2017 ᠤᠨ ᠤ ︽ᠬᠤᠶᠠᠷ ᠬᠤᠷᠠᠯ︾ ᠤᠨ ᠠᠷᠪᠡᠨ ᠬᠠᠯᠠᠮᠰᠢᠯ ᠴᠡᠭ
ᠨᠡᠶᠢᠲᠡᠯᠡᠭᠰᠡᠨ ᠴᠠᠭ᠄
2017/3/9
    2017 ᠤᠨ ᠪᠤᠯ ᠮᠠᠨ ᠤ ᠤᠯᠤᠰ ᠤᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠵᠠᠩᠬᠢᠯᠠᠭ᠎ᠠ ᠶᠢᠨ ᠨᠢᠭᠡ ᠵᠢᠯ᠂ ︽ᠠᠷᠪᠡᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢ ᠭᠡᠷᠡᠭᠵᠢᠬᠦᠯᠬᠦ ᠴᠢᠬᠤᠯᠠ ᠨᠢᠭᠡ ᠵᠢᠯ ᠪᠤᠯᠬᠤ ᠪᠦᠭᠡᠳ ᠳᠤᠮᠳᠠᠳᠤ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠬᠤ ᠵᠢᠯ ᠪᠤᠯᠤᠨ᠎ᠠ᠃ ᠡᠨᠡᠬᠦ ᠲᠡᠦᠭᠡ ᠶᠢᠨ ᠵᠠᠩᠬᠢᠯᠠᠭ᠎ᠠ ᠶᠢᠨ ᠴᠠᠭ ᠮᠦᠴᠡ ᠳᠤ ᠬᠤᠷᠠᠯᠳᠤᠬᠤ ᠪᠦᠬᠦ ᠤᠯᠤᠰ ᠤᠨ ᠬᠤᠶᠠᠷ ᠬᠤᠷᠠᠯ ᠨᠢ ᠳᠡᠯᠡᠭᠡᠢ ᠳ᠋ᠠᠬᠢᠨ ᠤ ᠠᠩᠬᠠᠷᠤᠯ ᠢ ᠳᠠᠳᠠᠬᠤ ᠨᠢ ᠳᠠᠮᠵᠢᠭ ᠦᠭᠡᠢ᠃ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠨᠢ ᠠᠷᠪᠠᠨ ᠶᠡᠭᠡ ᠬᠠᠯᠠᠮᠰᠢᠯ ᠴᠡᠭ ᠲᠠᠢ᠃     ᠬᠠᠯᠠᠮᠰᠢᠯ ᠴᠡᠭ ᠨᠢᠭᠡ᠄ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ       3 ᠵᠢᠯ ᠭᠠᠷᠤᠢ ᠶᠢᠨ ᠴᠢᠷᠮᠠᠶᠢᠯᠭ᠎ᠠ ᠪᠠᠷ ᠳᠠᠮᠵᠢᠨ ᠮᠠᠨ ᠤ ᠤᠯᠤᠰ ᠨᠢᠭᠡ ᠪᠦᠯᠦᠭ ᠪᠡᠯᠭᠡ ᠳᠡᠮᠳᠡᠭ ᠤᠨ ᠴᠢᠨᠠᠷᠳᠠᠢ ᠂ ᠵᠠᠩᠬᠢᠯᠠᠭ᠎ᠠ ᠶᠢᠨ ᠴᠢᠨᠠᠷᠳᠠᠢ ᠴᠢᠬᠤᠯᠠ ᠶᠡᠭᠡ ᠦᠭᠡᠷᠡᠴᠢᠯᠡᠯᠳᠠ ᠶᠢᠨ ᠲᠦᠰᠦᠯ ᠢ ᠨᠡᠶᠢᠳᠡᠯᠡᠨ ᠭᠡᠷᠡᠭᠵᠢᠬᠦᠯᠵᠦ᠂ ᠬᠡᠰᠡᠭ ᠴᠢᠬᠤᠯᠠ ᠬᠦᠷᠢᠶ᠎ᠠ ᠪᠠ ᠵᠠᠩᠬᠢᠯᠠᠭ᠎ᠠ ᠶᠢᠨ ᠭᠤᠭᠴᠤᠭ᠎ᠠ ᠳᠠᠬᠢ ᠦᠭᠡᠷᠡᠴᠢᠯᠡᠯᠳᠠ ᠴᠢᠬᠤᠯᠠ ᠰᠢᠪᠳᠤᠯᠤᠯᠳᠠ ᠤᠯᠵᠦ᠂ ᠨᠢᠭᠡ ᠪᠦᠯᠦᠭ ᠴᠢᠬᠤᠯᠠ ᠤᠨᠤᠯ ᠤᠨ ᠰᠢᠨ᠎ᠠ ᠡᠬᠦᠳᠦᠯᠳᠠ᠂ ᠲᠦᠷᠢᠮ ᠤᠨ ᠰᠢᠨ᠎ᠠ ᠡᠬᠦᠳᠦᠯᠳᠠ᠂ ᠦᠢᠯᠡᠳᠦᠯᠭᠡ ᠶᠢᠨ ᠰᠢᠨ᠎ᠠ ᠡᠬᠦᠳᠦᠯᠳᠠ ᠶᠢᠨ ᠦᠷ᠎ᠠ ᠪᠦᠳᠦᠭᠡᠯ ᠡᠬᠢᠯᠡᠨ ᠪᠦᠷᠢᠯᠳᠦᠵᠦ᠂ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠶᠢᠨ ᠭᠤᠤᠯ ᠴᠤᠭᠴᠠ ᠶᠢᠨ ᠪᠦᠳᠦᠬᠦᠪᠴᠢ ᠵᠠᠬᠪᠤᠷ ᠦᠨᠳᠦᠰᠦᠨ ᠳᠡᠭᠡᠨ ᠳᠤᠭᠳᠠᠵᠠᠢ᠃ ᠡᠨᠡ ᠵᠢᠯ ᠂ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠬᠦᠴᠢᠷᠳᠡᠯ ᠳᠠᠰᠤᠷᠠᠯᠳᠠ ᠦᠭᠡᠢ ᠨᠡᠮᠡᠭᠳᠡᠵᠦ᠂ ᠡᠬᠦᠷᠭᠡ ᠮᠠᠰᠢ ᠪᠡᠷᠭᠡ ᠬᠠᠳᠠᠭᠤᠵᠢᠯᠳᠠᠢ ᠪᠤᠯᠪᠠ᠃       ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠡᠨᠡ ᠲᠤᠬᠠᠢ ᠶᠠᠮᠠᠷ ᠪᠤᠳᠠᠳᠠᠢ ᠠᠷᠭ᠎ᠠ ᠪᠤᠳᠤᠯᠭ᠎ᠠ ᠲᠠᠢ ᠪᠤᠯ ︖       ᠬᠠᠯᠠᠮᠰᠢᠯ ᠴᠡᠭ ᠬᠤᠶᠠᠷ᠄ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ       ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠠᠵᠢᠯ ᠳᠤᠪᠤᠶᠢᠮ᠎ᠠ ᠠᠮᠵᠢᠯᠳᠠ ᠤᠯᠵᠤ᠂ 2013 ᠤᠨ ᠠᠴᠠ 2016 ᠤᠨ ᠪᠤᠯᠳᠠᠯᠠᠬᠢ 4 ᠵᠢᠯ ᠤᠨ ᠬᠤᠭᠤᠴᠠᠭᠠᠨ ᠳᠤ᠂ ᠨᠡᠶᠢᠳᠡ 5564 ᠲᠦᠮᠡᠨ ᠬᠦᠮᠦᠨ ᠢ ᠶᠠᠳᠠᠭᠤ ᠠᠴᠠ ᠠᠩᠬᠢᠵᠢᠷᠠᠭᠤᠯᠵᠤ᠂ ᠶᠠᠳᠠᠭᠤ ᠬᠦᠴᠢᠷᠳᠡᠯ ᠡᠬᠦᠰᠬᠦ ᠨᠤᠷᠮ᠎ᠠ 10.2% ᠠᠴᠠ 4.5% ᠪᠤᠯᠳᠠᠯ᠎ᠠ ᠪᠠᠭᠤᠷᠠᠪᠠ᠃ ᠡᠬᠦᠨ ᠤ ᠲᠤᠬᠠᠢ᠂ ᠲᠦᠯᠦᠭᠡᠯᠡᠭᠴᠢ ᠭᠡᠰᠢᠬᠦᠨ ᠨᠠᠷ ᠶᠠᠮᠠᠷ ᠰᠠᠨᠠᠯ ᠰᠠᠨᠠᠭᠤᠯᠭ᠎ᠠ ᠳᠤᠷᠠᠳᠬᠤ ᠪᠤᠯ︖       ᠬᠠᠯᠠᠮᠰᠢᠯ ᠴᠡᠭ ᠭᠤᠷᠪᠠ᠄ ᠬᠠᠩᠭᠠᠯᠭ᠎ᠠ ᠶᠢᠨ ᠲᠠᠯ᠎ᠠ ᠶᠢᠨ ᠦᠭᠡᠷᠡᠴᠢᠯᠡᠯᠲᠡ       2015 ᠤᠨ ᠤ ᠰᠡᠭᠦᠯᠴᠢ ᠪᠠᠷ᠂ ᠮᠠᠨ ᠤ ᠤᠯᠤᠰ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠡᠲᠦᠷ ᠲᠤᠲᠤᠮ ᠤᠨ ᠵᠦᠪᠯᠡᠬᠦ ᠵᠦᠢᠯ ᠳᠤ ᠤᠷᠤᠭᠤᠯᠵᠤ᠂ 2016 ᠤᠨ ᠳᠤ᠂ ᠬᠠᠩᠭᠠᠯᠭ᠎ᠠ ᠶᠢᠨ ᠲᠠᠯ᠎ᠠ ᠶᠢᠨ ᠦᠭᠡᠷᠡᠴᠢᠯᠡᠯᠲᠡ ᠶᠢᠨ ᠴᠢᠬᠤᠯᠠ ᠴᠢᠨᠠᠷ᠂ ᠪᠠᠴᠢᠮ ᠲᠤᠯᠭᠠᠮ᠎ᠠ ᠴᠢᠨᠠᠷ ᠤᠯᠠᠮ ᠲᠤᠪᠤᠶᠢᠮ᠎ᠠ ᠪᠤᠯᠪᠠ᠃ 2017 ᠤᠨ ᠪᠤᠯ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠵᠢᠯ ᠪᠤᠯᠤᠨ᠎ᠠ᠃ ᠤᠯᠤᠰ ᠠᠴᠠ ᠵᠠᠰᠠᠭ ᠤᠨ ᠤᠷᠲᠤᠨ ᠪᠤᠯᠤᠨ ᠵᠠᠬ᠎ᠠ ᠲᠡᠯᠭᠡᠭᠦᠷ᠂ ᠤᠬᠤᠷ ᠬᠤᠭᠤᠴᠠᠭ᠎ᠠ ᠪᠤᠯᠤᠨ ᠤᠷᠲᠤ ᠬᠤᠭᠤᠴᠠᠭ᠎ᠠ᠂ ᠬᠠᠰᠤᠬᠤ ᠪᠤᠳᠤᠯᠭ᠎ᠠ ᠪᠤᠯᠤᠨ ᠨᠡᠮᠡᠬᠦ ᠪᠤᠳᠤᠯᠭ᠎ᠠ᠂ ᠬᠠᠩᠭᠠᠯᠭ᠎ᠠ ᠪᠤᠯᠤᠨ ᠭᠡᠷᠡᠭᠴᠡᠭᠡ ᠵᠡᠷᠭᠡ ︽ᠲᠦᠷᠪᠡᠡ ᠲᠤᠮᠤ ᠬᠠᠷᠢᠴᠠᠭ᠎ᠠ︾ ᠶᠢ ᠰᠠᠶᠢᠲᠤᠷ ᠰᠢᠢᠳᠪᠦᠷᠢᠯᠡᠨ᠎ᠠ ᠭᠡᠵᠦ ᠪᠤᠢ᠃ ᠡᠨᠡ ᠲᠤᠬᠠᠢ ᠬᠦᠮᠦᠰ ᠬᠡᠷᠬᠢᠨ ᠠᠩᠬᠠᠷᠤᠯ ᠲᠠᠯᠪᠢᠳᠠᠭ ᠪᠤᠯ︖       ᠬᠠᠯᠠᠮᠰᠢᠯ ᠴᠡᠭ ᠲᠦᠷᠪᠡ᠄ ᠵᠠᠰᠠᠭ ᠢ ᠴᠤᠮᠬᠠᠳᠬᠠᠠ ᠡᠷᠭᠡ ᠶᠢ ᠲᠠᠯᠪᠢᠬᠤ       2013 ᠤᠨ ᠠᠴᠠ ᠡᠬᠢᠯᠡᠵᠦ᠂ ᠵᠠᠰᠠᠭ ᠢ ᠴᠤᠮᠬᠠᠳᠬᠠᠠ ᠡᠷᠭᠡ ᠶᠢ ᠲᠠᠯᠪᠢᠬᠤ ᠠᠵᠢᠯ ᠲᠦᠷᠦ ᠶᠢᠨ ᠶᠠᠪᠤᠲᠠᠯ ᠤᠨ ᠬᠤᠷᠢᠶᠠᠠ ᠤ ᠭᠤᠤᠯᠲᠠᠯᠭ᠎ᠠ ᠲᠠᠢ ᠪᠠᠶᠢᠷᠢᠯᠠᠭᠤᠯᠬᠤ ᠠᠵᠢᠯ ᠪᠤᠯᠪᠠ᠃ 2014 ᠤᠨ ᠠᠴᠠ 2016 ᠤᠨ ᠪᠤᠯᠳᠠᠯᠡᠬᠢ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠳᠤ ᠴᠦᠮ ᠵᠠᠰᠠᠭ ᠢ ᠴᠤᠮᠬᠠᠳᠬᠠᠵᠦ ᠡᠷᠭᠡ ᠶᠢ ᠲᠠᠯᠪᠢᠬᠤ ᠲᠤᠬᠠᠢ ᠤᠯᠠᠨ ᠠᠭᠤᠯᠭ᠎ᠠ ᠤᠷᠤᠪᠠ᠃ 2017 ᠤᠨ ᠳᠤ᠂ ᠵᠠᠰᠠᠭ ᠢ ᠴᠤᠮᠬᠠᠳᠬᠠᠵᠦ ᠡᠷᠭᠡ ᠶᠢ ᠲᠠᠯᠪᠢᠬᠤ ᠠᠵᠢᠯ ᠮᠦᠨᠬᠦ ᠦᠷᠭᠦᠯᠵᠢᠯᠡᠨ ᠭᠦᠨᠵᠡᠭᠡᠶᠢᠷᠡᠬᠦ ᠨᠢ ᠳᠠᠮᠵᠢᠭ ᠦᠭᠡᠢ᠃ ᠲᠦᠯᠦᠭᠡᠯᠡᠭᠴᠢ ᠭᠡᠰᠢᠭᠦᠳ ᠡᠭᠦᠨ ᠤ ᠲᠤᠬᠠᠢ ᠶᠠᠭᠤ ᠶᠠᠷᠢᠯᠴᠠᠬᠤ ᠪᠤᠯ︖       ᠬᠠᠯᠠᠮᠰᠢᠯ ᠴᠡᠭ ᠳᠠᠪᠤ᠄ ᠤᠷᠤᠯᠭ᠎ᠠ ᠶᠢᠨ ᠬᠤᠪᠢᠶᠠᠷᠢᠯᠠᠯᠳᠠ       ︽ᠠᠷᠪᠠᠨ ᠭᠤᠷᠪᠠᠳᠤᠭᠠᠷ ᠳᠠᠪᠤᠨ ᠵᠢᠯ︾ ᠶᠢᠨ ᠳᠦᠯᠦᠪᠵᠢᠬᠦᠯᠬᠡ ᠶᠢ ᠦᠨᠳᠦᠰᠦᠯᠡᠪᠡᠯ᠂ 2020 ᠤᠨ ᠪᠤᠯᠬᠤ ᠳᠤ ᠮᠠᠨ ᠤ ᠤᠯᠤᠰ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠤᠷᠤᠯᠭ᠎ᠠ ᠶᠢ 2010 ᠤᠨ ᠤ ᠬᠢ ᠠᠴᠠ ᠳᠠᠬᠢᠨ ᠢᠶᠠᠷ ᠨᠡᠮᠡᠭᠳᠡᠬᠦᠯᠦᠨ᠎ᠠ᠃ 2017 ᠤᠨ ᠳᠤ ᠨᠠᠮ ᠵᠠᠰᠠᠭ ᠠᠴᠠ ᠤᠷᠤᠯᠭ᠎ᠠ ᠶᠢᠨ ᠬᠤᠪᠢᠶᠠᠷᠢᠯᠠᠯᠳᠠ ᠶᠢ ᠬᠡᠷᠬᠢᠨ ᠰᠢᠯᠢᠳᠡᠭᠵᠢᠭᠦᠯᠵᠦ᠂ ᠤᠷᠤᠯᠭ᠎ᠠ ᠶᠢᠨ ᠵᠦᠷᠢᠶ᠎ᠠ ᠶᠢ ᠬᠡᠷᠬᠢᠨ ᠪᠠᠭᠠᠰᠬᠠᠬᠤ ᠪᠤᠯ︖       ᠬᠠᠯᠠᠮᠰᠢᠯ ᠴᠡᠭ ᠵᠢᠷᠭᠤᠭ᠎ᠠ᠄ ᠤᠷᠴᠢᠨ ᠳᠤᠭᠤᠷᠢᠨ ᠤ ᠵᠠᠰᠠᠯᠳᠠ       ᠡᠨᠡ ᠵᠢᠯ ᠪᠦᠬᠦ ᠤᠯᠤᠰ ᠤᠨ ᠡᠯ᠎ᠠ ᠭᠠᠵᠠᠷ ᠤᠨ ᠬᠤᠶᠠᠷ ᠬᠤᠷᠠᠯ ᠠᠴᠠ ᠴᠦᠮ ᠪᠤᠬᠢᠷᠳᠤᠯ ᠢ ᠵᠠᠰᠠᠬᠤ ᠶᠢ ᠴᠢᠬᠤᠯᠠ ᠬᠠᠷᠠᠯᠳᠠ ᠡᠬᠦᠷᠬᠡ ᠪᠤᠯᠭᠠᠨ ᠳᠤᠷᠠᠳᠴᠠᠢ᠃ 2017 ᠤᠨ ᠤ ᠪᠦᠬᠦ ᠤᠯᠤᠰ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠳᠡᠬᠡᠷ᠎ᠠ᠂ ᠤᠷᠴᠢᠨ ᠳᠤᠭᠤᠷᠢᠨ ᠤ ᠬᠡᠯᠲᠡᠰ ᠤᠨ ᠰᠠᠶᠢᠳ ᠴᠸᠠ ᠵᠢᠢ ᠨᠢᠩ᠂ 2017 ᠤᠨ ᠳᠤ ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠪᠦᠬᠦ ᠤᠯᠤᠰ ᠲᠤ ᠪᠦᠷᠬᠦᠬᠦᠯᠤᠨ᠎ᠠ ᠬᠡᠵᠦ ᠢᠯᠡᠳᠬᠡᠪᠠ᠃ ᠤᠳᠤᠬᠠᠨ ᠤ ᠤᠷᠴᠢᠨ ᠳᠤᠭᠤᠷᠢᠨ ᠤ ᠬᠠᠮᠠᠭᠠᠯᠠᠯᠳᠠ ᠶᠢᠨ ᠲᠤᠯᠭᠠᠮ᠎ᠠ ᠪᠠᠶᠢᠳᠠᠯ ᠤᠨ ᠡᠮᠤᠨ᠎ᠠ᠂ ᠪᠦᠬᠦ ᠤᠯᠤᠰ ᠤᠨ ᠬᠤᠶᠠᠷ ᠬᠤᠷᠠᠯ ᠠᠴᠠ ᠤᠷᠴᠢᠨ ᠳᠤᠭᠤᠷᠢᠨ ᠤ ᠬᠠᠮᠠᠭᠠᠯᠠᠯᠳᠠ ᠶᠢᠨ ᠲᠤᠬᠠᠢ ᠶᠠᠮᠠᠷ ᠡᠭᠦᠷᠭᠡ ᠳᠤᠷᠠᠳᠬᠤ ᠪᠤᠯ︖       ᠬᠠᠯᠠᠮᠰᠢᠯ ᠴᠡᠭ ᠳᠤᠯᠤᠭ᠎ᠠ᠄ ᠢᠯᠵᠠᠷᠡᠯ ᠢ ᠡᠰᠡᠷᠬᠦᠴᠡᠬᠦ       2016 ᠤᠨ ᠳᠤ᠂ ᠪᠦᠬᠦ ᠤᠯᠤᠰ ᠤᠨ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠭ᠎ᠠ ᠠᠴᠠ ᠬᠠᠤᠯᠢ ᠳᠤᠬᠳᠠᠭᠠᠯ ᠪᠤᠯᠤᠨ ᠰᠠᠬᠢᠯᠭ᠎ᠠ ᠪᠠᠳᠤ ᠶᠢ ᠦᠨᠳᠦᠰᠦᠯᠡᠨ 10.5 ᠳᠦᠮᠡᠨ ᠬᠦᠮᠦᠨ ᠳᠤ ᠰᠠᠬᠢᠯᠭ᠎ᠠ ᠪᠠᠳᠤ ᠶᠢᠨ ᠬᠦᠨᠳᠦ ᠰᠢᠳᠬᠡᠯ ᠦᠭᠴᠤ᠂ ᠰᠠᠬᠢᠯᠭ᠎ᠠ ᠪᠠᠳᠤ ᠠᠴᠠ ᠬᠦᠨᠳᠦ ᠨᠤᠴᠢᠳᠠᠢ ᠵᠦᠷᠢᠴᠡᠭᠡᠳ ᠬᠠᠤᠯᠢ ᠠᠴᠠ ᠳᠡᠷᠰᠯᠡᠭᠰᠡᠨ ᠰᠡᠵᠢᠭᠯᠡᠯᠳᠡᠢ 1.1 ᠳᠦᠮᠡᠨ ᠬᠦᠮᠦᠨ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠬᠦᠯᠦᠨ ᠬᠦᠷᠬᠡᠵᠡᠢ᠃ ᠠᠷᠪᠠᠨ ᠨᠠᠢᠮᠠᠳᠤᠭᠠᠷ ᠬᠤᠭᠤᠴᠠᠭᠠᠨ ᠤ ᠳᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠳᠤᠯᠤᠳᠤᠭᠠᠷ ᠪᠦᠬᠦᠳᠡ ᠬᠤᠷᠠᠯ ᠠᠴᠠ᠂ ᠪᠦᠬᠦ ᠨᠠᠮ ᠤᠨ 4 ᠵᠢᠯ ᠭᠠᠷᠤᠢ ᠶᠢᠨ ᠴᠢᠷᠮᠠᠶᠢᠯᠭ᠎ᠠ ᠪᠠᠷ ᠳᠠᠮᠵᠢᠨ᠂ ᠢᠯᠵᠠᠷᠡᠯ ᠦᠷᠬᠡᠵᠢᠬᠦ ᠬᠠᠨᠳᠤᠰᠢ ᠪᠠᠶᠢᠳᠠᠯ ᠪᠦᠳᠦᠮᠵᠢᠳᠡᠢ ᠡᠷᠬᠡᠰᠢᠶᠡᠭᠳᠡᠵᠦ᠂ ᠢᠯᠵᠠᠷᠠᠯ ᠢ ᠡᠰᠡᠷᠬᠦᠴᠡᠬᠦ ᠳᠡᠮᠡᠴᠡᠯ ᠤᠨ ᠰᠦᠷ ᠬᠦᠴᠦᠳᠦ ᠪᠠᠶᠢᠳᠠᠯ ᠪᠤᠢ ᠪᠤᠯᠪᠠ᠃ 2017 ᠤᠨ ᠳᠤ ᠢᠯᠵᠠᠷᠠᠯ ᠢ ᠡᠰᠡᠷᠬᠦᠴᠡᠬᠦ ᠰᠦᠷ ᠬᠦᠴᠦᠳᠦ ᠪᠠᠶᠢᠳᠠᠯ ᠢ ᠦᠷᠬᠦᠯᠵᠢᠯᠡᠨ ᠪᠠᠳᠤᠯᠠᠵᠦ᠂ ᠡᠷᠴᠢᠮ ᠢᠶᠠᠨ ᠰᠤᠯᠠᠷᠠᠭᠤᠯᠬᠤ ᠦᠬᠡᠢ᠂ ᠠᠶᠢᠵᠠᠮ ᠢ ᠬᠤᠪᠢᠷᠠᠭᠤᠯᠬᠤ ᠦᠬᠡᠢ ᠬᠡᠵᠦ ᠳᠤᠷᠠᠳᠴᠠᠢ᠃ ᠡᠨᠡ ᠲᠤᠬᠠᠢ ᠬᠦᠮᠦᠰ ᠶᠠᠭᠤ ᠶᠠᠷᠢᠳᠠᠭ ᠪᠤᠯ︖       ᠬᠠᠯᠠᠮᠰᠢᠯ ᠴᠡᠭ ᠨᠡᠢᠮᠠ᠄ ᠭᠡᠷ ᠭᠠᠵᠠᠷ ᠤᠨ ᠭᠦᠷᠦᠩᠭᠡ ᠶᠢ ᠲᠤᠬᠢᠷᠠᠭᠤᠯᠤᠨ ᠡᠵᠡᠮᠳᠡᠭᠦ       2016 ᠤᠨ ᠳᠤ᠂ ᠤᠯᠠᠨ ᠭᠠᠵᠠᠷ ᠤᠨ ᠭᠡᠷ ᠤᠨ ᠦᠨ᠎ᠡ ᠦᠳᠳᠡᠷ ᠲᠦᠷᠭᠡᠨ ᠦᠰᠭᠦ ᠪᠠᠶᠢᠳᠠᠯ ᠢᠯᠡᠷᠡᠪᠡ᠃ 2016 ᠤᠨ ᠤ ᠡᠴᠤᠰ ᠲᠤ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ︽ᠭᠡᠷ ᠪᠤᠯ ᠤᠷᠤᠰᠢᠨ ᠰᠠᠭᠤᠬᠤ ᠭᠠᠵᠠᠷ᠂ ᠬᠠᠷᠢᠨ ᠰᠠᠷᠢᠭᠠᠯᠠᠬᠤ ᠵᠦᠢᠯ ᠪᠢᠰᠢ ᠪᠠᠶᠢᠬᠤ ᠬᠡᠷᠡᠭᠳᠠᠢ︾ ᠭᠡᠵᠦ ᠳᠤᠷᠠᠳᠪᠠ᠃ ᠲᠤᠰ ᠦᠭᠡ ᠤᠯᠠᠨ ᠭᠠᠵᠠᠷ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠳᠤᠷᠠᠳᠤᠭᠳᠠᠭᠰᠠᠨ ᠪᠠᠶᠢᠨ᠎ᠡ᠃ ᠰᠦᠯᠵᠢᠶᠡᠨ ᠳᠡᠭᠡᠷᠡᠬᠢ ᠠᠷᠠᠳ ᠤᠨ ᠰᠠᠨᠠᠭ᠎ᠠ ᠶᠢᠨ ᠪᠠᠶᠢᠴᠠᠭᠠᠯᠳᠡ ᠪᠠᠷ᠂ ︽ᠭᠡᠷ ᠤᠨ ᠦᠨ᠎ᠡ︾ ᠮᠦᠨ ᠡᠨᠡ ᠵᠢᠯ ᠤᠨ ᠬᠤᠶᠠᠷ ᠬᠤᠷᠠᠯ ᠤᠨ ᠬᠠᠯᠠᠮᠰᠢᠯ ᠦᠭᠡ ᠪᠤᠯᠤᠨ᠎ᠡ ᠭᠡᠵᠤ ᠪᠤᠢ᠃ ᠪᠦᠭᠦ ᠤᠯᠤᠰ ᠤᠨ ᠬᠤᠶᠠᠷ ᠬᠤᠷᠠᠯ ᠠᠴᠠ ᠭᠡᠷ ᠭᠠᠵᠠᠷ ᠤᠨ ᠬᠦᠷᠦᠩᠭᠡ ᠶᠢᠨ ᠵᠠᠬ᠎ᠠ ᠲᠡᠯᠭᠡᠭᠦᠷ ᠢ ᠲᠤᠬᠢᠷᠠᠭᠤᠯᠤᠨ ᠡᠵᠡᠮᠳᠡᠭᠦ ᠲᠤᠬᠠᠢ ᠶᠠᠮᠠᠷ ᠴᠢᠮᠡᠭᠡ ᠳᠠᠮᠵᠢᠭᠳᠠᠬᠤ ᠪᠤᠯ︖       ᠬᠠᠯᠠᠮᠰᠢᠯ ᠴᠡᠭ ᠶᠢᠰᠤ᠄ ᠢᠷᠭᠡᠨ ᠤ ᠬᠠᠤᠯᠢ ᠶᠢᠨ ᠶᠡᠷᠦᠩᠬᠡᠢ ᠲᠦᠷᠢᠮ       ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠡᠨ ᠤ ᠲᠦᠷᠪᠡᠳᠦᠭᠡᠷ ᠪᠦᠭᠦᠳᠡ ᠬᠤᠷᠠᠯ ᠠᠴᠠ ᠢᠷᠭᠡᠨ ᠤ ᠬᠠᠤᠯᠢ ᠶᠢᠨ ᠪᠢᠴᠢᠭ ᠢ ᠨᠡᠶᠢᠷᠠᠭᠤᠯᠤᠨ ᠲᠤᠭᠤᠷᠪᠢᠬᠤ ᠪᠠᠷ ᠲᠤᠭᠳᠠᠬᠰᠡᠨ ᠠᠴᠠ᠂ ᠢᠷᠭᠡᠨ ᠤ ᠬᠠᠤᠯᠢ ᠶᠢᠨ ᠶᠡᠷᠦᠩᠬᠡᠢ ᠲᠦᠷᠢᠮ ︵ᠡᠬᠡ ᠨᠤᠤᠷᠠᠭ︶ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠲᠠᠪᠰᠢᠭᠦᠯᠦᠭᠳᠡᠨ ᠬᠢᠨᠡᠨ ᠵᠦᠪᠯᠡᠬᠦᠯᠬᠦ ᠭᠦᠷᠳᠡᠯ᠎ᠡ᠂ ᠦᠩᠭᠡᠷᠡᠭᠰᠡᠨ ᠬᠤᠶᠠᠷ ᠵᠢᠯ ᠭᠠᠷᠤᠢ ᠶᠢᠨ ᠬᠤᠭᠤᠴᠠᠭᠠᠨ ᠳᠤ᠂ ᠲᠤᠮᠳᠠᠳᠤ ᠤᠯᠤᠰ ᠤᠨ ᠤᠨᠴᠠᠯᠢᠭ ᠢ ᠢᠯᠡᠷᠡᠭᠦᠯᠦᠭᠰᠡᠨ᠂ ᠴᠠᠭ ᠦᠶ᠎ᠡ ᠶᠢᠨ ᠤᠨᠴᠠᠯᠢᠭ ᠲᠠᠢ ᠵᠤᠬᠢᠴᠠᠬᠰᠡᠨ᠂ ᠠᠷᠠᠳ ᠤᠯᠠᠨ ᠤ ᠭᠦᠰᠡᠯ ᠡᠷᠡᠮᠡᠯᠵᠡᠯ ᠲᠠᠢ ᠨᠡᠶᠢᠴᠡᠭᠰᠡᠨ ᠢᠷᠭᠡᠨ ᠤ ᠬᠠᠤᠯᠢ ᠶᠢᠨ ᠰᠢᠰᠲᠧᠮ ᠤᠯᠠᠮ ᠠᠴᠠ ᠲᠤᠳᠤᠷᠬᠠᠢ ᠪᠤᠯᠵᠠᠢ ᠃ ᠡᠨᠡ ᠲᠤᠬᠠᠢ ᠶᠠᠮᠠᠷ ᠰᠠᠨᠠᠯ ᠰᠠᠨᠠᠭᠤᠯᠭ᠎ᠠ ᠢᠯᠡᠷᠡᠳᠡᠭ ᠪᠤᠯ︖       ᠬᠠᠯᠠᠮᠰᠢᠯ ᠴᠡᠭ ᠠᠷᠪᠡ᠄ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ       ︽ᠠᠷᠪᠡᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠳᠤ᠂ ᠠᠯᠭᠤᠷ ᠬᠡᠷᠡᠭᠵᠢᠭᠦᠯᠬᠦ ᠮᠠᠶᠢᠭ ᠤᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠲᠦᠷᠦ ᠶᠢᠨ ᠪᠤᠳᠤᠯᠭ᠎ᠠ ᠶᠢ ᠳᠤᠭᠳᠠᠭᠠᠨ ᠬᠡᠷᠡᠭᠵᠢᠭᠦᠯᠦᠨ᠎ᠠ ᠭᠡᠵᠦ ᠲᠤᠳᠤᠷᠬᠠᠢᠢᠯᠠᠵᠠᠢ᠃ ᠪᠦᠬᠦ ᠤᠯᠤᠰ ᠤᠨ ᠬᠤᠶᠠᠷ ᠬᠤᠷᠠᠯ ᠳᠤ ᠡᠨᠡ ᠲᠤᠬᠠᠢ ᠶᠠᠮᠠᠷ ᠴᠢᠮᠡᠭᠡ ᠳᠠᠮᠵᠢᠭᠳᠠᠬᠤ ᠪᠤᠯ ︖  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号