ᠭᠤᠤᠯᠳᠠᠯᠭ᠎ᠠ ᠶᠢᠨ ᠳᠤᠭᠤᠷᠢᠨ ᠳᠤ ᠶᠡᠭᠡ ᠲᠠᠯ᠎ᠠ ᠳᠤ ᠥᠢᠯᠡᠴᠢᠯᠡᠵᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠤ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠳᠠᠪᠠᠯᠳᠠᠳᠤ ᠬᠦᠭᠵᠢᠯᠳᠡ ᠳᠤ ᠰᠢᠨ᠎ᠡ ᠬᠦᠳᠡᠯᠭᠡᠬᠦ ᠬᠦᠴᠤᠨ ᠨᠡᠮᠡᠷᠢᠯᠡᠰᠤᠭᠡᠢ
ᠨᠡᠶᠢᠲᠡᠯᠡᠭᠰᠡᠨ ᠴᠠᠭ᠄
2017/3/31
    3 ᠳ᠋ᠤᠭᠠᠷ ᠰᠠᠷ᠎ᠡ ᠶᠢᠨ 27 ᠤ ᠡᠳᠦᠷ᠂ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭᠠᠨ ᠤ ᠬᠤᠷᠠᠯ ᠰᠢᠯᠢ ᠶᠢᠨ ᠬᠤᠲᠠ ᠳᠤ ᠬᠤᠷᠠᠯᠳᠤᠵᠦ᠂ ᠠᠶᠢᠮᠠᠬ ᠤᠨ ᠵᠠᠬᠢᠷᠭ᠎ᠠ᠂ ᠠᠷᠠᠳ ᠤᠨ ᠲᠤᠮᠳᠠ ᠵᠡᠷᠭᠡ ᠶᠢᠨ ᠰᠢᠬᠦᠬᠦ ᠬᠤᠷᠢᠶ᠎ᠠ ᠂ ᠪᠠᠶᠢᠴᠠᠭᠠᠬᠤ ᠬᠤᠪᠢᠶᠠᠷᠢ ᠬᠤᠷᠢᠶ᠎ᠡ ᠶᠢᠨ ᠠᠵᠢᠯ ᠤᠨ ᠬᠠᠷᠢᠭᠤ ᠮᠡᠳᠡᠬᠦᠯᠦᠯᠲᠡ ᠶᠢ ᠰᠤᠨᠤᠰᠴᠦ ᠬᠢᠨᠠᠠ ᠵᠥᠪᠯᠡᠵᠦ᠂ 2016 ᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠬᠡᠮ ᠤᠨ ᠭᠦᠭᠵᠢᠯᠲᠡ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠪᠤᠯᠤᠨ 2017 ᠤᠨ ᠤ ᠠᠵᠦ ᠠᠬᠤᠢ ᠪᠠ ᠨᠡᠶᠢᠬᠡᠮ ᠤᠨ ᠭᠦᠭᠵᠢᠯᠲᠡ ᠶᠢᠨ ᠲᠦᠯᠦᠪᠯᠡᠭᠡ ᠶᠢᠨ ᠪᠠᠶᠢᠷᠢᠯᠠᠭᠤᠯᠤᠯᠳᠡ ᠶᠢᠨ ᠪᠠᠶᠢᠳᠠᠯ ᠤᠨ ᠬᠠᠷᠢᠭᠤ ᠮᠡᠳᠡᠬᠦᠯᠦᠯᠲᠡ᠂ 2016 ᠤᠨ ᠤ ᠠᠶᠢᠮᠠᠭ ᠤᠨ ᠲᠡᠰ ᠤᠨ ᠡᠳ᠋ ᠤᠨ ᠵᠠᠰᠠᠭ ᠤᠨ ᠲᠦᠰᠦᠪ ᠢ ᠬᠡᠷᠡᠭᠵᠢᠬᠦᠯᠦᠭᠰᠡᠨ ᠪᠠᠶᠢᠳᠠᠯ ᠪᠤᠯᠤᠨ 2017 ᠤᠨ ᠤ ᠡᠳ᠋ ᠤᠨ ᠵᠠᠰᠠᠭ ᠤᠨ ᠲᠦᠰᠦᠪ ᠤᠨ ᠪᠠᠶᠢᠷᠢᠯᠠᠭᠤᠯᠤᠯᠳᠡ ᠶᠢᠨ ᠪᠠᠶᠢᠳᠠᠯ ᠤᠨ ᠬᠠᠷᠢᠭᠤ ᠮᠡᠳᠡᠬᠦᠯᠦᠯᠲᠡ ᠶᠢ ᠰᠤᠨᠤᠰᠴᠦ ᠬᠢᠨᠠᠨ ᠵᠦᠪᠯᠡᠵᠦ᠂ 2017 ᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠶᠢᠷᠢᠯᠠᠭᠤᠯᠵᠠᠢ᠃     ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ᠂ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠡᠤ ᠭᠦᠸᠧ ᠳ᠋ᠦᠩ ᠬᠤᠷᠠᠯ ᠳᠤ ᠤᠷᠤᠯᠴᠠᠭᠰᠠᠨ ᠪᠦᠭᠡᠳ ᠶᠡᠷᠢᠶ᠎ᠡ ᠲᠠᠯᠪᠢᠪᠠ᠃ ᠠᠶᠢᠮᠠᠭ ᠤᠨ ᠤᠳᠤᠷᠢᠳᠤᠯᠭ᠎ᠠ ᠶᠤᠤ ᠶᠦᠩ ᠪᠦᠸᠧ᠂ ᠴᠢ᠊ ᠪᠠᠶᠠᠷ᠂ ᠪᠠᠭᠠᠳᠤᠷ᠂ ᠰᠢᠶᠧ ᠵᠢᠶᠦ᠋ᠨ᠂ ᠰᠢᠩ ᠸᠧᠨ ᠹᠧᠩ᠂ ᠵᠠᠩ ᠰᠢᠨ ᠲᠢᠩ ᠨᠠᠷ ᠬᠤᠷᠠᠯ ᠳᠤ ᠤᠷᠤᠯᠴᠠᠪᠠ᠃ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ ᠪᠠᠢ ᠯᠢ ᠰᠢᠶᠠ ᠬᠤᠷᠠᠯ ᠡᠷᠬᠢᠯᠡᠪᠡ᠃       ᠯᠦᠸᠧ ᠬᠤ᠋ ᠽᠠᠢ ᠵᠢᠭᠠᠬᠤ ᠳᠠᠭᠠᠨ᠂ ᠦᠩᠭᠡᠷᠡᠭᠰᠡᠨ ᠨᠢᠬᠡ ᠵᠢᠯ ᠳᠤ ᠪᠦᠬᠦ ᠠᠶᠢᠮᠠᠭ ᠤᠨ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠬᠢᠶᠠᠨ ᠪᠠᠶᠢᠭᠤᠯᠤᠯᠲᠠ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢ ᠪᠠᠷᠢᠮᠳᠠᠯᠠᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠡ ᠶᠠᠷᠢᠶᠠᠨ ᠤ ᠵᠤᠷᠢᠭ ᠰᠠᠨᠠᠭ᠎ᠠ ᠪᠤᠯᠤᠨ ᠤᠯᠤᠰ ᠢ ᠵᠠᠰᠠᠵᠦ ᠵᠠᠰᠠᠭ ᠢ ᠡᠷᠬᠢᠯᠡᠬᠦ ᠰᠢᠨ᠎ᠡ ᠤᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠭᠡᠢ ᠰᠤᠷᠤᠯᠴᠠᠨ ᠨᠠᠶᠢᠳᠠᠪᠤᠷᠢᠵᠢᠭᠤᠯᠵᠦ᠂ ᠲᠦᠪ ᠬᠤᠷᠢᠶ᠎ᠡ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶ᠎ᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠢ ᠰᠢᠷᠢᠰ ᠪᠠᠶᠢᠷᠢᠯᠠᠭᠤᠯᠤᠯᠲᠠ ᠶᠢ ᠪᠦᠬᠦ ᠲᠠᠯ᠎ᠡ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠤᠷᠤᠨ ᠨᠤᠳᠤᠬ ᠤᠨ ᠳᠦᠷᠦ ᠶᠢᠨ ᠡᠷᠭᠡᠲᠦ ᠪᠠᠶᠢᠭᠤᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠦ᠂ ᠪᠦᠬᠦ ᠠᠶᠢᠮᠠᠭ ᠤᠨ ᠠᠵᠦ ᠠᠬᠤᠢ ᠨᠡᠶᠢᠭᠡᠮ ᠤᠨ ᠬᠦᠭᠵᠢᠯᠲᠡ ᠪᠤᠯᠤᠨ ᠠᠷᠠᠳᠴᠢᠯᠠᠯᠳᠤ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠡ ᠬᠤᠪᠢ ᠨᠡᠮᠡᠷᠢ ᠦᠵᠡᠬᠦᠯᠵᠠᠢ ᠭᠡᠪᠡ᠃       ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠤᠨ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠬᠢᠶᠠᠨ ᠪᠠᠶᠢᠭᠤᠯᠤᠯᠲᠠ ᠨᠢ ᠨᠠᠮ ᠤᠨ ᠤᠳᠤᠷᠢᠳᠤᠯᠭ᠎ᠠ ᠶᠢ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠦ᠂ ᠵᠦᠪ ᠤᠨᠤᠪᠴᠢᠲᠠᠢ ᠤᠯᠤᠰ ᠲᠦᠷᠦ ᠶᠢᠨ ᠴᠢᠭᠯᠡᠯ ᠢ ᠡᠷᠡᠰ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠵᠦ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠡᠷᠡᠰ ᠬᠠᠮᠠᠭᠠᠯᠠᠬᠤ ᠬᠡᠷᠡᠭᠲᠡᠢ᠃ ᠭᠤᠤᠯᠳᠠᠯᠭ᠎ᠠ ᠶᠢᠨ ᠲᠤᠭᠤᠷᠢᠨ ᠳᠤ ᠶᠡᠭᠡ ᠳᠠᠯ᠎ᠠ ᠳᠤ ᠦᠢᠯᠡᠴᠢᠯᠡᠵᠦ ᠡᠭᠦᠷᠬᠡ ᠬᠠᠷᠢᠭᠤᠴᠠᠯᠭ᠎ᠠ ᠪᠠᠨ ᠬᠦᠢᠴᠡᠳᠭᠡᠵᠦ ᠪᠦᠬᠦ ᠠᠶᠢᠮᠠᠭ ᠤᠨ ᠠᠵᠦ ᠠᠬᠤᠢ ᠨᠡᠶᠢᠭᠡᠮ ᠤᠨ ᠲᠠᠪᠠᠯᠲᠠᠲᠤ ᠭᠦᠭᠵᠢᠯᠲᠡ ᠶᠢ ᠠᠬᠢᠭᠤᠯᠬᠤ ᠳᠤ ᠰᠢᠨ᠎ᠡ ᠬᠦᠳᠡᠯᠭᠡᠭᠦ ᠬᠦᠴᠦᠨ ᠨᠡᠮᠡᠷᠢᠯᠡᠬᠦ ᠬᠡᠷᠡᠭᠲᠡᠢ᠃ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ᠂ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠵᠡᠷᠭᠡ ᠴᠢᠬᠤᠯᠡ ᠶᠡᠭᠡ ᠠᠰᠠᠭᠤᠳᠠᠯ ᠤᠨ ᠲᠤᠭᠤᠷᠢᠨ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠨᠠᠷᠢᠯᠢᠭ ᠵᠤᠬᠢᠶᠠᠨ ᠪᠠᠶᠢᠭᠤᠯᠵᠦ᠂ ᠴᠢᠬᠤᠯᠡ ᠶᠡᠭᠡ ᠲᠦᠷᠦᠯ ᠵᠦᠢᠯ᠂ ᠭᠤᠤᠯᠳᠠᠯᠭᠠᠲᠦ ᠠᠵᠢᠯ ᠪᠤᠯᠤᠨ ᠴᠢᠬᠤᠯᠡ ᠶᠡᠭᠡ ᠦᠬᠡᠷᠡᠴᠢᠯᠡᠯᠲᠡ ᠶᠢ ᠠᠬᠢᠭᠤᠯᠬᠤ ᠳᠤ ᠢᠳᠡᠪᠬᠢᠲᠡᠢ ᠤᠷᠤᠯᠴᠠᠵᠦ᠂ ᠪᠦᠬᠦ ᠠᠶᠢᠮᠠᠭ ᠤᠨ ᠠᠵᠦ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠳᠤ ᠠᠷᠭ᠎ᠠ ᠤᠬᠠᠭᠠᠨ ᠬᠦᠴᠦᠨ ᠴᠢᠳᠡᠯ ᠢᠶᠠᠨ ᠡᠷᠬᠦᠬᠦ ᠬᠡᠷᠡᠭᠲᠡᠢ᠃ ᠠᠷᠠᠳᠴᠢᠯᠠᠯ ᠬᠠᠤᠯᠢᠵᠢᠯ ᠤᠨ ᠬᠠᠷᠢᠶᠠᠨ ᠳᠠᠬᠢ ᠦᠬᠡᠷᠡᠴᠢᠯᠡᠯᠲᠡ ᠶᠢ ᠠᠬᠢᠭᠤᠯᠵᠦ᠂ ᠦᠬᠡᠷᠡᠴᠢᠯᠡᠯᠲᠡ ᠶᠢ ᠬᠡᠷᠡᠭᠵᠢᠬᠦᠯᠵᠦ ᠪᠠᠶᠢᠭ᠎ᠠ ᠪᠠᠶᠢᠳᠠᠯ ᠳᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠ ᠠᠵᠢᠯ ᠤᠨ ᠬᠢᠨᠠᠯᠲᠠ ᠲᠠᠯᠪᠢᠬᠤ ᠶᠢ ᠴᠢᠩᠭᠠᠳᠬᠠᠵᠦ᠂ ᠠᠷᠠᠳ ᠤᠨ ᠠᠮᠢᠳᠤᠷᠠᠯ ᠤᠨ ᠬᠠᠷᠢᠶᠠᠨ ᠳᠠᠬᠢ ᠨᠢᠭᠡᠳᠤᠯᠲᠡᠢ ᠪᠠᠶᠢᠴᠠᠭᠠᠨ ᠰᠤᠳᠤᠯᠤᠯᠳᠡ ᠶᠢ ᠬᠦᠨᠵᠡᠬᠡᠢ ᠥᠷᠨᠢᠬᠦᠯᠵᠦ᠂ ᠡᠯ᠎ᠡ ᠵᠦᠢᠯ ᠤᠨ ᠠᠷᠠᠳ ᠲᠤ ᠠᠰᠢᠭ ᠬᠦᠷᠳᠡᠬᠡᠬᠦ ᠠᠷᠭ᠎ᠠ ᠬᠡᠮᠵᠢᠶ᠎ᠡ ᠪᠤᠯᠤᠨ ᠴᠢᠬᠤᠯᠡ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠦᠷ᠎ᠡ ᠪᠦᠲᠦᠮᠵᠢ ᠤᠯᠬᠤ ᠶᠢ ᠠᠬᠢᠭᠤᠯᠵᠦ᠂ ᠠᠷᠠᠳ ᠤᠨ ᠰᠠᠨᠠᠯ ᠢ ᠰᠤᠨᠤᠰᠴᠦ᠂ ᠵᠥᠷᠢᠴᠡᠯ ᠵᠢᠭᠤᠷᠠᠭᠠᠨ ᠢ ᠪᠠᠶᠢᠴᠠᠭᠠᠨ ᠡᠶᠡᠲᠡᠬᠦᠯᠬᠦ ᠠᠵᠢᠯ ᠢ ᠢᠲᠡᠪᠬᠢᠲᠡᠢ ᠰᠠᠨᠠᠭᠠᠴᠢᠯᠠᠭᠠᠲᠠᠢ ᠰᠠᠶᠢᠲᠤᠷ ᠬᠢᠵᠥ᠂ ᠨᠡᠶᠢᠭᠡᠮ ᠤᠨ ᠪᠠᠶᠢᠲᠠᠯ ᠠᠷᠠᠳ ᠤᠨ ᠰᠠᠨᠠᠯ ᠳᠤ ᠨᠡᠶᠢᠴᠡᠭᠰᠡᠨ ᠰᠢᠢᠳᠪᠤᠷᠢᠲᠤ ᠪᠠᠶᠢᠷᠢᠯᠠᠭᠤᠯᠤᠯᠲᠠ ᠶᠢ ᠨᠠᠶᠢᠲᠠᠪᠤᠷᠢᠵᠢᠭᠤᠯᠵᠥ᠂ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠰᠢᠢᠳᠪᠤᠷᠢᠲᠤ ᠪᠠᠶᠢᠷᠢᠯᠠᠭᠤᠯᠤᠯᠲᠠ ᠶᠢ ᠨᠡᠩ ᠰᠢᠨᠵᠢᠯᠡᠬᠦ ᠤᠬᠠᠭᠠᠨᠴᠢ ᠪᠥᠷᠢᠨ ᠲᠡᠬᠦᠯᠲᠡᠷ ᠪᠤᠯᠭᠠᠵᠥ᠂ ᠡᠯ᠎ᠠ ᠵᠥᠢᠯ ᠤᠨ ᠠᠵᠢᠯ ᠢ ᠨᠡᠩ ᠢᠯᠡᠬᠦᠥ ᠠᠷᠠᠳ ᠤᠨ ᠰᠡᠳᠬᠢᠯ ᠳᠤ ᠨᠡᠶᠢᠴᠡᠬᠦᠯᠬᠦ ᠬᠡᠷᠡᠭᠲᠡᠢ ᠭᠡᠪᠡ᠃       ᠯᠥᠸᠧ ᠬᠤ᠋ ᠽᠠᠢ ᠴᠢᠬᠤᠯᠠᠴᠢᠯᠠᠬᠤ ᠳᠠᠭᠠᠨ᠂ ᠪᠥᠬᠦ ᠠᠶᠢᠮᠠᠭ ᠤᠨ ᠡᠯ᠎ᠠ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠬᠢᠶᠠᠨ ᠪᠠᠶᠢᠭᠤᠯᠤᠯᠲᠠ ᠬᠠᠤᠯᠢ ᠶᠤᠰᠤᠭᠠᠷ ᠡᠬᠦᠷᠭᠡ ᠬᠠᠷᠢᠭᠤᠴᠠᠯᠭ᠎ᠠ ᠪᠠᠨ ᠬᠥᠢᠴᠡᠳᠭᠡᠬᠦ ᠴᠢᠲᠠᠪᠤᠷᠢ ᠪᠤᠯᠤᠨ ᠲᠥᠪᠰᠢᠨ ᠢᠶᠠᠨ ᠲᠠᠰᠤᠷᠠᠯᠲᠠ ᠥᠭᠡᠢ ᠲᠡᠭᠡᠭᠰᠢᠯᠡᠬᠦᠯᠵᠥ᠂ ᠬᠠᠤᠯᠢ ᠶᠤᠰᠤᠭᠠᠷ ᠠᠶᠢᠮᠠᠭ ᠢᠶᠠᠨ ᠵᠠᠰᠠᠬᠤ ᠶᠢ ᠠᠬᠢᠭᠤᠯᠬᠤ ᠳᠤ ᠰᠢᠨ᠎ᠠ ᠬᠤᠪᠢ ᠨᠡᠮᠡᠷᠢ ᠦᠵᠡᠭᠦᠯᠬᠦ ᠭᠡᠷᠡᠭᠳᠠᠢ᠃ ᠡᠯ᠎ᠠ ᠱᠠᠲᠤᠨ ᠤ ᠨᠠᠮ ᠤᠨ ᠬᠤᠷᠢᠶ᠎ᠠ ᠥᠵᠡᠯ ᠰᠠᠨᠠᠭ᠎ᠠ᠂ ᠤᠯᠤᠰ ᠲᠥᠷᠥ᠂ ᠵᠤᠬᠢᠶᠠᠨ ᠪᠠᠶᠢᠭᠤᠯᠤᠯᠲᠠ ᠶᠢᠨ ᠲᠠᠯ᠎ᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠲᠤᠷᠢᠲᠤᠯᠭ᠎ᠠ ᠪᠠᠨ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠤᠲᠤᠷᠢᠳᠬᠤ ᠲᠤᠭᠲᠠᠴᠠ ᠪᠠᠨ ᠲᠡᠬᠦᠯᠲᠡᠷᠵᠢᠬᠦᠯᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠭᠠᠷ ᠡᠷᠭᠡ ᠡᠬᠦᠷᠭᠡ ᠪᠠᠨ ᠬᠥᠢᠴᠡᠳᠭᠡᠬᠦ ᠶᠢ ᠲᠠᠮᠵᠢᠵᠥ᠂ ᠵᠠᠰᠠᠭ ᠤᠨ ᠤᠷᠲᠤᠨ ᠪᠤᠯᠤᠨ ᠰᠢᠬᠦᠬᠦ ᠬᠤᠷᠢᠶ᠎ᠠ ᠪᠠᠶᠢᠴᠠᠭᠠᠬᠤ ᠬᠤᠪᠢᠶᠠᠷᠢ ᠬᠤᠷᠢᠶᠠᠨ ᠳᠤ ᠬᠠᠤᠯᠢ ᠶᠤᠰᠤᠭᠠᠷ ᠬᠢᠨᠠᠯᠲᠠ ᠲᠠᠯᠪᠢᠬᠤ ᠶᠢ ᠴᠢᠩᠭᠠᠳᠬᠠᠵᠥ᠂ ᠬᠠᠤᠯᠢ ᠶᠤᠰᠤᠭᠠᠷ ᠵᠠᠰᠠᠭᠯᠠᠬᠤ ᠪᠤᠯᠤᠨ ᠲᠥᠪ ᠭᠤᠤᠯᠴᠢ ᠪᠠᠷ ᠬᠠᠤᠯᠢ ᠬᠡᠷᠡᠭᠵᠢᠬᠦᠯᠬᠦ ᠶᠢ ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠷᠤᠭᠰᠢᠲᠠᠢ ᠥᠷᠨᠢᠬᠦ ᠶᠢ ᠪᠠᠲᠤᠯᠠᠬᠤ ᠬᠡᠷᠡᠭᠲᠡᠢ ᠬᠡᠪᠡ᠃       ᠡᠥ ᠬᠥᠸᠧ ᠳ᠋ᠥᠡᠭ ᠵᠢᠭᠠᠬᠤ ᠳᠠᠭᠠᠨ᠂ ᠡᠨᠡ ᠵᠢᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠠᠶᠢᠮᠠᠭ ᠤᠨ ᠨᠠᠮ ᠤᠨ ᠬᠤᠷᠢᠶᠠᠨ ᠤ ᠰᠢᠢᠳᠪᠤᠷᠢᠲᠤ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠲᠠᠪᠤᠷᠢᠵᠢᠭᠤᠯᠵᠥ᠂ ᠬᠢᠨᠠᠯᠲᠠ ᠲᠠᠯᠪᠢᠬᠤ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠥ᠂ ᠬᠠᠤᠯᠢ ᠲᠤᠭᠲᠠᠭᠠᠬᠤ ᠠᠵᠢᠯ ᠳᠤ ᠰᠠᠨᠠᠭᠠᠴᠢᠯᠠᠭᠠᠲᠠᠢ ᠤᠷᠤᠯᠴᠠᠵᠥ᠂ ᠲᠥᠯᠥᠭᠡᠯᠡᠭᠴᠢᠳ ᠤᠨ ᠠᠵᠢᠯ ᠢ ᠥᠷᠬᠦᠯᠵᠢᠯᠡᠨ ᠬᠥᠨᠵᠡᠭᠡᠶᠢᠷᠡᠬᠦᠯᠥᠨ ᠥᠷᠭᠡᠳᠭᠡᠵᠥ᠂ ᠴᠢᠬᠤᠯᠠ ᠶᠡᠭᠡ ᠶᠠᠪᠤᠳᠠᠯ ᠢ ᠶᠠᠷᠢᠯᠴᠠᠨ ᠰᠢᠢᠳᠪᠤᠷᠢ ᠭᠠᠷᠭᠠᠬᠤ ᠠᠵᠢᠯ ᠢ ᠰᠠᠶᠢᠲᠤᠷ ᠬᠢᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠬᠠᠤᠯᠢ ᠶᠤᠰᠤᠭᠠᠷ ᠥᠷᠨᠢᠬᠦᠯᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠥᠪᠰᠢᠨ ᠢ ᠪᠥᠬᠦ ᠲᠠᠯ᠎ᠠ ᠪᠠᠷ ᠲᠡᠭᠡᠭᠰᠢᠯᠡᠬᠦᠯᠵᠥ᠂ ᠪᠥᠬᠦ ᠠᠶᠢᠮᠠᠭ ᠤᠨ ᠠᠵᠤ ᠠᠬᠤᠢ ᠶᠢᠨ ᠲᠤᠭᠲᠠᠭᠤᠨ ᠡᠷᠡᠬᠦᠯ ᠬᠥᠭᠵᠢᠯᠲᠡ ᠪᠤᠯᠤᠨ ᠨᠡᠶᠢᠭᠡᠮ ᠤᠨ ᠡᠶ᠎ᠡ ᠲᠤᠭᠲᠠᠭᠤᠨ ᠢ ᠠᠬᠢᠭᠤᠯᠵᠥ᠂ ᠰᠢᠯᠢᠲᠡᠭ ᠬᠢᠷᠢ ᠪᠥᠲᠥᠮᠵᠢ ᠪᠠᠷ ᠥᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠤᠢ ᠶᠢ ᠪᠡᠯᠭᠡᠯᠡᠵᠥ᠂ ᠨᠠᠮ ᠤᠨ ᠠᠷᠪᠠ ᠶᠢᠰᠥᠲᠥᠭᠡᠷ ᠶᠡᠭᠡ ᠬᠤᠷᠠᠯ ᠢ ᠤᠭᠲᠤᠬᠤ ᠬᠡᠷᠡᠭᠲᠡᠢ ᠬᠡᠪᠡ᠃       ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠬᠡᠰᠢᠬᠦᠳ ᠬᠤᠷᠠᠯ ᠳᠤ ᠤᠷᠤᠯᠴᠠᠪᠠ᠃ ᠮᠠᠨ ᠤ ᠠᠶᠢᠮᠠᠭ ᠲᠠᠬᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢ ᠪᠤᠯᠤᠨ ᠥᠪᠡᠷᠲᠡᠭᠡᠨ ᠵᠠᠰᠠᠬᠤ ᠤᠷᠤᠨ ᠤ ᠬᠡᠰᠡᠭ ᠠᠷᠠᠳ ᠤᠨ ᠲᠥᠯᠥᠭᠡᠯᠡᠭᠴᠢᠳ᠂ ᠡᠯ᠎ᠠ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ︵ᠬᠠᠷᠢᠯᠴᠠᠬᠤ ᠠᠯᠪᠠᠨ ᠭᠡᠷ︶ ᠶᠢᠨ ᠡᠷᠬᠢᠯᠡᠭᠴᠢ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠵᠠᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号