ᠤᠬᠢ ᠰᠠᠶᠢᠨ ᠳᠦᠷᠢ ᠳᠦᠷᠬᠦ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠡᠡᠳ᠋ᠬᠠᠰᠡᠨ 70 ᠵᠢᠯ ᠤᠨ ᠤᠢ ᠶᠢ ᠤᠡᠡᠳᠤᠬᠤ ᠬᠡᠷᠡᠭᠳᠠᠢ
ᠨᠡᠶᠢᠲᠡᠯᠡᠭᠰᠡᠨ ᠴᠠᠭ᠄
2017/3/20
    3 ᠳ᠋ᠤᠭᠠᠷ ᠰᠠᠷ᠎ᠠ ᠶᠢᠨ 13 ᠤ ᠡᠲᠥᠷ᠂ ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ ᠰᠢᠯᠢ ᠶᠢᠨ ᠬᠤᠲᠠ ᠳᠤ ᠬᠥᠨᠵᠡᠭᠡᠶᠢᠷᠡᠵᠥ᠂ ᠬᠤᠲᠠ ᠶᠢᠨ ᠲᠥᠯᠥᠪᠵᠢᠬᠦᠯᠭᠡ᠂ ᠪᠥᠲᠥᠭᠡᠨ ᠪᠠᠶᠢᠭᠤᠯᠤᠯᠲᠠ ᠪᠤᠯᠤᠨ ᠬᠠᠮᠢᠶᠠᠷᠤᠯᠲᠠ ᠶᠢᠨ ᠠᠵᠢᠯ ᠢ ᠪᠤᠲᠠᠲᠠᠢ ᠪᠠᠶᠢᠴᠠᠭᠠᠨ ᠰᠤᠲᠤᠯᠪᠠ᠃ ᠲᠡᠷᠡ ᠴᠢᠬᠤᠯᠠᠴᠢᠯᠠᠬᠤ ᠳᠠᠭᠠᠨ᠂ ᠬᠤᠲᠠ ᠶᠢᠨ ᠨᠤᠭᠤᠭᠠᠷᠠᠭᠤᠯᠤᠯᠲᠠ ᠪᠤᠯᠤᠨ ᠡᠯ᠎ᠠ ᠵᠥᠢᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠲᠠᠯᠭᠠᠲᠤ ᠠᠵᠢᠯ ᠢ ᠰᠠᠶᠢᠲᠤᠷ ᠬᠡᠷᠡᠭᠵᠢᠬᠦᠯᠵᠥ᠂ ᠬᠤᠲᠠ ᠶᠢᠨ ᠲᠥᠯᠥᠪᠵᠢᠬᠦᠯᠭᠡ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢ ᠲᠡᠰ ᠲᠡᠪᠰᠢᠬᠦᠯᠬᠦ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠬᠦᠯᠵᠥ᠂ ᠬᠤᠲᠠ ᠶᠢᠨ ᠲᠥᠷᠢ ᠲᠥᠷᠬᠦ ᠶᠢ ᠴᠡᠭᠴᠡᠯᠡᠨ ᠵᠠᠰᠠᠬᠤ᠂ ᠬᠠᠭᠤᠴᠢᠨ ᠪᠠᠶᠢᠰᠢᠩᠲᠤ ᠲᠤᠭᠤᠷᠢᠭ ᠢ ᠥᠭᠡᠷᠡᠴᠢᠯᠡᠨ ᠪᠠᠶᠢᠭᠤᠯᠬᠤ᠂ ᠬᠤᠲᠠ ᠶᠢᠨ ᠶᠠᠪᠤᠲᠠᠯ ᠤᠨ ᠰᠠᠭᠤᠷᠢ ᠲᠥᠭᠦᠭᠡᠷᠥᠮᠵᠢ ᠶᠢᠨ ᠪᠥᠲᠥᠭᠡᠨ ᠪᠠᠶᠢᠭᠤᠯᠤᠯᠲᠠ ᠪᠤᠯᠤᠨ ᠤᠯᠠᠨ ᠨᠡᠶᠢᠲᠡ ᠶᠢᠨ ᠥᠢᠯᠡᠴᠢᠯᠡᠭᠡᠨ ᠤ ᠲᠥᠪᠰᠢᠨ ᠢ ᠲᠡᠭᠡᠭᠰᠢᠯᠡᠬᠦᠯᠬᠦ ᠢᠨᠵᠧᠨᠧᠷᠢᠩ ᠢ ᠨᠢᠭᠡᠲᠥᠯᠲᠡᠢ ᠲᠥᠯᠥᠪᠵᠢᠬᠦᠯᠥᠨ ᠠᠬᠢᠭᠤᠯᠵᠥ᠂ ᠤᠬᠢ ᠰᠠᠶᠢᠨ ᠬᠤᠲᠠ ᠶᠢᠨ ᠲᠥᠷᠢ ᠲᠥᠷᠬᠦ ᠪᠠᠷ ᠥᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠤᠢ ᠶᠢ ᠤᠭᠲᠤᠬᠤ ᠬᠡᠷᠡᠭᠲᠡᠢ ᠬᠡᠪᠡ᠃        ᠪᠤᠯᠠᠭᠠᠨ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠢ ᠮᠢᠨ ᠨᠡᠶᠢᠭᠡᠮ ᠲᠤᠭᠤᠷᠢᠭ ᠤᠨ ᠬᠠᠭᠤᠴᠢᠨ ᠪᠠᠶᠢᠰᠢᠩᠲᠤ ᠲᠤᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠳᠤᠬᠠᠢ ᠯᠥᠸᠧ ᠬᠤ᠋ ᠽᠠᠢ ᠨᠤᠷᠠᠭᠠᠨ ᠰᠢᠯᠵᠢᠬᠦᠯᠵᠥ ᠪᠠᠶᠢᠭ᠎ᠠ ᠪᠤᠯᠤᠨ ᠲᠥᠯᠥᠪᠵᠢᠬᠦᠯᠭᠡ ᠶᠢ ᠨᠠᠷᠢᠨ ᠤᠢᠢᠯᠠᠭᠠᠭᠰᠠᠨ ᠤ ᠲᠠᠷᠠᠭ᠎ᠠ᠂ ᠰᠢᠯᠢ ᠶᠢᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ ᠪᠤᠯᠤᠨ ᠬᠠᠮᠢᠶ᠎ᠠ ᠪᠥᠬᠦᠢ ᠰᠠᠯᠠᠭ᠎ᠠ ᠮᠥᠴᠢᠷ ᠰᠠᠭᠤᠷᠢ ᠲᠥᠭᠦᠭᠡᠷᠥᠮᠵᠢ ᠢᠵᠢ ᠪᠥᠷᠢᠲᠥᠭᠰᠡᠨ ᠥᠭᠡᠢ᠂ ᠤᠷᠴᠢᠨ ᠲᠤᠭᠤᠷᠢᠨ ᠤ ᠬᠠᠮᠠᠭᠠᠯᠠᠯᠲᠠ ᠠᠨᠠᠢ᠂ ᠡᠮᠬᠢ ᠲᠢᠭᠯᠢᠮ ᠥᠭᠡᠢ ᠥᠵᠡᠭᠲᠡᠯ ᠬᠥᠨᠲᠤ ᠨᠤᠴᠢᠲᠠᠢ ᠤᠷᠤᠰᠢᠵᠥ ᠪᠠᠶᠢᠭ᠎ᠠ᠂ ᠤᠯᠠᠨ ᠲᠥᠮᠡᠨ ᠤ ᠠᠮᠢᠲᠤᠷᠠᠯ ᠤᠨ ᠴᠢᠨᠠᠷᠵᠢᠯ ᠥᠨᠲᠤᠷ ᠪᠤᠰᠤ ᠭᠤᠤᠯᠲᠠᠯᠭ᠎ᠠ ᠲᠠᠢ ᠲᠤᠭᠤᠷᠢᠭ ᠢ ᠨᠤᠷᠠᠭᠠᠨ ᠵᠠᠰᠠᠬᠤ ᠡᠷᠴᠢᠮ ᠢᠶᠠᠨ ᠴᠢᠩᠭᠠᠷᠠᠭᠤᠯᠵᠥ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠥᠷᠭᠡᠳᠭᠡᠬᠦ ᠬᠡᠷᠡᠭᠲᠡᠢ ᠬᠡᠵᠥ ᠵᠢᠭᠠᠪᠠ᠃        ᠰᠢᠯᠢ ᠶᠢᠨ ᠬᠤᠲᠠ ᠶᠢᠨ ᠪᠤᠵᠠᠷ ᠤᠰᠤ ᠰᠢᠢᠳᠪᠤᠷᠢᠯᠡᠬᠦ ᠥᠢᠯᠡᠳᠪᠤᠷᠢ ᠳᠤ᠂ ᠯᠥᠸᠧ ᠬᠤ᠋ ᠽᠠᠢ ᠪᠤᠵᠠᠷ ᠤᠰᠤ ᠶᠢ ᠰᠢᠢᠳᠪᠤᠷᠢᠯᠡᠵᠥ ᠪᠠᠶᠢᠭ᠎ᠠ ᠤᠲᠤᠬᠢ ᠪᠠᠶᠢᠲᠠᠯ᠂ ᠪᠤᠵᠠᠷ ᠤᠰᠤ ᠰᠢᠢᠳᠪᠤᠷᠢᠯᠡᠬᠦ ᠥᠢᠯᠡᠳᠪᠤᠷᠢ ᠶᠢᠨ ᠡᠷᠬᠢᠯᠲᠡ ᠶᠢᠨ ᠪᠠᠶᠢᠲᠠᠯ ᠪᠤᠯᠤᠨ ᠲᠤᠮᠲᠠ ᠤᠰᠤ ᠶᠢ ᠠᠰᠢᠭᠯᠠᠬᠤ ᠲᠥᠯᠥᠪᠵᠢᠬᠦᠯᠭᠡ ᠶᠢ ᠨᠠᠷᠢᠨ ᠤᠢᠢᠯᠠᠭᠠᠵᠠᠢ᠃ ᠲᠡᠷᠡ ᠵᠢᠭᠠᠬᠤ ᠳᠠᠭᠠᠨ᠂ ᠬᠤᠲᠠ ᠶᠢᠨ ᠪᠤᠵᠠᠷ ᠤᠰᠤ ᠰᠢᠢᠳᠪᠤᠷᠢᠯᠡᠬᠦ ᠮᠡᠷᠭᠡᠵᠢᠯ ᠲᠡᠭᠡᠭᠰᠢᠯᠡᠬᠦᠯᠬᠦ ᠠᠵᠢᠯ ᠢ ᠲᠥᠷᠭᠡᠳᠭᠡᠵᠥ᠂ ᠪᠤᠵᠠᠷ ᠤᠰᠤ ᠰᠢᠢᠳᠪᠤᠷᠢᠯᠡᠬᠦ ᠥᠢᠯᠡᠳᠪᠤᠷᠢ ᠶᠢᠨ ᠮᠡᠷᠭᠡᠵᠢᠯ ᠢ ᠪᠥᠷ ᠤᠯᠤᠰ ᠤᠨ ᠪᠠᠷᠢᠮᠵᠢᠶ᠎ᠠ ᠳᠤ ᠬᠥᠷᠭᠡᠵᠥ᠂ ᠲᠥᠷᠭᠡᠨ ᠠᠰᠢᠭᠯᠠᠯᠲᠠ ᠳᠤ ᠤᠷᠤᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠴᠢᠩᠭ᠎ᠠ ᠠᠷᠭ᠎ᠠ ᠬᠡᠮᠵᠢᠶ᠎ᠠ ᠶᠢ ᠬᠡᠷᠡᠭᠵᠢᠬᠦᠯᠵᠥ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠲᠥᠷᠭᠡᠳᠭᠡᠬᠦ ᠬᠡᠷᠡᠭᠲᠡᠢ ᠬᠡᠪᠡ᠃        ᠯᠥᠸᠧ ᠬᠤ᠋ ᠽᠠᠢ ᠬᠤᠲᠠ ᠶᠢᠨ ᠪᠥᠲᠥᠭᠡᠨ ᠪᠠᠶᠢᠭᠤᠯᠤᠯᠲᠠ᠂ ᠨᠤᠭᠤᠭᠠᠷᠠᠭᠤᠯᠤᠯᠲᠠ ᠶᠢᠨ ᠪᠠᠶᠢᠲᠠᠯ ᠢ ᠪᠤᠲᠠᠲᠠᠢ ᠪᠠᠶᠢᠴᠠᠭᠠᠨ ᠦᠵᠡᠵᠦ ᠵᠢᠭᠠᠬᠤ ᠳᠠᠭᠠᠨ᠂ ᠵᠠᠮ ᠵᠡᠭᠡᠯᠢ ᠶᠢᠨ ᠬᠤᠶᠠᠷ ᠬᠠᠵᠠᠭᠤ᠂ ᠭᠤᠤᠯᠲᠠᠯᠭ᠎ᠠ ᠲᠠᠢ ᠭᠤᠭᠴᠤᠭ᠎ᠠ ᠪᠤᠯᠤᠨ ᠰᠠᠭᠤᠭᠠᠯᠢ ᠠᠷᠠᠳ ᠤᠨ ᠲᠤᠭᠤᠷᠢᠭ ᠤᠨ ᠨᠤᠭᠤᠭᠠᠷᠠᠭᠤᠯᠤᠯᠲᠠ᠂ ᠭᠤᠶᠤᠵᠢᠭᠤᠯᠤᠯᠲᠠ ᠶᠢᠨ ᠠᠵᠢᠯ ᠢ ᠪᠥᠬᠦ ᠬᠥᠴᠥᠨ ᠢᠶᠠᠷ ᠰᠠᠶᠢᠲᠤᠷ ᠠᠳᠬᠤᠵᠥ᠂ ᠵᠡᠮ ᠵᠡᠭᠡᠯᠢ ᠶᠢᠨ ᠡᠮᠬᠢ ᠲᠢᠭᠯᠢᠮ ᠢ ᠪᠠᠲᠤᠯᠠᠵᠥ᠂ ᠪᠤᠯᠪᠠᠰᠤᠨ ᠪᠤᠰᠤ ᠥᠢᠯᠡ ᠠᠵᠢᠯᠯᠠᠭ᠎ᠠ ᠶᠢ ᠲᠤᠰᠬᠠᠢ ᠲᠥᠷᠥᠯ ᠢᠶᠠᠷ ᠴᠡᠭᠴᠡᠯᠡᠵᠥ᠂ ᠬᠤᠲᠠ ᠶᠢᠨ ᠨᠠᠷᠢᠯᠢᠬᠵᠢᠭᠰᠠᠨ ᠬᠠᠮᠢᠶᠠᠷᠤᠯᠲᠠ ᠶᠢ ᠲᠡᠭᠡᠭᠰᠢᠯᠡᠬᠦᠯᠬᠦ ᠬᠡᠷᠡᠭᠲᠡᠢ᠃ ᠤᠷᠤᠨ ᠲᠤᠭᠤᠷᠢᠭ ᠢ ᠥᠷᠭᠡᠳᠭᠡᠬᠦ᠂ ᠲᠡᠰ ᠲᠥᠪᠰᠢᠨ ᠢ ᠲᠡᠭᠡᠭᠰᠢᠯᠡᠬᠦᠯᠬᠦ᠂ ᠴᠢᠲᠠᠪᠬᠢ ᠶᠢ ᠲᠡᠬᠦᠯᠲᠡᠷᠵᠢᠬᠦᠯᠬᠦ ᠶᠢ ᠪᠥᠬᠦ ᠤᠯᠤᠰ ᠤᠨ ᠪᠤᠯᠪᠠᠰᠤᠨ ᠬᠤᠲᠠ ᠪᠤᠯᠤᠨ ᠠᠷᠢᠭᠤᠨ ᠴᠡᠪᠡᠷ ᠬᠤᠲᠠ ᠶᠢ ᠡᠬᠦᠳᠬᠦ ᠭᠤᠤᠯᠲᠠᠯᠭ᠎ᠠ ᠲᠠᠢ ᠢᠨᠵᠧᠨᠧᠷᠢᠩ ᠪᠤᠯᠭᠠᠵᠥ᠂ ᠥᠨᠲᠤᠷ ᠪᠠᠷᠢᠮᠵᠢᠶ᠎ᠠ ᠪᠠᠷ ᠴᠢᠨᠠᠷ ᠰᠠᠶᠢᠲᠠᠢ ᠪᠥᠲᠥᠭᠡᠨ ᠪᠠᠶᠢᠭᠤᠯᠵᠥ᠂ ᠪᠠᠷᠢᠯᠭ᠎ᠠ ᠪᠤᠯᠤᠨ ᠲᠥᠭᠦᠭᠡᠷᠥᠮᠵᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠥ᠂ ᠰᠢᠯᠢ ᠶᠢᠨ ᠭᠤᠤᠯ ᠤᠨ ᠥᠵᠡᠮᠵᠢ ᠶᠢᠨ ᠪᠥᠰᠡ ᠶᠢ ᠰᠠᠶᠢᠳᠤᠷ ᠪᠦᠳᠦᠭᠡᠨ ᠪᠠᠶᠢᠭᠤᠯᠬᠤ ᠬᠡᠷᠡᠭᠲᠡᠢ ᠬᠡᠪᠡ᠃        ᠯᠥᠸᠧ ᠬᠤ᠋ ᠽᠠᠢ ᠪᠠᠰᠠ ᠤᠯᠠᠭᠠᠨᠮᠦ᠋ᠴᠢᠷ ᠤᠨ ᠤᠷᠠᠯᠢᠭ ᠤᠨ ᠤᠷᠲᠤᠨ᠂ ᠠᠶᠢᠮᠠᠭ ᠤᠨ ᠮᠤᠩᠭᠤᠯ ᠲᠤᠮᠲᠠᠲᠤ ᠰᠤᠷᠭᠠᠭᠤᠯᠢ ᠪᠤᠯᠤᠨ ᠬᠡᠥᠭᠡᠳ ᠪᠠᠭᠠᠴᠤᠳ ᠤᠨ ᠨᠠᠭᠠᠳᠤᠮ ᠳᠤᠭᠯᠠᠭᠠᠮ ᠤᠨ ᠬᠦᠷᠢᠶᠡᠯᠡᠩ ᠪᠠᠶᠢᠭᠤᠯᠬᠤ ᠵᠡᠷᠭᠡ ᠲᠥᠷᠥᠯ ᠵᠥᠢᠯ ᠤᠨ ᠤᠷᠤᠨ ᠪᠠᠶᠢᠷᠢ ᠰᠤᠩᠭᠤᠬᠤ ᠳᠤᠬᠠᠢ ᠪᠠᠶᠢᠴᠠᠭᠠᠨ ᠰᠤᠲᠤᠯᠤᠯᠲᠠ ᠬᠢᠵᠡᠢ᠃        ᠠᠶᠢᠮᠠᠭ ᠤᠨ ᠲᠡᠳ᠋ ᠲᠠᠷᠤᠭ᠎ᠠ ᠮᠸᠡᠭ ᠵᠤᠤ ᠵᠢᠶᠦ᠋ᠨ ᠵᠢᠴᠢ ᠰᠢᠯᠢ ᠶᠢᠨ ᠬᠤᠲᠠ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠤᠯᠵᠥ ᠪᠠᠶᠢᠴᠠᠭᠠᠨ ᠰᠤᠲᠤᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号