3 ᠳ᠋ᠤᠭᠠᠷ ᠰᠠᠷ᠎ᠠ ᠶᠢᠨ 23 ᠤ ᠡᠲᠥᠷ᠂ ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ | 2017 ᠤᠨ ᠤ 7 ᠳ᠋ᠤᠭᠠᠷ ᠤᠲᠠᠭᠠᠨ ᠤ ᠬᠡᠰᠢᠬᠦᠳ ᠤᠨ ᠬᠤᠷᠠᠯ ᠢ ᠡᠷᠬᠢᠯᠡᠨ ᠬᠤᠷᠠᠯᠲᠤᠭᠤᠯᠵᠥ᠂ ᠥᠪᠡᠷᠲᠡᠭᠡᠨ | ᠵᠠᠰᠠᠬᠤ ᠤᠷᠤᠨ ᠤ ᠤᠲᠤᠷᠢᠳᠬᠤ ᠺᠠᠳ᠋ᠷᠴᠤᠳ ᠤᠨ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠲᠤᠭᠠᠷ ᠪᠥᠬᠦᠲᠠ ᠬᠤᠷᠠᠯ ᠪᠤᠯᠤᠨ ᠲᠥᠪ ᠤᠨ ᠨᠢᠭᠡᠲᠥᠭᠡᠷ ᠲᠤᠭᠠᠲᠤ ᠪᠢᠴᠢᠭ ᠮᠠᠲ᠋ᠧᠷᠢᠶᠠᠯ ᠤᠨ | ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠲᠤᠪᠲᠤ ᠰᠤᠲᠤᠯᠤᠨ ᠶᠠᠷᠢᠯᠴᠠᠬᠤ ᠠᠩᠭᠢ ᠶᠢᠨ ᠵᠤᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠤᠲᠤᠬᠠᠨ ᠤ ᠪᠥᠬᠦ ᠠᠶᠢᠮᠠᠭ ᠤᠨ ᠭᠤᠤᠯᠲᠠᠯᠭᠠᠲᠤ ᠠᠵᠢᠯ ᠢ | ᠪᠠᠶᠢᠷᠢᠯᠠᠭᠤᠯᠵᠠᠢ᠃ | ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ ᠹᠥ᠋ ᠸᠠᠨ ᠬᠤᠢ᠂ ᠶᠤᠤ ᠶᠥᠡᠭ ᠪᠥᠸᠧ᠂ ᠸᠠᠩ ᠶᠥᠡᠭ ᠮᠢᠩ᠂ | ᠮᠠ ᠹᠸᠡᠭ᠂ ᠵᠤᠤ ᠳ᠋ᠧ ᠶᠥᠡᠭ᠂ ᠵᠸᠡᠭ ᠵᠢᠶᠠᠨ ᠬᠤᠨᠭ᠌ ᠬᠤᠷᠠᠯ ᠳᠤ ᠤᠷᠤᠯᠴᠠᠪᠠ᠃ ᠠᠶᠢᠮᠠᠭ ᠤᠨ ᠤᠲᠤᠷᠢᠲᠤᠯᠭ᠎ᠠ | ᠡᠥ ᠬᠥᠸᠧ ᠳ᠋ᠥᠡᠭ᠂ ᠸᠠᠩ ᠷᠥᠢ᠂ ᠮᠸᠡᠭ ᠵᠤᠤ ᠵᠢᠶᠦ᠋ᠨ᠂ ᠵᠠᠩ ᠰᠢᠨ ᠲᠢᠩ ᠵᠢᠴᠢ ᠬᠠᠮᠢᠶ᠎ᠠ ᠪᠥᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠵᠠᠢ᠃ | ᠯᠥᠸᠧ ᠬᠤ᠋ ᠽᠠᠢ ᠵᠢᠭᠠᠬᠤ ᠳᠠᠭᠠᠨ᠂ ᠡᠯ᠎ᠠ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠥᠷᠭᠡᠨ | ᠤᠯᠠᠨ ᠨᠠᠮ ᠤᠨ ᠬᠡᠰᠢᠬᠦᠨ ᠬᠤᠶᠠᠷ ᠲᠤᠰᠬᠠᠢ ᠰᠡᠲᠥᠪᠲᠤ ᠰᠤᠲᠤᠯᠤᠨ ᠶᠠᠷᠢᠯᠴᠠᠬᠤ ᠠᠩᠭᠢ ᠶᠢᠨ ᠵᠤᠷᠢᠭ ᠰᠠᠨᠠᠭ᠎ᠠ᠂ | ᠤᠨᠴᠠᠭᠠᠢᠢᠯᠠᠨ ᠯᠢ ᠵᠢᠢ ᠾᠸᠡᠭ ᠱᠥᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠠᠶᠢᠲᠤᠷ ᠰᠤᠷᠤᠯᠴᠠᠵᠥ᠂ | ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢᠨ ᠴᠢᠬᠤᠯᠠ ᠴᠢᠨᠠᠷ ᠢ ᠤᠯᠠᠮ ᠬᠥᠨᠵᠡᠭᠡᠢ ᠲᠠᠨᠢᠵᠥ᠂ ᠮᠠᠯ | ᠲᠠᠷᠢᠶᠠᠯᠠᠩ ᠤᠨ ᠬᠠᠨᠭ᠍ᠭᠠᠯᠭ᠎ᠠ ᠶᠢᠨ ᠲᠠᠯ᠎ᠠ ᠶᠢᠨ ᠪᠥᠲᠥᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠶᠢᠨ | ᠲᠤᠯᠭᠠᠮ᠎ᠠ ᠴᠢᠨᠠᠷ ᠢ ᠤᠯᠠᠮ ᠬᠥᠨᠵᠡᠭᠡᠢ ᠤᠢᠢᠯᠠᠭᠠᠵᠥ᠂ ᠤᠲᠤᠬᠠᠨ ᠤ ᠡᠯ᠎ᠠ ᠵᠥᠢᠯ ᠤᠨ ᠠᠵᠢᠯ ᠢᠶᠠᠨ ᠰᠠᠶᠢᠲᠤᠷ | ᠲᠥᠯᠥᠪᠵᠢᠬᠦᠯᠵᠥ ᠨᠠᠶᠢᠲᠠᠪᠤᠷᠢᠵᠢᠭᠤᠯᠬᠤ ᠬᠡᠷᠡᠭᠲᠡᠢ ᠬᠡᠪᠡ᠃ | ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠲᠤᠭᠠᠷ ᠪᠥᠬᠦᠲᠠ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠥ᠂ ᠨᠠᠮ ᠢ ᠪᠥᠬᠦ | ᠲᠠᠯ᠎ᠠ ᠪᠠᠷ ᠴᠢᠩᠭ᠎ᠠ ᠵᠠᠰᠠᠬᠤ ᠶᠢ ᠭᠤᠶᠢᠪᠢᠰᠢ ᠥᠭᠡᠢ ᠠᠬᠢᠭᠤᠯᠬᠤ ᠬᠡᠷᠡᠭᠲᠡᠢ᠃ ᠲᠤᠭ ᠲᠡᠮᠲᠡᠭ ᠲᠤᠲᠤᠷᠬᠠᠢ ᠪᠠᠷ | ᠤᠯᠤᠰ ᠲᠥᠷᠥ ᠶᠢ ᠡᠷᠬᠢᠮᠯᠡᠵᠥ᠂ ᠤᠯᠤᠰ ᠲᠥᠷᠥ ᠶᠢᠨ ᠬᠥᠰᠡᠯᠡᠩ ᠢᠶᠠᠨ ᠪᠠᠲᠤ ᠪᠤᠢ ᠪᠤᠯᠭᠠᠵᠥ᠂ ᠤᠯᠤᠰ | ᠲᠥᠷᠥ ᠶᠢᠨ ᠴᠢᠭᠯᠡᠯ ᠢ ᠵᠥᠪ ᠤᠨᠤᠪᠴᠢᠲᠠᠢ ᠡᠵᠡᠮᠲᠡᠵᠥ᠂ ᠤᠯᠤᠰ ᠲᠥᠷᠥ ᠶᠢᠨ ᠵᠤᠭᠰᠤᠯᠲᠠ ᠪᠠᠨ ᠪᠠᠲᠤᠳᠬᠠᠵᠥ᠂ | ᠲᠥᠷᠪᠡᠨ ᠵᠥᠢᠯ ᠤᠨ ᠤᠬᠠᠮᠰᠠᠷ ᠢᠶᠠᠨ ᠥᠨᠡᠨᠬᠦ ᠴᠢᠩᠭᠠᠳᠬᠠᠵᠥ᠂ ᠨᠡᠩ ᠤᠬᠠᠮᠰᠠᠷ ᠠᠴᠠ ᠪᠠᠨ ᠥᠵᠡᠯ ᠰᠠᠨᠠᠭ᠎ᠠ | ᠤᠯᠤᠰ ᠲᠥᠷᠥ ᠥᠢᠯᠡ ᠠᠵᠢᠯᠯᠠᠭ᠎ᠠ ᠶᠢᠨ ᠲᠠᠯ᠎ᠠ ᠪᠠᠷ ᠶᠡᠷᠥᠩᠭᠡᠢ ᠱᠥᠵᠢ ᠰᠢ ᠶᠢᠨ ᠫᠢᠡᠭ ᠢᠶᠠᠷ ᠭᠤᠤᠯᠯᠠᠭᠴᠢ | ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠲᠡᠭᠡᠲᠥ ᠬᠡᠮᠵᠢᠶ᠎ᠠ ᠪᠠᠷ ᠨᠢᠭᠡᠲᠥᠯᠲᠡᠢ ᠪᠠᠶᠢᠬᠤ ᠬᠡᠷᠡᠭᠲᠡᠢ᠃ ᠨᠠᠮ ᠤᠨ | ᠲᠤᠲᠤᠭᠠᠲᠤᠬᠢ ᠤᠯᠤᠰ ᠲᠥᠷᠥ ᠶᠢᠨ ᠠᠮᠢᠲᠤᠷᠠᠯ ᠢ ᠴᠢᠩᠭᠠᠳᠬᠠᠨ ᠲᠥᠷᠢᠮᠵᠢᠬᠦᠯᠵᠥ᠂ ︽ᠪᠠᠷᠢᠮᠵᠢᠶ᠎ᠠ︾ ᠪᠤᠯᠤᠨ ︽ | ᠲᠥᠷᠢᠮ︾ ᠢ ᠴᠢᠩᠭ᠎ᠠ ᠬᠡᠷᠡᠭᠵᠢᠬᠦᠯᠵᠥ᠂ ᠥᠵᠡᠯ ᠰᠠᠨᠠᠭᠠᠨ ᠤ ᠬᠥᠮᠥᠵᠢᠯ ᠢ ᠰᠤᠯᠠᠷᠠᠭᠤᠯᠤᠰᠢ ᠥᠭᠡᠢ ᠠᠳᠬᠤᠵᠥ᠂ | ᠨᠠᠮ ᠤᠨ ᠰᠠᠬᠢᠯᠭ᠎ᠠ ᠪᠠᠲᠤ ᠶᠢ ᠤᠯᠠᠮ ᠴᠢᠩᠲᠠᠯᠠᠵᠥ᠂ ᠨᠠᠮ ᠤᠨ ᠲᠤᠲᠤᠭᠠᠲᠤᠬᠢ ᠤᠯᠤᠰ ᠲᠥᠷᠥ ᠶᠢᠨ ᠠᠮᠢᠲᠤᠷᠠᠯ ᠢ | ᠲᠠᠰᠤᠷᠠᠯᠲᠠ ᠥᠭᠡᠢ ᠴᠢᠩᠭᠠᠳᠬᠠᠬᠤ ᠬᠡᠷᠡᠭᠲᠡᠢ᠃ ᠨᠠᠮ ᠢ ᠬᠠᠮᠢᠶᠠᠷᠬᠤ ᠨᠠᠮ ᠢ ᠵᠠᠰᠠᠬᠤ ᠤᠯᠤᠰ ᠲᠥᠷᠥ ᠶᠢᠨ | ᠬᠠᠷᠢᠭᠤᠴᠠᠯᠭ᠎ᠠ ᠶᠢ ᠥᠨᠡᠨᠬᠦ ᠡᠬᠦᠷᠭᠡᠯᠡᠵᠥ᠂ ᠱᠠᠲᠤ ᠲᠠᠷᠠᠭᠠᠯᠠᠨ ᠠᠳᠬᠤᠵᠥ᠂ ᠱᠠᠲᠤ ᠲᠠᠷᠠᠭᠠᠯᠠᠨ | ᠨᠠᠶᠢᠲᠠᠪᠤᠷᠢᠵᠢᠭᠤᠯᠬᠤ ᠠᠵᠢᠯ ᠤᠨ ᠲᠤᠭᠲᠠᠴᠠ ᠶᠢ ᠪᠥᠷᠢᠯᠲᠥᠬᠦᠯᠬᠦ ᠬᠡᠷᠡᠭᠲᠡᠢ ᠬᠡᠪᠡ᠃ | ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠬᠠᠨᠭ᠍ᠭᠠᠯᠭ᠎ᠠ ᠶᠢᠨ ᠲᠠᠯ᠎ᠠ ᠶᠢᠨ ᠪᠥᠲᠥᠴᠡ ᠶᠢᠨ ᠴᠢᠨᠠᠷᠲᠠᠢ | ᠥᠭᠡᠷᠡᠴᠢᠯᠡᠯᠲᠡ ᠶᠢ ᠪᠠᠲᠤ ᠡᠵᠡᠮᠲᠡᠵᠥ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠵᠥ ᠲᠡᠰ ᠲᠡᠪᠰᠢᠬᠦᠯᠬᠦ᠂ | ᠴᠢᠨᠠᠷᠵᠢᠯ ᠢ ᠲᠡᠭᠡᠭᠰᠢᠯᠡᠬᠦᠯᠵᠥ ᠥᠷ᠎ᠠ ᠠᠰᠢᠭ ᠢ ᠨᠡᠮᠡᠭᠲᠡᠬᠦᠯᠬᠦ ᠬᠡᠷᠡᠭᠲᠡᠢ᠃ ᠨᠤᠲᠤᠭ ᠪᠡᠯᠴᠢᠭᠡᠷ ᠤᠨ ᠠᠮᠢ ᠠᠬᠤᠢ ᠶᠢ | ᠬᠠᠮᠠᠭᠠᠯᠠᠬᠤ ᠲᠠᠯ᠎ᠠ ᠪᠠᠷ ᠬᠥᠴᠥ ᠲᠠᠯᠪᠢᠵᠥ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠤᠷᠢ ᠱᠠᠩᠨᠠᠯ ᠤᠨ | ᠲᠥᠷᠥ ᠶᠢᠨ ᠪᠤᠲᠤᠯᠭ᠎ᠠ ᠶᠢ ᠬᠡᠷᠡᠭᠵᠢᠬᠦᠯᠬᠦ᠂ ᠨᠤᠲᠤᠭ ᠪᠡᠯᠴᠢᠭᠡᠷ ᠤᠨ ᠲᠠᠭᠠᠭᠠᠴᠢᠯᠠᠯᠲᠠ ᠶᠢᠨ ᠡᠷᠭᠡ ᠶᠢ | ᠲᠤᠲᠤᠷᠬᠠᠢᠢᠯᠠᠬᠤ ᠪᠤᠯᠤᠨ ᠮᠠᠯᠵᠢᠬᠤ ᠤᠷᠤᠨ ᠤ ᠥᠨᠲᠤᠰᠤᠨ ᠨᠤᠲᠤᠭ ᠪᠡᠯᠴᠢᠭᠡᠷ ᠤᠨ ᠵᠠᠭᠠᠭ ᠢ ᠲᠤᠭᠲᠠᠭᠠᠬᠤ᠂ | ᠭᠤᠤᠯᠲᠠᠯᠭᠠᠲᠤ ᠠᠮᠢ ᠠᠬᠤᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠡᠷᠭᠡ ᠡᠯ᠎ᠠ ᠵᠥᠢᠯ ᠤᠨ ᠠᠵᠢᠯ ᠢ | ᠪᠥᠬᠦ ᠲᠠᠯ᠎ᠠ ᠪᠠᠷ ᠰᠠᠶᠢᠲᠤᠷ ᠠᠳᠬᠤᠵᠥ᠂ ᠤᠲᠤ ᠥᠶ᠎ᠠ ᠶᠢᠨ ᠮᠠᠯ ᠠᠵᠤ ᠠᠬᠤᠢ ᠶᠢᠨ ᠬᠥᠭᠵᠢᠯᠲᠡ ᠳᠤ ᠬᠥᠴᠥᠲᠡᠢ | ᠪᠠᠲᠤᠯᠠᠭ᠎ᠠ ᠬᠠᠨᠭ᠍ᠭᠠᠬᠤ ᠬᠡᠷᠡᠭᠲᠡᠢ᠃ ᠠᠵᠤ ᠥᠢᠯᠡᠰ ᠤᠨ ᠪᠥᠲᠥᠴᠡ ᠶᠢ ᠲᠤᠬᠢᠷᠠᠭᠤᠯᠬᠤ ᠲᠠᠯ᠎ᠠ ᠪᠠᠷ ᠬᠥᠴᠥ ᠲᠠᠯᠪᠢᠵᠥ | ᠂ ︽ᠰᠢᠯᠢ ᠶᠢᠨ ᠭᠤᠤᠯ ᠤᠨ ᠬᠤᠨᠢᠨ ᠮᠢᠬ᠎ᠠ︾ ᠶᠢᠨ ᠨᠡᠷᠡᠲᠥ ᠲᠡᠮᠲᠡᠭ ᠤᠨ ᠲᠠᠪᠠᠭᠤᠯᠢᠭ ᠢ ᠪᠠᠲᠠᠷᠠᠭᠤᠯᠵᠥ᠂ | ᠰᠢᠯᠢᠲᠡᠭ ᠡᠬᠦᠯᠲᠡᠷ ᠤᠨ ᠬᠤᠨᠢ ᠥᠭᠡᠷ ᠮᠠᠯᠵᠢᠬᠤ ᠠᠵᠤ ᠥᠢᠯᠡᠰ ᠢ ᠰᠠᠶᠢᠲᠤᠷ ᠬᠥᠭᠵᠢᠬᠦᠯᠵᠥ᠂ ︽ᠬᠤᠨᠢ ᠶᠢ | ᠴᠥᠭᠡᠴᠢᠯᠡᠵᠥ ᠥᠭᠡᠷ ᠮᠠᠯᠵᠢᠬᠤ︾ ᠪᠠᠶᠢᠯᠲᠤᠬᠤ ᠪᠤᠲᠤᠯᠭ᠎ᠠ ᠶᠢᠨ ᠭᠡᠷᠡᠭᠵᠢᠬᠦᠯᠤᠯᠳᠠ ᠶᠢ ᠢᠲᠡᠪᠬᠢᠲᠡᠢ ᠠᠬᠢᠭᠤᠯᠬᠤ | ᠬᠡᠷᠡᠭᠲᠡᠢ᠃ ᠬᠥᠭᠵᠢᠯᠲᠡ ᠶᠢᠨ ᠲᠤᠲᠠᠭᠤᠲᠠᠯ ᠢ ᠨᠥᠬᠦᠪᠤᠷᠢᠯᠡᠬᠦ ᠲᠠᠯ᠎ᠠ ᠪᠠᠷ ᠬᠥᠴᠥ ᠲᠠᠯᠪᠢᠵᠥ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠠ ᠶᠢ ᠡᠬᠦᠳᠬᠦ᠂ ᠰᠠᠭᠤᠷᠢ ᠲᠥᠭᠦᠭᠡᠷᠥᠮᠵᠢ᠂ ᠨᠡᠶᠢᠭᠡᠮ ᠤᠨ ᠥᠢᠯᠡᠴᠢᠯᠡᠭᠡ ᠵᠡᠷᠭᠡ ᠲᠠᠯ᠎ᠠ ᠶᠢᠨ | ᠲᠤᠲᠠᠭᠤᠲᠠᠯ ᠢ ᠲᠥᠷᠭᠡᠨ ᠨᠥᠬᠦᠪᠤᠷᠢᠯᠡᠵᠥ᠂ ᠮᠠᠯ ᠠᠵᠤ ᠠᠬᠤᠢ ᠶᠢᠨ ᠬᠥᠭᠵᠢᠯᠲᠡ ᠶᠢᠨ ᠨᠥᠬᠦᠴᠡᠯ ᠢ | ᠥᠨᠲᠤᠰᠤᠨ ᠠᠴᠠ ᠨᠢ ᠰᠠᠶᠢᠵᠢᠷᠠᠭᠤᠯᠬᠤ ᠬᠡᠷᠡᠭᠲᠡᠢ ᠬᠡᠪᠡ᠃ | ᠯᠥᠸᠧ ᠬᠤ᠋ ᠽᠠᠢ ᠱᠠᠭᠠᠷᠲᠠᠬᠤ ᠳᠠᠭᠠᠨ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ | ᠪᠠᠶᠢᠴᠠᠭᠠᠵᠥ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠨᠠᠶᠢᠲᠠᠪᠤᠷᠢᠵᠢᠭᠤᠯᠬᠤ ᠠᠵᠢᠯ ᠢ ᠢᠲᠡᠪᠬᠢᠲᠡᠢ ᠬᠢᠵᠥ᠂ | ᠮᠠᠨ ᠤ ᠠᠶᠢᠮᠠᠭ ᠤᠨ ᠥᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠤᠢ ᠶᠢ ᠪᠡᠯᠭᠡᠯᠡᠬᠦ ᠡᠯ᠎ᠠ | ᠵᠥᠢᠯ ᠤᠨ ᠠᠵᠢᠯ ᠢ ᠰᠠᠶᠢᠲᠤᠷ ᠥᠷᠨᠢᠬᠦᠯᠵᠥ᠂ ᠪᠥᠬᠦ ᠤᠷᠤᠨ ᠤ ᠴᠢᠬᠤᠯᠠ ᠶᠡᠭᠡ ᠲᠥᠷᠥᠯ ᠵᠥᠢᠯ ᠢ ᠲᠥᠪᠯᠡᠷᠡᠬᠦᠯᠥᠨ | ᠠᠵᠢᠯ ᠡᠬᠢᠯᠡᠬᠦᠯᠬᠦ ᠪᠡᠯᠡᠳᠭᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠥ᠂ ᠠᠵᠤ ᠠᠬᠤᠢ ᠶᠢᠨ ᠡᠷᠬᠢᠯᠲᠡ ᠶᠢᠨ | ᠲᠤᠬᠢᠷᠠᠭᠤᠯᠤᠯᠲᠠ ᠶᠢ ᠴᠢᠩᠭᠠᠳᠬᠠᠵᠥ᠂ ᠲᠥᠷᠥᠬᠦᠥ ᠤᠯᠠᠷᠢᠯ ᠤᠨ ᠡᠯ᠎ᠠ ᠵᠥᠢᠯ ᠤᠨ ᠵᠢᠭᠠᠯᠲᠠ ᠲᠤᠭ᠎ᠠ ᠶᠢᠨ ᠰᠠᠶᠢᠨ | ᠡᠬᠢᠯᠡᠯᠲᠡ ᠶᠢ ᠪᠤᠢ ᠪᠤᠯᠭᠠᠬᠤ ᠬᠡᠷᠡᠭᠲᠡᠢ ᠬᠡᠪᠡ᠃ | ᠬᠤᠷᠠᠯ ᠳᠤ ᠪᠠᠰᠠ ᠪᠤᠰᠤᠳ ᠵᠥᠢᠯᠡᠰ ᠢ ᠰᠤᠲᠤᠯᠤᠨ ᠶᠠᠷᠢᠯᠴᠠᠵᠠᠢ᠃ |