ᠬᠥᠪᠡᠭᠡᠳᠦ ᠰᠢᠷ᠎ᠡ ᠬᠤᠰᠢᠭᠤ ᠴᠠᠭᠠᠨ ᠢᠳᠡᠬᠡᠨ ᠤ ᠦᠢᠯᠡᠰ ᠤᠨ ᠬᠥᠭᠵᠢᠯᠳᠡ ᠶᠢ ᠢᠳᠡᠪᠬᠢᠳᠠᠢ ᠠᠬᠢᠭᠤᠯᠵᠦ ᠪᠤᠢ
ᠨᠡᠶᠢᠲᠡᠯᠡᠭᠰᠡᠨ ᠴᠠᠭ᠄
2017/3/27
    ᠤᠢᠢᠷ᠎ᠠ ᠳᠤ᠂ ᠬᠥᠪᠡᠭᠡᠳᠦ ᠰᠢᠷ ᠎ᠡ ᠬᠤᠰᠢᠭᠤᠨ ᠤ ᠴᠠᠭᠠᠨ ᠢᠳᠡᠭᠡ ᠪᠤᠯᠪᠠᠰᠤᠷᠠᠭᠤᠯᠬᠤ ᠲᠦᠷᠦᠯ ᠵᠦᠢᠯ ᠢ ᠲᠦᠯᠬᠢᠨ ᠠᠬᠢᠭᠤᠯᠬᠤ ᠲᠤᠭᠤᠢᠢᠯᠠᠩ ᠠᠴᠠ ᠪᠦᠬᠦ ᠬᠤᠰᠢᠭᠤᠨ ᠤ ᠴᠠᠭᠠᠨ ᠢᠳᠡᠬᠡᠨ ᠤ ᠠᠵᠢᠯ ᠲᠦᠷᠦᠯ ᠤᠨ ᠬᠢᠨ ᠤ ᠲᠥᠯᠦᠬᠡᠯᠡᠭᠴᠢᠳ ᠢ ᠵᠤᠬᠢᠶᠠᠨ ᠪᠠᠶᠢᠭᠤᠯᠵᠦ᠂ ᠶᠠᠷᠢᠯᠴᠠᠬᠤ ᠬᠤᠷᠠᠯ ᠬᠤᠷᠠᠯᠳᠤᠭᠤᠯᠤᠨ᠂ ᠤᠨᠴᠠᠯᠢᠭᠳᠤ ᠴᠠᠭᠠᠨ ᠢᠳᠡᠬᠡᠨ ᠤ ᠦᠢᠯᠡᠰ ᠤᠨ ᠬᠤᠶᠢᠰᠢᠳᠠ ᠶᠢᠨ ᠬᠥᠭᠵᠢᠯᠳᠡ ᠶᠢᠨ ᠲᠤᠬᠠᠢ ᠬᠠᠮᠳᠤᠪᠠᠷ ᠰᠤᠳᠤᠯᠤᠨ ᠶᠠᠷᠢᠯᠴᠠᠭᠰᠠᠨ ᠪᠠᠶᠢᠨ᠎ᠠ᠃       ᠲᠤᠰ ᠤᠳᠠᠭᠠᠨ ᠤ ᠶᠠᠷᠢᠯᠴᠠᠬᠤ ᠬᠤᠷᠠᠯ ᠳᠤ᠂ ᠴᠠᠭᠠᠨ ᠢᠳᠡᠭᠡ ᠪᠤᠯᠪᠠᠰᠤᠷᠠᠭᠤᠯᠬᠤ ᠲᠦᠷᠦᠯ ᠵᠦᠢᠯ ᠢ ᠲᠦᠯᠬᠢᠨ ᠠᠬᠢᠭᠤᠯᠬᠤ ᠲᠤᠭᠤᠢᠢᠯᠡᠩ ᠤᠨ ᠬᠠᠷᠢᠭᠤᠴᠠᠯᠭᠠᠳᠠᠠ ᠠᠴᠠ ᠲᠤᠰ ᠤᠳᠠᠭᠠᠨ ᠤ ᠶᠠᠷᠢᠯᠴᠠᠭ᠎ᠠ ᠶᠢ ᠵᠤᠬᠢᠶᠠᠨ ᠪᠠᠶᠢᠭᠤᠯᠤᠭᠰᠠᠨ ᠭᠤᠤᠯ ᠵᠤᠷᠢᠯᠭ᠎ᠠ᠂ ᠴᠠᠭᠠᠨ ᠢᠳᠡᠭᠡ ᠪᠤᠯᠪᠠᠰᠤᠷᠠᠭᠤᠯᠬᠤ ᠠᠵᠢᠯ ᠲᠦᠷᠦᠯ ᠤᠨ ᠤᠳᠤᠬᠠᠨ ᠤ ᠪᠠᠶᠢᠳᠠᠯ ᠪᠠ ᠤᠷᠤᠰᠢᠵᠦ ᠪᠦᠬᠦᠢ ᠠᠰᠠᠭᠤᠳᠠᠯ ᠵᠢᠴᠢ ᠬᠤᠶᠢᠰᠢᠳᠠ ᠶᠢᠨ ᠬᠥᠭᠵᠢᠯᠳᠡ ᠶᠢᠨ ᠱᠠᠭᠠᠷᠳᠠᠯᠭ᠎ᠠ ᠳᠤ ᠬᠡᠷᠬᠢᠨ ᠨᠡᠩ ᠰᠠᠶᠢᠨ ᠢᠶᠠᠷ ᠵᠤᠬᠢᠴᠠᠬᠤ ᠰᠡᠳᠬᠢᠴᠡ ᠶᠢᠨ ᠲᠤᠬᠠᠢ ᠲᠠᠶᠢᠯᠪᠤᠷᠢᠯᠠᠪᠠ᠃       ᠢᠳᠡᠬᠡᠨ ᠡᠮ ᠤᠨ ᠵᠦᠢᠯᠡᠰ ᠪᠤᠯᠤᠨ ᠦᠢᠯᠡᠳᠪᠦᠷᠢ ᠬᠤᠳᠠᠯᠳᠤᠭ᠎ᠠ ᠶᠠᠰᠤ ᠴᠢᠨᠠᠷ ᠮᠡᠷᠬᠡᠵᠢᠯ ᠳᠤ ᠬᠢᠨᠠᠯᠳᠠ ᠲᠠᠯᠪᠢᠬᠤ ᠲᠤᠪᠴᠢᠶ᠎ᠡ᠂ ᠠᠷᠠᠯᠵᠢᠶᠠᠨ ᠤ ᠶᠠᠪᠤᠳᠠᠯ ᠤᠨ ᠲᠤᠪᠴᠢᠶ᠎ᠡ᠂ ᠠᠵᠢᠯ ᠤᠯᠭᠤᠯᠳᠠ ᠶᠢᠨ ᠲᠤᠪᠴᠢᠶ᠎ᠡ ᠵᠡᠷᠬᠡ ᠴᠠᠭᠠᠨ ᠢᠳᠡᠭᠡ ᠪᠤᠯᠪᠠᠰᠤᠷᠠᠭᠤᠯᠬᠤ ᠲᠦᠷᠦᠯ ᠵᠦᠢᠯ ᠢ ᠲᠦᠯᠬᠢᠨ ᠠᠬᠢᠭᠤᠯᠬᠤ ᠲᠤᠭᠤᠢᠢᠯᠠᠩ ᠤᠨ ᠬᠡᠰᠢᠬᠦᠨ ᠨᠢᠬᠡᠴᠡ ᠠᠴᠠ ᠲᠤᠰ ᠲᠤᠰ ᠲᠤᠬᠠᠢᠢᠯᠠᠭᠰᠠᠨ ᠮᠡᠷᠬᠡᠵᠢᠯ ᠲᠠᠢ ᠪᠠᠨ ᠤᠶᠠᠯᠳᠤᠭᠤᠯᠵᠦ᠂ ᠬᠥᠪᠡᠭᠡᠳᠦ ᠰᠢᠷ ᠎ᠡ ᠬᠤᠰᠢᠭᠤᠨ ᠤ ᠴᠠᠭᠠᠨ ᠢᠳᠡᠭᠡ ᠪᠤᠯᠪᠠᠰᠤᠷᠠᠭᠤᠯᠬᠤ ᠠᠵᠢᠯ ᠲᠦᠷᠦᠯ ᠤᠨ ᠳᠠᠪᠠᠭᠤᠯᠢᠭ᠂ ᠤᠷᠤᠰᠢᠵᠦ ᠪᠠᠶᠢᠭ᠎ᠠ ᠬᠦᠴᠢᠷᠳᠡᠯ ᠪᠠ ᠠᠰᠠᠭᠤᠳᠠᠯ ᠤᠨ ᠲᠤᠬᠠᠢ ᠵᠠᠳᠠᠯᠤᠨ ᠲᠠᠶᠢᠯᠪᠤᠷᠢᠯᠠᠵᠦ᠂ ᠴᠠᠭᠠᠨ ᠢᠳᠡᠬᠡᠨ ᠤ ᠲᠠᠸᠠᠷ ᠤᠨ ᠲᠡᠮᠳᠡᠭ ᠢ ᠡᠬᠦᠳᠴᠦ᠂ ᠵᠠᠬ᠎ᠠ ᠲᠡᠯᠬᠡᠭᠦᠷ ᠤᠨ ᠪᠤᠷᠤᠯᠠᠭᠤᠯᠭ᠎ᠠ ᠶᠢᠨ ᠵᠠᠮ ᠢ ᠨᠡᠬᠡᠬᠡᠬᠦ ᠳᠤ ᠬᠤᠪᠤᠷ ᠨᠠᠨᠳᠢᠨ ᠵᠢᠭᠠᠨ ᠵᠢᠯᠤᠭᠤᠳᠤᠯᠭ᠎ᠠ ᠶᠢ ᠬᠠᠨᠭ᠍ᠭᠠᠵᠠᠢ᠃       ᠤᠳᠤᠬᠠᠨ ᠪᠤᠯᠳᠠᠯ᠎ᠠ᠂ ᠬᠥᠪᠡᠭᠡᠳᠦ ᠰᠢᠷ᠎ᠡ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠲᠤ ᠲᠠᠩᠰᠠᠯᠠᠭᠤᠯᠤᠭᠰᠠᠨ ᠴᠠᠭᠠᠨ ᠢᠳᠡᠭᠡ ᠪᠤᠯᠪᠠᠰᠤᠷᠠᠭᠤᠯᠵᠦ ᠪᠤᠷᠤᠯᠠᠭᠤᠯᠬᠤ ᠡᠵᠡᠩᠨᠡᠯᠳᠡ ᠶᠢᠨ ᠡᠷᠦᠬᠡ 80 ᠭᠠᠷᠤᠢ ᠪᠠᠶᠢᠵᠦ᠂ ᠪᠤᠯᠪᠠᠰᠤᠷᠠᠭᠤᠯᠤᠯᠳᠠ ᠶᠢᠨ ᠲᠤᠮᠤ ᠡᠷᠦᠬᠡ ᠪᠠᠷᠤᠭ ᠡᠳᠦᠷ ᠲᠤᠮᠳᠠᠴᠢ ᠪᠠᠷ 1600 ᠵᠢᠩ ᠤᠨ ᠴᠠᠭᠠᠨ ᠢᠳᠡᠬᠡᠨ ᠤ ᠪᠤᠷᠤᠯᠠᠭᠤᠯᠭ᠎ᠠ ᠶᠢᠨ ᠤᠷᠤᠯᠭ᠎ᠠ ᠡᠬᠦᠳᠴᠦ ᠪᠠᠶᠢᠨ᠎ᠠ᠃ ᠲᠤᠰ ᠤᠳᠠᠭᠠᠨ ᠤ ᠶᠠᠷᠢᠯᠴᠠᠬᠤ ᠬᠤᠷᠠᠯ ᠨᠢ ᠴᠠᠭᠠᠨ ᠢᠳᠡᠭᠡᠨ ᠤ ᠦᠢᠯᠡᠳᠪᠦᠷᠢᠯᠡᠯ᠂ ᠪᠤᠯᠪᠠᠰᠤᠷᠠᠭᠤᠯᠤᠯᠳᠠ᠂ ᠪᠤᠷᠤᠯᠠᠭᠤᠯᠭ᠎ᠠ ᠶᠢ ᠨᠢᠬᠡ ᠴᠤᠬᠴᠠᠵᠢᠭᠤᠯᠤᠨ ᠬᠥᠭᠵᠢᠬᠦᠯᠬᠦ ᠳᠤ ᠲᠦᠯᠬᠢᠴᠡ ᠦᠢᠯᠡᠳᠦᠯ ᠦᠵᠡᠬᠦᠯᠵᠡᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号