ᠮᠠᠨ ᠤ ᠠᠶᠢᠮᠠᠭ ᠤᠢ ᠰᠢᠭᠤᠢ ᠲᠠᠯ᠎ᠠ ᠨᠤᠳᠤᠭ ᠤᠨ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2017/3/31
    3 ᠳ᠋ᠤᠭᠠᠷ ᠰᠠᠷ᠎ᠠ ᠶᠢᠨ 24 ᠤ ᠡᠳᠦᠷ᠂ ᠰᠢᠯᠢ ᠶᠢᠨ ᠬᠤᠳᠠ ᠤᠷᠤᠨ ᠤ 2017 ᠤᠨ ᠤ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠰᠢᠯᠢ ᠶᠢᠨ ᠬᠤᠳᠠ ᠶᠢᠨ ᠪᠠᠶᠢᠰᠡ ᠶᠢᠨ ᠰᠦᠮ᠎ᠡ ᠠᠭᠤᠳᠠᠮ ᠲᠠᠯᠠᠪᠠᠢ ᠳᠤ ᠶᠠᠪᠤᠭᠳᠠᠪᠠ᠃       ᠲᠤᠰ ᠤᠳᠠᠭᠠᠨ ᠤ ᠠᠵᠢᠯᠯᠠᠭ᠎ᠠ ᠶᠢ ᠠᠶᠢᠮᠠᠭ ᠬᠤᠳᠠ ᠶᠢᠨ ᠭᠠᠯ ᠰᠡᠷᠭᠡᠶᠢᠯᠡᠯᠳᠠ ᠶᠢᠨ ᠵᠢᠯᠤᠭᠤᠳᠬᠤ ᠬᠡᠯᠲᠡᠰ ᠪᠤᠯᠤᠨ ᠵᠡᠪᠰᠡᠭᠳᠤ ᠴᠠᠭᠳᠠᠭᠠᠨ ᠤ ᠰᠢᠯᠢ ᠶᠢᠨ ᠭᠤᠤᠯ ᠠᠶᠢᠮᠠᠭ ᠲᠠᠬᠢ ᠤᠢ ᠰᠢᠭᠤᠢ ᠶᠢᠨ ᠰᠠᠯᠪᠤᠷᠢ ᠠᠩᠭᠢ ᠬᠠᠮᠳᠤᠷᠠᠨ ᠡᠷᠬᠢᠯᠡᠵᠡᠢ᠃ ᠤᠬᠠᠭᠤᠯᠭ᠎ᠠ ᠳᠤ᠂ ᠤᠯᠠᠨ ᠵᠥᠢᠯ ᠤᠨ ᠬᠡᠯᠪᠡᠷᠢ ᠪᠠᠷ ᠤᠢ ᠰᠢᠭᠤᠢ ᠨᠤᠳᠤᠭ ᠪᠡᠯᠴᠢᠭᠡᠷ ᠤᠨ ᠭᠠᠯ ᠳᠦᠢᠮᠠᠷ ᠰᠡᠷᠭᠡᠶᠢᠯᠡᠬᠦ ᠮᠡᠳᠡᠯᠬᠡ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠤᠳᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ᠂ ᠠᠶᠢᠮᠠᠭ ᠬᠤᠳᠠ ᠶᠢᠨ ᠭᠠᠯ ᠳᠦᠢᠮᠡᠷ ᠰᠡᠷᠭᠡᠶᠢᠯᠡᠬᠦ ᠮᠡᠳᠡᠭᠳᠡᠯ ᠵᠡᠷᠭᠡ ᠬᠠᠮᠢᠶ᠎ᠠ ᠪᠦᠬᠦᠢ ᠲᠦᠷᠢᠮ ᠲᠤᠭᠳᠠᠭᠠᠯ ᠪᠤᠯᠤᠨ ᠮᠡᠳᠡᠯᠭᠡ ᠶᠢ ᠤᠬᠠᠭᠤᠯᠪᠠ᠃       ᠬᠠᠪᠤᠷ ᠠᠴᠠ ᠨᠠᠰᠢ᠂ ᠮᠠᠨ ᠤ ᠠᠶᠢᠮᠠᠭ ᠤᠨ ᠠᠭᠠᠷ ᠤᠨ ᠲᠤᠯᠠᠭᠠᠨ ᠲᠡᠭᠡᠭᠰᠢᠯᠡᠵᠤ᠂ ᠠᠭᠤᠷ ᠠᠮᠢᠰᠬᠤᠯ ᠬᠠᠭᠤᠷᠠᠢ᠂ ᠰᠠᠯᠬᠢᠨ ᠤ ᠬᠦᠴᠦᠨ ᠶᠡᠭᠡ ᠮᠦᠷᠳᠡᠭᠡᠨ ᠰᠢᠳᠠᠬᠤ ᠳᠤ ᠬᠢᠯᠪᠠᠷ ᠪᠤᠳᠠᠰ ᠤᠯᠠᠰᠢᠷᠠᠵᠤ᠂ ᠭᠠᠯ ᠲᠦᠢᠮᠡᠷ ᠡᠭᠦᠰᠬᠦ ᠪᠤᠯᠤᠮᠵᠢ ᠶᠡᠭᠡ ᠪᠤᠯᠪᠠ᠃ ᠤᠨᠴᠠᠭᠠᠢᠢᠯᠠᠨ ᠬᠠᠨᠭ᠍ᠰᠢ ᠶᠢᠨ ᠡᠲᠥᠷ ᠤᠢᠢᠷᠠᠳᠬᠤ ᠲᠠᠰᠢᠷᠠᠮ ᠢᠶᠠᠷ᠂ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠬᠦ ᠠᠵᠢᠯ ᠢ ᠨᠡᠩ ᠴᠢᠩᠭᠠᠳᠬᠠᠬᠤ ᠴᠢᠬᠤᠯᠠᠳᠠᠢ ᠪᠤᠯᠪᠠ᠃ ᠡᠶᠢᠨᠬᠦ ᠠᠶᠢᠮᠠᠭ ᠬᠤᠳᠠ ᠬᠤᠶᠠᠷ ᠱᠠᠳᠤᠨ ᠤ ᠭᠠᠯ ᠰᠡᠷᠭᠡᠶᠢᠯᠡᠯᠳᠡ ᠶᠢᠨ ᠵᠢᠯᠤᠭᠤᠳᠬᠤ ᠬᠡᠯᠲᠡᠰ ᠤᠨ ᠬᠢᠨ ᠡᠯ᠎ᠡ ᠪᠠᠶᠢᠭᠤᠯᠭ᠎ᠠ᠂ ᠬᠠᠮᠳᠤ ᠨᠢᠭᠡᠴᠡ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠰᠡᠷᠬᠡᠶᠢᠯᠡᠬᠦ ᠬᠠᠷᠢᠭᠤᠴᠠᠯᠭ᠎ᠠ ᠪᠠᠨ ᠲᠤᠳᠤᠷᠬᠠᠢᠢᠯᠠᠵᠤ᠂ ᠲᠤᠭᠳᠠᠭᠰᠠᠨ ᠬᠤᠭᠤᠴᠠᠭ᠎ᠠ ᠲᠠᠢ ᠭᠠᠯ ᠰᠡᠷᠭᠡᠶᠢᠯᠡᠬᠦ ᠪᠠᠶᠢᠴᠠᠭᠠᠯᠳᠠ ᠬᠢᠬᠦ ᠬᠡᠷᠡᠭᠳᠡᠢ︔ ᠬᠡᠭᠡᠷ᠎ᠡ ᠭᠠᠳᠠᠭ᠎ᠠ ᠠᠵᠢᠯᠯᠠᠵᠤ ᠪᠠᠶᠢᠬᠤ ᠪᠠᠶᠢᠭᠤᠯᠭ᠎ᠠ ᠬᠠᠮᠢᠶ᠎ᠠ ᠪᠦᠬᠦᠢ ᠲᠦᠷᠢᠮ ᠲᠤᠭᠳᠠᠭᠠᠯ ᠢ ᠰᠠᠶᠢᠳᠤᠷ ᠵᠢᠷᠦᠮᠯᠠᠬᠤ ᠬᠡᠷᠡᠭᠳᠡᠢ ︔ ᠴᠠᠭᠠᠰᠤ ᠬᠦᠵᠢ ᠰᠢᠳᠠᠭᠠᠬᠤ ᠵᠡᠷᠭᠡ ᠤᠯᠠᠮᠵᠢᠯᠠᠯᠳᠤ ᠲᠠᠬᠢᠯᠭ᠎ᠠ ᠶᠢᠨ ᠬᠡᠯᠪᠡᠷᠢ ᠪᠠᠨ ᠦᠭᠡᠷᠡᠴᠢᠯᠡᠵᠤ᠂ ᠠᠮᠤᠷ ᠲᠦᠪᠰᠢᠨ᠂ ᠪᠤᠬᠢᠷᠳᠤᠯ ᠦᠭᠡᠢ᠂ ᠪᠤᠯᠪᠠᠰᠤᠨ ᠲᠠᠬᠢᠯᠭ᠎ᠠ ᠶᠢ ᠡᠷᠬᠢᠮᠯᠡᠬᠦ ᠬᠡᠷᠡᠭᠳᠡᠢ︔ ᠬᠡᠭᠡᠷ᠎ᠡ ᠭᠠᠳᠠᠭ᠎ᠠ ᠲᠠᠮᠠᠬᠢ ᠲᠠᠳᠠᠬᠤ᠂ ᠰᠢᠷᠠᠮᠠᠯ ᠰᠢᠷᠠᠬᠤ ᠵᠡᠷᠭᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ︔ ᠤᠯᠠᠨ ᠢᠶᠠᠷ ᠢᠶᠠᠨ ᠬᠦᠳᠡᠯᠦᠯᠴᠡᠨ ᠨᠡᠶᠢᠳᠡ  ᠪᠠᠷ ᠢᠶᠠᠨ ᠰᠡᠷᠭᠡᠶᠢᠯᠡᠵᠤ᠂ ᠠᠮᠢ ᠠᠬᠤᠢ ᠪᠤᠯᠤᠨ ᠠᠷᠠᠳ ᠤᠯᠠᠨ ᠤ ᠠᠮᠢ ᠨᠠᠰᠤ ᠡᠳ᠋ ᠬᠤᠭᠰᠢᠯ ᠤᠨ ᠠᠮᠤᠷ ᠲᠦᠪᠰᠢᠨ ᠢ ᠪᠠᠳᠤᠯᠠᠬᠤ ᠬᠡᠷᠡᠭᠳᠡᠢ ᠭᠡᠵᠤ ᠰᠠᠨᠠᠭᠤᠯᠵᠤ ᠪᠠᠶᠢᠨ᠎ᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号