3 ᠳ᠋ᠤᠭᠠᠷ ᠰᠠᠷ᠎ᠠ ᠶᠢᠨ 10 ᠤ ᠡᠳᠤᠷ ᠪᠠᠷᠠᠭᠤᠨ ᠦᠵᠦᠮᠦᠴᠢᠨ ᠬᠤᠰᠢᠭᠤᠨ ᠳᠤ ᠨᠢᠭᠡᠨ ᠤᠨᠴᠠᠭᠠᠢ ᠤᠳᠬ᠎ᠠ | ᠠᠭᠤᠯᠭ᠎ᠠ ᠲᠠᠢ ᠮᠤᠷᠢᠨ ᠤᠷᠤᠯᠳᠤᠭᠠᠨ ᠪᠤᠯᠵᠤ ᠦᠡᠭᠭᠡᠷᠡᠭᠰᠡᠨ ᠶᠤᠮ᠃ ᠡᠨᠡᠭᠦ ᠤᠷᠤᠯᠳᠤᠭᠠᠨ ᠪᠤᠯ ᠳᠠᠷᠤᠢ ᠪᠠᠷᠠᠭᠤᠨ | ᠦᠵᠦᠮᠦᠴᠢᠨ ᠬᠤᠰᠢᠭᠤᠨ ᠤ ᠰᠤᠶᠤᠯ ᠳᠠᠮᠢᠷ ᠷᠠᠳᠢᠣ᠋ ᠲᠧᠯᠸᠢᠰ ᠺᠢᠨᠣ᠋ ᠵᠢᠭᠤᠯᠴᠢᠯᠠᠯ ᠤᠨ ᠳᠤᠪᠴᠢᠶ᠎ᠠ ᠠᠴᠠ ᠡᠷᠭᠢᠯᠡᠨ | ᠶᠠᠪᠤᠬᠳᠠᠭᠤᠯᠤᠬᠰᠠᠨ ᠠᠨᠾᠦ᠋ᠢ ᠮᠤᠵᠢ ᠳᠤ ᠶᠠᠪᠤᠬᠳᠠᠬᠤ ᠳᠤᠮᠳᠠᠳᠤ ᠶᠢᠨ ᠦᠨᠳᠦᠰᠦᠳᠡᠨ ᠤ ᠤᠯᠠᠮᠵᠢᠯᠠᠯᠳᠤ ᠠᠯᠤᠰ ᠤᠨ | ᠮᠤᠷᠢᠨ ᠤᠷᠤᠯᠳᠤᠭᠠᠨ ᠪᠤᠯᠤᠨ 2017 ᠤᠨ ᠤ ᠠᠯᠤᠰ ᠤᠨ ᠮᠤᠷᠢᠨ ᠤᠷᠤᠯᠳᠤᠭᠠᠨ ᠳᠤ ᠤᠷᠤᠯᠴᠠᠬᠤ ᠡᠷᠭᠡ ᠶᠢ | ᠤᠯᠭᠤᠬᠤ ᠮᠤᠷᠢᠨ ᠤᠷᠤᠯᠳᠤᠭᠠᠨ ᠪᠤᠯᠤᠨ᠎ᠠ᠃ ᠳᠤᠰ ᠤᠳᠠᠭᠠᠨ ᠤ 30 ᠭᠠᠵᠠᠷ ᠤᠨ ᠠᠯᠤᠰ ᠤᠨ ᠮᠤᠷᠢᠨ | ᠤᠷᠤᠯᠳᠤᠭᠠᠨ ᠳᠤ ᠪᠠᠷᠠᠭᠤᠨ ᠦᠵᠦᠮᠦᠴᠢᠨ ᠬᠤᠰᠢᠭᠤ ᠪᠠᠷ ᠨᠤᠳᠤᠬᠳᠠᠢ ᠬᠤᠷᠢᠭᠠᠳ ᠤᠶᠠᠭᠠᠴᠢ ᠬᠤᠷᠳᠤᠨ | ᠭᠦᠯᠦᠭ ᠢᠶᠠᠨ ᠬᠤᠷᠳᠤᠯᠠᠭᠤᠯᠤᠬᠰᠠᠨ ᠤ ᠳ᠋ᠦᠩ ᠳᠤ ᠵᠢᠷ ᠤᠨ ᠭᠤᠤᠯ ᠪᠠᠯᠭᠠᠰᠤᠨ ᠤ ᠪᠠᠭ᠎ᠠ · ᠪᠠᠭᠠᠳᠤᠷ ᠤᠨ ᠬᠠᠯᠳᠠᠷ | ᠮᠤᠷᠢ᠂ ᠤᠯᠠᠭᠠᠨᠬᠠᠭᠠᠯᠭ᠎ᠠ ᠰᠤᠮᠤᠨ ᠤ ᠮᠠᠩᠯᠠᠢ ᠶᠢᠨ ᠬᠠᠯᠳᠠᠷ ᠮᠤᠷᠢ᠂ ᠤᠯᠠᠭᠠᠨᠬᠠᠭᠠᠯᠭ᠎ᠠ ᠰᠤᠮᠤᠨ ᠤ ᠪᠠᠭᠠᠳᠤᠷ ᠤᠨ | ᠤᠯᠠᠭᠠᠨ ᠮᠤᠷᠢ᠂ ᠵᠢᠷ ᠤᠨ ᠭᠤᠤᠯ ᠪᠠᠯᠭᠠᠰᠤᠨ ᠤ ᠤᠳᠬᠠᠨᠪᠢᠯᠢᠭ᠌ ᠤᠨ ᠭᠡᠭᠡᠷ ᠮᠤᠷᠢ᠂ ᠬᠤᠭᠤᠯᠠᠳᠤ ᠶᠢᠨ ᠭᠤᠤᠯ | ᠪᠠᠯᠭᠠᠰᠤᠨ ᠤ ᠰᠤᠶᠤᠯᠪᠠᠭᠠᠳᠤᠷ ᠤᠨ ᠴᠡᠩᠭᠡᠷ ᠮᠤᠷᠢ ᠵᠡᠷᠭᠡ ᠳᠠᠪᠤᠨ ᠮᠤᠷᠢ ᠤᠷᠤᠯᠳᠤᠭᠠᠨ ᠳᠤ ᠤᠷᠤᠯᠴᠠᠬᠤ ᠡᠷᠭᠡ ᠶᠢ | ᠤᠯᠤᠬᠰᠠᠨ ᠪᠠᠶᠢᠨ᠎ᠠ᠃ ᠳᠤᠮᠳᠠᠳᠤ ᠶᠢᠨ ᠦᠨᠳᠦᠰᠦᠳᠡᠨ ᠤ ᠤᠯᠠᠮᠵᠢᠯᠠᠯᠳᠤ ᠠᠯᠤᠰ ᠤᠨ ᠮᠤᠷᠢᠨ ᠤᠷᠤᠯᠳᠤᠭᠠᠨ | ᠪᠤᠯᠤᠨ 2017 ᠤᠨ ᠤ ᠠᠯᠤᠰ ᠤᠨ ᠮᠤᠷᠢᠨ ᠤᠷᠤᠯᠳᠤᠭᠠᠨ ᠳᠤ ᠤᠷᠤᠯᠴᠠᠬᠤ ᠮᠤᠷᠢᠳ ᠨᠢ ᠡᠷᠭᠡᠪᠰᠢ ᠳᠠᠪᠤᠨ | ᠨᠠᠰᠤᠨ ᠠᠴᠠ ᠳᠡᠭᠡᠭᠰᠢ ᠮᠤᠷᠢᠳ ᠪᠠᠶᠢᠬᠤ ᠭᠡᠷᠡᠭᠳᠠᠢ ᠪᠦᠭᠡᠳ ᠤᠨᠤᠭᠠᠴᠢ ᠨᠢ ᠪᠦᠭᠦᠯᠢ ᠠᠷᠪᠠᠨ ᠵᠢᠷᠭᠤᠭᠠᠨ | ᠨᠠᠰᠤᠨ ᠠᠴᠠ ᠳᠡᠭᠡᠭᠰᠢ ᠪᠠᠶᠢᠬᠤ ᠭᠡᠷᠡᠭᠳᠠᠢ ᠭᠡᠰᠡᠨ ᠱᠠᠭᠠᠷᠳᠠᠯᠭ᠎ᠠ ᠲᠠᠢ ᠪᠠᠶᠢᠵᠤ᠂ ᠡᠳᠡᠭᠡᠷ ᠳᠠᠪᠤᠨ ᠮᠤᠷᠢ ᠨᠢ | ᠨᠦᠭᠦᠴᠡᠯ ᠳᠤ ᠨᠡᠶᠢᠴᠡᠭᠰᠡᠨ ᠪᠦᠭᠡᠳ ᠤᠨᠤᠭᠠᠴᠢ ᠨᠢ ᠴᠤ ᠠᠷᠪᠠᠨ ᠵᠢᠷᠭᠤᠭᠠᠨ ᠪᠦᠭᠦᠯᠢ ᠨᠠᠰᠤᠨ ᠠᠴᠠ ᠳᠡᠭᠡᠭᠰᠢ | ᠪᠠᠶᠢᠵᠤ᠂ ᠱᠠᠭᠠᠷᠳᠠᠯᠭ᠎ᠠ ᠨᠦᠭᠦᠴᠡᠯ ᠳᠤᠨᠢ ᠨᠡᠶᠢᠴᠡᠭᠰᠡᠨ ᠠᠴᠠ ᠤᠷᠤᠯᠳᠤᠭᠠᠨ ᠳᠤ ᠤᠷᠤᠯᠴᠠᠬᠤ ᠡᠷᠭᠡ ᠶᠢ ᠤᠯᠤᠬᠰᠠᠨ | ᠪᠠᠶᠢᠨ᠎ᠠ᠃ | ᠤᠷᠤᠯᠳᠤᠭᠠᠨ ᠳᠤ ᠤᠷᠤᠯᠴᠠᠬᠤ ᠡᠷᠭᠡ ᠶᠢ ᠤᠯᠤᠬᠰᠡᠨ ᠡᠳᠡᠭᠡᠷ ᠤᠶᠠᠭᠠᠴᠢᠳ 4 ᠳ᠋ᠤᠭᠡᠷ ᠰᠠᠷ᠎ᠠ ᠶᠢᠨ 8 ᠤ | ᠡᠳᠤᠷ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠪᠤᠯᠤᠨ ᠠᠨᠾᠦ᠋ᠢ ᠮᠤᠵᠢ ᠶᠢᠨ ᠰᠦᠵᠸᠤ | ᠬᠤᠳᠠ ᠶᠢᠨ ᠳ᠋ᠠᠩ ᠱᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠠᠴᠠ ᠳᠠᠭᠠᠭᠠᠴᠢᠯᠠᠨ ᠡᠷᠭᠢᠯᠡᠵᠤ | ᠶᠠᠪᠤᠬᠳᠠᠭᠤᠯᠬᠤ ︽ᠳᠤᠮᠳᠠᠳᠤ ᠶᠢᠨ ᠦᠨᠳᠦᠰᠦᠳᠡᠨ ᠤ ᠤᠯᠠᠮᠵᠢᠯᠠᠯᠳᠤ ᠠᠯᠤᠰ ᠤᠨ ᠮᠤᠷᠢᠨ ᠤᠷᠤᠯᠳᠤᠭᠠᠨ ᠪᠤᠯᠤᠨ | 2017 ᠤᠨ ᠤ ᠠᠯᠤᠰ ᠤᠨ ᠮᠤᠷᠢᠨ ᠤᠷᠤᠯᠳᠤᠭᠠᠨ ᠤ ᠨᠢᠭᠡᠳᠦᠭᠡᠷ ᠳᠠᠯᠠᠪᠠᠢ ᠤᠷᠤᠯᠳᠤᠭᠠᠨ︾ ᠳᠤ ᠤᠷᠤᠯᠴᠠᠬᠤ | ᠪᠤᠯᠤᠨ᠎ᠠ᠃ ᠡᠨᠡ ᠨᠢ ᠪᠠᠷᠠᠭᠤᠨ ᠦᠵᠦᠮᠦᠴᠢᠨ ᠬᠤᠰᠢᠭᠤᠨ ᠤ ᠤᠶᠠᠭᠠᠴᠢᠳ ᠪᠤᠯᠤᠨ ᠤᠷᠤᠯᠳᠤᠭᠠᠨ ᠮᠤᠷᠢ ᠠᠩᠬ᠎ᠠ | ᠤᠳᠠᠭ᠎ᠠ ᠪᠠᠨ ᠮᠤᠵᠢ ᠠᠯᠤᠰᠯᠠᠨ ᠳᠤᠮᠤ ᠤᠷᠤᠯᠳᠤᠭᠠᠨ ᠳᠤ ᠤᠷᠤᠯᠴᠠᠬᠤ ᠪᠠᠷ ᠪᠠᠶᠢᠭ᠎ᠠ ᠶᠠᠪᠤᠳᠠᠯ ᠪᠤᠯᠤᠨ᠎ᠠ᠃ |