ᠰᠢᠯᠤᠭᠤᠨ ᠬᠦᠪᠡᠬᠡᠳᠦ ᠴᠠᠭᠠᠨ ᠬᠤᠰᠢᠭᠤᠨ ᠤ ᠭᠤᠷᠪᠠᠳᠤᠭᠠᠷ ᠠᠵᠦ ᠦᠢᠯᠡᠰ ᠰᠢᠨ᠎ᠡ ᠠᠬᠢᠯᠳᠠ ᠲᠠᠢ ᠪᠤᠯᠪᠠ
ᠨᠡᠶᠢᠲᠡᠯᠡᠭᠰᠡᠨ ᠴᠠᠭ᠄
2017/3/27
    ᠰᠢᠯᠤᠭᠤᠨ ᠬᠦᠪᠡᠬᠡᠳᠦ ᠴᠠᠭᠠᠨ ᠬᠤᠰᠢᠭᠤ ᠭᠤᠷᠪᠠᠳᠤᠭᠠᠷ ᠠᠵᠦ ᠦᠢᠯᠡᠰ ᠢ ᠬᠦᠭᠵᠢᠬᠦᠯᠬᠦ ᠡᠷᠴᠢᠮ ᠢᠶᠠᠨ ᠴᠢᠩᠭᠠᠷᠠᠭᠤᠯᠵᠦ᠂ ᠭᠤᠷᠪᠠᠳᠣᠭᠠᠷ ᠠᠵᠦ ᠦᠢᠯᠡᠰ ᠤᠨ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠵᠦ ᠪᠠᠶᠢᠨ᠎ᠠ᠃     ᠲᠤᠰ ᠬᠤᠰᠢᠭᠤ ᠤᠷᠤᠨ ᠪᠦᠰᠡ ᠶᠢᠨ ᠵᠤᠭᠠᠴᠠᠯ ᠤᠨ ᠬᠦᠭᠵᠢᠯᠳᠡ ᠶᠢᠨ ᠲᠦᠯᠥᠪᠵᠢᠬᠦᠯᠬᠡ ᠶᠢ ᠨᠠᠶᠢᠷᠠᠭᠤᠯᠬᠤ ᠠᠵᠢᠯ ᠢ ᠡᠬᠢᠯᠡᠬᠦᠯᠵᠦ᠂ ︽ᠬᠤᠯᠠᠨ ᠰᠢᠷᠭ᠎ᠠ ᠲᠠᠭ᠎ᠠ ᠶᠢᠨ ᠡᠯᠡᠰᠥᠷᠬᠡᠭ ᠭᠠᠵᠠᠷ ᠤᠨ ᠲᠠᠯ᠎ᠠ ᠨᠤᠳᠤᠭ ᠤᠨ ᠵᠤᠭᠠᠴᠠᠯ ᠤᠨ ᠲᠦᠯᠥᠪᠵᠢᠬᠦᠯᠬᠡ︾᠎ ᠶᠢ ᠨᠤᠤᠷᠠᠭᠯᠠᠵᠦ᠂ ᠭᠤᠤᠯᠳᠠᠯᠭ᠎ᠠ ᠲᠠᠢ ᠪᠠᠷ ︽ᠨᠢᠬᠡ ᠬᠦᠨᠳᠡᠯᠡᠨ ᠬᠤᠶᠠᠷ ᠭᠤᠯᠳᠦ︾ ᠵᠤᠭᠠᠴᠠᠯ ᠤᠨ ᠰᠢᠯᠢᠳᠡᠭ ᠵᠠᠮ ᠱᠤᠭᠤᠮ ᠪᠤᠯᠤᠨ ᠲᠦᠷᠥᠯ ᠵᠦᠢᠯ ᠢ ᠪᠦᠳᠥᠬᠡᠨ ᠪᠠᠶᠢᠭᠤᠯᠵᠦ᠂ ᠰᠢᠷᠭ᠎ᠠ ᠶᠢᠨ ᠨᠠᠭᠤᠷ᠂ ᠬᠤᠨᠳᠦ ᠨᠠᠭᠤᠷ ᠤᠨ ᠨᠤᠭᠤ ᠭᠠᠵᠠᠷ ᠵᠡᠷᠬᠡ ᠶᠢ ᠤᠯᠤᠰ ᠤᠨ AAA ᠲᠡᠰ ᠤᠨ ᠵᠤᠭᠠᠴᠠᠯ ᠤᠨ ᠦᠵᠡᠮᠵᠢ ᠶᠢᠨ ᠤᠷᠤᠨ ᠪᠤᠯᠭᠠᠨ ᠪᠠᠶᠢᠭᠤᠯᠬᠤ ᠲᠦᠷᠥᠯ ᠢ ᠢᠳᠡᠪᠬᠢᠳᠡᠢ ᠡᠷᠡᠮᠡᠯᠵᠡᠯᠡᠪᠡ᠃ ᠨᠢᠳᠤᠨᠤᠨ ᠪᠦᠬᠦ ᠵᠢᠯ ᠳᠤ 20 ᠭᠠᠷᠤᠢ ᠲᠦᠮᠡᠨ ᠬᠦᠮᠥᠨ ᠢ ᠬᠦᠯᠢᠶᠡᠨ ᠵᠤᠴᠢᠯᠠᠵᠦ᠂ ᠡᠯᠧᠺᠳ᠋ᠷᠤᠨ ᠬᠤᠳᠠᠯᠳᠤᠭᠠᠨ ᠤ ᠦᠢᠯᠡᠰ ᠰᠢᠪᠳᠤᠯᠤᠯᠳᠠ ᠲᠠᠢ ᠪᠤᠯᠵᠦ᠂ ︽ᠯᠧ ᠼᠦᠨ ᠲᠤᠤ︾ ᠬᠦᠳᠡᠭᠡ ᠲᠤᠰᠬᠤᠨ ᠤ ᠡᠯᠧᠺᠳ᠋ᠷᠤᠨ ᠠᠷᠠᠯᠵᠢᠶᠠᠨ ᠤ ᠲᠠᠪᠴᠠᠩ᠂ ᠴᠠᠬᠠᠷ ᠪᠢᠴᠢᠯ ᠡᠯᠧᠺᠳ᠋ᠷᠤᠨ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠬᠡᠨ ᠤ ᠲᠠᠪᠴᠠᠩ ᠢ ᠪᠠᠶᠢᠭᠤᠯᠵᠠᠢ ᠃ ᠲᠦᠷᠬᠡᠨ ᠭᠤᠪᠢᠭᠤᠯᠭ᠎ᠠ ᠶᠢᠨ ᠠᠵᠦ ᠠᠬᠤᠶᠢᠯᠠᠯ 7 ᠪᠤᠯᠤᠨ ᠬᠦᠭᠵᠢᠵᠤ᠂ ᠮᠦᠡᠭᠬᠦᠨ ᠬᠦᠢᠯᠬᠡᠬᠡᠨ ᠤ ᠪᠠᠶᠢᠭᠤᠯᠤᠮᠵᠢ ᠶᠢᠨ ᠡᠯ᠎ᠡ ᠲᠦᠷᠥᠯ ᠤᠨ ᠬᠠᠳᠠᠭᠠᠯᠠᠮᠵᠢ ᠪᠠ ᠵᠢᠬᠡᠯᠡᠯᠬᠡ ᠲᠤᠰᠪᠤᠷᠢ 22.4 ᠳ᠋ᠦᠡᠭᠰᠢᠭᠤᠷ ᠲᠦᠬᠦᠷᠢᠭ ᠪᠠ 12.4 ᠳ᠋ᠦᠡᠭᠰᠢᠭᠤᠷ ᠲᠦᠬᠦᠷᠢᠭ ᠢ ᠪᠡᠶᠡᠯᠡᠬᠦᠯᠵᠦ᠂ ᠲᠤᠰᠪᠤᠷᠢ 23.I% ᠪᠤᠯᠤᠨ 6.2%᠎ ᠢᠶᠠᠷ ᠨᠡᠮᠡᠭᠳᠡᠵᠡᠢ᠃ ᠲᠠᠭᠠᠳᠬᠠᠯ ᠤᠨ ᠦᠢᠯᠡᠰ ᠤᠨ ᠶᠡᠷᠥᠩᠬᠡᠢ ᠤᠷᠤᠯᠭ᠎ᠠ 2877 ᠲᠦᠮᠡᠨ ᠲᠦᠬᠦᠷᠢᠭ ᠢ ᠪᠡᠶᠡᠯᠡᠬᠦᠯᠵᠦ᠂ 5.7%᠎ ᠪᠠᠷ ᠨᠡᠮᠡᠭᠳᠡᠵᠡᠢ᠃ ᠪᠤᠷᠤᠯᠠᠭᠤᠯᠭ᠎ᠠ ᠶᠢᠨ ᠬᠢᠵᠠᠭᠠᠷᠯᠠᠯ ᠠᠴᠠ ᠲᠡᠬᠡᠭᠰᠢᠬᠢ ᠦᠢᠯᠡᠴᠢᠯᠡᠬᠡᠨ ᠤ ᠠᠵᠦ ᠠᠬᠤᠶᠢᠯᠠᠯ ᠰᠢᠨ᠎ᠡ ᠪᠠᠷ 4 ᠨᠡᠮᠡᠭᠳᠡᠵᠦ᠂ ᠤᠳᠤ ᠨᠡᠶᠢᠳᠡ 6 ᠪᠤᠯᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号