3 ᠳ᠋ᠤᠭᠠᠷ ᠰᠠᠷ᠎ᠡ ᠶᠢᠨ 13 ᠤ ᠡᠲᠥᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ | ᠳᠠᠷᠤᠭ᠎ᠠ ᠹᠦ᠋ ᠸᠠᠨ ᠬᠤᠢ ᠠᠶᠢᠮᠠᠭ ᠤᠨ ᠵᠠᠬᠢᠷᠭ᠎ᠠ ᠶᠢᠨ 2017 ᠤᠨ ᠤ 2 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯ ᠢ ᠡᠷᠬᠢᠯᠡᠨ ᠬᠤᠷᠠᠯᠳᠤᠭᠤᠯᠵᠦ᠂ ︽ᠰᠢᠯᠢ ᠶᠢᠨ ᠭᠤᠤᠯ ᠠᠶᠢᠮᠠᠭ ᠤᠨ ᠠᠮᠢ ᠠᠬᠤᠢ ᠶᠢᠨ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠪᠤᠯᠵᠤᠨ ᠶᠠᠷᠢᠯᠴᠠᠬᠤ ᠠᠷᠭ᠎ᠠ ︵ᠲᠤᠷᠰᠢᠨ ᠬᠡᠷᠡᠭᠵᠢᠬᠦᠯᠬᠦ︶︾᠂ 2017 ᠤᠨ ᠤ | ᠠᠶᠢᠮᠠᠭ ᠤᠨ ᠱᠠᠲᠤᠨ ᠤ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ᠂ ᠨᠡᠶᠢᠬᠡᠮ ᠤᠨ ᠠᠪᠤᠷᠠᠨ ᠲᠤᠰᠠᠯᠠᠬᠤ | ᠪᠤᠯᠤᠨ ᠵᠡᠮᠳᠡᠭᠴᠤᠳ ᠤᠨ ᠨᠥᠬᠦᠪᠦᠷᠢ ᠮᠥᠩᠬᠦ ᠶᠢᠨ ᠪᠠᠷᠢᠮᠵᠢᠶ᠎ᠠ ᠶᠢ ᠲᠡᠭᠡᠭᠰᠢᠯᠡᠬᠦᠯᠬᠦ ᠵᠡᠷᠭᠡ ᠬᠠᠮᠢᠶ᠎ᠠ ᠪᠦᠬᠦᠢ | ᠵᠥᠢᠯᠡᠰ ᠢ ᠰᠤᠳᠤᠯᠵᠠᠢ᠃ | ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠳᠡᠳ᠋ ᠲᠠᠷᠤᠭ᠎ᠠ ᠵᠠᠩ ᠵᠦᠩ ᠶᠤᠤ᠂ | ᠠᠶᠢᠮᠠᠭ ᠤᠨ ᠳᠡᠳ᠋ ᠳᠠᠷᠤᠭ᠎ᠠ ᠰᠢᠤᠢ ᠵᠦᠸᠧ᠂ ᠦᠯᠵᠠᠢ᠂ ᠾᠸᠦ ᡁᠢ ᠮᠢᠨ᠂ ᠮᠧᠩ ᠵᠤᠤ ᠵᠢᠶᠦ᠋ᠨ ᠬᠤᠷᠠᠯ ᠳᠤ | ᠤᠷᠤᠯᠴᠠᠵᠥ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ | ᠬᠤᠷᠠᠯ ᠳᠤ ᠰᠤᠯᠠ ᠤᠷᠤᠯᠴᠠᠪᠠ᠃ | ᠬᠤᠷᠠᠯ ᠠᠴᠠ ᠵᠢᠭᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠠᠵᠦ ᠦᠢᠯᠡᠰ ᠢᠶᠠᠷ ᠶᠠᠳᠠᠭᠤ ᠶᠢ | ᠳᠡᠳᠬᠦᠬᠦ ᠶᠢ ᠲᠤᠪᠤᠶᠢᠯᠭᠠᠵᠦ᠂ ᠬᠦᠴᠢᠷᠳᠡᠯᠲᠡᠢ ᠤᠯᠠᠨ ᠲᠦᠮᠡᠨ ᠤ ᠥᠪᠡᠷ ᠤᠨ ᠬᠦᠴᠦ ᠪᠠᠷ ᠢᠶᠠᠨ ᠲᠡᠭᠵᠢᠷᠡᠬᠦ | ᠴᠢᠳᠠᠪᠤᠷᠢ ᠶᠢ ᠳᠡᠭᠡᠭᠰᠢᠯᠡᠬᠦᠯᠬᠦ ᠬᠡᠷᠡᠭᠲᠡᠢ᠃ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠪᠤᠳᠠᠳᠤ ᠪᠠᠶᠢᠳᠠᠯ ᠲᠠᠢ | ᠤᠶᠠᠯᠳᠤᠭᠤᠯᠵᠦ᠂ ᠶᠠᠳᠠᠭᠤ ᠠᠴᠠ ᠠᠩᠬᠢᠵᠢᠷᠠᠭᠤᠯᠬᠤ ᠴᠠᠭ ᠬᠤᠭᠤᠴᠠᠭ᠎ᠠ ᠶᠢ ᠰᠢᠨᠵᠢᠯᠡᠬᠦ ᠤᠬᠠᠭᠠᠨᠴᠢ ᠪᠠᠷ | ᠲᠤᠬᠢᠷᠠᠭᠤᠯᠬᠤ ᠭᠡᠷᠡᠭᠲᠡᠢ᠃ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠲᠦᠮᠵᠢ ᠶᠢ ᠬᠢᠨᠠᠨ ᠰᠢᠯᠭᠠᠵᠦ ᠦᠨᠡᠯᠡᠬᠦ ᠶᠢ | ᠴᠢᠩᠭᠠᠳᠬᠠᠵᠦ᠂ ᠤᠨᠢᠨ ᠳᠡᠭᠡᠷ᠎ᠡ ᠨᠢ ᠳᠡᠳᠬᠦᠵᠦ ᠶᠠᠳᠠᠭᠤ ᠠᠴᠠ ᠠᠩᠬᠢᠵᠢᠷᠠᠭᠤᠯᠬᠤ ᠬᠡᠷᠡᠭᠲᠡᠢ ᠬᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠤᠯᠵᠤᠨ | ᠶᠠᠷᠢᠯᠴᠠᠬᠤ ᠠᠷᠭ᠎ᠠ ᠶᠢ ᠲᠤᠭᠳᠠᠭᠠᠨ ᠬᠡᠷᠡᠭᠵᠢᠬᠦᠯᠬᠦ ᠪᠤᠯ ᠠᠮᠢ ᠠᠬᠤᠢ ᠶᠢᠨ ᠪᠤᠯᠪᠠᠰᠤᠨ ᠤ ᠲᠥᠷᠢᠮ ᠤᠨ ᠰᠢᠰᠲ᠋ᠧᠮ ᠢ | ᠲᠡᠬᠦᠯᠲᠡᠷᠵᠢᠬᠦᠯᠬᠦ ᠴᠢᠬᠤᠯᠡ ᠠᠷᠭ᠎ᠠ ᠬᠡᠮᠵᠢᠶ᠎ᠠ ᠪᠤᠯᠤᠨ᠎ᠠ᠃ ᠡᠯ᠎ᠠ ᠭᠠᠵᠠᠷ ᠡᠯ᠎ᠠ ᠬᠠᠮᠢᠶ᠎ᠠ ᠪᠥᠬᠦᠢ ᠰᠠᠯᠠᠭ᠎ᠠ ᠮᠥᠴᠢᠷ | ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢᠨ ᠠᠵᠢᠯ ᠲᠤᠮᠲᠠ | ᠤᠷᠤᠰᠢᠵᠥ ᠪᠠᠶᠢᠭ᠎ᠠ ᠠᠰᠠᠭᠤᠲᠠᠯ ᠳᠤ ᠬᠠᠤᠯᠢ ᠲᠤᠭᠲᠠᠭᠠᠯ ᠶᠤᠰᠤᠭᠠᠷ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ ᠪᠥᠭᠡᠳ | ᠪᠤᠯᠵᠤᠨ ᠶᠠᠷᠢᠯᠴᠠᠬᠤ ᠠᠵᠢᠯ ᠥᠷᠨᠢᠬᠦᠯᠵᠥ᠂ ᠴᠡᠭᠴᠡᠯᠡᠨ ᠨᠠᠶᠢᠲᠠᠪᠤᠷᠢᠵᠢᠭᠤᠯᠬᠤ ᠬᠡᠷᠡᠭᠲᠡᠢ᠃ ᠡᠳ᠋ ᠤᠨ ᠵᠠᠰᠠᠭ ᠤᠨ | ᠠᠵᠢᠯ ᠤᠨ ᠥᠷ᠎ᠠ ᠪᠥᠲᠥᠮᠵᠢ ᠶᠢᠨ ᠬᠠᠮᠢᠶᠠᠷᠤᠯᠲᠠ ᠶᠢ ᠴᠢᠩᠭᠠᠳᠬᠠᠵᠥ᠂ ᠡᠳ᠋ ᠤᠨ ᠵᠠᠰᠠᠭ ᠤᠨ ᠡᠬᠢ ᠪᠠᠶᠠᠯᠢᠭ ᠤᠨ | ᠲᠤᠬᠢᠷᠠᠭᠤᠯᠤᠯᠲᠠ ᠶᠢ ᠤᠯᠠᠮ ᠰᠢᠯᠢᠲᠡᠭᠵᠢᠬᠦᠯᠵᠥ᠂ ᠥᠷ᠎ᠠ ᠪᠥᠲᠥᠮᠵᠢ ᠶᠢ ᠲᠡᠭᠡᠭᠰᠢᠯᠡᠬᠦᠯᠬᠦ ᠬᠡᠷᠡᠭᠲᠡᠢ᠃ ᠰᠢᠨ᠎ᠠ ︽ | ᠲᠥᠰᠥᠪ ᠤᠨ ᠬᠠᠤᠯᠢ︾ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠥ᠂ ᠲᠥᠰᠥᠪ ᠤᠨ ᠵᠠᠷᠤᠯᠭ᠎ᠠ ᠶᠢᠨ | ᠵᠢᠯᠤᠭᠤᠲᠤᠮᠵᠢ ᠪᠤᠯᠤᠨ ᠪᠥᠲᠥᠴᠡ ᠶᠢ ᠤᠯᠠᠮ ᠰᠢᠯᠢᠲᠡᠭᠵᠢᠬᠦᠯᠬᠦ ᠬᠡᠷᠡᠭᠲᠡᠢ᠃ ᠡᠳ᠋ ᠤᠨ ᠵᠠᠰᠠᠭ ᠤᠨ ᠪᠡᠯᠡ | ᠮᠥᠡᠭᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠥ᠂ ᠪᠡᠯᠡ ᠮᠥᠡᠭᠭᠦ ᠶᠢᠨ ᠠᠰᠢᠭᠯᠠᠯᠲᠠ ᠶᠢ | ᠲᠡᠭᠡᠭᠰᠢᠯᠡᠬᠦᠯᠬᠦ ᠬᠡᠷᠡᠭᠲᠡᠢ᠃ | ᠬᠤᠷᠠᠯ ᠠᠴᠠ ᠱᠠᠭᠠᠷᠲᠠᠬᠤ ᠳᠠᠭᠠᠨ᠂ ᠲᠥᠪ ᠬᠤᠷᠢᠶ᠎ᠠ ᠪᠤᠯᠤᠨ ᠥᠪᠡᠷᠲᠡᠭᠡᠨ ᠵᠠᠰᠠᠬᠤ ᠤᠷᠤᠨ ᠤ ᠡᠯ᠎ᠠ | ᠵᠥᠢᠯ ᠤᠨ ᠠᠷᠠᠳ ᠤᠨ ᠠᠮᠢᠲᠤᠷᠠᠯ ᠤᠨ ᠪᠠᠲᠤᠯᠠᠭ᠎ᠠ ᠶᠢᠨ ᠲᠥᠷᠥ ᠶᠢᠨ ᠪᠤᠲᠤᠯᠭ᠎ᠠ ᠶᠢ ᠥᠨᠡᠨᠬᠦ ᠰᠠᠶᠢᠲᠤᠷ | ᠨᠠᠶᠢᠲᠠᠪᠤᠷᠢᠵᠢᠭᠤᠯᠵᠥ᠂ ᠪᠠᠲᠤᠯᠠᠭ᠎ᠠ ᠪᠤᠯᠤᠨ ᠠᠪᠤᠷᠠᠨ ᠲᠤᠰᠠᠯᠠᠬᠤ ᠪᠡᠯᠡ ᠮᠥᠡᠭᠭᠦ ᠶᠢ ᠴᠠᠭ ᠲᠤᠬᠠᠢ ᠳᠤᠨᠢ ᠪᠥᠷᠢᠨ | ᠬᠥᠢᠴᠡᠳ ᠲᠠᠷᠬᠠᠭᠠᠬᠤ ᠬᠡᠷᠡᠭᠲᠡᠢ ᠬᠡᠪᠡ᠃ |