲᠡᠭᠦᠯᠳᠡᠷᠵᠢᠭᠦᠯᠵᠦ᠂ ᠬᠦᠮᠦᠨ ᠠᠮᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ ᠠᠯᠪᠠᠨ ᠤ ᠡᠮᠨᠡᠯᠭᠡ ᠶᠢᠨ ᠦᠭᠡᠷᠡᠴᠢᠯᠡᠯᠳᠡ ᠶᠢ ᠯᠠᠪᠳᠠᠭᠤᠨ ᠪᠠᠳᠣᠳᠠᠢ ᠠᠬᠢᠭᠤᠯᠵᠣ᠂ ᠡᠮᠨᠡᠯᠭᠡ | ᠶᠢᠨ ᠳᠠᠭᠠᠳᠬᠠᠯ ᠤᠨ ᠮᠦᠩᠭᠦ ᠲᠣᠭᠠᠴᠠᠭᠠᠯᠠᠬᠤ ᠬᠡᠯᠪᠡᠷᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠦᠪᠦᠷ | ᠮᠣᠩᠭᠤᠯ ᠤᠨ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠴᠣᠣ ᠶᠠᠩ ᠡᠮᠨᠡᠯᠭᠡ ᠶᠢᠨ ᠬᠤᠷᠢᠶ᠎ᠠ᠂ ᠣᠯᠠᠨ ᠣᠯᠣᠰ ᠤᠨ | ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ ᠡᠮᠨᠡᠯᠭᠡ ᠶᠢᠨ ᠬᠤᠷᠢᠶ᠎ᠠ ᠲᠠᠢ ᠬᠠᠮᠳᠣᠷᠠᠯᠴᠠᠭ᠎ᠠ ᠰᠣᠯᠢᠯᠴᠠᠭ᠎ᠠ ᠪᠠᠨ | ᠦᠷᠭᠦᠯᠵᠢᠯᠡᠨ ᠴᠢᠩᠭᠠᠳᠬᠠᠵᠣ᠂ ᠴᠢᠳᠠᠪᠣᠷᠢᠳᠠᠨ ᠬᠦᠮᠦᠵᠢᠭᠦᠯᠬᠦ᠂ ᠰᠠᠯᠠᠭ᠎ᠠ ᠲᠠᠰᠤᠭ ᠪᠠᠶᠢᠭᠤᠯᠬᠤ᠂ ᠮᠡᠷᠭᠡᠵᠢᠯ ᠢ | ᠳᠡᠭᠡᠭᠰᠢᠯᠡᠭᠦᠯᠬᠦ ᠵᠡᠷᠭᠡ ᠲᠠᠯ᠎ᠠ ᠳᠤ ᠦᠷ᠎ᠡ ᠪᠦᠲᠦᠮᠵᠢ ᠭᠠᠷᠭᠠᠨ᠎ᠠ᠃ ᠭᠠᠴᠠᠭ᠎ᠠ ᠲᠣᠰᠬᠤᠨ ᠤ ᠪᠠᠷᠢᠮᠵᠢᠶᠠᠵᠢᠭᠰᠠᠨ | ᠡᠷᠡᠭᠦᠯ ᠬᠠᠮᠠᠭᠠᠯᠠᠯ ᠤᠨ ᠲᠠᠰᠤᠭ ᠤᠨ ᠲᠦᠷᠢᠮᠵᠢᠭᠰᠡᠨ ᠬᠠᠮᠢᠶᠠᠷᠣᠯᠳᠠ ᠶᠢ ᠴᠢᠩᠭ᠎ᠠ ᠠᠳᠬᠤᠵᠣ᠂ ᠮᠣᠩᠭᠤᠯ ᠡᠮᠨᠡᠯᠭᠡ | ᠶᠢᠨ ᠲᠣᠰᠬᠠᠢ ᠰᠠᠯᠠᠭᠠᠨ ᠤ ᠪᠠᠶᠢᠭᠤᠯᠣᠯᠳᠠ ᠶᠢ ᠴᠢᠩᠭᠠᠳᠬᠠᠵᠣ᠂ ᠡᠮᠨᠡᠯᠭᠡ ᠶᠢᠨ ᠪᠠᠶᠢᠭᠤᠯᠣᠮᠵᠢ ᠶᠢᠨ ᠬᠠᠮᠢᠶᠠᠷᠣᠯᠳᠠ | ᠶᠢᠨ ᠴᠢᠳᠠᠪᠣᠷᠢ ᠪᠣᠯᠣᠨ ᠡᠮᠴᠢ ᠠᠵᠢᠯᠳᠠᠨ ᠤ ᠲᠣᠬᠠᠶᠢᠯᠠᠭᠰᠠᠨ ᠠᠵᠢᠯ ᠤᠨ ᠬᠢᠷᠢ ᠲᠦᠪᠰᠢᠨ ᠢ ᠴᠢᠷᠮᠠᠶᠢᠨ | ᠳᠡᠭᠡᠭᠰᠢᠯᠡᠭᠦᠯᠵᠦ᠂ ᠮᠠᠨ ᠤᠨ ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠮᠴᠢᠯᠡᠬᠦ ᠨᠣᠷᠮ᠎ᠠ ᠶᠢ ᠣᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ ᠰᠣᠶᠣᠯ ᠤᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠣᠨ᠎ᠠ᠃ ᠰᠣᠶᠣᠯ | ᠲᠠᠮᠢᠷ ᠤᠨ ᠠᠷᠠᠳ ᠲᠤ ᠬᠠᠷᠠᠭᠠᠯᠵᠠᠯ ᠬᠦᠷᠳᠡᠭᠡᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠠᠷᠠᠳ | ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠪᠣᠯᠣᠨ ᠣᠯᠠᠨ ᠲᠦᠮᠡᠨᠴᠢ ᠴᠢᠨᠠᠷᠳᠠᠢ ᠰᠣᠶᠣᠯ ᠤᠨ ᠠᠵᠢᠯᠯᠠᠭ᠎ᠠ ᠶᠢ | ᠢᠳᠡᠪᠬᠢᠳᠠᠢ ᠦᠷᠨᠢᠭᠦᠯᠦᠨ᠎ᠡ᠃ ᠦᠨᠳᠦᠰᠦᠳᠡᠨ ᠤ ᠰᠣᠶᠣᠯ ᠤᠨ ᠠᠭᠤᠯᠬᠤᠨ ᠢ ᠠᠭᠤᠳᠠᠯᠯᠠᠵᠣ᠂ ᠰᠢᠯᠢᠳᠡᠭ | ᠦᠨᠳᠦᠰᠦᠳᠡᠨ ᠤ ᠰᠣᠶᠣᠯ ᠢ ᠬᠠᠮᠠᠭᠠᠯᠠᠨ ᠣᠯᠠᠮᠵᠢᠯᠠᠵᠣ᠂ ᠮᠣᠩᠭᠤᠯ ᠶᠠᠳᠤᠭ᠎ᠠ᠂ ᠰᠦᠨᠢᠳ ᠣᠷᠳᠣ ᠶᠢᠨ ᠳᠠᠭᠤᠣ᠂ | ᠰᠦᠨᠢᠳ ᠢᠷᠦᠭᠡᠯ ᠮᠠᠭᠳᠠᠭᠠᠯ ᠵᠡᠷᠭᠡ ᠨᠢᠭᠡ ᠪᠦᠯᠦᠭ ᠦᠪᠡᠷᠳᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠣᠰᠣ | ᠰᠣᠶᠣᠯ ᠤᠨ ᠦᠪ ᠢ ᠲᠠᠰᠣᠷᠠᠯᠳᠠ ᠦᠭᠡᠢ ᠬᠦᠭᠵᠢᠭᠦᠯᠦᠨ ᠰᠣᠶᠣᠯ ᠤᠨ ᠠᠵᠣ ᠦᠢᠯᠡᠰ ᠪᠣᠯᠭᠠᠬᠤ ᠶᠢ ᠠᠬᠢᠭᠤᠯᠣᠨ᠎ᠠ | ᠃ ᠭᠤᠷᠪᠠᠳᠣᠭᠠᠷ ᠬᠤᠭᠤᠴᠠᠭᠠᠨ ᠤ ᠳᠣᠮᠳᠠᠳᠣ ᠣᠯᠣᠰ᠂ ᠰᠦᠨᠢᠳ ᠣᠯᠠᠨ ᠣᠯᠣᠰ ᠤᠨ ᠨᠣᠣᠰᠣ ᠨᠣᠯᠣᠣᠷ ᠤᠨ | ᠴᠣᠭᠯᠠᠭᠠᠨ ᠢ ᠰᠠᠶᠢᠳᠣᠷ ᠡᠷᠬᠢᠯᠡᠨ᠎ᠡ᠃ ᠣᠯᠠᠭᠠᠠᠮᠦ᠋ᠴᠢᠷ ᠤᠨ 60 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠢ | ᠰᠠᠶᠢᠳᠣᠷ ᠦᠷᠨᠢᠭᠦᠯᠵᠦ᠂ ︽ᠣᠯᠠᠭᠠᠠᠮᠦ᠋ᠴᠢᠷ︾ ᠢ ᠣᠷᠣᠨ ᠨᠣᠳᠤᠭ ᠤᠨ ᠦᠨᠳᠦᠰᠦᠳᠡᠨ ᠤ ᠣᠨᠴᠠᠯᠢᠭ ᠲᠠᠢ | ᠮᠦᠷᠳᠡᠭᠡᠨ ᠴᠠᠭ ᠦᠶ᠎ᠡ ᠶᠢᠨ ᠵᠣᠷᠢᠭ ᠰᠠᠨᠠᠭ᠎ᠠ ᠲᠠᠢ ᠰᠣᠶᠣᠯ ᠤᠨ ᠲᠦᠷᠦᠯ ᠳᠡᠮᠳᠡᠭ ᠪᠣᠯᠭᠠᠨ ᠡᠭᠦᠳᠦᠨ᠎ᠡ᠃ ︽ | ᠣᠯᠠᠭᠠᠠᠮᠦ᠋ᠴᠢᠷ︾ ᠮᠦᠽᠸᠢ ᠪᠣᠯᠣᠨ ︽ᠰᠣᠶᠣᠯ ᠲᠠᠮᠢᠷ ᠤᠨ ᠬᠦᠷᠢᠶᠡᠯᠡᠩ︾ ᠤᠨ ᠲᠦᠷᠦᠯ ᠵᠦᠢᠯ ᠤᠨ ᠪᠦᠲᠦᠭᠡᠨ | ᠪᠠᠶᠢᠭᠤᠯᠣᠯᠳᠠ ᠶᠢ ᠡᠬᠢᠯᠡᠨ ᠬᠡᠷᠡᠭᠵᠢᠭᠦᠯᠵᠦ᠂ ᠵᠢᠯ ᠤᠨ ᠲᠣᠳᠣᠷ᠎ᠠ ᠰᠦᠨᠢᠳ ᠸᠠᠩ ᠤᠨ ᠣᠷᠳᠣᠨ ᠤ ᠮᠦᠽᠸᠢ ᠳᠤ | ᠨᠡᠭᠡᠭᠡᠯᠳᠡ ᠬᠢᠨ᠎ᠡ᠃ | ᠳᠦᠷᠪᠡ ᠳᠤ ᠨᠡᠶᠢᠭᠡᠮ ᠤᠨ ᠪᠠᠳᠣᠯᠠᠭ᠎ᠠ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ | ᠦᠨᠳᠦᠰᠦᠨ ᠨᠠᠰᠣᠵᠢᠯ ᠤᠨ ᠳᠠᠭᠠᠳᠬᠠᠯ᠂ ᠦᠨᠳᠦᠰᠦᠨ ᠡᠮᠨᠡᠯᠭᠡ ᠵᠡᠷᠭᠡ ᠨᠡᠶᠢᠭᠡᠮ ᠤᠨ ᠪᠠᠳᠣᠯᠠᠭ᠎ᠠ ᠶᠢᠨ ᠲᠦᠷᠦ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ | ᠨᠠᠰᠣᠵᠢᠯ ᠤᠨ ᠳᠠᠭᠠᠳᠬᠠᠯ ᠤᠨ ᠲᠦᠷᠢᠮ ᠤᠨ ᠦᠭᠡᠷᠡᠴᠢᠯᠡᠯᠳᠡ ᠪᠣᠯᠣᠨ ᠬᠤᠳᠠ ᠬᠦᠳᠡᠭᠡ ᠶᠢᠨ ᠰᠠᠭᠤᠭᠠᠯᠢ ᠠᠷᠠᠳ | ᠤᠨ ᠡᠮᠨᠡᠯᠭᠡ ᠶᠢᠨ ᠳᠠᠭᠠᠳᠬᠠᠯ ᠤᠨ ᠲᠦᠷᠢᠮ ᠢ ᠨᠡᠶᠢᠯᠡᠭᠦᠯᠬᠦ ᠶᠢ ᠲᠦᠷᠭᠡᠳᠭᠡᠵᠦ᠂ ᠨᠡᠶᠢᠭᠡᠮ ᠤᠨ ᠳᠠᠭᠠᠳᠬᠠᠯ ᠤᠨ | ᠡᠯ᠎ᠡ ᠲᠦᠷᠦᠯ ᠤᠨ ᠲᠣᠬᠠᠶᠢᠯᠠᠭᠰᠠᠨ ᠠᠵᠢᠯ ᠤᠨ ᠦᠷᠭᠡᠳᠭᠡᠨ ᠬᠤᠷᠢᠶᠠᠵᠣ ᠲᠣᠰᠢᠶᠠᠬᠤ ᠶᠢ ᠠᠬᠢᠭᠤᠯᠵᠣ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠨᠠᠰᠣᠵᠢᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠦᠷᠭᠦᠯᠵᠢᠯᠡᠨ | ᠦᠷᠭᠡᠳᠭᠡᠨ᠎ᠡ᠃ ᠬᠤᠳᠠ ᠬᠦᠳᠡᠭᠡ ᠶᠢᠨ ᠨᠡᠶᠢᠭᠡᠮ ᠤᠨ ᠳᠡᠳᠭᠦᠨ ᠲᠣᠰᠠᠯᠠᠬᠤ᠂ ᠬᠠᠣᠯᠢ ᠴᠠᠭᠠᠵᠠ ᠶᠢᠨ ᠳᠡᠮᠵᠢᠨ | ᠲᠣᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠨᠠᠰᠣᠳᠠᠨ ᠢ ᠳᠡᠳᠭᠦᠬᠦ᠂ ᠵᠡᠮᠳᠡᠭ ᠢ ᠲᠣᠰᠠᠯᠠᠬᠤ᠂ ᠦᠨᠦᠴᠢᠨ ᠢ | ᠳᠡᠳᠭᠦᠨ ᠲᠣᠰᠠᠯᠠᠬᠤ᠂ ᠣᠨᠴᠠᠯᠠᠨ ᠬᠠᠷᠠᠭᠠᠯᠵᠠᠬᠤ ᠵᠡᠷᠭᠡ ᠠᠰᠠᠷᠠᠮᠵᠢ ᠶᠢᠨ ᠠᠵᠢᠯ ᠦᠢᠯᠡᠰ ᠤᠨ ᠬᠦᠭᠵᠢᠯᠳᠡ ᠶᠢ | ᠨᠢᠭᠡᠳᠦᠯᠳᠠᠢ ᠲᠦᠯᠦᠪᠯᠡᠨ ᠠᠬᠢᠭᠤᠯᠵᠣ᠂ ᠮᠣᠬᠤᠷᠳᠠᠯ ᠳᠤ ᠣᠴᠠᠷᠠᠭᠰᠠᠨ ᠭᠡᠣᠭᠡᠳ ᠤᠨ ᠠᠮᠢᠳᠣᠷᠠᠯ ᠢ ᠪᠠᠳᠣᠯᠠᠨ | ᠬᠠᠯᠠᠮᠵᠢᠯᠠᠬᠤ ᠦᠢᠯᠡᠴᠢᠯᠡᠭᠡᠨ ᠤ ᠠᠵᠢᠯ ᠢ ᠰᠠᠶᠢᠳᠣᠷ ᠬᠢᠵᠦ᠂ ᠬᠦᠴᠢᠷᠳᠡᠯᠳᠠᠢ ᠣᠯᠠᠨ ᠲᠦᠮᠡᠨ ᠤ ᠦᠨᠳᠦᠰᠦᠨ | ᠠᠮᠢᠳᠣᠷᠠᠯ ᠢ ᠪᠠᠳᠣᠯᠠᠭ᠎ᠠ ᠲᠠᠢ ᠪᠣᠯᠭᠠᠨ᠎ᠠ᠃ ᠨᠡᠶᠢᠭᠡᠮ ᠤᠨ ᠳᠠᠭᠠᠳᠬᠠᠯ ᠢᠶᠠᠷ ᠭᠤᠣᠯ ᠪᠣᠯᠭᠠᠵᠣ᠂ ᠨᠡᠶᠢᠭᠡᠮ ᠤᠨ | ᠳᠡᠳᠭᠦᠨ ᠲᠣᠰᠠᠯᠠᠯᠳᠠ ᠪᠠᠷ ᠰᠠᠭᠤᠷᠢ ᠪᠣᠯᠭᠠᠭᠰᠠᠨ᠂ ᠨᠡᠶᠢᠭᠡᠮ ᠤᠨ ᠠᠰᠠᠷᠠᠮᠵᠢ ᠪᠠᠷ ᠨᠦᠬᠦᠪᠦᠷᠢ ᠪᠣᠯᠭᠠᠭᠰᠠᠨ ᠣᠯᠠᠨ | ᠳᠡᠰ ᠳᠠᠪᠬᠤᠷᠭ᠎ᠠ ᠶᠢᠨ ᠪᠠᠳᠣᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠮᠨᠡᠯᠭᠡ ᠶᠢᠨ ᠳᠠᠭᠠᠳᠬᠠᠯ ᠪᠣᠯᠣᠨ | ᠬᠤᠳᠠᠯᠳᠣᠭᠠᠨ ᠤ ᠡᠷᠡᠭᠦᠯ ᠴᠢᠬᠢᠷᠠᠭ ᠤᠨ ᠳᠠᠭᠠᠳᠬᠠᠯ ᠢ ᠵᠣᠷᠢᠭᠵᠢᠭᠤᠯᠣᠨ ᠬᠦᠭᠵᠢᠭᠦᠯᠵᠦ᠂ ᠠᠷᠠᠳ ᠤᠨ ᠠᠮᠢᠳᠣᠷᠠᠯ | ᠤᠨ ᠪᠠᠳᠣᠯᠠᠭ᠎ᠠ ᠶᠢ ᠲᠦᠭᠡᠮᠡᠯᠵᠢᠭᠦᠯᠦᠨ᠎ᠡ᠃ | ᠲᠠᠪᠤ ᠳᠤ ᠨᠡᠶᠢᠭᠡᠮ ᠤᠨ ᠡᠶ᠎ᠡ ᠵᠣᠬᠢᠴᠠᠯᠳᠣ ᠲᠣᠭᠳᠠᠭᠤᠨ ᠪᠠᠶᠢᠳᠠᠯ ᠢ ᠪᠦᠬᠦ ᠬᠦᠴᠦ ᠪᠠᠷ ᠢᠶᠠᠨ ᠬᠠᠮᠠᠭᠠᠯᠠᠨ᠎ᠠ᠃ | ︽ᠠᠮᠣᠭᠤᠯᠠᠩᠳᠣ ᠪᠠᠷᠠᠭᠤᠨ ᠰᠦᠨᠢᠳ᠂ ᠬᠠᠣᠯᠢᠳᠣ ᠪᠠᠷᠠᠭᠤᠨ ᠰᠦᠨᠢᠳ︾ ᠤᠨ ᠪᠦᠲᠦᠭᠡᠨ ᠪᠠᠶᠢᠭᠤᠯᠣᠯᠳᠠ ᠶᠢ | ᠬᠦᠨᠵᠡᠭᠡᠢ ᠠᠬᠢᠭᠤᠯᠣᠨ᠎ᠠ᠃ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠣᠷᠢᠵᠢᠭᠤᠯᠵᠣ᠂ ᠨᠡᠶᠢᠭᠡᠮ ᠤᠨ ᠵᠦᠷᠢᠴᠡᠯ ᠮᠦᠷᠭᠦᠯᠳᠦᠭᠡᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠦᠨᠵᠡᠭᠡᠢ | ᠦᠷᠨᠢᠭᠦᠯᠵᠦ᠂ ᠣᠯᠠᠨ ᠲᠦᠮᠡᠨ ᠤ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠨ᠎ᠠ᠃ ᠡᠯ᠎ᠡ ᠲᠦᠷᠦᠯ ᠤᠨ | ᠨᠡᠶᠢᠭᠡᠮ ᠤᠨ ᠠᠮᠣᠷ ᠢ ᠬᠠᠮᠠᠭᠠᠯᠠᠨ ᠵᠠᠰᠠᠨ ᠴᠡᠭᠴᠡᠯᠡᠬᠦ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠨᠡᠶᠢᠭᠡᠮ ᠤᠨ | ᠬᠠᠮᠢᠶᠠᠷᠣᠨ ᠡᠵᠡᠮᠳᠡᠬᠦ ᠬᠦᠴᠦᠨ ᠢ ᠣᠯᠠᠮ ᠴᠢᠩᠭᠠᠳᠬᠠᠵᠣ᠂ ᠴᠠᠭᠳᠠᠭ᠎ᠠ ᠶᠢᠨ ᠲᠣᠭᠤᠷᠢᠨ ᠪᠠᠶᠢᠴᠠᠭᠠᠬᠤ ᠨᠣᠷᠮ᠎ᠠ ᠶᠢ | ᠳᠡᠭᠡᠭᠰᠢᠯᠡᠭᠦᠯᠵᠦ᠂ ᠡᠯ᠎ᠡ ᠲᠦᠷᠦᠯ ᠤᠨ ᠬᠠᠣᠯᠢ ᠵᠦᠷᠢᠴᠡᠭᠰᠡᠨ ᠶᠠᠯᠠᠳᠣ ᠠᠵᠢᠯᠯᠠᠭ᠎ᠠ ᠪᠣᠯᠣᠨ ᠮᠠᠯᠵᠢᠬᠤ ᠲᠠᠷᠢᠶᠠᠯᠠᠬᠤ | ᠣᠷᠣᠨ ᠤ ᠦᠨᠳᠦᠷ ᠭᠦᠦ ᠲᠠᠢ ᠵᠢᠭᠡᠯᠡᠯᠭᠡ ᠶᠢᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠨᠡᠶᠢᠭᠡᠮ ᠤᠨ | ᠠᠮᠣᠷ ᠢ ᠬᠠᠮᠠᠭᠠᠯᠠᠬᠤ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠦᠨ᠎ᠡ᠃ ᠠᠶᠣᠯᠭᠦᠢ ᠦᠢᠯᠡᠳᠪᠦᠷᠢᠯᠡᠯ ᠤᠨ | ᠰᠡᠷᠡᠮᠵᠢ ᠶᠢᠨ ᠣᠬᠠᠮᠰᠠᠷ ᠢ ᠪᠣᠢ ᠪᠣᠯᠭᠠᠵᠣ᠂ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠳᠠᠯᠳᠠ ᠭᠡᠮ ᠢ | ᠪᠠᠶᠢᠴᠠᠭᠠᠬᠤ ᠪᠠ ᠲᠣᠰᠬᠠᠢ ᠲᠦᠷᠦᠯ ᠢᠶᠠᠷ ᠵᠠᠰᠠᠨ ᠴᠡᠭᠴᠡᠯᠡᠬᠦ ᠶᠢ ᠴᠢᠩᠭᠠᠳᠬᠠᠵᠣ᠂ ᠬᠦᠮᠦᠨ ᠣᠯᠠᠨ ᠲᠦᠪᠯᠡᠷᠡᠭᠰᠡᠨ | ᠲᠠᠯᠠᠪᠣᠷ ᠪᠣᠯᠣᠨ ᠭᠤᠣᠯᠳᠠᠯᠭ᠎ᠠ ᠲᠠᠢ ᠰᠡᠷᠭᠡᠶᠢᠯᠡᠬᠦ ᠬᠦᠷᠢᠶ᠎ᠡ ᠬᠡᠪᠴᠢᠶᠡᠨ ᠤ ᠭᠠᠯ ᠤᠨ ᠠᠶᠣᠯ ᠢ ᠨᠢᠭᠳᠠ ᠠᠩᠬᠠᠷᠴᠣ᠂ | ᠠᠶᠠᠨᠴᠢᠨ ᠤ ᠳᠡᠭᠡᠭᠡᠪᠦᠷᠢ᠂ ᠪᠠᠷᠠᠭᠠᠨ ᠤ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠠᠮᠣᠷ ᠲᠦᠪᠰᠢᠨ ᠤ ᠬᠢᠨᠠᠯᠳᠠ | ᠬᠠᠮᠢᠶᠠᠷᠣᠯᠳᠠ ᠪᠣᠯᠣᠨ ᠢᠳᠡᠭᠡᠨ ᠪᠠ ᠡᠮ ᠤᠨ ᠵᠦᠢᠯ ᠤᠨ ᠠᠵᠢᠯ ᠲᠦᠷᠦᠯ ᠤᠨ ᠠᠮᠣᠷ ᠲᠦᠪᠰᠢᠨ ᠤ ᠬᠢᠨᠠᠯᠳᠠ | ᠬᠠᠮᠢᠶᠠᠷᠣᠯᠳᠠ ᠶᠢ ᠴᠢᠩᠭᠠᠳᠬᠠᠵᠣ᠂ ᠡᠯ᠎ᠡ ᠲᠦᠷᠦᠯ ᠤᠨ ᠠᠳᠡᠯ ᠢ ᠴᠢᠩᠭ᠎ᠠ ᠰᠡᠷᠭᠡᠶᠢᠯᠡᠨ᠎ᠡ᠃ ᠬᠠᠣᠯᠢ ᠪᠠᠷ ᠵᠠᠰᠠᠬᠤ | ᠣᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠶᠡᠭᠡᠪᠡᠷ ᠦᠷᠨᠢᠭᠦᠯᠵᠦ᠂ ᠣᠯᠠᠨ ᠲᠦᠮᠡᠨ ᠢ ᠵᠢᠯᠣᠭᠤᠳᠣᠨ ᠬᠠᠣᠯᠢ | ᠴᠠᠭᠠᠵᠠ ᠶᠢᠨ ᠣᠬᠠᠮᠰᠠᠷ ᠢ ᠨᠢ ᠳᠡᠭᠡᠭᠰᠢᠯᠡᠭᠦᠯᠦᠨ᠂ ᠵᠣᠬᠢᠬᠤ ᠬᠠᠣᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠡᠵᠡᠮᠰᠢᠭᠦᠯᠦᠨ᠎ᠡ᠃ | ᠵᠢᠷᠭᠤᠭ᠎ᠠ ᠳᠤ ᠣᠶᠣᠨ ᠤ ᠪᠣᠯᠪᠠᠰᠣᠨ ᠤ ᠪᠠᠶᠢᠭᠤᠯᠣᠯᠳᠠ ᠶᠢ ᠴᠢᠩᠭᠠᠳᠬᠠᠨ᠎ᠠ᠃ ᠨᠡᠶᠢᠭᠡᠮ ᠵᠢᠷᠣᠮ ᠤᠨ | ᠭᠤᠣᠯᠯᠠᠭᠴᠢ ᠦᠷᠳᠡᠭ ᠤᠨ ᠦᠵᠡᠯᠳᠡ᠂ ︽ᠲᠣᠮᠳᠠᠳᠣ ᠶᠢᠨ ᠬᠦᠰᠡᠯᠡᠩ︾ ᠪᠣᠯᠣᠨ ᠲᠣᠮᠳᠠᠳᠣ ᠶᠢᠨ ᠣᠯᠠᠮᠵᠢᠯᠠᠯᠳᠣ | ᠰᠠᠶᠢᠬᠠᠨ ᠰᠣᠷᠳᠠᠯ ᠤᠨ ᠣᠬᠠᠭᠤᠯᠭ᠎ᠠ ᠬᠦᠮᠦᠵᠢᠯ ᠢ ᠬᠦᠨᠵᠡᠭᠡᠢ ᠦᠷᠨᠢᠭᠦᠯᠵᠦ᠂ ︽ᠪᠣᠯᠪᠠᠰᠣᠨ ᠢ ᠡᠷᠬᠢᠮᠯᠡᠨ᠂ | ᠰᠠᠶᠢᠬᠠᠨ ᠰᠣᠷᠳᠠᠯ ᠢ ᠪᠣᠢ ᠪᠣᠯᠭᠠᠬᠤ︾᠂ ᠭᠡᠷ ᠪᠦᠯᠢ ᠶᠢᠨ ᠪᠣᠯᠪᠠᠰᠣᠨ ᠰᠣᠷᠳᠠᠯ ᠵᠡᠷᠭᠡ ᠠᠵᠢᠯᠯᠠᠭ᠎ᠠ ᠶᠢ ᠢᠳᠡᠪᠬᠢᠳᠠᠢ | ᠠᠬᠢᠭᠤᠯᠵᠣ᠂ ᠲᠡᠷᠭᠡᠳᠡᠬᠢ ᠰᠠᠶᠢᠨ ᠬᠦᠮᠦᠨ᠂ ᠶᠣᠰᠣ ᠰᠣᠷᠳᠠᠬᠤᠨ ᠤ ᠵᠢᠱᠢᠶᠡᠴᠢ ᠵᠡᠷᠭᠡ ᠶᠢ ᠰᠣᠩᠭᠤᠨ ᠬᠦᠬᠢᠭᠦᠯᠬᠦ | ᠠᠵᠢᠯᠯᠠᠭ᠎ᠠ ᠶᠢ ᠦᠷᠨᠢᠭᠦᠯᠵᠦ᠂ ᠣᠯᠠᠨ ᠲᠦᠮᠡᠨ ᠳᠤ ᠠᠶᠠᠨᠳᠠᠭᠠᠨ ᠤ ᠬᠦᠮᠦᠵᠢᠯ ᠪᠣᠯᠣᠨ ᠨᠦᠯᠦᠭᠡ ᠶᠢ ᠬᠦᠷᠳᠡᠭᠡᠨ᠎ᠡ᠃ | ᠦᠪᠡᠷᠳᠡᠭᠡᠨ ᠵᠠᠰᠠᠬᠤ ᠣᠷᠣᠨ ᠤ ᠦᠨᠳᠦᠰᠦᠳᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠨᠠᠮ ᠤᠨ ᠦᠨᠳᠦᠰᠦᠳᠡᠨ ᠱᠠᠰᠢᠨ ᠰᠣᠷᠳᠠᠬᠤᠨ ᠤ ᠲᠦᠷᠦ | ᠶᠢᠨ ᠪᠣᠳᠣᠯᠭ᠎ᠠ ᠴᠢᠭᠯᠡᠯ ᠢ ᠨᠠᠷᠢᠨ ᠬᠢᠨᠠᠮᠠᠭᠠᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠦᠨᠳᠦᠰᠦᠳᠡᠨ ᠨᠦᠭᠦᠳ ᠤᠨ | ᠺᠠᠳ᠋ᠷ ᠣᠯᠠᠨ ᠲᠦᠮᠡᠨ ᠤ ᠪᠦᠯᠬᠦᠮᠳᠡᠯ ᠢ ᠳᠠᠶᠢᠴᠢᠯᠠᠨ᠎ᠠ᠃ ᠨᠠᠰᠣᠳᠠᠶᠢᠴᠣᠳ ᠤᠨ ᠠᠵᠢᠯ ᠦᠢᠯᠡᠰ ᠪᠣᠯᠣᠨ ᠠᠬᠠᠮᠠᠳ | ᠺᠠᠳ᠋ᠷᠴᠣᠳ ᠤᠨ ᠠᠵᠢᠯ ᠢ ᠦᠷᠭᠦᠯᠵᠢᠯᠡᠨ ᠬᠠᠯᠠᠮᠵᠢᠯᠠᠨ ᠳᠡᠮᠵᠢᠨ᠎ᠡ᠃ ᠠᠵᠢᠯᠳᠠᠨ ᠤ ᠡᠪᠯᠡᠯ᠂ ᠵᠠᠯᠠᠭᠤᠴᠣᠳ ᠤᠨ | ᠡᠪᠯᠡᠯ᠂ ᠡᠮᠡᠭᠳᠡᠶᠢᠴᠣᠳ ᠤᠨ ᠬᠤᠯᠪᠣᠭᠠᠳᠣ ᠬᠤᠷᠠᠯ ᠵᠡᠷᠭᠡ ᠠᠷᠠᠳ ᠤᠨ ᠪᠦᠯᠬᠦᠮ ᠤᠨ ᠬᠦᠭᠦᠷᠭᠡ ᠬᠤᠯᠪᠣᠭᠠᠰᠣ ᠶᠢᠨ | ᠦᠢᠯᠡᠳᠦᠯ ᠢ ᠭᠦᠢᠴᠡᠳ ᠪᠠᠳᠠᠷᠠᠭᠤᠯᠵᠣ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠰᠠᠶᠢᠳᠣᠷ ᠲᠣᠰᠬᠠᠨ᠂ | ᠣᠯᠠᠨ ᠲᠦᠮᠡᠨ ᠤ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠨ᠎ᠠ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ | ᠪᠠᠶᠢᠭᠤᠯᠣᠯᠳᠠ ᠶᠢ ᠢᠳᠡᠪᠬᠢᠳᠠᠢ ᠳᠡᠮᠵᠢᠵᠦ᠂ ᠣᠯᠣᠰ ᠤᠨ ᠳᠡᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢᠨ | ᠡᠭᠦᠳᠦᠨ ᠪᠠᠶᠢᠭᠤᠯᠣᠯᠳᠠ ᠶᠢ ᠭᠤᠶᠣᠴᠢᠯᠠᠨ ᠮᠡᠳᠡᠭᠦᠯᠬᠦ ᠠᠵᠢᠯ ᠢ ᠲᠦᠷᠭᠡᠳᠭᠡᠵᠦ᠂ ᠬᠤᠶᠠᠷ ᠢ ᠬᠦᠷᠢᠶᠡᠯᠡᠬᠦ ᠶᠢ | ᠬᠠᠮᠳᠣᠪᠡᠷ ᠪᠠᠶᠢᠭᠤᠯᠣᠭᠰᠠᠨ ᠦᠷ᠎ᠡ ᠪᠦᠲᠦᠮᠵᠢ ᠪᠠᠨ ᠪᠠᠳᠣᠳᠬᠠᠨ᠎ᠠ᠃ | ︵ᠶᠢᠰᠦ︶ ᠠᠵᠢᠯ ᠤᠨ ᠰᠣᠷᠳᠠᠯ ᠢᠶᠠᠨ ᠬᠤᠪᠢᠷᠠᠭᠤᠯᠣᠨ ᠠᠵᠢᠯ ᠤᠨ ᠴᠢᠳᠠᠪᠬᠢ ᠪᠠᠨ ᠳᠡᠭᠡᠭᠰᠢᠯᠡᠭᠦᠯᠵᠦ᠂ | ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠳᠠ ᠶᠢ ᠴᠢᠩᠭᠠᠳᠬᠠᠨ᠎ᠠ᠃ | ᠨᠢᠭᠡ ᠳᠤ ᠬᠠᠣᠯᠢ ᠪᠠᠷ ᠵᠠᠰᠠᠭ ᠶᠠᠪᠣᠭᠤᠯᠬᠤ ᠶᠢ ᠪᠠᠷᠢᠮᠳᠠᠯᠠᠨ᠎ᠠ᠃ ᠬᠠᠣᠯᠢ ᠳᠤ ᠲᠣᠭᠳᠠᠭᠠᠭᠰᠠᠨ ᠡᠷᠭᠡ ᠶᠢᠨ | ᠬᠢᠵᠠᠭᠠᠷ᠂ ᠶᠠᠪᠣᠴᠠ ᠪᠣᠯᠣᠨ ᠡᠷᠭᠡ ᠬᠠᠷᠢᠭᠤᠴᠠᠯᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ︽ | ᠬᠤᠶᠠᠷ ᠰᠣᠭᠤᠴᠢᠯᠳᠠ ᠨᠢᠭᠡ ᠵᠠᠷᠯᠠᠯ︾ ᠤᠨ ᠠᠵᠢᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ | ᠣᠷᠳᠣᠨ ᠤ ᠠᠵᠢᠯ ᠢ ᠴᠦᠮ ᠬᠠᠣᠯᠢ ᠶᠣᠰᠣᠭᠠᠷ ᠦᠷᠨᠢᠭᠦᠯᠵᠦ᠂ ᠠᠵᠢᠯ ᠢᠶᠠᠨ ᠪᠠᠷᠢᠮᠳᠠ ᠲᠠᠢ᠂ ᠢᠯᠡ ᠲᠣᠳᠣᠷᠬᠠᠢ᠂ | ᠦᠨᠳᠦᠷ ᠦᠷ᠎ᠡ ᠠᠰᠢᠭᠳᠠᠢ ᠬᠢᠬᠦ ᠶᠢ ᠪᠡᠶᠡᠯᠡᠭᠦᠯᠦᠨ᠎ᠡ᠃ ︽ᠭᠤᠷᠪᠠᠨ ᠭᠤᠣᠯᠳᠠᠯᠭ᠎ᠠ ᠨᠢᠭᠡ ᠶᠡᠭᠡ︾ ᠵᠦᠢᠯ ᠢ | ᠬᠠᠮᠳᠣᠪᠡᠷ ᠰᠢᠢᠳᠪᠦᠷᠢ ᠲᠣᠭᠳᠠᠭᠠᠬᠤ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠶᠢᠨ ᠶᠠᠪᠣᠴᠠ ᠶᠢ ᠣᠯᠠᠮ ᠨᠢᠭᠡ ᠠᠯᠬᠤᠮ ᠲᠦᠷᠢᠮᠵᠢᠭᠦᠯᠵᠦ᠂ ᠰᠢᠢᠳᠪᠦᠷᠢᠲᠦ ᠪᠣᠳᠣᠯᠭ᠎ᠠ | ᠶᠢᠨ ᠰᠢᠨᠵᠢᠯᠡᠬᠦ ᠣᠬᠠᠭᠠᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠷᠠᠳ ᠤᠨ ᠪᠠᠶᠢᠩᠭᠤ ᠶᠢᠨ | ᠬᠤᠷᠢᠶᠠᠨ ᠤ ᠬᠠᠣᠯᠢ ᠴᠠᠭᠠᠵᠠ ᠶᠢᠨ ᠬᠢᠨᠠᠯᠳᠠ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠪᠣᠯᠣᠨ ᠨᠡᠶᠢᠭᠡᠮ | ᠤᠨ ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠦ᠂ ᠦᠢᠯᠡᠳᠪᠦᠷᠢ ᠬᠤᠳᠠᠯᠳᠣᠭᠠᠨ ᠤ | ᠬᠤᠯᠪᠣᠭ᠎ᠠ᠂ ᠨᠠᠮ ᠤᠨ ᠭᠠᠳᠠᠨᠠᠬᠢ ᠬᠦᠮᠦᠰ ᠪᠣᠯᠣᠨ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠭᠦᠢᠴᠡᠳ | ᠰᠣᠨᠣᠰᠣᠨ᠎ᠠ᠃ ︽ᠳᠣᠯᠣᠳᠣᠭᠠᠷ ᠲᠠᠪᠣᠨ ᠵᠢᠯ︾ ᠤᠨ ᠬᠠᠣᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠳᠣᠳᠠᠢ | ᠠᠬᠢᠭᠤᠯᠵᠣ᠂ ᠪᠦᠬᠦ ᠠᠷᠠᠳ ᠤᠨ ᠬᠠᠣᠯᠢ ᠪᠠᠷ ᠵᠠᠰᠠᠬᠤ ᠦᠵᠡᠯᠳᠡ ᠶᠢ ᠳᠡᠭᠡᠭᠰᠢᠯᠡᠭᠦᠯᠵᠦ᠂ ︽ᠬᠠᠣᠯᠢ | ᠬᠡᠷᠡᠭᠵᠢᠭᠦᠯᠦᠯᠳᠡ᠂ ᠬᠠᠣᠯᠢ ᠲᠦᠭᠡᠮᠡᠯᠵᠢᠭᠦᠯᠦᠯᠳᠡ︾ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠣᠷᠢᠵᠢᠭᠤᠯᠵᠣ᠂ | ᠪᠦᠬᠦ ᠬᠤᠰᠢᠭᠤᠨ ᠤ ᠬᠠᠣᠯᠢ ᠪᠠᠷ ᠵᠠᠰᠠᠨ ᠴᠡᠭᠴᠡᠯᠡᠬᠦ ᠪᠣᠯᠣᠨ ᠠᠷᠠᠳᠴᠢᠯᠠᠯ ᠬᠠᠣᠯᠢ ᠪᠠᠷ ᠵᠠᠰᠠᠬᠤ ᠶᠠᠪᠣᠴᠠ ᠶᠢ | ᠠᠬᠢᠭᠤᠯᠣᠨ᠎ᠠ᠃ | ᠬᠤᠶᠠᠷ ᠲᠤ ᠵᠠᠰᠠᠭ ᠵᠠᠬᠢᠷᠭᠠᠨ ᠤ ᠡᠭᠦᠷᠭᠡ ᠴᠢᠳᠠᠪᠬᠢ ᠶᠢ ᠳᠡᠭᠡᠭᠰᠢᠯᠡᠭᠦᠯᠦᠨ᠎ᠡ᠃ ᠨᠠᠮ ᠤᠨ ᠣᠯᠣᠰ ᠲᠦᠷᠦ | ᠶᠢᠨ ᠰᠠᠬᠢᠯᠭ᠎ᠠ ᠪᠠᠳᠣ ᠪᠣᠯᠣᠨ ᠣᠯᠣᠰ ᠲᠦᠷᠦ ᠶᠢᠨ ᠲᠦᠷᠢᠮ ᠵᠢᠷᠣᠮ ᠢ ᠴᠢᠩᠭ᠎ᠠ ᠵᠢᠷᠣᠮᠯᠠᠵᠣ᠂ ︽ᠳᠦᠷᠪᠡᠨ | ᠣᠬᠠᠮᠰᠠᠷ︾ ᠣᠨᠴᠠᠭᠠᠶᠢᠯᠠᠨ ᠭᠤᠣᠯ ᠴᠦᠮ᠎ᠡ ᠶᠢᠨ ᠣᠬᠠᠮᠰᠠᠷ᠂ ᠨᠢᠭᠡᠳᠭᠡᠬᠦ ᠣᠬᠠᠮᠰᠠᠷ ᠢ ᠦᠨᠡᠨᠬᠦ ᠳᠡᠭᠡᠭᠰᠢᠯᠡᠭᠦᠯᠵᠦ᠂ | ᠳᠡᠭᠡᠲᠦ ᠱᠠᠳᠣ ᠪᠣᠯᠣᠨ ᠬᠤᠰᠢᠭᠤ ᠨᠠᠮ ᠤᠨ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠣᠯᠳᠠ ᠶᠢ ᠰᠠᠶᠢᠳᠣᠷ ᠨᠠᠶᠢᠳᠠᠪᠣᠷᠢᠵᠢᠭᠤᠯᠬᠤ ᠶᠢ ᠪᠠᠳᠣᠯᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ | ᠭᠤᠣᠯᠳᠠᠯᠭ᠎ᠠ ᠲᠠᠢ ᠠᠵᠢᠯ ᠤᠨ ᠡᠭᠦᠷᠭᠡ ᠴᠢᠳᠠᠪᠬᠢ ᠶᠢ ᠪᠠᠶᠢᠴᠠᠭᠠᠨ ᠦᠨᠡᠯᠡᠬᠦ ᠠᠷᠭ᠎ᠠ ᠶᠢ ᠴᠢᠩᠭ᠎ᠠ ᠬᠡᠷᠡᠭᠵᠢᠭᠦᠯᠵᠦ᠂ | ᠱᠠᠭᠠᠷᠳᠠᠨ ᠪᠠᠶᠢᠴᠠᠭᠠᠬᠤ ᠪᠣᠯᠣᠨ ᠵᠠᠰᠠᠭ ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ ᠬᠦᠴᠦᠨ ᠢ ᠴᠢᠩᠭᠠᠳᠬᠠᠵᠣ᠂ | ᠡᠯ᠎ᠡ ᠲᠦᠷᠦᠯ ᠤᠨ ᠠᠵᠢᠯ ᠢ ᠰᠠᠶᠢᠳᠣᠷ ᠨᠠᠶᠢᠳᠠᠪᠣᠷᠢᠵᠢᠭᠤᠯᠣᠨ᠂ ᠪᠣᠳᠠᠳᠣ ᠦᠷ᠎ᠡ ᠪᠦᠲᠦᠮᠵᠢ ᠣᠯᠬᠤ ᠶᠢ ᠪᠠᠳᠣᠯᠠᠨ᠎ᠠ | ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠵᠣ᠂ ᠰᠣᠨᠢᠨ ᠮᠡᠳᠡᠭᠡ ᠨᠡᠶᠢᠳᠡᠯᠡᠬᠦ | ᠲᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠶᠠᠪᠣᠳᠠᠯ ᠤᠨ ᠮᠡᠳᠡᠭᠡ ᠵᠠᠩᠭᠢ ᠶᠢ ᠴᠠᠭ ᠲᠣᠬᠠᠢ ᠳᠤᠨᠢ ᠮᠡᠳᠡᠭᠡᠯᠡᠵᠦ᠂ | ᠨᠡᠶᠢᠭᠡᠮ ᠤᠨ ᠠᠩᠬᠠᠷᠣᠯ ᠢ ᠲᠠᠳᠠᠭᠰᠠᠨ ᠠᠰᠠᠭᠤᠳᠠᠯ ᠳᠤ ᠬᠠᠷᠢᠭᠤᠯᠳᠠ ᠦᠭᠴᠦ᠂ ᠵᠠᠰᠠᠭ ᠤᠨ ᠣᠷᠳᠣᠨ ᠤ ᠠᠵᠢᠯ | ᠤᠨ ᠢᠯᠡ ᠪᠠᠶᠢᠬᠤ ᠪᠠ ᠢᠳᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠡᠭᠦᠷᠭᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠭᠡᠵᠦ᠂ ᠵᠣᠷᠢᠭᠳᠠᠢ ᠡᠭᠦᠷᠭᠡᠯᠡᠨ᠂ ᠢᠳᠡᠪᠬᠢᠳᠠᠢ ᠠᠵᠢᠯᠯᠠᠵᠣ᠂ ᠨᠡᠩ ᠴᠢᠩᠭ᠎ᠠ ᠱᠠᠭᠠᠷᠳᠠᠯᠭ᠎ᠠ᠂ | ᠨᠡᠩ ᠦᠨᠳᠦᠷ ᠪᠠᠷᠢᠮᠵᠢᠶ᠎ᠠ ᠪᠠᠷ ᠠᠵᠢᠯ ᠢᠶᠠᠨ ᠠᠬᠢᠭᠤᠯᠣᠨ᠎ᠠ᠃ ︽ᠳᠠᠷᠣᠶᠢᠬᠠᠨ ᠬᠢᠵᠦ ᠭᠦᠢᠴᠡᠳᠭᠡᠬᠦ︾ ᠵᠣᠷᠢᠭ | ᠰᠠᠨᠠᠭ᠎ᠠ᠂ ᠬᠠᠳᠠᠭᠠᠰᠣᠨ ᠤ ᠵᠣᠷᠢᠭ ᠰᠠᠨᠠᠭ᠎ᠠ ᠪᠠ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠬᠡᠪᠡᠷ | ᠪᠠᠳᠠᠷᠠᠭᠤᠯᠵᠣ᠂ ᠵᠠᠰᠠᠭ ᠤᠨ ᠣᠷᠳᠣᠨ ᠤ ᠭᠦᠢᠴᠡᠳᠭᠡᠬᠦ ᠴᠢᠳᠠᠪᠣᠷᠢ ᠪᠣᠯᠣᠨ ᠵᠠᠰᠠᠭ ᠵᠠᠬᠢᠷᠭᠠᠨ ᠤ ᠠᠵᠢᠯ ᠤᠨ ᠦᠷ᠎ᠡ | ᠠᠰᠢᠭ ᠢ ᠳᠡᠭᠡᠭᠰᠢᠯᠡᠭᠦᠯᠦᠨ᠎ᠡ᠃ | ᠭᠤᠷᠪᠠ ᠳᠤ ᠴᠢᠭᠡᠴᠢ ᠵᠠᠰᠠᠭ ᠤᠨ ᠪᠠᠶᠢᠭᠤᠯᠣᠯᠳᠠ ᠶᠢ ᠴᠢᠩᠭᠠᠳᠬᠠᠨ᠎ᠠ᠃ ᠨᠠᠮ ᠢ ᠴᠢᠩᠭ᠎ᠠ ᠵᠠᠰᠠᠬᠤ ᠰᠢᠨ᠎ᠡ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠳᠠ | ᠶᠢᠨ ᠬᠠᠷᠢᠭᠤᠴᠠᠯᠭ᠎ᠠ ᠶᠢᠨ ᠲᠦᠷᠢᠮ ᠪᠣᠯᠣᠨ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢᠨ | ᠲᠦᠷᠢᠮ ᠢ ᠬᠦᠨᠵᠡᠭᠡᠢ ᠨᠠᠶᠢᠳᠠᠪᠣᠷᠢᠵᠢᠭᠤᠯᠣᠨ᠎ᠠ᠃ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ᠂ ᠴᠢᠬᠤᠯᠠ ᠠᠵᠢᠯ ᠤᠨ | ᠪᠠᠶᠢᠷᠢ ᠶᠢᠨ ᠵᠠᠰᠠᠭ ᠵᠠᠬᠢᠷᠭᠠᠨ ᠤ ᠬᠢᠨᠠᠯᠳᠠ ᠪᠣᠯᠣᠨ ᠬᠢᠨᠠᠨ ᠪᠣᠳᠣᠬᠤ ᠶᠢ ᠴᠢᠩᠭᠠᠳᠬᠠᠵᠣ᠂ ᠰᠠᠬᠢᠯᠭ᠎ᠠ ᠬᠠᠣᠯᠢ ᠶᠢ | ᠵᠦᠷᠢᠴᠡᠭᠰᠡᠨ ᠬᠡᠷᠡᠭ ᠪᠣᠯᠣᠨ ᠣᠯᠠᠨ ᠲᠦᠮᠡᠨ ᠤ ᠳᠡᠷᠭᠡᠳᠡ ᠡᠭᠦᠰᠦᠭᠰᠡᠨ ᠢᠯᠵᠢᠷᠠᠯ ᠤᠨ ᠠᠰᠠᠭᠤᠳᠠᠯ ᠢ ᠴᠢᠩᠭ᠎ᠠ | ᠪᠠᠶᠢᠴᠠᠭᠠᠨ ᠰᠢᠳᠭᠡᠨ᠎ᠡ᠃ ᠰᠣᠷᠳᠠᠯ ᠤᠨ ᠪᠠᠶᠢᠭᠤᠯᠣᠯᠳᠠ ᠶᠢ ᠴᠢᠩᠭᠠᠳᠬᠠᠵᠣ᠂ ︽ᠭᠤᠷᠪᠠᠨ ᠠᠯᠪᠠᠨ︾ ᠤ ᠵᠠᠷᠣᠳᠠᠯ | ᠢ ᠴᠢᠩᠭ᠎ᠠ ᠡᠵᠡᠮᠳᠡᠵᠦ᠂ ᠵᠠᠰᠠᠭ ᠵᠠᠬᠢᠷᠭᠠᠨ ᠤ ᠵᠠᠷᠣᠬᠤ ᠴᠢᠬᠤᠯᠠ ᠦᠭᠡᠢ ᠵᠠᠷᠣᠳᠠᠯ ᠢ ᠪᠠᠭᠠᠰᠬᠠᠨ᠎ᠠ᠃ ᠴᠢᠭᠡᠴᠢ ᠵᠠᠰᠠᠭ | ᠤᠨ ᠬᠦᠮᠦᠵᠢᠯ ᠪᠣᠯᠣᠨ ᠰᠠᠬᠢᠯᠭ᠎ᠠ ᠪᠠᠳᠣ ᠶᠢᠨ ᠬᠦᠮᠦᠵᠢᠯ ᠢ ᠴᠢᠩᠭᠠᠳᠬᠠᠵᠣ᠂ ᠠᠷᠢᠭᠤᠨ ᠴᠢᠭᠡᠴᠢ ᠪᠠᠷ ᠦᠪᠡᠷ ᠢ | ᠪᠠᠨ ᠰᠠᠬᠢᠯᠭᠠᠵᠢᠭᠤᠯᠬᠤ ᠣᠬᠠᠮᠰᠠᠷ ᠢ ᠳᠡᠭᠡᠭᠰᠢᠯᠡᠭᠦᠯᠵᠦ᠂ ᠢᠯᠵᠢᠷᠠᠯ ᠢ ᠡᠰᠡᠷᠭᠦᠴᠡᠬᠦ ᠴᠢᠳᠠᠪᠣᠷᠢ ᠪᠠᠨ | ᠳᠡᠭᠡᠭᠰᠢᠯᠡᠭᠦᠯᠦᠨ᠂ ᠠᠷᠢᠭᠤᠨ ᠴᠢᠭᠡᠴᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃ | ᠲᠦᠯᠦᠭᠡᠯᠡᠭᠴᠢᠳ ᠡ᠂ ᠰᠢᠨ᠎ᠡ ᠠᠶᠠᠨ ᠤ ᠵᠠᠮ ᠬᠤᠯᠠ ᠡᠭᠦᠷᠭᠡ ᠬᠦᠨᠳᠦ ᠪᠠᠶᠢᠨ᠎ᠠ᠃ ᠰᠢᠨ᠎ᠡ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠨ ᠪᠢᠳᠡ ᠮᠡᠷᠡᠶᠢᠨ ᠣᠷᠣᠭᠰᠢᠯᠠᠬᠤ ᠬᠡᠷᠡᠭᠳᠠᠢ᠃ ᠪᠢᠳᠡ ᠬᠤᠰᠢᠭᠤ ᠨᠠᠮ ᠤᠨ ᠬᠤᠷᠢᠶᠠᠨ | ᠤ ᠡᠷᠡᠰ ᠪᠠᠳᠣ ᠣᠳᠣᠷᠢᠳᠣᠯᠭ᠎ᠠ ᠲᠣᠣᠷ᠎ᠠ᠂ ᠬᠤᠰᠢᠭᠤ ᠠᠷᠠᠳ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ | ᠵᠦᠪᠯᠡᠯᠭᠡᠨ ᠤ ᠬᠢᠨᠠᠯᠳᠠ ᠪᠣᠯᠣᠨ ᠳᠡᠮᠵᠢᠯᠭᠡ ᠪᠠᠷ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠣ᠂ ᠨᠢᠭᠡ ᠰᠡᠳᠬᠢᠯ ᠨᠡᠶᠢᠳᠡ ᠶᠢᠨ ᠵᠣᠷᠢᠭ ᠢᠶᠠᠷ ᠬᠦᠭᠵᠢᠯᠳᠡ ᠶᠢ ᠡᠷᠢᠯᠬᠢᠯᠡᠵᠦ᠂ | ᠰᠢᠷᠭᠠᠭᠤ ᠬᠠᠳᠠᠭᠤᠵᠢᠯᠳᠠᠢ ᠠᠵᠢᠯᠯᠠᠨ᠂ ᠦᠷᠭᠦᠯᠵᠢᠯᠡᠨ ᠴᠢᠷᠮᠠᠶᠢᠵᠣ᠂ ᠰᠦᠨᠢᠳ ᠪᠠᠷᠠᠭᠤᠨ ᠬᠤᠰᠢᠭᠤᠨ ᠤ | ᠦᠰᠦᠷᠦᠩᠭᠦᠢ ᠬᠦᠭᠵᠢᠯᠳᠡ ᠶᠢᠨ ᠰᠢᠨ᠎ᠡ ᠬᠠᠭᠤᠳᠠᠰᠣ ᠶᠢ ᠪᠢᠴᠢᠭᠯᠡᠰᠦᠭᠡᠢ᠃ | | ᠨᠡᠷᠡᠰ ᠤᠨ ᠳᠠᠶᠢᠯᠪᠣᠷᠢ᠄ | 1. ︽ᠲᠠᠪᠣᠨ ᠨᠢᠭᠡ ᠴᠣᠭᠴᠠᠵᠢᠭᠤᠯᠣᠯᠳᠠ︾᠄ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠤᠨ ᠢᠯᠡᠳᠭᠡᠯ ᠳᠤ | ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠢ ᠪᠠᠶᠢᠭᠤᠯᠬᠤ ᠶᠡᠷᠦᠩᠭᠡᠢ ᠪᠠᠶᠢᠷᠢᠯᠠᠭᠤᠯᠣᠯᠳᠠ ᠪᠣᠯ ᠠᠵᠣ | ᠠᠬᠤᠢ ᠶᠢᠨ ᠪᠠᠶᠢᠭᠤᠯᠣᠯᠳᠠ᠂ ᠣᠯᠣᠰ ᠲᠦᠷᠦ ᠶᠢᠨ ᠪᠠᠶᠢᠭᠤᠯᠣᠯᠳᠠ᠂ ᠰᠣᠶᠣᠯ ᠤᠨ ᠪᠠᠶᠢᠭᠤᠯᠣᠯᠳᠠ᠂ ᠨᠡᠶᠢᠭᠡᠮ ᠤᠨ | ᠪᠠᠶᠢᠭᠤᠯᠣᠯᠳᠠ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠲᠠᠪᠤ ᠶᠢ ᠨᠢᠭᠡ ᠴᠣᠭᠴᠠᠵᠢᠭᠤᠯᠬᠤ ᠭᠡᠵᠦ ᠵᠢᠭᠠᠵᠣ | ᠭᠠᠷᠭᠠᠪᠠ᠃ | 2. ︽ᠳᠦᠷᠪᠡᠨ ᠪᠦᠬᠦ ᠲᠠᠯ᠎ᠠ︾᠄ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠦᠭᠡᠷᠡᠴᠢᠯᠡᠯᠳᠡ ᠶᠢ | ᠪᠦᠬᠦ ᠲᠠᠯ᠎ᠠ ᠪᠠᠷ ᠬᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠣᠯᠣᠰ ᠢᠶᠠᠨ ᠬᠠᠣᠯᠢ ᠪᠠᠷ ᠵᠠᠰᠠᠬᠤ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ᠃ | 3. ︽ᠲᠠᠪᠣᠨ ᠶᠡᠭᠡ ᠬᠦᠭᠵᠢᠯᠳᠡ ᠶᠢᠨ ᠦᠵᠡᠯᠳᠡ︾᠄ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠣᠯ ᠦᠭᠡᠢ᠂ | ᠨᠡᠭᠡᠭᠡᠯᠳᠡ ᠲᠠᠢ᠂ ᠬᠠᠮᠳᠣᠪᠡᠷ ᠡᠳ᠋ᠯᠡᠬᠦ ᠬᠦᠭᠵᠢᠯᠳᠡ ᠶᠢᠨ ᠦᠵᠡᠯᠳᠡ᠃ | 4. ᠲᠠᠪᠤ ᠶᠢ ᠵᠣᠬᠢᠴᠠᠭᠤᠯᠬᠤ᠄ ᠰᠢᠨ᠎ᠡ ᠭᠡᠯᠪᠡᠷᠢ ᠶᠢᠨ ᠠᠵᠣ ᠦᠢᠯᠡᠳᠪᠦᠷᠢᠵᠢᠯᠳᠡ᠂ ᠮᠡᠳᠡᠭᠡ ᠵᠠᠩᠭᠢᠴᠢᠯᠠᠯᠳᠠ᠂ | ᠬᠤᠳᠠ ᠪᠠᠯᠭᠠᠰᠣᠵᠢᠯᠳᠠ᠂ ᠲᠠᠷᠢᠶᠠᠯᠠᠩ ᠮᠠᠯ ᠠᠵᠣ ᠠᠬᠤᠢ ᠶᠢᠨ ᠣᠳᠣᠬᠢᠴᠢᠯᠠᠯᠳᠠ ᠪᠣᠯᠣᠨ ᠪᠣᠬᠢᠷᠳᠣᠯ ᠦᠭᠡᠢ ᠶᠢ | ᠬᠦᠨᠵᠡᠭᠡᠢ ᠠᠭᠤᠰᠣᠯᠴᠠᠭᠤᠯᠵᠣ᠂ ᠬᠦᠨᠵᠡᠭᠡᠢ ᠰᠣᠯᠢᠯᠴᠠᠭᠤᠯᠵᠣ᠂ ᠵᠣᠬᠢᠴᠠᠭᠤᠯᠣᠨ ᠬᠦᠭᠵᠢᠭᠦᠯᠦᠨ᠎ᠡ᠃ | 5. ︽ᠭᠤᠷᠪᠠ ᠶᠢ ᠲᠠᠶᠠᠭᠳᠠᠵᠣ᠂ ᠨᠢᠭᠡ ᠶᠢ ᠪᠠᠭᠤᠷᠠᠭᠤᠯᠣᠨ᠂ ᠨᠢᠭᠡ ᠶᠢ ᠨᠦᠬᠦᠪᠦᠷᠢᠯᠡᠬᠦ︾᠄ ᠭᠡᠲᠦ | ᠦᠢᠯᠡᠳᠪᠦᠷᠢᠯᠡᠯ ᠢ ᠲᠡᠪᠴᠢᠨ᠂ ᠭᠡᠲᠦ ᠬᠦᠮᠦᠷᠭᠡᠯᠡᠬᠦ ᠶᠢ ᠪᠠᠭᠠᠰᠬᠠᠨ᠂ ᠬᠦᠰᠢᠭᠦᠷᠭᠡ ᠶᠢ ᠲᠠᠶᠠᠭᠳᠠᠵᠣ᠂ ᠦᠪᠡᠷ ᠤᠨ | ᠦᠷᠳᠡᠭ ᠢ ᠪᠠᠭᠠᠰᠬᠠᠵᠣ᠂ ᠲᠣᠳᠠᠭᠤᠳᠠᠯ ᠢ ᠨᠦᠬᠦᠪᠦᠷᠢᠯᠡᠬᠦ᠃ | 6. ︽ᠵᠢᠷᠭᠤᠭᠠᠨ ᠨᠠᠷᠢᠯᠢᠭ ᠣᠨᠣᠪᠴᠢᠳᠠᠢ︾᠄ ᠳᠡᠳᠭᠦᠪᠦᠷᠢ ᠬᠦᠷᠳᠡᠭᠰᠡᠨ ᠡᠳᠡᠭᠡᠳ ᠨᠢ ᠨᠠᠷᠢᠯᠢᠭ ᠣᠨᠣᠪᠴᠢᠳᠠᠢ᠂ | ᠲᠡᠳᠭᠦᠭᠰᠡᠨ ᠠᠷᠭ᠎ᠠ ᠬᠡᠮᠵᠢᠶ᠎ᠡ ᠨᠢ ᠨᠠᠷᠢᠯᠢᠭ ᠣᠨᠣᠪᠴᠢᠳᠠᠢ᠂ ᠲᠦᠷᠦᠯ ᠵᠦᠢᠯ ᠤᠨ ᠲᠣᠬᠢᠷᠠᠭᠤᠯᠣᠯᠳᠠ ᠨᠠᠷᠢᠯᠢᠭ | ᠣᠨᠣᠪᠴᠢᠳᠠᠢ᠂ ᠪᠡᠯᠡ ᠮᠦᠩᠭᠦ ᠶᠢᠨ ᠠᠰᠢᠭᠯᠠᠯᠳᠠ ᠨᠠᠷᠢᠯᠢᠭ ᠣᠨᠣᠪᠴᠢᠳᠠᠢ᠂ ᠭᠠᠴᠠᠭ᠎ᠠ ᠲᠣᠰᠬᠤᠨ ᠳᠤ ᠲᠣᠮᠢᠯᠠᠬᠤ | ᠬᠦᠮᠦᠨ ᠨᠢ ᠣᠨᠣᠪᠴᠢᠳᠠᠢ᠂ ᠶᠠᠳᠠᠭᠤ ᠠᠴᠠ ᠠᠩᠭᠢᠵᠢᠷᠠᠭᠤᠯᠣᠭᠰᠠᠨ ᠦᠷ᠎ᠡ ᠪᠦᠲᠦᠮᠵᠢ ᠨᠢ ᠨᠠᠷᠢᠯᠢᠭ ᠣᠨᠣᠪᠴᠢᠳᠠᠢ᠃ | | 7. ︽ᠲᠠᠪᠣᠨ ᠨᠢᠭᠡ ᠪᠦᠯᠦᠭ︾᠄ ᠦᠢᠯᠡᠳᠪᠦᠷᠢᠯᠡᠯ ᠢ ᠬᠦᠭᠵᠢᠭᠦᠯᠦᠨ ᠨᠢᠭᠡ ᠪᠦᠯᠦᠭ ᠢ ᠨᠢ ᠶᠠᠳᠠᠭᠤ ᠠᠴᠠ | ᠠᠩᠭᠢᠵᠢᠷᠠᠭᠤᠯᠵᠣ᠂ ᠣᠨᠳᠣᠣ ᠭᠠᠵᠠᠷ ᠲᠤ ᠨᠡᠭᠦᠯᠭᠡᠵᠦ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ | ᠠᠮᠢ ᠠᠬᠤᠢ ᠶᠢᠨ ᠨᠦᠬᠦᠪᠦᠷᠢ ᠦᠭᠴᠦ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ ᠰᠣᠷᠭᠠᠨ | ᠬᠦᠮᠦᠵᠢᠯ ᠢ ᠬᠦᠭᠵᠢᠭᠦᠯᠦᠨ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ ᠨᠡᠶᠢᠭᠡᠮ ᠤᠨ ᠪᠠᠳᠣᠯᠠᠭ᠎ᠠ ᠪᠠᠷ | ᠳᠠᠮᠵᠢᠨ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠣᠨ᠎ᠠ᠃ | 8. ︽ᠭᠤᠷᠪᠠ ᠶᠢ ᠨᠡᠪᠳᠡᠷᠡᠭᠦᠯᠬᠦ ᠬᠤᠶᠠᠷ ᠲᠠᠪᠴᠠᠩ ᠢ ᠪᠠᠶᠢᠭᠤᠯᠬᠤ︾᠄ ︽ᠲᠣᠣᠷ ᠰᠦᠯᠵᠢᠶ᠎ᠡ ᠶᠢ ᠰᠣᠷᠭᠠᠭᠤᠯᠢ᠂ | ᠠᠩᠭᠢ ᠪᠣᠯᠭᠠᠨ ᠳᠤ ᠨᠡᠪᠳᠡᠷᠡᠭᠦᠯᠬᠦ᠂ ᠰᠣᠷᠣᠭᠴᠢ ᠪᠦᠬᠦᠨ ᠲᠣᠣᠷ ᠰᠦᠯᠵᠢᠶ᠎ᠡ ᠶᠢ ᠠᠰᠢᠭᠯᠠᠨ ᠰᠣᠷᠣᠯᠴᠠᠬᠤ︾᠂ | ᠰᠣᠷᠭᠠᠨ ᠬᠦᠮᠦᠵᠢᠯ ᠤᠨ ᠡᠬᠢ ᠪᠠᠶᠠᠯᠢᠭ ᠤᠨ ᠨᠡᠶᠢᠳᠡ ᠶᠢᠨ ᠦᠢᠯᠡᠴᠢᠯᠡᠭᠡᠨ ᠤ ᠲᠠᠪᠴᠠᠩ ᠪᠣᠯᠣᠨ ᠰᠣᠷᠭᠠᠨ | ᠬᠦᠮᠦᠵᠢᠯ ᠤᠨ ᠬᠠᠮᠢᠶᠠᠷᠣᠯᠳᠠ ᠶᠢᠨ ᠨᠡᠶᠢᠳᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ᠃ | 9. ︽ᠲᠠᠪᠣᠨ ᠦᠨᠡᠮᠯᠡᠯ ᠢ ᠨᠡᠶᠢᠯᠡᠭᠦᠯᠦᠨ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾᠄ ᠦᠢᠯᠡᠳᠪᠦᠷᠢ | ᠬᠤᠳᠠᠯᠳᠣᠭᠠᠨ ᠤ ᠡᠵᠡᠩᠨᠡᠯᠳᠡ ᠶᠢᠨ ᠦᠨᠡᠮᠯᠡᠯ᠂ ᠪᠠᠶᠢᠭᠤᠯᠣᠮᠵᠢ ᠶᠢᠨ ᠲᠦᠯᠦᠭᠡᠨ ᠤ ᠦᠨᠡᠮᠯᠡᠯ᠂ ᠭᠠᠶᠢᠯᠢ ᠶᠢᠨ | ᠶᠠᠪᠣᠳᠠᠯ ᠢ ᠲᠠᠩᠰᠠᠯᠠᠬᠤ ᠦᠨᠡᠮᠯᠡᠯ᠂ ᠨᠡᠶᠢᠭᠡᠮ ᠤᠨ ᠳᠠᠭᠠᠳᠬᠠᠯ ᠢ ᠳᠠᠩᠰᠠᠯᠠᠬᠤ ᠦᠨᠡᠮᠯᠡᠯ ᠪᠣᠯᠣᠨ ᠪᠦᠷᠢᠳᠭᠡᠯ ᠢ | ᠳᠠᠩᠰᠠᠯᠠᠬᠤ ᠦᠨᠡᠮᠯᠡᠯ ᠵᠡᠷᠭᠡ ᠲᠠᠪᠣᠨ ᠦᠨᠡᠮᠯᠡᠯ ᠢ ᠨᠢᠭᠡᠳᠭᠡᠨ ᠨᠢᠭᠡᠯᠡ ᠦᠨᠡᠮᠯᠡᠯ ᠪᠣᠯᠭᠠᠨ ᠳᠠᠩᠰᠠᠯᠠᠬᠤ ᠲᠦᠷᠢᠮ᠂ | ᠲᠦᠭᠦᠮᠴᠢᠯᠡᠭᠡᠳ ︽ᠲᠠᠪᠣᠨ ᠦᠨᠡᠮᠯᠡᠯ ᠢ ᠨᠡᠶᠢᠯᠡᠭᠦᠯᠬᠦ︾︔ ︽ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ | ︾ ᠭᠡᠳᠡᠭ ᠨᠢ ︽ᠨᠢᠭᠡᠯᠡ ᠳᠡᠭᠡᠷ᠎ᠡ ᠬᠦᠯᠢᠶᠡᠨ ᠠᠪᠴᠣ᠂ ᠨᠡᠶᠢᠯᠡᠭᠦᠯᠦᠨ ᠬᠢᠨᠠᠨ ᠵᠦᠪᠰᠢᠶᠡᠷᠡᠵᠦ᠂ ᠮᠡᠳᠡᠭᠡ ᠵᠠᠩᠭᠢ ᠶᠢ | ᠬᠠᠮᠳᠣᠪᠡᠷ ᠡᠳ᠋ᠯᠡᠨ᠂ ᠦᠷ᠎ᠡ ᠳ᠋ᠦᠩ ᠢ ᠬᠠᠷᠢᠯᠴᠠᠨ ᠬᠦᠯᠢᠶᠡᠨ ᠵᠦᠪᠰᠢᠶᠡᠷᠡᠬᠦ︾ ᠪᠠᠷ ᠳᠠᠮᠵᠢᠨ᠂ ᠭᠤᠷᠪᠠᠨ ᠰᠠᠯᠠᠭ᠎ᠠ | ᠮᠦᠴᠢᠷ ︵ᠦᠢᠯᠡᠳᠪᠦᠷᠢ ᠬᠤᠳᠠᠯᠳᠤᠭ᠎ᠠ᠂ ᠶᠠᠰᠣ ᠴᠢᠨᠠᠷ ᠢ ᠬᠢᠨᠠᠨ ᠪᠠᠶᠢᠴᠠᠭᠠᠬᠤ᠂ ᠭᠠᠶᠢᠯᠢ ᠶᠢᠨ ᠶᠠᠪᠣᠳᠠᠯ︶ ᠠᠴᠠ | ᠲᠣᠰᠪᠦᠷᠢ ᠬᠠᠷᠭᠤᠭᠤᠯᠣᠨ ᠠᠳᠠᠯᠢ ᠪᠣᠰᠣ ᠦᠨᠡᠮᠯᠡᠯ ᠣᠯᠭᠤᠵᠣ ᠪᠠᠶᠢᠭᠰᠠᠨ ᠢ ᠨᠢᠭᠡᠯᠡ ᠰᠠᠯᠠᠭ᠎ᠠ ᠮᠦᠴᠢᠷ ᠠᠴᠠ | ᠬᠠᠣᠯᠢ ᠶᠢᠨ ᠡᠳᠡᠭᠡᠳ ᠪᠣᠯᠣᠨ ᠪᠣᠰᠣᠳ ᠵᠣᠬᠢᠶᠠᠨ ᠪᠠᠶᠢᠭᠤᠯᠣᠯᠳᠠ ᠨᠢᠭᠡᠳᠦᠯᠳᠠᠢ ᠨᠡᠶᠢᠭᠡᠮ ᠤᠨ ᠢᠳᠡᠭᠡᠮᠵᠢ ᠶᠢᠨ | ᠲᠦᠯᠦᠭᠡᠨ ᠤ ᠨᠣᠮᠧᠷ ᠢ ᠣᠷᠣᠭᠤᠯᠣᠭᠰᠠᠨ ᠡᠵᠡᠩᠨᠡᠯᠳᠡ ᠶᠢᠨ ᠦᠨᠡᠮᠯᠡᠯ ᠪᠣᠯᠭᠠᠨ ᠬᠠᠷᠭᠤᠭᠤᠯᠣᠨ ᠣᠯᠭᠤᠬᠤ ᠶᠢ | ᠬᠡᠯᠡᠨ᠎ᠡ᠃ | 10. ︽ᠬᠤᠶᠠᠷ ᠰᠣᠭᠤᠴᠢᠯᠳᠠ ᠨᠢᠭᠡ ᠵᠠᠷᠯᠠᠯ︾᠄ ᠪᠠᠶᠢᠴᠠᠭᠠᠭᠳᠠᠬᠤ ᠡᠳᠡᠭᠡᠳ ᠢ ᠰᠣᠭᠤᠴᠢᠨ ᠲᠣᠭᠳᠠᠭᠠᠵᠣ᠂ | ᠬᠠᠣᠯᠢ ᠬᠡᠷᠡᠭᠵᠢᠭᠦᠯᠬᠦ ᠠᠵᠢᠯᠳᠠᠨ ᠢ ᠰᠣᠭᠤᠴᠢᠨ ᠲᠣᠮᠢᠯᠠᠬᠤ᠂ ᠪᠠᠶᠢᠴᠠᠭᠠᠨ ᠰᠢᠳᠭᠡᠭᠰᠡᠨ ᠦᠷ᠎ᠡ ᠳ᠋ᠦᠩ ᠢ ᠴᠠᠭ | ᠲᠣᠬᠠᠢ ᠳᠤᠨᠢ ᠨᠡᠶᠢᠳᠡᠯᠡᠬᠦ᠃ | 11. ᠳᠣᠯᠣᠭᠠᠨ ᠲᠣᠣᠷ᠄ ᠲᠡᠮᠦᠷ ᠵᠠᠮ ᠤᠨ ᠲᠣᠣᠷ᠂ ᠵᠠᠰᠠᠮᠠᠯ ᠵᠠᠮ ᠤᠨ ᠲᠣᠣᠷ᠂ ᠠᠭᠠᠷ ᠠᠶᠠᠯᠠᠯ ᠤᠨ ᠲᠣᠣᠷ᠂ | ᠣᠰᠣᠨ ᠠᠰᠢᠭᠯᠠᠯᠳᠠ ᠶᠢᠨ ᠲᠣᠣᠷ᠂ ᠬᠤᠳᠠ ᠶᠢᠨ ᠶᠠᠪᠣᠳᠠᠯ ᠤᠨ ᠲᠣᠣᠷ᠂ ᠡᠨᠧᠷᠬᠢ ᠶᠢᠨ ᠲᠣᠣᠷ᠂ ᠮᠡᠳᠡᠭᠡ ᠵᠠᠩᠭᠢ | ᠴᠢᠮᠡᠭᠡ ᠬᠤᠯᠪᠣᠭᠠᠨ ᠤ ᠲᠣᠣᠷ ᠲᠣᠯᠣᠭᠠᠨ ᠲᠣᠣᠷ ᠰᠦᠯᠵᠢᠶᠡᠨ ᠤ ᠰᠢᠰᠲ᠋ᠧᠮ ᠢ ᠲᠦᠷᠭᠡᠨ ᠪᠠᠶᠢᠭᠤᠯᠣᠨ᠎ᠠ᠃ | 12. ︽ᠨᠢᠭᠡ ᠪᠦᠰᠡ ᠨᠢᠭᠡ ᠵᠠᠮ︾᠄ ︽ᠲᠣᠷᠭᠠᠨ ᠵᠠᠮ ᠤᠨ ᠠᠵᠣ ᠠᠬᠤᠢ ᠶᠢᠨ ᠪᠦᠰᠡ︾ ᠪᠣᠯᠣᠨ ︽21 | ᠳ᠋ᠣᠭᠡᠷ ᠵᠠᠭᠤᠨ ᠤ ᠳᠠᠯᠠᠢ ᠳᠡᠭᠡᠷᠡᠬᠢ ᠲᠣᠷᠭᠠᠨ ᠵᠠᠮ︾᠃ | 13. ︽ᠵᠢᠷᠭᠤᠭᠠᠨ ᠶᠡᠭᠡ ᠰᠠᠭᠤᠷᠢᠨ ᠭᠠᠵᠠᠷ︾᠄ ᠨᠣᠣᠰᠣᠨ ᠨᠡᠭᠡᠮᠡᠯ ᠤᠨ ᠠᠵᠣ ᠦᠢᠯᠡᠰ ᠤᠨ ᠡᠷᠭᠢᠯᠳᠡᠲᠦ ᠠᠵᠣ | ᠠᠬᠤᠢ ᠶᠢᠨ ᠲᠣᠭᠤᠷᠢᠭ᠂ ᠠᠭᠤᠷᠬᠠᠢ ᠶᠢᠨ ᠭᠠᠷᠣᠯᠳᠠ ᠶᠢᠨ ᠭᠠᠳᠠᠭᠠᠳᠣ ᠣᠷᠣᠭᠤᠯᠣᠯᠳᠠ ᠭᠠᠷᠭᠠᠯᠳᠠ ᠶᠢᠨ | ᠪᠣᠯᠪᠠᠰᠣᠷᠠᠭᠤᠯᠣᠨ ᠡᠳ᠋ᠰᠢᠭᠦᠯᠬᠦ ᠠᠷᠠᠯᠵᠢᠶᠠᠨ ᠤ ᠡᠷᠬᠢᠯᠳᠡᠲᠦ ᠵᠢᠱᠢᠶ᠎ᠡ ᠦᠵᠡᠭᠦᠯᠬᠦ ᠲᠣᠭᠤᠷᠢᠭ᠂ ᠴᠡᠪᠡᠷ ᠡᠨᠧᠷᠬᠢ ᠶᠢᠨ | ᠰᠠᠭᠤᠷᠢᠨ ᠭᠠᠵᠠᠷ᠂ ᠪᠣᠬᠢᠷᠳᠣᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠨᠠᠷᠢᠯᠢᠭ | ᠪᠣᠯᠪᠠᠰᠣᠷᠠᠭᠤᠯᠬᠤ ᠰᠠᠭᠤᠷᠢᠨ ᠭᠠᠵᠠᠷ᠂ ᠲᠠᠯ᠎ᠠ ᠨᠣᠳᠤᠭ ᠤᠨ ᠰᠣᠶᠣᠯ ᠵᠢᠭᠤᠯᠴᠢᠯᠠᠯ ᠤᠨ ᠣᠷᠣᠨ ᠪᠣᠯᠣᠨ ᠰᠢᠨ᠎ᠡ | ᠭᠡᠯᠪᠡᠷᠢ ᠶᠢᠨ ᠬᠢᠮᠢ ᠶᠢᠨ ᠠᠵᠣ ᠦᠢᠯᠡᠳᠪᠦᠷᠢ ᠶᠢᠨ ᠰᠠᠭᠤᠷᠢᠨ ᠭᠠᠵᠠᠷ᠃ | 14. ︽PPP ᠬᠡᠯᠪᠡᠷᠢ︾᠄ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠶᠢᠨ ᠬᠠᠮᠳᠣᠷᠠᠯᠴᠠᠬᠤ | ᠬᠡᠯᠪᠡᠷᠢ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠨᠢ ᠨᠡᠶᠢᠭᠡᠮ ᠤᠨ ᠬᠦᠷᠦᠩᠭᠡ ᠲᠠᠢ ᠬᠠᠮᠳᠣᠷᠠᠯᠴᠠᠬᠤ | ᠬᠠᠷᠢᠴᠠᠭ᠎ᠠ ᠪᠠᠶᠢᠭᠤᠯᠵᠣ᠂ ᠣᠯᠠᠨ ᠨᠡᠶᠢᠳᠡ ᠶᠢᠨ ᠪᠦᠲᠦᠭᠡᠭᠳᠡᠭᠦᠨ ᠪᠣᠶᠣ ᠦᠢᠯᠡᠴᠢᠯᠡᠭᠡ ᠬᠠᠩᠭᠠᠬᠤ ᠨᠢᠭᠡ ᠵᠦᠢᠯ ᠤᠨ | ᠠᠷᠭ᠎ᠠ ᠬᠡᠯᠪᠡᠷᠢ᠃ | 15. ︽IPO ᠰᠠᠭᠠᠳ ᠦᠭᠡᠢ ᠵᠠᠮ︾᠄ IPO ᠲᠠᠷᠣᠢ ᠠᠩᠬ᠎ᠠ ᠣᠳᠠᠭ᠎ᠠ ᠢᠯᠡ ᠪᠠᠷ ᠲᠠᠷᠬᠠᠭᠠᠭᠰᠠᠨ ᠰᠲ᠋ᠣᠺ᠃ | IPO ᠰᠠᠭᠠᠳ ᠦᠭᠡᠢ ᠵᠠᠮ ᠨᠢ ᠲᠠᠷᠣᠢ ᠬᠦᠷᠦᠩᠭᠡ ᠶᠢᠨ ᠵᠠᠬ᠎ᠠ ᠳᠡᠯᠭᠡᠭᠦᠷ ᠠᠴᠠ ᠶᠠᠳᠠᠭᠤ ᠬᠦᠴᠢᠷᠳᠡᠯᠳᠠᠢ ᠭᠠᠵᠠᠷ | ᠣᠷᠣᠨ ᠤ ᠶᠠᠳᠠᠭᠤ ᠠᠴᠠ ᠠᠩᠭᠢᠵᠢᠷᠠᠭᠤᠯᠬᠤ ᠠᠵᠢᠯ ᠢ ᠶᠡᠬᠡᠪᠡᠷ ᠳᠡᠮᠵᠢᠵᠦ᠂ ᠪᠦᠬᠦ ᠣᠯᠣᠰ ᠤᠨ ᠶᠠᠳᠠᠭᠤ | ᠬᠦᠴᠢᠷᠳᠡᠯᠳᠠᠢ ᠭᠠᠵᠠᠷ ᠣᠷᠣᠨ ᠤ ᠠᠵᠣ ᠠᠬᠤᠶᠢᠯᠠᠯ ᠤᠨ IPO ᠳᠤ ︽ᠮᠡᠳᠡᠭᠦᠯᠦᠮᠡᠭᠴᠡ ᠬᠢᠨᠠᠬᠤ᠂ ᠬᠢᠨᠠᠯᠳᠠ ᠳᠤ | ᠲᠡᠩᠴᠡᠮᠡᠭᠴᠡ ᠲᠠᠷᠬᠠᠭᠠᠬᠤ︾ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠵᠢᠭᠠᠨ᠎ᠠ᠃ | 16. ︽ᠲᠣᠣᠷ ᠰᠦᠯᠵᠢᠶ᠎ᠡ +︾᠄ ︽ᠲᠣᠣᠷ ᠰᠦᠯᠵᠢᠶ᠎ᠡ + ᠡᠯ᠎ᠡ ᠣᠯᠠᠮᠵᠢᠯᠠᠯᠳᠣ ᠠᠵᠢᠯ ᠲᠦᠷᠦᠯ︾᠂ | ᠮᠡᠳᠡᠭᠡ ᠵᠠᠩᠭᠢ ᠴᠢᠮᠡᠭᠡ ᠬᠤᠯᠪᠣᠭᠠᠨ ᠤ ᠮᠡᠷᠭᠡᠵᠢᠯ ᠵᠢᠴᠢ ᠲᠣᠣᠷ ᠰᠦᠯᠵᠢᠶᠡᠨ ᠤ ᠲᠠᠪᠴᠠᠩ᠂ ᠲᠣᠣᠷ ᠰᠦᠯᠵᠢᠶ᠎ᠡ | ᠪᠣᠯᠣᠨ ᠣᠯᠠᠮᠵᠢᠯᠠᠯᠳᠣ ᠠᠵᠢᠯ ᠲᠦᠷᠦᠯ ᠢ ᠬᠦᠨᠵᠡᠭᠡᠢ ᠠᠪᠴᠠᠯᠳᠣᠭᠤᠯᠵᠣ᠂ ᠰᠢᠨ᠎ᠡ ᠬᠦᠭᠵᠢᠯᠳᠡ ᠶᠢᠨ ᠬᠡᠯᠪᠡᠷᠢ ᠶᠢ | ᠡᠭᠦᠳᠬᠦ᠃ | 17. ︽ᠳᠣᠯᠣᠭᠠᠨ ᠠᠵᠢᠯ ᠲᠦᠷᠦᠯ︾᠄ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠡᠨᠧᠷᠬᠢ ᠠᠷᠪᠢᠯᠠᠨ ᠣᠷᠴᠢᠨ | ᠲᠣᠭᠤᠷᠢᠨ ᠢ ᠬᠠᠮᠠᠭᠠᠯᠠᠬᠤ᠂ ᠳᠡᠭᠡᠲᠦ ᠵᠡᠷᠭᠡ ᠶᠢᠨ ᠲᠣᠨᠣᠭᠯᠠᠯ᠂ ᠶᠡᠭᠡ ᠲᠤᠭ᠎ᠠ ᠪᠠᠷᠢᠮᠳᠠ ᠶᠢᠨ ᠡᠭᠦᠯᠡᠨ ᠪᠣᠳᠣᠭᠤᠷ᠂ | ᠠᠮᠢᠳᠣ ᠪᠣᠳᠠᠰ ᠤᠨ ᠰᠢᠨᠵᠢᠯᠡᠭᠡ ᠮᠡᠷᠭᠡᠵᠢᠯ᠂ ᠮᠣᠩᠭᠤᠯ ᠬᠢᠳᠠᠳ ᠡᠮ ᠡᠮᠨᠡᠯᠭᠡ ᠵᠡᠷᠭᠡ ᠳᠣᠯᠣᠭᠠᠨ ᠶᠡᠭᠡ ᠪᠠᠶᠢᠯᠳᠣᠬᠤ | ᠪᠣᠳᠣᠯᠭ᠎ᠠ ᠶᠢᠨ ᠴᠢᠨᠠᠷᠳᠠᠢ ᠰᠢᠨ᠎ᠡ ᠪᠠᠷ ᠬᠦᠭᠵᠢᠵᠦ ᠪᠠᠶᠢᠭ᠎ᠠ ᠠᠵᠣ ᠦᠢᠯᠡᠰ ᠢ ᠲᠦᠷᠭᠡᠨ ᠡᠭᠦᠳᠦᠨ᠎ᠡ᠃ | 18. ︽ᠬᠠᠮ ᠵᠢᠭᠤᠯᠴᠢᠯᠠᠯ︾᠄ ᠵᠣᠬᠢᠬᠤ ᠵᠠᠰᠠᠭ ᠵᠠᠬᠢᠷᠭᠠᠨ ᠤ ᠬᠦᠷᠢᠶ᠎ᠡ ᠬᠡᠪᠴᠢᠶᠡᠨ ᠳᠤ ᠵᠢᠭᠤᠯᠴᠢᠯᠠᠯ ᠤᠨ | ᠦᠢᠯᠡᠰ ᠢᠶᠠᠷ ᠳᠠᠪᠠᠭᠤᠯᠢᠭ ᠭᠤᠣᠯᠯᠠᠭᠴᠢ ᠠᠵᠣ ᠦᠢᠯᠡᠰ ᠪᠣᠯᠭᠠᠵᠣ᠂ ᠣᠷᠣᠨ ᠲᠣᠭᠤᠷᠢᠭ ᠤᠨ ᠡᠬᠢ ᠪᠠᠶᠠᠯᠢᠭ ᠢ | ᠣᠷᠭᠠᠨᠢᠭ ᠢᠶᠠᠷ ᠨᠡᠶᠢᠯᠡᠭᠦᠯᠬᠦ᠂ ᠠᠵᠣ ᠦᠢᠯᠡᠰ ᠢ ᠬᠦᠨᠵᠡᠭᠡᠢ ᠠᠪᠴᠠᠯᠳᠣᠭᠤᠯᠣᠨ ᠬᠦᠭᠵᠢᠭᠦᠯᠬᠦ ᠪᠠ ᠨᠡᠶᠢᠭᠡᠮ ᠢᠶᠠᠷ | ᠢᠶᠠᠨ ᠣᠷᠣᠯᠴᠠᠬᠤ ᠶᠢ ᠪᠡᠶᠡᠯᠡᠭᠦᠯᠵᠦ᠂ ᠵᠢᠭᠤᠯᠴᠢᠯᠠᠯ ᠤᠨ ᠦᠢᠯᠡᠰ ᠢᠶᠠᠷ ᠳᠠᠶᠢᠴᠢᠯᠠᠬᠤ ᠨᠡᠩ ᠴᠢᠨᠠᠭᠰᠢᠯᠠᠪᠠᠯ ᠠᠵᠣ | ᠠᠬᠤᠢ ᠨᠡᠶᠢᠭᠡᠮ ᠤᠨ ᠪᠦᠬᠦ ᠲᠠᠯ᠎ᠠ ᠶᠢᠨ ᠬᠦᠭᠵᠢᠯᠳᠡ ᠶᠢ ᠨᠢᠭᠡᠳᠭᠡᠨ ᠳᠠᠶᠢᠴᠢᠯᠠᠬᠤ ᠨᠢᠭᠡ ᠲᠦᠷᠦᠯ ᠤᠨ ᠣᠷᠣᠨ | ᠲᠣᠭᠤᠷᠢᠭ ᠤᠨ ᠵᠢᠭᠤᠯᠴᠢᠯᠠᠯ ᠢ ᠬᠦᠭᠵᠢᠭᠦᠯᠬᠦ ᠰᠢᠨ᠎ᠡ ᠣᠬᠠᠭᠳᠠᠬᠤᠨ ᠪᠣᠯᠣᠨ ᠬᠡᠯᠪᠡᠷᠢ ᠪᠣᠯᠣᠨ᠎ᠠ᠃ | | |