ᠮᠤᠩᠭᠤᠯ ᠮᠤᠷᠢ ᠲᠠᠢ ᠪᠠᠨ ᠤᠯᠤᠰ ᠤᠨ ᠤᠷᠤᠯᠳᠤᠭᠠᠨ ᠳᠤ ᠤᠷᠤᠯᠴᠠᠨ᠎ᠠ
ᠨᠡᠶᠢᠲᠡᠯᠡᠭᠰᠡᠨ ᠴᠠᠭ᠄
2017/3/31
    3 ᠳ᠋ᠤᠭᠠᠷ ᠰᠠᠷ᠎ᠠ ᠶᠢᠨ 10᠎ ᠤ ᠡᠳᠤᠷ ᠪᠠᠷᠠᠭᠤᠨ ᠦᠵᠦᠮᠦᠴᠢᠨ ᠬᠤᠰᠢᠭᠤᠨ ᠳᠤ ᠨᠢᠭᠡᠨ ᠤᠨᠴᠠᠭᠠᠢ ᠤᠳᠬ᠎ᠠ ᠠᠭᠤᠯᠭ᠎ᠠ ᠲᠠᠢ ᠮᠤᠷᠢᠨ ᠤᠷᠤᠯᠳᠤᠭᠠᠨ ᠪᠤᠯᠵᠤ ᠦᠡᠭᠭᠡᠷᠡᠭᠰᠡᠨ ᠶᠤᠮ᠃ ᠡᠨᠡᠭᠦ ᠤᠷᠤᠯᠳᠤᠭᠠᠨ ᠪᠤᠯ ᠳᠠᠷᠤᠢ ᠪᠠᠷᠠᠭᠤᠨ ᠦᠵᠦᠮᠦᠴᠢᠨ ᠬᠤᠰᠢᠭᠤᠨ ᠤ ᠰᠤᠶᠤᠯ ᠳᠠᠮᠢᠷ ᠷᠠᠳᠢᠣ᠋ ᠲᠧᠯᠸᠢᠰ ᠺᠢᠨᠣ᠋ ᠵᠢᠭᠤᠯᠴᠢᠯᠠᠯ ᠤᠨ ᠳᠤᠪᠴᠢᠶ᠎ᠠ ᠠᠴᠠ ᠡᠷᠭᠢᠯᠡᠨ ᠶᠠᠪᠤᠬᠳᠠᠭᠤᠯᠤᠬᠰᠠᠨ ᠠᠨᠾᠦ᠋ᠢ ᠮᠤᠵᠢ ᠳᠤ ᠶᠠᠪᠤᠬᠳᠠᠬᠤ ᠳᠤᠮᠳᠠᠳᠤ ᠶᠢᠨ ᠦᠨᠳᠦᠰᠦᠳᠡᠨ ᠤ ᠤᠯᠠᠮᠵᠢᠯᠠᠯᠳᠤ ᠠᠯᠤᠰ ᠤᠨ ᠮᠤᠷᠢᠨ ᠤᠷᠤᠯᠳᠤᠭᠠᠨ ᠪᠤᠯᠤᠨ 2017 ᠤᠨ ᠤ ᠠᠯᠤᠰ ᠤᠨ ᠮᠤᠷᠢᠨ ᠤᠷᠤᠯᠳᠤᠭᠠᠨ ᠳᠤ ᠤᠷᠤᠯᠴᠠᠬᠤ ᠡᠷᠭᠡ ᠶᠢ ᠤᠯᠭᠤᠬᠤ ᠮᠤᠷᠢᠨ ᠤᠷᠤᠯᠳᠤᠭᠠᠨ ᠪᠤᠯᠤᠨ᠎ᠠ᠃ ᠳᠤᠰ ᠤᠳᠠᠭᠠᠨ ᠤ 30 ᠭᠠᠵᠠᠷ ᠤᠨ ᠠᠯᠤᠰ ᠤᠨ ᠮᠤᠷᠢᠨ ᠤᠷᠤᠯᠳᠤᠭᠠᠨ ᠳᠤ ᠪᠠᠷᠠᠭᠤᠨ ᠦᠵᠦᠮᠦᠴᠢᠨ ᠬᠤᠰᠢᠭᠤ ᠪᠠᠷ ᠨᠤᠳᠤᠬᠳᠠᠢ ᠬᠤᠷᠢᠭᠠᠳ ᠤᠶᠠᠭᠠᠴᠢ ᠬᠤᠷᠳᠤᠨ ᠭᠦᠯᠦᠭ ᠢᠶᠠᠨ ᠬᠤᠷᠳᠤᠯᠠᠭᠤᠯᠤᠬᠰᠠᠨ ᠤ ᠳ᠋ᠦᠩ ᠳᠤ ᠵᠢᠷ ᠤᠨ ᠭᠤᠤᠯ ᠪᠠᠯᠭᠠᠰᠤᠨ ᠤ ᠪᠠᠭ᠎ᠠ · ᠪᠠᠭᠠᠳᠤᠷ ᠤᠨ ᠬᠠᠯᠳᠠᠷ ᠮᠤᠷᠢ᠂ ᠤᠯᠠᠭᠠᠨᠬᠠᠭᠠᠯᠭ᠎ᠠ ᠰᠤᠮᠤᠨ ᠤ ᠮᠠᠩᠯᠠᠢ ᠶᠢᠨ ᠬᠠᠯᠳᠠᠷ ᠮᠤᠷᠢ᠂ ᠤᠯᠠᠭᠠᠨᠬᠠᠭᠠᠯᠭ᠎ᠠ ᠰᠤᠮᠤᠨ ᠤ ᠪᠠᠭᠠᠳᠤᠷ ᠤᠨ ᠤᠯᠠᠭᠠᠨ ᠮᠤᠷᠢ᠂ ᠵᠢᠷ ᠤᠨ ᠭᠤᠤᠯ ᠪᠠᠯᠭᠠᠰᠤᠨ ᠤ ᠤᠳᠬᠠᠨᠪᠢᠯᠢᠭ᠌ ᠤᠨ ᠭᠡᠭᠡᠷ ᠮᠤᠷᠢ᠂ ᠬᠤᠭᠤᠯᠠᠳᠤ ᠶᠢᠨ ᠭᠤᠤᠯ ᠪᠠᠯᠭᠠᠰᠤᠨ ᠤ ᠰᠤᠶᠤᠯᠪᠠᠭᠠᠳᠤᠷ ᠤᠨ ᠴᠡᠩᠭᠡᠷ ᠮᠤᠷᠢ ᠵᠡᠷᠭᠡ ᠳᠠᠪᠤᠨ ᠮᠤᠷᠢ ᠤᠷᠤᠯᠳᠤᠭᠠᠨ ᠳᠤ ᠤᠷᠤᠯᠴᠠᠬᠤ ᠡᠷᠭᠡ ᠶᠢ ᠤᠯᠤᠬᠰᠠᠨ ᠪᠠᠶᠢᠨ᠎ᠠ᠃ ᠳᠤᠮᠳᠠᠳᠤ ᠶᠢᠨ ᠦᠨᠳᠦᠰᠦᠳᠡᠨ ᠤ ᠤᠯᠠᠮᠵᠢᠯᠠᠯᠳᠤ ᠠᠯᠤᠰ ᠤᠨ ᠮᠤᠷᠢᠨ ᠤᠷᠤᠯᠳᠤᠭᠠᠨ ᠪᠤᠯᠤᠨ 2017 ᠤᠨ ᠤ ᠠᠯᠤᠰ ᠤᠨ ᠮᠤᠷᠢᠨ ᠤᠷᠤᠯᠳᠤᠭᠠᠨ ᠳᠤ ᠤᠷᠤᠯᠴᠠᠬᠤ ᠮᠤᠷᠢᠳ ᠨᠢ ᠡᠷᠭᠡᠪᠰᠢ ᠳᠠᠪᠤᠨ ᠨᠠᠰᠤᠨ ᠠᠴᠠ ᠳᠡᠭᠡᠭᠰᠢ ᠮᠤᠷᠢᠳ ᠪᠠᠶᠢᠬᠤ ᠭᠡᠷᠡᠭᠳᠠᠢ ᠪᠦᠭᠡᠳ ᠤᠨᠤᠭᠠᠴᠢ ᠨᠢ ᠪᠦᠭᠦᠯᠢ ᠠᠷᠪᠠᠨ ᠵᠢᠷᠭᠤᠭᠠᠨ ᠨᠠᠰᠤᠨ ᠠᠴᠠ ᠳᠡᠭᠡᠭᠰᠢ ᠪᠠᠶᠢᠬᠤ ᠭᠡᠷᠡᠭᠳᠠᠢ ᠭᠡᠰᠡᠨ ᠱᠠᠭᠠᠷᠳᠠᠯᠭ᠎ᠠ ᠲᠠᠢ ᠪᠠᠶᠢᠵᠤ᠂ ᠡᠳᠡᠭᠡᠷ ᠳᠠᠪᠤᠨ ᠮᠤᠷᠢ ᠨᠢ ᠨᠦᠭᠦᠴᠡᠯ ᠳᠤ ᠨᠡᠶᠢᠴᠡᠭᠰᠡᠨ ᠪᠦᠭᠡᠳ ᠤᠨᠤᠭᠠᠴᠢ ᠨᠢ ᠴᠤ ᠠᠷᠪᠠᠨ ᠵᠢᠷᠭᠤᠭᠠᠨ ᠪᠦᠭᠦᠯᠢ ᠨᠠᠰᠤᠨ ᠠᠴᠠ ᠳᠡᠭᠡᠭᠰᠢ ᠪᠠᠶᠢᠵᠤ᠂ ᠱᠠᠭᠠᠷᠳᠠᠯᠭ᠎ᠠ ᠨᠦᠭᠦᠴᠡᠯ ᠳᠤᠨᠢ ᠨᠡᠶᠢᠴᠡᠭᠰᠡᠨ ᠠᠴᠠ ᠤᠷᠤᠯᠳᠤᠭᠠᠨ ᠳᠤ ᠤᠷᠤᠯᠴᠠᠬᠤ ᠡᠷᠭᠡ ᠶᠢ ᠤᠯᠤᠬᠰᠠᠨ ᠪᠠᠶᠢᠨ᠎ᠠ᠃       ᠤᠷᠤᠯᠳᠤᠭᠠᠨ ᠳᠤ ᠤᠷᠤᠯᠴᠠᠬᠤ ᠡᠷᠭᠡ ᠶᠢ ᠤᠯᠤᠬᠰᠡᠨ ᠡᠳᠡᠭᠡᠷ ᠤᠶᠠᠭᠠᠴᠢᠳ 4 ᠳ᠋ᠤᠭᠡᠷ ᠰᠠᠷ᠎ᠠ ᠶᠢᠨ 8᠎ ᠤ ᠡᠳᠤᠷ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠪᠤᠯᠤᠨ ᠠᠨᠾᠦ᠋ᠢ ᠮᠤᠵᠢ ᠶᠢᠨ ᠰᠦᠵᠸᠤ ᠬᠤᠳᠠ ᠶᠢᠨ ᠳ᠋ᠠᠩ ᠱᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠠᠴᠠ ᠳᠠᠭᠠᠭᠠᠴᠢᠯᠠᠨ ᠡᠷᠭᠢᠯᠡᠵᠤ ᠶᠠᠪᠤᠬᠳᠠᠭᠤᠯᠬᠤ ︽ᠳᠤᠮᠳᠠᠳᠤ ᠶᠢᠨ ᠦᠨᠳᠦᠰᠦᠳᠡᠨ ᠤ ᠤᠯᠠᠮᠵᠢᠯᠠᠯᠳᠤ ᠠᠯᠤᠰ ᠤᠨ ᠮᠤᠷᠢᠨ ᠤᠷᠤᠯᠳᠤᠭᠠᠨ ᠪᠤᠯᠤᠨ 2017 ᠤᠨ ᠤ ᠠᠯᠤᠰ ᠤᠨ ᠮᠤᠷᠢᠨ ᠤᠷᠤᠯᠳᠤᠭᠠᠨ ᠤ ᠨᠢᠭᠡᠳᠦᠭᠡᠷ ᠳᠠᠯᠠᠪᠠᠢ ᠤᠷᠤᠯᠳᠤᠭᠠᠨ︾᠎ ᠳᠤ ᠤᠷᠤᠯᠴᠠᠬᠤ ᠪᠤᠯᠤᠨ᠎ᠠ᠃ ᠡᠨᠡ ᠨᠢ ᠪᠠᠷᠠᠭᠤᠨ ᠦᠵᠦᠮᠦᠴᠢᠨ ᠬᠤᠰᠢᠭᠤᠨ ᠤ ᠤᠶᠠᠭᠠᠴᠢᠳ ᠪᠤᠯᠤᠨ ᠤᠷᠤᠯᠳᠤᠭᠠᠨ ᠮᠤᠷᠢ ᠠᠩᠬ᠎ᠠ ᠤᠳᠠᠭ᠎ᠠ ᠪᠠᠨ ᠮᠤᠵᠢ ᠠᠯᠤᠰᠯᠠᠨ ᠳᠤᠮᠤ ᠤᠷᠤᠯᠳᠤᠭᠠᠨ ᠳᠤ ᠤᠷᠤᠯᠴᠠᠬᠤ ᠪᠠᠷ ᠪᠠᠶᠢᠭ᠎ᠠ ᠶᠠᠪᠤᠳᠠᠯ ᠪᠤᠯᠤᠨ᠎ᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠤ ᠰᠢᠨ᠎ᠠ ᠮᠠᠯᠴᠢᠳ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号