ᠰᠢᠯᠣᠭᠤᠨ ᠭᠦᠭᠡ ᠬᠤᠰᠢᠭᠤ ᠶᠠᠷᠢᠯᠴᠠᠭ᠎ᠠ ᠪᠤᠯᠪᠠᠰᠤᠷᠠᠯ ᠡᠷᠬᠢᠯᠡᠵᠦ ᠵᠤᠭᠠᠴᠠᠯ ᠤᠨ ᠦᠢᠯᠡᠰ ᠡᠷᠬᠢᠯᠡᠭᠰᠡᠳ ᠎ ᠤᠨ ᠢᠳᠡᠪᠬᠢᠵᠢᠯ ᠢ ᠲᠠᠶᠢᠴᠢᠯᠠᠵᠦ ᠪᠠᠶᠢᠨ᠎ᠠ
ᠨᠡᠶᠢᠲᠡᠯᠡᠭᠰᠡᠨ ᠴᠠᠭ᠄
2017/3/27
    ᠰᠢᠯᠣᠭᠤᠨ ᠭᠦᠭᠡ ᠬᠤᠰᠢᠭᠤ ︽ᠵᠣᠭᠠᠴᠠᠯ ᠤᠨ ᠦᠢᠯᠡᠰ ᠪᠣᠯ ᠪᠣᠬᠢᠷᠳᠣᠯ ᠦᠭᠡᠢ ᠠᠵᠦ ᠦᠢᠯᠡᠰ︾ ᠪᠣᠯᠬᠤ ᠣᠶᠢᠯᠠᠭᠠᠭᠳᠠᠬᠤᠨ ᠢ ᠪᠠᠳᠣ ᠪᠤᠢ ᠪᠤᠯᠭᠠᠵᠦ᠂ ᠭᠠᠵᠠᠷ ᠣᠷᠣᠨ ᠤ ᠪᠠᠨ ᠪᠣᠳᠠᠳᠠᠢ ᠠᠴᠠ ᠡᠬᠦᠰᠦᠨ ᠵᠣᠭᠠᠴᠠᠯ ᠤᠨ ᠦᠢᠯᠡᠰ ᠢ ᠠᠵᠦ ᠠᠬᠤᠢ ᠶᠢᠨ ᠭᠦᠭᠵᠢᠯᠳᠠ ᠶᠢᠨ ᠴᠢᠬᠤᠯᠠ ᠨᠡᠮᠡᠭᠳᠡᠯ ᠴᠡᠭ ᠪᠣᠯᠭᠠᠨ᠂ ᠠᠷᠠᠳ ᠢ ᠪᠠᠶᠠᠵᠢᠭᠤᠯᠣᠨ ᠬᠤᠰᠢᠭᠤ ᠪᠠᠨ ᠭᠦᠴᠦᠷᠭᠡᠭᠵᠢᠬᠦᠯᠬᠦ᠂ ᠭᠡᠯᠪᠡᠷᠢ ᠶᠢ ᠬᠤᠪᠢᠷᠠᠭᠤᠯᠣᠨ ᠳᠠᠰ ᠳᠡᠪᠰᠢᠬᠦᠯᠬᠦ ᠪᠠᠶᠢᠯᠳᠣᠬᠤ ᠪᠣᠳᠣᠯᠭ᠎ᠠ ᠪᠣᠯᠭᠠᠵᠦ᠂ ᠵᠣᠭᠠᠴᠠᠯ ᠡᠷᠬᠢᠯᠡᠭᠰᠡᠳ ᠴᠣᠭᠭᠠᠷ ᠠᠳᠬᠤᠬᠤ᠂ ᠵᠦᠷᠢᠶᠡᠳᠦ ᠭᠦᠭᠵᠢᠯᠳᠠ ᠪᠠᠷ ᠣᠨᠴᠠᠯᠢᠭᠳᠠᠬᠤ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠬᠦᠯᠵᠦ ᠪᠠᠶᠢᠨ᠎ᠠ᠃       ᠳᠣᠰ ᠬᠤᠰᠢᠭᠤ ‍ᠦ᠋ᠢᠷ᠎ᠠ ᠳᠤ ᠵᠣᠭᠠᠴᠠᠯ ᠤᠨ ᠦᠢᠯᠡᠰ ᠡᠷᠬᠢᠯᠡᠭᠰᠡᠳ ᠤᠨ ᠶᠠᠷᠢᠯᠴᠠᠬᠤ ᠬᠤᠷᠠᠯ ᠬᠤᠷᠠᠯᠳᠣᠭᠤᠯᠵᠦ ᠂ ︽ᠢᠨᠲ᠋ᠧᠷ ᠰᠦᠯᠵᠢᠶ᠎ᠡ + ᠵᠣᠭᠠᠴᠠᠯ︾᠎ ᠤᠨ ᠢᠨᠵᠧᠨᠧᠷᠢᠩ ᠢ ᠭᠡᠷᠡᠭᠵᠢᠬᠦᠯᠦᠨ ᠰᠦᠯᠵᠢᠶᠡᠨ ᠤ ᠪᠠᠶᠢᠭᠤᠯᠣᠯᠳᠠ ᠶᠢ ᠳᠡᠭᠦᠯᠳᠡᠷᠵᠢᠬᠦᠯᠵᠦ᠂ ᠵᠣᠭᠠᠴᠠᠯ ᠤᠨ ᠨᠡᠭᠡᠭᠡᠨ ᠭᠦᠭᠵᠢᠬᠦᠯᠦᠯᠳᠡ ᠪᠣᠯᠣᠨ ᠡᠯᠧᠺᠳ᠋ᠷᠣᠨ ᠬᠤᠳᠠᠯᠳᠤᠭ᠎ᠠ ᠶᠢ ᠨᠢᠭᠡ ᠴᠣᠭᠴᠠᠵᠢᠭᠤᠯᠬᠤ ᠳᠤ ᠰᠦᠯᠵᠢᠶᠠᠨ ᠤ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠬᠦ ᠳᠠᠷᠠᠴᠢᠯᠠᠨ ᠶᠣᠸᠠᠨ ᠤ ᠲᠡᠭᠡᠳᠣ ᠨᠠᠶᠢᠰᠯᠡᠯ ᠤᠨ ᠪᠠᠭᠤᠷᠢ ᠪᠣᠯᠣᠨ ᠪᠠᠭᠤᠷᠢ ᠶᠢᠨ ᠮᠦᠽᠸᠢ ᠶᠢᠨ ᠳᠡᠣᠭᠡ ᠰᠣᠶᠣᠯ ᠤᠨ ᠵᠤᠭᠠᠴᠠᠯ ᠠᠴᠠ ᠭᠠᠳᠠᠨ᠎ᠠ ᠲᠦᠷᠦᠯ ᠵᠦᠢᠯ ᠤᠨ ᠳᠣᠯᠭᠠᠭᠤᠷᠢᠯᠠᠯ ᠢ ᠴᠢᠩᠭᠠᠳᠬᠠᠨ᠂ ᠠᠷᠠᠯᠵᠢᠶᠠᠴᠢᠨ ᠣᠷᠢᠵᠦ ᠪᠠᠯᠠ ᠲᠠᠳᠠᠬᠤ ᠶᠢ ᠲᠦᠷᠭᠡᠳᠭᠡᠵᠦ ᠂ ᠰᠢᠨ᠎ᠡ ᠡᠵᠡᠩᠨᠡᠯᠳᠡ‌‍ᠶᠢᠨ ᠭᠡᠯᠪᠡᠷᠢ ᠪᠠᠷ ᠳᠠᠯ᠎ᠠ ᠨᠣᠳᠤᠭ ᠤᠨ ᠵᠣᠭᠠᠴᠠᠯ᠂ ᠦᠨᠳᠦᠰᠦᠳᠡᠨ ᠤ ᠰᠣᠶᠣᠯ᠂ ᠵᠠᠩ ᠳᠠᠳᠬᠠᠯ ᠳᠤ ᠪᠡᠶᠡᠴᠢᠯᠠᠨ ᠤᠢᠢᠯᠠᠭᠠᠬᠤ ᠵᠣᠭᠠᠴᠠᠯ᠂ ᠰᠡᠬᠦᠳᠡᠷᠯᠡᠨ ᠰᠢᠩᠭᠡᠭᠡᠬᠦ ᠵᠣᠭᠠᠴᠠᠯ᠂ ᠡᠯᠡᠰᠦᠨ ᠳᠤ ᠪᠠᠷᠳᠠᠭ᠎ᠠ ᠬᠠᠶᠢᠬᠤ ᠵᠣᠭᠠᠴᠠᠯ᠂ ᠮᠦᠩᠭᠦᠨ ᠡᠪᠦᠯ ᠤᠨ ᠴᠡᠰᠣ ᠮᠦᠰᠦᠨ ᠤ ᠵᠣᠭᠠᠴᠠᠯ᠂ ᠰᠡᠯᠡᠬᠦᠴᠡᠨ ᠳᠣᠭᠤᠷᠢᠬᠤ ᠵᠣᠭᠠᠴᠠᠯ ᠢ ᠨᠡᠭᠡᠭᠡᠨ ᠭᠦᠭᠵᠢᠬᠦᠯᠬᠦ ᠳᠠᠯ᠎ᠠ ᠪᠠᠷ ᠭᠦᠭᠵᠢᠶᠠᠨᠳᠠᠢ ᠶᠠᠷᠢᠯᠴᠠᠵᠠᠭᠠᠪᠠ᠃ ᠡᠬᠦᠨ ᠳᠤ ᠵᠣᠭᠠᠴᠠᠯ ᠤᠨ ᠡᠬᠢ ᠪᠠᠶᠠᠯᠢᠭ ᠢᠶᠠᠨ ᠵᠣᠭᠠᠴᠠᠯ ᠤᠨ ᠵᠠᠮ ᠱᠣᠭᠤᠮ ᠲᠠᠢ ᠨᠠᠷᠢᠯᠢᠭ ᠠᠭᠤᠰᠣᠯᠴᠠᠭᠤᠯᠵᠦ ᠦᠷᠢᠰᠦᠯᠳᠦᠨ ᠬᠥᠭᠵᠢᠬᠦᠯᠬᠦ ᠪᠠᠷ ︽ᠲᠦᠷᠪᠡᠨ ᠣᠯᠠᠷᠢᠯ ᠤᠨ ᠵᠣᠭᠠᠴᠠᠯ︾᠎ ᠤᠨ ᠰᠢᠨ᠎ᠡ ᠭᠦᠳᠡᠯᠭᠡᠭᠴᠢ ᠭᠦᠴᠦᠨ ᠪᠣᠯᠭᠠᠨ᠂ ᠪᠡᠭᠡᠵᠢᠩ᠂ ᠲᠢᠶᠠᠨᠵᠢᠨ᠂ ᠡᠾᠧᠪᠸᠢ᠂ ᠱᠠᠨᠳᠦ᠋ᠩ ᠵᠡᠷᠭᠡ ᠭᠦᠷᠰᠢ ᠵᠡᠷᠭᠡᠯᠡᠳᠡᠭᠡ ᠮᠣᠵᠢ ᠬᠤᠳᠠ ᠲᠠᠢ ᠬᠠᠮᠳᠣᠷᠠᠯᠴᠠᠨ᠂ ᠵᠣᠭᠠᠴᠠᠯ ᠤᠨ ᠵᠠᠬ᠎ᠠ ᠳᠡᠯᠭᠡᠭᠦᠷ ᠢᠶᠠᠨ ᠦᠷᠭᠡᠳᠭᠡᠬᠦ ᠶᠢᠨ ᠬᠠᠮᠳᠣ᠂ ︽ᠳᠣᠷᠭᠠᠨ ᠵᠠᠮ︾᠂ ︽ᠨᠢᠭᠡ ᠪᠦᠰᠡ ᠨᠢᠭᠡ ᠵᠠᠮ︾᠎ ᠤᠨ ᠪᠠᠶᠢᠯᠳᠣᠬᠤ ᠪᠣᠳᠣᠯᠭ᠎ᠠ ᠶᠢᠨ ᠳᠠᠭᠠᠭᠤᠯᠭ᠎ᠠ ᠪᠠᠷ ᠳᠡᠯᠡᠬᠡᠢ ᠶᠢᠨ ᠵᠣᠭᠠᠴᠠᠯ ᠤᠨ ᠵᠠᠬ᠎ᠠ ᠳᠡᠯᠭᠡᠭᠦᠷ ᠢ ᠨᠡᠭᠡᠭᠡᠬᠦ ᠵᠡᠷᠭᠡ ᠰᠢᠨ᠎ᠡ ᠠᠵᠠ ᠳᠣᠬᠢᠶᠠᠯ᠂ ᠰᠢᠨ᠎ᠡ ᠦᠷᠢᠰᠦᠯᠳᠦᠭᠡᠨ ᠤ ᠳᠣᠭᠤᠷᠢᠨ ᠳᠠᠬᠢ ᠬᠠᠯᠠᠮᠰᠢᠯ ᠶᠠᠷᠢᠯᠴᠠᠭ᠎ᠠ ᠨᠢ ᠵᠣᠭᠠᠴᠠᠯ ᠪᠣᠯ ᠠᠵᠦ ᠦᠢᠯᠡᠰ ᠤᠨ ᠬᠤᠪᠢᠷᠠᠭᠤᠯᠤᠯᠳᠠ ᠶᠢᠨ ᠬᠠᠨᠳᠣᠰᠢ᠂ ᠵᠠᠬ᠎ᠠ ᠳᠡᠯᠭᠡᠭᠦᠷ ᠤᠨ ᠭᠡᠷᠡᠭᠴᠡᠭᠡ ᠶᠢᠨ ᠶᠡᠷᠦᠩᠭᠡᠢ ᠬᠠᠨᠳᠣᠰᠢ ᠪᠣᠯᠬᠤ ᠶᠢ ᠭᠦᠨᠵᠡᠬᠡᠢ ᠳᠠᠨᠢᠭᠤᠯᠣᠭᠰᠠᠨ ᠪᠠᠶᠢᠨ᠎ᠠ᠃       ᠶᠠᠷᠢᠯᠴᠠᠬᠤ ᠬᠤᠷᠠᠯ ᠤᠨ ᠳᠠᠷᠠᠭ᠎ᠠ᠂ ᠰᠢᠯᠣᠭᠤᠨ ᠭᠦᠭᠡ ᠬᠤᠰᠢᠭᠤᠨ ᠤ ᠭᠦᠳᠡᠯᠮᠣᠷᠢ ᠠᠵᠢᠯᠳᠠᠨ ᠤ ᠶᠠᠪᠤᠳᠠᠯ ᠤᠨ ᠳᠣᠪᠴᠢᠶ᠎ᠠ᠂ ᠵᠣᠭᠠᠴᠠᠯ ᠤᠨ ᠭᠦᠭᠵᠢᠯᠳᠠ ᠶᠢᠨ ᠦᠢᠯᠡᠴᠢᠯᠡᠭᠡᠨ ᠤ ᠲᠦᠪ᠂ ᠠᠷᠠᠯᠵᠢᠶᠠᠨ ᠤ ᠶᠠᠪᠣᠳᠠᠯ ᠤᠨ ᠳᠣᠪᠴᠢᠶ᠎ᠠ ᠬᠠᠮᠳᠣᠷᠠᠨ ᠰᠣᠶᠣᠯ ᠵᠣᠭᠠᠴᠠᠯ ᠤᠨ ᠴᠢᠳᠠᠪᠣᠷᠢᠳᠠᠨ ᠤ ᠭᠦᠮᠦᠷᠭᠡ ᠵᠢᠴᠢ ᠰᠣᠶᠣᠯ ᠵᠣᠭᠠᠴᠠᠯ ᠤᠨ ᠦᠢᠯᠡᠰ ᠡᠷᠬᠢᠯᠡᠭᠰᠡᠳ ᠤᠨ ᠭᠡᠪ ᠴᠢᠨᠡᠷ ᠢ ᠲᠡᠭᠡᠭᠰᠢᠯᠡᠬᠦᠯᠬᠦ ᠪᠣᠯᠪᠠᠰᠣᠷᠠᠯ ᠤᠨ ᠠᠩᠭᠢ ᠡᠷᠬᠢᠯᠡᠵᠦ᠂ ᠣᠳᠣᠬᠢ ᠵᠣᠭᠠᠴᠠᠯ ᠤᠨ ᠦᠢᠯᠡᠰ ᠤᠨ ᠦᠢᠯᠡᠴᠢᠯᠡᠭᠡ ᠪᠣᠯᠣᠨ ᠦᠵᠡᠮᠵᠢ ᠶᠢᠨ ᠣᠷᠣᠨ ᠤ ᠬᠠᠮᠢᠶᠠᠷᠣᠯᠳᠠ ᠶᠢᠨ ᠬᠢᠷᠢ ᠲᠦᠪᠰᠢᠨ ᠢ ᠭᠡᠷᠬᠢᠨ ᠲᠡᠭᠡᠭᠰᠢᠯᠡᠬᠦᠯᠬᠦ ᠳᠣᠬᠠᠢ ᠬᠤᠶᠠᠷ ᠰᠡᠳᠣᠪ ᠢᠶᠠᠷ ᠳᠠᠶᠢᠯᠣᠮᠵᠢ ᠬᠢᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号