ᠰᠢ ᠶᠢᠨ ᠫᠢᠩ ᠠᠮᠧᠷᠢᠺᠠ ᠶᠢᠨ ᠲᠦᠷᠦ ᠶᠢᠨ ᠶᠠᠪᠤᠳᠠᠯ ᠤᠨ ᠰᠠᠶᠢᠳ ᠳ᠋ᠢᠯᠰᠤᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2017/3/23
    ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 19 ᠤ ᠴᠠᠬᠢᠯᠭᠠᠨ ᠮᠡᠳᠡᠭᠡ ︵ᠰᠤᠷᠪᠤᠯᠵᠢᠯᠠᠬᠴᠢ ᠯᠢ ᠵᠦᠩ ᠹᠠ︶ ᠤᠯᠤᠰ ᠤᠨ ᠲᠡᠷᠢᠬᠦᠯᠡᠭᠴᠢ ᠰᠢ ᠶᠢᠨ ᠫᠢᠩ 19 ᠤ ᠡᠳᠦᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ ᠲᠦᠷᠦ ᠶᠢᠨ ᠶᠠᠪᠤᠳᠠᠯ ᠤᠨ ᠰᠠᠶᠢᠳ ᠳ᠋ᠢᠯᠰᠤᠨ ᠲᠠᠢ ᠠᠭᠤᠯᠵᠠᠵᠠᠢ᠃        ᠰᠢ ᠶᠢᠨ ᠫᠢᠩ᠂ ᠤᠳᠤᠬᠠᠨ ᠳᠤ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠦᠭᠵᠢᠯᠳᠠ ᠴᠢᠬᠤᠯᠠ ᠠᠵᠠ ᠲᠤᠬᠢᠶᠠᠯ ᠳᠤ ᠤᠴᠠᠷᠠᠵᠦ ᠪᠤᠢ᠃ ᠪᠢ ᠶᠡᠷᠦᠩᠭᠡᠶᠢᠯᠡᠭᠴᠢ ᠲᠧᠷᠠᠮᠫᠦ᠋ ᠲᠠᠢ ᠤᠳᠠᠰᠤ ᠪᠠ ᠴᠢᠮᠡᠭᠡ ᠨᠡᠪᠳᠡᠷᠡᠯᠴᠡᠭᠡ ᠪᠠᠷ ᠳᠠᠮᠵᠢᠭᠤᠯᠤᠨ ᠰᠠᠶᠢᠨ ᠰᠠᠶᠢᠬᠠᠨ ᠤᠯᠤᠯᠴᠠᠭ᠎ᠠ ᠤᠢᠢᠯᠠᠭᠠᠯᠴᠠᠭ᠎ᠠ ᠪᠠᠨ ᠪᠠᠳᠤᠯᠠᠵᠦ ᠪᠤᠢ᠃ ᠳᠤᠮᠳᠠᠳᠤ ᠠᠮᠧᠷᠢᠺᠠ ᠬᠤᠶᠠᠷ ᠤᠯᠤᠰ ᠮᠠᠰᠢ ᠰᠠᠶᠢᠨ ᠬᠠᠮᠳᠤᠷᠠᠯᠴᠠᠭᠠᠨ ᠤ ᠬᠠᠨᠢᠳᠠᠨ ᠪᠤᠯᠬᠤ ᠪᠤᠯᠤᠯᠴᠠᠭ᠎ᠠ ᠪᠦᠷᠢᠨ ᠪᠠᠶᠢᠨ᠎ᠠ ᠭᠡᠵᠦ ᠪᠢᠳᠡ ᠦᠵᠡᠵᠦ ᠪᠤᠢ᠃ ᠬᠤᠶᠠᠷ ᠲᠠᠯ᠎ᠠ ᠪᠠᠷ ᠢᠶᠠᠨ ᠡᠨᠡᠬᠦ ᠬᠠᠮᠤᠭ ᠶᠡᠭᠡ ᠶᠡᠷᠦᠩᠭᠡᠢ ᠬᠤᠷᠢᠶᠠᠬᠴᠢ ᠲᠤᠭ᠎ᠠ ᠶᠢ ᠪᠠᠷᠢᠮᠳᠠᠯᠠᠪᠠᠯ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠦᠭᠵᠢᠯᠳᠠ ᠳᠠᠷᠤᠢ ᠵᠦᠪ ᠴᠢᠭᠯᠡᠯ ᠲᠠᠢ ᠪᠤᠯᠵᠦ ᠴᠢᠳᠠᠨ᠎ᠠ᠃ ᠬᠤᠶᠠᠷ ᠲᠠᠯ᠎ᠠ ᠪᠠᠷ ᠢᠶᠠᠨ ᠮᠢᠨᠤ ᠶᠡᠷᠦᠩᠭᠡᠶᠢᠯᠡᠭᠴᠢ ᠲᠧᠷᠠᠮᠫᠦ᠋ ᠯᠦᠭᠡ ᠲᠤᠭᠳᠠᠭᠰᠠᠨ ᠬᠠᠮᠳᠦ ᠶᠢᠨ ᠲᠠᠨᠢᠯᠳᠠ ᠪᠠ ᠵᠤᠷᠢᠭ ᠰᠠᠨᠠᠭ᠎ᠠ ᠶᠤᠰᠤᠭᠠᠷ᠂ ᠳᠡᠭᠡᠳᠦ ᠲᠡᠰ ᠵᠢᠴᠢ ᠡᠯ᠎ᠠ ᠱᠠᠳᠤᠨ ᠤ ᠶᠠᠪᠤᠯᠴᠠᠭ᠎ᠠ ᠶᠢ ᠴᠢᠩᠭᠠᠳᠬᠠᠵᠦ᠂ ᠬᠤᠶᠠᠷ ᠲᠠᠯ᠎ᠠ ᠶᠢᠨ᠂ ᠭᠠᠵᠠᠷ ᠤᠷᠤᠨ ᠤ᠂ ᠪᠦᠬᠦ ᠪᠦᠮᠪᠦᠷᠴᠡᠭ ᠤᠨ ᠲᠡᠰ ᠳᠠᠪᠬᠤᠷᠭ᠎ᠠ ᠶᠢᠨ ᠡᠯ᠎ᠠ ᠬᠦᠷᠢᠶᠡᠨ ᠳᠠᠬᠢ ᠬᠠᠮᠳᠤᠷᠠᠯᠴᠠᠭ᠎ᠠ ᠪᠠᠨ ᠦᠷᠭᠡᠳᠭᠡᠵᠦ᠂ ᠰᠡᠷᠭᠡᠭ ᠠᠰᠠᠭᠤᠳᠠᠯ ᠢ ᠵᠤᠬᠢᠰᠳᠠᠢ ᠰᠢᠢᠳᠪᠤᠷᠢᠯᠡᠬᠦ ᠪᠠ ᠬᠠᠮᠢᠶᠠᠷᠤᠨ ᠡᠵᠡᠮᠳᠡᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠰᠢᠨ᠎ᠠ ᠭᠠᠷᠤᠭ᠎ᠠ ᠳᠡᠭᠡᠷ᠎ᠠ ᠡᠷᠡᠬᠦᠯ ᠲᠤᠭᠳᠠᠭᠤᠨ ᠢᠶᠠᠷ ᠤᠷᠤᠭᠰᠢ ᠬᠦᠭᠵᠢᠬᠦ ᠶᠢ ᠠᠬᠢᠭᠤᠯᠬᠤ ᠶᠢ ᠬᠦᠰᠡᠨ᠎ᠠ ᠭᠡᠵᠦ ᠵᠢᠭᠠᠵᠦ ᠭᠠᠷᠭᠠᠪᠠ᠃        ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠨᠢ ᠬᠤᠶᠠᠷ ᠤᠯᠤᠰ᠂ ᠳᠡᠯᠡᠭᠡᠢ ᠳ᠋ᠠᠬᠢᠨ ᠳᠤ ᠠᠪᠴᠦ ᠭᠡᠯᠡᠪᠡᠯ ᠴᠦᠮ ᠮᠠᠰᠢ ᠴᠢᠬᠤᠯᠠ ᠪᠠᠶᠢᠳᠠᠭ᠃ ᠬᠤᠶᠠᠷ ᠲᠠᠯ᠎ᠠ ᠪᠠᠷ ᠢᠶᠠᠨ ᠲᠡᠦᠭᠡ᠂ ᠦᠷ᠎ᠠ ᠬᠤᠶᠢᠴᠢᠰ ᠲᠠᠭᠠᠨ ᠬᠠᠷᠢᠭᠤᠴᠠᠬᠤ ᠵᠤᠷᠢᠭ ᠰᠠᠨᠠᠭ᠎ᠠ ᠪᠠᠷ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠦᠭᠵᠢᠯᠳᠠ ᠶᠢᠨ ᠴᠢᠭᠯᠡᠯ ᠢ ᠰᠠᠶᠢᠳᠤᠷ ᠡᠵᠡᠮᠳᠡᠶ᠎ᠠ᠃ ᠪᠠᠶᠢᠯᠳᠤᠬᠤ ᠪᠤᠳᠤᠯᠭ᠎ᠠ ᠶᠢᠨ ᠢᠳᠡᠭᠡᠯᠴᠡᠭᠡ ᠶᠢ ᠴᠢᠩᠭᠠᠳᠬᠠᠵᠦ᠂ ᠲᠤᠰ ᠲᠤᠰ ᠤᠨ ᠢᠶᠠᠨ ᠲᠤᠬᠠᠢ ᠬᠠᠷᠢᠯᠴᠠᠨ ᠲᠠᠨᠢᠯᠳᠠ ᠮᠡᠳᠡᠷᠡᠮᠵᠢ ᠪᠠᠨ ᠨᠡᠮᠡᠭᠳᠡᠬᠦᠯᠦᠶ᠎ᠠ᠃ ᠳᠤᠮᠳᠠᠳᠤ ᠠᠮᠧᠷᠢᠺᠠ ᠶᠢᠨ ᠬᠠᠮᠳᠦ ᠶᠢᠨ ᠠᠰᠢᠭ ᠲᠤᠰᠠ ᠨᠢ ᠵᠦᠷᠢᠴᠡᠯ ᠠᠴᠠ ᠬᠤᠯᠠ ᠶᠡᠭᠡ ᠪᠠᠶᠢᠵᠦ᠂ ᠬᠠᠮᠳᠤᠷᠠᠯᠴᠠᠭ᠎ᠠ ᠪᠤᠯ ᠬᠤᠶᠠᠷ ᠲᠠᠯ᠎ᠠ ᠶᠢᠨ ᠴᠤᠷ ᠤᠨ ᠭᠠᠭᠴᠠ ᠵᠦᠪ ᠰᠤᠩᠭᠤᠯᠳᠠ ᠮᠦᠨ᠃ ᠠᠯᠤᠰ ᠭᠡᠳᠦ ᠪᠠ ᠪᠠᠶᠢᠯᠳᠤᠬᠤ ᠪᠤᠳᠤᠯᠭ᠎ᠠ ᠶᠢᠨ ᠬᠠᠷᠠᠭᠠᠰᠤ ᠠᠴᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠬᠠᠨᠳᠤᠵᠦ᠂ ᠬᠠᠮᠳᠤᠷᠠᠯᠴᠠᠭᠠᠨ ᠤ ᠬᠦᠷᠢᠶ᠎ᠠ ᠭᠡᠪᠴᠢᠶ᠎ᠠ ᠪᠠᠨ ᠦᠷᠭᠡᠳᠭᠡᠵᠦ᠂ ᠬᠠᠷᠢᠯᠴᠠᠨ ᠠᠰᠢᠬᠳᠠᠢ ᠬᠠᠮᠳᠦᠪᠡᠷ ᠠᠰᠢᠭ ᠬᠦᠷᠳᠡᠭᠦ ᠶᠢ ᠪᠡᠶᠡᠯᠡᠬᠦᠯᠦᠶ᠎ᠠ᠃ ᠭᠠᠵᠠᠷ ᠤᠷᠤᠨ ᠤ ᠬᠠᠯᠠᠮᠰᠢᠯ ᠠᠰᠠᠭᠤᠳᠠᠯ ᠳᠡᠭᠡᠷᠡᠬᠢ ᠤᠯᠤᠯᠴᠠᠭ᠎ᠠ ᠵᠤᠬᠢᠴᠠᠯᠳᠤᠭ᠎ᠠ ᠪᠠᠨ ᠴᠢᠩᠭᠠᠳᠬᠠᠶ᠎ᠠ᠃ ᠲᠤᠰ ᠲᠤᠰ ᠤᠨ ᠢᠶᠠᠨ ᠭᠤᠤᠯ ᠠᠰᠢᠬ ᠲᠤᠰᠠ ᠪᠠ ᠴᠢᠬᠤᠯᠠ ᠶᠡᠭᠡ ᠠᠩᠬᠠᠷᠤᠯ ᠢ ᠬᠦᠨᠳᠦᠳᠭᠡᠵᠦ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠶᠡᠭᠡ ᠲᠠᠯ᠎ᠠ ᠶᠢᠨ ᠲᠤᠭᠳᠠᠭᠤᠨ ᠢ ᠬᠠᠮᠠᠭᠠᠯᠠᠶ᠎ᠠ᠃ ᠬᠤᠶᠠᠷ ᠤᠯᠤᠰ ᠤᠨ ᠠᠷᠠᠳ ᠲᠦᠮᠡᠨ ᠤ ᠨᠦᠬᠦᠷᠰᠡᠭ ᠶᠠᠪᠤᠯᠴᠠᠭ᠎ᠠ ᠶᠢ ᠵᠤᠷᠢᠬᠵᠢᠭᠤᠯᠤᠨ ᠦᠷᠭᠡᠳᠭᠡᠵᠦ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠨᠡᠶᠢᠭᠡᠮ ᠤᠨ ᠰᠠᠭᠤᠷᠢ ᠶᠢ ᠳᠠᠰᠤᠷᠠᠯᠳᠠ ᠦᠭᠡᠢ ᠪᠠᠬᠢᠵᠢᠬᠦᠯᠦᠶ᠎ᠠ ᠭᠡᠵᠦ ᠴᠢᠬᠤᠯᠠᠴᠢᠯᠠᠪᠠ᠃        ᠳ᠋ᠢᠯᠰᠤᠨ ᠶᠡᠷᠦᠩᠭᠡᠶᠢᠯᠡᠭᠴᠢ ᠲᠧᠷᠠᠮᠫᠦ᠋ ᠶᠢᠨ ᠲᠡᠷᠢᠬᠦᠯᠡᠭᠴᠢ ᠰᠢ ᠶᠢᠨ ᠫᠢᠩ ᠳᠤ ᠳᠡᠪᠰᠢᠬᠦᠯᠦᠭᠰᠡᠨ ᠮᠡᠨᠳᠤᠴᠢᠯᠡᠯ ᠢ ᠳᠠᠮᠵᠢᠭᠤᠯᠵᠦ᠂ ᠶᠡᠷᠦᠩᠭᠡᠶᠢᠯᠡᠭᠴᠢ ᠲᠧᠷᠠᠮᠫᠦ᠋ ᠲᠡᠷᠢᠬᠦᠯᠡᠭᠴᠢ ᠰᠢ ᠶᠢᠨ ᠫᠢᠩ ᠯᠦᠭᠡ ᠶᠢᠨ ᠤᠲᠠᠰᠦ ᠨᠡᠪᠲᠡᠷᠡᠵᠤ ᠬᠠᠷᠢᠯᠴᠠᠭᠰᠠᠠ ᠢᠶᠠᠨ ᠳᠡᠭᠡᠳᠦ ᠭᠡᠮᠵᠢᠶ᠎ᠠ ᠪᠠᠷ ᠴᠢᠬᠤᠯᠠᠴᠢᠯᠠᠨ ᠦᠵᠡᠵᠦ᠂ ᠬᠤᠶᠠᠷ ᠤᠯᠤᠰ ᠤᠨ ᠲᠡᠷᠢᠬᠦᠨ ᠤ ᠠᠭᠤᠯᠵᠠᠯᠳᠠ ᠶᠢ ᠡᠷᠳᠡᠭᠡᠨ ᠨᠢᠭᠡ ᠡᠳᠦᠷ ᠶᠠᠪᠤᠭᠳᠠᠭᠤᠯᠬᠤ ᠶᠢ ᠬᠦᠰᠡᠬᠦ ᠶᠢᠨ ᠵᠡᠷᠭᠡᠪᠡᠷ ᠲᠤᠬᠢᠶᠠᠯ ᠳᠠᠭᠠᠷᠠᠯᠳᠤᠪᠠᠯ ᠳᠤᠮᠳᠠᠳᠤ ᠤᠯᠤᠰ ᠲᠤ ᠠᠶᠢᠯᠴᠢᠯᠠᠵᠦ᠂ ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠢᠷᠡᠭᠡᠳᠦᠢ ᠶᠢᠨ 50 ᠵᠢᠯ ᠤᠨ ᠬᠦᠭᠵᠢᠯᠳᠠ ᠳᠤ ᠴᠢᠭᠯᠡᠯ ᠢ ᠳᠤᠳᠤᠷᠬᠠᠢᠢᠯᠠᠬᠤ ᠶᠢ ᠬᠦᠰᠡᠵᠦ ᠪᠠᠶᠢᠨ᠎ᠠ᠃ ᠠᠮᠧᠷᠢᠺᠠ ᠶᠢᠨ ᠲᠠᠯ᠎ᠠ ᠶᠢᠨ ᠬᠢᠨ ᠲᠤᠷᠠᠳᠠᠶ᠎ᠠ ᠮᠦᠷᠬᠦᠯᠳᠦᠬᠦ ᠦᠭᠡᠢ ᠡᠰᠡᠷᠬᠦᠴᠡᠯᠳᠦᠬᠦ ᠦᠭᠡᠢ᠂ ᠬᠠᠷᠢᠯᠴᠠᠨ ᠬᠦᠨᠳᠦᠳᠭᠡᠵᠦ᠂ ᠬᠠᠮᠳᠤᠷᠠᠯᠴᠠᠵᠦ ᠬᠠᠮᠳᠤᠪᠡᠷ ᠠᠰᠢᠬ ᠬᠦᠷᠳᠡᠭᠦ ᠵᠤᠷᠢᠭ ᠰᠠᠨᠠᠭ᠎ᠠ ᠪᠠᠷ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠬᠦᠭᠵᠢᠬᠦᠯᠵᠦ᠂ ᠠᠮᠧᠷᠢᠺᠠ ᠳᠤᠮᠳᠠᠳᠤ ᠶᠢᠨ ᠤᠢᠢᠯᠠᠭᠠᠯᠴᠠᠭ᠎ᠠ ᠶᠢ ᠳᠠᠰᠤᠷᠠᠯᠳᠠ ᠦᠭᠡᠢ ᠨᠡᠮᠡᠭᠳᠡᠬᠦᠯᠵᠦ᠂ ᠠᠮᠧᠷᠢᠺᠠ ᠳᠤᠮᠳᠠᠳᠤ ᠶᠢᠨ ᠬᠠᠮᠵᠢᠯᠴᠠᠭ᠎ᠠ ᠬᠠᠮᠳᠤᠷᠠᠯᠴᠠᠭ᠎ᠠ ᠶᠢ ᠴᠢᠩᠭᠠᠳᠬᠠᠵᠦ᠂ ᠳᠡᠯᠡᠭᠡᠢ ᠨᠡᠶᠢᠭᠡᠮ ᠤᠨ ᠲᠤᠯᠭᠠᠷᠠᠵᠦ ᠪᠠᠶᠢᠭ᠎ᠠ ᠦᠷᠢᠰᠦᠯᠳᠦᠭᠡᠨ ᠢ ᠬᠠᠮᠳᠤᠪᠡᠷ ᠠᠷᠭᠠᠴᠠᠨ᠎ᠠ ᠭᠡᠵᠦ ᠢᠯᠡᠳᠭᠡᠪᠡ᠃     ᠰᠢ ᠶᠢᠨ ᠫᠢᠩ ᠳ᠋ᠢᠯᠰᠦᠨ ᠢᠶᠠᠷ ᠳᠠᠮᠵᠢᠭᠤᠯᠤᠨ ᠶᠡᠷᠦᠩᠭᠡᠶᠢᠯᠡᠭᠴᠢ ᠲᠧᠷᠠᠮᠫᠦ᠋ ᠳᠤ ᠮᠡᠨᠳᠤᠴᠢᠯᠡᠯ ᠬᠦᠷᠭᠡᠬᠦ ᠶᠢᠨ ᠵᠡᠷᠭᠡᠪᠡᠷ ᠶᠡᠷᠦᠩᠭᠡᠶᠢᠯᠡᠭᠴᠢ ᠲᠧᠷᠠᠮᠫᠦ᠋ ᠶᠢᠨ ᠳᠤᠮᠳᠠᠳᠤ ᠤᠯᠤᠰ ᠲᠤ ᠢᠷᠡᠵᠤ ᠠᠶᠢᠯᠴᠢᠯᠠᠬᠤ ᠶᠢ ᠪᠠᠶᠠᠷᠯᠠᠨ ᠤᠭᠳᠤᠵᠦ ᠪᠠᠶᠢᠬᠤ ᠪᠠᠨ ᠢᠯᠡᠳᠭᠡᠵᠡᠢ᠃        ᠲᠦᠷᠦ ᠶᠢᠨ ᠶᠠᠪᠤᠳᠠᠯ ᠤᠨ ᠭᠡᠰᠢᠬᠦᠨ ᠶᠠᠩ ᠵᠢᠶᠧ ‍ᠤᠤᠢ ᠨᠠᠷ ᠠᠭᠤᠯᠵᠠᠯᠳᠠ ᠳᠤ ᠤᠷᠤᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号