ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠤᠴᠡ ᠶᠢᠨ ᠴᠢᠨᠠᠷᠳᠠᠢ ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠵᠤ ᠮᠠᠨ ᠤ ᠠᠶᠢᠮᠠᠭ ᠤᠨ ᠲᠠᠷᠢᠶᠠᠯᠠᠬᠤ ᠤᠷᠤᠨ ᠤ ᠠᠵᠢᠯ ᠳᠤ ᠳᠠᠰᠤᠷᠠᠯᠳᠠ ᠦᠭᠡᠢ ᠰᠢᠨ᠎ᠡ ᠬᠦᠭᠵᠢᠯᠳᠡ ᠲᠠᠢ ᠪᠤᠯᠭᠠᠬᠤ ᠬᠡᠷᠡᠭᠳᠠᠢ
ᠨᠡᠶᠢᠲᠡᠯᠡᠭᠰᠡᠨ ᠴᠠᠭ᠄
2017/3/31
    3 ᠳ᠋ᠤᠭᠠᠷ ᠰᠠᠷ᠎ᠡ ᠶᠢᠨ 29 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠬᠤᠷᠠᠯ ᠬᠤᠷᠠᠯᠳᠤᠭᠤᠯᠵᠦ᠂ ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ 2016 ᠤᠨ ᠤ ᠪᠦᠬᠦ ᠠᠶᠢᠮᠠᠭ ᠤᠨ ︽ᠮᠠᠯ ᠲᠠᠷᠢᠶᠠᠯᠠᠩ ᠮᠠᠯᠵᠢᠬᠤ ᠲᠡᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠢ ᠳ᠋ᠦᠩᠨᠡᠵᠦ᠂ ᠰᠢᠨ᠎ᠡ ᠪᠠᠶᠢᠳᠠᠯ ᠲᠤᠤᠷᠡᠬᠢ ᠮᠠᠯ ᠲᠠᠷᠢᠶᠠᠯᠠᠩ ᠪᠤᠯᠤᠨ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠭᠤᠤᠯ ᠡᠭᠦᠷᠭᠡ ᠪᠤᠯᠤᠨ ᠬᠦᠭᠵᠢᠯᠲᠡ ᠶᠢᠨ ᠬᠠᠨᠳᠤᠰᠢ ᠶᠢ ᠵᠠᠳᠠᠯᠵᠦ᠂ 2017 ᠤᠨ ᠤ ᠮᠠᠯᠵᠢᠬᠤ ᠲᠡᠷᠢᠶᠠᠯᠠᠬᠤ ᠤᠷᠤᠨ ᠤ ᠦᠬᠡᠷᠡᠴᠢᠯᠡᠯᠲᠡ ᠭᠦᠭᠵᠢᠯᠲᠡ ᠶᠢᠨ ᠭᠤᠤᠯᠳᠠᠯᠭᠠᠳᠤ ᠠᠵᠢᠯ ᠢ ᠰᠤᠳᠤᠯᠤᠨ ᠪᠠᠶᠢᠷᠢᠯᠠᠭᠤᠯᠵᠠᠢ᠃       ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠴᠢᠬᠤᠯᠠ ᠶᠠᠷᠢᠶ᠎ᠠ ᠲᠠᠯᠪᠢᠵᠦ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠹᠦ᠋ ᠸᠠᠨ ᠬᠤᠢ ᠬᠤᠷᠠᠯ ᠢ ᠡᠷᠬᠢᠯᠡᠵᠦ᠂ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠠᠶᠢᠮᠠᠭ ᠤᠨ ᠵᠠᠬᠢᠷᠭ᠎ᠠ᠂ ᠤᠯᠤᠰ ᠲᠦᠷᠦ ᠶᠢᠨ ᠵᠦᠪᠯᠡᠯᠬᠡᠨ ᠤ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠤᠷᠤᠯᠴᠠᠪᠠ᠃       ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠡᠨᠡ ᠵᠢᠯ ᠤᠨ ︽ᠮᠠᠯ ᠲᠠᠷᠢᠶᠠᠯᠠᠩ ᠮᠠᠯᠵᠢᠬᠤ ᠲᠡᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠳᠤ ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠤᠶᠢᠪᠢᠰᠢ ᠦᠬᠡᠢ ᠠᠬᠢᠭᠤᠯᠬᠤ ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠬᠦᠯᠵᠦ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠪᠦᠲᠦᠴᠡ ᠳᠤ ᠤᠯᠠᠮ ᠨᠢᠬᠡ ᠠᠯᠬᠤᠮ ᠲᠤᠬᠢᠷᠠᠭᠤᠯᠤᠯᠲᠠ ᠬᠢᠵᠦ᠂ ᠮᠠᠯ ᠲᠠᠷᠢᠶᠠᠯᠠᠩ ᠤᠨ ᠠᠵᠦ ᠦᠢᠯᠡᠰᠵᠢᠯᠲᠠ ᠶᠢ ᠠᠬᠢᠭᠤᠯᠵᠦ᠂ ᠬᠡᠪᠴᠢᠶᠡᠵᠢᠬᠦᠯᠦᠨ ᠡᠵᠡᠩᠨᠡᠬᠦ ᠶᠢ ᠬᠦᠭᠵᠢᠬᠦᠯᠵᠦ᠂ ᠦᠨᠳᠦᠰᠦᠨ ᠱᠠᠲᠤᠨ ᠤ ᠮᠠᠯ ᠲᠠᠷᠢᠶᠠᠯᠠᠩ ᠤᠨ ᠦᠢᠯᠡᠴᠢᠯᠡᠭᠡ ᠶᠢᠨ ᠰᠢᠰᠲᠧᠮ ᠢ ᠲᠡᠭᠦᠯᠳᠡᠷᠵᠢᠬᠦᠯᠵᠦ᠂ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠮᠠᠯ ᠲᠠᠷᠢᠶᠠᠯᠠᠩ ᠤᠨ ᠭᠦᠭᠵᠢᠯᠲᠡ ᠶᠢᠨ ᠴᠢᠨᠡᠷᠵᠢᠯ ᠪᠤᠯᠤᠨ ᠦᠷ᠎ᠡ ᠪᠦᠲᠦᠮᠵᠢ ᠶᠢ ᠲᠡᠭᠡᠭᠰᠢᠯᠡᠬᠦᠯᠬᠦ ᠬᠡᠷᠡᠭᠲᠡᠢ᠃ ᠪᠤᠬᠢᠷᠳᠤᠯ ᠦᠬᠡᠢ ᠭᠦᠭᠵᠢᠯᠲᠡ᠂ ᠴᠢᠬᠤᠯᠡ ᠶᠡᠭᠡ ᠠᠮᠢ ᠠᠬᠤᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠬᠦᠨᠵᠡᠬᠡᠢ ᠠᠬᠢᠭᠤᠯᠵᠦ᠂ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠦ᠂ ᠬᠢᠨᠠᠯᠲᠠ ᠬᠠᠮᠢᠶᠠᠷᠤᠯᠳᠠ ᠪᠠ ᠬᠠᠤᠯᠢ ᠬᠡᠷᠡᠭᠵᠢᠬᠦᠯᠬᠦ ᠶᠢ ᠴᠢᠩᠭᠠᠳᠬᠠᠵᠦ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠭᠡᠷᠡᠭᠲᠡᠢ᠃ ᠮᠠᠯᠵᠢᠬᠤ ᠲᠡᠷᠢᠶᠠᠯᠠᠬᠤ ᠤᠷᠤᠨ ᠤ ᠬᠦᠭᠵᠢᠯᠲᠡ ᠶᠢᠨ ᠲᠤᠳᠠᠭᠤᠳᠠᠯ ᠢ ᠨᠥᠬᠦᠪᠦᠷᠢᠯᠡᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠢᠨᠵᠧᠨᠧᠷᠢᠩ ᠢ ᠠᠬᠢᠭᠤᠯᠵᠦ᠂ ᠰᠢᠨ᠎ᠡ ᠬᠦᠳᠡᠭᠡ ᠲᠤᠰᠬᠤᠨ ᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠬᠦᠯᠵᠥ᠂ ᠴᠢᠨᠡᠭᠡᠯᠢᠭ ᠨᠡᠶᠢᠬᠡᠮ ᠢ ᠪᠦᠬᠦ ᠲᠠᠯ᠎ᠡ ᠪᠠᠷ ᠪᠠᠶᠢᠭᠤᠯᠬᠤ ᠳᠤ ᠰᠠᠭᠤᠷᠢ ᠲᠠᠯᠪᠢᠬᠤ ᠬᠡᠷᠡᠭᠲᠡᠢ᠃ ᠰᠢᠨ᠎ᠡ ᠪᠠᠷ ᠭᠦᠭᠵᠢᠵᠦ ᠪᠠᠶᠢᠭ᠎ᠠ ᠠᠵᠦ ᠦᠢᠯᠡᠰ ᠢ ᠶᠡᠬᠡᠪᠡᠷ ᠬᠦᠭᠵᠢᠬᠦᠯᠵᠦ᠂ ᠲᠠᠯ᠎ᠠ ᠨᠤᠲᠤᠭ ᠤᠨ ᠰᠡᠯᠡᠭᠦᠴᠡᠯ ᠵᠤᠭᠠᠴᠠᠯ ᠢ ᠭᠦᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠦᠨ ᠬᠤᠳᠠᠯᠳᠤᠭ᠎ᠠ ᠶᠢ ᠠᠬᠢᠭᠤᠯᠵᠦ᠂ ᠭᠤᠷᠪᠠᠨ ᠶᠡᠭᠡ ᠠᠵᠦ ᠦᠢᠯᠡᠰ ᠤᠨ ᠠᠭᠤᠰᠤᠯᠴᠠᠨ ᠭᠦᠭᠵᠢᠬᠦ ᠶᠢ ᠠᠬᠢᠭᠤᠯᠬᠤ ᠭᠡᠷᠡᠭᠲᠡᠢ᠃ ᠮᠠᠯᠵᠢᠬᠤ ᠲᠠᠷᠢᠶᠡᠯᠡᠬᠤ ᠤᠷᠤᠨ ᠤ ᠦᠬᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠲᠡ ᠶᠢ ᠠᠬᠢᠭᠤᠯᠵᠦ᠂ ᠮᠦᠩᠬᠦᠨ ᠬᠦᠢᠯᠭᠡᠭᠡᠨ ᠤ ᠰᠢᠨ᠎ᠡ ᠶᠢ ᠡᠭᠦᠳᠬᠦ ᠶᠢ ᠠᠬᠢᠭᠤᠯᠵᠦ᠂ ᠮᠠᠯᠴᠢᠳ ᠪᠤᠯᠤᠨ ᠠᠵᠦ ᠠᠬᠤᠢᠢᠯᠠᠯ ᠤᠨ ᠠᠰᠢᠭ ᠲᠤᠰᠠ ᠶᠢᠨ ᠬᠤᠯᠪᠤᠭᠠᠲᠤ ᠲᠤᠭᠳᠠᠴᠠ ᠶᠢ ᠲᠡᠭᠦᠯᠳᠡᠷᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ︽ᠬᠤᠤᠰ ᠠᠮᠵᠢᠯᠲᠠ︾ ᠶᠢ ᠠᠬᠢᠭᠤᠯᠵᠦ᠂ ᠲᠤᠳᠤᠭᠠᠳᠤ ᠬᠦᠳᠡᠯᠭᠡᠭᠦ ᠬᠦᠴᠦᠨ ᠢ ᠬᠦᠭᠵᠢᠬᠦᠯᠬᠦ ᠬᠡᠷᠡᠭᠲᠡᠢ ᠬᠡᠪᠡ᠃       ᠹᠦ᠋ ᠸᠠᠨ ᠬᠤᠢ ᠬᠤᠷᠠᠯ ᠢ ᠡᠷᠬᠢᠯᠡᠵᠦ ᠴᠢᠬᠤᠯᠠᠴᠢᠯᠠᠬᠤ ᠳᠠᠭᠠᠨ᠂ ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠮᠥᠨ ᠴᠢᠨᠠᠷ ᠢ ᠵᠦᠪ ᠡᠵᠡᠮᠳᠡᠵᠦ᠂ ᠦᠵᠡᠯ ᠰᠠᠨᠠᠭ᠎ᠠ ᠪᠡ ᠦᠢᠯᠡ ᠠᠵᠢᠯᠯᠠᠭ᠎ᠠ ᠪᠠᠨ ᠲᠦᠪ ᠬᠤᠷᠢᠶ᠎ᠡ᠂ ᠥᠪᠡᠷᠲᠡᠬᠡᠨ ᠵᠠᠰᠠᠬᠤ ᠤᠷᠤᠨ ᠪᠠ ᠠᠶᠢᠮᠠᠭ ᠤᠨ ᠨᠠᠮ ᠤᠨ ᠬᠤᠷᠢᠶ᠎ᠠ ᠂ ᠵᠠᠬᠢᠷᠭ᠎ᠠ ᠶᠢᠨ ᠡᠯ᠎ᠡ ᠵᠦᠢᠯ ᠤᠨ ᠰᠢᠢᠳᠪᠤᠷᠢᠲᠤ ᠪᠠᠶᠢᠷᠢᠯᠠᠭᠤᠯᠤᠯᠲᠠ ᠲᠡᠭᠡᠷ᠎ᠠ ᠨᠢᠭᠡᠳᠭᠡᠬᠦ ᠭᠡᠷᠡᠭᠲᠡᠢ᠃ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ᠂ ︽ᠬᠤᠨᠢ ᠶᠢ ᠴᠦᠬᠡᠴᠢᠯᠡᠵᠦ ᠦᠬᠡᠷ ᠮᠠᠯᠵᠢᠬᠤ︾᠂ ᠠᠵᠦ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠬᠦᠯᠬᠦ᠂ ᠮᠠᠯᠵᠢᠬᠤ ᠲᠠᠷᠢᠶᠠᠯᠠᠬᠤ ᠤᠷᠤᠨ ᠤ ᠲᠤᠳᠠᠭᠤᠳᠠᠯ ᠢ ᠨᠦᠬᠦᠪᠦᠷᠢᠯᠡᠬᠦ᠂ ᠮᠠᠯᠵᠢᠬᠤ ᠲᠠᠷᠢᠶᠠᠯᠠᠬᠤ ᠤᠷᠤᠨ ᠤ ᠦᠬᠡᠷᠡᠴᠢᠯᠡᠯᠲᠡ ᠶᠢ ᠬᠦᠨᠵᠡᠭᠡᠶᠢᠷᠡᠬᠦᠯᠬᠦ ᠵᠡᠷᠭᠡ ᠭᠤᠤᠯᠲᠠᠯᠭᠠᠲᠤ ᠡᠭᠦᠷᠭᠡ ᠶᠢ ᠠᠬᠢᠭᠤᠯᠵᠦ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠦᠷᠢᠳᠦᠬᠦᠯᠵᠦ᠂ ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠲᠡᠢ ᠬᠡᠪᠡ᠃       ᠡᠯ᠎ᠡ ᠬᠤᠰᠢᠭᠤ ᠰᠢᠶᠡᠠ ᠬᠤᠲᠠ ︵ᠤᠷᠤᠨ︶ ᠶᠢᠨ ᠨᠠᠮ ᠵᠠᠰᠠᠭ ᠤᠨ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠠᠶᠢᠮᠠᠭ ᠤᠨ ᠡᠯ᠎ᠡ ᠵᠥᠪᠯᠡᠯ᠂ ᠠᠯᠪᠠᠨ ᠬᠡᠷ᠂ ᠲᠤᠪᠴᠢᠶ᠎ᠡ ᠪᠡ ᠡᠯ᠎ᠡ ᠠᠷᠠᠳ ᠤᠨ ᠪᠦᠯᠬᠦᠮ᠂ ᠠᠵᠦ ᠠᠬᠤᠢᠢᠯᠠᠯ ᠤᠨ ᠭᠤᠤᠯ ᠬᠠᠷᠢᠭᠤᠴᠠᠯᠭᠠᠳᠠᠨ᠂ ᠲᠠᠷᠢᠶᠠᠯᠠᠩ ᠮᠠᠯ ᠠᠵᠦ ᠠᠬᠤᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠬᠡᠰᠢᠬᠦᠨ ᠪᠤᠯᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号