ᠠᠶᠢᠮᠠᠭ ᠤᠨ ᠤᠯᠤᠰ ᠳᠦᠷᠤ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠠᠪᠤᠳᠤᠭᠠᠷ ᠤᠳᠠᠭᠠᠨ ᠤ ᠬᠤᠷᠠᠯ ᠤᠨ ᠬᠤᠭᠤᠴᠠᠭᠠᠨ ᠳᠤ ᠨᠡᠶᠢᠳᠡ150 ᠬᠤᠪᠢ ᠰᠠᠨᠠᠯ ᠳᠤᠷᠠᠳᠤᠯᠭ᠎ᠠ ᠬᠤᠷᠢᠶᠠᠵᠤ ᠬᠢᠨᠠᠨ ᠪᠠᠶᠢᠴᠠᠭᠠᠯᠳᠠ ᠪᠠᠷ ᠳᠠᠮᠵᠢᠨ143 ᠶᠢ ᠨᠢ ᠳᠠᠩᠰᠠᠯᠠᠨ ᠰᠢᠢᠳᠪᠤᠷᠢᠯᠡᠬᠦ ᠪᠠᠷ ᠪᠤᠢ
ᠨᠡᠶᠢᠲᠡᠯᠡᠭᠰᠡᠨ ᠴᠠᠭ᠄
2017/3/6
    2 ᠳ᠋ᠤᠭᠠᠷ ᠰᠠᠷ᠎ᠠ ᠶᠢᠨ 28 ᠤ ᠦᠳᠡ ᠶᠢᠨ ᠡᠮᠤᠨ᠎ᠡ ᠬᠤᠷᠠᠯᠳᠤᠡᠡᠰᠡᠨ ᠠᠶᠢᠮᠠᠭ ᠤᠨ ᠤᠯᠤᠰ ᠳᠦᠷᠤ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠠᠪᠤᠳᠤᠭᠠᠷ ᠤᠳᠠᠭᠠᠨ ᠤ ᠬᠤᠷᠠᠯ ᠤᠨ ᠰᠤᠨᠢᠨ ᠮᠡᠳᠡᠭᠡ‌ᠨᠡᠶᠢᠳᠡᠯᠡᠬᠦ ᠬᠤᠷᠠᠯ ᠠᠴᠠ ᠤᠶᠢᠯᠠᠭᠠᠡᠡᠰᠡᠨ ᠢᠶᠠᠷ᠂ ᠤᠶᠢᠷᠠᠬᠠᠨ ᠬᠤᠷᠠᠯᠳᠤᠡᠡᠰᠡᠨ‌‍ᠰᠢᠯᠢ ᠶᠢᠨ ᠭᠤᠤᠯ ᠠᠶᠢᠮᠠᠭ  ᠤᠨ ᠤᠯᠤᠰ ᠳᠦᠷᠤ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠠᠪᠤᠳᠤᠭᠠᠷ ᠤᠳᠠᠭᠠᠨ ᠤ ᠬᠤᠷᠠᠯ  ᠤᠨ ᠬᠤᠭᠤᠴᠠᠭᠠᠨ ᠳᠤ᠂ ᠠᠶᠢᠮᠠᠭ ᠤᠨ ᠤᠯᠤᠰ ᠳᠦᠷᠤ ᠶᠢᠨ ᠵᠦᠪᠯᠡᠯᠭᠡᠨ ᠤ ᠡᠯ᠎ᠡ ᠤᠷᠤᠯᠴᠬᠠᠴᠢ ᠪᠠᠶᠢᠭᠤᠯᠭ᠎ᠠ ᠨᠢᠭᠡᠴᠡ᠂ ᠦᠷᠭᠡᠨ ᠤᠯᠠᠨ ᠤᠯᠤᠰ ᠳᠦᠷᠤ ᠶᠢᠨ ᠵᠦᠪᠯᠡᠯᠭᠡᠨ ᠤ ᠭᠡᠰᠢᠬᠦᠨ ᠪᠤᠯᠤᠨ ᠡᠯ᠎ᠡ ᠳᠤᠰᠬᠠᠢ ᠵᠦᠪᠯᠡᠯ ᠤᠨ  ᠬᠢᠨ ᠭᠤᠤᠯᠳᠠᠯᠭ᠎ᠠ ᠶᠢᠨ ᠳᠤᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠳᠠᠯᠠᠵᠤ᠂ ᠳᠡᠭᠡᠳᠤ ᠬᠡᠮᠵᠢᠶᠡᠨ ᠤ ᠤᠯᠤᠰ ᠳᠦᠷᠤ ᠶᠢᠨ ᠬᠠᠷᠢᠭᠤᠴᠠᠯᠭᠠᠳᠤ ᠰᠡᠳᠬᠢᠯᠭᠡ ᠪᠠᠷ ᠰᠠᠨᠠᠯ ᠳᠤᠷᠠᠳᠤᠯᠭ᠎ᠠ ᠳᠤᠷᠠᠳᠴᠤ᠂ ᠦᠪᠡᠷ ᠤᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠤ᠂ ᠰᠠᠨᠠᠯ ᠪᠤᠳᠤᠯ ᠢᠶᠠᠨ ᠳᠡᠪᠰᠢᠬᠦᠯᠦᠭᠰᠡᠨ ᠪᠠᠶᠢᠨ᠎ᠠ᠃ ᠢᠩᠬᠢᠭᠰᠡᠨ ᠢᠶᠠᠷ ᠬᠤᠷᠠᠯ  ᠤᠨ ᠬᠤᠭᠤᠴᠠᠭᠠᠨ ᠳᠤ ᠨᠡᠶᠢᠳᠡ 150 ᠬᠤᠪᠢ ᠰᠠᠨᠠᠯ ᠳᠤᠷᠠᠳᠤᠯᠭ᠎ᠠ ᠬᠤᠷᠢᠶᠠᠵᠤ᠂ ᠬᠢᠨᠠᠨ ᠪᠠᠶᠢᠴᠠᠭᠠᠯᠳᠠ ᠪᠠᠷ ᠳᠠᠮᠵᠢᠨ143 ᠶᠢ ᠨᠢ ᠳᠠᠩᠰᠠᠯᠠᠨ ᠰᠢᠢᠳᠪᠤᠷᠢᠯᠡᠬᠦ ᠪᠠᠷ ᠪᠤᠢ᠃       ᠰᠢᠯᠢ ᠶᠢᠨ ᠭᠤᠤᠯ ᠠᠶᠢᠮᠠᠭ ᠤᠨ ᠤᠯᠤᠰ ᠳᠦᠷᠤ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠠᠪᠤᠳᠤᠭᠠᠷ ᠤᠳᠠᠭᠠᠨ ᠤ ᠬᠤᠷᠠᠯ ᠨᠢ ᠮᠠᠨ ᠤ ᠠᠶᠢᠮᠠᠭ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠤᠨ᠂ ᠬᠠᠤᠯᠢ ᠪᠠᠷ ᠠᠶᠢᠮᠠᠭ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠳᠦᠯᠤᠪᠵᠢᠬᠦᠯᠭᠡ ᠶᠢ ᠬᠡᠷᠡᠭᠵᠢᠬᠦᠯᠬᠦ ᠴᠢᠬᠤᠯᠠ ᠨᠢᠭᠡᠨ ᠵᠢᠯ ᠳᠤ ᠬᠤᠷᠠᠯᠳᠤᠭᠤᠯᠤᠡᠡᠰᠡᠨ ᠴᠢᠬᠤᠯᠠ ᠬᠤᠷᠠᠯᠳᠤᠭᠠᠨ ᠪᠤᠯᠤᠨ᠎ᠠ᠃ ᠳᠤᠰ ᠤᠳᠠᠭᠠᠨ ᠤ ᠬᠤᠷᠠᠯ ᠤᠨ ᠰᠠᠨᠠᠯ ᠳᠤᠷᠠᠳᠤᠯᠭ᠎ᠠ  ᠨᠢ ᠤᠯᠤᠰ ᠳᠦᠷᠤ᠂ ᠰᠤᠶᠤᠯ᠂ ᠨᠡᠶᠢᠭᠡᠮ᠂ ᠵᠤᠭᠠᠴᠠᠯ᠂ ᠤᠷᠴᠢᠨ ᠳᠤᠭᠤᠷᠢᠨ᠂ ᠠᠷᠠᠳ ᠤᠨ ᠠᠮᠢᠳᠤᠷᠠᠯ᠂ ᠠᠮᠢ ᠠᠬᠤᠢ ᠵᠡᠷᠭᠡ‌ᠡᠯ᠎ᠡ ᠲᠠᠯ᠎ᠠ ᠳᠤ ᠬᠤᠯᠪᠤᠡᠡᠳᠠᠵᠤ᠂ ᠶᠠᠰᠤ ᠴᠢᠨᠠᠷ ᠨᠢ‌ᠦᠨᠳᠤᠷ᠂ ᠠᠭᠤᠯᠭ᠎ᠠ ᠨᠢ ᠪᠠᠶᠠᠯᠢᠭ᠂ ᠭᠤᠤᠯᠳᠠᠯᠭ᠎ᠠ  ᠨᠢ ᠳᠤᠪᠤᠶᠢᠮ᠎ᠠ᠂ ᠴᠢᠭᠯᠡᠯᠳᠤ ᠴᠢᠨᠠᠷ ᠢᠶᠠᠷ ᠴᠢᠩᠭ᠎ᠠ ᠪᠠᠶᠢᠡᠡᠰᠡᠨ ᠪᠦᠭᠡᠳ ᠠᠷᠠᠳ ᠤᠨ ᠠᠮᠢᠳᠤᠷᠠᠯ ᠢ ᠪᠠᠳᠤᠯᠠᠬᠤ ᠪᠠ‌ᠬᠠᠯᠠᠨ ᠰᠠᠶᠢᠵᠢᠷᠠᠭᠤᠯᠬᠤ ᠨᠢ ᠮᠦᠨᠴᠤ ᠭᠡᠰᠢᠬᠦᠳ ᠤᠨ ᠠᠩᠬᠠᠷᠴᠤ ᠪᠠᠶᠢᠭ᠎ᠠ ᠭᠤᠤᠯ ᠠᠰᠠᠭᠤᠳᠠᠯ ᠪᠤᠯᠵᠤ᠂ ᠡᠨᠡ ᠲᠠᠯ᠎ᠠ ᠪᠠᠷ ᠬᠢ ᠰᠠᠨᠠᠯ ᠳᠤᠷᠠᠳᠤᠯᠭ᠎ᠠ ᠶᠢᠨ ᠳᠤᠭ᠎ᠠ ᠨᠡᠮᠡᠭᠳᠡᠨ᠂ ᠠᠭᠤᠯᠭ᠎ᠠ ᠨᠢ ᠤᠯᠠᠮ ᠦᠷᠭᠡᠵᠢᠪᠡ᠃ ᠡᠬᠦᠨ ᠳᠤ᠂ ᠠᠵᠤ ᠠᠬᠤᠢ ᠶᠢᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠨ᠂ ᠠᠵᠤ ᠠᠬᠤᠢ ᠶᠢᠨ ᠨᠡᠮᠡᠭᠳᠡᠯ ᠢ ᠳᠤᠡᠡᠳᠠᠪᠤᠷᠢᠵᠢᠭᠤᠯᠵᠤ᠂ ᠠᠵᠤ ᠠᠬᠤᠢ ᠶᠢᠨ ᠡᠷᠡᠬᠦᠯ ᠴᠢᠬᠢᠷᠠᠭ ᠬᠦᠭᠵᠢᠯᠳᠡ ᠶᠢ ᠠᠬᠢᠭᠤᠯᠬᠤ ᠲᠠᠯ᠎ᠠ ᠪᠠᠷ 64 ᠬᠤᠪᠢ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠤ᠂ ᠠᠷᠠᠳ ᠳᠦᠮᠡᠨ ᠤ ᠵᠤᠯ ᠵᠢᠷᠭᠠᠯ ᠤᠨ ᠬᠡᠮᠵᠢᠶ᠎ᠡ  ᠶᠢ ᠳᠡᠭᠡᠭᠰᠢᠯᠡᠬᠦᠯᠬᠦ ᠵᠡᠷᠭᠡ ᠨᠡᠶᠢᠭᠡᠮ ᠤᠨ ᠬᠠᠮᠢᠶᠠᠷᠤᠯᠳᠠ ᠶᠢᠨ ᠲᠠᠯ᠎ᠠ ᠪᠠᠷ 65 ᠬᠤᠪᠢ᠂ ᠰᠤᠶᠤᠯ ᠤᠨ ᠪᠠᠶᠢᠭᠤᠯᠤᠯᠳᠠ ᠶᠢ ᠳᠦᠷᠭᠡᠳᠭᠡᠵᠤ᠂ ᠰᠤᠶᠤᠯ ᠢ ᠴᠡᠴᠡᠭᠯᠡᠨ ᠬᠦᠭᠵᠢᠬᠦᠯᠬᠦ ᠲᠠᠯ᠎ᠠ ᠪᠠᠷ 11 ᠬᠤᠪᠢ᠂ ᠠᠮᠢ ᠠᠬᠤᠢ  ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠨ᠂ ᠤᠷᠴᠢᠨ ᠳᠤᠭᠤᠷᠢᠨ ᠤ ᠪᠤᠬᠢᠷᠳᠤᠯ ᠢ ᠰᠡᠷᠭᠡᠶᠢᠯᠡᠨ ᠵᠠᠰᠠᠬᠤ ᠲᠠᠯ᠎ᠠ ᠪᠠᠷ 10 ᠬᠤᠪᠢ ᠰᠠᠨᠠᠯ ᠳᠤᠷᠠᠳᠤᠯᠭ᠎ᠠ ᠳᠡᠪᠰᠢᠬᠦᠯᠵᠠᠢ᠃ ᠳᠤᠰ ᠤᠳᠠᠭᠠᠨ ᠤ ᠰᠠᠨᠠᠯ ᠳᠤᠷᠠᠳᠤᠯᠭ᠎ᠠ ᠨᠢ ᠨᠡᠯᠢᠶᠡᠳ ᠦᠨᠳᠤᠷ ᠯᠠᠪᠯᠠᠬᠤ ᠦᠨ᠎ᠡ ᠦᠷᠳᠡᠭ ᠲᠠᠢ ᠪᠠᠶᠢᠵᠤ᠂ ᠬᠤᠷᠠᠯ ᠤᠨ ᠳᠠᠷᠠᠭ᠎ᠠ ᠡᠳᠡᠭᠡᠷ ᠰᠠᠨᠠᠯ ᠳᠤᠷᠠᠳᠤᠯᠭ᠎ᠠ  ᠶᠢ ᠡᠮᠬᠢᠳᠭᠡᠨ ᠳᠢᠭᠯᠡᠵᠤ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠳᠤ ᠳᠡᠪᠰᠢᠬᠦᠯᠬᠦ ᠶᠢᠨ ᠬᠠᠮᠳᠤ ᠰᠠᠨᠠᠯ ᠳᠤᠷᠠᠳᠤᠯᠭ᠎ᠠ ᠶᠢ ᠳᠤᠰᠢᠶᠠᠬᠤ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠳᠤ ᠳᠤᠰᠢᠶᠠᠨ ᠰᠢᠢᠳᠪᠤᠷᠢᠯᠡᠬᠦᠯᠬᠦ ᠪᠠᠷ ᠪᠤᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠤ ᠮᠤᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号