ᠠᠶᠢᠮᠠᠭ ᠤᠨ ᠨᠠᠮ ᠤᠨ ᠬᠤᠷᠢᠶᠠᠨ ᠤ ᠰᠤᠷᠤᠯᠴᠠᠬᠤ ᠭᠤᠤᠯ ᠲᠤᠭᠤᠢᠢᠯᠠᠩ ᠤᠨ2017 ᠤᠨ ᠤ 3 ᠳ᠋ᠤᠭᠠᠷ ᠤᠳᠠᠭᠠᠨ ᠤ ᠲᠦᠪᠯᠡᠷᠡᠩᠭᠦᠢ ︵ᠦᠷᠭᠡᠳᠭᠡᠭᠰᠡᠨ︶ ᠰᠤᠷᠤᠯᠴᠠᠯᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2017/3/22
   ᠠᠶᠢᠮᠠᠭ ᠤᠨ ᠨᠠᠮ ᠤᠨ ᠬᠤᠷᠢᠶᠠᠨ ᠤ ᠰᠤᠷᠤᠯᠴᠠᠬᠤ ᠭᠤᠤᠯ ᠲᠤᠭᠤᠢᠢᠯᠠᠩ ᠤᠨ 2017 ᠤᠨ ᠤ 3 ᠳ᠋ᠤᠭᠠᠷ ᠤᠳᠠᠭᠠᠨ ᠤ ᠲᠦᠪᠯᠡᠷᠡᠩᠭᠦᠢ ︵ ᠦᠷᠭᠡᠳᠭᠡᠭᠰᠡᠨ︶ ᠰᠤᠷᠤᠯᠴᠠᠯᠭ᠎ᠠ ᠶᠠᠪᠤᠭᠳᠠᠪᠠ ᠶᠢᠨ ᠢ ᠨᠠᠨ ᠲᠤᠰᠬᠠᠢ ᠰᠡᠳᠦᠪᠳᠦ ᠲᠠᠶᠢᠯᠤᠮᠵᠢ ᠬᠢᠵᠦ ᠯᠦᠸᠧ ᠬᠤ᠋ ᠽᠠᠢ ᠰᠤᠷᠤᠯᠴᠠᠯᠭ᠎ᠠ ᠶᠢ ᠡᠷᠬᠢᠯᠡᠪᠡ          ᠲᠤᠰ ᠰᠤᠨᠢᠨ ᠤ ᠮᠡᠲᠡᠭᠡ ︵ᠰᠤᠷᠪᠤᠯᠵᠢᠯᠠᠬᠴᠢ ᠯᠢᠥ ᠪᠥᠸᠧ︶ 3 ᠳ᠋ᠤᠭᠠᠷ ᠰᠠᠷ᠎ᠠ ᠶᠢᠨ 17 ᠤ ᠡᠲᠥᠷ᠂ ᠠᠶᠢᠮᠠᠭ ᠤᠨ ᠨᠠᠮ ᠤᠨ ᠬᠤᠷᠢᠶᠠᠨ ᠤ ᠰᠤᠷᠤᠯᠴᠠᠬᠤ ᠭᠤᠤᠯ ᠲᠤᠭᠤᠢᠢᠯᠠᠩ 2017 ᠤᠨ ᠤ 3 ᠳ᠋ᠤᠭᠠᠷ ᠤᠲᠠᠭᠠᠨ ᠤ ᠲᠥᠪᠯᠡᠷᠡᠩᠭᠦᠢ ︵ᠥᠷᠭᠡᠳᠭᠡᠭᠰᠡᠨ︶ ᠰᠤᠷᠤᠯᠴᠠᠯᠭ᠎ᠠ ᠡᠷᠬᠢᠯᠡᠵᠥ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠡᠭᠡ ᠰᠤᠷᠭᠠᠭᠤᠯᠢ ᠶᠢᠨ ᠶᠢᠨ ᠢ ᠨᠠᠨ ᠫᠷᠥᠹᠧᠰᠰᠤᠷ ᠢ ᠤᠷᠢᠵᠥ᠂ ᠳᠡᠯᠡᠬᠡᠢ ᠶᠢᠨ ᠪᠠᠶᠢᠲᠠᠯ ᠪᠠ ᠤᠯᠤᠰ ᠤᠨ ᠠᠮᠤᠷ ᠲᠥᠪᠰᠢᠨ ᠤ ᠪᠠᠶᠢᠯᠲᠤᠬᠤ ᠪᠤᠲᠤᠯᠭ᠎ᠠ ᠶᠢᠨ ᠲᠤᠬᠠᠢ ᠲᠤᠰᠬᠠᠢ ᠰᠡᠲᠤᠪ ᠢᠶᠠᠷ ᠲᠠᠶᠢᠯᠤᠮᠵᠢ ᠬᠢᠯᠭᠡᠪᠡ᠃         ᠶᠢᠨ ᠢ ᠨᠠᠨ ᠫᠷᠥᠹᠧᠰᠰᠤᠷ ᠮᠠᠨ ᠤ ᠤᠯᠤᠰ ᠲᠤ ᠲᠤᠯᠭᠠᠷᠠᠵᠥ ᠪᠠᠶᠢᠭ᠎ᠠ ᠳᠡᠯᠡᠬᠡᠢ ᠶᠢᠨ ᠪᠠᠶᠢᠲᠠᠯ ᠤᠨ ᠲᠤᠭᠤᠷᠢᠨ ᠳᠤ᠂ ᠲᠡᠯᠡᠭᠡᠢ ᠶᠢᠨ ᠪᠠᠶᠢᠯᠲᠤᠬᠤ ᠪᠤᠲᠤᠯᠭ᠎ᠠ ᠪᠤᠯᠤᠨ ᠤᠯᠤᠰ ᠤᠨ ᠠᠮᠤᠷ ᠲᠥᠪᠰᠢᠨ ᠤ ᠠᠰᠠᠭᠤᠲᠠᠯ ᠳᠤ ᠬᠥᠨᠵᠡᠭᠡᠢ ᠵᠠᠲᠠᠯᠤᠯᠲᠠ ᠪᠤᠯᠤᠨ ᠲᠠᠶᠢᠯᠤᠮᠵᠢ ᠬᠢᠵᠡᠢ᠃ ᠲᠡᠬᠦᠨ ᠤ ᠲᠠᠶᠢᠯᠤᠮᠵᠢ ᠶᠢᠨ ᠥᠭᠡ ᠶᠠᠷᠢᠶ᠎ᠠ ᠠᠮᠢᠲᠤᠯᠢᠭ᠂ ᠠᠭᠤᠯᠭ᠎ᠠ ᠪᠠᠶᠠᠯᠢᠭ ᠪᠠᠶᠢᠵᠥ᠂ ᠪᠥᠬᠦ ᠠᠶᠢᠮᠠᠭ ᠤᠨ ᠤᠲᠤᠷᠢᠳᠬᠤ ᠺᠠᠳ᠋ᠷᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠥ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠲᠡᠯᠭᠡ ᠶᠢ ᠨᠡᠮᠡᠭᠲᠡᠬᠦᠯᠵᠡᠢ᠃        ᠯᠥᠸᠧ ᠬᠤ᠋ ᠽᠠᠢ ᠵᠢᠭᠠᠬᠤ ᠳᠠᠭᠠᠨ᠂ ᠪᠥᠬᠦ ᠠᠶᠢᠮᠠᠭ ᠤᠨ ᠡᠯ᠎ᠠ ᠱᠠᠲᠤᠨ ᠤ ᠺᠠᠳ᠋ᠷ ᠶᠡᠷᠥᠩᠭᠡᠢ ᠱᠥᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠤᠯᠤᠨ ᠤᠯᠤᠰ ᠢ ᠵᠠᠰᠠᠵᠥ ᠵᠠᠰᠠᠭ ᠢ ᠡᠷᠬᠢᠯᠡᠬᠦ ᠰᠢᠨ᠎ᠠ ᠤᠢᠢᠯᠠᠭᠠᠭᠲᠠᠬᠤᠨ ᠰᠢᠨ᠎ᠠ ᠥᠵᠡᠯ ᠰᠠᠨᠠᠭ᠎ᠠ ᠰᠢᠨ᠎ᠠ ᠪᠠᠶᠢᠯᠲᠤᠬᠤ ᠪᠤᠲᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠨᠠᠶᠢᠲᠠᠪᠤᠷᠢᠵᠢᠭᠤᠯᠵᠥ᠂ ᠶᠡᠷᠥᠩᠭᠡᠢ ᠱᠥᠵᠢ ᠰᠢ ᠶᠢᠨ ᠫᠢᠡᠭ ᠤᠨ ᠥᠪᠤᠷ ᠮᠤᠩᠭᠤᠯ ᠳᠤ ᠠᠵᠢᠯ ᠪᠠᠶᠢᠴᠠᠭᠠᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠠᠬᠢᠨᠲᠠ ᠰᠤᠷᠤᠯᠴᠠᠵᠥ᠂ ︽ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠬᠤ︾ ᠶᠢᠨ ᠴᠢᠬᠤᠯᠠ ᠱᠠᠭᠠᠷᠲᠠᠯᠭ᠎ᠠ ᠶᠢ ᠬᠥᠨᠵᠡᠭᠡᠢ ᠡᠵᠡᠮᠰᠢᠵᠥ᠂ ᠶᠡᠷᠥᠩᠭᠡᠢ ᠱᠥᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠᠷ ᠤᠯᠠᠮ ᠨᠢᠭᠡ ᠠᠯᠬᠤᠮ ᠲᠡᠷᠢᠬᠢ ᠲᠤᠯᠤᠭᠠᠢ ᠪᠠᠨ ᠵᠡᠪᠰᠡᠭᠯᠡᠵᠥ᠂ ᠥᠢᠯᠡᠲᠥᠯᠭᠡ ᠪᠠᠨ ᠵᠢᠯᠤᠭᠤᠲᠤᠭᠤᠯᠵᠥ᠂ ᠠᠵᠢᠯ ᠢᠶᠠᠨ ᠠᠬᠢᠭᠤᠯᠬᠤ ᠬᠡᠷᠡᠭᠲᠡᠢ ᠬᠡᠪᠡ᠃        ᠯᠥᠸᠧ ᠬᠤ᠋ ᠽᠠᠢ ᠱᠠᠭᠠᠷᠲᠠᠬᠤ ᠳᠠᠭᠠᠨ᠂ ᠪᠥᠬᠦ ᠠᠶᠢᠮᠠᠭ ᠤᠨ ᠡᠯ᠎ᠠ ᠱᠠᠲᠤᠨ ᠤ ᠤᠲᠤᠷᠢᠳᠬᠤ ᠺᠠᠳ᠋ᠷ ᠤᠯᠤᠰ ᠤᠨ ᠪᠠᠶᠢᠯᠲᠤᠬᠤ ᠪᠤᠲᠤᠯᠭ᠎ᠠ ᠪᠤᠯᠤᠨ ᠤᠯᠤᠰ ᠤᠨ ᠠᠮᠤᠷ ᠲᠥᠪᠰᠢᠨ ᠤ ᠥᠨᠲᠤᠷᠴᠡ ᠠᠴᠠ᠂ ᠤᠯᠤᠰ ᠤᠨ ᠠᠮᠤᠷ ᠲᠥᠪᠰᠢᠨ ᠤ ᠮᠡᠲᠡᠯᠭᠡ ᠶᠢ ᠨᠠᠷᠢᠨ ᠬᠢᠨᠠᠮᠠᠭᠠᠢ ᠰᠤᠷᠤᠯᠴᠠᠵᠥ᠂ ᠤᠯᠤᠰ ᠤᠨ ᠠᠮᠤᠷ ᠲᠥᠪᠰᠢᠨ ᠤ ᠪᠠᠶᠢᠲᠠᠯ ᠢ ᠪᠥᠬᠦ ᠲᠠᠯ᠎ᠠ ᠪᠠᠷ ᠤᠢᠢᠯᠠᠭᠠᠵᠥ᠂ ᠰᠢᠨ᠎ᠠ ᠤᠨᠴᠠᠯᠢᠭ᠂ ᠰᠢᠨ᠎ᠠ ᠬᠠᠨᠲᠤᠰᠢ᠂ ᠰᠢᠨ᠎ᠠ ᠪᠠᠶᠢᠲᠠᠯ ᠢ ᠤᠨᠤᠪᠴᠢᠲᠠᠢ ᠡᠵᠡᠮᠲᠡᠵᠥ᠂ ᠨᠡᠶᠢᠭᠡᠮ ᠤᠨ ᠡᠶ᠎ᠡ ᠲᠤᠭᠲᠠᠭᠤᠨ ᠢ ᠬᠠᠮᠠᠭᠠᠯᠠᠬᠤ᠂ ᠥᠨᠲᠤᠰᠤᠲᠡᠨ ᠤ ᠪᠥᠯᠬᠦᠮᠲᠠᠯ ᠲᠠᠪᠰᠢᠯᠲᠠ ᠶᠢ ᠠᠬᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠥᠨᠡᠨᠬᠦ ᠰᠠᠶᠢᠲᠤᠷ ᠨᠠᠶᠢᠲᠠᠪᠤᠷᠢᠵᠢᠭᠤᠯᠬᠤ ᠬᠡᠷᠡᠭᠲᠡᠢ᠃ ᠰᠠᠨᠠᠭᠠᠰᠢᠷᠠᠬᠤ ᠤᠬᠠᠮᠰᠠᠷ᠂ ᠬᠠᠷᠢᠭᠤᠴᠠᠯᠭᠠᠲᠤ ᠤᠬᠠᠮᠰᠠᠷ᠂ ᠬᠠᠷᠢᠭᠤᠴᠠᠯᠭ᠎ᠠ ᠡᠬᠦᠷᠭᠡᠯᠡᠬᠦ ᠤᠬᠠᠮᠰᠠᠷ ᠢ ᠪᠠᠲᠤ ᠪᠤᠢ ᠪᠤᠯᠭᠠᠵᠥ᠂ ᠴᠡᠷᠢᠭ ᠠᠷᠠᠳ ᠤᠨ ︽ᠲᠠᠪᠤ ᠶᠢ ᠤᠶᠠᠯᠲᠤᠭᠤᠯᠵᠥ ᠲᠥᠷᠪᠡ ᠶᠢ ᠠᠬᠢᠭᠤᠯᠬᠤ︾ ᠠᠵᠢᠯᠯᠠᠭ᠎ᠠ ᠶᠢ ᠥᠷᠬᠦᠯᠵᠢᠯᠡᠨ ᠬᠥᠨᠵᠡᠭᠡᠶᠢᠷᠡᠬᠦᠯᠵᠥ᠂ ᠠᠮᠤᠭᠤᠯᠠᠩ ᠰᠢᠯᠢ ᠶᠢᠨ ᠭᠤᠤᠯ ᠠᠶᠢᠮᠠᠭ ᠤᠨ ᠪᠠᠶᠢᠭᠤᠯᠤᠯᠲᠠ ᠶᠢᠨ ᠡᠯ᠎ᠠ ᠵᠥᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠬᠡᠪᠡ᠃        ᠠᠶᠢᠮᠠᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠬᠡᠰᠢᠬᠦᠳ ᠰᠤᠷᠤᠯᠴᠠᠯᠭ᠎ᠠ ᠳᠤ ᠤᠷᠤᠯᠴᠠᠪᠠ᠃ ᠰᠢᠯᠢ ᠶᠢᠨ ᠭᠤᠤᠯ ᠴᠡᠷᠢᠭ ᠤᠨ ᠬᠤᠪᠢᠶᠠᠷᠢ ᠲᠤᠭᠤᠷᠢᠭ ᠤᠨ ᠤᠲᠤᠷᠢᠲᠤᠯᠭ᠎ᠠ ᠪᠤᠯᠤᠨ ᠠᠶᠢᠮᠠᠭ ᠤᠨ ᠠᠷᠠᠳ ᠤᠨ ᠲᠤᠮᠲᠠ ᠵᠡᠷᠭᠡ ᠶᠢᠨ ᠰᠢᠬᠦᠬᠦ ᠬᠤᠷᠢᠶ᠎ᠠ᠂ ᠪᠠᠶᠢᠴᠠᠭᠠᠬᠤ ᠬᠤᠪᠢᠶᠠᠷᠢ ᠬᠤᠷᠢᠶ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠥ ᠰᠤᠷᠭᠠᠭᠤᠯᠢ᠂ ᠤᠯᠤᠰ ᠤᠨ ᠠᠮᠤᠷ ᠢ ᠬᠠᠮᠠᠭᠠᠯᠠᠬᠤ ᠲᠤᠪᠴᠢᠶᠠᠨ ᠤ ᠤᠲᠤᠷᠢᠳᠬᠤ ᠪᠠᠭ ᠤᠨ ᠬᠡᠰᠢᠬᠦᠳ᠂ ᠡᠯ᠎ᠠ ᠬᠤᠰᠢᠭᠤ ᠰᠢᠶᠠᠨ ᠬᠤᠲᠠ ︵ᠤᠷᠤᠨ︶ ᠶᠢᠨ ᠨᠠᠮ ᠵᠠᠰᠠᠭ ᠤᠨ ᠤᠲᠤᠷᠢᠲᠤᠯᠭ᠎ᠠ᠂ ᠠᠶᠢᠮᠠᠭ ᠤᠨ ᠡᠯ᠎ᠠ ᠬᠡᠯᠲᠡᠰ᠂ ᠵᠥᠪᠯᠡᠯ᠂ ᠠᠯᠪᠠᠨ ᠭᠡᠷ᠂ ᠲᠤᠪᠴᠢᠶ᠎ᠠ ᠪᠤᠯᠤᠨ ᠬᠠᠮᠢᠶ᠎ᠠ ᠪᠥᠬᠦᠢ ᠠᠵᠤ ᠠᠬᠤᠢᠢᠯᠠᠯ ᠠᠵᠢᠯ ᠥᠢᠯᠡᠰ ᠤᠨ ᠨᠢᠭᠡᠴᠡ ᠶᠢᠨ ᠭᠤᠤᠯ ᠤᠲᠤᠷᠢᠲᠤᠯᠭ᠎ᠠ᠂ ᠠᠶᠢᠮᠠᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠲᠠ ᠶᠢᠨ ᠵᠥᠪᠯᠡᠯ ᠤᠨ ᠬᠡᠰᠢᠬᠦᠨ ᠨᠢᠭᠡᠴᠡ ᠶᠢᠨ ᠤᠲᠤᠷᠢᠳᠬᠤ ᠪᠠᠭ ᠤᠨ ᠤᠲᠤᠷᠢᠲᠤᠯᠭ᠎ᠠ᠂ ᠰᠢᠯᠢ ᠶᠢᠨ ᠭᠤᠤᠯ ᠳᠤ ᠰᠠᠭᠤᠭ᠎ᠠ ᠴᠡᠷᠢᠭ ᠴᠠᠭᠲᠠᠭ᠎ᠠ ᠠᠩᠭᠢ ᠶᠢᠨ ᠲᠠᠷᠤᠭ᠎ᠠ ᠪᠠᠶᠢᠯᠲᠤᠭᠴᠢᠳ ᠤᠨ ᠲᠥᠯᠥᠭᠡᠯᠡᠭᠴᠢ ᠨᠠᠷ ᠲᠠᠶᠢᠯᠤᠮᠵᠢ ᠶᠢ ᠰᠤᠨᠤᠰᠴᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号