ᠠᠶᠢᠮᠠᠭ ᠤᠨ ᠨᠠᠮ ᠤᠨ ᠬᠤᠷᠢᠶ᠎ᠠ ᠤᠲᠤᠷᠢᠳᠬᠤ ᠺᠠᠳ᠋ᠷᠴᠤᠳ ᠤᠨ ᠳᠦᠪ ᠤᠨ ᠨᠢᠭᠡᠳᠤᠭᠡᠷ ᠳᠤᠭᠠᠳᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠤᠱᠯᠠᠭᠤᠯᠬᠤ ᠳᠤᠰᠬᠠᠢ ᠰᠡᠳᠤᠪᠳᠤ ᠳᠠᠶᠢᠯᠤᠮᠵᠢ ᠡᠷᠬᠢᠯᠡᠪᠡ
ᠨᠡᠶᠢᠲᠡᠯᠡᠭᠰᠡᠨ ᠴᠠᠭ᠄
2017/3/31
    3 ᠳ᠋ᠤᠭᠠᠷ ᠰᠠᠷ᠎ᠠ ᠶᠢᠨ 26 ᠤ ᠡᠲᠥᠷ᠂ ᠠᠶᠢᠮᠠᠭ ᠤᠨ ᠨᠠᠮ ᠤᠨ ᠬᠤᠷᠢᠶ᠎ᠠ ᠤᠲᠤᠷᠢᠳᠬᠤ ᠺᠠᠳ᠋ᠷᠴᠤᠳ ᠤᠨ ᠲᠥᠪ ᠤᠨ ᠨᠢᠭᠡᠲᠥᠭᠡᠷ ᠲᠤᠭᠠᠲᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠲᠤᠪᠲᠤ ᠲᠠᠶᠢᠯᠤᠮᠵᠢ ᠡᠷᠬᠢᠯᠡᠵᠥ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠨᠠᠷᠢᠨ ᠪᠢᠴᠢᠭ ᠤᠨ ᠲᠠᠷᠤᠭ᠎ᠠ᠂ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠠᠯᠪᠠᠨ ᠭᠡᠷ ᠤᠨ ᠡᠷᠬᠢᠯᠡᠭᠴᠢ ᠢᠤᠢ ᠴᠢᠩ ᠯᠢ ᠶᠢ ᠤᠷᠢᠵᠥ᠂ ᠲᠥᠪ ᠤᠨ ᠨᠢᠭᠡᠲᠥᠭᠡᠷ ᠲᠤᠭᠠᠲᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭᠠᠨ ᠤ ᠳᠤᠬᠠᠢ ᠨᠠᠷᠢᠨ ᠲᠠᠶᠢᠯᠤᠮᠵᠢ ᠬᠢᠯᠭᠡᠪᠡ᠃       ᠠᠶᠢᠮᠠᠭ ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ ᠲᠠᠶᠢᠯᠤᠮᠵᠢ ᠶᠢ ᠡᠷᠬᠢᠯᠡᠵᠥ᠂ ᠠᠶᠢᠮᠠᠭ ᠤᠨ ᠲᠥᠷᠪᠡᠨ ᠶᠡᠭᠡ ᠤᠲᠤᠷᠢᠳᠬᠤ ᠪᠠᠭ ᠤᠨ ᠤᠲᠤᠷᠢᠲᠤᠯᠭ᠎ᠠ᠂ ᠠᠶᠢᠮᠠᠭ ᠤᠨ ᠠᠷᠠᠳ ᠤᠨ ᠲᠤᠮᠲᠠ ᠵᠡᠷᠭᠡ ᠶᠢᠨ ᠰᠢᠬᠦᠬᠦ ᠬᠤᠷᠢᠶ᠎ᠠ᠂ ᠪᠠᠶᠢᠴᠠᠭᠠᠬᠤ ᠬᠤᠪᠢᠶᠠᠷᠢ ᠬᠤᠷᠢᠶ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠥ ᠰᠤᠷᠭᠠᠭᠤᠯᠢ ᠵᠢᠴᠢ ᠡᠯ᠎ᠠ ᠬᠤᠰᠢᠭᠤ ᠰᠢᠶᠠᠨ ᠬᠤᠲᠠ ︵ᠤᠷᠤᠨ︶ ᠶᠢᠨ ᠨᠠᠮ ᠵᠠᠰᠠᠭ ᠤᠨ ᠭᠤᠤᠯ ᠤᠲᠤᠷᠢᠲᠤᠯᠭ᠎ᠠ ᠲᠠᠶᠢᠯᠤᠮᠵᠢ ᠶᠢ ᠰᠤᠨᠤᠰᠴᠠᠢ᠃       ᠢᠤᠢ ᠴᠢᠩ ᠯᠢ ᠤᠯᠠᠨ ᠵᠢᠯ ᠤᠨ ᠲᠤᠷᠰᠢᠬᠢ ᠮᠠᠯᠵᠢᠬᠤ ᠲᠠᠷᠢᠶᠠᠯᠠᠬᠤ ᠤᠷᠤᠨ ᠤ ᠲᠥᠷᠥ ᠶᠢᠨ ᠪᠤᠲᠤᠯᠭ᠎ᠠ ᠶᠢᠨ ᠰᠤᠲᠤᠯᠤᠯᠲᠠ ᠶᠢᠨ ᠠᠵᠢᠯ ᠤᠨ ᠥᠢᠯᠡᠲᠥᠯᠭᠡ ᠲᠠᠢ ᠪᠠᠨ ᠤᠶᠠᠯᠲᠤᠭᠤᠯᠤᠨ᠂ ᠥᠭᠡᠷᠡᠴᠢᠯᠡᠯᠲᠡ ᠨᠡᠭᠡᠭᠡᠯᠲᠡ ᠠᠴᠠ ᠨᠠᠰᠢᠬᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠲᠠᠯ ᠤᠨ ᠬᠤᠷᠢᠶᠠᠨ ᠤ ᠬᠥᠲᠡᠭᠡ ᠠᠵᠤ ᠠᠬᠤᠢ ᠪᠤᠯᠤᠨ ᠬᠥᠲᠡᠭᠡ ᠲᠤᠰᠬᠤᠨ ᠤ ᠠᠵᠢᠯ ᠤᠨ ᠲᠤᠬᠠᠢ ᠬᠠᠮᠢᠶ᠎ᠠ ᠪᠥᠬᠦᠢ ᠲᠥᠷᠥ ᠶᠢᠨ ᠪᠤᠲᠤᠯᠭ᠎ᠠ ᠨᠤᠭᠤᠳ ᠤᠨ ᠳᠤᠬᠠᠢ ᠶᠠᠷᠢᠵᠦ ᠂ ᠨᠠᠮ ᠤᠨ ᠪᠥᠬᠦ ᠲᠠᠯ᠎ᠠ ᠶᠢᠨ ᠠᠵᠢᠯ ᠲᠤᠮᠲᠠᠬᠢ ᠬᠥᠲᠡᠭᠡ ᠠᠵᠤ ᠠᠬᠤᠢ ᠬᠥᠲᠡᠭᠡ ᠲᠤᠰᠬᠤᠨ ᠤ ᠠᠵᠢᠯ ᠤᠨ ᠴᠢᠬᠤᠯᠠ ᠪᠠᠶᠢᠷᠢ ᠰᠠᠭᠤᠷᠢ ᠶᠢ ᠰᠢᠰᠲ᠋ᠧᠮ ᠲᠠᠢ ᠥᠬᠦᠯᠡᠵᠥ᠂ ︽ᠬᠥᠲᠡᠭᠡ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠠ ᠶᠢᠨ ᠪᠥᠲᠥᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ︾ ᠭᠤᠤᠯ ᠰᠡᠲᠤᠪ ᠤᠨ ᠲᠤᠭᠤᠷᠢᠨ ᠳᠤ᠂ ᠥᠪᠤᠷ ᠮᠤᠩᠭᠤᠯ ᠤᠨ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ ᠠᠵᠢᠯ ᠤᠨ ᠥᠢᠯᠡᠲᠥᠯᠭᠡ ᠲᠠᠢ ᠨᠢᠭᠲᠠ ᠤᠶᠠᠯᠲᠤᠭᠤᠯᠤᠨ᠂ ᠲᠥᠪ ᠤᠨ ᠨᠢᠭᠡᠲᠥᠭᠡᠷ ᠲᠤᠭᠠᠲᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠬᠥᠨᠵᠡᠭᠡᠢ ᠲᠠᠶᠢᠯᠪᠤᠷᠢᠯᠠᠵᠥ᠂ ᠰᠢᠯᠢ ᠶᠢᠨ ᠭᠤᠤᠯ ᠠᠶᠢᠮᠠᠭ ᠤᠨ ᠮᠠᠯ ᠲᠠᠷᠢᠶᠠᠯᠠᠩ ᠤᠨ ᠬᠠᠨᠭ᠍ᠭᠠᠯᠭ᠎ᠠ ᠶᠢᠨ ᠲᠠᠯ᠎ᠠ ᠶᠢᠨ ᠪᠥᠲᠥᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠳᠤ ᠰᠠᠨᠠᠯ ᠰᠠᠨᠠᠭᠤᠯᠭ᠎ᠠ ᠲᠤᠷᠠᠳᠴᠠᠢ᠃       ᠯᠥᠸᠧ ᠬᠤ᠋ ᠽᠠᠢ ᠳᠠᠶᠢᠯᠤᠮᠵᠢ ᠶᠢ ᠡᠷᠬᠢᠯᠡᠵᠦ ᠴᠢᠬᠤᠯᠠᠴᠢᠯᠠᠬᠤ ᠳᠠᠭᠠᠨ᠂ ᠡᠯ᠎ᠠ ᠭᠠᠵᠠᠷ ᠡᠯ᠎ᠠ ᠬᠠᠮᠢᠶ᠎ᠠ ᠪᠥᠬᠦᠢ ᠰᠠᠯᠠᠭ᠎ᠠ ᠮᠥᠴᠢᠷ ᠲᠥᠪ ᠤᠨ ᠨᠢᠭᠡᠲᠥᠭᠡᠷ ᠲᠤᠭᠠᠲᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠰᠢᠨ᠎ᠠ ᠪᠠᠶᠢᠲᠠᠯ ᠲᠤᠤᠷᠠᠬᠢ ᠮᠠᠨ ᠤ ᠠᠶᠢᠮᠠᠭ ᠤᠨ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ ᠠᠵᠢᠯ ᠢ ᠰᠠᠶᠢᠲᠤᠷ ᠬᠢᠬᠦ ᠳᠤ ᠵᠠᠪᠠᠯ ᠡᠵᠡᠮᠰᠢᠬᠦ ᠬᠢᠴᠢᠶᠠᠯ ᠪᠤᠯᠭᠠᠵᠥ᠂ ᠮᠠᠯ ᠲᠠᠷᠢᠶᠠᠯᠠᠩ ᠤᠨ ᠬᠠᠨᠭ᠍ᠭᠠᠯᠭ᠎ᠠ ᠶᠢᠨ ᠲᠠᠯ᠎ᠠ ᠶᠢᠨ ᠪᠥᠲᠥᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠥᠨᠵᠡᠭᠡᠢ ᠠᠬᠢᠭᠤᠯᠬᠤ ᠶᠢᠨ ᠴᠢᠬᠤᠯᠠ ᠠᠴᠢ ᠬᠤᠯᠪᠤᠭᠲᠠᠯ ᠢ ᠬᠥᠨᠵᠡᠭᠡᠢ ᠤᠢᠢᠯᠠᠭᠠᠵᠥ᠂ ᠲᠥᠪ ᠤᠨ ᠨᠢᠭᠡᠲᠥᠭᠡᠷ ᠲᠤᠭᠠᠲᠤ ᠪᠢᠴᠢᠭ ᠮᠠᠲ᠋ᠧᠷᠢᠶᠠᠯ ᠤᠨ ᠴᠢᠬᠤᠯᠠ ᠲᠤᠲᠤᠭᠠᠲᠤ ᠠᠭᠤᠯᠬᠤᠨ ᠢ ᠤᠨᠤᠪᠴᠢᠲᠠᠢ ᠡᠵᠡᠮᠲᠡᠬᠦ ᠬᠡᠷᠡᠭᠲᠡᠢ᠃ ᠪᠤᠲᠠᠲᠤ ᠪᠠᠶᠢᠲᠠᠯ ᠲᠠᠢ ᠤᠶᠠᠯᠲᠤᠭᠤᠯᠤᠨ᠂ ᠨᠠᠷᠢᠨ ᠬᠢᠨᠠᠮᠠᠭᠠᠢ ᠰᠤᠷᠤᠯᠴᠠᠵᠥ᠂ ᠲᠥᠪ ᠬᠤᠷᠢᠶ᠎ᠠ ᠪᠤᠯᠤᠨ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠠᠭᠠᠷᠲᠠᠯᠭ᠎ᠠ ᠪᠠᠷ ᠥᠵᠡᠯ ᠰᠠᠨᠠᠭ᠎ᠠ ᠪᠠᠨ ᠨᠢᠭᠡᠳᠭᠡᠵᠥ᠂ ᠠᠷᠭ᠎ᠠ ᠬᠡᠮᠵᠢᠶ᠎ᠠ ᠪᠠᠨ ᠴᠢᠩᠭᠠᠷᠠᠭᠤᠯᠵᠥ᠂ ᠮᠠᠯ ᠲᠠᠷᠢᠶᠠᠯᠠᠩ ᠤᠨ ᠬᠠᠨᠭ᠍ᠭᠠᠯᠭ᠎ᠠ ᠶᠢᠨ ᠲᠠᠯ᠎ᠠ ᠶᠢᠨ ᠪᠥᠲᠥᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠥᠨᠵᠡᠭᠡᠢ ᠠᠬᠢᠭᠤᠯᠵᠥ᠂ ᠮᠠᠨ ᠤ ᠠᠶᠢᠮᠠᠭ ᠤᠨ ᠮᠠᠯᠵᠢᠬᠤ ᠲᠠᠷᠢᠶᠠᠯᠠᠬᠤ ᠤᠷᠤᠨ ᠤ ᠠᠵᠢᠯ ᠳᠤ ᠲᠠᠰᠤᠷᠠᠯᠲᠠ ᠥᠭᠡᠢ ᠰᠢᠨ᠎ᠠ ᠠᠬᠢᠴᠠ ᠲᠠᠢ ᠪᠤᠯᠭᠠᠬᠤ ᠬᠡᠷᠡᠭᠲᠡᠢ ᠬᠡᠪᠡ᠃       ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠠᠮᠢᠶ᠎ᠠ ᠪᠥᠬᠦᠢ ᠰᠠᠯᠠᠭ᠎ᠠ ᠮᠥᠴᠢᠷ ᠪᠤᠯᠤᠨ ᠤᠯᠤᠰ ᠤᠨ ᠥᠮᠴᠢᠯᠡᠯᠲᠤ ᠠᠵᠤ ᠠᠬᠤᠢᠢᠯᠠᠯ ᠤᠨ ᠬᠠᠷᠢᠭᠤᠴᠠᠯᠭᠠᠲᠠᠨ᠂ ᠪᠥᠬᠦ ᠠᠶᠢᠮᠠᠭ ᠤᠨ ᠰᠢᠶᠠᠨ ᠭᠠᠵᠠᠷ ᠤᠨ ᠲᠡᠰ ᠤᠨ ᠤᠲᠤᠷᠢᠳᠬᠤ ᠺᠠᠳ᠋ᠷᠴᠤᠳ ᠤᠨ ᠨᠠᠮ ᠤᠨ ᠤᠨᠤᠯ ᠰᠤᠷᠤᠯᠴᠠᠬᠤ ᠠᠩᠭᠢ᠂ ᠲᠤᠮᠲᠠ ᠢᠲᠡᠷ ᠨᠠᠰᠤᠨ ᠤ ᠠᠩᠭᠢ ᠶᠢᠨ ᠰᠤᠷᠤᠯᠭᠠᠲᠠᠨ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠤᠲᠤᠷᠢᠳᠬᠤ ᠪᠠᠭ ᠤᠨ ᠬᠡᠰᠢᠬᠦᠳ᠂ ᠤᠨᠤᠯ ᠲᠠᠶᠢᠯᠪᠤᠷᠢᠯᠠᠬᠤ ᠭᠤᠤᠯᠯᠠᠭᠴᠢ ᠪᠠᠭᠰᠢ ᠨᠠᠷ ᠲᠠᠶᠢᠯᠤᠮᠵᠢ ᠶᠢ ᠰᠤᠨᠤᠰᠴᠠᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号