ᠰᠢᠯᠣᠭᠤᠨ ᠬᠦᠬᠡ ᠬᠤᠰᠢᠭᠤᠨ ᠤ 2016 ᠣᠨ ᠤ ᠪᠡᠬᠡᠵᠢᠩ ᠲᠢᠶᠠᠨᠵᠢᠨ ᠤ ᠡᠯᠡᠰᠦᠨ ᠤ ᠡᠬᠢ ᠢ ᠵᠠᠰᠠᠬᠤ ᠢᠨᠵᠧᠨ᠋ᠷᠢᠩ ᠵᠦᠪᠰᠢᠶᠡᠷᠡᠯ ᠤᠯᠪᠠ
ᠨᠡᠶᠢᠲᠡᠯᠡᠭᠰᠡᠨ ᠴᠠᠭ᠄
2017/3/27
    ᠣᠶᠢᠷ᠎ᠠ ᠳᠤ᠂ ᠰᠢᠯᠣᠭᠤᠨ ᠬᠦᠬᠡ ᠬᠤᠰᠢᠭᠤᠨ ᠤ 2016 ᠣᠨ ᠤ ᠪᠡᠬᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ ᠲᠦᠰᠦᠯ ᠨᠢ ᠦᠪᠡᠷᠳᠡᠬᠡᠨ ᠵᠠᠰᠠᠬᠤ ᠣᠷᠣᠨ ᠤ ᠬᠥᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠣᠢ ᠰᠢᠭᠤᠢ ᠶᠢᠨ ᠲᠢᠩᠭᠢᠮ᠂ ᠲᠠᠷᠢᠶᠠᠯᠠᠩ ᠮᠠᠯ ᠠᠵᠦ ᠠᠬᠤᠢ ᠶᠢᠨ ᠲᠢᠩᠭᠢᠮ ᠵᠢᠴᠢ ᠣᠰᠣᠨ ᠠᠰᠢᠠᠠᠯᠠᠯᠳᠠ ᠶᠢᠨ ᠲᠢᠩᠭᠢᠮ ᠤᠨ ᠬᠠᠮᠳᠣᠷᠬᠠᠰᠠᠨ ᠴᠣᠬᠤᠯᠠᠪᠣᠷᠢ ᠳᠤ 3696.2 ᠲᠦᠮᠡᠨ ᠲᠦᠬᠦᠷᠢᠭ ᠤᠨ ᠪᠡᠯᠡ ᠣᠷᠣᠭᠤᠯᠣᠯᠳᠠ ᠶᠢ ᠡᠷᠡᠮᠡᠯᠵᠡᠯᠡᠨ ᠤᠯᠵᠠᠢ᠃       ᠡᠬᠦᠨ ᠳᠤ ᠣᠯᠣᠰ ᠤᠨ ᠪᠡᠯᠡ ᠣᠷᠣᠭᠤᠯᠣᠯᠳᠠ 2389.2 ᠲᠦᠮᠡᠨ ᠲᠦᠬᠦᠷᠢᠭ ᠪᠠᠶᠢᠵᠦ᠂ ᠭᠠᠵᠠᠷ ᠣᠷᠣᠨ ᠤ ᠪᠡᠯᠡ ᠣᠷᠣᠭᠤᠯᠣᠯᠳᠠ 1307 ᠲᠦᠮᠡᠨ ᠲᠦᠬᠦᠷᠢᠭ ᠪᠣᠯᠣᠨ᠎ᠠ᠃ ᠲᠦᠰᠦᠯ ᠳᠤ ᠨᠡᠶᠢᠳᠡ 10.75 ᠲᠦᠮᠡᠨ ᠮᠥ ᠭᠠᠵᠠᠷ ᠢ ᠪᠦᠳᠦᠬᠡᠨ ᠪᠠᠶᠢᠭᠤᠯᠬᠤ ᠪᠠᠷ ᠲᠦᠯᠦᠪᠯᠡᠵᠦ᠂ ᠡᠬᠦᠨ ᠳᠤ ᠲᠠᠷᠢᠮᠠᠯ ᠣᠢ ᠪᠤᠶᠢᠵᠢᠭᠤᠯᠬᠤ ᠲᠠᠯᠠᠪᠠᠢ 1.1 ᠲᠦᠮᠡᠨ ᠮᠦ᠂ ᠠᠭᠤᠯᠠ ᠶᠢ ᠪᠢᠳᠡᠬᠦᠮᠵᠢᠯᠡᠨ ᠣᠶᠢᠵᠢᠭᠤᠯᠬᠤ ᠲᠠᠯᠠᠪᠠᠢ 0.5 ᠲᠦᠮᠡᠨ ᠮᠦ᠂ ᠨᠢᠰᠬᠡᠯ ᠢᠶᠠᠷ ᠲᠠᠷᠢᠨ ᠣᠶᠢᠵᠢᠭᠤᠯᠬᠤ ᠲᠠᠯᠠᠪᠠᠢ 2 ᠲᠦᠮᠡᠨ ᠮᠦ᠂ ᠢᠨᠵᠧᠨᠧᠷᠢᠩ ᠢᠶᠠᠷ ᠡᠯᠡᠰᠦ ᠶᠢ ᠲᠣᠠᠠᠳᠠᠪᠣᠷᠢᠵᠢᠭᠤᠯᠬᠤ 0.4 ᠲᠦᠮᠡᠨ ᠮᠥ᠂ ᠬᠦᠷᠢᠶᠡᠯᠡᠵᠦ ᠪᠢᠳᠡᠬᠦᠮᠵᠢᠯᠡᠨ ᠲᠠᠷᠢᠬᠤ ᠲᠠᠯᠠᠪᠠᠢ 5 ᠲᠦᠮᠡᠨ ᠮᠥ᠂ ᠲᠠᠷᠢᠮᠠᠯ ᠡᠪᠡᠰᠦ ᠪᠣᠷᠳᠣᠭᠠᠨ ᠤ ᠰᠠᠭᠤᠷᠢᠨ ᠭᠠᠵᠠᠷ 1 ᠲᠦᠮᠡᠨ ᠮᠥ᠂ ᠲᠣᠯᠠᠭᠠᠨ ᠫᠧᠩ 4.3 ᠲᠦᠮᠡᠨ ᠬᠠᠪᠳᠠᠭᠠᠢ ᠲᠦᠷᠪᠡᠯᠵᠢᠨ ᠮᠧᠳ᠋ᠷ᠂ ᠡᠪᠡᠰᠦ ᠬᠠᠳᠠᠭᠠᠯᠠᠬᠤ ᠫᠧᠩ 0.8 ᠲᠦᠮᠡᠨ ᠬᠠᠪᠳᠠᠭᠠᠢ ᠲᠦᠷᠪᠡᠯᠵᠢᠨ ᠮᠧᠳ᠋ᠷ᠂ ᠪᠠᠭ᠎ᠠ ᠰᠠᠪᠠ ᠭᠠᠵᠠᠷ ᠢ ᠵᠠᠰᠠᠬᠤ 0.75 ᠲᠦᠮᠡᠨ ᠮᠥ᠂ ᠣᠰᠣᠨ ᠰᠣᠷᠪᠣᠯᠵᠢ ᠶᠢᠨ ᠢᠨᠵᠧᠨᠧᠷᠢᠩ 80 ᠬᠡᠰᠡᠭ ᠪᠠᠶᠢᠵᠦ᠂ 82 ᠬᠦᠮᠦᠨ ᠢ ᠨᠡᠬᠦᠯᠬᠡᠨ ᠰᠢᠯᠵᠢᠬᠦᠯᠬᠦ ᠢᠨᠵᠧᠨᠧᠷᠢᠩ ᠪᠠᠭᠳᠠᠵᠦ ᠪᠣᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号