ᠰᠢᠯᠢ ᠶᠢᠨ ᠭᠤᠤᠯ ᠠᠶᠢᠮᠠᠭ ᠪᠤᠯᠤᠨ ᠭᠤᠤᠯᠳᠠᠯᠭ᠎ᠠ ᠲᠠᠢ ᠠᠵᠦ ᠠᠬᠤᠢᠢᠯᠠᠯ ᠤᠨ ᠬᠠᠮᠳᠤᠷᠠᠨ ᠠᠵᠢᠯᠯᠠᠬᠤ ᠶᠠᠷᠢᠯᠴᠠᠬᠤ ᠬᠤᠷᠠᠯ ᠪᠡᠭᠡᠵᠢᠩ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2017/3/6
ᠶᠡᠷᠦᠩᠬᠡᠢ ᠪᠡᠯᠡ ᠤᠷᠤᠭᠤᠯᠤᠯᠲᠠ ᠨᠢ 442 ᠳ᠋ᠦᠩᠰᠢᠭᠤᠷ ᠲᠦᠭᠦᠷᠢᠭ ᠪᠦᠬᠦᠢ 28 ᠲᠦᠷᠦᠯ ᠵᠦᠢᠯ ᠳᠤ ᠭᠠᠷ ᠤᠨ ᠦᠰᠦᠭ ᠵᠢᠷᠤᠪᠠ           ᠰᠢᠯᠢ ᠶᠢᠨ ᠭᠤᠤᠯ ᠠᠶᠢᠮᠠᠭ ᠪᠤᠯᠤᠨ ᠭᠤᠤᠯᠳᠠᠯᠭ᠎ᠠ ᠲᠠᠢ ᠠᠵᠦ ᠠᠬᠤᠢᠢᠯᠠᠯ ᠤᠨ ᠬᠠᠮᠳᠤᠷᠠᠨ ᠠᠵᠢᠯᠯᠠᠬᠤ ᠶᠠᠷᠢᠯᠴᠠᠬᠤ ᠬᠤᠷᠠᠯ ᠪᠡᠭᠡᠵᠢᠩ ᠳᠤ ᠶᠠᠪᠤᠭᠳᠠᠵᠠᠢ               ᠯᠦᠸᠧ ᠬᠤ᠋ ᠽᠠᠢ ᠶᠠᠷᠢᠶ᠎ᠠ ᠲᠠᠯᠪᠢᠵᠦ ᠹᠦ᠋ ᠸᠠᠨ ᠬᠤᠢ ᠬᠤᠷᠠᠯ ᠡᠷᠬᠢᠯᠡᠪᠡ       ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠦᠪ ᠤᠨ ᠠᠵᠦ ᠠᠬᠤᠢᠢᠯᠠᠯ ᠯᠤᠭ᠎ᠠ ᠶᠢᠨ ᠬᠠᠮᠲᠤᠷᠠᠨ ᠠᠵᠢᠯᠯᠠᠬᠤ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠤᠯᠡᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠵᠦ ᠠᠬᠤᠢᠢᠯᠠᠯ ᠪᠤᠯᠤᠨ ᠭᠠᠵᠠᠷ ᠤᠷᠤᠨ ᠤ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠦ᠂ ᠬᠠᠮᠲᠤᠪᠡᠷ ᠠᠰᠢᠭ ᠬᠦᠷᠳᠡᠬᠦ ᠵᠤᠷᠢᠯᠭ᠎ᠠ ᠪᠠᠷ 2 ᠳ᠋ᠤᠭᠠᠷ ᠰᠠᠷ᠎ᠡ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠤᠨ ᠬᠤᠷᠠᠯ ᠤᠨ ᠲᠦᠪ ᠲᠤ ᠠᠶᠢᠮᠠᠭ ᠤᠨ ᠨᠠᠮ ᠤᠨ ᠬᠤᠷᠢᠶ᠎ᠡ ᠪᠠ ᠵᠠᠬᠢᠷᠭ᠎ᠠ ᠬᠡᠰᠡᠭ ᠭᠤᠤᠯᠳᠠᠯᠭ᠎ᠠ ᠲᠠᠢ ᠠᠵᠦ ᠠᠬᠤᠢᠢᠯᠠᠯ ᠲᠠᠢ ᠬᠠᠮᠲᠤᠷᠠᠨ ᠠᠵᠢᠯᠯᠠᠬᠤ ᠶᠠᠷᠢᠯᠴᠠᠬᠤ ᠬᠤᠷᠠᠯ ᠶᠠᠪᠤᠭᠳᠠᠭᠤᠯᠪᠠ᠃       ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠬᠤᠷᠠᠯ ᠳᠤ ᠤᠷᠤᠯᠴᠠᠭᠰᠠᠨ ᠪᠦᠬᠡᠳ ᠶᠠᠷᠢᠶ᠎ᠠ ᠲᠠᠯᠪᠢᠵᠦ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠹᠦ᠋ ᠸᠠᠨ ᠬᠤᠢ ᠬᠤᠷᠠᠯ ᠢ ᠡᠷᠬᠢᠯᠡᠨ᠂ ᠠᠶᠢᠮᠠᠭ ᠤᠨ ᠳᠡᠳ᠋ ᠳᠠᠷᠤᠭ᠎ᠠ ᠮᠧᠩ ᠵᠤᠤ ᠵᠢᠶᠦ᠋ᠨ ᠮᠠᠨ ᠤ ᠠᠶᠢᠮᠠᠭ ᠤᠨ ᠠᠵᠦ ᠠᠬᠤᠢ ᠨᠡᠶᠢᠭᠡᠮ ᠤᠨ ᠭᠦᠭᠵᠢᠯᠲᠡ ᠶᠢᠨ ᠪᠠᠶᠢᠳᠠᠯ ᠢ ᠲᠠᠨᠢᠯᠴᠠᠭᠤᠯᠵᠦ᠂ ᠬᠠᠮᠢᠶ᠎ᠠ ᠪᠦᠬᠦᠢ ᠬᠤᠰᠢᠭᠤ ᠰᠢᠶᠠᠨ᠂ ᠠᠶᠢᠮᠠᠭ ᠤᠨ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠥᠴᠢᠷ ᠪᠤᠯᠤᠨ ᠬᠡᠰᠡᠭ ᠠᠵᠦ ᠠᠬᠤᠢᠢᠯᠠᠯ᠂ ᠮᠥᠩᠬᠦᠨ ᠭᠦᠢᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃       ᠯᠦᠸᠧ ᠬᠤ᠋ ᠽᠠᠢ ᠵᠢᠭᠠᠬᠤ ᠳᠠᠭᠠᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠲᠤᠰ ᠤᠳᠠᠭᠠᠨ ᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠳᠦᠪᠯ ᠤᠨ ᠠᠵᠦ ᠠᠬᠤᠢᠢᠯᠠᠯ ᠯᠤᠭ᠎ᠠ ᠶᠢᠨ ᠬᠠᠮᠳᠤᠷᠠᠨ ᠠᠵᠢᠯᠯᠠᠬᠤ ᠶᠠᠷᠢᠯᠴᠠᠬᠤ ᠬᠤᠷᠠᠯ ᠤᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠵᠦ ᠠᠬᠤᠢᠢᠯᠠᠯ ᠯᠤᠭ᠎ᠠ ᠶᠢᠨ ᠬᠠᠮᠳᠤᠷᠠᠯᠴᠠᠭ᠎ᠠ ᠪᠠᠨ ᠬᠦᠨᠵᠡᠭᠡᠶᠢᠷᠡᠭᠦᠯᠵᠦ᠂ ᠤᠬᠢ ᠰᠠᠶᠢᠨ ᠪᠠᠯᠠ ᠤᠷᠤᠭᠤᠯᠤᠯᠲᠠ ᠶᠢᠨ ᠤᠷᠴᠢᠨ ᠲᠤᠭᠤᠷᠢᠨ ᠪᠠ ᠪᠦᠲᠦᠭᠡᠨ ᠪᠠᠶᠢᠭᠤᠯᠤᠯᠲᠠ ᠶᠢᠨ ᠨᠦᠭᠦᠴᠡᠯ ᠪᠤᠯᠤᠮᠵᠢ ᠶᠢ ᠬᠦᠴᠦᠯᠡᠨ ᠪᠦᠷᠢᠳᠦᠬᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠡᠬᠢ ᠪᠠᠶᠠᠯᠢᠭ ᠶᠢᠨ ᠨᠡᠭᠡᠭᠡᠨ ᠠᠰᠢᠭᠯᠠᠯᠲᠠ᠂ ᠰᠠᠭᠤᠷᠢ ᠳᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠦᠢᠯᠡᠰ ᠵᠡᠷᠭᠡ ᠬᠦᠷᠢᠶ᠎ᠡ ᠬᠡᠪᠴᠢᠶᠡᠨ ᠳᠠᠬᠢ ᠬᠠᠮᠳᠤᠷᠠᠯᠴᠠᠭ᠎ᠠ ᠪᠠᠨ ᠦᠷᠭᠡᠳᠭᠡᠵᠦ᠂ ᠬᠠᠮᠲᠦᠪᠡᠷ ᠭᠦᠭᠵᠢᠵᠦ ᠬᠠᠮᠲᠤᠪᠡᠷ ᠠᠰᠢᠭ ᠭᠦᠷᠳᠡᠬᠦ ᠪᠠᠷ ᠴᠢᠷᠮᠠᠶᠢᠨ ᠠᠵᠢᠯᠯᠠᠨ᠎ᠠ ᠭᠡᠪᠡ᠃       ᠯᠦᠸᠧ ᠬᠤ᠋ ᠽᠠᠢ ᠵᠢᠭᠠᠬᠤ ᠳᠠᠭᠠᠨ᠂ ᠤᠢᠢᠷ᠎ᠡ ᠶᠢᠨ ᠵᠢᠯ ᠳᠤ᠂ ᠮᠠᠨ ᠤ ᠠᠶᠢᠮᠠᠭ ᠤᠯᠤᠰ ᠤᠨ ᠪᠠᠷᠠᠭᠤᠨ ᠤᠷᠤᠨ ᠢ ᠨᠡᠬᠡᠬᠡᠨ ᠭᠦᠭᠵᠢᠬᠦᠯᠬᠦ᠂ ᠰᠢᠨ᠎ᠡ ᠨᠢᠭᠡᠨ ᠡᠭᠡᠯᠵᠢ ᠶᠢᠨ ᠵᠡᠬᠦᠨ ᠬᠤᠶᠢᠲᠦ ᠤᠷᠤᠨ ᠢ ᠬᠦᠭᠵᠢᠬᠦᠯᠤᠨ ᠮᠠᠨᠳᠤᠭᠤᠯᠬᠤ ᠵᠡᠷᠭᠡ ᠴᠢᠬᠤᠯᠡ ᠶᠡᠭᠡ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠡᠵᠡᠮᠳᠡᠵᠦ᠂ ᠡᠬᠢ ᠪᠠᠶᠠᠯᠢᠭ ᠤᠨ ᠲᠠᠪᠠᠭᠤᠯᠢᠭ᠂ ᠤᠷᠤᠨ ᠪᠠᠶᠢᠷᠢ ᠶᠢᠨ ᠲᠠᠪᠠᠭᠤᠯᠢᠭ᠂ ᠠᠵᠦ ᠦᠢᠯᠡᠰ ᠤᠨ ᠰᠠᠭᠤᠷᠢ ᠪᠠ ᠪᠡᠯᠡ ᠤᠷᠤᠭᠤᠯᠤᠯᠲᠠ ᠶᠢᠨ ᠤᠷᠴᠢᠨ ᠲᠤᠭᠤᠷᠢᠨ ᠤ ᠲᠠᠪᠠᠭᠤᠯᠢᠭ ᠲᠤ ᠲᠦᠰᠢᠭᠯᠡᠨ᠂ ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠯᠲᠡ᠂ ᠰᠤᠷᠠᠬ ᠴᠢᠮᠡᠭᠡᠵᠢᠯᠳᠡ᠂ ᠬᠤᠲᠠ ᠪᠠᠯᠭᠠᠰᠤᠵᠢᠯᠲᠠ᠂ ᠪᠤᠬᠢᠷᠳᠤᠯ ᠦᠬᠡᠢ ᠤᠳᠤ ᠦᠶ᠎ᠠ ᠶᠢᠨ ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰᠵᠢᠯᠲᠠ ᠶᠢ ᠬᠦᠴᠦᠯᠡᠨ ᠠᠬᠢᠭᠤᠯᠵᠦ᠂ ᠠᠵᠦ ᠠᠬᠤᠢ ᠲᠦᠷᠭᠡᠨ ᠭᠦᠭᠵᠢᠯᠲᠡ ᠲᠠᠢ᠂ ᠨᠡᠶᠢᠬᠡᠮ ᠪᠦᠬᠦ ᠲᠠᠯ᠎ᠡ ᠪᠠᠷ ᠭᠦᠭᠵᠢᠭᠰᠡᠨ᠂ ᠦᠨᠳᠦᠰᠦᠳᠡᠨ ᠨᠦᠭᠦᠳ ᠪᠦᠯᠬᠦᠮᠳᠡᠯ ᠲᠠᠢ᠂ ᠬᠢᠯᠢ ᠬᠢᠵᠠᠭᠠᠷ ᠠᠮᠤᠷ ᠲᠤᠭᠲᠠᠭᠤᠨ ᠤᠬᠢ ᠰᠠᠶᠢᠨ ᠪᠠᠶᠢᠳᠠᠯ ᠢ ᠪᠤᠢ ᠪᠤᠯᠭᠠᠵᠠᠢ᠃ ᠤᠳᠤᠬᠠᠨ ᠪᠠ ᠬᠤᠶᠢᠰᠢᠲᠠ ᠶᠢᠨ ᠨᠢᠬᠡ ᠬᠡᠰᠡᠭ ᠬᠤᠭᠤᠴᠠᠭᠠᠨ ᠳᠤ᠂ ᠪᠢᠳᠡ ᠥᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠡᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠬᠰᠠᠨ ᠰᠡᠳᠬᠢᠴᠡ ᠪᠠ ᠡᠭᠦᠷᠭᠡ ᠱᠠᠭᠠᠷᠳᠠᠯᠭ᠎ᠠ ᠶᠢᠨ ᠲᠤᠭᠤᠷᠢᠨ ᠳᠤ᠂ ᠰᠢᠨ᠎ᠡ ᠬᠦᠭᠵᠢᠯᠲᠡ ᠶᠢᠨ ᠦᠵᠡᠯᠲᠡ ᠶᠢ ᠪᠠᠷᠢᠮᠳᠠᠯᠠᠵᠦ᠂ ᠬᠦᠭᠵᠢᠯᠲᠡ ᠶᠢᠨ ᠴᠢᠨᠠᠷᠵᠢᠯ ᠪᠠ ᠦᠷ᠎ᠡ ᠪᠦᠲᠦᠮᠵᠢ ᠶᠢ ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠰᠢᠵᠢᠮ ᠪᠤᠯᠭᠠᠵᠦ᠂ ᠤᠯᠤᠰ ᠤᠨ ᠴᠢᠬᠤᠯᠡ ᠶᠡᠭᠡ ᠪᠤᠬᠢᠷᠳᠤᠯ ᠦᠬᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠡᠳ᠋ᠰᠢᠬᠦᠯᠦᠨ ᠦᠢᠯᠡᠳᠪᠦᠷᠢᠯᠡᠵᠦ ᠭᠠᠳᠠᠬᠰᠢ ᠭᠠᠷᠭᠠᠬᠤ ᠰᠠᠭᠤᠷᠢᠨ᠂ ᠤᠯᠤᠰ ᠤᠨ ᠴᠢᠬᠤᠯᠡ ᠶᠡᠭᠡ ᠴᠡᠪᠡᠷ ᠡᠨᠧᠷᠬᠢ ᠶᠢ ᠭᠠᠳᠠᠭᠰᠢ ᠭᠠᠷᠭᠠᠬᠤ ᠰᠠᠭᠤᠷᠢᠨ᠂ ᠤᠯᠤᠰ ᠤᠨ ᠳᠤᠲᠤᠭᠠᠲᠤ ᠶᠢᠨ ᠵᠤᠭᠠᠴᠠᠯ ᠰᠡᠯᠡᠬᠦᠴᠡᠯ ᠤᠨ ᠤᠷᠤᠨ ᠪᠠ ᠪᠦᠬᠦ ᠠᠶᠢᠮᠠᠭ ᠤᠨ ᠵᠤᠭᠠᠴᠠᠯ ᠤᠨ ᠵᠢᠱᠢᠶ᠎ᠡ ᠦᠵᠡᠬᠦᠯᠬᠦ ᠤᠷᠤᠨ᠂ ᠤᠮᠠᠷᠠᠰᠢ ᠨᠡᠭᠡᠭᠡᠯᠲᠡ ᠬᠢᠬᠦ ᠬᠤᠰᠢᠭᠤᠴᠢ ᠤᠷᠤᠨ ᠵᠡᠷᠭᠡ ᠪᠠᠶᠢᠷᠢ ᠲᠤᠭᠳᠠᠭᠠᠯᠲᠠ ᠪᠠᠷ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠭᠦᠭᠵᠢᠬᠦᠯᠬᠦ᠂ ᠭᠠᠳᠠᠭᠰᠢ ᠨᠡᠭᠡᠭᠡᠯᠲᠡ ᠶᠢ ᠦᠷᠭᠡᠳᠭᠡᠬᠦ᠂ ᠰᠠᠭᠤᠷᠢ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠵᠡᠷᠭᠡ ᠶᠢ ᠠᠬᠢᠭᠤᠯᠵᠦ᠂ ᠲᠠᠪᠠᠯᠲᠠᠲᠦ ᠭᠦᠭᠵᠢᠯᠲᠡ ᠶᠢ ᠪᠡᠶᠡᠯᠡᠬᠦᠯᠵᠦ᠂ ᠡᠯ᠎ᠡ ᠵᠦᠢᠯ ᠤᠨ ᠠᠵᠢᠯ ᠦᠢᠯᠡᠰ ᠤᠨ ᠭᠦᠭᠵᠢᠯᠲᠡ ᠶᠢᠨ ᠰᠢᠨ᠎ᠡ ᠪᠠᠶᠢᠳᠠᠯ ᠢ ᠪᠤᠢ ᠪᠤᠯᠭᠠᠬᠤ ᠬᠡᠷᠡᠭᠲᠡᠢ ᠬᠡᠪᠡ᠃       ᠶᠠᠷᠢᠯᠴᠠᠬᠤ ᠬᠤᠷᠠᠯ ᠲᠡᠭᠡᠷ᠎ᠡ᠂ ᠮᠠᠨ ᠤ ᠠᠶᠢᠮᠠᠭ ᠬᠡᠰᠡᠭ ᠲᠦᠪ ᠤᠨ ᠠᠵᠦ ᠠᠬᠤᠢᠢᠯᠠᠯ ᠪᠠ ᠤᠯᠤᠰ ᠤᠨ ᠥᠮᠴᠢᠯᠡᠯᠲᠦ ᠠᠵᠦ ᠠᠬᠤᠢᠢᠯᠠᠯ᠂ ᠠᠷᠠᠳ ᠠᠴᠠ ᠡᠵᠡᠩᠨᠡᠭᠰᠡᠨ ᠠᠵᠦ ᠠᠬᠤᠢᠢᠯᠠᠯ ᠵᠡᠷᠭᠡ 30 ᠭᠠᠷᠤᠢ ᠲᠦᠷᠦᠯ ᠵᠦᠯ ᠤᠨ ᠠᠵᠦ ᠠᠬᠤᠢᠢᠯᠠᠯ ᠲᠠᠢ ᠴᠡᠪᠡᠷ ᠡᠨᠧᠷᠬᠢ᠂ ᠲᠤᠮᠤ ᠳ᠋ᠠᠶᠢᠲ᠋ᠠ᠂ ᠮᠥᠩᠬᠦᠨ ᠬᠦᠢᠯᠭᠡᠭᠡ᠂ ᠰᠠᠭᠤᠷᠢ ᠪᠦᠲᠦᠭᠡᠨ ᠪᠠᠶᠢᠭᠤᠯᠤᠯᠲᠠ᠂ ᠮᠠᠯ ᠲᠡᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠡᠳ᠋ᠰᠢᠬᠦᠯᠬᠦ᠂ ᠰᠤᠶᠤᠯ ᠵᠤᠭᠠᠴᠠᠯ᠂ ᠭᠠᠵᠠᠷ ᠰᠢᠨᠵᠢᠯᠡᠭᠡ᠂ ᠡᠮ ᠡᠮᠨᠡᠯᠭᠡ ᠵᠡᠷᠭᠡ ᠡᠭᠤᠯᠭ᠎ᠠ ᠪᠦᠬᠦᠢ 28 ᠲᠦᠷᠦᠯ ᠵᠦᠢᠯ ᠳᠤ ᠭᠠᠷ ᠤᠨ ᠦᠰᠦᠭ ᠵᠢᠷᠦᠵᠦ᠂ ᠶᠡᠷᠦᠩᠬᠡᠢ ᠪᠡᠯᠡ ᠤᠷᠤᠭᠤᠯᠤᠯᠲᠠ ᠨᠢ 422 ᠳ᠋ᠦᠩᠰᠢᠭᠤᠷ ᠲᠦᠭᠦᠷᠢᠭ ᠬᠦᠷᠴᠡᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号