ᠬᠤᠶᠠᠷ ᠬᠤᠷᠠᠯ ᠠᠴᠠ ᠳᠠᠮᠵᠢᠭᠤᠯᠤᠭᠰᠠᠨ ᠳᠤᠮᠳᠠᠳᠤ ᠤᠯᠤᠰ ᠤᠨ ᠲᠤᠬᠢᠶ᠎ᠠ ᠳᠡᠯᠡᠭᠡᠢ ᠳ᠋ᠠᠬᠢᠨ ᠢ ᠤᠷᠮᠠᠰᠢᠭᠤᠯᠤᠨ᠎ᠠ
ᠨᠡᠶᠢᠲᠡᠯᠡᠭᠰᠡᠨ ᠴᠠᠭ᠄
2017/3/22
    ᠵᠢᠯ ᠳᠤ ᠨᠢᠭᠡ ᠤᠳᠠᠭ᠎ᠠ ᠶᠠᠪᠤᠭᠳᠠᠬᠤ ᠬᠤᠶᠠᠷ ᠬᠤᠷᠠᠯ ᠪᠤᠯ ᠳᠡᠯᠡᠭᠡᠢ ᠳ᠋ᠠᠬᠢᠨ ᠤ ᠳᠤᠮᠳᠠᠳᠤ ᠤᠯᠤᠰ ᠢ ᠠᠵᠢᠬᠯᠠᠬᠤ ᠴᠤᠩᠬᠤ ᠮᠦᠨ᠂ ᠰᠠᠶᠢᠬᠠᠨ ᠲᠡᠬᠦᠰᠦᠭᠰᠡᠨ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠨᠢ ᠳᠡᠯᠡᠭᠡᠢ ᠳ᠋ᠠᠬᠢᠨ ᠳᠤ ᠶᠠᠮᠠᠷ ᠲᠤᠬᠢᠶ᠎ᠠ ᠳᠠᠮᠵᠢᠭᠤᠯᠪᠠ︖        ᠤᠢᠢᠷ᠎ᠠ ᠶᠢᠨ ᠡᠳᠦᠷ ᠲᠤ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ᠂ ᠤᠯᠠᠨ ᠲᠠᠯᠠᠪᠤᠷ ᠶᠠᠪᠤᠭᠳᠠᠭᠰᠠᠨ ᠰᠤᠷᠪᠤᠯᠵᠢᠯᠠᠬᠴᠢ ᠶᠢᠨ ᠬᠤᠷᠠᠯ ᠵᠡᠷᠭᠡ ᠨᠢ ᠴᠦᠮ ᠳᠡᠯᠡᠭᠡᠢ ᠶᠢᠨ ᠶᠠᠷᠢᠶ᠎ᠠ ᠭᠡᠯᠡᠯᠴᠡᠭᠡᠨ ᠤ ᠠᠩᠬᠠᠷᠤᠯ ᠤᠨ ᠲᠦᠪᠯᠡᠷᠡᠯ ᠪᠤᠯᠵᠦ᠂ ︽ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ︾ ︽ᠳᠤᠮᠳᠠᠳᠤ ᠤᠯᠤᠰ ᠤᠨ ᠦᠢᠯᠡᠳᠭᠡᠯ 202︾ ︽ᠨᠢᠭᠡ ᠪᠦᠰᠡ ᠨᠢᠭᠡ ᠵᠠᠮ︾ ᠵᠡᠷᠭᠡ ᠨᠢ ᠭᠠᠳᠠᠭᠠᠳᠦ ᠶᠢᠨ ᠵᠠᠭᠤᠴᠢᠯᠠᠭᠤᠷ ᠤᠨ ᠠᠩᠬᠠᠷᠤᠯ ᠲᠦᠪᠯᠡᠷᠡᠭᠰᠡᠨ ᠵᠠᠩᠬᠢᠯᠠᠭ᠎ᠠ ᠶᠢᠨ ᠦᠭᠡ ᠪᠤᠯᠵᠠᠢ᠃        ᠳᠡᠯᠡᠭᠡᠢ ᠳ᠋ᠠᠬᠢᠨ ᠳᠤ ︽ᠲᠤᠬᠳᠠᠪᠤᠷᠢᠵᠢᠭᠤᠯᠤᠬᠴᠢ︾ ᠬᠠᠩᠭᠠᠪᠠ        ᠤᠳᠤᠬᠠᠨ ᠳᠤ᠂ ᠳᠤᠮᠳᠠᠳᠤ ᠤᠯᠤᠰ ᠶᠠᠭ ᠠᠵᠤ ᠠᠬᠤᠢ ᠶᠢᠨ ᠪᠦᠳᠦᠴᠡ ᠶᠢ ᠲᠤᠬᠢᠷᠠᠭᠤᠯᠵᠦ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠵᠠᠩᠬᠢᠯᠠᠭ᠎ᠠ ᠶᠢᠨ ᠬᠤᠭᠤᠴᠠᠭ᠎ᠠ ᠳᠤ ᠤᠷᠤᠰᠢᠵᠦ᠂ ᠬᠤᠭᠤᠷᠠᠬᠤ ᠠᠴᠠ ᠪᠢᠰᠢ ᠨᠤᠭᠤᠷᠠᠬᠤ ᠦᠭᠡᠢ ᠪᠠᠶᠢᠬᠤ ᠤᠮᠤᠭ ᠵᠤᠷᠢᠭ ᠢᠶᠠᠷ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠴᠢᠬᠤᠯᠠᠳᠠᠢ᠃ ᠬᠤᠶᠠᠷ ᠬᠤᠷᠠᠯ ᠤᠨ ᠬᠤᠭᠤᠴᠠᠭᠠᠨ ᠳᠤ᠂ ᠠᠵᠤ ᠠᠬᠤᠢ ᠶᠢᠨ ᠨᠡᠮᠡᠭᠳᠡᠯ ᠤᠨ ᠬᠠᠷᠠᠯᠳᠠ ᠶᠢ ᠲᠤᠭᠳᠠᠭᠠᠬᠤ ᠭᠡᠰᠡᠨ ᠴᠦ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠰᠢᠨ᠎ᠠ ᠬᠠᠷᠠᠯᠳᠠ ᠶᠢ ᠨᠡᠶᠢᠳᠡᠯᠡᠭᠰᠡᠨ ᠭᠡᠰᠡᠨ ᠴᠦ᠂ ᠭᠠᠳᠠᠭᠠᠳᠦ ᠶᠢᠨ ᠬᠢᠨ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠬᠦᠴᠢᠷ ᠢ ᠰᠦᠷᠦᠨ ᠤᠷᠤᠭᠰᠢᠯᠠᠬᠤ ᠦᠭᠡᠷᠡᠴᠢᠯᠡᠯᠳᠠ ᠶᠢᠨ ᠰᠢᠢᠳᠮᠡᠭ ᠵᠤᠷᠢᠭ᠂ ᠲᠤᠭᠳᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠰᠡᠳᠬᠢᠴᠠ ᠶᠢ ᠤᠯᠵᠦ ᠬᠠᠷᠠᠵᠠᠢ᠃        ᠷᠦᠲᠧᠷ ᠬᠤᠷᠢᠶ᠎ᠠ᠂ ᠳᠤᠮᠳᠠᠳᠤ ᠤᠯᠤᠰ 2017 ᠤᠨ ᠤ ᠤᠯᠠᠨ ᠲᠦᠷᠦᠯ ᠤᠨ ᠭᠤᠤᠯ ᠪᠤᠯᠬᠤ ᠠᠵᠤ ᠠᠬᠤᠢ ᠶᠢᠨ ᠬᠦᠭᠵᠢᠯᠳᠠ ᠶᠢᠨ ᠵᠢᠱᠢᠭᠰᠡᠨ ᠬᠠᠷᠠᠯᠳᠠ ᠪᠠᠨ ᠪᠠᠭᠤᠷᠠᠭᠤᠯᠤᠭᠰᠠᠨ ᠨᠢ ᠳᠤᠮᠳᠠᠳᠤ ᠤᠯᠤᠰ ᠡᠨᠡ ᠵᠢᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠬᠦᠯᠵᠦ ᠦᠷ᠎ᠠ ᠠᠰᠢᠬ ᠢ ᠨᠡᠮᠡᠭᠳᠡᠬᠦᠯᠬᠦ ᠶᠢ ᠨᠡᠩ ᠢᠯᠡᠬᠦᠦ ᠴᠢᠬᠤᠯᠠᠴᠢᠯᠠᠵᠦ ᠪᠠᠶᠢᠬᠤ ᠶᠢ ᠬᠠᠷᠠᠭᠤᠯᠵᠦ ᠪᠠᠶᠢᠨ᠎ᠠ ᠭᠡᠪᠡ᠃ ᠹᠷᠠᠨᠼᠢ ᠶᠢᠨ ᠰᠤᠨᠢᠨ ᠮᠡᠳᠡᠭᠡᠨ ᠤ ᠬᠤᠷᠢᠶ᠎ᠠ᠂ 6.5% ᠶᠢᠨ ᠠᠵᠤ ᠠᠬᠤᠢ ᠶᠢᠨ ᠨᠡᠮᠡᠭᠳᠡᠯ ᠤᠨ ᠬᠠᠷᠠᠯᠳᠠ ᠨᠢ ᠤᠳᠤᠬᠠᠨ ᠤ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠠᠵᠢᠯ ᠤᠨ ᠭᠤᠤᠯᠳᠠᠯᠭ᠎ᠠ ᠪᠠᠨ ᠲᠦᠭᠰᠢᠬᠦᠷᠢ ᠶᠢ ᠰᠡᠷᠭᠡᠶᠢᠯᠡᠬᠦ᠂ ᠬᠦᠰᠢᠬᠦᠷᠭᠡ ᠶᠢ ᠪᠠᠭᠠᠰᠬᠠᠬᠤ᠂ ᠦᠯᠡᠬᠦᠦ ᠦᠢᠯᠡᠳᠪᠤᠷᠢᠯᠡᠯ ᠤᠨ ᠴᠢᠳᠠᠪᠤᠷᠢ ᠶᠢ ᠪᠠᠭᠠᠰᠬᠠᠬᠤ ᠪᠠ ᠬᠦᠭᠡᠰᠦᠷᠡᠯ ᠢ ᠰᠡᠷᠭᠡᠶᠢᠯᠡᠬᠦ ᠳᠡᠭᠡᠷ᠎ᠠ ᠲᠠᠯᠪᠢᠵᠦ᠂ ᠤᠬᠤᠷ ᠬᠤᠭᠤᠴᠠᠭᠠᠨ ᠤ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠨᠢ ᠲᠡᠷᠢᠬᠦᠨ ᠬᠠᠷᠠᠯᠳᠠ ᠪᠢᠰᠢ ᠪᠤᠯᠤᠭᠰᠠᠨ ᠢ ᠬᠠᠷᠠᠭᠤᠯᠵᠦ ᠪᠠᠶᠢᠨ᠎ᠠ ᠭᠡᠵᠦ ᠵᠢᠭᠠᠵᠦ ᠭᠠᠷᠭᠠᠪᠠ᠃        ᠢᠨᠲᠤᠨᠧᠰᠢᠶ᠎ᠠ ᠶᠢᠨ ᠤᠶᠤᠨ ᠤ ᠬᠦᠮᠦᠷᠭᠡ ᠶᠢᠨ ᠠᠽᠢᠶ᠎ᠠ ᠲᠢᠪ ᠤᠨ ᠰᠢᠨ᠎ᠠ ᠶᠢ ᠡᠭᠦᠳᠬᠦ ᠰᠤᠲᠤᠯᠭᠠᠠ ᠤ ᠲᠦᠪ ᠤᠨ ᠲᠡᠷᠢᠭᠦᠯᠡᠭᠴᠢ ᠪᠠᠨᠲᠢ · ᠰᠦᠷᠶᠤᠸᠠᠶᠢᠨᠦ᠋ᠸᠧ᠂ ᠲᠤᠮᠲᠠᠲᠤ ᠤᠯᠤᠰ ᠤᠨ ᠭᠡᠷᠡᠭᠯᠡᠭᠡᠡ ᠤ ᠴᠢᠲᠠᠪᠤᠷᠢ ᠶᠢ ᠲᠡᠭᠡᠭᠰᠢᠯᠡᠭᠦᠯᠬᠦ ᠨᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠪᠤᠯᠤᠨ ᠠᠽᠢᠶ᠎ᠠ ᠲᠢᠪ ᠤᠨ ᠭᠠᠵᠠᠷ ᠤᠷᠤᠨ ᠤ ᠭᠠᠲᠠᠭᠠᠲᠤ ᠭᠠᠷᠭᠠᠯᠲᠠ ᠳᠤ ᠲᠠᠭᠠᠭᠤᠯᠬᠤ ᠦᠢᠯᠡᠲᠦᠯ ᠲᠠᠢ᠂ ᠤᠷᠤᠨ ᠪᠦᠰᠡ ᠶᠢᠨ ᠠᠵᠦ ᠠᠬᠤᠢ ᠶᠢ ᠰᠡᠷᠭᠦᠭᠡᠡ ᠬᠦᠭᠵᠢᠭᠦᠯᠬᠦ ᠳᠤ ᠠᠰᠢᠭ ᠲᠠᠢ ᠶᠤᠮ ᠭᠡᠵᠡᠢ᠃         ᠲᠠᠢ ᠤᠯᠤᠰ ᠤᠨ ᠤᠯᠤᠰ ᠤᠨ ᠬᠦᠭᠵᠢᠭᠦᠯᠦᠯᠲᠡ ᠶᠢᠨ ᠵᠠᠰᠠᠭ ᠵᠠᠬᠢᠷᠭᠠᠠ ᠤ ᠲᠡᠭᠡᠲᠦ ᠰᠤᠷᠭᠠᠭᠤᠯᠢ ᠶᠢᠨ ᠤᠯᠠᠠ ᠤᠯᠤᠰ ᠤᠨ ᠠᠰᠠᠭᠤᠲᠠᠯ ᠤᠨ ᠲᠤᠰᠬᠠᠢ ᠮᠡᠷᠭᠡᠵᠢᠯᠲᠠᠠ ᠯᠢ ᠷᠸᠠ ᠯᠢᠶᠠᠩ᠂ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠳᠤ ᠦᠭᠡᠷᠡᠴᠢᠯᠡᠯᠲᠡ ᠪᠤᠯᠤᠨ ᠲᠤᠭᠲᠠᠭᠤᠨ ᠪᠠᠶᠢᠲᠠᠯ ᠢ ᠲᠤᠪᠤᠶᠢᠯᠭᠠᠵᠦ᠂ ᠲᠤᠮᠲᠠᠲᠤ ᠤᠯᠤᠰ ᠤᠨ ᠵᠠᠰᠠᠭ ᠤᠨ ᠤᠷᠲᠤᠨ ᠲᠤᠭᠲᠠᠭᠤᠨ ᠤ ᠳᠤᠮᠳᠠ ᠤᠷᠤᠭᠰᠢᠯᠠᠠ ᠲᠠᠪᠰᠢᠵᠦ᠂ ᠲᠡᠯᠡᠭᠡᠢ ᠳ᠋ᠡᠬᠢᠠ ᠳᠤ ︽ᠲᠤᠭᠳᠠᠪᠤᠷᠢᠵᠢᠭᠤᠯᠤᠬᠴᠢ︾ ᠬᠠᠩᠭᠠᠭᠰᠠᠨ ᠪᠠᠶᠢᠨ᠎ᠠ ᠭᠡᠵᠦ ᠦᠵᠡᠪᠡ᠃    ᠲᠡᠯᠡᠭᠡᠶᠢᠵᠢᠯᠲᠠ ᠳᠤ ᠬᠦᠲᠡᠯᠭᠡᠬᠦ ᠬᠦᠴᠤᠨ ᠬᠠᠩᠭᠠᠪᠠ        ᠠᠷᠠᠠᠴᠢ ᠦᠵᠡᠯ ᠡᠸᠦ᠋ᠷᠦᠫᠠ ᠠᠮᠧᠷᠢᠺᠠ ᠳᠤ ᠲᠤᠯᠤᠭᠠᠢ ᠦᠨᠲᠡᠶᠢᠵᠦ ᠪᠠᠶᠢᠭ᠎ᠠ ᠰᠢᠨ᠎ᠠ ᠦᠷᠢᠰᠦᠯᠲᠦᠭᠡᠡ᠂ ᠠᠵᠦ ᠠᠬᠤᠢ ᠶᠢᠨ ᠲᠡᠯᠡᠭᠡᠶᠢᠵᠢᠯᠲᠠ ᠪᠠ ᠴᠢᠯᠦᠭᠡᠲᠦ ᠠᠷᠠᠯᠵᠢᠶ᠎ᠠ ᠨᠢ ᠰᠦᠷᠲᠡᠭᠦᠯᠦᠯ ᠳᠤ ᠲᠤᠯᠭᠠᠷᠠᠭᠰᠠᠠ ᠤᠲᠤᠬᠢ ᠪᠠᠶᠢᠲᠠᠯ ᠳᠤ ᠬᠠᠨᠲᠤᠵᠦ᠂ ᠲᠤᠮᠲᠠᠲᠤ ᠤᠯᠤᠰ ᠭᠡᠷᠬᠢᠨ ᠠᠷᠭᠠᠴᠠᠬᠤ ᠪᠤᠢ︖ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠤᠨ ᠲᠤᠷᠠᠳᠤᠬᠰᠠᠨ ᠨᠡᠩ ᠬᠦᠨ ᠲᠠᠪᠬᠤᠷᠭ᠎ᠠ ᠨᠡᠩ ᠲᠡᠭᠡᠳᠤ ᠲᠦᠪᠰᠢᠨ ᠤ ᠭᠠᠳᠠᠭᠠᠳᠤ ᠨᠡᠬᠡᠬᠡᠯᠳᠠ ᠶᠢ ᠠᠬᠢᠭᠤᠯᠵᠤ᠂ ︽ᠨᠢᠬᠡ ᠪᠦᠰᠠ ᠨᠢᠬᠡ ᠵᠠᠮ︾ ᠤᠨ ᠪᠦᠳᠤᠬᠡᠨ ᠪᠠᠶᠢᠭᠤᠯᠤᠯᠳᠠ ᠶᠢ ᠠᠬᠢᠭᠤᠯᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠤᠷᠤᠭᠤᠯᠤᠯᠳᠠ ᠶᠢᠨ ᠤᠷᠴᠢᠨ ᠲᠤᠭᠤᠷᠢᠨ ᠢ ᠶᠡᠭᠡᠪᠡᠷ ᠰᠢᠯᠢᠳᠡᠭᠵᠢᠬᠦᠯᠵᠤ᠂ ᠲᠡᠯᠡᠬᠡᠢ ᠶᠢᠨ ᠠᠷᠠᠯᠵᠢᠶ᠎ᠠ ᠪᠤᠯᠤᠨ ᠪᠡᠯᠡ ᠤᠷᠤᠭᠤᠯᠤᠯᠳᠠ ᠶᠢᠨ ᠴᠢᠯᠤᠬᠡᠵᠢᠯ ᠲᠦᠬᠦᠮᠴᠢᠯᠠᠯᠳᠠ ᠶᠢ ᠠᠬᠢᠭᠤᠯᠬᠤ ᠵᠡᠷᠬᠡ ᠠᠷᠭ᠎ᠠ ᠬᠡᠮᠵᠢᠶ᠎ᠠ ᠨᠢ ᠬᠠᠯᠠᠮᠰᠢᠯᠳᠤ ᠰᠡᠳᠦᠪ ᠪᠤᠯᠵᠠᠢ᠃       ᠮᠧᠺᠰᠢᠺᠦ ᠶᠢᠨ ᠤᠯᠤᠰ ᠤᠨ ᠦᠪᠡᠷᠳᠡᠬᠡᠨ ᠵᠠᠰᠠᠬᠤ ᠶᠡᠭᠡ ᠰᠤᠷᠭᠠᠭᠤᠯᠢ ᠶᠢᠨ ᠫᠷᠦᠹᠧᠰᠰᠤᠷ ᠰᠠᠶᠢᠷᠵᠢᠸᠣ᠋ · ᠮᠠᠳᠢᠩᠨ᠋ᠸᠢᠢᠰ᠂ ᠳᠤᠮᠳᠠᠳᠤ ᠤᠯᠤᠰ ᠤᠨ ᠬᠢᠨ ᠴᠢᠯᠤᠬᠡᠳᠤ ᠠᠷᠠᠯᠵᠢᠶ᠎ᠠ ᠶᠢ ᠢᠳᠡᠪᠬᠢᠳᠠᠢ ᠠᠬᠢᠭᠤᠯᠵᠤ᠂ ᠠᠷᠠᠯᠵᠢᠶᠠᠨ ᠤ ᠬᠠᠮᠠᠭᠠᠯᠠᠬᠤ ᠦᠵᠡᠯ ᠢ ᠡᠷᠡᠰ ᠡᠰᠡᠷᠬᠦᠴᠡᠵᠤ᠂ ᠲᠡᠯᠡᠬᠡᠢ ᠶᠢᠨ ᠠᠵᠤ ᠠᠬᠤᠢ ᠠᠷᠠᠯᠵᠢᠶᠠᠨ ᠤ ᠬᠠᠮᠳᠤᠷᠠᠯᠴᠠᠭ᠎ᠠ ᠳᠤ ᠴᠢᠬᠤᠯᠠ ᠬᠤᠪᠢ ᠨᠡᠮᠡᠷᠢ ᠦᠵᠡᠬᠦᠯᠪᠠ᠃ ᠤᠳᠤᠬᠠᠨ ᠳᠤ ᠲᠡᠯᠡᠬᠡᠢ ᠶᠢᠷᠳᠢᠨᠴᠤ ᠳᠤ ᠲᠤᠭᠳᠠᠪᠤᠷᠢᠲᠦ ᠪᠤᠰᠤ ᠡᠯᠧᠮᠧᠨ᠋ᠲ ᠨᠡᠮᠡᠭᠳᠡᠵᠤ᠂ ᠠᠵᠤ ᠠᠬᠤᠢ ᠶᠢᠨ ᠨᠡᠮᠡᠭᠳᠡᠯ ᠬᠦᠳᠡᠯᠬᠡᠬᠦ ᠬᠦᠴᠤᠨ ᠢᠶᠠᠷ ᠲᠤᠳᠠᠭᠳᠠᠵᠤ ᠪᠠᠶᠢᠭ᠎ᠠ ᠪᠠᠶᠢᠳᠠᠯ ᠲᠤᠤᠷ᠎ᠠ᠂ ᠳᠤᠮᠳᠠᠳᠤ ᠤᠯᠤᠰ ᠡᠷᠬᠡ ᠲᠡᠭᠰᠢ ᠴᠢᠯᠤᠬᠡᠳᠠᠢ ᠪᠠᠷ ᠪᠤᠰᠤᠳ ᠤᠯᠤᠰ ᠯᠤᠭ᠎ᠠ ᠬᠠᠮᠳᠤᠷᠠᠯᠴᠠᠭ᠎ᠠ ᠦᠷᠨᠢᠬᠦᠯᠬᠦ ᠶᠢ ᠪᠠᠷᠢᠮᠳᠠᠯᠠᠵᠤ᠂ ᠤᠷᠤᠨ ᠪᠦᠰᠠ ᠶᠢᠨ ᠬᠠᠮᠳᠤᠷᠠᠯᠴᠠᠭ᠎ᠠ ᠶᠢ ᠦᠷᠨᠢᠬᠦᠯᠬᠦ᠂ ᠡᠮᠤᠨᠡᠳᠠᠬᠢ ᠨᠢ ᠡᠮᠤᠨᠡᠳᠠᠬᠢ ᠲᠠᠢ ᠬᠠᠮᠳᠤᠷᠠᠯᠴᠠᠭ᠎ᠠ ᠬᠢᠬᠦ ᠳᠤ ᠨᠡᠶᠢᠳᠡᠯᠢᠭ ᠵᠢᠱᠢᠶ᠎ᠠ ᠦᠵᠡᠬᠦᠯᠦᠭᠰᠡᠨ ᠪᠠᠶᠢᠨ᠎ᠠ ᠬᠡᠵᠤ ᠬᠡᠯᠡᠪᠡ᠃        ︽ᠳᠤᠮᠳᠠᠳᠤ ᠤᠯᠤᠰ ᠡᠷᠡᠰ ᠭᠤᠶᠢᠪᠢᠰᠢ ᠦᠬᠡᠢ ᠪᠠᠷ ᠪᠦᠬᠦ ᠪᠦᠮᠪᠦᠷᠴᠡᠭ ᠤᠨ ᠠᠵᠤ ᠠᠬᠤᠢ ᠶᠢᠨ ᠬᠠᠮᠳᠤᠷᠠᠯᠴᠠᠭ᠎ᠠ ᠶᠢ ᠠᠬᠢᠭᠤᠯᠤᠨ᠎ᠠ︾ ᠬᠡᠵᠤ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠳᠤ ᠴᠢᠬᠤᠯᠠᠴᠢᠯᠠᠪᠠ᠃        ᠤᠷᠤᠰ ᠤᠨ ᠲᠡᠭᠡᠳᠤ ᠲᠡᠰ ᠤᠨ ᠠᠵᠤ ᠠᠬᠤᠢ ᠶᠢᠨ ᠲᠡᠭᠡᠳᠤ ᠰᠤᠷᠭᠠᠭᠤᠯᠢ ᠶᠢᠨ ᠲᠤᠷᠤᠨᠠᠳᠠᠬᠢᠨ ᠤ ᠰᠤᠳᠤᠯᠭᠠᠨ ᠤ ᠲᠠᠰᠤᠬ ᠤᠨ ᠡᠷᠬᠢᠯᠡᠭᠴᠢ ᠮᠠᠰᠯᠤᠹ ᠤᠨ ᠦᠵᠡᠬᠦ ᠪᠠᠷ᠂ ᠳᠤᠮᠳᠠᠳᠤ ᠤᠯᠤᠰ ᠤᠨ ᠡᠨᠡᠬᠦ ᠵᠤᠬᠰᠤᠯᠳᠠ ᠨᠢ ᠵᠠᠷᠢᠮ ᠦᠷᠤᠨᠡᠳᠠᠬᠢᠨ ᠤ ᠤᠯᠤᠰ ᠤᠳ ᠤᠨ ᠲᠡᠯᠡᠬᠡᠶᠢᠵᠢᠯᠳᠠ ᠶᠢᠨ ᠬᠠᠨᠳᠤᠰᠢ ᠠᠴᠠ ᠰᠦᠷᠴᠤ ᠪᠠᠶᠢᠭ᠎ᠠ ᠠᠵᠢᠯᠯᠠᠭ᠎ᠠ ᠳᠤ ᠦᠭᠭᠦᠭᠰᠡᠡ ᠬᠡᠳᠡᠷᠬᠦ ᠴᠤᠬᠢᠯᠳᠠ ᠪᠤᠯᠤᠨ᠎ᠠ᠂ ᠡᠨᠡ ᠨᠢ ᠳᠤᠮᠳᠠᠳᠤ ᠤᠯᠤᠰ ᠭᠠᠳᠠᠭᠠᠳᠤ ᠲᠠᠷᠤᠯᠳᠠ ᠲᠤᠤᠷ᠎ᠠ ᠦᠪᠡᠷ ᠤᠨ ᠠᠵᠤ ᠠᠬᠤᠢ ᠶᠢᠨ ᠲᠦᠷᠤ ᠶᠢᠨ ᠪᠤᠳᠤᠯᠭ᠎ᠠ ᠪᠠᠨ ᠦᠯᠤ ᠬᠤᠪᠢᠷᠠᠭᠤᠯᠬᠤ ᠶᠢ ᠬᠠᠷᠠᠭᠤᠯᠵᠤ ᠪᠠᠶᠢᠨ᠎ᠠ ᠬᠡᠵᠡᠢ᠃        ︽ᠵᠠᠰᠠᠬ ᠤᠨ ᠤᠷᠳᠦᠡ ᠤ ᠠᠵᠢᠯ ᠤᠨ ᠢᠯᠠᠳᠬᠡᠯ ᠳᠤ ᠴᠢᠨᠠᠬᠰᠢᠳᠠ ᠭᠠᠳᠠᠭᠠᠳᠦ ᠨᠡᠬᠡᠬᠡᠯᠳᠡ ᠬᠢᠬᠦ ᠶᠢ ᠴᠢᠬᠤᠯᠠᠴᠢᠯᠠᠬᠰᠠᠠ ᠨᠢ ᠴᠢᠬᠤᠯᠠ ᠠᠴᠢ ᠬᠤᠯᠪᠤᠬᠳᠠᠯ ᠲᠠᠢ ᠶᠤᠮ᠃ ᠳᠤᠮᠳᠠᠳᠦ ᠤᠯᠥᠰ ᠤᠨ ᠦᠷᠬᠦᠯᠵᠢᠯᠡᠡ ᠨᠡᠬᠡᠬᠡᠯᠳᠡ ᠬᠢᠬᠦ ᠨᠢ ᠳᠤᠰ ᠤᠷᠦᠠ ᠪᠦᠰᠠ ᠶᠢᠨ ᠠᠵᠦ ᠠᠬᠤᠢ ᠶᠢᠨ ᠨᠢᠬᠡ ᠴᠤᠬᠴᠠᠵᠢᠯᠳᠠ ᠳᠤ ᠴᠢᠬᠤᠯᠠ ᠶᠡᠭᠡ ᠬᠤᠪᠢ ᠨᠠᠮᠠᠷᠢ ᠦᠵᠡᠬᠦᠯᠵᠦ᠂ ᠠᠽᠢᠶ᠎ᠠ ᠳᠢᠪ ᠨᠤᠮᠤᠬᠠᠠ ᠳᠠᠯᠠᠢ ᠶᠢᠨ ᠤᠷᠦᠠ ᠤ ᠴᠡᠴᠡᠭᠯᠡᠯ ᠬᠦᠭᠵᠢᠯ ᠪᠠ ᠳᠤᠬᠳᠠᠭᠤᠠ ᠢ ᠠᠬᠢᠭᠤᠯᠬᠤ ᠶᠢ ᠪᠢᠳᠠ ᠬᠦᠰᠠᠠ ᠡᠷᠡᠮᠡᠯᠵᠡᠵᠦ ᠪᠤᠢ︾ ᠬᠡᠵᠦ ᠰᠢᠩᠭᠠᠫᠤᠷ ᠤᠨ ᠨᠠᠠᠶᠠᠩ ᠤᠯᠠᠠ ᠤᠯᠥᠰ ᠤᠨ ᠬᠤᠳᠠᠯᠳᠤᠭᠠᠠ ᠤ ᠳᠡᠭᠡᠳᠦ ᠰᠤᠷᠭᠠᠭᠤᠯᠢ ᠶᠢᠨ ᠵᠡᠬᠢᠷᠦᠯ ᠰᠢᠤᠢ ᠵᠸᠠ ᠢ ᠬᠡᠯᠡᠪᠡ᠃        ᠡᠯ᠎ᠠ ᠤᠯᠤᠰ ᠲᠤ ᠰᠢᠨ᠎ᠠ ᠠᠵᠠ ᠳᠤᠬᠢᠶᠠᠯ ᠤᠯᠭᠤᠪᠡ        ᠫᠠᠺᠢᠰᠲ᠋ᠠᠠ ᠤ ᠳᠤᠮᠳᠠᠳᠦ ᠤᠯᠥᠰ ᠤᠨ ᠠᠰᠠᠭᠤᠳᠠᠯ ᠤᠨ ᠵᠦᠪᠯᠡᠯ ᠤᠨ ᠡᠷᠬᠢᠯᠡᠭᠴᠢ ᠹᠠᠵᠠᠯᠧ · ᠦᠷ · ᠯᠠᠾᠮᠠᠠ ᠬᠡᠯᠡᠬᠦ ᠳᠡᠭᠡᠨ᠂ ᠳᠤᠮᠳᠠᠳᠦ ᠤᠯᠥᠰ ︽ᠪᠦᠬᠦ ᠪᠦᠮᠪᠦᠷᠴᠡᠭ ᠤᠨ ᠬᠦᠭᠵᠢᠯᠳᠠ ᠶᠢᠨ ᠬᠤᠪᠢ ᠨᠠᠮᠠᠷᠢ ᠦᠵᠡᠬᠦᠯᠦᠭᠴᠢ︾ ᠪᠤᠯᠬᠤ ᠪᠠᠷ ᠠᠮᠠᠯᠳᠠᠬᠰᠠᠠ ᠪᠠᠶᠢᠨ᠎ᠠ᠂ ᠡᠨᠡ ᠨᠢ ᠫᠠᠺᠢᠰᠲ᠋ᠠᠠ᠂ ᠳᠤᠰ ᠭᠠᠵᠠᠷ ᠤᠷᠦᠠ ᠵᠢᠴᠢ ᠳᠠᠯᠠᠬᠡᠢ ᠳᠤ ᠠᠪᠴᠦ ᠬᠡᠯᠡᠪᠡᠯ ᠴᠢᠬᠤᠯᠠ ᠠᠴᠢ ᠬᠤᠯᠪᠤᠬᠳᠠᠯ ᠲᠠᠢ ᠶᠤᠮ᠃ ︽ᠨᠢᠬᠡ ᠪᠦᠰᠠ ᠨᠢᠬᠡ ᠵᠠᠮ︾ ᠤᠨ ᠤᠯᠠᠠ ᠤᠯᠤᠰ ᠤᠨ ᠬᠠᠮᠳᠦᠷᠠᠯᠴᠠᠭ᠎ᠠ ᠶᠢᠨ ᠳᠦᠷᠦᠬᠦᠴᠦᠳ ᠤᠨ ᠶᠡᠷᠢᠶᠠᠠ ᠤ ᠳᠠᠪᠴᠠᠩ ᠨᠢ ᠡᠯ᠎ᠠ ᠤᠯᠤᠰ ᠤᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠵᠤᠯᠭᠠᠭᠤᠯᠤᠭᠠᠳ ᠨᠠᠩ ᠤᠯᠠᠠ ᠴᠢᠬᠤᠯᠠ ᠶᠡᠭᠡ ᠬᠠᠮᠳᠦᠷᠠᠯᠴᠠᠭᠠᠠ ᠤ ᠳᠦᠷᠦᠯ ᠵᠦᠢᠯ ᠳᠤᠬᠳᠠᠯᠴᠠᠬᠤ ᠶᠢ ᠬᠦᠰᠠᠨ᠎ᠠ ᠬᠡᠵᠡᠢ᠃        ︽ᠲᠤᠮᠳᠠᠳᠤ ᠤᠯᠤᠰ ᠲᠠᠯᠠᠬᠡᠢ ᠳ᠋ᠡᠬᠢᠨ ᠳᠤ ᠨᠡᠭᠡᠭᠡᠯᠳᠡ ᠬᠢᠭᠦ ᠭᠦᠰᠡᠯ ᠢᠶᠠᠨ ᠲᠠᠬᠢᠨᠳᠡ ᠢᠯᠡᠷᠡᠭᠦᠯᠵᠠᠢ᠂ ᠮᠧᠺᠰᠢᠺᠤ ᠶᠢᠨ ᠬᠢᠨ ᠲᠤᠮᠳᠠᠳᠤ ᠤᠯᠤᠰ ᠲᠠᠬᠢ ᠭᠠᠳᠠᠭᠠᠳᠤ ᠭᠠᠷᠭᠠᠯᠳᠠ ᠪᠠᠨ ᠪᠤᠳᠤᠯᠬᠢᠯᠠᠵᠤ ᠪᠤᠯᠤᠨ᠎ᠡ︾ ᠭᠡᠵᠤ ᠮᠧᠺᠰᠢᠺᠤ ᠶᠢᠨ ᠦᠪᠡᠷᠳᠡᠭᠡᠨ ᠵᠠᠰᠠᠬᠤ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠠᠽᠢᠶ᠎ᠡ ᠲᠢᠪ ᠨᠤᠮᠤᠬᠠᠨ ᠲᠠᠯᠠᠢ ᠶᠢᠨ ᠤᠷᠤᠨ ᠤ ᠠᠰᠠᠭᠤᠳᠠᠯ ᠤᠨ ᠰᠤᠳᠤᠯᠭᠠᠨ ᠤ ᠲᠦᠷᠦᠯ ᠵᠦᠢᠯ ᠤᠨ ᠰᠤᠳᠤᠯᠤᠭᠴᠢ ᠦᠯᠢᠰᠠᠶᠢᠰ · ᠭᠧᠯᠠᠨᠠᠳᠦ᠋ᠰ ᠬᠡᠯᠡᠪᠡ᠃          ᠶᠧᠵᠢᠫᠲ ᠤᠨ ᠤᠯᠤᠰ ᠲᠦᠷᠦ ᠶᠢᠨ ᠵᠠᠳᠠᠯᠤᠬᠴᠢ ᠠᠳᠧᠷ · ᠰᠠᠪᠦ᠋ᠯᠢ᠂ ᠬᠤᠶᠠᠷ ᠬᠤᠷᠠᠯ ᠨᠢ ︽ᠨᠢᠭᠡ ᠪᠦᠰᠡ ᠨᠢᠭᠡ ᠵᠠᠮ︾ ᠳᠤ ᠬᠤᠯᠪᠤᠭᠳᠠᠬᠤ ᠮᠠᠰᠢ ᠤᠯᠠᠨ ᠢᠳᠡᠪᠬᠢᠳᠡᠢ ᠲᠤᠬᠢᠶ᠎ᠠ ᠭᠠᠷᠭᠠᠭᠰᠠᠨ ᠪᠤᠯᠬᠤᠷ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠭᠦᠴᠤᠳ ᠤᠨ ᠶᠠᠷᠢᠶᠡᠨ ᠤ ᠲᠠᠪᠴᠠᠩ ᠢ ᠬᠦᠮᠤᠰ ᠨᠡᠩ ᠭᠦᠰᠡᠨ ᠬᠦᠯᠢᠶᠡᠵᠤ ᠪᠠᠶᠢᠨ᠎ᠡ᠃ ᠤᠳᠤᠬᠠᠨ᠎ᠠ᠂ ᠠᠷᠠᠪ ᠤᠨ ᠤᠯᠤᠰ ᠤᠳ ᠤᠨ ᠠᠵᠢᠯ ᠤᠯᠭᠤᠯᠳᠠ ᠭᠦᠷᠦᠯᠴᠡᠭᠦ ᠦᠭᠡᠢ᠂ ᠪᠡᠯᠡ ᠤᠷᠤᠭᠤᠯᠤᠯᠳᠡ ᠲᠤᠳᠠᠮᠠᠭ ᠪᠤᠢ᠂ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠨᠢ ᠭᠠᠴᠢᠬᠳᠠᠯ ᠠᠴᠠ ᠮᠤᠯᠳᠦᠷᠠᠬᠤ ᠠᠷᠭ᠎ᠠ ᠵᠠᠮ ᠬᠠᠩᠭᠠᠬᠤ ᠪᠤᠯᠤᠯᠴᠠᠭ᠎ᠠ ᠪᠠᠶᠢᠨ᠎ᠠ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号